2021 ᠣᠨ ᠤ ᠪᠦᠬᠦ ᠣᠷᠣᠨ ᠤ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠶᠠᠳᠣᠭᠠᠷ ᠣᠳᠠᠭ᠎ᠠ ᠶᠢᠨ ᠬᠢᠨᠠᠨ ᠪᠠᠶᠢᠴᠠᠭᠠᠯᠳᠠ ᠶᠢᠨ ᠣᠳᠤᠭ ᠤᠨ ᠡᠮᠦᠨᠡᠳᠦ ᠬᠤᠰᠢᠭᠤᠨ ᠳᠤ ᠬᠠᠷᠢᠭᠤ ᠲᠣᠰᠬᠠᠬᠤ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/8/20
    8 ᠰᠠᠷ᠎ᠠ ᠶᠢᠨ 17 ᠤ ᠡᠳᠦᠷ᠂ ᠪᠦᠬᠦ ᠣᠷᠣᠨ ᠤ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠶᠠᠳᠣᠭᠠᠷ ᠣᠳᠠᠭ᠎ᠠ ᠶᠢᠨ ᠬᠢᠨᠠᠨ ᠪᠠᠶᠢᠴᠠᠭᠠᠯᠳᠠ ᠶᠢᠨ ᠣᠳᠤᠭ ᠤᠨ ᠡᠮᠦᠨᠡᠳᠦ ᠬᠤᠰᠢᠭᠤᠨ ᠳᠤ ᠬᠠᠷᠢᠭᠤ ᠲᠣᠰᠬᠠᠬᠤ ᠶᠠᠷᠢᠯᠴᠠᠭᠠᠨ ᠤ ᠬᠤᠷᠠᠯ ᠬᠤᠷᠠᠯᠳᠣᠪᠠ᠃ ᠦᠪᠡᠷᠳᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠣᠭᠤᠶᠢᠯᠠᠩ ᠤᠨ ᠲᠠᠷᠤᠭ᠎ᠠ᠂ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ  ᠤᠨ ᠲᠡᠳ᠋ ᠡᠷᠬᠢᠯᠡᠭᠴᠢ᠂ ᠨᠢᠭᠡᠳᠦᠭᠡᠷ ᠲᠡᠰ ᠤᠨ ᠲᠣᠭᠤᠷᠢᠨ ᠪᠠᠶᠢᠴᠠᠭᠠᠭᠴᠢ ᠹᠦ᠋ ᠷᠦᠢ ᠹᠧᠩ ᠬᠤᠷᠠᠯ ᠳᠤ ᠣᠷᠣᠯᠴᠠᠨ᠂ ᠬᠢᠨᠠᠨ ᠪᠠᠶᠢᠴᠠᠭᠠᠯᠳᠠ ᠲᠣᠮᠳᠠ ᠢᠯᠡᠷᠡᠭᠦᠯᠦᠭᠰᠡᠨ ᠠᠰᠠᠭᠤᠳᠠᠯ ᠵᠢᠴᠢ ᠰᠠᠨᠠᠭᠤᠯᠭ᠎ᠠ ᠪᠠᠨ ᠬᠠᠷᠢᠭᠤ ᠲᠣᠰᠬᠠᠪᠠ᠃ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠬᠤᠷᠠᠯ ᠡᠷᠬᠢᠯᠡᠪᠡ᠃     ᠹᠦ᠋ ᠷᠦᠢ ᠹᠧᠩ ᠮᠠᠨ ᠤ ᠬᠤᠰᠢᠭᠤᠨ ᠤ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠭᠦ ᠠᠵᠢᠯ ᠢ ᠭᠦᠢᠴᠡᠳ ᠨᠣᠳᠠᠯᠠᠪᠠ᠃ ᠲᠠᠷᠡ᠂ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠦᠨᠳᠦ ᠨᠣᠴᠢᠳᠦ ᠴᠢᠨᠠᠷ᠂ ᠪᠣᠳᠣᠯᠢᠶᠠᠨᠳᠦ ᠴᠢᠨᠠᠷ ᠢ ᠭᠦᠢᠴᠡᠳ ᠲᠠᠨᠢᠨ᠂ ᠲᠦᠭᠰᠢᠭᠦᠷᠢ ᠶᠢᠨ ᠣᠬᠠᠮᠰᠠᠷ ᠢᠶᠠᠨ ᠣᠯᠠᠮ ᠴᠢᠩᠭᠠᠳᠬᠠᠵᠣ᠂ ᠰᠣᠨᠣᠷ ᠰᠡᠷᠡᠮᠵᠢ ᠲᠠᠢ ᠪᠠᠶᠢᠬᠤ ᠶᠢ ᠪᠠᠷᠢᠮᠳᠠᠯᠠᠨ᠂ ᠠᠷᠠᠳ ᠲᠦᠮᠡᠨ ᠤ ᠠᠮᠣᠷ ᠲᠦᠪᠰᠢᠨ ᠪᠣᠯᠣᠨ ᠡᠷᠡᠭᠦᠯ ᠴᠢᠬᠢᠷᠠᠭ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠳᠡᠢ᠃ ᠲᠦᠭᠰᠢᠭᠦᠷᠢ ᠶᠢ ᠢᠮᠠᠭᠳᠠ ᠰᠡᠷᠡᠮᠵᠢᠯᠡᠨ᠂ ᠠᠰᠠᠭᠤᠳᠠᠯ ᠢᠯᠡᠷᠡᠭᠦᠯᠪᠡᠯ ᠲᠠᠷᠣᠢ ᠲᠦᠷᠭᠡᠨ ᠵᠠᠯᠠᠷᠠᠭᠤᠯᠬᠤ ᠬᠡᠷᠡᠭᠳᠡᠢ᠃ ᠵᠣᠬᠢᠶᠠᠨ ᠪᠠᠶᠢᠭᠤᠯᠣᠨ ᠣᠳᠣᠷᠢᠳᠬᠤ᠂ ᠴᠡᠭ ᠲᠤ ᠰᠠᠭᠤᠨ ᠵᠢᠯᠣᠭᠤᠳᠬᠤ᠂ ᠬᠢᠨᠠᠨ ᠪᠠᠶᠢᠴᠠᠭᠠᠬᠤ᠂ ᠶᠡᠷᠦᠩᠬᠡᠶᠢᠯᠡᠭᠰᠡᠨ ᠰᠡᠷᠭᠡᠶᠢᠯᠡᠭᠦ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠣ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠴᠢᠩᠭ᠎ᠠ ᠨᠠᠶᠢᠳᠠᠪᠦᠷᠢᠵᠢᠭᠤᠯᠣᠨ᠂ ᠲᠣᠭᠳᠠᠭᠰᠠᠨ ᠬᠤᠭᠤᠴᠠᠭᠠᠨ ᠳᠤ ᠴᠡᠭᠴᠡᠯᠡᠯᠳᠡ ᠶᠢᠨ ᠡᠭᠦᠷᠭᠡ ᠶᠢᠨ ᠨᠠᠶᠢᠳᠠᠪᠦᠷᠢᠵᠢᠭᠤᠯᠣᠯᠳᠠ ᠪᠠᠨ ᠪᠡᠶᠡᠯᠡᠭᠦᠯᠬᠦ ᠶᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠶᠠᠩ ᠶᠢᠩ ᠰᠢᠨ᠂ ᠣᠯᠣᠰ ᠲᠦᠷᠦ ᠶᠢᠨ ᠵᠣᠭᠰᠣᠴᠠ ᠪᠠᠨ ᠲᠡᠭᠡᠭᠰᠢᠡᠯᠭᠦᠯᠣᠨ᠂ ᠦᠵᠡᠯ ᠣᠬᠠᠮᠰᠠᠷ ᠤᠨ ᠲᠠᠨᠢᠯᠳᠠ ᠪᠠᠨ ᠴᠢᠩᠭᠠᠳᠬᠠᠵᠣ᠂ ᠣᠳᠠᠭᠠᠨ ᠲᠠᠭᠠᠭᠠᠮᠠᠭᠠᠢ ᠲᠡᠮᠴᠡᠭᠦ ᠦᠵᠡᠯ ᠰᠠᠨᠠᠭᠠᠨ ᠤ ᠪᠡᠯᠡᠳᠬᠡᠯ᠂ ᠠᠵᠢᠯ ᠤᠨ ᠪᠡᠯᠡᠳᠬᠡᠯ᠂ ᠡᠳ᠋ ᠪᠣᠳᠠᠰ ᠨᠦᠭᠡᠴᠡᠯᠡᠬᠦ ᠠᠵᠢᠯ ᠢ ᠰᠠᠶᠢᠳᠦᠷ ᠬᠢᠨ᠂ ᠠᠷᠠᠳ ᠣᠯᠠᠨ ᠤ ᠡᠷᠡᠭᠦᠯ ᠮᠡᠨᠳᠦ ᠠᠮᠣᠷ ᠲᠦᠪᠰᠢᠨ ᠢ ᠪᠦᠬᠦ ᠬᠦᠴᠦᠨ ᠢᠶᠠᠷ ᠬᠠᠮᠠᠭᠠᠯᠠᠨ᠎ᠠ᠃ ᠵᠣᠬᠢᠶᠠᠨ ᠪᠠᠶᠢᠭᠤᠯᠣᠨ ᠣᠳᠣᠷᠢᠳᠬᠤ ᠪᠠᠨ ᠣᠯᠠᠮ ᠨᠢᠭᠡ ᠠᠯᠬᠤᠮ ᠴᠢᠩᠭᠠᠳᠬᠠᠨ᠂ ᠬᠠᠷᠢᠶ᠎ᠠ ᠣᠷᠣᠨ ᠤ ᠬᠠᠷᠢᠭᠤᠴᠠᠯᠭ᠎ᠠ ᠪᠠᠨ ᠨᠠᠶᠢᠳᠠᠪᠦᠷᠢᠵᠢᠭᠤᠯᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠳᠠᠴᠠ ᠶᠢ ᠲᠡᠭᠦᠯᠳᠡᠷᠵᠢᠭᠦᠯᠦᠨ᠂ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠪᠠᠯᠭᠠᠰᠦ᠂ ᠭᠠᠴᠠᠭ᠎ᠠ ᠲᠣᠰᠬᠤᠨ᠂ ᠦᠨᠳᠦᠰᠦᠨ ᠱᠠᠳᠣᠨ ᠤ ᠲᠣᠣᠷᠵᠢᠯ ᠬᠠᠮᠢᠶᠠᠷᠣᠯᠳᠠ ᠳᠤ ᠪᠣᠳᠠᠳᠠᠶᠢᠵᠢᠭᠤᠯᠵᠣ᠂ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠪᠣᠯᠣᠨ ᠮᠡᠳᠡᠯᠭᠡ ᠶᠢ ᠡᠷᠦᠭᠡ ᠪᠣᠯᠭᠠᠨ ᠳᠤ ᠲᠦᠭᠡᠮᠡᠯᠵᠢᠭᠦᠯᠣᠨ᠂ ᠣᠯᠠᠨ ᠢᠶᠠᠷ  ᠢᠶᠠᠨ ᠰᠡᠷᠭᠡᠶᠢᠯᠡᠵᠣ ᠣᠯᠠᠨ ᠢᠶᠠᠨ ᠢᠶᠠᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠣ ᠬᠤᠯᠪᠣᠭᠠᠯᠠᠨ ᠡᠵᠡᠮᠳᠡᠬᠦ ᠠᠵᠢᠯ ᠢ ᠰᠠᠶᠢᠳᠦᠷ ᠬᠢᠨ᠎ᠡ᠃ ᠰᠡᠷᠭᠡᠶᠢᠯᠡᠨ ᠡᠵᠡᠮᠳᠡᠭᠦ ᠠᠷᠭ᠎ᠠ ᠠᠪᠴᠠᠯ ᠢᠶᠠᠨ ᠣᠯᠠᠮ ᠰᠢᠯᠢᠳᠡᠭᠵᠢᠭᠦᠯᠦᠨ᠂ ᠠᠰᠠᠭᠤᠳᠠᠯ ᠤᠨ ᠴᠡᠭᠴᠡᠯᠡᠯᠳᠡ ᠶᠢ ᠨᠠᠶᠢᠳᠠᠪᠦᠷᠢᠵᠢᠭᠤᠯᠵᠣ᠂ ᠰᠡᠷᠭᠡᠶᠢᠯᠡᠨ ᠡᠵᠡᠮᠳᠡᠯ ᠤᠨ ᠣᠷᠬᠢᠭᠳᠠᠯ ᠢ ᠲᠠᠬᠢᠨ ᠲᠠᠪᠳᠠᠨ ᠪᠠᠶᠢᠴᠠᠭᠠᠵᠣ᠂ ᠰᠡᠷᠭᠡᠶᠢᠯᠡᠨ ᠡᠵᠡᠮᠳᠡᠬᠦ ᠭᠤᠣᠯᠳᠠᠯᠭ᠎ᠠ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠰᠡᠷᠭᠡᠶᠢᠯᠡᠨ ᠡᠵᠡᠮᠳᠡᠯ ᠤᠨ ᠬᠡᠷᠡᠭᠴᠡᠭᠡ ᠱᠠᠭᠠᠷᠳᠠᠯᠭ᠎ᠠ ᠶᠢ ᠲᠠᠬᠢᠨ ᠲᠠᠪᠳᠠᠨ ᠨᠠᠶᠢᠳᠠᠪᠦᠷᠢᠵᠢᠭᠤᠯᠵᠣ᠂ ᠬᠤᠯᠣᠭᠠᠨ᠎ᠠ᠂ ᠨᠣᠬᠠᠢ ᠶᠢᠨ ᠪᠦᠭᠡᠰᠦ ᠣᠰᠠᠳᠬᠠᠬᠤ ᠠᠵᠢᠯ ᠢ ᠰᠢᠨᠵᠢᠯᠡᠬᠦ ᠣᠬᠠᠭᠠᠨᠴᠢ ᠪᠠᠷ ᠶᠠᠪᠣᠭᠳᠠᠭᠤᠯᠣᠨ᠎ᠠ᠃ ᠲᠣᠰ ᠣᠳᠠᠭᠠᠨ ᠤ ᠬᠢᠨᠠᠨ ᠪᠠᠶᠢᠴᠠᠭᠠᠯᠳᠠ  ᠪᠠᠷ ᠬᠠᠷᠢᠭᠤ ᠲᠣᠰᠬᠠᠭᠰᠠᠨ ᠠᠰᠠᠭᠤᠳᠠᠯ ᠤᠨ ᠨᠠᠷᠢᠨ ᠲᠠᠩᠰᠠ ᠪᠠᠶᠢᠭᠤᠯᠣᠨ᠂ ᠲᠠᠷᠣᠢ ᠲᠦᠷᠭᠡᠨ ᠴᠡᠭᠴᠡᠯᠡᠵᠣ᠂ ᠬᠤᠯᠣᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ ᠦᠴᠦᠭᠡᠨ ᠠᠯᠳᠠᠰᠢ ᠴᠣ᠋ ᠭᠠᠷᠭᠠᠬᠤ ᠦᠭᠡᠢ ᠭᠡᠵᠣ ᠢᠯᠡᠷᠬᠡᠶᠢᠯᠡᠭᠰᠡᠨ ᠪᠠᠶᠢᠨ᠎ᠠ᠃     ᠦᠪᠡᠷᠳᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠲᠣᠭᠤᠶᠢᠯᠠᠩ ᠤᠨ ᠲᠡᠳ᠋ ᠲᠠᠷᠤᠭ᠎ᠠ᠂ ᠦᠪᠡᠷᠳᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠬᠢᠵᠢᠭ ᠢ ᠰᠡᠷᠭᠡᠶᠢᠯᠡᠬᠦ ᠲᠣᠪᠴᠢᠶᠠᠨ ᠤ ᠲᠡᠳ᠋ ᠲᠠᠷᠤᠭ᠎ᠠ ᠰᠢᠤᠸᠠᠢ ᠵᠢᠶᠦ᠋ᠨ ᠯᠢᠶᠠᠩ ᠵᠢᠴᠢ ᠬᠢᠨᠠᠨ ᠪᠠᠶᠢᠴᠠᠭᠠᠬᠤ ᠲᠣᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠡᠯᠡᠯ ᠤᠨ ᠨᠠᠮ ᠤᠨ ᠣᠳᠣᠷᠢᠳᠬᠤ ᠲᠣᠭᠤᠶᠢᠯᠠᠩ ᠤᠨ ᠪᠦᠷᠢᠯᠳᠦᠭᠦᠨ᠂ ᠬᠢᠵᠢᠭ ᠢ ᠰᠡᠷᠭᠡᠶᠢᠯᠡᠬᠦ ᠲᠦᠪ ᠤᠨ ᠨᠠᠮ ᠤᠨ ᠬᠤᠷᠢᠶ᠎ᠠ ᠶᠢᠨ ᠱᠦᠵᠢ ᠸᠠᠩ ᠱᠧᠩ᠂ ᠬᠤᠳᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠤᠨ ᠬᠢᠵᠢᠭ ᠢ ᠰᠡᠷᠭᠡᠶᠢᠯᠡᠭᠦ ᠰᠠᠯᠠᠭ᠎ᠠ᠂ ᠬᠤᠳᠠ ᠶᠢᠨ ᠬᠢᠵᠢᠭ ᠢ ᠰᠡᠷᠭᠡᠶᠢᠯᠡᠭᠦ ᠲᠦᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠳ᠂ ᠬᠤᠰᠢᠭᠤ ᠣᠳᠣᠷᠢᠳᠣᠯᠭ᠎ᠠ ᠰᠥᠩ ᠰᠢᠶᠣᠣ ᠯᠧᠢ ᠵᠢᠴᠢ ᠡᠯ᠎ᠡ ᠪᠠᠯᠭᠠᠰᠦ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号