ᠸᠠᠩ ᠢᠦᠢ ᠴᠢᠶᠠᠩ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠲᠤ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/7/27
    7 ᠰᠠᠷ᠎ᠠ ᠶᠢᠨ 20 ᠤ ᠡᠳᠦᠷ᠂ ᠬᠤᠰᠢᠭᠤ ᠨᠠᠮ ᠤ ᠬᠤᠷᠢᠶᠠᠨ ᠤ ᠱᠦᠵᠢ ᠸᠠᠩ ᠢᠦᠢ ᠴᠢᠶᠠᠩ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠰᠢᠨ᠎ᠡ ᠱᠠᠩᠬᠠᠢ ᠶᠢᠨ ᠰᠦᠮ᠎ᠡ ᠨᠢᠭᠡᠳᠦᠭᠡᠷ ᠨᠣᠮᠧᠷᠲᠦ ᠨᠡᠭᠦᠷᠡᠰᠦᠨ ᠠᠭᠤᠷᠬᠠᠢ᠂ ᠴᠠᠩᠴᠧᠩ ᠴᠠᠬᠢᠯᠭᠠᠨ ᠦᠢᠯᠡᠳᠪᠦᠷᠢ᠂ ᠴᠠᠩᠴᠧᠩ ᠬᠤᠶᠠᠳᠣᠭᠠᠷ ᠨᠣᠮᠧᠷᠲᠦ ᠨᠡᠭᠦᠷᠡᠰᠦᠨ ᠠᠭᠤᠷᠬᠠᠢ ᠵᠡᠷᠭᠡ ᠭᠠᠵᠠᠷ ᠢᠶᠠᠷ ᠬᠦᠨᠵᠡᠭᠡᠶᠢᠷᠡᠵᠦ᠂ ᠮᠠᠨ ᠤ ᠬᠤᠰᠢᠭᠤᠨ ᠤ ᠨᠡᠬᠦᠷᠡᠰᠦ᠂ ᠨᠡᠬᠦᠷᠡᠰᠦ ᠴᠠᠬᠢᠯᠭᠠᠨ ᠤ ᠦᠢᠯᠡᠰ ᠤᠨ ᠬᠦᠭᠵᠢᠯᠲᠡ ᠶᠢᠨ ᠪᠠᠶᠢᠳᠠᠯ ᠢ ᠲᠤᠬᠠᠢ ᠶᠢᠨ ᠭᠠᠵᠠᠷ   ᠲᠤ ᠨᠢ ᠪᠠᠶᠢᠴᠠᠭᠠᠨ ᠰᠣᠳᠣᠯᠵᠣ ᠬᠢᠨᠠᠨ ᠵᠢᠯᠤᠭᠤᠳᠬᠤ ᠶᠢᠨ ᠬᠠᠮᠲᠤ ᠰᠠᠭᠤᠳᠠᠯ ᠤᠨ ᠬᠤᠷᠠᠯ ᠢ ᠡᠷᠬᠢᠯᠡᠨ᠂ ᠠᠬᠤᠢ ᠲᠡᠯᠡᠪᠡᠢ ᠢᠶᠠᠷ ᠲᠤᠬᠢᠷᠠᠭᠤᠯᠤᠯᠲᠠ ᠬᠢᠵᠦ᠂ ᠠᠯᠪᠠᠯᠠᠨ᠂ ᠠᠰᠠᠭᠤᠳᠠᠯ ᠢ ᠰᠢᠢᠳᠪᠦᠷᠢᠯᠡᠵᠦ᠂ ᠬᠠᠮᠢᠶ᠎ᠠ ᠪᠦᠬᠦᠢ ᠠᠵᠢᠯ ᠢ ᠯᠠᠪᠳᠠᠭᠤᠨ ᠡᠮᠬᠢᠲᠡᠢ ᠦᠷᠨᠢᠬᠦᠯᠬᠦ ᠶᠢ ᠠᠬᠢᠭᠤᠯᠪᠠ᠃     ᠸᠠᠩ ᠢᠦᠢ ᠴᠢᠶᠠᠩ᠂ ᠱᠠᠩᠬᠠᠢ ᠶᠢᠨ ᠰᠦᠮ᠎ᠡ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠪᠣᠯ ᠪᠦᠬᠦ ᠣᠷᠣᠨ ᠤ ᠠᠩᠬᠠᠳᠠᠭᠴᠢ ᠣᠯᠣᠰ ᠤᠨ ᠲᠡᠰ ᠤᠨ ᠴᠤᠬᠤᠯᠠᠪᠤᠷᠢ ᠶᠢ ᠣᠯᠣᠭᠰᠠᠨ ᠡᠨᠧᠷᠬᠢ ᠬᠢᠮᠢ  ᠶᠢᠨ ᠠᠵᠤ ᠦᠢᠯᠡᠳᠪᠦᠷᠢ ᠶᠢᠨ ᠰᠠᠭᠤᠷᠢᠨ ᠪᠣᠯᠣᠨ᠎ᠠ᠂ ᠮᠦᠨᠴᠦ ᠪᠦᠬᠦ ᠣᠷᠣᠨ ᠤ ᠴᠣᠷ ᠤᠨ ᠭᠠᠭᠴᠠ ᠣᠯᠣᠰ ᠤᠨ ᠠᠮᠢ ᠠᠬᠤᠶᠢᠴᠢ ᠠᠵᠤ ᠦᠢᠯᠡᠳᠪᠦᠷᠢ ᠶᠢᠨ ᠵᠢᠱᠢᠶ᠎ᠡ ᠦᠵᠡᠬᠦᠯᠬᠦ ᠬᠦᠷᠢᠶᠡᠯᠡᠩ ᠲᠤᠭᠤᠷᠢᠭ ᠢ ᠴᠤᠭᠴᠠᠯᠠᠭᠰᠠᠨ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠶᠤᠮ᠃ ᠲᠤᠰ ᠪᠡᠶ᠎ᠡ ᠶᠢᠨ ᠠᠵᠤ ᠦᠢᠯᠡᠰ ᠤᠨ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠮᠠᠨ ᠤ ᠬᠤᠰᠢᠭᠤᠨ ᠤ ᠨᠡᠭᠦᠷᠡᠰᠦ᠂ ᠨᠡᠬᠦᠷᠡᠰᠦ ᠴᠠᠬᠢᠯᠭᠠᠨ ᠤ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠤᠨ᠂ ᠣᠯᠣᠰ ᠤᠨ ᠲᠡᠰ ᠤᠨ ᠴᠡᠪᠡᠷ ᠡᠨᠧᠷᠬᠢ ᠶᠢᠨ ᠭᠠᠷᠭᠠᠯᠲᠠ ᠶᠢᠨ ᠰᠠᠭᠤᠷᠢᠨ ᠭᠠᠵᠠᠷ ᠢ ᠬᠦᠴᠦᠯᠡᠨ ᠴᠣᠭᠴᠠᠯᠠᠬᠤ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠠᠵᠤ ᠠᠬᠤᠶᠢᠯᠠᠯ ᠲᠤᠰ ᠲᠤᠰ ᠤᠨ ᠢᠶᠠᠨ ᠬᠠᠷᠢᠭᠤᠴᠠᠯᠭ᠎ᠠ ᠠᠴᠠ ᠪᠠᠨ ᠡᠬᠦᠰᠦᠨ ᠣᠯᠣᠰ ᠤᠨ ᠲᠦᠷᠦ  ᠶᠢᠨ ᠪᠤᠳᠤᠯᠭ᠎ᠠ ᠶᠢ ᠢᠳᠡᠪᠬᠢᠲᠡᠢ ᠪᠠᠷ ᠬᠡᠷᠡᠭᠵᠢᠬᠦᠯᠵᠦ᠂ ᠳᠣᠬᠢᠶᠠᠯ ᠢ ᠵᠠᠪᠳᠣᠨ᠂ ᠦᠢᠯᠡᠳᠪᠦᠷᠢᠯᠡᠯ ᠤᠨ ᠴᠢᠳᠠᠮᠵᠢ  ᠪᠠᠨ ᠦᠷᠭᠡᠳᠬᠡᠵᠦ᠂ ᠬᠡᠯᠬᠢᠶᠡᠵᠢᠯ ᠢ ᠨᠦᠬᠦᠪᠦᠷᠢᠯᠡᠨ᠂ ᠠᠵᠤ ᠠᠬᠤᠶᠢᠯᠠᠯ ᠤᠨ ᠬᠦᠭᠵᠢᠯᠲᠡ ᠪᠠ ᠣᠷᠴᠢᠨ ᠲᠤᠭᠤᠷᠢᠨ  ᠤ ᠬᠠᠮᠠᠭᠠᠯᠠᠯᠲᠠ᠂ ᠠᠶᠤᠯᠬᠦᠢ ᠦᠢᠯᠡᠳᠪᠦᠷᠢᠯᠡᠯ ᠢ ᠵᠡᠷᠭᠡᠪᠡᠷ ᠠᠬᠢᠭᠤᠯᠬᠤ ᠬᠡᠷᠡᠭᠲᠡᠢ᠃ ᠠᠵᠤ ᠠᠬᠤᠢ ᠶᠢᠨ ᠨᠡᠭᠡᠭᠡᠯᠲᠡ  ᠶᠢᠨ ᠣᠷᠣᠨ ᠤ ᠬᠢᠨ ᠡᠬᠦᠷᠭᠡ ᠴᠢᠳᠠᠪᠬᠢ ᠶᠢᠨ ᠲᠤᠭᠲᠠᠭᠠᠯᠲᠠ ᠶᠢᠨ ᠲᠤᠭᠤᠷᠢᠨ ᠳᠤ᠂ ᠲᠦᠯᠦᠪᠵᠢᠬᠦᠯᠭᠡ᠂ ᠠᠷᠠᠯᠵᠢᠶᠠᠴᠢᠨ ᠣᠷᠢᠬᠤ᠂ ᠵᠢᠯᠤᠭᠤᠳᠤᠯᠭ᠎ᠠ᠂ ᠵᠤᠬᠢᠴᠠᠭᠤᠯᠤᠯᠲᠠ᠂ ᠦᠢᠯᠡᠴᠢᠯᠡᠭᠡ ᠶᠢ ᠠᠳᠬᠤᠵᠤ᠂ ᠬᠠᠷᠢᠶ᠎ᠠ ᠭᠠᠵᠠᠷ  ᠤᠨ ᠡᠭᠦᠷᠭᠡ ᠬᠠᠷᠢᠭᠤᠴᠠᠯᠭ᠎ᠠ ᠪᠠᠨ ᠨᠡᠶᠢᠲᠡᠪᠦᠷᠢᠵᠢᠭᠤᠯᠤᠨ᠂ ᠲᠦᠷᠦᠯ ᠵᠦᠢᠯ ᠣᠷᠣᠨᠵᠢᠬᠤ ᠣᠬᠢ ᠰᠠᠶᠢᠨ ᠣᠷᠴᠢᠨ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠬᠤᠰᠢᠭᠤ ᠰᠢᠭᠤᠳ ᠬᠠᠷᠢᠶ᠎ᠠ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ  ᠤᠨ ᠬᠢᠨ ᠪᠦᠬᠦ ᠲᠠᠯ᠎ᠠ ᠶᠢᠨ ᠣᠬᠠᠮᠰᠠᠷ ᠢᠶᠠᠨ ᠪᠠᠲᠤᠳᠬᠠᠵᠤ᠂ ᠲᠦᠷᠦᠬᠦᠯᠡᠵᠦ ᠬᠦᠴᠦᠯᠡᠨ᠂ ᠬᠦᠴᠦᠷᠬᠡᠭ ᠶᠡᠭᠡ ᠠᠵᠢᠯ ᠤᠨ ᠬᠠᠮ ᠬᠦᠴᠦᠨ ᠢ ᠪᠦᠷᠢᠯᠳᠦᠬᠦᠯᠵᠦ᠂ ᠦᠢᠯᠡᠴᠢᠯᠡᠭᠡᠨ ᠤ ᠪᠦᠲᠦᠮᠵᠢ ᠪᠠᠨ ᠳᠡᠭᠡᠭᠰᠢᠯᠡᠬᠦᠯᠦᠨ᠂ ᠮᠠᠨ ᠤ ᠬᠤᠰᠢᠭᠤᠨ ᠤ ᠨᠡᠭᠦᠷᠡᠰᠦ᠂ ᠨᠡᠭᠦᠷᠡᠰᠦ ᠴᠠᠬᠢᠯᠭᠠᠨ ᠤ ᠦᠢᠯᠡᠰ ᠤᠨ ᠴᠢᠨᠠᠷᠯᠢᠭ ᠪᠦᠲᠦᠮᠵᠢᠲᠡᠢ ᠬᠦᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠸᠠᠩ ᠢᠦᠢ ᠴᠢᠶᠠᠩ᠂ ᠪᠦᠬᠦ ᠬᠤᠰᠢᠭᠤ ᠪᠠᠷ ᠢᠶᠠᠨ ᠲᠦᠷᠭᠡᠨ ᠬᠦᠳᠡᠯᠦᠯᠴᠡᠵᠦ᠂ ᠦᠵᠡᠯ ᠰᠠᠨᠠᠭᠠᠨ ᠤ ᠲᠠᠯ᠎ᠠ  ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠷᠭ᠎ᠠ ᠠᠪᠴᠠᠯ ᠤᠨ ᠲᠠᠯ᠎ᠠ ᠪᠠᠷ ᠪᠣᠲᠠᠲᠠᠶᠢᠴᠢᠯᠠᠵᠤ᠂ ᠡᠷᠴᠢᠮ ᠢᠶᠠᠨ ᠣᠯᠠᠮ ᠨᠢᠭᠡ ᠠᠯᠬᠤᠮ ᠴᠢᠩᠭᠠᠳᠬᠠᠨ᠂ ᠪᠦᠬᠦ ᠬᠦᠴᠦᠨ ᠢᠶᠠᠨ ᠠᠵᠢᠯ ᠤᠨ ᠹᠷᠤᠨᠲ᠂ ᠪᠦᠲᠦᠭᠡᠨ ᠪᠠᠶᠢᠭᠤᠯᠤᠯᠲᠠ  ᠶᠢᠨ ᠠᠬᠤᠢ ᠲᠠᠯᠠᠪᠠᠢ ᠳᠤ ᠲᠦᠪᠯᠡᠷᠡᠬᠦᠯᠦᠨ᠂ ᠴᠢᠬᠤᠯᠠ ᠲᠦᠷᠦᠯ ᠵᠦᠢᠯ ᠦᠳᠲᠡᠷ ᠲᠦᠷᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠣᠯᠣᠰ ᠠᠴᠠ ᠡᠨᠧᠷᠬᠢ ᠶᠢᠨ ᠠᠵᠤ ᠦᠢᠯᠡᠰ ᠢ ᠭᠦᠭᠵᠢᠬᠦᠯᠵᠦ ᠪᠠᠶᠢᠭ᠎ᠠ ᠪᠠᠶᠢᠯᠳᠣᠬᠤ ᠪᠣᠳᠣᠯᠭ᠎ᠠ ᠶᠢᠨ ᠲᠤᠬᠢᠶᠠᠯ ᠢ ᠵᠠᠪᠳᠣᠵᠤ᠂ ᠦᠪᠡᠷᠲᠡᠬᠡᠨ ᠵᠠᠰᠠᠬᠤ ᠤᠷᠣᠨ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠢᠳᠡᠪᠬᠢᠲᠡᠢ ᠲᠠᠢ ᠪᠠᠷ ᠬᠠᠷᠢᠯᠴᠠᠨ᠂ ᠣᠷᠢᠳᠠᠴᠢ ᠭᠠᠷ ᠬᠦᠢᠴᠡᠳᠬᠡᠯ᠂ ᠬᠢᠨᠠᠨ ᠵᠦᠪᠰᠢᠶᠡᠷᠡᠬᠦᠯᠬᠦ ᠭᠠᠷᠳᠠᠮ ᠤᠨ  ᠴᠤᠬᠤᠯᠠᠪᠤᠷᠢᠯᠠᠯᠲᠠ ᠶᠢ ᠲᠦᠷᠭᠡᠳᠬᠡᠵᠦ᠂ ᠲᠦᠷᠦᠯ ᠵᠦᠢᠯ ᠢ ᠬᠠᠷᠢᠭᠤᠴᠠᠯᠭ᠎ᠠ ᠶᠤᠰᠤᠭᠠᠷ ᠪᠠᠷᠢᠯᠭ᠎ᠠ ᠡᠬᠢᠯᠡᠬᠦᠯᠬᠦ ᠶᠢ ᠪᠠᠲᠤᠯᠠᠬᠤ ᠬᠡᠷᠡᠭᠲᠡᠢ᠃ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠢ ᠶᠢᠨ ᠲᠦᠷᠦᠯ ᠵᠦᠢᠯ ᠤᠨ ᠠᠭᠤᠷᠬᠠᠢ ᠮᠠᠯᠲᠠᠬᠤ ᠦᠨᠡᠮᠯᠡᠯ ᠵᠡᠷᠭᠡ ᠬᠠᠮᠢᠶ᠎ᠠ ᠪᠦᠬᠦᠢ ᠭᠠᠷᠳᠠᠮ ᠤᠨ ᠬᠦᠢᠴᠡᠳᠬᠡᠯᠲᠡ ᠶᠢ ᠲᠦᠷᠬᠡᠳᠬᠡᠨ᠂ ᠡᠷᠲᠡᠬᠡᠨ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠨᠢᠭᠡᠨᠲᠡ ᠠᠰᠢᠭᠯᠠᠯᠲᠠ ᠳᠤ ᠣᠷᠣᠭᠰᠠᠨ ᠲᠦᠷᠦᠯ ᠵᠦᠢᠯ ᠤᠨ ᠲᠠᠯ᠎ᠠ ᠪᠠᠷ᠂ ᠦᠨᠦ ᠵᠢᠯ ᠤᠨ ᠨᠡᠭᠦᠷᠡᠰᠦᠨ ᠤ ᠦᠨ᠎ᠡ ᠬᠠᠩᠰᠢ ᠶᠢᠨ ᠰᠠᠶᠢᠨ ᠪᠠᠶᠢᠳᠠᠯ ᠢ ᠰᠠᠶᠢᠲᠤᠷ  ᠡᠵᠡᠮᠳᠡᠨ᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠣᠷᠴᠣ ᠵᠠᠬ᠎ᠠ ᠳᠡᠯᠭᠡᠭᠦᠷ ᠤᠨ ᠪᠣᠷᠣᠯᠠᠭᠤᠯᠤᠯᠲᠠ ᠶᠢ ᠨᠢ ᠣᠯᠠᠮ ᠨᠢᠭᠡ ᠠᠯᠬᠤᠮ  ᠦᠷᠭᠡᠳᠬᠡᠵᠦ᠂ ᠨᠡᠭᠦᠷᠡᠰᠦ ᠪᠣᠷᠣᠯᠠᠭᠤᠯᠬᠤ ᠶᠡᠷᠦᠩᠬᠡᠢ ᠬᠡᠮᠵᠢᠶ᠎ᠡ ᠢ ᠶᠡᠬᠡᠳᠬᠡᠨ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠰᠦᠨ ᠶᠢᠦ ᠵᠢᠶᠦ᠋ᠨ᠂ ᠵᠣᠣ ᠱᠣᠸᠡᠨ᠂ ᠹᠦ᠋ ᠺᠧ᠂ ᠴᠢᠨ ᠯᠢᠩ ᠹᠧᠩ᠂ ᠱᠢ ᠵᠢᠶᠦ᠋ᠨ ᠵᠢᠴᠢ ᠱᠠᠩᠬᠠᠢ ᠶᠢᠨ ᠰᠦᠮ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号