ᠸᠠᠩ ᠢᠦᠢ ᠴᠢᠶᠠᠩ ᠬᠤᠰᠢᠭᠤ ᠨᠡᠮ ᠤᠨ ᠬᠤᠷᠢᠶ᠎ᠠ ᠶᠢᠨ ᠬᠢᠨᠠᠨ ᠪᠣᠳᠣᠬᠤ ᠵᠦᠪᠯᠡᠯ ᠤᠨ 2021 ᠣᠨ ᠤ ᠬᠤᠶᠠᠳᠣᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2021/8/24
    8 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠶᠠᠳᠣᠭᠠᠷ ᠲᠡᠰ ᠤᠨ ᠲᠣᠭᠤᠷᠢᠨ ᠪᠠᠶᠢᠴᠠᠭᠠᠭᠴᠢ᠂ ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠣᠳᠣᠬᠤ ᠵᠦᠪᠯᠡᠯ ᠤᠨ ᠡᠷᠬᠢᠯᠡᠭᠴᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠣᠳᠣᠬᠤ ᠵᠦᠪᠯᠡᠯ ᠤᠨ 2021 ᠣᠨ ᠤ ᠬᠤᠶᠠᠳᠣᠭᠠᠷ ᠣᠳᠠᠭᠠᠨ ᠤ ᠬᠤᠷᠠᠯ ᠢ ᠡᠷᠬᠢᠯᠡᠨ ᠬᠤᠷᠠᠯᠳᠣᠭᠤᠯᠪᠠ᠃ ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠵᠣᠣ ᠱᠤᠸᠠᠨ᠂ ᠹᠦ᠋ ᠺᠧ᠂ ᠴᠢ ᠰᠢᠶᠠᠨ ᠴᠢᠩ᠂ ᠸᠠᠩ ᠯᠢᠨ ᠬᠤᠷᠠᠯ ᠳᠤ ᠣᠷᠣᠯᠴᠠᠪᠠ᠃     ᠬᠤᠷᠠᠯ ᠠᠴᠠ ᠲᠦᠪ ᠤᠨ ᠬᠢᠨᠠᠨ ᠪᠣᠳᠣᠬᠤ ᠵᠦᠪᠯᠡᠯ ᠤᠨ ᠲᠦᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠣᠯᠠᠮᠵᠢᠯᠠᠨ ᠰᠣᠷᠣᠯᠴᠠᠵᠣ᠂ ︽2020 ᠣᠨ ᠤ ᠬᠤᠰᠢᠭᠤ ᠱᠠᠳᠣᠨ ᠤ ᠡᠳ᠋ ᠤᠨ ᠵᠠᠰᠠᠭ ᠤᠨ ᠲᠦᠰᠦᠪ ᠤᠨ ᠬᠡᠷᠡᠭᠵᠢᠭᠦᠯᠦᠯᠳᠡ ᠪᠣᠯᠣᠨ ᠡᠳ᠋ ᠤᠨ ᠵᠠᠰᠠᠭ ᠡᠳ᠋ ᠤᠨ ᠶᠠᠪᠣᠳᠠᠯ ᠤᠨ ᠪᠣᠰᠣᠳ ᠣᠷᠣᠯᠭ᠎ᠠ ᠵᠠᠷᠣᠯᠭ᠎ᠠ  ᠶᠢᠨ ᠪᠠᠶᠢᠳᠠᠯ ᠢ ᠬᠢᠨᠠᠨ ᠪᠣᠳᠣᠭᠰᠠᠨ ᠠᠵᠢᠯ ᠤᠨ ᠮᠡᠳᠡᠭᠦᠯᠦᠯᠳᠡ︾ ᠶᠢ ᠰᠣᠨᠣᠰᠣᠨ᠂ ᠪᠦᠬᠦ ᠬᠤᠰᠢᠭᠤᠨ ᠤ ᠬᠢᠨᠠᠨ ᠪᠣᠳᠣᠬᠤ ᠠᠵᠢᠯ ᠢ ᠰᠣᠳᠣᠯᠣᠨ ᠲᠣᠬᠢᠷᠠᠭᠤᠯᠣᠯᠳᠠ ᠬᠢᠪᠠ᠃     ᠬᠤᠷᠠᠯ ᠠᠴᠠ᠂ ᠬᠢᠨᠠᠨ ᠪᠣᠳᠣᠯᠳᠠ ᠪᠣᠯ ᠨᠠᠮ ᠪᠣᠯᠣᠨ ᠣᠯᠣᠰ ᠤᠨ ᠬᠢᠨᠠᠯᠳᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠦᠷᠳᠡᠭᠡᠨ ᠠᠵᠣ ᠠᠬᠤᠢ ᠨᠠᠶᠢᠭᠡᠮ ᠤᠨ ᠴᠢᠨᠠᠷᠯᠢᠭ ᠬᠦᠭᠵᠢᠯᠳᠡ ᠶᠢ ᠠᠬᠢᠭᠤᠯᠬᠤ ︽ᠴᠢᠬᠤᠯᠠ ᠪᠠᠭᠠᠵᠢ︾ ᠪᠣᠯᠣᠨ᠎ᠠ᠂ ᠢᠯᠵᠡᠷᠡᠯ ᠢ ᠡᠰᠡᠷᠭᠦᠴᠡᠬᠦ ᠲᠡᠶᠢᠯᠦᠩᠭᠦᠢ ᠴᠢᠨᠠᠷ ᠤᠨ ᠢᠮᠠᠭᠳᠠ ᠪᠠᠷᠢᠮᠳᠠᠯᠠᠬᠤ ︽ᠬᠤᠷᠴᠠ ᠵᠡᠪᠰᠡᠩ︾ ᠪᠣᠯᠬᠤ ᠶᠣᠮ᠃ ᠬᠢᠨᠠᠨ ᠪᠣᠳᠣᠬᠤ ᠠᠵᠢᠯ ᠤᠨ ᠴᠠᠭ ᠦᠶ᠎ᠡ ᠶᠢᠨ ᠣᠷᠣᠨ ᠪᠠᠶᠢᠷᠢ᠂ ᠣᠯᠣᠰ ᠲᠦᠷᠦ ᠶᠢᠨ ᠪᠠᠶᠢᠷᠢ ᠲᠣᠭᠳᠠᠭᠠᠯᠳᠠ ᠶᠢ ᠭᠦᠨᠵᠡᠭᠡᠢ ᠣᠶᠢᠯᠠᠭᠠᠨ ᠣᠨᠣᠪᠴᠢᠳᠠᠢ ᠡᠵᠡᠮᠳᠡᠨ᠂ ᠶᠡᠷᠦᠩᠬᠡᠢ ᠱᠦᠵᠢ ᠰᠢ  ᠶᠢᠨ ᠫᠢᠩ ᠤᠨ ᠬᠢᠨᠠᠨ ᠪᠣᠳᠣᠬᠤ ᠠᠵᠢᠯ ᠤᠨ ᠲᠣᠬᠠᠢ ᠴᠢᠬᠤᠯᠠ ᠶᠠᠷᠢᠶ᠎ᠠ ᠪᠣᠯᠣᠨ ᠵᠢᠭᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠣ᠂ ᠲᠦᠪ ᠤᠨ ᠬᠢᠨᠠᠨ ᠪᠣᠳᠣᠬᠤ ᠵᠦᠪᠯᠡᠯ ᠤᠨ ᠲᠦᠷᠪᠡᠳᠦᠭᠡᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠦᠷᠢᠵᠢᠭᠤᠯᠣᠨ᠂ ᠡᠭᠦᠷᠭᠡ ᠬᠠᠷᠢᠭᠤᠴᠠᠯᠭ᠎ᠠ ᠪᠠᠨ ᠡᠷᠡᠰ ᠪᠡᠶᠡᠯᠡᠭᠦᠯᠵᠣ᠂ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠪᠠᠳᠦ ᠰᠠᠬᠢᠨ᠂ ᠬᠢᠨᠠᠨ ᠪᠣᠳᠣᠯᠳᠠ ᠶᠢᠨ ᠠᠰᠠᠭᠤᠳᠠᠯ ᠤᠨ ᠴᠡᠭᠴᠡᠯᠡᠯᠳᠡ ᠶᠢᠨ ᠬᠦᠴᠦᠨ ᠢ ᠴᠢᠩᠭᠠᠳᠬᠠᠵᠣ᠂ ᠬᠢᠨᠠᠨ ᠪᠣᠳᠣᠯᠳᠠ ᠶᠢᠨ ᠬᠢᠨᠠᠯᠳᠠ ᠲᠠᠯᠪᠢᠬᠤ ᠦᠷ᠎ᠡ ᠪᠦᠳᠦᠮᠵᠢ ᠶᠢ ᠦᠨᠡᠨ ᠬᠦ ᠲᠡᠭᠡᠭᠰᠢᠯᠡᠭᠦᠯᠦᠨ᠂ ᠦᠭᠡᠷᠡᠴᠢᠯᠡᠯᠳᠡ ᠬᠦᠭᠵᠢᠭᠦᠯᠦᠯᠳᠡ ᠶᠢᠨ ᠶᠡᠭᠡ ᠲᠠᠯ᠎ᠠ ᠳᠤ ᠨᠡᠩ ᠰᠠᠶᠢᠳᠦᠷ ᠣᠶᠢᠯᠡᠴᠢᠯᠡᠭᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠬᠤᠷᠠᠯ ᠠᠴᠠ᠂ ᠨᠠᠮ ᠤᠨ ᠬᠢᠨᠠᠨ ᠪᠣᠳᠣᠬᠤ ᠠᠵᠢᠯ ᠳᠠᠬᠢ ᠣᠳᠣᠷᠢᠳᠣᠯᠭ᠎ᠠ ᠶᠢ ᠪᠠᠷᠢᠮᠳᠠᠯᠠᠨ᠂ ᠬᠤᠰᠢᠭᠤ ᠨᠠᠮ  ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠬᠢᠨᠠᠨ ᠪᠣᠳᠣᠬᠤ ᠠᠵᠢᠯ ᠤᠨ ᠪᠦᠬᠦ ᠶᠠᠪᠣᠴᠠ᠂ ᠡᠯ᠎ᠡ ᠲᠠᠯ᠎ᠠ ᠳᠤ ᠲᠣᠣᠱᠯᠠᠭᠤᠯᠵᠣ᠂ ᠬᠢᠨᠠᠨ ᠪᠣᠳᠣᠬᠤ ᠠᠵᠢᠯ ᠢᠮᠠᠭᠳᠠ ᠵᠦᠪ ᠣᠨᠣᠪᠴᠢᠳᠠᠢ ᠣᠯᠣᠰ ᠲᠦᠷᠦ ᠶᠢᠨ ᠴᠢᠭᠯᠡᠯ ᠢᠶᠠᠷ ᠣᠷᠣᠭᠰᠢᠯᠠᠬᠤ ᠶᠢ ᠪᠠᠳᠣᠯᠠᠬᠤ ᠬᠡᠷᠡᠭᠳᠡᠢ᠃ ᠠᠰᠠᠭᠤᠳᠠᠯ ᠤᠨ ᠴᠡᠭᠴᠡᠯᠡᠯᠳᠡ ᠪᠣᠯᠣᠨ ᠦᠷ᠎ᠡ ᠪᠦᠳᠦᠮᠵᠢ ᠶᠢᠨ ᠠᠵᠢᠯᠯᠠᠮᠵᠢ ᠶᠢ ᠴᠢᠬᠤᠯᠠᠴᠢᠯᠠᠨ᠂ ᠨᠠᠶᠢᠳᠠᠪᠦᠷᠢᠵᠢᠭᠤᠯᠣᠯᠳᠠ ᠴᠡᠭᠴᠡᠯᠡᠯᠳᠡ ᠶᠢᠨ ᠦᠪᠡᠷ ᠤᠨ ᠣᠬᠠᠮᠰᠠᠷ ᠪᠣᠯᠣᠨ ᠰᠠᠨᠠᠭᠠᠴᠢᠯᠠᠭᠠᠳᠦ ᠴᠢᠨᠠᠷ ᠢ ᠲᠡᠭᠡᠭᠰᠢᠯᠡᠭᠦᠯᠵᠣ᠂ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠨ᠂ ᠴᠡᠭᠴᠡᠯᠡᠯᠳᠡ ᠶᠢᠨ ᠠᠵᠢᠯ ᠤᠨ ᠲᠦᠷᠦᠯ ᠵᠣᠶᠢᠯᠡᠰᠴᠢᠯᠡᠯᠳᠡ᠂ ᠨᠠᠷᠢᠨ ᠲᠠᠩᠰᠠᠯᠠᠴᠢᠯᠠᠯᠳᠠ᠂ ᠬᠠᠷᠢᠭᠤᠴᠠᠯᠭ᠎ᠠ ᠡᠭᠦᠷᠭᠡᠯᠡᠯᠳᠡ᠂ ᠴᠠᠭ ᠤᠨ ᠬᠢᠵᠠᠭᠠᠷᠯᠠᠯ ᠢ ᠠᠬᠢᠭᠤᠯᠵᠣ᠂ ᠠᠯᠢᠪᠠ ᠠᠰᠠᠭᠤᠳᠠᠯ ᠤᠨ ᠴᠡᠭᠴᠡᠯᠡᠯᠳᠡ ᠶᠢ ᠪᠡᠶᠡᠯᠡᠭᠦᠯᠬᠦ ᠬᠡᠷᠡᠭᠳᠡᠢ᠃ ᠬᠢᠨᠠᠨ ᠪᠣᠳᠣᠯᠳᠠ ᠶᠢᠨ ᠬᠢᠨᠠᠯᠳᠠ ᠲᠠᠯᠪᠢᠬᠤ ᠴᠢᠳᠠᠪᠬᠢ ᠶᠢ ᠦᠷᠭᠦᠯᠵᠢᠯᠡᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠰᠠᠶᠢᠳᠦᠷ ᠭᠦᠢᠴᠡᠳᠬᠡᠵᠣ᠂ ᠮᠠᠨ ᠤ ᠬᠤᠰᠢᠭᠤᠨ ᠤ ᠬᠢᠨᠠᠨ ᠪᠣᠳᠣᠬᠤ ᠠᠵᠢᠯ ᠢᠶᠠᠨ ᠰᠢᠨ᠎ᠡ ᠨᠢᠭᠡᠨ ᠲᠠᠪᠬᠤᠷ ᠲᠤ ᠭᠠᠷᠭᠠᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠨᠠᠮ ᠤᠨ ᠬᠤᠷᠢᠶ᠎ᠠ ᠶᠢᠨ ᠬᠢᠨᠠᠨ ᠪᠣᠳᠣᠬᠤ ᠵᠦᠪᠯᠡᠯ ᠤᠨ ᠪᠦᠷᠢᠯᠳᠦᠭᠦᠨ ᠪᠠᠶᠢᠭᠤᠯᠭ᠎ᠠ ᠶᠢᠨ ᠭᠤᠣᠯ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号