ᠨᠠᠩᠰᠦ ᠪᠠᠯᠭᠠᠰᠦ ᠣᠯᠠᠨ ᠠᠷᠭ᠎ᠠ ᠵᠠᠮ ᠢᠶᠠᠷ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠪᠠᠶᠢᠴᠠᠭᠠᠯᠳᠠ ᠪᠠ ᠬᠠᠪᠰᠣᠷᠣᠨ ᠲᠡᠳᠬᠦᠬᠦ ᠠᠵᠢᠯ ᠢ ᠪᠦᠬᠦ ᠲᠠᠯ᠎ᠠ ᠪᠠᠷ ᠦᠷᠨᠢᠭᠦᠯᠪᠡ
ᠨᠡᠶᠢᠲᠡᠯᠡᠭᠰᠡᠨ ᠴᠠᠭ᠄
2021/6/16
    ᠲᠠᠬᠢᠨ ᠶᠠᠳᠠᠭᠤᠷᠠᠬᠤ ᠪᠠ ᠰᠢᠨ᠎ᠡ ᠶᠠᠳᠠᠭᠤ ᠬᠦᠴᠢᠷᠳᠡᠯᠳᠡᠢ ᠠᠶᠢᠯ ᠡᠷᠦᠭᠡ ᠨᠡᠮᠡᠭᠳᠡᠬᠦ ᠠᠴᠠ ᠰᠡᠷᠭᠡᠶᠢᠯᠡᠨ᠂ ᠨᠠᠩᠰᠦ ᠪᠠᠯᠭᠠᠰᠦ ᠲᠡᠭᠡᠳᠦ ᠱᠠᠳᠣᠨ ᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠦᠷᠢᠵᠢᠭᠤᠯᠵᠣ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠪᠠᠶᠢᠴᠠᠭᠠᠯᠳᠠ ᠪᠠ ᠬᠠᠪᠰᠣᠷᠣᠨ ᠲᠡᠳᠬᠦᠬᠦ ᠠᠵᠢᠯ ᠢ ᠪᠦᠬᠦ ᠲᠠᠯ᠎ᠠ  ᠪᠠᠷ ᠦᠷᠨᠢᠭᠦᠯᠪᠡ᠃     ᠨᠢᠭᠡ ᠳᠤ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠠᠷᠣᠢ ᠲᠦᠷᠭᠡᠨ ᠬᠦᠳᠡᠯᠦᠯᠴᠡᠪᠡ᠄ ᠪᠠᠶᠢᠷᠢᠯᠠᠭᠤᠯᠣᠯᠳᠠ  ᠶᠢᠨ ᠬᠤᠷᠠᠯ ᠵᠢᠴᠢ ᠲᠣᠬᠠᠶᠢᠯᠠᠭᠰᠠᠨ ᠠᠵᠢᠯ ᠤᠨ ᠪᠣᠯᠪᠠᠰᠣᠷᠠᠯ ᠤᠨ ᠬᠤᠷᠠᠯ ᠬᠤᠷᠠᠯᠳᠣᠭᠤᠯᠣᠨ᠂ ᠭᠠᠴᠠᠭᠠᠨ ᠤ ᠬᠤᠶᠠᠷ ᠵᠦᠪᠯᠡᠯ᠂ ᠲᠣᠣᠷᠵᠢᠯ ᠬᠠᠮᠢᠶᠠᠷᠣᠭᠴᠢ ᠵᠢᠴᠢ ᠪᠠᠯᠭᠠᠰᠣᠨ ᠤ ᠭᠠᠴᠠᠭᠠᠨ ᠳᠤ ᠰᠠᠭᠤᠭ᠎ᠠ ᠺᠠᠳ᠋ᠷ ᠠᠵᠢᠯᠳᠠᠨ ᠢ ᠵᠣᠬᠢᠶᠠᠨ ᠪᠠᠶᠢᠭᠤᠯᠵᠣ᠂ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠲᠠᠬᠢᠨ ᠶᠠᠳᠠᠭᠤᠷᠠᠬᠤ ᠠᠴᠠ ᠰᠡᠷᠬᠡᠶᠢᠯᠡᠬᠦ ᠬᠢᠨᠠᠨ ᠪᠠᠶᠢᠴᠠᠭᠠᠯᠳᠠ ᠪᠠ ᠬᠠᠪᠰᠣᠷᠣᠨ ᠲᠡᠳᠬᠦᠬᠦ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠠᠵᠢᠯ ᠤᠨ ᠲᠦᠰᠦᠯ︾ ᠢ ᠬᠢᠨᠠᠮᠠᠭᠠᠢ ᠰᠣᠷᠣᠯᠴᠠᠨ᠂ ᠪᠦᠬᠦ ᠲᠠᠯ᠎ᠠ ᠪᠠᠷ ᠪᠠᠶᠢᠴᠠᠭᠠᠬᠤ ᠠᠵᠢᠯ ᠢ ᠦᠷᠨᠢᠭᠦᠯᠪᠡ᠃     ᠬᠤᠶᠠᠷ ᠲᠤ ᠭᠦᠨᠵᠡᠭᠡᠢ ᠪᠠᠶᠢᠴᠠᠭᠠᠨ᠂ ᠪᠣᠳᠠᠳᠦ ᠪᠠᠶᠢᠳᠠᠯ ᠢ ᠰᠠᠶᠢᠳᠦᠷ ᠡᠵᠡᠮᠰᠢᠪᠡ᠄ ᠪᠦᠬᠦ ᠪᠠᠯᠭᠠᠰᠣᠨ ᠤ 16 ᠭᠠᠴᠠᠭᠠᠨ ᠤ ᠪᠠᠶᠢᠩᠭᠤ ᠰᠠᠭᠤᠭ᠎ᠠ ᠡᠷᠦᠭᠡ ᠪᠠᠷ ᠲᠣᠭᠤᠷᠢᠨ ᠪᠠᠶᠢᠴᠠᠭᠠᠬᠤ ᠪᠣᠶᠣ ᠣᠳᠠᠰᠦ ᠪᠠᠷ ᠠᠰᠠᠭᠤᠨ ᠪᠠᠶᠢᠴᠠᠭᠠᠵᠣ᠂ ︽ᠨᠢᠭᠡ ᠡᠷᠦᠭᠡ ᠨᠢᠭᠡ ᠬᠦᠮᠦᠨ ᠢ ᠴᠣ᠋ ᠣᠷᠬᠢᠭᠳᠠᠭᠤᠯᠬᠤ ᠦᠭᠡᠢ︾ ᠪᠠᠷ ᠡᠷᠦᠭᠡ ᠪᠣᠯᠭᠠᠨ ᠤ ᠭᠡᠷ ᠪᠦᠯᠢ ᠶᠢᠨ ᠣᠶᠢᠯᠠᠳᠪᠦᠷᠢᠯᠠᠯ ᠠᠮᠢᠳᠣᠷᠠᠯ ᠤᠨ ᠪᠠᠶᠢᠳᠠᠯ᠂ ᠭᠡᠷ ᠪᠦᠯᠢ ᠶᠢᠨ ᠣᠷᠣᠯᠭ᠎ᠠ ᠵᠠᠷᠣᠯᠭ᠎ᠠ ᠶᠢᠨ ᠪᠠᠶᠢᠳᠠᠯ ᠢ ᠨᠠᠷᠢᠨ ᠣᠶᠢᠯᠠᠭᠠᠨ᠂ ᠴᠠᠭ ᠲᠣᠬᠠᠢ ᠳᠤ ᠨᠢ ᠲᠠᠬᠢᠨ ᠶᠠᠳᠠᠭᠤᠷᠠᠬᠤ ᠵᠢᠴᠢ ᠶᠠᠳᠠᠭᠤ ᠡᠷᠦᠭᠡ ᠨᠡᠮᠡᠭᠳᠡᠬᠦ ᠲᠦᠭᠰᠢᠭᠦᠷᠢ ᠶᠢ ᠰᠡᠷᠭᠡᠶᠢᠯᠡᠨ ᠡᠵᠡᠮᠳᠡᠪᠡ᠃     ᠭᠤᠷᠪᠠ ᠳᠤ ᠬᠠᠷᠢᠴᠠᠭᠤᠯᠵᠣ ᠵᠠᠳᠠᠯᠣᠯᠳᠠ ᠬᠢᠨ᠂ ᠪᠠᠶᠢᠩᠭᠤ ᠶᠢᠨ ᠴᠢᠨᠠᠷᠳᠡᠢ ᠪᠠᠶᠢᠴᠠᠭᠠᠯᠳᠠ ᠬᠢᠪᠡ᠄ ᠨᠠᠩᠰᠦ ᠪᠠᠯᠭᠠᠰᠦ 2384 ᠪᠠᠶᠢᠩᠭᠤ ᠰᠠᠭᠤᠭ᠎ᠠ ᠡᠷᠦᠭᠡ ᠳᠤ ᠪᠠᠶᠢᠴᠠᠭᠠᠯᠳᠠ ᠬᠢᠭᠡᠳ᠂ ᠣᠳᠣᠬᠠᠨ ᠳᠤ ᠲᠤᠭ᠎ᠠ ᠪᠠᠷᠢᠮᠳᠠ ᠶᠢ ᠬᠠᠷᠭᠤᠭᠤᠯᠬᠤ᠂ ᠲᠤᠭ᠎ᠠ ᠪᠦᠷᠢᠳᠬᠡᠯ ᠢ ᠬᠤᠷᠢᠶᠠᠩᠭᠤᠶᠢᠯᠠᠬᠤ ᠱᠠᠳᠣᠨ ᠳᠤ ᠪᠠᠨ ᠣᠷᠣᠭᠰᠠᠨ ᠪᠠᠶᠢᠨ᠎ᠠ᠃ ᠲᠣᠰ ᠣᠳᠠᠭᠠᠨ ᠤ ᠪᠦᠬᠦ ᠲᠠᠯ᠎ᠠ ᠶᠢᠨ ᠪᠠᠶᠢᠴᠠᠭᠠᠯᠳᠠ ᠪᠠᠷ ᠠᠰᠠᠭᠤᠳᠠᠯ ᠢ ᠲᠣᠶᠢᠯᠪᠦᠷᠢᠳᠡᠢ ᠢᠯᠡᠷᠡᠭᠦᠯᠦᠨ᠂ ᠲᠦᠭᠰᠢᠭᠦᠷᠢ ᠶᠢ ᠪᠦᠬᠦᠨ ᠢ ᠠᠷᠢᠯᠭᠠᠪᠠ᠃     ᠲᠠᠷᠠᠭ᠎ᠠ ᠠᠯᠬᠤᠮ ᠳᠤ ᠨᠠᠩᠰᠦ ᠪᠠᠯᠭᠠᠰᠦ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠢ ᠪᠠᠶᠢᠩᠭᠤᠵᠢᠭᠤᠯᠣᠨ᠂ ᠶᠠᠳᠠᠭᠤ ᠠᠴᠠ ᠠᠩᠬᠢᠵᠢᠷᠠᠭᠤᠯᠣᠭᠰᠠᠨ ᠦᠷ᠎ᠡ ᠪᠦᠳᠦᠮᠵᠢ ᠪᠠᠨ ᠣᠯᠠᠮ ᠪᠠᠬᠢᠵᠢᠭᠦᠯᠵᠣ᠂ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠪᠣᠯᠣᠨ ᠬᠦᠳᠡᠭᠡ ᠲᠣᠰᠬᠤᠨ ᠤ ᠬᠦᠭᠵᠢᠭᠦᠯᠦᠯᠳᠡ ᠶᠢ ᠪᠦᠳᠦᠮᠵᠢᠳᠡᠢ ᠠᠪᠴᠠᠯᠳᠣᠭᠤᠯᠣᠭᠰᠠᠨ ᠠᠵᠢᠯ ᠤᠨ ᠰᠢᠨ᠎ᠡ ᠪᠠᠶᠢᠳᠠᠯ ᠤᠨ ᠪᠦᠷᠢᠯᠳᠦᠯ ᠢ ᠲᠦᠷᠭᠡᠳᠬᠡᠬᠦ ᠪᠠᠷ ᠪᠣᠢ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号