ᠲᠣᠮᠳᠠᠳᠦ ᠣᠯᠣᠰ ᠤᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠬᠦᠷᠢᠶᠡᠯᠡᠩ ᠤᠨ ᠬᠢᠨ ᠱᠠᠩᠬᠠᠢ ᠶᠢᠨ ᠰᠦᠮ᠎ᠡ ᠪᠠᠯᠭᠠᠰᠣᠨ ᠤ ︽ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ︾ ᠤ ᠬᠦᠳᠡᠭᠡ ᠲᠣᠰᠬᠤᠨ  ᠢ ᠬᠦᠭᠵᠢᠭᠦᠯᠦᠨ ᠮᠠᠨᠳᠣᠭᠤᠯᠬᠤ ᠬᠦᠭᠵᠢᠯᠳᠡ ᠶᠢᠨ ᠲᠦᠯᠦᠪᠵᠢᠭᠦᠯᠭᠡ ᠶᠢᠨ ᠪᠠᠶᠢᠳᠠᠯ ᠢ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/7/30
    ᠱᠠᠩᠬᠠᠢ ᠶᠢᠨ ᠰᠦᠮ᠎ᠡ ᠪᠠᠯᠭᠠᠰᠣᠨ ᠤ ᠪᠣᠯᠠᠭ ᠨᠠᠶᠢᠭᠡᠮ ᠲᠣᠭᠤᠷᠢᠭ ᠲᠤ ︽ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ︾ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠦᠭᠵᠢᠯᠳᠡ ᠶᠢᠨ ᠲᠦᠯᠦᠪᠵᠢᠭᠦᠯᠭᠡ ᠶᠢᠨ ᠵᠦᠪᠳᠡᠯᠴᠡᠭᠡᠷ ᠤᠨ ᠬᠤᠷᠠᠯ ᠬᠤᠷᠠᠯᠳᠣᠪᠠ᠃ ᠲᠣᠮᠳᠠᠳᠦ ᠣᠯᠣᠰ ᠤᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠬᠦᠷᠢᠶᠡᠯᠡᠩ ᠤᠨ ᠠᠵᠢᠯᠳᠠᠨ᠂ ᠪᠠᠯᠭᠠᠰᠣᠨ ᠤ ᠨᠠᠮ ᠤᠨ ᠭᠡᠰᠢᠭᠦᠨ ᠣᠯᠠᠨ ᠲᠦᠮᠡᠨ ᠳᠤ ᠣᠶᠢᠯᠡᠴᠢᠯᠡᠬᠦ ᠲᠦᠪ ᠤᠨ ᠡᠷᠬᠢᠯᠡᠭᠴᠢ ᠵᠢᠴᠢ ᠪᠣᠯᠠᠭ ᠨᠡᠶᠢᠭᠡᠮ ᠲᠣᠭᠤᠷᠢᠭ᠂ ᠪᠠᠶᠢᠳᠦ ᠭᠠᠴᠠᠭ᠎ᠠ᠂ ᠠᠯᠳᠠᠢ ᠭᠠᠴᠠᠭ᠎ᠠ᠂ ᠬᠦᠨ ᠣᠰᠣ ᠭᠠᠴᠠᠭ᠎ᠠ᠂ ᠦᠣᠳᠢ ᠭᠠᠴᠠᠭᠠᠨ ᠤ ᠨᠠᠮ ᠤᠨ ᠡᠭᠦᠷ ᠤᠨ ᠱᠦᠵᠢ᠂ ᠲᠡᠳ᠋ ᠱᠦᠵᠢ ᠵᠦᠪᠳᠡᠯᠴᠡᠭᠡᠨ ᠤ ᠬᠤᠷᠠᠯ ᠳᠤ ᠣᠷᠣᠯᠴᠠᠪᠠ᠃     ᠲᠣᠮᠳᠠᠳᠦ ᠣᠯᠣᠰ ᠤᠨ ᠬᠦᠳᠡᠭᠡ ᠲᠣᠰᠬᠤᠨ ᠤ ᠪᠠᠶᠢᠭᠤᠯᠣᠯᠳᠠ ᠶᠢᠨ ᠬᠦᠷᠢᠶᠡᠯᠡᠩ ᠤᠨ ᠠᠵᠢᠯᠳᠠᠨ ᠠᠴᠠ ᠭᠤᠣᠯᠳᠠᠭᠤ ︽ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ︾ ᠤ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠬᠦᠭᠵᠢᠯᠳᠡ ᠶᠢᠨ ᠦᠨᠳᠦᠰᠣᠨ ᠪᠠᠶᠢᠳᠠᠯ᠂ ᠭᠠᠴᠠᠭ᠎ᠠ ᠨᠡᠶᠢᠭᠡᠮ ᠲᠣᠭᠤᠷᠢᠭ ᠤᠨ ᠦᠨᠳᠦᠰᠣᠨ ᠪᠠᠶᠢᠳᠠᠯ᠂ ᠭᠠᠵᠠᠷ ᠣᠷᠣᠨ ᠤ ᠲᠠᠪᠠᠭᠤᠯᠢᠭ᠂ ᠬᠦᠭᠵᠢᠯᠳᠡ ᠶᠢᠨ ᠪᠠᠶᠢᠳᠠᠯ ᠵᠢᠴᠢ ᠣᠷᠣᠰᠢᠵᠣ ᠪᠠᠶᠢᠭ᠎ᠠ ᠲᠣᠳᠠᠭᠤᠳᠠᠯ᠂ ᠬᠦᠴᠢᠷᠳᠡᠯ ᠢ ᠨᠠᠷᠢᠨ ᠣᠶᠢᠯᠠᠭᠠᠭᠰᠠᠨ ᠪᠠᠶᠢᠨ᠎ᠠ᠃     ᠣᠳᠣᠬᠠᠨ ᠳᠤ ︽ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ︾ ᠳᠤ ᠭᠤᠣᠯ ᠣᠷᠣᠰᠢᠵᠣ ᠪᠠᠶᠢᠭ᠎ᠠ ᠠᠰᠠᠭᠤᠳᠠᠯ ᠪᠣᠯ ᠣᠶᠢᠯᠠᠳᠪᠦᠷᠢᠯᠠᠯ ᠤᠨ ᠵᠠᠭᠪᠣᠷ ᠲᠠᠩ ᠭᠠᠭᠴᠠ᠂ ᠠᠵᠣ ᠣᠶᠢᠯᠠᠰ ᠤᠨ ᠬᠡᠯᠬᠢᠶᠡᠵᠢᠯ ᠪᠦᠷᠢᠨ ᠪᠣᠰᠣ᠂ ᠡᠯ᠎ᠡ ᠭᠠᠴᠠᠭ᠎ᠠ ᠨᠡᠶᠢᠭᠡᠮ ᠲᠣᠭᠤᠷᠢᠭ ᠤᠨ ᠲᠠᠪᠠᠭᠤᠯᠢᠭ ᠢ ᠢᠯᠡᠷᠡᠭᠦᠯᠵᠣ ᠲᠡᠶᠢᠯᠬᠦ ᠦᠭᠡᠢ ᠲᠣᠯᠠ ᠨᠡᠩ ᠰᠠᠶᠢᠨ ᠬᠦᠭᠵᠢᠯᠳᠡ ᠲᠠᠢ ᠪᠣᠯᠵᠣ ᠴᠢᠳᠠᠬᠤ ᠦᠭᠡᠢ ᠪᠣᠢ᠃ ᠡᠭᠦᠨ ᠤ ᠬᠠᠮᠳᠦ ᠡᠯ᠎ᠡ ᠭᠠᠴᠠᠭ᠎ᠠ ᠵᠦᠪᠬᠡᠨ ᠲᠡᠵᠢᠭᠡᠨ ᠠᠷᠠᠴᠢᠯᠠᠬᠤ ᠶᠢᠨ ᠣᠶᠢᠯᠠᠰ ᠠᠴᠠ ᠭᠠᠳᠠᠨ᠎ᠠ ᠪᠣᠰᠣᠳ ᠬᠦᠭᠵᠢᠯᠳᠡ ᠶᠢᠨ ᠣᠷᠴᠢᠨ ᠦᠭᠡᠢ᠂ ᠰᠢᠨ᠎ᠡ ᠬᠡᠯᠪᠡᠷᠢ ᠶᠢᠨ ᠲᠣᠬᠠᠶᠢᠯᠠᠭᠰᠠᠨ ᠠᠵᠢᠯ ᠵᠢᠱᠢᠶᠡᠯᠡᠪᠡᠯ ᠭᠦᠨᠵᠡᠭᠡᠢ ᠪᠣᠯᠪᠠᠰᠣᠷᠠᠭᠤᠯᠬᠤ᠂ ᠭᠤᠷᠪᠠᠳᠣᠭᠠᠷ ᠠᠵᠣ ᠣᠶᠢᠯᠠᠰ ᠤᠨ ᠣᠶᠢᠯᠡᠴᠢᠯᠡᠭᠡᠨ ᠤ ᠣᠶᠢᠯᠠᠰ ᠵᠡᠷᠭᠡ ᠳᠤ ᠣᠷᠣᠭᠰᠠᠨ ᠦᠭᠡᠢ᠂᠃ ᠬᠦᠭᠵᠢᠯᠳᠡ ᠲᠣᠮᠳᠠ ᠪᠡᠯᠡ ᠣᠷᠣᠭᠤᠯᠣᠯᠳᠠ᠂ ᠲᠣᠰᠬᠠᠢ ᠮᠡᠷᠭᠡᠵᠢᠯ ᠤᠨ ᠴᠢᠳᠠᠪᠦᠷᠢᠳᠠᠨ᠂ ᠬᠠᠮᠢᠶᠠᠷᠣᠯᠳᠠ ᠶᠢᠨ ᠴᠢᠳᠠᠪᠦᠷᠢᠳᠠᠨ ᠲᠣᠳᠠᠮᠠᠭ ᠠᠴᠠ ᠲᠡᠵᠢᠭᠡᠨ ᠠᠷᠠᠴᠢᠯᠠᠬᠤ ᠣᠶᠢᠯᠠᠰ ᠢ ᠣᠳᠣᠬᠢᠴᠢᠯᠠᠭᠰᠠᠨ ᠵᠠᠭᠪᠣᠷ ᠢᠶᠠᠷ ᠬᠦᠭᠵᠢᠭᠦᠯᠵᠣ ᠲᠡᠶᠢᠯᠬᠦ ᠦᠭᠡᠢ ᠪᠣᠢ᠃     ᠬᠤᠶᠢᠰᠢᠳᠠ᠂ ︽ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ︾ ᠬᠠᠮᠳᠦ ᠶᠢᠨ ᠠᠵᠣ ᠠᠬᠤᠢ ᠪᠠᠨ ᠬᠦᠭᠵᠢᠭᠦᠯᠬᠦ ᠶᠠᠪᠣᠴᠠ ᠳᠤ ᠮᠠᠯᠴᠢᠳ ᠲᠤ ᠣᠶᠢᠯᠡᠴᠢᠯᠡᠭᠦ ᠶᠢᠨ ᠬᠠᠮᠳᠦ ᠨᠡᠩ ᠶᠡᠭᠡ ᠠᠰᠢᠭ ᠲᠣᠰᠠ ᠣᠯᠭᠤᠵᠣ᠂ ᠦᠵᠡᠰᠭᠦᠯᠡᠩᠳᠦ ᠰᠠᠶᠢᠬᠠᠨ ᠬᠦᠳᠡᠭᠡ ᠲᠣᠰᠬᠤᠨ ᠤ ᠬᠦᠭᠵᠢᠭᠦᠯᠦᠨ ᠮᠠᠨᠳᠣᠭᠤᠯᠣᠯᠳᠠ ᠶᠢ ᠪᠡᠶᠡᠯᠡᠭᠦᠯᠦᠨ᠂ ᠨᠢᠭᠡ ᠲᠣᠭᠤᠷᠢᠭ ᠲᠦᠷᠪᠡᠨ ᠭᠠᠴᠠᠭ᠎ᠠ ᠲᠣᠰᠬᠤᠨ ᠤ ᠬᠦᠭᠵᠢᠯᠳᠡ ᠳᠤ ᠨᠡᠩ ᠰᠠᠶᠢᠨ ᠣᠷᠴᠢᠨ ᠢ ᠪᠦᠷᠢᠳᠦᠭᠦᠯᠬᠦ ᠪᠠᠷ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号