ᠪᠣᠷᠣᠪᠠᠯᠭᠠᠰᠣ ᠪᠠᠯᠭᠠᠰᠣ ᠠᠮᠤᠷ ᠠᠮᠤᠭᠤᠯᠠᠩ ᠪᠠᠯᠭᠠᠰᠣᠨ ᠤ ᠪᠠᠶᠢᠭᠤᠯᠤᠯᠲᠠ ᠶᠢ ᠳᠦᠷᠪᠡᠨ ᠠᠷᠭ᠎ᠠ ᠠᠪᠴᠠᠯ  ᠢᠶᠠᠷ ᠠᠬᠢᠭᠤᠯᠪᠠ
ᠨᠡᠶᠢᠲᠡᠯᠡᠭᠰᠡᠨ ᠴᠠᠭ᠄
2021/6/9
    ᠡᠶ᠎ᠡ ᠵᠤᠬᠢᠴᠠᠯ ᠲᠠᠢ ᠠᠮᠤᠷ ᠲᠤᠭᠲᠠᠭᠤᠨ ᠭᠦᠭᠵᠢᠯᠲᠡ ᠶᠢᠨ ᠣᠷᠴᠢᠨ ᠲᠣᠭᠤᠷᠢᠨ ᠢ ᠣᠯᠠᠮ ᠨᠢᠭᠡ ᠠᠯᠬᠤᠮ ᠪᠦᠷᠢᠯᠳᠦᠬᠦᠯᠦᠨ᠂ ᠨᠡᠶᠢᠬᠡᠮ ᠤᠨ ᠬᠠᠮᠢᠶᠠᠷᠤᠯᠲᠠ ᠪᠠ ᠠᠶᠤᠯᠬᠦᠢ ᠦᠢᠯᠡᠳᠪᠦᠷᠢᠯᠡᠯ ᠤᠨ ᠡᠯ᠎ᠡ ᠲᠦᠷᠦᠯ ᠤᠨ ᠠᠵᠢᠯ ᠢ ᠲᠠᠰᠣᠷᠠᠯᠲᠠ ᠦᠭᠡᠢ ᠴᠢᠩᠭᠠᠳᠬᠠᠵᠤ᠂ ︽ᠪᠠᠭ᠎ᠠ ᠶᠠᠪᠤᠳᠠᠯ ᠳᠤ ᠲᠤᠰᠬᠤᠨ ᠠᠴᠠ ᠭᠠᠷᠬᠤ ᠦᠭᠡᠢ᠂ ᠶᠡᠭᠡ ᠶᠠᠪᠤᠳᠠᠯ  ᠳᠤ ᠪᠠᠯᠭᠠᠰᠣᠨ ᠠᠴᠠ ᠭᠠᠷᠬᠤ ᠦᠭᠡᠢ︾ ᠶᠢ ᠦᠨᠡᠨ ᠬᠦ  ᠪᠡᠶᠡᠯᠡᠬᠦᠯᠬᠦ ᠶᠢᠨ ᠲᠤᠰᠠᠳᠠ᠂ ᠪᠣᠷᠣᠪᠠᠯᠭᠠᠰᠣ ᠪᠠᠯᠭᠠᠰᠣ ᠳᠦᠷᠪᠡᠨ ᠠᠷᠭ᠎ᠠ ᠠᠪᠴᠠᠯ ᠢᠶᠠᠷ ᠠᠮᠤᠷ ᠠᠮᠤᠭᠤᠯᠠᠩ ᠪᠠᠯᠭᠠᠰᠣᠨ ᠤ ᠴᠣᠭᠴᠠᠯᠠᠯᠲᠠ ᠳᠤ ᠦᠷᠬᠦᠯᠵᠢᠬᠦᠶᠢᠴᠡ ᠴᠢᠷᠮᠠᠶᠢᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ᠂ ᠣᠯᠠᠨ ᠲᠦᠮᠡᠨ ᠳᠤ ᠦᠢᠯᠡᠴᠢᠯᠡᠬᠦ ᠳᠤ ᠬᠦᠴᠦᠨ ᠨᠡᠮᠡᠷᠢᠯᠡᠪᠡ᠃     ᠨᠢᠭᠡ ᠳᠤ᠂ ᠠᠮᠤᠷ ᠠᠮᠤᠭᠤᠯᠠᠩ ᠪᠠᠯᠭᠠᠰᠣᠨ ᠤ ᠪᠠᠶᠢᠭᠤᠯᠤᠯᠲᠠ ᠶᠢᠨ ᠣᠬᠠᠭᠤᠯᠭ᠎ᠠ ᠶᠢ ᠴᠢᠩᠭᠠᠳᠬᠠᠪᠠ᠃     ︽ᠴᠣᠬᠢᠯᠲᠠ ᠰᠡᠷᠬᠡᠶᠢᠯᠡᠯᠲᠡ ᠶᠢ ᠵᠡᠷᠭᠡ ᠪᠠᠷ ᠠᠳᠬᠤᠬᠤ᠂ ᠣᠷᠢᠳᠴᠢᠯᠠᠨ ᠰᠡᠷᠭᠡᠶᠢᠯᠡᠬᠦ ᠪᠠᠷ ᠭᠤᠤᠯᠯᠠᠭᠤᠯᠬᠤ᠂ ᠲᠤᠰᠬᠠᠢ ᠠᠵᠢᠯ ᠪᠤᠯᠤᠨ ᠣᠯᠠᠨ ᠲᠦᠮᠡᠨᠴᠢ ᠠᠵᠢᠯᠯᠠᠭ᠎ᠠ ᠶᠢ ᠣᠶᠠᠯᠳᠣᠭᠤᠯᠬᠤ᠂ ᠣᠯᠠᠨ ᠲᠦᠮᠡᠨ ᠳᠤ ᠲᠦᠰᠢᠭᠯᠡᠬᠦ︾ ᠴᠢᠭᠯᠡᠯᠲᠡ ᠶᠢᠨ ᠲᠤᠭᠤᠷᠢᠨ ᠳᠤ᠂ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠬᠦᠯᠬᠦ᠂ ᠬᠠᠤᠯᠢ ᠳᠦᠷᠢᠮ ᠤᠨ ᠣᠬᠠᠭᠤᠯᠭ᠎ᠠ ᠬᠦᠮᠦᠵᠢᠯ ᠤᠨ ᠠᠵᠢᠯ ᠢ ᠴᠢᠩᠭ᠎ᠠ ᠠᠳᠬᠤᠵᠤ᠂ ᠵᠦᠷᠢᠴᠡᠯ ᠵᠢᠭᠤᠷᠠᠭᠠᠨ ᠢ ᠲᠦᠪᠯᠡᠷᠡᠩᠭᠦᠢ ᠪᠠᠷ ᠪᠠᠶᠢᠴᠠᠭᠠᠨ ᠰᠢᠢᠳᠪᠦᠷᠢᠯᠡᠬᠦ ᠲᠤᠰᠬᠠᠢ ᠠᠵᠢᠯᠯᠠᠭᠠᠨ ᠢ ᠦᠷᠨᠢᠬᠦᠯᠦᠨ᠂ ᠡᠯ᠎ᠡ ᠲᠦᠷᠦᠯ ᠤᠨ ᠵᠢᠭᠤᠷᠠᠭᠠᠨ ᠢ ᠢᠳᠡᠪᠬᠢᠲᠡᠢ ᠪᠠᠷ ᠡᠶᠡᠳᠡᠬᠦᠯᠦᠨ ᠰᠢᠢᠳᠪᠦᠷᠢᠯᠡᠵᠦ᠂ ᠨᠡᠶᠢᠬᠡᠮ ᠤᠨ ᠵᠦᠷᠢᠴᠡᠯ ᠢ ᠰᠢᠢᠳᠪᠦᠷᠢᠯᠡᠨ᠂ ᠴᠢᠮᠡᠭᠡ ᠬᠤᠯᠪᠤᠭᠠᠨ  ᠤ ᠮᠡᠬᠡᠯᠡᠯ ᠵᠡᠷᠭᠡ ᠰᠢᠨ᠎ᠡ ᠬᠡᠯᠪᠡᠷᠢ ᠶᠢᠨ ᠲᠤᠤᠷ ᠰᠦᠯᠵᠢᠶᠡᠨ ᠤ ᠶᠠᠯᠠᠲᠤ ᠠᠵᠢᠯᠯᠠᠭᠠᠨ ᠳᠤ ᠬᠠᠤᠯᠢ ᠶᠤᠰᠤᠭᠠᠷ ᠴᠤᠬᠢᠯᠲᠠ ᠦᠭᠴᠦ᠂ ᠨᠡᠶᠢᠬᠡᠮ ᠤᠨ ᠲᠤᠭᠲᠠᠭᠤᠨ ᠪᠤᠰᠤ ᠡᠯᠧᠮᠧᠨ᠋ᠲ ᠶᠢ ᠠᠷᠢᠯᠭᠠᠪᠠ᠃     ᠬᠤᠶᠠᠷ ᠲᠤ᠂ ᠠᠶᠤᠯᠬᠦᠢ ᠣᠶᠢᠯᠠᠳᠪᠦᠷᠢᠯᠠᠯ ᠤᠨ ᠠᠵᠢᠯ ᠢ ᠴᠢᠩᠭᠠᠳᠬᠠᠪᠠ᠃ ᠠᠶᠤᠯᠬᠦᠢ ᠣᠶᠢᠯᠠᠳᠪᠦᠷᠢᠯᠠᠯ  ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠬᠦᠴᠦᠯᠡᠴᠡ ᠶᠢ ᠣᠯᠠᠮ ᠨᠢᠭᠡ ᠠᠯᠬᠤᠮ ᠴᠢᠩᠭᠠᠳᠬᠠᠨ᠂ ᠠᠶᠤᠯᠬᠦᠢ ᠣᠶᠢᠯᠠᠳᠪᠦᠷᠢᠯᠠᠯ ᠪᠠ ᠭᠠᠯ  ᠰᠡᠷᠭᠡᠶᠢᠯᠡᠬᠦ ᠠᠮᠤᠷ ᠳᠦᠪᠰᠢᠨ ᠤ ᠶᠡᠭᠡ ᠪᠠᠶᠢᠴᠠᠭᠠᠯᠲᠠ ᠶᠢ ᠲᠤᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠣᠶᠢᠯᠠᠳᠪᠦᠷᠢ ᠶᠢᠨ ᠭᠠᠵᠠᠷ ᠦᠭᠡᠢ᠂ ᠣᠶᠢᠯᠠᠳᠪᠦᠷᠢ  ᠶᠢᠨ ᠨᠡᠷᠡᠶᠢᠳᠦᠯ ᠦᠭᠡᠢ᠂ ᠡᠵᠡᠩᠨᠡᠯᠲᠡ ᠶᠢᠨ ᠦᠨᠡᠮᠯᠡᠯ ᠦᠭᠡᠢ ᠠᠵᠤ ᠠᠬᠤᠶᠢᠯᠠᠯ ᠢ ᠡᠷᠡᠰ ᠴᠠᠭᠠᠵᠠᠯᠠᠨ᠂ ᠳᠡᠯᠭᠡᠭᠦᠷ᠂ ᠣᠶᠢᠯᠠᠳᠬᠡᠯ᠂ ᠨᠠᠭᠠᠳᠣᠮ ᠴᠡᠩᠬᠡᠭᠦᠨ ᠤ ᠭᠠᠵᠠᠷ ᠢ ᠳᠦᠷᠢᠮᠵᠢᠬᠦᠯᠵᠦ᠂ ᠤᠨᠴᠠ ᠶᠡᠭᠡ ᠠᠮᠣᠷ ᠳᠦᠪᠰᠢᠨ ᠤ ᠠᠳᠡᠯ ᠡᠬᠦᠰᠬᠦ ᠶᠢ ᠴᠢᠩᠭ᠎ᠠ ᠰᠡᠷᠬᠡᠶᠢᠯᠡᠪᠡ᠃ ᠭᠠᠯ ᠰᠡᠷᠭᠡᠶᠢᠯᠡᠬᠦ ᠠᠮᠣᠷ ᠳᠦᠪᠰᠢᠨ ᠤ ᠲᠤᠭᠤᠷᠢᠨ ᠪᠠᠶᠢᠴᠠᠭᠠᠯᠲᠠ᠂ ᠰᠣᠷᠢᠯᠲᠠ᠂ ᠪᠣᠯᠪᠠᠰᠣᠷᠠᠯ ᠵᠡᠷᠭᠡ ᠳᠦᠷᠢᠮ ᠲᠤᠭᠲᠠᠭᠠᠯ ᠢ ᠴᠢᠩᠭ᠎ᠠ ᠨᠡᠶᠢᠲᠡᠪᠤᠷᠢᠵᠢᠭᠤᠯᠤᠨ᠂ ᠦᠶᠡᠷ ᠢ ᠰᠡᠷᠬᠡᠶᠢᠯᠡᠨ ᠭᠠᠩ ᠲᠠᠢ ᠲᠡᠮᠡᠴᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠲᠤᠰᠠᠯᠠᠮᠵᠢ ᠵᠢᠴᠢ ᠭᠠᠮᠰᠢᠭ ᠢ ᠰᠡᠷᠭᠡᠶᠢᠯᠡᠨ ᠪᠠᠭᠠᠰᠬᠠᠬᠤ ᠠᠵᠢᠯ ᠢ ᠴᠢᠩᠭᠠᠳᠬᠠᠵᠤ᠂ ᠣᠯᠠᠨ ᠨᠠᠶᠢᠲᠠ ᠶᠢᠨ ᠠᠮᠣᠷ ᠳᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠪᠦᠬᠦ ᠲᠠᠯ᠎ᠠ  ᠪᠠᠷ ᠳᠡᠭᠡᠭᠰᠢᠯᠡᠬᠦᠯᠪᠡ᠃     ᠭᠤᠷᠪᠠ ᠳᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠴᠢᠳᠠᠪᠤᠷᠢ ᠶᠢ ᠳᠡᠭᠡᠭᠰᠢᠯᠡᠬᠦᠯᠪᠡ᠃ ᠪᠠᠯᠭᠠᠰᠣ᠂ ᠭᠠᠴᠠᠭ᠎ᠠ ᠲᠤᠰᠬᠤᠨ ᠬᠤᠶᠠᠷ ᠱᠠᠲᠤᠨ ᠤ ᠶᠡᠷᠦᠩᠬᠡᠶᠢᠯᠡᠭᠰᠡᠨ ᠵᠠᠰᠠᠯᠲᠠ ᠶᠢᠨ ᠲᠦᠪ ᠤᠨ ᠪᠠᠶᠢᠭᠤᠯᠤᠯᠲᠠ ᠶᠢ ᠳᠦᠷᠢᠮᠵᠢᠬᠦᠯᠦᠨ᠂ ︽ᠪᠠᠯᠭᠠᠰᠣᠨ ᠱᠠᠲᠤᠨ ᠤ ᠶᠡᠷᠦᠩᠬᠡᠢ ᠠᠩᠭᠢ — ᠭᠠᠴᠠᠭ᠎ᠠ ᠲᠤᠰᠬᠤᠨ ᠨᠡᠶᠢᠬᠡᠮ ᠲᠤᠭᠤᠷᠢᠭ  ᠤᠨ ᠰᠠᠯᠪᠤᠷᠢ ᠠᠩᠭᠢ — ᠲᠤᠤᠷᠵᠢᠯ ᠬᠠᠮᠢᠶᠠᠷᠤᠯᠲᠠ ᠶᠢᠨ ᠳᠣᠭᠤᠶᠢᠯᠠᠩ︾ ᠤᠨ ᠭᠤᠷᠪᠠᠨ ᠱᠠᠲᠤ ᠬᠤᠯᠪᠤᠭᠠᠯᠠᠨ ᠰᠡᠷᠭᠡᠶᠢᠯᠡᠬᠦ ᠲᠤᠭᠲᠠᠯᠴᠠᠭ᠎ᠠ ᠶᠢ ᠪᠠᠶᠢᠭᠤᠯᠵᠤ᠂ ᠨᠠᠶᠢᠬᠡᠮ ᠤᠨ ᠠᠮᠣᠷ ᠲᠤᠭᠲᠠᠭᠤᠨ ᠤ ᠶᠡᠷᠡᠦᠩᠬᠡᠶᠢᠯᠡᠭᠰᠡᠨ ᠵᠠᠰᠠᠯᠲᠠ  ᠪᠠᠷ ᠭᠤᠤᠯ ᠪᠤᠯᠭᠠᠭᠰᠠᠨ ᠲᠤᠤᠷᠵᠢᠯ ᠬᠠᠮᠢᠶᠠᠷᠤᠯᠲᠠ ᠶᠢᠨ ᠲᠤᠤᠷ ᠢ ᠪᠦᠷᠢᠳᠦᠭᠦᠯᠵᠣ᠂ ᠨᠡᠶᠢᠬᠡᠮ ᠤᠨ ᠠᠮᠣᠷ ᠲᠤᠭᠲᠠᠭᠤᠨ ᠢ ᠬᠠᠮᠠᠭᠠᠯᠠᠬᠤ ᠭᠤᠤᠯᠳᠠᠯᠭᠠᠲᠤ ᠬᠦᠷᠢᠶ᠎ᠡ ᠴᠠᠷᠠᠭ᠎ᠠ ᠶᠢ ᠦᠯᠡᠳᠡᠭᠡᠯ ᠦᠭᠡᠢ ᠪᠠᠶᠢᠴᠠᠭᠠᠨ ᠴᠡᠭᠴᠡᠯᠡᠬᠦ ᠪᠠ ᠨᠡᠶᠢᠬᠡᠮ ᠲᠤᠭᠤᠷᠢᠭ ᠠᠴᠠ ᠵᠠᠰᠠᠯᠲᠠ ᠬᠢᠬᠦ᠂ ᠭᠠᠵᠢᠭᠤ ᠨᠣᠮᠯᠠᠯ ᠢ ᠡᠰᠡᠷᠭᠦᠴᠡᠬᠦ᠂ ᠬᠡᠷᠡᠭ ᠭᠠᠷᠭᠠᠵᠤ ᠣᠷᠰᠢᠭ ᠲᠠᠲᠠᠬᠤ ᠰᠣᠯᠢᠶ᠎ᠠ ᠡᠪᠡᠳᠴᠢᠲᠠᠨ ᠢ ᠳᠠᠷᠠᠭᠠᠯᠠᠨ ᠪᠠᠶᠢᠴᠠᠭᠠᠵᠦ ᠬᠠᠮᠢᠶᠠᠷᠤᠨ ᠡᠵᠡᠮᠳᠡᠬᠦ ᠵᠡᠷᠭᠡ ᠲᠤᠰᠬᠠᠢ ᠠᠵᠢᠯᠯᠠᠭᠠᠨ ᠢ ᠦᠷᠨᠢᠬᠦᠯᠪᠡ᠃ ᠠᠷᠠᠳ ᠤᠨ ᠡᠶᠡᠳᠡᠬᠦᠯᠦᠯᠲᠡ᠂ ᠵᠠᠰᠠᠭ ᠵᠠᠬᠢᠷᠭᠠᠨ ᠤ ᠡᠶᠡᠳᠡᠬᠦᠯᠦᠯᠲᠡ᠂ ᠬᠠᠤᠯᠢ ᠴᠠᠭᠠᠵᠠ ᠶᠢᠨ ᠡᠶᠡᠳᠡᠬᠦᠯᠦᠯᠲᠡ ᠶᠢ ᠣᠶᠠᠯᠳᠣᠭᠤᠯᠣᠭᠰᠠᠨ ᠭᠤᠷᠪᠠᠨ ᠱᠠᠲᠤᠨ ᠤ ᠡᠶᠡᠳᠡᠬᠦᠯᠦᠯᠲᠡ ᠶᠢᠨ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠨᠡᠶᠢᠬᠡᠮ ᠤᠨ ᠵᠦᠷᠢᠴᠡᠯ ᠵᠢᠭᠤᠷᠠᠭᠠᠨ ᠢ ᠴᠠᠭ ᠲᠤᠬᠠᠢ ᠳᠤᠨᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠵᠣ᠂ ᠪᠦᠬᠦ ᠪᠠᠯᠭᠠᠰᠣᠨ ᠤ ᠨᠡᠶᠢᠬᠡᠮ ᠤᠨ  ᠠᠮᠣᠷ ᠲᠤᠭᠲᠠᠭᠤᠨ ᠡᠮᠬᠢ ᠴᠡᠭᠴᠡᠲᠡᠢ ᠪᠠᠶᠢᠬᠤ ᠶᠢ ᠪᠠᠲᠤᠯᠠᠪᠠ᠃     ᠳᠦᠷᠪᠡ ᠳᠤ᠂ ᠨᠡᠶᠢᠬᠡᠮ ᠤᠨ ᠵᠠᠰᠠᠯᠲᠠ ᠶᠢᠨ ᠠᠷᠭ᠎ᠠ ᠮᠠᠶ᠋ᠢᠭ ᠢ ᠰᠢᠨᠡᠴᠢᠯᠡᠪᠡ᠃ ︽ᠲᠤᠭᠠᠴᠠᠯᠠᠯᠲᠠ + ᠦᠨᠳᠦᠰᠦᠨ ᠱᠠᠲᠤᠨ ᠤ ᠵᠠᠰᠠᠯᠲᠠ︾ ᠶᠢᠨ ᠦᠭᠡᠷᠡᠴᠢᠯᠡᠯᠲᠡ ᠶᠢ ᠰᠦᠪᠡᠭᠴᠢᠯᠡᠵᠦ᠂ i ᠡᠮᠦᠨᠡᠲᠦ ᠣᠲᠤᠭ᠂ ᠪᠣᠷᠣᠪᠠᠯᠭᠠᠰᠣᠨ ᠤ ᠠᠯᠪᠠᠨ ᠨᠠᠶᠢᠲᠠᠯᠠᠯ ᠵᠡᠷᠭᠡ ᠣᠶᠣᠨᠴᠢ ᠳᠠᠪᠴᠠᠩ ᠤᠨ ᠪᠠᠶᠢᠭᠤᠯᠤᠯᠲᠠ ᠶᠢ ᠬᠦᠨᠵᠡᠭᠡᠶᠢᠷᠡᠬᠦᠯᠦᠨ᠂ ᠣᠶᠣᠨᠴᠢ ᠠᠷᠭ᠎ᠠ ᠪᠠᠷᠢᠯ ᠢ ᠬᠡᠷᠡᠭᠯᠡᠵᠦ᠂ ᠬᠦᠳᠡᠭᠡ ᠲᠤᠰᠬᠤᠨ ᠤ ᠲᠤᠭᠠᠴᠠᠯᠠᠭᠰᠠᠨ ᠪᠠᠶᠢᠭᠤᠯᠤᠯᠲᠠ ᠶᠢ ᠬᠡᠷᠡᠭᠵᠢᠬᠦᠯᠦᠨ᠂ ᠦᠨᠳᠦᠰᠦᠨ ᠱᠠᠲᠤᠨ ᠤ ᠨᠡᠶᠢᠬᠡᠮ ᠤᠨ ᠡᠶ᠎ᠡ ᠵᠤᠬᠢᠴᠠᠯ ᠢ ᠠᠬᠢᠭᠤᠯᠪᠠ᠃ ᠪᠦᠬᠦ ᠣᠯᠣᠰ ᠤᠨ ᠠᠷᠠᠳᠴᠢᠯᠠᠯ ᠬᠠᠤᠯᠢ ᠪᠠᠷ ᠵᠠᠰᠠᠬᠤ ᠵᠢᠱᠢᠶ᠎ᠡ ᠦᠵᠡᠬᠦᠯᠬᠦ ᠲᠤᠰᠬᠤᠨ —— ᠰᠢᠷ᠎ᠠ ᠵᠠᠳᠠᠭᠠᠢ ᠲᠤᠰᠬᠤᠨ ᠤ ᠠᠮᠵᠢᠯᠲᠠᠲᠤ ᠲᠤᠷᠰᠢᠯᠭ᠎ᠠ ᠲᠠᠢ  ᠤᠶᠠᠯᠳᠣᠭᠤᠯᠵᠣ᠂ ᠪᠣᠷᠣᠪᠠᠯᠭᠠᠰᠣ ᠪᠠᠯᠭᠠᠰᠣᠨ ᠤ ᠲᠤᠭᠠᠴᠠᠯᠠᠭᠰᠠᠨ ᠵᠠᠰᠠᠯᠲᠠ ᠶᠢᠨ ᠨᠡᠷᠡᠲᠦ ᠲᠡᠮᠲᠡᠭ ᠢ ᠡᠭᠦᠳᠴᠦ᠂ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠬᠦᠨᠵᠡᠭᠡᠢ ᠦᠷᠨᠢᠭᠦᠯᠦᠨ᠂ ︽ᠨᠡᠶᠢᠷ ᠲᠠᠯᠪᠢᠬᠤ︾ ᠠᠵᠢᠯ ᠤᠨ ᠠᠷᠭ᠎ᠠ ᠪᠠ ︽148︾ ᠨᠡᠶᠢᠬᠡᠮ ᠤᠨ ᠵᠠᠰᠠᠯᠲᠠ  ᠶᠢᠨ ᠵᠠᠭᠪᠤᠷ ᠢ ᠬᠡᠷᠡᠭᠵᠢᠭᠦᠯᠵᠣ᠂ ᠣᠶᠣᠨᠴᠢ ᠠᠷᠭ᠎ᠠ ᠪᠠᠷᠢᠯ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠨᠠᠷᠢᠯᠢᠭ ᠣᠶᠣᠨᠴᠢ ᠡᠵᠡᠮᠳᠡᠯ ᠢ ᠪᠡᠶᠡᠯᠡᠬᠦᠯᠬᠦ ᠶᠢ ᠪᠠᠷᠢᠮᠳᠠᠯᠠᠨ᠂ ᠣᠯᠠᠨ ᠲᠦᠮᠡᠨ ᠤ ᠠᠮᠦᠷ ᠳᠦᠪᠰᠢᠨ ᠤ ᠲᠦᠷᠦᠭᠳᠡᠯ ᠪᠠ ᠬᠠᠨᠣᠮᠵᠢ ᠶᠢ ᠪᠦᠲᠦᠮᠵᠢᠲᠡᠢ ᠲᠡᠭᠡᠭᠰᠢᠯᠡᠭᠦᠯᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号