ᠦ᠋ ᠶᠦᠨ ᠨᠢᠩᠳᠦ᠋ᠩ ᠤᠨ ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠣᠷᠣᠯᠴᠠᠪᠠ
ᠨᠡᠶᠢᠲᠡᠯᠡᠭᠰᠡᠨ ᠴᠠᠭ᠄
2021/6/9
    6 ᠰᠠᠷ᠎ᠠ ᠶᠢᠨ 3 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠦ᠋ ᠶᠦᠨ ᠨᠢᠩᠳᠦ᠋ᠩ ᠤᠨ ᠡᠨᠧᠷᠬᠢ ᠬᠢᠮᠢ ᠶᠢᠨ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠰᠣᠷᠣᠯᠴᠠᠪᠠ᠃     ᠦ᠋ ᠶᠦᠨ ᠣᠷᠢᠳ ᠬᠤᠵᠢᠳ ᠨᠢᠩᠳᠦ᠋ᠩ ᠤᠨ ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠭᠠᠵᠠᠷ ᠤᠨ ᠦᠵᠡᠭᠦᠯᠭᠡ ᠶᠢᠨ ᠲᠢᠩᠬᠢᠮ᠂ 400 ᠲᠦᠮᠡᠨ ᠲᠣᠨ ᠨᠡᠭᠦᠷᠡᠰᠦ ᠶᠢ ᠲᠠᠮ ᠢᠶᠠᠷ ᠰᠢᠩᠭᠡᠵᠢᠭᠦᠯᠬᠦ ᠵᠢᠱᠢᠶ᠎ᠡ ᠦᠵᠡᠭᠦᠯᠬᠦ ᠲᠦᠷᠦᠯ ᠵᠣᠶᠢᠯ᠂ ᠲᠠᠢ ᠾᠧ ᠰᠢᠨ᠎ᠡ ᠮᠡᠲ᠋ᠧᠷᠢᠶᠠᠯ ᠤᠨ ᠨᠢᠩᠳᠦ᠋ᠩ ᠤᠨ ᠠᠵᠣ ᠣᠶᠢᠯᠠᠰ ᠤᠨ ᠬᠦᠷᠢᠶᠡᠯᠡᠩ᠂ ᠬᠢᠮᠢ ᠶᠢᠨ ᠠᠵᠣ ᠣᠶᠢᠯᠠᠳᠪᠦᠷᠢ ᠶᠢᠨ ᠰᠢᠨ᠎ᠡ ᠮᠡᠲ᠋ᠧᠷᠢᠶᠠᠯ ᠤᠨ ᠬᠦᠷᠢᠶᠡᠯᠡᠩ ᠲᠣᠭᠤᠷᠢᠭ ᠤᠨ ᠬᠦᠳᠡᠯᠭᠡᠭᠴᠢ ᠬᠦᠴᠦᠨ ᠤ ᠠᠷᠠᠯ ᠤᠨ ᠲᠦᠷᠦᠯ ᠵᠣᠶᠢᠯ ᠤᠨ ᠭᠠᠵᠠᠷ ᠵᠡᠷᠭᠡ ᠳᠤ ᠬᠦᠷᠴᠦ᠂ ᠲᠣᠬᠠᠢ ᠶᠢᠨ ᠲᠠᠯᠠᠪᠠᠢ ᠳᠤ ᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠠᠬᠤᠢ ᠲᠠᠯᠠᠪᠣᠷ ᠤᠨ ᠰᠣᠯᠢᠯᠴᠠᠭ᠎ᠠ ᠵᠡᠷᠭᠡ ᠪᠠᠷ ᠲᠠᠮᠵᠢᠨ ᠨᠢᠩᠳᠦ᠋ᠩ ᠤᠨ ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠭᠠᠵᠠᠷ ᠤᠨ ᠶᠡᠷᠦᠩᠬᠡᠢ ᠲᠦᠯᠦᠪᠵᠢᠭᠦᠯᠭᠡ᠂ ᠠᠵᠣ ᠣᠶᠢᠯᠠᠰ ᠤᠨ ᠪᠠᠶᠢᠷᠢᠯᠠᠭᠤᠯᠣᠯᠳᠠ᠂ ᠬᠦᠭᠵᠢᠯᠳᠡ ᠶᠢᠨ ᠲᠠᠪᠠᠭᠤᠯᠢᠭ ᠵᠢᠴᠢ ᠰᠠᠭᠤᠷᠢ ᠲᠦᠬᠦᠭᠡᠷᠦᠮᠵᠢ ᠶᠢᠨ ᠪᠠᠶᠢᠭᠤᠯᠣᠯᠳᠠ ᠶᠢ ᠪᠦᠬᠦ ᠲᠠᠯ᠎ᠠ ᠪᠠᠷ ᠣᠶᠢᠯᠠᠭᠠᠭᠰᠠᠨ ᠪᠠᠶᠢᠨ᠎ᠠ᠃     ᠦ᠋ ᠶᠦᠨ ᠵᠠᠮ ᠲᠣᠷᠰᠢ ᠨᠠᠷᠢᠨ ᠬᠢᠨᠠᠮᠠᠭᠠᠢ ᠦᠵᠡᠵᠣ ᠰᠣᠨᠣᠰᠬᠤ ᠶᠢᠨ ᠲᠠᠭᠤ ᠬᠠᠷᠢᠯᠴᠠᠨ ᠣᠶᠢᠯᠠᠭᠠᠯᠴᠠᠨ ᠰᠣᠷᠣᠯᠴᠠᠪᠠ᠃ ᠲᠣᠰ ᠣᠳᠠᠭᠠᠨ ᠤ ᠪᠠᠶᠢᠴᠠᠭᠠᠨ ᠰᠣᠷᠣᠯᠴᠠᠯᠭ᠎ᠠ ᠨᠢ ᠮᠠᠨ ᠤ ᠬᠤᠰᠢᠭᠤᠨ ᠤ ᠠᠵᠣ ᠣᠶᠢᠯᠠᠰ ᠤᠨ ᠬᠡᠯᠪᠡᠷᠢ ᠶᠢᠨ ᠬᠤᠪᠢᠷᠠᠭᠤᠯᠣᠯᠳᠠ᠂ ᠠᠵᠣ ᠣᠶᠢᠯᠠᠳᠪᠦᠷᠢ ᠶᠢᠨ ᠬᠦᠷᠢᠶᠡᠯᠡᠩ ᠲᠣᠭᠤᠷᠢᠭ ᠤᠨ ᠲᠦᠯᠦᠪᠵᠢᠭᠦᠯᠭᠡ ᠶᠢᠨ ᠬᠠᠮᠢᠶᠠᠷᠣᠯᠳᠠ᠂ ᠣᠷᠴᠢᠨ ᠲᠣᠭᠤᠷᠢᠨ ᠤ ᠵᠠᠰᠠᠯᠳᠠ ᠵᠡᠷᠭᠡ ᠲᠠᠯ᠎ᠠ ᠳᠤ ᠮᠠᠰᠢ ᠶᠡᠭᠡ ᠰᠡᠩᠬᠡᠷᠡᠭᠦᠯᠦᠯ ᠣᠯᠭᠤᠭᠰᠠᠨ ᠪᠠᠶᠢᠨ᠎ᠠ᠃ ᠦ᠋ ᠶᠦᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠣᠨ ᠤ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠠᠮᠢ ᠠᠬᠤᠢ ᠶᠢᠨ ᠪᠣᠬᠢᠷᠳᠣᠯ ᠦᠭᠡᠢ ᠬᠦᠭᠵᠢᠭᠦᠯᠦᠯᠳᠡ ᠪᠠᠷ ᠴᠢᠨᠠᠷᠯᠢᠭ ᠬᠦᠭᠵᠢᠯᠳᠡ ᠶᠢᠨ ᠰᠢᠨ᠎ᠡ ᠵᠠᠮ ᠪᠣᠯᠭᠠᠵᠣ᠂ ᠨᠢᠩᠳᠦ᠋ᠩ ᠤᠨ ᠡᠨᠧᠷᠬᠢ ᠬᠢᠮᠢ ᠶᠢᠨ ᠠᠵᠣ ᠣᠶᠢᠯᠠᠳᠪᠦᠷᠢ ᠶᠢᠨ ᠰᠠᠭᠤᠷᠢᠨ ᠭᠠᠵᠠᠷ ᠤᠨ ᠲᠣᠷᠰᠢᠯᠭ᠎ᠠ᠂ ᠠᠷᠭ᠎ᠠ ᠠᠪᠴᠠᠯ ᠢ ᠰᠠᠶᠢᠳᠦᠷ ᠰᠣᠷᠣᠯᠴᠠᠨ᠂ ᠣᠯᠠᠨ ᠠᠷᠭ᠎ᠠ ᠵᠠᠮ ᠢᠶᠠᠷ ᠬᠤᠳᠠᠯᠳᠣᠭᠠᠴᠢᠨ ᠣᠷᠢᠨ ᠪᠡᠯᠡ ᠣᠷᠣᠭᠤᠯᠵᠣ᠂ ᠣᠷᠣᠨ ᠬᠡᠪᠴᠢᠶᠡᠨ ᠤ ᠠᠵᠣ ᠣᠶᠢᠯᠠᠰ ᠤᠨ ᠬᠠᠮᠳᠣᠷᠠᠯᠴᠠᠭ᠎ᠠ ᠬᠦᠭᠵᠢᠯᠳᠡ ᠶᠢ ᠠᠬᠢᠭᠤᠯᠣᠨ᠂ ᠮᠠᠨ  ᠤ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠣᠨ᠎ᠠ ᠭᠡᠵᠣ ᠢᠯᠡᠷᠭᠡᠶᠢᠯᠡᠭᠰᠡᠨ ᠪᠠᠶᠢᠨ᠎ᠠ᠃     ᠬᠤᠰᠢᠭᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠮᠦᠩᠭᠦᠨ ᠭᠦᠢᠯᠭᠡᠭᠡᠨ ᠤ ᠠᠯᠪᠠᠨ ᠭᠡᠷ ᠤᠨ ᠡᠷᠬᠢᠯᠡᠭᠴᠢ ᠯᠢᠦ ᠲᠢᠶᠠᠨ ᠶᠦᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号