ᠶᠠᠩ ᠶᠢᠩ ᠰᠢᠨ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/7/28
    7 ᠰᠠᠷ᠎ᠠ ᠶᠢᠨ 22 ᠤᠨ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ  ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠬᠤᠰᠢᠭᠤ ᠲᠠᠷᠤᠭ᠎ᠠ ᠶᠢᠨ ᠠᠯᠪᠠᠯᠠᠬᠤ ᠬᠤᠷᠠᠯ ᠢ ᠡᠷᠬᠢᠯᠡᠨ ᠬᠤᠷᠠᠯᠳᠣᠭᠤᠯᠵᠣ᠂ ᠪᠦᠬᠦ ᠬᠤᠰᠢᠭᠤᠨ ᠤ ︽ᠠᠷᠪᠠᠨ ᠲᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠤ ᠬᠢ ᠠᠵᠣ ᠠᠬᠤᠢ ᠶᠢᠨ ᠭᠤᠣᠯ ᠭᠦᠢᠴᠡᠳᠬᠡᠯ ᠤᠨ ᠬᠠᠮᠢᠶ᠎ᠠ ᠪᠦᠬᠦᠢ ᠣᠴᠢᠷ ᠢ ᠵᠠᠳᠠᠯᠣᠨ ᠰᠣᠳᠣᠯᠪᠠ᠃     ︽ᠠᠷᠪᠠᠨ ᠲᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠤ ᠬᠢ ᠠᠵᠣ ᠠᠬᠤᠢ ᠶᠢᠨ ᠭᠤᠣᠯ ᠭᠦᠢᠴᠡᠳᠬᠡᠯ ᠤᠨ ᠵᠢᠱᠢᠭᠰᠡᠨ ᠬᠠᠷᠠᠯᠳᠠ ᠶᠢᠨ ᠮᠡᠳᠡᠭᠦᠯᠦᠯᠳᠡ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠰᠠᠨᠠᠯ ᠰᠠᠨᠠᠭᠤᠯᠭ᠎ᠠ ᠶᠢ ᠰᠣᠨᠣᠰᠴᠦ ᠣᠶᠢᠯᠠᠭᠠᠭᠰᠠᠨ ᠤ ᠲᠠᠷᠠᠭ᠎ᠠ᠂ ᠶᠠᠩ ᠶᠢᠩ ᠰᠢᠨ ᠠᠵᠣ ᠠᠬᠤᠢ ᠶᠢᠨ ᠭᠦᠢᠴᠡᠳᠬᠡᠯ ᠲᠣᠭᠠᠨ ᠤ ᠰᠢᠨᠵᠢᠯᠡᠬᠦ ᠣᠬᠠᠭᠠᠨᠴᠢ ᠰᠣᠳᠣᠯᠣᠨ ᠮᠠᠭᠠᠳᠯᠠᠯᠳᠠ ᠪᠣᠯᠣᠨ ᠣᠨᠣᠪᠴᠢᠳᠠᠢ ᠲᠣᠭᠳᠠᠭᠠᠯᠳᠠ ᠨᠢ ᠪᠦᠬᠦ ᠬᠤᠰᠢᠭᠤᠨ ᠤ ︽ᠠᠷᠪᠠᠨ ᠲᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠤ ᠬᠢ ᠠᠵᠣ ᠠᠬᠤᠢ ᠨᠡᠶᠢᠭᠡᠮ ᠤᠨ ᠬᠦᠭᠵᠢᠯᠳᠡ ᠶᠢᠨ ᠴᠢᠬᠤᠯᠠ ᠵᠠᠩᠬᠢᠯᠠᠭ᠎ᠠ ᠪᠣᠯᠣᠨ᠎ᠠ᠃ ᠭᠦᠢᠴᠡᠳᠭᠡᠯ ᠲᠤᠭ᠎ᠠ ᠶᠢ ᠰᠢᠨᠵᠢᠯᠡᠭᠦ ᠣᠬᠠᠭᠠᠨᠴᠢ ᠪᠠᠷ ᠣᠨᠣᠪᠴᠢᠳᠠᠢ ᠮᠠᠭᠠᠳᠯᠠᠨ ᠲᠣᠭᠳᠠᠭᠠᠵᠣ᠂ ᠪᠠᠶᠢᠳᠠᠯ ᠢ ᠨᠠᠷᠢᠨ ᠬᠢᠨᠠᠮᠠᠭᠠᠢ ᠵᠠᠳᠠᠯᠣᠨ᠂ ᠨᠠᠷᠢᠯᠢᠭ ᠬᠠᠷᠢᠴᠠᠭᠤᠯᠵᠣ᠂ ᠮᠠᠨ  ᠤ ᠬᠤᠰᠢᠭᠤᠨ ᠤ ᠭᠦᠭᠵᠢᠯᠳᠡ ᠶᠢᠨ ᠪᠣᠳᠠᠳᠦ ᠪᠠᠶᠢᠳᠠᠯ ᠲᠠᠢ ᠣᠶᠠᠯᠳᠣᠭᠤᠯᠣᠨ᠂ ᠬᠦᠭᠵᠢᠯᠳᠡ ᠶᠢᠨ ᠬᠠᠷᠠᠭᠠᠰᠦ ᠠᠴᠠ ᠠᠰᠠᠭᠤᠳᠠᠯ ᠢ ᠰᠢᠨᠵᠢᠯᠡᠵᠣ᠂ ᠦᠨᠡᠨ ᠠᠴᠠ ᠵᠦᠪ ᠶᠢ ᠡᠷᠢᠨ᠂ ᠨᠠᠷᠢᠨ ᠲᠠᠩᠰᠠ ᠪᠣᠳᠣᠵᠣ᠂ ᠭᠦᠢᠴᠡᠳᠬᠡᠯ ᠲᠣᠭᠠᠨ ᠤ ᠣᠳᠣᠷᠢᠳᠣᠮᠵᠢ ᠶᠢᠨ ᠣᠶᠢᠯᠠᠳᠣᠯ ᠢ ᠭᠦᠢᠴᠡᠳ ᠪᠠᠳᠠᠷᠠᠭᠤᠯᠬᠤ ᠬᠡᠷᠡᠭᠳᠡᠢ᠃ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ  ᠶᠢ ᠢᠳᠡᠪᠬᠢᠳᠡᠢ ᠬᠦᠯᠢᠶᠡᠨ ᠠᠪᠴᠣ᠂ ᠠᠳᠠᠯᠢ ᠪᠣᠰᠣ ᠲᠠᠪᠬᠤᠷᠭ᠎ᠠ᠂ ᠠᠳᠠᠯᠢ ᠪᠣᠰᠣ ᠬᠦᠷᠢᠶ᠎ᠡ ᠴᠠᠷᠠᠭ᠎ᠠ᠂ ᠠᠳᠠᠯᠢ ᠪᠣᠰᠣ ᠲᠠᠯ᠎ᠠ ᠠᠴᠠ ᠠᠵᠣ ᠠᠬᠤᠢ ᠶᠢᠨ ᠭᠦᠢᠴᠡᠳᠬᠡᠯ ᠲᠣᠭᠠᠨ ᠤ ᠲᠦᠯᠦᠪᠵᠢᠭᠦᠯᠭᠡ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠣ ᠠᠬᠤᠢ ᠶᠢᠨ ᠭᠤᠣᠯ ᠭᠦᠢᠴᠡᠳᠬᠡᠯ ᠲᠤᠭ᠎ᠠ ᠰᠢᠨᠵᠢᠯᠡᠭᠦ ᠣᠬᠠᠭᠠᠨᠴᠢ ᠵᠦᠢ ᠵᠣᠬᠢᠰᠳᠠᠢ ᠪᠠᠶᠢᠬᠤ ᠶᠢ ᠪᠠᠳᠣᠯᠠᠬᠤ ᠬᠡᠷᠡᠭᠳᠡᠢ᠃ ︽ᠠᠷᠭ᠎ᠠ ᠲᠣᠬᠢᠶᠠᠯ︾ ᠤᠨ ᠵᠣᠷᠢᠭ ᠰᠠᠨᠠᠭ᠎ᠠ ᠪᠠᠷ ᠠᠵᠠ ᠲᠣᠬᠢᠶᠠᠯ ᠢ ᠭᠦᠢᠴᠡᠳ ᠡᠵᠡᠮᠳᠡᠨ᠂ ᠵᠣᠷᠢᠭᠳᠠᠢ ᠡᠭᠦᠷᠭᠡᠯᠡᠵᠣ᠂ ᠢᠯᠠᠯᠳᠠ ᠶᠢᠨ ᠡᠷᠴᠢᠨ ᠳᠤ ᠦᠷᠭᠦᠯᠵᠢᠯᠡᠨ ᠣᠷᠣᠭᠰᠢᠯᠠᠵᠣ᠂ ᠪᠦᠬᠦ ᠬᠤᠰᠢᠭᠤᠨ ᠤ ᠬᠦᠴᠦᠨ ᠢ ᠲᠦᠪᠯᠡᠷᠡᠭᠦᠯᠦᠨ ︽ᠠᠷᠪᠠᠨ ᠲᠦᠷᠪᠡᠳᠦᠭᠡᠷ ᠲᠠᠪᠣᠨ ᠵᠢᠯ︾ ᠤᠨ ᠲᠦᠯᠦᠪᠵᠢᠭᠦᠯᠭᠡ  ᠶᠢᠨ ᠬᠤᠭᠤᠴᠠᠭᠠᠨ ᠳᠤ ᠬᠢ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠨᠡᠶᠢᠭᠡᠮ ᠤᠨ ᠡᠯ᠎ᠡ ᠲᠦᠷᠦᠯ ᠤᠨ ᠠᠵᠢᠯ ᠣᠶᠢᠯᠠᠰ ᠤᠨ ᠪᠦᠬᠦ ᠲᠠᠯ᠎ᠠ ᠶᠢᠨ ᠴᠢᠨᠠᠷᠯᠢᠭ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠬᠤᠷᠠᠯ ᠠᠴᠠ ᠪᠠᠰᠠ ᠸᠠᠺᠽᠢᠨ ᠤ ᠲᠠᠷᠢᠯᠭ᠎ᠠ ᠶᠢᠨ ᠠᠵᠢᠯ ᠳᠤ ᠪᠠᠶᠢᠷᠢᠯᠠᠭᠤᠯᠣᠯᠳᠠ ᠬᠢᠨ᠂ ᠡᠯ᠎ᠡ ᠪᠠᠯᠭᠠᠰᠦ᠂ ᠡᠯ᠎ᠡ ᠰᠠᠯᠠᠭ᠎ᠠ ᠮᠦᠴᠢᠷ ᠤᠨ ᠬᠢᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠲᠣᠬᠠᠶᠢᠯᠠᠭᠰᠠᠨ ᠠᠵᠢᠯ ᠶᠢᠨ ᠬᠠᠮᠢᠶᠠᠷᠣᠯᠳᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠦᠷᠢᠵᠢᠭᠤᠯᠵᠣ᠂ ᠸᠠᠺᠽᠢᠨ ᠤ ᠲᠠᠷᠢᠯᠭ᠎ᠠ ᠶᠢᠨ ᠴᠡᠭ ᠪᠣᠯᠣᠨ ᠣᠶᠢᠯᠡᠴᠢᠯᠡᠭᠡ ᠶᠢ ᠣᠯᠠᠮ ᠨᠢᠭᠡ ᠠᠯᠬᠤᠮ ᠰᠢᠯᠢᠳᠡᠭᠵᠢᠭᠦᠯᠣᠨ᠂ ᠲᠣᠣᠷᠵᠢᠯ ᠠᠬᠢᠭᠤᠯᠣᠯᠳᠠ ᠶᠢᠨ ᠲᠣᠭᠳᠠᠴᠠ  ᠶᠢ ᠪᠠᠶᠢᠭᠤᠯᠵᠣ᠂ ᠨᠠᠷᠢᠯᠢᠭᠵᠢᠭᠤᠯᠣᠭᠰᠠᠨ ᠲᠠᠷᠢᠯᠭ᠎ᠠ ᠶᠢ ᠰᠠᠶᠢᠳᠦᠷ ᠬᠢᠨ᠂ ᠲᠠᠷᠢᠯᠭ᠎ᠠ ᠬᠢᠬᠦ ᠶᠣᠰᠣᠳᠠᠢ ᠬᠦᠮᠦᠨ ᠪᠦᠬᠦᠨ ᠳᠤ ᠲᠠᠷᠢᠯᠭ᠎ᠠ ᠬᠢᠬᠦ ᠶᠢ ᠪᠠᠳᠣᠯᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠰᠦᠨ ᠶᠢᠣ ᠵᠢᠶᠦ᠋ᠨ᠂ ᠵᠣᠣ ᠱᠤᠸᠠᠨ᠂ ᠸᠧᠢ ᠵᠧᠨ ᠰᠢᠤᠸᠠᠨ᠂ ᠰᠥᠩ ᠰᠢᠶᠣᠣ ᠯᠧᠢ᠂ ᠱᠢ ᠬᠤᠢ᠂ ᠶᠠᠩ ᠵᠢᠢ ᠴᠢᠶᠠᠩ᠂ ᠱᠢ ᠵᠢᠶᠦ᠋ᠨ ᠵᠢᠴᠢ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号