ᠪᠦᠬᠦ ᠪᠠᠯᠭᠠᠰᠣᠨ ᠤ ᠮᠠᠯ ᠲᠠᠷᠢᠶᠠᠯᠠᠩ ᠤᠨ ᠠᠵᠣ ᠣᠶᠢᠯᠠᠰ ᠤᠨ ᠪᠦᠳᠦᠴᠠ ᠶᠢᠨ ᠲᠣᠬᠢᠷᠠᠭᠤᠯᠣᠯᠳᠠ ᠶᠢ | ᠠᠬᠢᠭᠤᠯᠣᠨ᠂ ᠣᠳᠦ ᠦᠶ᠎ᠡ ᠶᠢᠨ ᠮᠠᠯ ᠲᠠᠷᠢᠶᠠᠯᠠᠩ ᠤᠨ ᠠᠵᠣ ᠣᠶᠢᠯᠠᠰ ᠤᠨ ᠡᠵᠡᠩᠨᠡᠯᠳᠡ ᠶᠢᠨ ᠬᠡᠪᠴᠢᠶᠡᠵᠢᠯ ᠢ | ᠦᠷᠭᠡᠳᠬᠡᠵᠣ᠂ ᠠᠵᠣ ᠣᠶᠢᠯᠠᠰᠵᠢᠭ᠍ᠰᠡᠨ ᠡᠵᠡᠩᠨᠡᠯᠳᠡ ᠶᠢᠨ ᠠᠯᠬᠤᠴᠠ ᠶᠢ ᠲᠦᠷᠭᠡᠳᠬᠡᠨ᠂ ᠮᠠᠯᠴᠢᠨ ᠲᠠᠷᠢᠶᠠᠴᠢᠳ | ᠤᠨ ᠪᠣᠷᠣᠯᠠᠭᠤᠯᠭ᠎ᠠ ᠶᠢᠨ ᠵᠠᠮ ᠢ ᠦᠷᠭᠡᠳᠬᠡᠵᠣ᠂ ᠮᠠᠯᠵᠢᠬᠤ ᠲᠠᠷᠢᠶᠠᠯᠠᠬᠤ ᠣᠷᠣᠨ ᠤ ᠢᠯᠡᠭᠦᠴᠡ ᠬᠦᠳᠡᠯᠮᠦᠷᠢ ᠬᠦᠴᠦ | ᠶᠢᠨ ᠠᠵᠢᠯ ᠣᠯᠭᠤᠯᠳᠠ ᠶᠢ ᠠᠬᠢᠭᠤᠯᠣᠨ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ | ᠶᠢᠨ ᠲᠣᠰᠠᠳᠠ᠂ ᠨᠡᠮ ᠤᠨ ᠲᠡᠤᠬᠡ ᠶᠢᠨ ᠬᠦᠮᠦᠵᠢᠯ ᠰᠣᠷᠣᠯᠴᠠᠯᠭ᠎ᠠ ᠶᠢᠨ ︽ᠠᠷᠠᠳ ᠣᠯᠠᠨ ᠳᠤ ᠪᠣᠳᠠᠳᠦ ᠣᠴᠢᠷ | ᠪᠦᠳᠦᠭᠡᠬᠦ︾ ᠠᠵᠢᠯ ᠤᠨ ᠱᠠᠭᠠᠷᠳᠠᠯᠭ᠎ᠠ ᠶᠣᠰᠣᠭᠠᠷ ᠪᠣᠷᠣᠪᠠᠯᠭᠠᠰᠦ ᠪᠠᠯᠭᠠᠰᠦ ᠪᠣᠳᠠᠳᠦ ᠪᠠᠶᠢᠳᠠᠯ ᠳᠤ ᠪᠠᠨ | ᠰᠠᠭᠤᠷᠢᠯᠠᠨ᠂ ᠣᠳᠦ ᠦᠶ᠎ᠡ ᠶᠢᠨ ᠮᠠᠯ ᠲᠠᠷᠢᠶᠠᠯᠠᠩ ᠤᠨ ᠠᠵᠣ ᠣᠶᠢᠯᠠᠰ ᠤᠨ ᠬᠦᠷᠢᠶᠡᠯᠡᠩ ᠤᠨ ᠪᠠᠶᠢᠭᠤᠯᠣᠯᠳᠠ ᠶᠢ | ᠪᠦᠬᠦ ᠪᠠᠯᠭᠠᠰᠣᠨ ᠤ ᠬᠠᠮᠤᠭ ᠴᠢᠬᠤᠯᠠ ᠠᠷᠠᠳ ᠤᠨ ᠠᠮᠢᠳᠣᠷᠠᠯ ᠤᠨ ᠪᠣᠳᠠᠳᠦ ᠶᠠᠪᠣᠳᠠᠯ ᠤᠨ ᠲᠦᠷᠦᠯ ᠵᠣᠶᠢᠯ | ᠪᠣᠯᠭᠠᠨ ᠴᠢᠬᠤᠯᠠᠴᠢᠯᠠᠭᠰᠠᠨ ᠮᠦᠷᠳᠡᠭᠡᠨ ᠪᠠᠯᠭᠠᠰᠣᠨ ᠤ ᠭᠤᠣᠯ ᠣᠳᠣᠷᠢᠳᠣᠯᠭ᠎ᠠ ᠦᠪᠡᠷ ᠤᠨ ᠪᠡᠶ᠎ᠡ ᠪᠠᠷ ᠢᠶᠠᠨ | ᠲᠦᠷᠦᠭᠦᠯᠡᠨ ᠲᠦᠷᠦᠯ ᠵᠣᠶᠢᠯ ᠤᠨ ᠠᠬᠢᠭᠤᠯᠣᠯᠳᠠ ᠶᠢ ᠠᠳᠬᠤᠭᠰᠠᠨ ᠪᠠᠶᠢᠨ᠎ᠠ᠂ ᠣᠳᠣᠬᠠᠨ ᠳᠤ᠂ ᠪᠠᠷᠠᠭ᠎ᠠ | ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠭᠤᠣᠯ ᠴᠣᠭᠴᠠ ᠶᠢᠨ ᠪᠠᠷᠢᠯᠭ᠎ᠠ ᠶᠢ ᠨᠢᠭᠡᠨᠳᠡ ᠲᠠᠭᠤᠰᠬᠠᠨ᠂ ᠬᠡᠰᠡᠭ | ᠬᠡᠪᠴᠢᠶᠡᠨ ᠳᠤ ᠨᠢᠭᠡᠨᠳᠡ ᠡᠵᠡᠩᠨᠡᠯᠳᠡ ᠪᠠᠨ ᠡᠬᠢᠯᠡᠭᠦᠯᠵᠣ᠂ ᠬᠤ᠋ ᠮᠧᠨ᠂ ᠴᠠᠩᠱᠠ᠂ ᠭᠦᠢᠯᠢᠨ ᠵᠡᠷᠭᠡ ᠡᠮᠦᠨᠡᠳᠦ | ᠣᠷᠣᠨ ᠤ ᠮᠣᠵᠢ ᠬᠤᠳᠠ ᠶᠢᠨ ᠠᠷᠠᠯᠵᠢᠶᠠᠴᠢᠳ ᠨᠢᠭᠡᠨᠳᠡ ᠲᠣᠰ ᠬᠦᠷᠢᠶᠡᠯᠡᠩ ᠲᠣᠭᠤᠷᠢᠭ ᠲᠤ ᠣᠷᠣᠵᠣ ᠰᠠᠭᠤᠭᠰᠠᠨ | ᠮᠦᠷᠳᠡᠭᠡᠨ ᠯᠠᠵᠣᠣ ᠬᠤᠳᠠᠯᠳᠣᠨ ᠠᠪᠴᠣ ᠡᠬᠢᠯᠡᠭᠡᠳ ᠪᠣᠷᠣᠪᠠᠯᠭᠠᠰᠦ ᠪᠠᠯᠭᠠᠰᠣᠨ ᠤ ᠮᠠᠯᠴᠢᠨ ᠲᠠᠷᠢᠶᠠᠴᠢᠳ ᠤᠨ | ᠪᠠᠶᠠᠵᠢᠯ ᠤᠨ ᠬᠦᠭᠦᠷᠭᠡ ᠬᠤᠯᠪᠣᠭᠠᠰᠦ ᠪᠣᠯᠣᠭᠰᠠᠨ ᠪᠠᠶᠢᠨ᠎ᠠ᠃ | ᠣᠳᠤᠭ ᠤᠨ ᠡᠮᠦᠨᠡᠳᠦ ᠬᠤᠰᠢᠭᠤᠨ ᠤ ᠪᠣᠷᠣᠪᠠᠯᠭᠠᠰᠦ ᠪᠠᠯᠭᠠᠰᠣᠨ ᠤ ᠣᠳᠦ ᠦᠶ᠎ᠡ ᠶᠢᠨ ᠮᠠᠯ ᠲᠠᠷᠢᠶᠠᠯᠠᠩ ᠤᠨ | ᠠᠵᠣ ᠣᠶᠢᠯᠠᠰ ᠤᠨ ᠬᠦᠷᠢᠶᠡᠯᠡᠩ ᠨᠢ ᠬᠤᠪᠢ ᠣᠷᠣᠭᠤᠯᠣᠭᠰᠠᠨ ᠬᠠᠮᠳᠣᠷᠠᠯᠴᠠᠭ᠎ᠠ᠂ ᠴᠣᠭᠴᠠᠵᠢᠭᠤᠯᠣᠭᠰᠠᠨ | ᠡᠵᠡᠩᠨᠡᠯᠳᠡ᠂ ᠨᠡᠶᠢᠭᠡᠮᠴᠢᠯᠡᠭᠰᠡᠨ ᠣᠶᠢᠯᠡᠴᠢᠯᠡᠭᠡ᠂ ᠠᠵᠣ ᠠᠬᠤᠶᠢᠯᠠᠯᠴᠢᠯᠠᠭᠰᠠᠨ ᠬᠠᠮᠢᠶᠠᠷᠣᠯᠳᠠ ᠵᠡᠷᠭᠡ ᠠᠷᠭ᠎ᠠ ᠮᠠᠶ᠋ᠢᠭ | ᠢᠶᠠᠷ ᠠᠰᠢᠭ ᠲᠣᠰᠠ ᠶᠢᠨ ᠬᠤᠯᠪᠣᠭᠠᠯᠠᠯ ᠪᠠᠶᠢᠭᠤᠯᠣᠨ᠂ ︽ᠠᠵᠣ ᠠᠬᠤᠶᠢᠯᠠᠯ + ᠬᠤᠷᠰᠢᠶᠠᠵᠢᠯ + ᠮᠠᠯᠴᠢᠨ | ᠲᠠᠷᠢᠶᠠᠴᠢᠨ ᠡᠷᠦᠬᠡ︾ ᠶᠢᠨ ᠡᠵᠡᠩᠨᠡᠯᠳᠡ ᠶᠢᠨ ᠵᠠᠭᠪᠣᠷ ᠢ ᠢᠳᠡᠪᠬᠢᠳᠡᠢ ᠰᠦᠪᠡᠭᠴᠢᠯᠡᠵᠣ᠂ 4 ᠠᠵᠣ ᠠᠬᠤᠶᠢᠯᠠᠯ᠂ | 1 ᠲᠠᠷᠢᠶᠠᠯᠠᠩ ᠤᠨ ᠮᠠᠰᠢᠨ ᠤ ᠬᠤᠪᠢ ᠡᠷᠦᠬᠡ᠂ 2 ᠲᠣᠰᠬᠠᠢ ᠬᠤᠷᠰᠢᠶᠡᠵᠢᠯ ᠪᠠ 2 ᠡᠷᠦᠬᠡ ᠶᠢᠨ ᠲᠠᠷᠢᠶᠠᠯᠠᠩ | ᠮᠠᠯᠵᠢᠯ ᠤᠨ ᠲᠠᠯᠠᠪᠠᠢ ᠲᠠᠢ ᠬᠤᠯᠪᠣᠭᠠᠯᠠᠨ ᠠᠵᠣ ᠣᠶᠢᠯᠠᠰᠵᠢᠭ᠍ᠰᠡᠨ ᠬᠤᠯᠪᠣᠭᠠᠳᠦ ᠴᠣᠭᠴᠠ ᠶᠢ ᠪᠠᠶᠢᠭᠤᠯᠪᠠ᠃ ᠵᠠᠬ᠎ᠠ | ᠲᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠣᠳᠣᠷᠢᠳᠣᠮᠵᠢ ᠪᠣᠯᠭᠠᠨ᠂ ᠡᠯ᠎ᠡ ᠲᠦᠷᠦᠯ ᠤᠨ ᠡᠵᠡᠩᠨᠡᠯᠳᠡ ᠶᠢᠨ | ᠭᠤᠣᠯ ᠴᠣᠭᠴᠠ ᠶᠢᠨ ᠬᠠᠮᠳᠦ ᠶᠢᠨ ᠬᠦᠭᠵᠢᠯᠳᠡ ᠶᠢ ᠵᠣᠷᠢᠭᠵᠢᠭᠤᠯᠣᠨ ᠲᠠᠶᠢᠴᠢᠯᠠᠵᠣ᠂ ᠣᠶᠢᠯᠠᠳᠪᠦᠷᠢᠯᠠᠯ᠂ | ᠪᠣᠯᠪᠠᠰᠣᠷᠠᠭᠤᠯᠣᠯᠳᠠ᠂ ᠨᠦᠭᠡᠴᠡ ᠵᠦᠭᠡᠭᠡᠪᠦᠷᠢᠯᠡᠯᠳᠡ᠂ ᠪᠣᠷᠣᠯᠠᠭᠤᠯᠭ᠎ᠠ ᠶᠢᠨ ᠪᠦᠬᠦ ᠠᠵᠣ ᠣᠶᠢᠯᠠᠰ ᠤᠨ ᠬᠡᠯᠬᠢᠶ᠎ᠡ ᠶᠢ | ᠪᠦᠷᠢᠳᠦᠭᠦᠯᠦᠨ᠂ ᠨᠢᠭᠡᠳᠦᠭᠡᠷ᠂ ᠬᠤᠶᠠᠳᠣᠭᠠᠷ᠂ ᠭᠤᠷᠪᠠᠳᠣᠭᠠᠷ ᠠᠵᠣ ᠣᠶᠢᠯᠠᠰ ᠤᠨ ᠰᠣᠯᠪᠢᠴᠠᠨ ᠠᠭᠤᠰᠣᠯᠴᠠᠭᠰᠠᠨ | ᠣᠳᠦ ᠦᠶ᠎ᠡ ᠶᠢᠨ ᠠᠵᠣ ᠣᠶᠢᠯᠠᠰ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠳᠦᠭᠦᠯᠵᠣ ᠪᠣᠢ᠃ | ᠲᠣᠰ ᠬᠦᠷᠢᠶᠡᠯᠡᠩ ᠲᠣᠭᠤᠷᠢᠭ ᠤᠨ ᠪᠦᠬᠦᠶᠢᠯᠡ ᠲᠦᠯᠦᠪᠵᠢᠭᠦᠯᠭᠡ ᠶᠢᠨ ᠬᠡᠷᠡᠭᠯᠡᠬᠦ ᠭᠠᠵᠠᠷ ᠤᠨ ᠲᠠᠯᠠᠪᠠᠢ ᠨᠢ 4. | 37 ᠲᠦᠮᠡᠨ ᠲᠡᠭᠰᠢ ᠲᠦᠷᠪᠡᠯᠵᠢᠨ ᠮᠧᠲᠷ᠂ ᠪᠠᠷᠢᠯᠭ᠎ᠠ ᠶᠢᠨ ᠲᠠᠯᠠᠪᠠᠢ 1.56 ᠲᠦᠮᠡᠨ ᠲᠡᠭᠰᠢ ᠲᠦᠷᠪᠡᠯᠵᠢᠨ ᠮᠧᠲᠷ᠂ | ᠶᠡᠷᠦᠩᠬᠡᠢ ᠪᠡᠯᠡ ᠣᠷᠣᠭᠤᠯᠣᠯᠳᠠ 6600 ᠲᠦᠮᠡᠨ ᠲᠦᠭᠦᠷᠢᠭ ᠪᠣᠯᠣᠨ᠎ᠠ᠃ ᠡᠭᠦᠨ ᠳᠤ ᠲᠦᠬᠦᠭᠡᠷᠦᠮᠵᠢᠳᠦ | ᠲᠠᠷᠢᠶᠠᠯᠠᠩ ᠳᠤ ᠬᠡᠷᠡᠭᠯᠡᠬᠦ ᠭᠠᠵᠠᠷ 1.14 ᠲᠦᠮᠡᠨ ᠲᠡᠭᠰᠢ ᠲᠦᠷᠪᠡᠯᠵᠢᠨ ᠮᠧᠲᠷ᠂ ᠢᠳᠢᠰᠢᠨ ᠨᠣᠭᠤᠭ᠎ᠠ ᠶᠢᠨ | ᠬᠦᠢᠳᠡᠨ ᠬᠡᠯᠬᠢᠶᠡᠨ ᠤ ᠬᠦᠮᠦᠷᠭᠡ 30 ᠪᠣᠢ᠃ ᠡᠭᠦᠨ ᠤ ᠵᠣᠷᠢᠯᠭ᠎ᠠ ᠨᠢ ᠪᠠᠯᠭᠠᠰᠣᠨ ᠲᠣᠭᠤᠷᠢᠭ ᠵᠢᠴᠢ ᠣᠶᠢᠷ᠎ᠠ | ᠬᠠᠪᠢ ᠶᠢᠨ ᠮᠠᠯᠴᠢᠨ ᠲᠠᠷᠢᠶᠠᠴᠢᠳ ᠲᠤ ᠠᠵᠣ ᠣᠶᠢᠯᠠᠰ ᠤᠨ ᠮᠡᠳᠡᠯᠭᠡ ᠪᠣᠯᠪᠠᠰᠣᠷᠠᠯ᠂ ᠰᠦᠯᠵᠢᠶᠡᠨ ᠲᠡᠭᠡᠷᠡᠬᠢ | ᠠᠷᠠᠯᠵᠢᠶ᠎ᠠ ᠬᠤᠳᠠᠯᠳᠤᠭ᠎ᠠ᠂ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠭᠦᠨ ᠤ ᠰᠢᠨ᠎ᠡ ᠰᠣᠷᠭᠤᠭ ᠢ | ᠪᠠᠳᠣᠯᠠᠬᠤ᠂ ᠰᠢᠯᠢᠨ ᠰᠣᠩᠭᠤᠵᠣ ᠪᠣᠭᠤᠳᠠᠯᠯᠠᠬᠤ ᠵᠡᠷᠭᠡ ᠰᠦᠯᠵᠢᠶᠡᠨ ᠲᠡᠭᠡᠷᠡᠭᠢ ᠪᠠ ᠵᠠᠬ᠎ᠠ ᠲᠡᠯᠭᠡᠭᠦᠷ ᠤᠨ | ᠣᠶᠢᠯᠡᠴᠢᠯᠡᠭᠡ ᠬᠠᠩᠭᠠᠬᠤ ᠶᠢ ᠪᠠᠳᠣᠯᠠᠵᠣ ᠮᠠᠯᠴᠢᠨ ᠲᠠᠷᠢᠶᠠᠴᠢᠳ ᠤᠨ ᠠᠵᠣ ᠣᠶᠢᠯᠠᠰ ᠢ ᠬᠦᠭᠵᠢᠭᠦᠯᠬᠦ ᠢᠳᠡᠪᠬᠢᠵᠢᠯ | ᠢ ᠣᠯᠠᠮ ᠨᠢᠭᠡ ᠠᠯᠬᠤᠮ ᠲᠠᠶᠢᠴᠢᠯᠠᠨ᠂ ᠪᠣᠷᠣᠯᠠᠭᠤᠯᠭ᠎ᠠ ᠶᠢᠨ ᠣᠷᠣᠯᠭ᠎ᠠ ᠶᠢ 4000 ᠲᠦᠮᠡᠨ ᠲᠦᠭᠦᠷᠢᠭ ᠠᠴᠠ | ᠲᠠᠪᠠᠭᠤᠯᠬᠤ ᠶᠢᠨ ᠬᠠᠮᠳᠦ ᠣᠶᠢᠷ᠎ᠠ ᠬᠠᠪᠢ ᠶᠢᠨ 2000 ᠭᠠᠷᠣᠢ ᠮᠠᠯᠴᠢᠨ ᠲᠠᠷᠢᠶᠠᠴᠢᠨ ᠡᠷᠦᠭᠡ ᠶᠢ ᠠᠵᠣ ᠣᠶᠢᠯᠠᠰ | ᠤᠨ ᠬᠡᠯᠬᠢᠶᠡᠨ ᠳᠤ ᠣᠷᠣᠯᠴᠠᠭᠤᠯᠣᠨ᠂ ᠡᠷᠦᠬᠡ ᠪᠦᠷᠢ ᠶᠢᠨ ᠬᠦᠮᠦᠨ ᠲᠣᠮᠳᠠᠴᠢ ᠣᠷᠣᠯᠭ᠎ᠠ ᠶᠢᠨ ᠨᠡᠮᠡᠭᠳᠡᠯ ᠢ ᠠᠳᠠᠭ | ᠲᠤ ᠪᠠᠨ 2 ᠲᠦᠮᠡᠨ ᠲᠦᠬᠦᠷᠢᠭ ᠠᠴᠠ ᠲᠠᠪᠠᠭᠤᠯᠬᠤ ᠬᠠᠷᠠᠯᠳᠠ ᠪᠠᠷ ᠪᠠᠶᠢᠭᠤᠯᠵᠣ ᠪᠠᠶᠢᠭ᠎ᠠ ᠶᠣᠮ᠃ | | |