ᠪᠦᠷᠢᠨᠴᠢᠮᠡᠭ ᠴᠢᠬᠤᠯᠠ ᠲᠦᠷᠦᠯ ᠵᠦᠢᠯ ᠤᠨ ᠪᠠᠶᠢᠭᠤᠯᠤᠯᠲᠠ ᠵᠢᠴᠢ ᠠᠶᠤᠯᠬᠦᠢ ᠣᠶᠢᠯᠠᠳᠪᠦᠷᠢᠯᠠᠯ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠪᠠ
ᠨᠡᠶᠢᠲᠡᠯᠡᠭᠰᠡᠨ ᠴᠠᠭ᠄
2021/6/9
    6 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠪᠦᠷᠢᠨᠴᠢᠮᠡᠭ ᠣᠯᠵᠠᠴᠢ ᠪᠠᠯᠭᠠᠰᠣ᠂ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠳᠤ ᠮᠠᠨ ᠤ ᠬᠤᠰᠢᠭᠤᠨ ᠤ ᠬᠦᠭᠵᠢᠯᠲᠡ ᠶᠢᠨ ᠠᠮᠵᠢᠯᠲᠠ ᠪᠦᠲᠦᠮᠵᠢ ᠶᠢᠨ ᠦᠵᠡᠰᠬᠦᠯᠡᠩ᠂ ᠴᠢᠬᠤᠯᠠ ᠲᠦᠷᠦᠯ ᠵᠦᠢᠯ ᠤᠨ ᠪᠠᠶᠢᠭᠤᠯᠤᠯᠲᠠ᠂ ᠠᠶᠤᠯᠬᠦᠢ ᠣᠶᠢᠯᠠᠳᠪᠦᠷᠢᠯᠠᠯ ᠪᠠ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠪᠠ᠃     ᠣᠲᠤᠭ ᠤᠨ ᠡᠮᠦᠨᠡᠲᠦ ᠬᠤᠰᠢᠭᠤᠨ ᠤ ᠬᠦᠭᠵᠢᠯᠲᠡ ᠶᠢᠨ ᠠᠮᠵᠢᠯᠲᠠ ᠪᠦᠲᠦᠮᠵᠢ ᠶᠢᠨ ᠦᠵᠡᠰᠬᠦᠯᠡᠩ ᠭᠤᠷᠪᠠᠨ ᠠᠩᠬᠢ᠂ ᠨᠠᠢᠮᠠᠨ ᠪᠦᠯᠦᠭ ᠢᠶᠠᠷ ᠪᠦᠷᠢᠯᠳᠦᠵᠦ᠂ ᠣᠲᠤᠭ ᠤᠨ ᠡᠮᠦᠨᠡᠲᠦ ᠬᠤᠰᠢᠭᠤᠨ ᠤ ᠣᠯᠣᠰ ᠲᠦᠷᠦ᠂ ᠠᠵᠤ ᠠᠬᠤᠢ᠂ ᠰᠣᠶᠣᠯ᠂ ᠨᠡᠶᠢᠬᠡᠮ᠂ ᠠᠮᠢ ᠠᠬᠤᠢ ᠶᠢᠨ ᠪᠠᠶᠢᠭᠤᠯᠤᠯᠲᠠ ᠵᠡᠷᠭᠡ ᠡᠯ᠎ᠡ ᠲᠦᠷᠦᠯ ᠤᠨ ᠠᠵᠢᠯ ᠦᠢᠯᠡᠰ ᠤᠨ ᠲᠠᠯ᠎ᠠ ᠪᠠᠷ ᠣᠯᠣᠭᠰᠠᠨ ᠯᠤᠳᠤ ᠶᠡᠭᠡ ᠠᠮᠵᠢᠯᠲᠠ ᠶᠢ ᠲᠦᠪᠯᠡᠷᠡᠬᠦᠯᠦᠨ ᠳᠡᠯᠭᠡᠨ ᠦᠵᠡᠬᠦᠯᠵᠡᠢ᠃ ᠪᠦᠷᠢᠨᠴᠢᠮᠡᠭ ᠦᠵᠡᠰᠬᠦᠯᠡᠩ ᠤᠨ ᠲᠢᠩᠬᠢᠮ ᠳᠤ ᠬᠦᠷᠴᠦ ᠲᠠᠶᠢᠯᠪᠦᠷᠢᠯᠠᠯᠲᠠ ᠶᠢ ᠨᠠᠷᠢᠨ ᠬᠢᠨᠠᠮᠠᠭᠠᠢ ᠰᠣᠨᠤᠰᠤᠨ᠂ ᠦᠵᠡᠰᠬᠦᠯᠡᠩ ᠤᠨ ᠰᠣᠷᠪᠣᠯᠵᠢ ᠮᠡᠲ᠋ᠧᠷᠢᠶᠡᠯ ᠢ ᠨᠠᠷᠢᠨ ᠦᠵᠡᠪᠡ᠃ ᠪᠦᠷᠢᠨᠴᠢᠮᠡᠭ ᠬᠦᠭᠵᠢᠯᠲᠡ ᠶᠢᠨ ᠠᠮᠵᠢᠯᠲᠠ ᠪᠦᠲᠦᠮᠵᠢ ᠶᠢᠨ  ᠦᠵᠡᠰᠬᠦᠯᠡᠩ ᠤᠨ ᠲᠠᠶᠢᠯᠪᠤᠷᠢᠯᠠᠯᠲᠠ ᠶᠢᠨ ᠠᠵᠢᠯ ᠢ ᠣᠯᠠᠮ ᠨᠢᠬᠡ ᠠᠯᠬᠤᠮ ᠰᠠᠶᠢᠲᠦᠷ ᠬᠢᠨ᠂ ᠲᠠᠶᠢᠯᠪᠤᠷᠢᠯᠠᠬᠤ ᠠᠭᠤᠯᠭ᠎ᠠ ᠶᠢᠨ ᠪᠦᠬᠦ ᠲᠠᠯ᠎ᠠ ᠶᠢᠨ ᠴᠢᠨᠠᠷ ᠪᠠ ᠨᠠᠷᠢᠯᠢᠭ ᠤᠨᠤᠪᠴᠢᠲᠦ ᠴᠢᠨᠠᠷ ᠢ ᠪᠠᠳᠣᠯᠠᠵᠤ᠂ ᠣᠯᠠᠨ ᠶᠠᠩᠵᠤ ᠶᠢᠨ ᠦᠵᠡᠭᠦᠯᠭᠡ ᠪᠠ ᠠᠮᠢᠳᠣᠯᠢᠭ ᠲᠠᠶᠢᠯᠪᠤᠷᠢᠯᠠᠯᠲᠠ ᠪᠠᠷ ᠳᠠᠮᠵᠢᠭᠤᠯᠣᠨ ᠦᠵᠡᠭᠴᠢᠳ ᠲᠤ ᠮᠠᠨ ᠤ ᠬᠤᠰᠢᠭᠤᠨ ᠤ ᠠᠵᠣ ᠠᠬᠤᠢ ᠨᠡᠶᠢᠬᠡᠮ ᠤᠨ ᠬᠦᠭᠵᠢᠯᠲᠡ᠂ ᠠᠷᠠᠳ ᠲᠦᠮᠡᠨ ᠤ ᠣᠶᠢᠯᠠᠳᠪᠦᠷᠢᠯᠠᠯ ᠠᠮᠢᠳᠣᠷᠠᠯ ᠤᠨ ᠬᠡᠷᠡᠯ ᠰᠠᠴᠤᠷᠠᠩᠭᠤᠢ ᠠᠮᠵᠢᠯᠲᠠ ᠶᠢ ᠨᠡᠩ ᠰᠢᠭᠤᠳ᠂ ᠬᠦᠨᠵᠡᠭᠡᠢ ᠪᠠᠷ ᠤᠶᠢᠯᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠪᠦᠷᠢᠨᠴᠢᠮᠡᠭ ᠤᠷᠢᠳ ᠬᠤᠵᠢᠳ ᠱᠧᠩ ᠯᠣ᠋ ᠴᠠᠬᠢᠯᠭᠠᠨ ᠣᠶᠢᠯᠠᠳᠪᠦᠷᠢ᠂ ᠤᠯᠤᠰ ᠤᠨ ᠡᠨᠧᠷᠬᠢ ᠶᠢᠨ ᠴᠠᠬᠢᠯᠭᠠᠨ ᠣᠶᠢᠯᠠᠳᠪᠦᠷᠢ᠂ ᠬᠠᠶᠢᠯᠠᠰᠤᠨ ᠬᠤᠳᠳᠤᠭ ᠨᠡᠭᠦᠷᠡᠰᠦᠨ ᠠᠭᠤᠷᠬᠠᠢ ᠪᠠ ᠴᠠᠩ ᠴᠧᠩ ᠴᠠᠬᠢᠯᠭᠠᠨ ᠣᠶᠢᠯᠠᠳᠪᠦᠷᠢᠯᠠᠯ ᠳᠤ ᠬᠦᠷᠦᠨ᠂ ᠲᠤᠬᠠᠢ ᠶᠢᠨ ᠭᠠᠵᠠᠷ ᠲᠤ ᠨᠢ ᠪᠠᠶᠢᠴᠠᠭᠠᠨ ᠦᠵᠡᠬᠦ ᠪᠠ ᠲᠠᠨᠢᠯᠴᠠᠭᠤᠯᠭ᠎ᠠ ᠰᠣᠨᠣᠰᠬᠤ ᠪᠠᠷ ᠳᠠᠮᠵᠢᠨ ᠠᠵᠤ ᠠᠬᠤᠶᠢᠯᠠᠯ ᠤᠨ ᠡᠵᠡᠩᠨᠡᠯᠲᠡ᠂ ᠲᠦᠷᠦᠯ ᠵᠦᠢᠯ ᠤᠨ ᠪᠠᠶᠢᠭᠤᠯᠤᠯᠲᠠ᠂ ᠠᠶᠤᠯᠬᠦᠢ ᠦᠢᠯᠡᠳᠪᠦᠷᠢᠯᠡᠯ ᠪᠠ ᠣᠷᠴᠢᠨ ᠲᠤᠭᠤᠷᠢᠨ ᠤ ᠬᠠᠮᠠᠭᠠᠯᠠᠯᠲᠠ ᠵᠡᠷᠭᠡ ᠠᠵᠢᠯ ᠢ ᠨᠠᠷᠢᠨ ᠣᠶᠢᠯᠠᠭᠠᠪᠠ᠃ ᠪᠦᠷᠢᠨᠴᠢᠮᠡᠭ᠂ ᠠᠶᠤᠯᠬᠦᠢ  ᠣᠶᠢᠯᠠᠳᠪᠦᠷᠢᠯᠠᠯ ᠪᠣᠯ ᠠᠵᠤ ᠠᠬᠤᠶᠢᠯᠠᠯ ᠤᠨ ᠬᠤᠷᠢᠭ᠎ᠠ ᠱᠤᠭᠤᠮ ᠪᠣᠯᠬᠤ ᠪᠠᠷ ᠪᠠᠷᠠᠬᠤ ᠦᠭᠡᠢ ᠪᠠᠰᠠ ᠴᠤ ᠠᠵᠣ ᠠᠬᠤᠶᠢᠯᠠᠯ ᠤᠨ ᠠᠮᠢᠨ ᠰᠣᠳᠠᠰᠣ ᠪᠣᠯᠣᠨ᠎ᠠ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠠᠶᠤᠯᠬᠦᠢ ᠣᠶᠢᠯᠠᠳᠪᠦᠷᠢᠯᠠᠯ ᠢ ᠴᠠᠭ ᠢᠮᠠᠭᠲᠠ ᠪᠠᠲᠤᠯᠠᠨ᠂ ᠠᠶᠤᠯᠬᠦᠢ ᠣᠶᠢᠯᠠᠳᠪᠦᠷᠢᠯᠠᠯ ᠤᠨ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠤᠲᠠᠲᠠᠶᠢᠵᠢᠭᠤᠯᠵᠤ᠂ ᠠᠶᠤᠯᠬᠦᠢ ᠣᠶᠢᠯᠠᠳᠪᠦᠷᠢᠯᠠᠯ ᠤᠨ ᠡᠯ᠎ᠡ ᠲᠦᠷᠦᠯ ᠤᠨ ᠠᠷᠭ᠎ᠠ ᠠᠪᠴᠠᠯ ᠢ ᠴᠢᠩᠭ᠎ᠠ ᠨᠠᠶᠢᠲᠠᠪᠤᠷᠢᠵᠢᠭᠤᠯᠤᠨ᠂ ᠠᠶᠤᠯᠬᠦᠢ ᠣᠶᠢᠯᠠᠳᠪᠦᠷᠢᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠮᠣᠷ ᠳᠦᠪᠰᠢᠨ ᠤ ᠠᠳᠡᠯ ᠭᠠᠷᠬᠤ ᠶᠢ ᠴᠢᠩᠭ᠎ᠠ ᠰᠡᠷᠬᠡᠶᠢᠯᠡᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠵᠤ ᠨᠠᠶᠢᠲᠠᠪᠤᠷᠢᠵᠢᠭᠤᠯᠤᠨ᠂ ᠡᠨᠧᠷᠬᠢ ᠶᠢᠨ ᠬᠤᠷᠤᠭᠳᠠᠯ  ᠤᠨ ᠬᠤᠤᠰ ᠡᠵᠡᠮᠳᠡᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠮᠢ ᠠᠬᠤᠢ ᠶᠢᠨ ᠬᠤᠷᠢᠭ᠎ᠠ ᠱᠣᠭᠤᠮ ᠢ ᠪᠠᠲᠤ ᠰᠠᠬᠢᠵᠤ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠡᠯ᠎ᠡ ᠲᠦᠷᠦᠯ ᠤᠨ ᠠᠵᠢᠯ ᠢ ᠪᠦᠬᠦ ᠲᠠᠯ᠎ᠠ ᠪᠠᠷ ᠨᠠᠷᠢᠯᠢᠭ ᠮᠦᠷᠲᠡᠭᠡᠨ ᠰᠠᠶᠢᠲᠤᠷ ᠠᠳᠬᠤᠬᠤ ᠬᠡᠷᠡᠭᠲᠡᠢ᠃ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠵᠠᠪᠳᠣᠨ᠂ ᠶᠠᠰᠣ ᠴᠢᠨᠠᠷ ᠠᠮᠣᠷ ᠳᠦᠪᠰᠢᠨ ᠢ ᠪᠠᠲᠤᠯᠠᠭᠰᠠᠨ ᠣᠷᠢᠳᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠬᠤᠭᠤᠴᠠᠭᠠᠯᠠᠨ ᠲᠤᠭᠲᠠᠭᠠᠵᠤ᠂ ᠦᠨᠳᠦᠷ ᠪᠠᠷᠢᠮᠵᠢᠶ᠎ᠠ᠂ ᠦᠨᠳᠦᠷ ᠦᠷ᠎ᠡ ᠪᠦᠲᠦᠮᠵᠢ ᠲᠠᠢ ᠪᠠᠷ ᠲᠦᠷᠦᠯ ᠵᠦᠢᠯ ᠤᠨ ᠪᠠᠶᠢᠭᠤᠯᠤᠯᠲᠠ ᠶᠢ ᠠᠬᠢᠭᠤᠯᠤᠨ᠂ ᠲᠦᠷᠦᠯ ᠵᠦᠢᠯ ᠤᠨ ᠴᠢᠨᠠᠷᠯᠢᠭ ᠪᠠᠶᠢᠭᠤᠯᠤᠯᠲᠠ ᠪᠠᠷ ᠬᠤᠰᠢᠭᠤᠨ ᠤ ᠠᠵᠤ ᠠᠬᠤᠢ ᠶᠢᠨ ᠴᠢᠨᠠᠷᠯᠢᠭ ᠬᠦᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠭᠰᠠᠨ ᠪᠠᠶᠢᠨ᠎ᠠ᠃     ᠭᠤᠤ ᠷᠦᠩ ᠲᠠᠩ᠂ ᠯᠢᠦ ᠱᠣ᠋ ᠯᠣ᠋᠂ ᠵᠠᠩ ᠮᠢᠩ᠂ ᠯᠦᠸᠧ ᠵᠢᠶᠡᠨ ᠰᠢᠶᠦ᠋ᠨ᠂ ᠱᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠣᠳᠣᠯᠣᠯᠲᠠ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号