ᠸᠠᠩ ᠢᠦᠢ ᠴᠢᠶᠠᠩ ᠬᠤᠰᠢᠭᠤ ᠨᠠᠮ ᠤᠨ ᠰᠤᠷᠭᠠᠭᠤᠯᠢ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠠ
ᠨᠡᠶᠢᠲᠡᠯᠡᠭᠰᠡᠨ ᠴᠠᠭ᠄
2021/8/20
    8 ᠰᠠᠷ᠎ᠠ ᠶᠢᠨ 17 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠳᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠬᠤᠰᠢᠭᠤ  ᠨᠠᠮ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠳᠠ ᠬᠢᠵᠤ ᠠᠵᠢᠯ ᠵᠢᠯᠤᠭᠤᠤᠨᠪᠠ᠃     ᠸᠠᠩ ᠢᠦᠢ ᠴᠢᠶᠠᠩ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠳᠠ ᠶᠢᠨ ᠳᠤᠭᠤᠷᠢᠭ᠂ ᠠᠯᠪᠠᠯᠠᠬᠤ ᠳᠤᠭᠤᠷᠢᠭ ᠢᠶᠠᠷ ᠪᠠᠶᠢᠴᠠᠭᠠᠨ ᠦᠵᠡᠵᠤ᠂ ᠵᠢᠭᠠᠨ ᠰᠤᠷᠭᠠᠯᠳᠠ ᠶᠢᠨ ᠰᠢᠨᠵᠢᠯᠡᠭᠡ ᠰᠤᠳᠤᠯᠤᠯᠳᠠ᠂ ᠺᠠᠳ᠋ᠷᠴᠤᠤᠨ ᠤᠨ ᠪᠤᠯᠪᠠᠰᠤᠷᠠᠯ ᠵᠡᠷᠬᠡ ᠠᠵᠢᠯ ᠢ ᠨᠠᠷᠢᠨ ᠤᠶᠢᠯᠠᠭᠠᠭᠰᠡᠨ ᠮᠦᠷᠳᠡᠬᠡᠨ ᠬᠠᠮᠢᠶ᠎ᠠ ᠪᠦᠬᠦᠢ ᠬᠠᠷᠢᠭᠤᠴᠠᠯᠭᠠᠳᠠᠤᠨ ᠲᠠᠢ ᠨᠠᠮ  ᠤᠨ ᠰᠤᠷᠭᠠᠭᠤᠯᠢ ᠶᠢᠨ ᠴᠢᠳᠠᠪᠬᠢ ᠶᠢ ᠪᠠᠳᠠᠷᠠᠭᠤᠯᠤᠨ᠂ ᠨᠠᠮ ᠤᠨ ᠰᠤᠷᠭᠠᠭᠤᠯᠢ ᠶᠢᠨ ᠵᠢᠭᠠᠨ ᠰᠤᠷᠭᠠᠯᠳᠠ ᠶᠢ ᠴᠢᠩᠭᠠᠤᠨᠬᠠᠬᠤ ᠳᠠᠯ᠎ᠠ ᠪᠠᠷ ᠨᠠᠷᠢᠯᠢᠭ ᠶᠠᠷᠢᠯᠴᠠᠪᠠ᠃     ᠸᠠᠩ ᠢᠦᠢ ᠴᠢᠶᠠᠩ᠂ ᠨᠠᠮ ᠤᠨ ᠰᠤᠷᠭᠠᠭᠤᠯᠢ ᠶᠢᠨ ᠤᠶᠢᠯᠡᠰ ᠪᠤᠯ ᠨᠠᠮ ᠤᠨ ᠤᠶᠢᠯᠡᠰ ᠤᠨ ᠴᠢᠬᠤᠯᠠ ᠪᠦᠷᠢᠯᠳᠤᠬᠦᠨ ᠬᠡᠰᠡᠭ ᠮᠦᠨ᠂ ︽ᠨᠠᠮᠴᠢ ᠴᠢᠨᠠᠷ︾ ᠪᠤᠯ ᠨᠠᠮ ᠤᠨ ᠰᠤᠷᠭᠠᠭᠤᠯᠢ ᠶᠢᠨ ᠲᠦᠷᠤᠯᠬᠢ ᠴᠢᠨᠠᠷ᠂ ᠨᠠᠮ ᠤᠨ ᠰᠤᠷᠭᠠᠭᠤᠯᠢ ᠶᠢᠨ ᠬᠦᠭᠵᠢᠯᠳᠠ ᠶᠢᠨ ᠳᠡᠤᠬᠡ ᠶᠢ ᠳᠤᠤᠱᠯᠠᠭᠤᠯᠬᠤ ᠬᠢᠵᠠᠭᠠᠷ ᠱᠤᠭᠤᠮ᠂ ᠨᠠᠮ ᠤᠨ ᠰᠤᠷᠭᠠᠭᠤᠯᠢ ᠶᠢᠨ ᠡᠬᠦᠷᠢᠳᠠ ᠶᠢᠨ ᠪᠡᠯᠬᠡ ᠳᠡᠮᠳᠡᠭ ᠮᠦᠨ᠃ ᠨᠠᠮ ᠤᠨ ᠰᠤᠷᠭᠠᠭᠤᠯᠢ ᠨᠠᠮ ᠢᠶᠠᠨ ᠳᠠᠭᠠᠬᠤ ᠶᠢ ᠡᠬᠦᠷᠢᠳᠠ ᠪᠠᠷᠢᠮᠳᠠᠯᠠᠨ᠂ ᠨᠠᠮ ᠤᠨ ᠤᠯᠤᠰ ᠲᠦᠷᠤ ᠶᠢᠨ ᠪᠠᠶᠢᠭᠤᠯᠤᠯᠳᠠ ᠶᠢ ᠳᠡᠷᠢᠬᠦᠨ ᠪᠠᠶᠢᠷᠢᠨ ᠳᠤ ᠳᠠᠯᠪᠢᠵᠤ᠂ ︽ᠲᠦᠷᠪᠡᠨ ᠤᠬᠠᠮᠰᠠᠷ︾  ᠢᠶᠠᠨ ᠴᠢᠩᠭᠠᠤᠨᠬᠠᠨ᠂ ︽ᠲᠦᠷᠪᠡᠨ ᠢᠳᠡᠬᠡᠯ︾ ᠢᠶᠠᠨ ᠪᠠᠳᠤᠤᠨᠬᠠᠵᠤ᠂ ︽ᠬᠤᠶᠠᠷ ᠢ ᠬᠦᠷᠢᠶᠡᠯᠡᠬᠦ︾ ᠶᠢ ᠳᠤᠤᠱᠳᠠᠢ ᠪᠡᠶᠡᠯᠡᠬᠦᠯᠤᠨ᠂ ᠨᠠᠮ ᠤᠨ ᠰᠤᠷᠭᠠᠭᠤᠯᠢ ᠤᠨ ᠤᠶᠢᠯᠡᠰ ᠢᠮᠠᠭᠳᠠ ᠨᠠᠮ ᠤᠨ ᠤᠯᠤᠰ ᠲᠦᠷᠤ ᠶᠢᠨ ᠵᠠᠮ ᠢᠶᠠᠷ ᠤᠷᠤᠭᠰᠢᠯᠠᠬᠤ ᠶᠢ ᠪᠠᠳᠤᠯᠠᠬᠤ ᠬᠡᠷᠡᠭᠳᠠᠢ ᠬᠡᠪᠡ᠃     ᠸᠠᠩ ᠢᠦᠢ ᠴᠢᠶᠠᠩ᠂ ᠨᠠᠮ ᠤᠨ ᠰᠤᠷᠭᠠᠭᠤᠯᠢ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷᠴᠤᠤᠨ ᠤᠨ ᠬᠦᠮᠤᠵᠢᠯ ᠪᠤᠯᠪᠠᠰᠤᠷᠠᠯ ᠤᠨ ᠭᠤᠤᠯ ᠭᠠᠵᠠᠷ ᠪᠤᠯᠤᠭᠰᠡᠨ ᠤ ᠬᠤᠪᠢ ᠳᠤ᠂ ᠨᠠᠮ ᠤᠨ ᠬᠡᠰᠢᠬᠦᠨ ᠺᠠᠳ᠋ᠷᠴᠤᠤᠨ ᠲᠤ ᠮᠡᠳᠡᠯᠬᠡ ᠨᠦᠬᠦᠪᠤᠷᠢᠯᠡᠨ ᠰᠠᠭᠤᠷᠢ ᠶᠢ ᠪᠠᠬᠢᠵᠢᠬᠦᠯᠬᠦ ᠴᠢᠬᠤᠯᠠ ᠡᠬᠦᠷᠬᠡ ᠶᠢ ᠡᠬᠦᠷᠬᠡᠯᠡᠵᠤ ᠪᠤᠢ᠃ ᠨᠠᠮ ᠤᠨ ᠳᠤᠭ ᠳᠡᠮᠳᠡᠭ ᠢᠶᠠᠨ ᠭᠤᠶᠢᠪᠢᠰᠢ ᠦᠬᠡᠢ ᠪᠠᠷᠢᠮᠳᠠᠯᠠᠵᠤ᠂ ᠤᠨᠤᠯ ᠤᠨ ᠬᠦᠮᠤᠵᠢᠯ ᠢ ᠰᠠᠶᠢᠳᠤᠷ ᠡᠷᠬᠢᠯᠡᠨ᠂ ᠺᠠᠳ᠋ᠷ ᠤᠨ ᠬᠦᠮᠤᠵᠢᠯ ᠢ ᠨᠠᠷᠢᠯᠢᠭᠵᠢᠭᠤᠯᠵᠤ᠂ ᠺᠠᠳ᠋ᠷ ᠤᠨ ᠡᠩᠨᠡᠭᠡ ᠶᠢ ᠬᠦᠴᠤᠷᠬᠡᠭᠵᠢᠬᠦᠯᠤᠨ᠂ ᠮᠠᠨ ᠤ ᠬᠤᠰᠢᠭᠤᠨ ᠤ ᠺᠠᠳ᠋ᠷᠴᠤᠤᠨ ᠤᠨ ᠬᠦᠮᠤᠵᠢᠯ ᠤᠨ ᠤᠶᠢᠯᠡᠰ ᠪᠠ ᠠᠵᠤ ᠠᠬᠤᠢ ᠨᠠᠶᠢᠬᠡᠮ ᠤᠨ ᠬᠦᠭᠵᠢᠯᠳᠠ ᠳᠤ ᠨᠠᠩ ᠶᠡᠭᠡ ᠰᠢᠨ᠎ᠠ ᠬᠤᠪᠢ ᠨᠡᠮᠡᠷᠢ ᠦᠵᠡᠬᠦᠯᠬᠦ ᠬᠡᠷᠡᠭᠳᠠᠢ᠃ ᠨᠠᠮ ᠤᠨ ᠰᠤᠷᠭᠠᠭᠤᠯᠢ ᠨᠢ ᠺᠠᠳ᠋ᠷᠴᠤᠤᠨ ᠤᠨ ᠬᠦᠮᠤᠵᠢᠯ ᠪᠤᠯᠪᠠᠰᠤᠷᠠᠯ ᠤᠨ ᠭᠤᠤᠯ ᠭᠠᠵᠠᠷ ᠪᠤᠯᠬᠤ ᠤᠶᠢᠯᠡᠳᠤᠯ ᠢᠶᠠᠨ ᠬᠦᠢᠴᠡᠤᠨ ᠪᠠᠳᠠᠷᠠᠭᠤᠯᠤᠨ᠂ ᠬᠤᠰᠢᠭᠤ ᠠᠷᠪᠠᠳᠤᠭᠠᠷ ᠤᠳᠠᠭᠠᠨ ᠤ ᠨᠠᠮ  ᠤᠨ ᠲᠦᠯᠤᠬᠡᠯᠡᠭᠴᠢᠤᠨ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠶᠢ ᠶᠡᠷᠤᠩᠬᠡᠢ ᠱᠦᠵᠢ ᠰᠢ  ᠶᠢᠨ ᠫᠢᠩ ᠤᠨ ︽ᠳᠤᠯᠤᠭᠠᠨ ᠰᠠᠷ᠎ᠠ ᠶᠢᠨ ᠨᠢᠬᠡᠨ︾ ᠤ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠤᠨ᠂ ᠨᠠᠮ ᠤᠨ ᠳᠡᠤᠬᠡ ᠶᠢᠨ ᠰᠤᠷᠤᠯᠴᠠᠯᠭ᠎ᠠ ᠬᠦᠮᠤᠵᠢᠯ ᠢ ᠦᠷᠨᠢᠬᠦᠯᠬᠦ ᠲᠠᠢ ᠤᠶᠠᠯᠳᠤᠭᠤᠯᠵᠤ᠂ ᠨᠠᠮ ᠤᠨ ᠲᠦᠯᠤᠬᠡᠯᠡᠭᠴᠢᠤᠨ ᠤᠨ ᠬᠤᠷᠠᠯ ᠤᠨ ᠵᠤᠷᠢᠭ ᠰᠠᠨᠠᠭ᠎ᠠ ᠶᠢ ᠪᠤᠯᠪᠠᠰᠤᠷᠠᠯ ᠤᠨ ᠬᠢᠴᠢᠶᠡᠯ ᠪᠠ ᠡᠳᠤᠷ ᠳᠤᠳᠤᠮ ᠤᠨ ᠤᠬᠠᠭᠤᠯᠭ᠎ᠠ ᠳᠠᠶᠢᠯᠤᠮᠵᠢ ᠳᠤ ᠪᠠᠨ ᠠᠭᠤᠰᠬᠠᠵᠤ᠂ ᠪᠦᠬᠦ ᠬᠤᠰᠢᠭᠤᠨ ᠤ ᠨᠠᠮ ᠤᠨ ᠬᠡᠰᠢᠬᠦᠨ ᠺᠠᠳ᠋ᠷᠴᠤᠤᠨ ᠤᠨ ᠰᠢᠨ᠎ᠠ ᠡᠬᠦᠷᠬᠡ ᠬᠠᠷᠢᠭᠤᠴᠠᠯᠭ᠎ᠠ ᠪᠠᠨ ᠵᠤᠷᠢᠭᠳᠠᠢ ᠡᠬᠦᠷᠬᠡᠯᠡᠵᠤ᠂ ᠰᠢᠨ᠎ᠠ ᠠᠶᠠᠨ ᠳᠤ ᠡᠷᠡᠯᠬᠡᠭᠯᠡᠨ ᠳᠠᠪᠰᠢᠬᠤ ᠶᠢ ᠬᠦᠳᠤᠯᠤᠨ ᠵᠢᠯᠤᠭᠤᠤᠨᠬᠤ ᠬᠡᠷᠡᠭᠳᠠᠢ᠃ ᠬᠤᠰᠢᠭᠤ ᠨᠠᠮ ᠤᠨ ᠰᠤᠷᠭᠠᠭᠤᠯᠢ ᠶᠢᠨ ᠰᠢᠨ᠎ᠠ ᠳᠤᠭᠤᠷᠢᠭ ᠤᠨ ᠪᠠᠶᠢᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠲᠦᠯᠤᠪᠵᠢᠬᠦᠯᠤᠨ᠂ ᠰᠠᠭᠤᠷᠢ ᠲᠦᠬᠦᠬᠡᠷᠤᠮᠵᠢ ᠶᠢ ᠪᠦᠬᠦ ᠳᠠᠯ᠎ᠠ ᠪᠠᠷ ᠳᠡᠬᠦᠯᠳᠡᠷᠵᠢᠬᠦᠯᠵᠤ᠂ ᠰᠤᠷᠭᠠᠭᠤᠯᠢ ᠡᠷᠬᠢᠯᠡᠬᠦ ᠲᠦᠪᠰᠢᠨ ᠢᠶᠠᠨ ᠳᠡᠬᠡᠭᠰᠢᠯᠡᠬᠦᠯᠤᠨ᠂ ᠨᠠᠮ ᠤᠨ ᠰᠤᠷᠭᠠᠭᠤᠯᠢ ᠶᠢᠨ ᠤᠶᠢᠯᠡᠰ ᠤᠨ ᠳᠠᠰᠤᠷᠠᠯᠳᠠ ᠦᠬᠡᠢ ᠬᠦᠭᠵᠢᠯᠳᠠ ᠶᠢ ᠠᠬᠢᠭᠤᠯᠬᠤ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠬᠤᠰᠢᠭᠤ ᠤᠳᠤᠷᠢᠳᠤᠯᠭ᠎ᠠ ᠰᠢᠶᠧ ᠶᠥᠩ ᠹᠧᠩ᠂ ᠯᠢ ᠵᠢᠶᠠ ᠭᠤᠸᠠᠨ᠂ ᠱᠢ ᠬᠤᠢ ᠵᠢᠴᠢ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠤᠯ ᠬᠠᠷᠢᠭᠤᠴᠠᠯᠭᠠᠳᠠᠤᠨ ᠬᠠᠮᠳᠤ ᠪᠠᠶᠢᠴᠠᠭᠠᠨ ᠰᠤᠳᠤᠯᠤᠯᠳᠠ ᠬᠢᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号