ᠮᠠᠨ ᠤ ᠬᠤᠰᠢᠭᠤ ᠳᠤᠮᠳᠠᠳᠤ ᠤᠯᠤᠰ ᠤᠨ ᠡᠨᠧᠷᠬᠢ ᠶᠢᠨ ᠪᠠᠶᠢᠭᠤᠯᠤᠯᠳᠠ ᠶᠢᠨ ᠪᠦᠯᠦᠭᠯᠡᠯ ᠲᠠᠢ ᠰᠠᠭᠤᠳᠠᠯ  ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/8/10
    8 ᠰᠠᠷ᠎ᠠ ᠶᠢᠨ 5 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠳᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠳᠤᠮᠳᠠᠳᠤ ᠤᠯᠤᠰ ᠤᠨ ᠡᠨᠧᠷᠬᠢ ᠶᠢᠨ ᠪᠠᠶᠢᠭᠤᠯᠤᠯᠳᠠ ᠶᠢᠨ ᠪᠦᠯᠦᠭᠯᠡᠯ ᠤᠨ ᠪᠡᠯᠡ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢᠨ ᠳᠡᠬᠡᠳᠤ ᠳᠡᠰ ᠤᠨ ᠪᠡᠯᠡ ᠤᠷᠤᠭᠤᠯᠤᠯᠳᠠ  ᠶᠢᠨ ᠳᠠᠭᠠᠭᠠᠮᠠᠯ ᠯᠢ ᠶᠥᠩ ᠴᠢᠶᠠᠩ ᠨᠠᠷ ᠲᠠᠢ ᠰᠠᠭᠤᠳᠠᠯ ᠤᠨ ᠬᠤᠷᠠᠯ ᠬᠢᠪᠠ᠃     ᠸᠠᠩ ᠢᠦᠢ ᠴᠢᠶᠠᠩ ᠠᠴᠠ ᠯᠢ ᠶᠥᠩ ᠴᠢᠶᠠᠩ ᠨᠠᠷ ᠤᠨ ᠬᠦᠷᠤᠯᠴᠡᠨ ᠢᠷᠡᠭᠰᠡᠨ ᠳᠤ ᠪᠠᠶᠠᠷᠯᠠᠨ ᠤᠭᠳᠤᠵᠤ ᠪᠠᠶᠢᠭ᠎ᠠ ᠪᠠᠨ ᠢᠯᠡᠤᠨᠬᠡᠵᠤ᠂ ᠰᠢᠨ᠎ᠠ ᠡᠨᠧᠷᠬᠢ ᠶᠢ ᠬᠦᠭᠵᠢᠬᠦᠯᠬᠦ ᠨᠢ ᠤᠯᠤᠰ ᠤᠨ ︽ᠨᠡᠬᠦᠷᠡᠰᠦᠳᠦ᠋ᠷᠦᠭᠴᠢ ᠶᠢᠨ ᠤᠷᠬᠢᠯᠰᠢᠯ᠂ ᠨᠡᠬᠦᠷᠡᠰᠤᠳᠦ᠋ᠷᠦᠭᠴᠢ ᠶᠢᠨ ᠱᠠᠭᠠᠷᠮᠠᠭᠵᠢᠭᠤᠯᠤᠯ︾ ᠤᠨ ᠲᠦᠷᠤ ᠶᠢᠨ ᠪᠤᠳᠤᠯᠭ᠎ᠠ᠂ ᠤᠯᠤᠰ ᠤᠨ  ᠬᠦᠭᠵᠢᠬᠦᠯᠤᠯᠳᠠ ᠶᠢᠨ ᠱᠠᠭᠠᠷᠳᠠᠯᠭ᠎ᠠ ᠲᠠᠢ ᠨᠠᠶᠢᠴᠡᠵᠤ ᠪᠠᠶᠢᠭ᠎ᠠ ᠪᠤᠯᠬᠤᠷ ᠤᠳᠤᠭ ᠤᠨ ᠡᠮᠤᠨᠡᠳᠤ ᠬᠤᠰᠢᠭᠤᠨ ᠤ ᠨᠠᠮ  ᠤᠨ ᠬᠤᠷᠢᠶ᠎ᠠ᠂ ᠵᠠᠰᠠᠭ ᠤᠨ ᠤᠷᠳᠤᠨ ᠰᠢᠨ᠎ᠠ ᠡᠨᠧᠷᠬᠢ ᠶᠢᠨ ᠲᠦᠷᠤᠯ ᠵᠦᠢᠯ ᠤᠨ ᠪᠠᠶᠢᠭᠤᠯᠤᠯᠳᠠ ᠬᠦᠭᠵᠢᠬᠦᠯᠤᠯᠳᠠ  ᠶᠢ ᠵᠤᠷᠢᠭᠵᠢᠭᠤᠯᠤᠨ ᠳᠡᠮᠵᠢᠭᠰᠡᠬᠡᠷ ᠢᠷᠡᠭᠰᠡᠨ ᠶᠤᠮ᠃ ᠤᠳᠤᠭ ᠤᠨ ᠡᠮᠤᠨᠡᠳᠤ ᠬᠤᠰᠢᠭᠤᠨ ᠤ ᠨᠠᠷᠠᠨ ᠡᠨᠧᠷᠬᠢ ᠰᠠᠯᠬᠢᠨ ᠡᠨᠧᠷᠬᠢ ᠶᠢᠨ ᠡᠬᠢ ᠪᠠᠶᠠᠯᠢᠭ ᠡᠯᠪᠡᠭ ᠳᠡᠯᠪᠡᠭ ᠪᠤᠯᠬᠤᠷ ᠠᠵᠤ ᠠᠬᠤᠶᠢᠯᠠᠯ ᠤᠨ ᠬᠢᠨ ᠤᠷᠤᠨ ᠨᠤᠳᠤᠭ ᠤᠨ ᠬᠦᠭᠵᠢᠯᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠤᠨ᠂ ᠠᠵᠤ ᠤᠶᠢᠯᠡᠰ ᠤᠨ ᠪᠠᠶᠢᠷᠢᠰᠢᠭᠤᠯᠤᠯᠳᠠ ᠶᠢ ᠬᠦᠨᠵᠡᠬᠡᠢ ᠰᠤᠳᠤᠯᠤᠨ ᠲᠦᠯᠤᠪᠵᠢᠬᠦᠯᠵᠤ᠂ ᠤᠷᠤᠨ ᠪᠦᠰᠡ ᠬᠠᠮᠳᠤᠷᠠᠯᠴᠠᠭᠠᠨ ᠤ ᠲᠦᠷᠤᠯ ᠵᠦᠢᠯ ᠢ ᠪᠦᠷᠢᠯᠳᠤᠬᠦᠯᠤᠨ᠂ ᠬᠦᠭᠵᠢᠯᠳᠠ ᠶᠢᠨ ᠳᠤᠳᠠᠭᠤᠳᠠᠯ ᠢ ᠨᠦᠬᠦᠪᠤᠷᠢᠯᠡᠵᠤ᠂ ᠠᠵᠤ ᠤᠶᠢᠯᠡᠰ ᠤᠨ ᠬᠡᠯᠬᠢᠶᠡᠵᠢᠯ ᠢ ᠳᠡᠬᠦᠯᠳᠡᠷᠵᠢᠬᠦᠯᠤᠨ᠂ ᠰᠢᠨ᠎ᠠ ᠡᠨᠧᠷᠬᠢ ᠶᠢᠨ ᠬᠦᠭᠵᠢᠬᠦᠯᠤᠯᠳᠠ ᠪᠠᠷ ᠠᠵᠤ ᠤᠶᠢᠯᠡᠰ ᠤᠨ ᠬᠡᠯᠪᠡᠷᠢ ᠬᠤᠪᠢᠷᠠᠭᠤᠯᠤᠨ ᠳᠡᠰ ᠳᠡᠪᠰᠢᠬᠦᠯᠬᠦ ᠶᠢ ᠳᠠᠶᠢᠴᠢᠯᠠᠵᠤ᠂ ᠬᠤᠶᠠᠷ ᠳᠠᠯ᠎ᠠ ᠪᠠᠷ ᠢᠶᠠᠨ ᠰᠢᠨ᠎ᠠ ᠡᠨᠧᠷᠬᠢ ᠶᠢᠨ ᠠᠵᠤ ᠤᠶᠢᠯᠡᠰ ᠤᠨ ᠬᠦᠭᠵᠢᠬᠦᠯᠤᠯᠳᠠ ᠶᠢᠨ ᠳᠠᠯ᠎ᠠ ᠪᠠᠷ ᠡᠷᠳᠡᠬᠡᠨ ᠬᠠᠮᠳᠤᠷᠠᠯᠴᠠᠬᠤ ᠶᠢ ᠬᠦᠰᠡᠵᠤ ᠪᠠᠶᠢᠨ᠎ᠠ ᠬᠡᠪᠡ᠃     ᠯᠢ ᠶᠥᠩ ᠴᠢᠶᠠᠩ ᠳᠤᠮᠳᠠᠳᠤ ᠤᠯᠤᠰ ᠤᠨ ᠡᠨᠧᠷᠬᠢ ᠶᠢᠨ ᠪᠠᠶᠢᠭᠤᠯᠤᠯᠳᠠ ᠶᠢᠨ ᠪᠦᠯᠦᠭᠯᠡᠯ ᠤᠨ ᠪᠡᠯᠡ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠶᠢᠨ ᠦᠨᠳᠤᠰᠤᠨ ᠪᠠᠶᠢᠳᠠᠯ ᠪᠠ ᠪᠡᠯᠡ ᠤᠷᠤᠭᠤᠯᠬᠤ ᠰᠠᠨᠠᠮᠵᠢ ᠪᠠᠨ ᠳᠠᠨᠢᠯᠴᠠᠭᠤᠯᠵᠤ᠂ ᠠᠵᠤ ᠠᠬᠤᠶᠢᠯᠠᠯ ᠪᠤᠯᠤᠨ ᠤᠷᠤᠨ ᠨᠤᠳᠤᠭ ᠬᠤᠶᠠᠷ ᠳᠠᠯ᠎ᠠ ᠪᠠᠷ ᠢᠶᠠᠨ ᠰᠢᠨ᠎ᠠ ᠡᠨᠧᠷᠬᠢ ᠶᠢᠨ ᠨᠡᠬᠡᠬᠡᠯᠳᠠ ᠠᠰᠢᠭᠯᠠᠯᠳᠠ᠂ ᠬᠦᠳᠡᠭᠡ ᠠᠵᠤ ᠠᠬᠤᠢ ᠪᠠ ᠨᠠᠷᠠᠨ ᠡᠨᠧᠷᠬᠢ ᠶᠢᠨ ᠤᠶᠢᠯᠡᠰ ᠤᠨ ᠬᠠᠷᠢᠯᠴᠠᠨ ᠨᠦᠬᠦᠪᠤᠷᠢᠯᠡᠬᠦ ᠲᠦᠷᠤᠯ ᠵᠦᠢᠯ ᠤᠨ ᠪᠠᠶᠢᠭᠤᠯᠤᠯᠳᠠ ᠵᠡᠷᠬᠡ ᠳᠠᠯ᠎ᠠ ᠪᠠᠷ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠤᠨᠬᠠᠨ᠂ ᠠᠵᠤ ᠠᠬᠤᠶᠢᠯᠠᠯ ᠤᠷᠤᠨ ᠨᠤᠳᠤᠭ ᠬᠠᠷᠢᠯᠴᠠᠨ ᠠᠰᠢᠭᠳᠠᠢ᠂ ᠦᠨᠳᠤᠷ ᠪᠦᠳᠤᠮᠵᠢᠳᠠᠢ᠂ ᠪᠤᠳᠠᠳᠠᠢ ᠬᠠᠮᠳᠤᠷᠠᠯᠴᠠᠭ᠎ᠠ ᠶᠢ ᠠᠬᠢᠭᠤᠯᠵᠤ᠂ ᠤᠷᠤᠨ ᠨᠤᠳᠤᠭ ᠤᠨ ᠠᠵᠤ ᠠᠬᠤᠢ ᠶᠢᠨ ᠬᠡᠯᠪᠡᠷᠢ ᠶᠢᠨ ᠬᠤᠪᠢᠷᠠᠭᠤᠯᠤᠯᠳᠠ ᠪᠠ ᠴᠢᠨᠠᠷᠯᠢᠭ ᠬᠦᠭᠵᠢᠯᠳᠠ ᠳᠤ ᠬᠤᠪᠢ ᠨᠡᠮᠡᠷᠢ ᠪᠠᠨ ᠦᠵᠡᠬᠦᠯᠤᠨ᠎ᠠ ᠬᠡᠵᠤ ᠢᠯᠡᠷᠬᠡᠶᠢᠯᠡᠪᠡ᠃     ᠬᠤᠰᠢᠭᠤ ᠤᠳᠤᠷᠢᠳᠤᠯᠭ᠎ᠠ ᠹᠦ᠋ ᠺᠧ᠂ ᠶᠠᠩ ᠵᠢᠢ ᠴᠢᠶᠠᠩ᠂ ᠴᠢᠨ ᠯᠢᠩ ᠹᠧᠩ ᠵᠢᠴᠢ ᠳᠤᠮᠳᠠᠳᠤ ᠤᠯᠤᠰ ᠤᠨ ᠡᠨᠧᠷᠬᠢ ᠶᠢᠨ ᠪᠠᠶᠢᠭᠤᠯᠤᠯᠳᠠ ᠶᠢᠨ ᠪᠦᠯᠦᠭᠯᠡᠯ ᠤᠨ ᠬᠠᠮᠢᠶ᠎ᠠ ᠪᠦᠬᠦᠢ ᠬᠦᠮᠤᠰ ᠰᠠᠭᠤᠳᠠᠯ ᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号