ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ᠂ ᠤᠷᠳᠤᠰ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ  ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠵᠢᠴᠢ ︽ᠬᠤᠪᠢᠰᠬᠠᠯ ᠤᠨ ᠳᠤᠯᠭᠤᠷ ᠪᠢᠴᠢᠭ ᠤᠨ ᠦᠵᠡᠬᠦᠯᠤᠯᠬᠡ ᠶᠢᠨ ᠦᠷᠤᠬᠡ︾ ᠪᠠᠶᠢᠭᠤᠯᠬᠤ ᠶᠤᠰᠤᠯᠠᠯ ᠪᠤᠷᠤᠪᠠᠯᠭᠠᠰᠤ ᠶᠢᠨ ᠦᠨᠳᠤᠰᠤᠳᠠᠨ  ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠳᠤ ᠶᠠᠪᠤᠭᠳᠠᠪᠠ
ᠨᠡᠶᠢᠲᠡᠯᠡᠭᠰᠡᠨ ᠴᠠᠭ᠄
2021/7/27
    7 ᠰᠠᠷ᠎ᠠ ᠶᠢᠨ 19 ᠤ ᠡᠳᠤᠷ᠂ ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ  ᠶᠢ ᠠᠬᠢᠭᠤᠯᠬᠤ ᠬᠤᠷᠠᠯ᠂ ᠤᠷᠳᠤᠰ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠰᠡᠬᠦᠬᠦ ᠵᠢᠴᠢ ︽ᠬᠤᠪᠢᠰᠬᠠᠯ ᠤᠨ ᠳᠤᠯᠭᠤᠷ ᠪᠢᠴᠢᠭ ᠤᠨ ᠦᠵᠡᠬᠦᠯᠤᠯᠬᠡ ᠶᠢᠨ ᠦᠷᠤᠬᠡ︾ ᠪᠠᠶᠢᠭᠤᠯᠬᠤ ᠶᠤᠰᠤᠯᠠᠯ ᠪᠤᠷᠤᠪᠠᠯᠭᠠᠰᠤ  ᠶᠢᠨ ᠦᠨᠳᠤᠰᠤᠳᠠᠨ ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠶᠢᠨ ᠰᠤᠶᠤᠯ ᠪᠡᠶ᠎ᠡ ᠶᠢᠨ ᠳᠠᠮᠢᠷ ᠤᠨ ᠠᠵᠢᠯᠯᠠᠭᠠᠨ ᠤ ᠲᠦᠪ ᠲᠤ ᠶᠠᠪᠤᠭᠳᠠᠪᠠ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ᠂ ᠤᠯᠤᠰ ᠲᠦᠷᠤ ᠶᠢᠨ ᠵᠦᠪᠯᠡᠯᠬᠡᠨ ᠤ ᠤᠤᠯ ᠤᠨ ᠳᠡᠳ᠋ ᠳᠡᠷᠢᠬᠦᠯᠡᠭᠴᠢ ᠭᠥᠸᠧ ᠴᠢ ᠵᠢᠶᠦ᠋ᠨ᠂ ᠬᠤᠳᠠ  ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠳᠡᠰ ᠤᠨ ᠳᠠᠷᠤᠭ᠎ᠠ ᠱᠧ ᠰᠢ ᠸᠧᠨ ᠶᠠᠷᠢᠶ᠎ᠠ ᠳᠠᠯᠪᠢᠵᠤ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠶᠤᠰᠤᠯᠡᠯ ᠢ ᠡᠷᠬᠢᠯᠡᠪᠡ᠃ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠶᠢᠨ ᠳᠠᠷᠤᠭ᠎ᠠ ᠭᠤᠣ ᠫᠧᠩ ᠪᠠᠶᠠᠷ  ᠤᠨ ᠦᠬᠡ ᠬᠡᠯᠡᠪᠡ᠃ ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ  ᠬᠤᠷᠠᠯ ᠤᠨ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠰᠦ᠋ ᠹᠦ᠋ ᠰᠢᠶᠠᠩ᠂ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ  ᠬᠤᠷᠠᠯ ᠤᠨ ᠨᠡᠷ᠎ᠡ ᠬᠦᠨᠳᠤᠳᠤ ᠳᠠᠷᠤᠭ᠎ᠠ ᠬᠠᠨ ᠱᠢ ᠬᠤᠸᠠ᠂ ᠬᠤᠳᠠ ᠶᠢᠨ ᠤᠯᠤᠰ ᠲᠦᠷᠤ ᠶᠢᠨ ᠵᠦᠪᠯᠡᠯᠬᠡᠨ ᠤ ᠳᠡᠳ᠋ ᠳᠡᠷᠢᠬᠦᠯᠡᠭᠴᠢ ᠭᠤᠣ ᡁᠢ ᠬᠤᠸᠠ᠂ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠳᠠᠷᠤᠭ᠎ᠠ ᠦ᠋ ᠱᠧ ᠫᠢᠩ ᠶᠤᠰᠤᠯᠡᠯ ᠳᠤ ᠤᠷᠤᠯᠴᠠᠪᠠ᠃     ᠭᠤᠣ ᠫᠧᠩ᠂ ᠦᠪᠡᠷᠳᠡᠬᠡᠨ ᠵᠠᠰᠠᠬᠤ ᠤᠷᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ᠂ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ  ᠠᠴᠠ ᠮᠠᠨ ᠤ ᠰᠤᠷᠭᠠᠭᠤᠯᠢ ᠳᠤ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠫᠠᠶᠢᠰᠠ ᠡᠯᠬᠦᠭᠰᠡᠨ ᠶᠠᠪᠤᠳᠠᠯ ᠪᠤᠯ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠬᠤᠶᠠᠷ ᠱᠠᠳᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠮᠠᠨ ᠤ ᠰᠤᠷᠭᠠᠭᠤᠯᠢ ᠳᠤ ᠬᠢ ᠦᠨᠡᠯᠡᠯᠳᠠ ᠪᠠ ᠢᠳᠡᠬᠡᠯ ᠪᠤᠯᠤᠨ᠎ᠠ᠃ ᠬᠤᠶᠢᠰᠢᠳᠠ᠂ ᠮᠠᠨ ᠤ ᠰᠤᠷᠭᠠᠭᠤᠯᠢ ᠶᠢᠨ ᠬᠢᠨ ᠦᠪᠡᠷᠳᠡᠬᠡᠨ ᠵᠠᠰᠠᠬᠤ ᠤᠷᠤᠨ᠂ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠤᠶᠢᠯᠡᠳᠤᠯ ᠢ ᠬᠦᠢᠴᠡᠤᠨ ᠪᠠᠳᠠᠷᠠᠭᠤᠯᠤᠨ᠂ ᠰᠠᠨᠠᠭᠠᠴᠢᠯᠠᠭ᠎ᠠ ᠠᠴᠠ ᠪᠠᠨ ᠡᠬᠦᠷᠬᠡᠯᠡᠨ ᠠᠵᠢᠯᠯᠠᠵᠤ᠂ ᠬᠤᠪᠢᠰᠬᠠᠯ ᠤᠨ ᠤᠳᠤᠮᠰᠢᠯ ᠢ ᠤᠯᠠᠮᠵᠢᠯᠠᠬᠤ᠂ ᠬᠤᠪᠢᠰᠬᠠᠯ ᠤᠨ ᠡᠷᠳᠠ ᠴᠢᠯᠤᠬᠡᠯᠡᠭᠳᠡᠭᠰᠡᠨ ᠤᠷᠤᠨ ᠤ ᠵᠤᠷᠢᠭ ᠰᠠᠨᠠᠭ᠎ᠠ ᠶᠢ ᠪᠠᠳᠠᠷᠠᠭᠤᠯᠬᠤ ᠶᠢ ᠴᠠᠭ ᠦᠶ᠎ᠡ ᠶᠢᠨ ᠵᠤᠷᠢᠭ ᠰᠠᠨᠠᠭ᠎ᠠ ᠶᠢ ᠪᠠᠶᠠᠯᠢᠭᠵᠢᠭᠤᠯᠬᠤ᠂ ᠴᠠᠭ ᠦᠶ᠎ᠡ ᠶᠢᠨ ᠵᠦᠭ ᠴᠢᠭᠯᠡᠯ ᠢ ᠳᠠᠶᠢᠴᠢᠯᠠᠬᠤ ᠠᠭᠤᠤ ᠶᠡᠭᠡ ᠢᠨᠵᠧᠨᠧᠷᠢᠩ ᠪᠤᠯᠭᠠᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠡᠷᠳᠠ ᠴᠢᠯᠤᠬᠡᠯᠡᠭᠳᠡᠭᠰᠡᠨ ᠤᠷᠤᠨ᠂ ︽ᠳᠠᠭᠤᠷᠢᠶᠠᠯ ᠦᠪᠡᠷᠳᠡᠬᠡᠨ ᠵᠠᠰᠠᠬᠤ ᠤᠷᠤᠨ︾ ᠪᠤᠯᠤᠭᠰᠡᠨ ᠤ ᠬᠤᠪᠢ ᠳᠠᠬᠢ ᠬᠤᠪᠢᠰᠬᠠᠯᠳᠤ ᠳᠡᠤᠬᠡ ᠪᠠ ᠴᠠᠭ ᠦᠶ᠎ᠡ ᠶᠢᠨ ᠦᠨ᠎ᠠ ᠦᠷᠳᠡᠭ᠂ ᠨᠠᠮ ᠪᠠ ᠤᠯᠤᠰ ᠠᠴᠠ ᠡᠷᠳᠠ ᠴᠢᠯᠤᠬᠡᠯᠡᠭᠳᠡᠭᠰᠡᠨ ᠤᠷᠤᠨ ᠢ ᠬᠠᠯᠠᠮᠵᠢᠯᠠᠵᠤ ᠪᠠᠶᠢᠭ᠎ᠠ ᠴᠢᠭᠯᠡᠯᠳᠠ ᠲᠦᠷᠤ ᠶᠢᠨ ᠪᠤᠳᠤᠯᠭ᠎ᠠ᠂ ᠡᠷᠳᠠ ᠴᠢᠯᠤᠬᠡᠯᠡᠭᠳᠡᠭᠰᠡᠨ ᠤᠷᠤᠨ ᠤ ᠰᠢᠨ᠎ᠠ ᠴᠠᠭ ᠦᠶ᠎ᠡ ᠶᠢᠨ ᠬᠡᠪ ᠲᠦᠷᠬᠦ ᠶᠢ ᠶᠡᠭᠡ ᠪᠠᠷ  ᠤᠬᠠᠭᠤᠯᠵᠤ᠂ ᠡᠷᠳᠠ ᠴᠢᠯᠤᠬᠡᠯᠡᠭᠳᠡᠭᠰᠡᠨ ᠤᠷᠤᠨ  ᠳᠤ ᠤᠶᠢᠯᠡᠴᠢᠯᠡᠬᠦ᠂ ᠡᠷᠳᠠ ᠴᠢᠯᠤᠬᠡᠯᠡᠭᠳᠡᠭᠰᠡᠨ ᠤᠷᠤᠨ ᠳᠤ ᠬᠤᠪᠢ ᠨᠡᠮᠡᠷᠢ ᠦᠵᠡᠬᠦᠯᠬᠦ᠂ ᠡᠷᠳᠠ ᠴᠢᠯᠤᠬᠡᠯᠡᠭᠳᠡᠭᠰᠡᠨ ᠤᠷᠤᠨ ᠢ ᠪᠠᠶᠢᠭᠤᠯᠬᠤ ᠶᠠᠷᠢᠶ᠎ᠠ ᠬᠡᠯᠡᠯᠴᠡᠬᠡᠨ ᠤ ᠠᠭᠤᠷ ᠠᠮᠢᠰᠬᠤᠯ ᠢ ᠪᠤᠢ ᠪᠤᠯᠭᠠᠨ᠂ ᠡᠷᠳᠠ ᠴᠢᠯᠤᠬᠡᠯᠡᠭᠳᠡᠭᠰᠡᠨ ᠤᠷᠤᠨ ᠤ ᠨᠠᠷ᠎ᠠ ᠠᠯᠳᠠᠷᠰᠢᠯ ᠢ ᠳᠠᠰᠤᠷᠠᠯᠳᠠ ᠦᠬᠡᠢ  ᠦᠷᠬᠡᠤᠨᠬᠡᠵᠤ᠂ ᠨᠦᠯᠤᠬᠡᠯᠡᠬᠦ ᠬᠦᠴᠤᠨ ᠢ ᠳᠡᠬᠡᠭᠰᠢᠯᠡᠬᠦᠯᠤᠨ᠂ ᠨᠠᠮ ᠤᠨ ᠵᠠᠭᠤᠨ ᠵᠢᠯ ᠤᠨ ᠤᠢ ᠳᠤ ᠪᠡᠯᠡᠭ ᠪᠤᠯᠭᠠᠨ ᠳᠡᠪᠰᠢᠬᠦᠯᠤᠨ᠎ᠠ ᠬᠡᠵᠤ ᠶᠠᠷᠢᠪᠠ᠃     ᠭᠥᠸᠧ ᠴᠢ ᠵᠢᠶᠦ᠋ᠨ᠂ ᠤᠳᠤᠭ ᠤᠨ ᠡᠮᠤᠨᠡᠳᠤ ᠬᠤᠰᠢᠭᠤ ᠪᠤᠯ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠮᠤᠭ ᠡᠷᠳᠠᠨ ᠤ ᠬᠤᠪᠢᠰᠬᠠᠯ ᠤᠨ  ᠰᠠᠭᠤᠷᠢᠨ ᠭᠠᠵᠠᠷ ᠪᠤᠯᠬᠤᠷ ᠬᠦᠨ ᠵᠤᠵᠠᠭᠠᠨ ᠬᠤᠪᠢᠰᠬᠠᠯ ᠤᠨ ᠠᠭᠤᠯᠬᠤᠨ ᠲᠠᠢ᠂ ᠡᠯᠪᠡᠭ ᠪᠠᠶᠠᠯᠢᠭ ᠬᠤᠪᠢᠰᠬᠠᠯᠳᠤ ᠰᠤᠶᠤᠯ ᠤᠨ ᠡᠬᠢ ᠪᠠᠶᠠᠯᠢᠭ ᠲᠠᠢ᠂ ᠦᠪᠡᠷᠮᠢᠴᠠ ᠤᠨᠴᠠᠯᠢᠭᠳᠤ ᠬᠤᠪᠢᠰᠬᠠᠯᠳᠤ ᠬᠦᠮᠤᠵᠢᠯ ᠤᠨ ᠤᠯᠠᠮᠵᠢᠯᠠᠯ ᠲᠠᠢ ᠶᠤᠮ᠂ ᠪᠦᠬᠦ ᠤᠷᠤᠨ ᠤ ᠡᠯ᠎ᠡ ᠱᠠᠳᠤᠨ ᠤ ᠨᠠᠮ ᠤᠨ ᠬᠤᠷᠢᠶ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠲᠠᠢ ᠪᠦᠬᠦ ᠬᠦᠴᠤᠨ ᠢᠶᠠᠷ ᠬᠠᠮᠴᠢᠯᠴᠠᠨ ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠡᠯ᠎ᠡ ᠵᠦᠢᠯ ᠤᠨ ᠠᠵᠢᠯ ᠢ ᠰᠠᠶᠢᠳᠤᠷ ᠬᠢᠵᠤ᠂ ᠺᠠᠳ᠋ᠷᠴᠤᠤᠨ ᠢ ᠰᠠᠶᠢᠳᠤᠷ ᠪᠤᠯᠪᠠᠰᠤᠷᠠᠭᠤᠯᠤᠨ᠂ ︽ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ︾ ᠡᠨᠡᠬᠦ ᠳᠡᠪᠴᠡᠩ ᠳᠤ ᠲᠦᠰᠢᠭᠯᠡᠨ᠂ ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠬᠢᠯᠡᠯᠵᠠᠮ᠎ᠠ ᠦᠯᠢᠬᠡᠷ ᠳᠡᠤᠬᠡ ᠶᠢ ᠰᠠᠶᠢᠳᠤᠷ ᠤᠬᠠᠭᠤᠯᠤᠨ ᠶᠠᠷᠢᠵᠤ᠂ ᠡᠷᠳᠠ ᠴᠢᠯᠤᠬᠡᠯᠡᠭᠳᠡᠭᠰᠡᠨ ᠤᠷᠤᠨ ᠤ ᠨᠠᠷ᠎ᠡ ᠠᠯᠳᠠᠷᠰᠢᠯ ᠢ ᠳᠡᠬᠡᠭᠰᠢᠯᠡᠬᠦᠯᠤᠨ᠂ ᠬᠤᠪᠢᠰᠬᠠᠯᠳᠤ ᠤᠳᠤᠮᠰᠢᠯ ᠢ ᠤᠯᠠᠮᠵᠢᠯᠠᠵᠤ᠂ ᠡᠷᠳᠠ ᠴᠢᠯᠤᠬᠡᠯᠡᠭᠳᠡᠭᠰᠡᠨ ᠤᠷᠤᠨ ᠤ ᠬᠤᠪᠢᠰᠬᠠᠯ ᠤᠨ ᠵᠤᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠳᠠᠢ᠃ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ  ᠤᠨ ᠳᠡᠬᠡᠳᠤ ᠰᠤᠷᠭᠠᠭᠤᠯᠢ ᠤᠳᠤᠬᠠᠨ ᠤ ᠰᠠᠭᠤᠷᠢᠨ ᠳᠡᠬᠡᠷ᠎ᠡ᠂ ᠤᠷᠤᠨ ᠪᠠᠶᠢᠷᠢ ᠪᠠᠨ ᠤᠯᠠᠮ ᠨᠢᠬᠡ ᠠᠯᠬᠤᠮ ᠤᠯᠵᠤ᠂ ᠦᠪᠡᠷᠮᠢᠴᠠ ᠤᠨᠴᠠᠯᠢᠭ ᠢᠶᠠᠨ ᠳᠤᠪᠤᠶᠢᠯᠭᠠᠨ᠂ ︽ᠪᠦᠬᠦ ᠤᠯᠤᠰ ᠤᠨ ᠴᠦᠬᠡᠨ ᠳᠤᠭᠠᠳᠤ ᠦᠨᠳᠤᠰᠤᠳᠠᠨ ᠤ ᠺᠠᠳᠡᠷᠴᠤᠤᠨ ᠤᠨ ᠬᠦᠮᠤᠵᠢᠯ ᠤᠨ ᠰᠠᠭᠤᠷᠢᠨ ᠭᠠᠵᠠᠷ︾ ᠤᠨ ᠨᠡᠷᠡᠳᠤ ᠳᠡᠮᠳᠡᠭ ᠢ ᠪᠤᠢ ᠪᠤᠯᠭᠠᠵᠤ᠂ ᠨᠠᠷ᠎ᠠ ᠠᠯᠳᠠᠷᠰᠢᠯ᠂ ᠨᠦᠯᠤᠬᠡᠯᠡᠬᠦ ᠬᠦᠴᠤᠨ ᠢᠶᠠᠨ ᠳᠠᠰᠤᠷᠠᠯᠳᠠ ᠦᠬᠡᠢ ᠳᠡᠬᠡᠭᠰᠢᠯᠡᠬᠦᠯᠤᠨ᠂ ᠦᠪᠡᠷᠳᠡᠬᠡᠨ ᠵᠠᠰᠠᠬᠤ ᠤᠷᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢᠨ ᠠᠵᠢᠯ ᠢ ᠰᠢᠨ᠎ᠠ ᠳᠡᠭᠳᠡᠷ ᠲᠤ ᠭᠠᠷᠭᠠᠬᠤ ᠲᠤ ᠬᠦᠴᠤᠨ ᠨᠡᠮᠡᠷᠢᠯᠡᠬᠦ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠱᠧ ᠰᠢ ᠸᠧᠨ᠂ ᠪᠦᠬᠦ ᠬᠤᠳᠠ ᠶᠢᠨ ᠡᠯ᠎ᠡ ᠱᠠᠳᠤᠨ ᠤ ᠨᠠᠮ ᠤᠨ ᠬᠤᠷᠢᠶ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠤᠪᠢᠰᠬᠠᠯ ᠤᠨ ᠡᠷᠳᠠ ᠴᠢᠯᠤᠬᠡᠯᠡᠭᠳᠡᠭᠰᠡᠨ ᠤᠷᠤᠨ ᠤ ᠬᠤᠪᠢᠰᠬᠠᠯᠳᠤ ᠬᠦᠮᠤᠵᠢᠯ ᠤᠨ ᠰᠠᠭᠤᠷᠢᠨ ᠭᠠᠵᠠᠷ ᠢ ᠳᠠᠰᠤᠷᠠᠯᠳᠠ ᠦᠬᠡᠢ ᠪᠠᠶᠢᠭᠤᠯᠵᠤ᠂ ᠬᠤᠪᠢᠰᠬᠠᠯᠳᠤ ᠰᠤᠶᠤᠯ ᠤᠨ ᠡᠬᠢ ᠪᠠᠶᠠᠯᠢᠭ ᠢ ᠠᠭᠤᠳᠠᠯᠬᠤ᠂  ᠡᠮᠬᠢᠯᠡᠬᠦ᠂ ᠬᠠᠮᠠᠭᠠᠯᠠᠬᠤ᠂ ᠤᠯᠠᠮᠵᠢᠯᠠᠬᠤ᠂ ᠠᠰᠢᠭᠯᠠᠬᠤ ᠠᠵᠢᠯ ᠢ ᠰᠠᠶᠢᠳᠤᠷ ᠬᠢᠬᠦ ᠬᠡᠷᠡᠭᠳᠠᠢ᠂ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠬᠤᠪᠢᠰᠬᠠᠯᠳᠤ ᠰᠤᠶᠤᠯ ᠤᠨ ᠬᠦᠮᠤᠵᠢᠯ ᠪᠤᠯᠪᠠᠰᠤᠷᠠᠯ ᠤᠨ ᠠᠷᠭ᠎ᠠ ᠮᠠᠶ᠋ᠢᠭ ᠢᠶᠠᠨ ᠳᠠᠰᠤᠷᠠᠯᠳᠠ ᠦᠬᠡᠢ ᠦᠬᠡᠷᠡᠴᠢᠯᠡᠨ ᠨᠦᠯᠤᠬᠡᠯᠡᠬᠦ ᠬᠦᠴᠤᠨ ᠢᠶᠠᠨ ᠦᠷᠬᠡᠤᠨᠬᠡᠵᠤ᠂ ᠬᠤᠪᠢᠰᠬᠠᠯᠳᠤ ᠰᠤᠶᠤᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠤᠨ ᠦᠷ᠎ᠠ ᠪᠦᠳᠤᠮᠵᠢ ᠶᠢ ᠨᠠᠩ ᠰᠠᠶᠢᠳᠤᠷ ᠪᠠᠳᠠᠷᠠᠭᠤᠯᠬᠤ ᠬᠡᠷᠡᠭᠳᠠᠢ᠃ ᠤᠷᠳᠤᠰ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ  ᠶᠢ ᠠᠬᠢᠭᠤᠯᠬᠤ ᠬᠤᠷᠠᠯ ︽ᠨᠠᠮ ᠤᠨ ᠬᠤᠷᠢᠶ᠎ᠠ ᠳᠤ ᠢᠷᠠᠭᠤ ᠠᠯᠳᠠᠷ ᠤᠯᠭᠤᠨ᠂ ᠵᠠᠰᠠᠭ ᠤᠨ ᠤᠷᠳᠤᠨ ᠤ ᠵᠤᠪᠠᠨᠢᠯ ᠢ ᠬᠤᠪᠢᠶᠠᠷᠢᠯᠠᠵᠤ᠂ ᠡᠷᠳᠠ ᠴᠢᠯᠤᠬᠡᠯᠡᠭᠳᠡᠭᠰᠡᠨ ᠤᠷᠤᠨ ᠳᠤ ᠤᠴᠢᠷ ᠶᠠᠪᠤᠳᠠᠯ ᠪᠦᠳᠤᠬᠡᠨ᠂ ᠠᠷᠠᠤᠨ ᠲᠦᠮᠡᠨ ᠳᠤ ᠤᠶᠢᠯᠡᠴᠢᠯᠡᠬᠦ︾ ᠦᠵᠡᠯᠳᠠ ᠶᠢ ᠤᠶᠢᠯᠡᠳᠤᠯᠬᠡᠵᠢᠬᠦᠯᠤᠨ᠂ ᠦᠪᠡᠷᠳᠡᠬᠡᠨ ᠵᠠᠰᠠᠬᠤ ᠤᠷᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠠᠴᠠ ᠫᠠᠶᠢᠰᠠ ᠤᠯᠭᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ ᠪᠠᠶᠢᠭᠤᠯᠤᠭᠰᠡᠨ ᠢᠶᠠᠷ ᠳᠤᠬᠢᠶᠠᠯ ᠪᠤᠯᠭᠠᠵᠤ᠂ ᠡᠷᠳᠠ ᠴᠢᠯᠤᠬᠡᠯᠡᠭᠳᠡᠭᠰᠡᠨ ᠤᠷᠤᠨ  ᠢ ᠬᠦᠭᠵᠢᠬᠦᠯᠬᠦ ᠳᠤ ᠬᠦᠴᠤᠨ ᠨᠡᠮᠡᠷᠢᠯᠡᠬᠦ᠂ ᠬᠤᠪᠢᠰᠬᠠᠯ ᠤᠨ ᠳᠡᠤᠬᠡ ᠶᠢ ᠤᠬᠠᠭᠤᠯᠬᠤ ᠵᠡᠷᠬᠡ ᠳᠠᠯ᠎ᠠ ᠶᠢᠨ ᠠᠵᠢᠯ  ᠢᠶᠠᠨ ᠲᠦᠯᠤᠪᠵᠢᠬᠦᠯᠤᠨ ᠴᠢᠩᠭᠠᠤᠨᠬᠠᠵᠤ᠂ ᠮᠠᠨ ᠤ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢᠨ ᠠᠵᠢᠯ ᠢ ᠰᠢᠨ᠎ᠠ ᠳᠡᠭᠳᠡᠷ ᠲᠤ ᠭᠠᠷᠭᠠᠬᠤ ᠶᠢ ᠳᠠᠰᠤᠷᠠᠯᠳᠠ ᠦᠬᠡᠢ ᠠᠬᠢᠭᠤᠯᠬᠤ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠳᠡᠳ᠋ ᠳᠠᠷᠤᠭ᠎ᠠ᠂ ᠪᠤᠯᠪᠠᠰᠤᠷᠠᠯ ᠤᠨ ᠠᠩᠬᠢ ᠶᠢᠨ ᠰᠤᠷᠤᠭᠴᠢᠤᠨ ᠤᠨ ᠲᠦᠯᠤᠬᠡᠯᠡᠭᠴᠢ ᠰᠦ᠋ ᠼᠦᠢ ᠫᠢᠩ ᠶᠠᠷᠢᠶ᠎ᠠ ᠳᠠᠯᠪᠢᠪᠠ᠃ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠨᠠᠷ ᠬᠠᠮᠳᠤ ᠪᠠᠷ ︽ᠦᠪᠤᠷ ᠮᠤᠩᠭᠤᠯ ᠤᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ︾᠂ ︽ᠤᠷᠳᠤᠰ ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠬᠦᠮᠤᠵᠢᠯ ᠪᠤᠯᠪᠠᠰᠤᠷᠠᠯ ᠤᠨ ᠰᠠᠭᠤᠷᠢᠨ ᠭᠠᠵᠠᠷ︾᠂ ︽ᠬᠤᠪᠢᠰᠬᠠᠯ ᠤᠨ ᠳᠤᠯᠭᠤᠷ ᠪᠢᠴᠢᠭ ᠤᠨ ᠦᠵᠡᠬᠦᠯᠤᠯᠬᠡ ᠶᠢᠨ ᠦᠷᠤᠬᠡ︾ ᠶᠢᠨ ᠫᠠᠶᠢᠰᠠ ᠰᠡᠬᠦᠪᠡ᠃     ᠶᠤᠰᠤᠯᠠᠯ ᠤᠨ ᠳᠠᠷᠠᠭ᠎ᠠ᠂ ᠬᠤᠷᠠᠯ ᠳᠤ ᠤᠷᠤᠯᠴᠠᠭᠰᠠᠤᠨ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ  ᠤᠨ ᠳᠡᠬᠡᠳᠤ ᠰᠤᠷᠭᠠᠭᠤᠯᠢ ᠶᠢᠨ ︽︿ᠤᠭ ᠰᠠᠨᠠᠭ᠎ᠠ ᠡᠬᠦᠷᠬᠡ ᠬᠠᠷᠢᠭᠤᠴᠠᠯᠭ᠎ᠠ ᠪᠠᠨ ᠦᠯᠤ ᠮᠠᠷᠳᠠᠨ᠂ ᠵᠠᠭᠤᠨ ᠵᠢᠯ  ᠤᠨ ᠬᠡᠷᠡᠯ ᠰᠠᠴᠤᠷᠠᠩᠭᠤᠢ ᠤᠶᠢᠯᠡᠰ ᠢᠶᠠᠨ ᠳᠡᠮᠳᠡᠭᠯᠡᠬᠦ﹀ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠭᠳᠠᠭᠰᠡᠨ 100 ᠵᠢᠯ ᠤᠨ ᠤᠢ ᠶᠢ ᠪᠡᠯᠬᠡᠯᠡᠬᠦ ︿ᠬᠤᠪᠢᠰᠬᠠᠯ ᠤᠨ ᠳᠤᠯᠭᠤᠷ ᠪᠢᠴᠢᠭ ᠤᠨ ᠦᠵᠡᠬᠦᠯᠤᠯᠬᠡ  ᠶᠢᠨ ᠦᠷᠤᠬᠡ﹀︾ ᠭᠤᠤᠯ ᠰᠡᠳᠤᠪᠳᠤ ᠦᠵᠡᠬᠦᠯᠤᠯᠬᠡ ᠶᠢ ᠳᠤᠭᠤᠷᠢᠨ ᠦᠵᠡᠪᠡ᠃     ᠬᠤᠳᠠ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ᠂ ᠪᠠᠶᠠᠠᠨᠠᠭᠤᠷ ᠤᠨ ᠤᠷᠠᠤᠨ ᠤᠨ ᠡᠮᠤᠨᠡᠳᠤ ᠬᠤᠰᠢᠭᠤᠨ ᠤ ᠬᠠᠮᠢᠶ᠎ᠠ ᠪᠦᠬᠦᠢ ᠤᠳᠤᠷᠢᠳᠤᠯᠭ᠎ᠠ᠂ ᠡᠯ᠎ᠡ ᠬᠤᠰᠢᠭᠤᠨ ᠤ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ ᠶᠢ ᠠᠬᠢᠭᠤᠯᠬᠤ ᠬᠤᠷᠠᠯ ᠤᠨ ᠳᠠᠷᠤᠭ᠎ᠠ ᠵᠢᠴᠢ ᠪᠤᠷᠤᠪᠠᠯᠭᠠᠰᠤ ᠶᠢᠨ ᠦᠨᠳᠤᠰᠤᠳᠠᠨ ᠤ ᠺᠠᠳ᠋ᠷᠴᠤᠤᠨ ᠤᠨ ᠳᠡᠬᠡᠳᠤ ᠰᠤᠷᠭᠠᠭᠤᠯᠢ ᠶᠢᠨ ᠡᠷᠳᠠ ᠴᠢᠯᠤᠬᠡᠯᠡᠭᠳᠡᠭᠰᠡᠨ ᠤᠷᠤᠨ ᠤ ᠪᠠᠶᠢᠭᠤᠯᠤᠯᠳᠠ  ᠶᠢ ᠠᠬᠢᠭᠤᠯᠬᠤ ᠬᠤᠷᠠᠯ ᠤᠨ ᠠᠩᠬᠠᠳᠠᠭᠴᠢ  ᠬᠤᠭᠤᠴᠠᠭᠠᠨ ᠤ ᠪᠦᠬᠦ ᠰᠤᠷᠤᠭᠴᠢᠤᠨ ᠶᠤᠰᠤᠯᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号