ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠠᠶᠢᠩᠭᠤ  ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/8/24
    8 ᠰᠠᠷ᠎ᠠ ᠶᠢᠨ 18 ᠤ ᠡᠳᠤᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠳᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠭᠤᠷᠪᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ  ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠵᠢᠴᠢ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠤᠨ ᠬᠤᠷᠠᠯ ᠳᠤ ᠤᠷᠤᠯᠴᠠᠪᠠ᠃     ᠬᠤᠷᠠᠯ ᠠᠴᠠ ᠶᠠᠷᠤᠩᠬᠡᠢ ᠱᠦᠵᠢ ᠰᠢ ᠶᠢᠨ ᠫᠢᠩ ᠤᠨ ᠤᠳᠤᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠳᠤ ᠬᠢᠭᠰᠡᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ᠂ ᠤᠳᠤᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠪᠠᠶᠢᠳᠠᠯ ᠮᠦᠨ ᠳᠤᠯᠭᠠᠮ᠎ᠠ ᠪᠤᠯᠬᠤᠷ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠶᠡᠷᠤᠩᠬᠡᠢ ᠱᠦᠵᠢ ᠰᠢ ᠶᠢᠨ ᠫᠢᠩ ᠤᠨ ᠤᠳᠤᠬᠠᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠵᠢᠯ ᠳᠤ ᠬᠢᠭᠰᠡᠨ ᠴᠢᠬᠤᠯᠠ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ᠂ ᠦᠵᠡᠯᠳᠠ ᠳᠠᠨᠢᠯᠳᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠵᠤ᠂ ᠬᠢᠵᠢᠭ ᠤᠨ ᠪᠠᠶᠢᠳᠠᠯ ᠳᠠᠷᠬᠠᠭᠰᠡᠨ ᠭᠠᠵᠠᠷ ᠤᠷᠤᠨ ᠤ ᠰᠤᠷᠭᠠᠮᠵᠢ ᠶᠢ ᠬᠦᠨᠵᠡᠬᠡᠢ ᠬᠦᠷᠳᠡᠨ᠂ ︽ᠴᠢᠩᠭ᠎ᠠ᠂ ᠲᠦᠷᠬᠡᠨ᠂ ᠳᠤᠯᠭᠠᠮ᠎ᠠ᠂ ᠪᠤᠳᠠᠳᠠᠢ᠂ ᠨᠠᠷᠢᠯᠢᠭ︾ ᠢ ᠳᠤᠪᠤᠶᠢᠯᠭᠠᠵᠤ᠂ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠢᠤᠨᠪᠤᠷᠢᠯᠡᠬᠦ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠪᠠᠶᠢᠩᠭᠤᠵᠢᠭᠰᠡᠨ ᠡᠯ᠎ᠡ ᠵᠦᠢᠯ ᠤᠨ ᠠᠵᠢᠯ  ᠢᠶᠠᠨ ᠦᠷᠬᠦᠯᠵᠢᠯᠡᠨ ᠰᠠᠶᠢᠳᠤᠷ ᠬᠢᠨ᠂ ᠪᠦᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠬᠢᠵᠠᠭᠠᠷᠯᠠᠬᠤ ᠠᠮᠤᠷ ᠲᠦᠪᠰᠢᠨ ᠤ ᠳᠤᠤᠷ ᠢ ᠪᠠᠬᠢᠵᠢᠬᠦᠯᠬᠦ ᠮᠦᠷᠳᠡᠬᠡᠨ ᠸᠠᠺᠼᠢᠨ ᠳᠠᠷᠢᠬᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠪᠠᠶᠢᠴᠠᠭᠠᠬᠤ ᠵᠡᠷᠬᠡ ᠠᠵᠢᠯ ᠢ ᠢᠵᠢᠯ ᠠᠯᠬᠤᠮ ᠢᠶᠠᠷ ᠰᠠᠶᠢᠳᠤᠷ ᠬᠢᠵᠤ᠂ ᠪᠦᠬᠦ ᠬᠤᠰᠢᠭᠤᠨ ᠤ ᠬᠢᠵᠢᠭ ᠤᠨ ᠪᠠᠶᠢᠳᠠᠯ  ᠢ ᠰᠡᠷᠬᠡᠶᠢᠯᠡᠨ ᠬᠢᠵᠠᠭᠠᠷᠯᠠᠬᠤ ᠳᠠᠯ᠎ᠠ ᠪᠠᠷ ᠢᠮᠠᠭᠳᠠ ᠠᠮᠤᠷ ᠲᠦᠪᠰᠢᠨ ᠳᠤᠭᠳᠠᠭᠤᠨ ᠪᠠᠶᠢᠬᠤ ᠶᠢ ᠪᠦᠬᠦ ᠬᠦᠴᠤᠨ ᠢᠶᠠᠷ ᠪᠠᠳᠤᠯᠠᠬᠤ ᠬᠡᠷᠡᠭᠳᠠᠢ ᠬᠡᠵᠤ ᠵᠢᠭᠠᠭᠰᠡᠨ ᠪᠠᠶᠢᠨ᠎ᠠ᠃     ᠬᠤᠷᠠᠯ ᠠᠴᠠ᠂ ᠱᠢ ᠲᠠᠢ ᠹᠧᠩ ᠨᠦᠬᠦᠷ ᠤᠨ ᠨᠡᠬᠦᠷᠡᠰᠤᠳᠦ᠋ᠷᠦᠭᠴᠢ ᠶᠢᠨ ᠤᠷᠬᠢᠯᠰᠢᠯ᠂ ᠨᠡᠬᠦᠷᠡᠰᠤᠳᠦ᠋ᠷᠦᠭᠴᠢ  ᠶᠢᠨ ᠱᠠᠭᠠᠷᠮᠠᠭᠵᠢᠭᠤᠯᠤᠯ ᠤᠨ ᠠᠬᠤᠢ ᠪᠠᠶᠢᠳᠠᠯ ᠳᠤᠤᠷᠠᠬᠢ ᠰᠢᠨ᠎ᠠ ᠡᠨᠧᠷᠬᠢ ᠶᠢᠨ ᠬᠦᠭᠵᠢᠯᠳᠠ ᠶᠢᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠬᠤ ᠦᠶ᠎ᠡ ᠶᠢᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠪᠠ᠃ ᠬᠤᠷᠠᠯ ᠠᠴᠠ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠠᠨ ᠨᠢᠬᠡᠤᠨᠬᠡᠨ᠂ ᠤᠯᠤᠰ ᠤᠨ ︽ᠬᠤᠤᠰ ᠨᠡᠬᠦᠷᠡᠰᠤᠳᠦ᠋ᠷᠦᠭᠴᠢ︾ ᠳᠤ ᠤᠶᠢᠯᠡᠴᠢᠯᠡᠬᠦ ᠳᠤᠭᠤᠷᠢᠨ ᠳᠤ᠂ ᠳᠤᠬᠢᠶᠠᠯ ᠢ ᠡᠵᠡᠮᠳᠠᠨ ᠮᠠᠨ ᠤ ᠬᠤᠰᠢᠭᠤᠨ ᠤ ᠰᠢᠨ᠎ᠠ ᠡᠨᠧᠷᠬᠢ ᠶᠢᠨ ᠴᠢᠨᠠᠷᠯᠢᠭ ᠬᠦᠭᠵᠢᠯᠳᠠ ᠶᠢ ᠠᠬᠢᠭᠤᠯᠬᠤ ᠬᠡᠷᠡᠭᠳᠠᠢ᠃ ᠮᠠᠨ ᠤ ᠬᠤᠰᠢᠭᠤᠨ ᠤ ᠦᠪᠡᠷᠮᠢᠴᠠ ᠡᠬᠢ ᠪᠠᠶᠠᠯᠢᠭ ᠤᠨ ᠳᠠᠪᠠᠭᠤᠯᠢᠭ ᠪᠠ ᠭᠠᠵᠠᠷ ᠤᠷᠤᠨ ᠤ ᠳᠠᠪᠠᠭᠤᠯᠢᠭ ᠲᠤ ᠪᠠᠨ ᠲᠦᠰᠢᠭᠯᠡᠨ᠂ ᠤᠳᠤᠬᠠᠨ ᠤ ᠰᠢᠨ᠎ᠠ ᠡᠨᠧᠷᠬᠢ ᠶᠢᠨ ᠬᠦᠭᠵᠢᠯᠳᠠ ᠶᠢᠨ ︽ᠴᠤᠩᠬᠤᠪᠴᠢ ᠬᠤᠭᠤᠴᠠᠭ᠎ᠠ︾ ᠶᠢ ᠰᠠᠶᠢᠳᠤᠷ ᠡᠵᠡᠮᠳᠡᠵᠤ᠂ ᠮᠠᠨ ᠤ ᠬᠤᠰᠢᠭᠤᠨ  ᠤ ︽ᠠᠷᠪᠠᠨ ᠲᠦᠷᠪᠡᠳᠤᠬᠡᠷ ᠳᠠᠪᠤᠨ ᠵᠢᠯ︾ ᠤᠨ ᠰᠢᠨ᠎ᠠ ᠡᠨᠧᠷᠬᠢ ᠶᠢᠨ ᠪᠤᠬᠢᠷᠳᠤᠯ ᠦᠬᠡᠢ ᠳᠤᠤᠷ᠎ᠠ ᠨᠡᠬᠦᠷᠡᠰᠤᠳᠦ᠋ᠷᠦᠭᠴᠢᠳᠤ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠲᠦᠯᠤᠪᠵᠢᠬᠦᠯᠬᠡ ᠶᠢ ᠡᠷᠳᠡᠬᠡᠨ ᠳᠤᠭᠤᠷᠪᠢᠵᠤ ᠭᠠᠷᠭᠠᠨ᠂ ᠨᠠᠷᠠᠨ ᠡᠨᠧᠷᠬᠢ ᠶᠢᠨ ᠪᠦᠬᠦ ᠠᠵᠤ ᠤᠶᠢᠯᠡᠰ ᠤᠨ ᠬᠡᠯᠬᠢᠶᠡᠵᠢᠯ᠂ ᠤᠰᠤᠳᠦ᠋ᠷᠦᠭᠴᠢ ᠡᠨᠧᠷᠬᠢ ᠶᠢᠨ ᠤᠶᠢᠯᠡᠤᠨᠪᠤᠷᠢᠯᠡᠯᠳᠠ ᠬᠠᠳᠠᠭᠠᠯᠠᠯᠳᠠ ᠵᠡᠷᠬᠡ ᠪᠠᠷ ᠭᠤᠤᠯ ᠪᠤᠯᠭᠠᠭᠰᠡᠨ ᠰᠢᠨ᠎ᠠ ᠡᠨᠧᠷᠬᠢ ᠶᠢᠨ ᠠᠵᠤ ᠤᠶᠢᠯᠡᠰ ᠤᠨ ᠬᠦᠭᠵᠢᠯᠳᠠ ᠶᠢ ᠲᠦᠷᠬᠡᠤᠨᠬᠡᠨ ᠠᠬᠢᠭᠤᠯᠵᠤ᠂ ᠨᠠᠷᠠᠨ ᠡᠨᠧᠷᠬᠢ ᠪᠠᠷ ᠴᠠᠬᠢᠯᠭᠠᠨ ᠭᠠᠷᠭᠠᠬᠤ ᠳᠠᠷᠬᠠᠢ ᠮᠠᠶ᠋ᠢᠭ ᠤᠨ ᠲᠦᠷᠤᠯ ᠵᠦᠢᠯ ᠢ ᠬᠦᠭᠵᠢᠬᠦᠯᠤᠨ᠂ ᠬᠦᠳᠡᠭᠡ ᠳᠤᠰᠬᠤᠨ ᠤ ᠬᠦᠴᠤᠷᠬᠡᠭᠵᠢᠯ ᠮᠠᠨᠳᠤᠯᠳᠠ᠂ ᠠᠵᠤ ᠠᠬᠤᠢ ᠶᠢᠨ ᠴᠢᠨᠠᠷᠯᠢᠭ ᠬᠦᠭᠵᠢᠯᠳᠠ ᠳᠤ ᠤᠬᠢ ᠰᠠᠶᠢᠨ ᠰᠠᠭᠤᠷᠢ ᠳᠠᠯᠪᠢᠬᠤ ᠶᠢ ᠠᠬᠢᠭᠤᠯᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠪᠦᠬᠦ ᠬᠤᠰᠢᠭᠤᠨ ᠤ ᠭᠠᠵᠠᠷ ᠳᠤᠤᠷᠠᠬᠢ ᠤᠰᠤᠨ ᠤ ᠬᠡᠳᠤ ᠮᠠᠯᠳᠠᠯᠳᠠ ᠶᠢᠨ ᠤᠷᠤᠨ ᠤ ᠵᠠᠰᠠᠯᠳᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠯᠤᠰ ᠲᠦᠷᠤ ᠶᠢᠨ ᠵᠤᠭᠰᠤᠴᠠ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠤᠨ᠂ ᠳᠤᠰ ᠲᠦᠷᠤᠯ ᠤᠨ ᠠᠵᠢᠯ ᠤᠨ ᠴᠢᠬᠤᠯᠠ ᠤᠯᠤᠰ ᠲᠦᠷᠤ ᠶᠢᠨ ᠠᠴᠢ ᠬᠤᠯᠪᠤᠭᠳᠠᠯ ᠢ ᠬᠦᠨᠵᠡᠬᠡᠢ ᠳᠠᠨᠢᠵᠤ᠂ ᠲᠦᠰᠤᠯ ᠳᠤ ᠳᠤᠷᠠᠳᠤᠭᠰᠡᠨ ᠠᠷᠭ᠎ᠠ ᠠᠪᠴᠠᠯ᠂ ᠴᠠᠭ ᠬᠢᠵᠠᠭᠠᠷᠯᠠᠯ ᠪᠠ ᠬᠠᠷᠢᠭᠤᠴᠠᠯᠭ᠎ᠠ ᠶᠢᠨ ᠱᠠᠭᠠᠷᠳᠠᠯᠭ᠎ᠠ ᠶᠤᠰᠤᠭᠠᠷ ᠤᠰᠤ ᠶᠢ ᠡᠷᠤᠬᠡ ᠳᠤ ᠬᠤᠪᠢᠶᠠᠷᠢᠯᠠᠬᠤ᠂ ᠮᠠᠯ ᠳᠠᠷᠢᠶᠠᠯᠠᠩ ᠤᠨ ᠠᠵᠤ ᠤᠶᠢᠯᠡᠰ ᠤᠨ ᠪᠦᠳᠤᠴᠠ ᠶᠢ ᠳᠤᠬᠢᠷᠠᠭᠤᠯᠬᠤ᠂ ᠠᠷᠪᠢᠳᠠᠢ ᠤᠰᠤᠯᠠᠯᠳᠠ ᠶᠢᠨ ᠮᠡᠷᠬᠡᠵᠢᠯ ᠢ ᠳᠡᠯᠬᠡᠷᠡᠬᠦᠯᠬᠦ ᠵᠡᠷᠬᠡ ᠠᠵᠢᠯ  ᠢ ᠰᠠᠶᠢᠳᠤᠷ ᠠᠤᠨᠬᠤᠵᠤ᠂ ᠮᠠᠨ ᠤ ᠬᠤᠰᠢᠭᠤᠨ ᠤ ᠭᠠᠵᠠᠷ ᠳᠤᠤᠷᠠᠬᠢ ᠤᠰᠤᠨ ᠤ ᠬᠡᠳᠤ ᠮᠠᠯᠳᠠᠯᠳᠠ ᠶᠢᠨ ᠠᠰᠠᠭᠤᠳᠠᠯ ᠪᠦᠳᠤᠮᠵᠢᠳᠠᠢ ᠵᠠᠰᠠᠯᠳᠠ ᠤᠯᠬᠤ ᠶᠢ ᠪᠠᠳᠤᠯᠠᠨ᠂ ᠤᠰᠤᠨ ᠰᠤᠷᠪᠤᠯᠵᠢ ᠶᠢᠨ ᠬᠢᠵᠠᠭᠠᠷ ᠱᠤᠭᠤᠮ ᠢ ᠪᠠᠳᠤ ᠰᠠᠬᠢᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠤᠯᠳᠠ ᠶᠢ ᠰᠤᠨᠤᠰᠪᠠ᠃ ᠬᠤᠷᠠᠯ ᠠᠴᠠ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠪᠤᠯ ᠴᠢᠬᠤᠯᠠ ᠤᠯᠤᠰ ᠲᠦᠷᠤ ᠶᠢᠨ ᠬᠠᠷᠢᠭᠤᠴᠠᠯᠭ᠎ᠠ ᠪᠠ ᠴᠢᠬᠤᠯᠠ ᠤᠯᠤᠰ ᠲᠦᠷᠤ ᠶᠢᠨ ᠡᠬᠦᠷᠬᠡ ᠪᠤᠯᠬᠤᠷ ᠨᠠᠷᠢᠯᠢᠭ ᠪᠠᠶᠢᠷᠢᠯᠠᠭᠤᠯᠤᠨ ᠢᠳᠡᠪᠬᠢᠳᠠᠢ ᠬᠦᠳᠡᠯᠤᠯᠴᠡᠵᠤ ᠤᠨᠤᠪᠴᠢᠳᠠᠢ ᠠᠷᠭᠠᠴᠠᠬᠤ ᠬᠡᠷᠡᠭᠳᠠᠢ᠃ ᠡᠯ᠎ᠡ ᠠᠵᠢᠯ ᠲᠦᠷᠤᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢᠬᠡᠳᠤᠯᠳᠠᠢ ᠲᠦᠯᠤᠪᠯᠡᠨ ᠳᠤᠬᠢᠷᠠᠭᠤᠯᠵᠤ᠂ ᠮᠡᠷᠬᠡᠵᠢᠯ ᠤᠨ ᠵᠢᠯᠤᠭᠤᠳᠤᠯᠭ᠎ᠠ ᠪᠠᠨ ᠴᠢᠩᠭᠠᠤᠨᠬᠠᠨ᠂ ᠬᠤᠯᠤᠭᠠᠨ᠎ᠠ ᠶᠢᠨ ᠬᠢᠵᠢᠭ ᠢ ᠰᠡᠷᠬᠡᠶᠢᠯᠡᠨ ᠬᠢᠵᠠᠭᠠᠷᠯᠠᠬᠤ ᠠᠵᠢᠯ  ᠢ ᠰᠢᠨᠵᠢᠯᠡᠬᠦ ᠤᠬᠠᠭᠠᠨᠴᠢ ᠡᠮᠬᠢᠳᠠᠢ ᠠᠬᠢᠭᠤᠯᠬᠤ ᠶᠢ ᠪᠠᠳᠤᠯᠠᠬᠤ ᠬᠡᠷᠡᠭᠳᠠᠢ᠃ ᠡᠯ᠎ᠡ ᠪᠠᠯᠭᠠᠰᠤ ᠬᠠᠷᠢᠶᠠᠳᠤ ᠭᠠᠵᠠᠷ ᠤᠨ ᠬᠠᠮᠢᠶᠠᠷᠤᠯᠳᠠ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠰᠠᠶᠢᠳᠤᠷ ᠪᠤᠳᠠᠳᠠᠶᠢᠵᠢᠭᠤᠯᠵᠤ᠂ ᠡᠳ᠋ ᠪᠤᠳᠠᠰ ᠨᠦᠬᠡᠴᠡᠯᠡᠬᠦ᠂ ᠠᠵᠢᠯᠳᠠᠨ ᠢ ᠰᠢᠯᠵᠢᠬᠦᠯᠤᠨ ᠳᠤᠮᠢᠯᠠᠬᠤ᠂ ᠤᠬᠠᠭᠤᠯᠤᠨ ᠵᠢᠯᠤᠭᠤᠤᠨᠬᠤ ᠵᠡᠷᠬᠡ ᠠᠵᠢᠯ ᠢ ᠰᠠᠶᠢᠨ ᠬᠢᠵᠤ᠂ ᠠᠷᠠᠤᠨ ᠲᠦᠮᠡᠨ ᠤ ᠠᠮᠢ ᠨᠠᠰᠤ ᠡᠷᠡᠬᠦᠯ ᠮᠠᠨᠳᠤ ᠶᠢᠨ ᠠᠮᠤᠷ ᠲᠦᠪᠰᠢᠨ ᠢ ᠪᠦᠬᠦ ᠬᠦᠴᠤᠨ ᠢᠶᠠᠷ ᠪᠠᠳᠤᠯᠠᠬᠤ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠷᠠᠯ ᠠᠴᠠ 2021 ᠤᠨ ᠤ ᠪᠦᠬᠦ ᠬᠤᠰᠢᠭᠤᠨ ᠤ ᠠᠵᠢᠯ ᠤᠨ ᠪᠦᠳᠤᠮᠵᠢ ᠶᠢ ᠰᠢᠯᠭᠠᠨ ᠬᠢᠨᠠᠬᠤ ᠳᠤᠭᠳᠠᠴᠠ ᠪᠠ 2020 ᠤᠨ ᠤ ︽ᠳᠠᠪᠤ ᠶᠢ ᠨᠢᠬᠡ ᠴᠤᠭᠴᠠᠵᠢᠭᠤᠯᠤᠭᠰᠡᠨ︾ ᠶᠠᠷᠤᠩᠬᠡᠢ ᠬᠢᠨᠠᠨ ᠰᠢᠯᠭᠠᠯᠳᠠ ᠦᠨᠡᠯᠡᠯᠳᠠ ᠶᠢᠨ ᠦᠷ᠎ᠠ ᠳ᠋ᠦᠩ ᠢ ᠰᠤᠳᠤᠯᠪᠠ᠃ ᠬᠤᠷᠠᠯ ᠠᠴᠠ᠂ ᠬᠢᠨᠠᠨ ᠰᠢᠯᠭᠠᠬᠤ ᠲᠦᠰᠤᠯ ᠢ ᠴᠢᠬᠤᠯᠠᠴᠢᠯᠠᠨ ᠦᠵᠡᠵᠤ ᠨᠠᠷᠢᠯᠢᠭ ᠰᠤᠳᠤᠯᠤᠨ᠂ ᠬᠢᠨᠠᠨ ᠰᠢᠯᠭᠠᠬᠤ ᠠᠭᠤᠯᠭ᠎ᠠ ᠶᠢ ᠤᠯᠠᠨ ᠵᠦᠢᠯ ᠤᠨ ᠠᠷᠭ᠎ᠠ ᠠᠪᠴᠠᠯ ᠢᠶᠠᠷ ᠠᠮᠢᠳᠤᠯᠢᠭ ᠢᠯᠡᠷᠡᠬᠦᠯᠬᠦ ᠬᠡᠷᠡᠭᠳᠠᠢ᠃ ᠬᠢᠨᠠᠨ ᠰᠢᠯᠭᠠᠯᠳᠠ ᠪᠠᠷ ᠳᠠᠮᠵᠢᠨ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠪᠠ ᠵᠦᠷᠢᠶ᠎ᠡ ᠶᠢ ᠡᠷᠢᠨ ᠭᠠᠷᠭᠠᠵᠤ᠂ ᠠᠵᠢᠯ ᠤᠨ ᠶᠠᠰᠤ ᠴᠢᠨᠠᠷ ᠢ ᠳᠡᠬᠡᠭᠰᠢᠯᠡᠬᠦᠯᠵᠤ ᠪᠦᠳᠤᠮᠵᠢ ᠶᠢ ᠨᠡᠮᠡᠭᠳᠡᠬᠦᠯᠬᠦ ᠶᠢ ᠠᠬᠢᠭᠤᠯᠬᠤ ᠬᠡᠷᠡᠭᠳᠠᠢ᠃ ᠬᠢᠨᠠᠨ ᠰᠢᠯᠭᠠᠯᠳᠠ ᠪᠠᠷ ᠺᠠᠳ᠋ᠷᠴᠤᠤᠨ ᠤᠨ ᠰᠢᠯᠢᠳᠡᠭ ᠢ ᠰᠤᠩᠭᠤᠨ ᠳᠡᠪᠰᠢᠬᠦᠯᠵᠤ ᠡᠯᠰᠡᠬᠦ ᠶᠢᠨ ᠯᠠᠪᠯᠠᠯᠳᠠ ᠪᠤᠯᠭᠠᠵᠤ᠂ ᠺᠠᠳ᠋ᠷᠴᠤᠤᠨ ᠤᠨ ᠳᠡᠷᠢᠬᠦᠨ ᠢ ᠡᠬᠦᠤᠨᠴᠤ ᠰᠢᠯᠢᠳᠡᠭ ᠪᠤᠯᠬᠤ ᠪᠠᠷ ᠴᠢᠷᠮᠠᠶᠢᠬᠤ ᠤᠬᠠᠮᠰᠠᠷ ᠢ ᠵᠢᠯᠤᠭᠤᠳᠤᠨ᠂ ᠪᠦᠬᠦ ᠬᠤᠰᠢᠭᠤᠨ ᠤ ᠠᠵᠢᠯ ᠳᠠᠬᠢᠨ ᠰᠢᠨ᠎ᠠ ᠳᠡᠭᠳᠡᠷ ᠲᠤ ᠭᠠᠷᠬᠤ ᠶᠢ ᠠᠬᠢᠭᠤᠯᠬᠤ ᠬᠡᠷᠡᠭᠳᠠᠢ ᠬᠡᠵᠤ ᠱᠠᠭᠠᠷᠳᠠᠭᠰᠡᠨ ᠪᠠᠶᠢᠨ᠎ᠠ᠃     ᠬᠤᠷᠠᠯ ᠠᠴᠠ ᠪᠠᠰᠠ ᠪᠤᠰᠤᠤᠨ ᠵᠦᠢᠯ ᠢ ᠰᠤᠳᠤᠯᠪᠠ᠃     ᠬᠤᠰᠢᠭᠤ ᠤᠳᠤᠷᠢᠳᠤᠯᠭ᠎ᠠ ᠭᠤᠣ ᠷᠥᠩ ᠲᠠᠩ᠂ ᠶᠢᠤ ᠵᠢᠶᠠᠨ ᠴᠢᠩ᠂ ᠸᠧᠢ ᠵᠧᠨ ᠰᠢᠤᠸᠠᠨ᠂ ᠰᠥᠩ ᠰᠢᠶᠣᠣ ᠯᠧᠢ᠂ ᠱᠢ ᠬᠤᠢ᠂ ᠶᠠᠩ ᠵᠢᠢ ᠴᠢᠶᠠᠩ᠂ ᠴᠢᠨ ᠯᠢᠩ ᠹᠧᠩ᠂ ᠴᠢ ᠵᠢᠶᠦ᠋ᠨ ᠵᠢᠴᠢ ᠡᠯ᠎ᠡ ᠪᠠᠯᠭᠠᠰᠤ᠂ ᠬᠤᠰᠢᠭᠤ ᠰᠢᠭᠤᠤᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠬᠤᠷᠠᠯ ᠳᠤ ᠤᠷᠤᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号