ᠸᠠᠩ ᠢᠦᠢ ᠴᠢᠶᠠᠩ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠠᠵᠢᠯ ᠢ ᠪᠣᠳᠠᠳᠦ ᠭᠠᠵᠠᠷ ᠲᠤ ᠨᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2021/8/26
    8 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠶᠠᠳᠣᠭᠠᠷ ᠲᠡᠰ ᠤᠨ ᠲᠣᠭᠤᠷᠢᠨ ᠪᠠᠶᠢᠴᠠᠭᠠᠭᠴᠢ ᠸᠠᠩ ᠢᠦᠢ ᠴᠢᠶᠠᠩ ᠮᠠᠨ ᠤ ᠬᠤᠰᠢᠭᠤᠨ ᠤ ᠪᠣᠯᠪᠠᠰᠣᠨ ᠬᠤᠳᠠ ᠶᠢᠨ ᠴᠣᠭᠴᠠᠯᠠᠯᠳᠠ  ᠶᠢᠨ ᠠᠵᠢᠯ ᠢ ᠪᠣᠳᠠᠳᠦ ᠭᠠᠵᠠᠷ ᠲᠤ ᠨᠢ ᠪᠠᠶᠢᠴᠠᠭᠠᠨ ᠵᠢᠯᠣᠭᠤᠳᠪᠠ᠃     ᠸᠠᠩ ᠢᠦᠢ  ᠴᠢᠶᠠᠩ ᠣᠷᠢᠳ ᠬᠤᠵᠢᠳ ᠵᠡᠭᠡᠯᠢ ᠭᠤᠳᠣᠮᠵᠢ᠂ ᠰᠠᠭᠤᠭᠠᠯᠢ ᠲᠣᠭᠤᠷᠢᠭ᠂ ᠵᠠᠬ᠎ᠠ ᠲᠡᠯᠭᠡᠭᠦᠷ᠂ ᠨᠡᠶᠢᠭᠡᠮ ᠲᠣᠭᠤᠷᠢᠭ᠂ ᠮᠠᠰᠢᠨ ᠲᠡᠷᠭᠡᠨ ᠦᠷᠳᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ᠂ ᠮᠠᠨ ᠤ ᠬᠤᠰᠢᠭᠤᠨ ᠤ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠠᠵᠢᠯ ᠮᠡᠳᠡᠭᠦᠯᠦᠯᠳᠡ ᠶᠢ ᠰᠣᠨᠣᠰᠴᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡᠨ ᠵᠣᠭᠰᠣᠭᠠᠯ᠂ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠪᠠᠶᠢᠳᠠᠯ ᠵᠢᠴᠢ ᠬᠤᠯᠪᠣᠭᠳᠠᠯ ᠪᠦᠬᠦᠢ ᠠᠵᠢᠯ ᠲᠦᠷᠦᠯ ᠤᠨ ᠲᠦᠷᠢᠮᠵᠢᠭᠦᠨ ᠪᠠᠶᠢᠷᠢᠯᠠᠭᠤᠯᠣᠯᠳᠠ ᠵᠡᠷᠭᠡ ᠪᠠᠶᠢᠳᠠᠯ ᠢ ᠪᠣᠳᠠᠳᠦ ᠭᠠᠵᠠᠷ  ᠲᠤ ᠨᠢ ᠬᠦᠷᠴᠦ ᠦᠵᠡᠭᠰᠡᠨ ᠮᠦᠷᠳᠡᠭᠡᠨ ᠬᠠᠮᠢᠶ᠎ᠠ ᠪᠦᠬᠦᠢ ᠠᠵᠢᠯᠳᠠᠨ ᠲᠠᠢ ᠶᠠᠷᠢᠯᠴᠠᠨ᠂ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠠᠵᠢᠯ ᠲᠣᠮᠳᠠᠬᠢ ᠬᠦᠴᠢᠷᠳᠡᠯ ᠪᠣᠯᠣᠨ ᠠᠰᠠᠭᠤᠳᠠᠯ ᠢ ᠨᠠᠷᠢᠨ ᠠᠰᠠᠭᠤᠨ ᠣᠶᠢᠯᠠᠭᠠᠬᠤ ᠶᠢᠨ ᠬᠠᠮᠳᠦ ᠵᠢᠯᠣᠭᠤᠳᠬᠤ ᠴᠢᠨᠠᠷ ᠲᠠᠢ ᠰᠠᠨᠠᠭᠤᠯᠭ᠎ᠠ ᠲᠣᠷᠠᠳᠣᠭᠰᠠᠨ ᠪᠠᠶᠢᠨ᠎ᠠ᠃     ᠸᠠᠩ ᠢᠦᠢ ᠴᠢᠶᠠᠩ᠂ ᠪᠦᠬᠦ ᠣᠯᠣᠰ ᠤᠨ ᠪᠣᠯᠪᠠᠰᠣᠨ ᠬᠤᠳᠠ ᠶᠢᠨ ᠴᠣᠭᠴᠠᠯᠠᠯᠳᠠ ᠪᠣᠯ ᠬᠤᠳᠠ ᠪᠠᠯᠭᠠᠰᠣᠨ  ᠤ ᠬᠡᠪ ᠴᠢᠨᠰᠠᠭ᠎ᠠ ᠶᠢ ᠲᠡᠭᠡᠭᠰᠢᠯᠡᠭᠦᠯᠣᠨ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠠᠷᠠᠳ ᠤᠨ ᠠᠮᠢᠳᠣᠷᠠᠯ ᠤᠨ ᠢᠨᠵᠧᠨᠧᠷᠢᠩ ᠪᠣᠯᠣᠨ᠎ᠠ᠂ ᠬᠤᠳᠠ ᠪᠠᠯᠭᠠᠰᠣᠨ ᠤ ᠲᠦᠷᠢ ᠲᠦᠷᠬᠦ ᠶᠢ ᠲᠡᠭᠡᠭᠰᠢᠯᠡᠭᠦᠯᠬᠦ᠂ ᠬᠤᠳᠠ ᠪᠠᠯᠭᠠᠰᠣᠨ ᠤ ᠬᠠᠮᠢᠶᠠᠷᠣᠯᠳᠠ ᠶᠢᠨ ᠲᠦᠪᠰᠢᠨ ᠢ ᠲᠡᠭᠡᠭᠰᠢᠯᠡᠭᠦᠯᠬᠦ᠂ ᠰᠠᠭᠤᠭᠠᠯᠢ ᠠᠷᠠᠳ ᠤᠨ ᠠᠮᠢᠳᠣᠷᠠᠯ ᠤᠨ ᠨᠦᠭᠦᠴᠡᠯ ᠢ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠣᠮ᠃ ᠣᠷᠳᠦ ᠬᠤᠭᠤᠴᠠᠭᠠᠨ ᠤ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠮᠠᠨ ᠤ ᠬᠤᠰᠢᠭᠤ ᠪᠦᠬᠦ ᠣᠯᠣᠰ ᠤᠨ ᠪᠣᠯᠪᠠᠰᠣᠨ ᠬᠤᠳᠠ ᠶᠢᠨ ᠡᠩᠨᠡᠭᠡᠨ ᠳᠤ ᠣᠷᠣᠭᠰᠠᠨ ᠶᠣᠮ᠃ ᠪᠦᠬᠦ ᠬᠤᠰᠢᠭᠤ ᠪᠠᠷ ᠢᠶᠠᠨ ᠦᠵᠡᠯ ᠣᠬᠠᠮᠰᠠᠷ ᠢᠶᠠᠨ ᠣᠯᠠᠮ ᠨᠢᠭᠡ ᠠᠯᠬᠤᠮ ᠲᠡᠭᠡᠭᠰᠢᠯᠡᠭᠦᠯᠦᠨ᠂ ᠴᠣᠭᠴᠠᠯᠠᠯᠳᠠ ᠶᠢᠨ ᠠᠵᠢᠯ ᠢ ᠴᠢᠬᠤᠯᠠᠴᠢᠯᠠᠵᠣ᠂ ᠠᠵᠢᠯ ᠢᠶᠠᠨ ᠰᠣᠯᠠᠷᠠᠭᠤᠯᠬᠤ ᠦᠭᠡᠢ᠂ ᠪᠠᠷᠢᠮᠵᠢᠶ᠎ᠠ ᠪᠠᠨ ᠲᠣᠷᠣᠭᠰᠢᠯᠠᠭᠤᠯᠬᠤ ᠦᠭᠡᠢ᠂ ᠬᠦᠴᠦᠨ ᠢᠶᠠᠨ ᠪᠠᠭᠤᠷᠠᠭᠤᠯᠬᠤ ᠦᠭᠡᠢ ᠶᠢ ᠪᠠᠷᠢᠮᠳᠠᠯᠠᠨ᠂ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠦᠷ᠎ᠡ ᠪᠦᠳᠦᠮᠵᠢ ᠪᠠᠨ ᠪᠠᠬᠢᠵᠢᠭᠦᠯᠬᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠸᠠᠩ ᠢᠦᠢ ᠴᠢᠶᠠᠩ᠂ ᠴᠣᠭᠴᠠᠯᠠᠯᠳᠠ ᠶᠢᠨ ᠪᠠᠷᠢᠮᠵᠢᠶ᠎ᠠ ᠱᠠᠭᠠᠷᠳᠠᠯᠭ᠎ᠠ ᠶᠣᠰᠣᠭᠠᠷ ᠲᠣᠰᠢᠶᠠᠯ ᠬᠠᠷᠢᠭᠤᠴᠠᠯᠭ᠎ᠠ  ᠪᠠᠨ ᠲᠣᠳᠣᠷᠬᠠᠶᠢᠯᠠᠨ᠂ ᠡᠭᠦᠷᠭᠡ ᠪᠠᠨ ᠨᠠᠷᠢᠯᠢᠭᠵᠢᠭᠤᠯᠣᠨ᠂ ᠡᠯ᠎ᠡ ᠲᠦᠷᠦᠯ ᠤᠨ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠦᠷᠢᠵᠢᠭᠤᠯᠣᠯᠳᠠ ᠶᠢ ᠪᠣᠳᠠᠳᠠᠶᠢᠵᠢᠭᠤᠯᠬᠤ ᠬᠡᠷᠡᠭᠳᠡᠢ᠃ ᠡᠯ᠎ᠡ ᠲᠠᠯ᠎ᠠ ᠶᠢᠨ ᠬᠢᠨ ᠤ ᠬᠦᠴᠦᠨ ᠢ ᠨᠢᠭᠳᠠᠷᠠᠭᠤᠯᠣᠨ᠂ ᠬᠠᠮᠳᠦ ᠪᠠᠷ ᠬᠠᠮᠢᠶᠠᠷᠣᠨ ᠬᠠᠷᠢᠯᠴᠠᠨ ᠠᠬᠢᠭᠤᠯᠵᠣ᠂ ᠪᠦᠬᠦ ᠠᠷᠠᠳ ᠢ ᠲᠠᠶᠢᠴᠢᠯᠠᠨ᠂ ᠴᠣᠭᠴᠠᠯᠠᠯᠳᠠ ᠶᠢᠨ ᠬᠠᠮ ᠬᠦᠴᠦᠨ ᠢ ᠪᠦᠷᠢᠯᠳᠦᠭᠦᠯᠬᠦ ᠬᠡᠷᠡᠭᠳᠡᠢ᠃ ᠣᠷᠣᠰᠢᠵᠣ ᠪᠠᠶᠢᠭ᠎ᠠ ᠡᠯ᠎ᠡ ᠲᠠᠯ᠎ᠠ ᠶᠢᠨ ᠠᠰᠠᠭᠤᠳᠠᠯ ᠢ ᠭᠦᠨᠵᠡᠭᠡᠢ ᠪᠠᠶᠢᠴᠠᠭᠠᠨ᠂ ᠪᠣᠳᠠᠳᠠᠢ ᠪᠦᠳᠦᠮᠵᠢᠳᠡᠢ ᠠᠷᠭ᠎ᠠ ᠠᠪᠴᠠᠯ ᠠᠪᠴᠦ᠂ ᠲᠣᠳᠠᠭᠤᠳᠠᠯ ᠢᠶᠠᠨ ᠨᠦᠬᠦᠪᠦᠷᠢᠯᠡᠬᠦ᠂ ᠪᠠᠭᠤᠷᠢ ᠲᠠᠯ᠎ᠠ ᠪᠠᠨ ᠬᠦᠴᠦᠷᠭᠡᠭᠵᠢᠭᠦᠯᠬᠦ᠂ ᠴᠡᠭᠴᠡᠯᠡᠯᠳᠡ ᠶᠢ ᠠᠳᠬᠤᠬᠤ ᠪᠠᠶᠢᠩᠭᠤᠵᠢᠭᠰᠠᠨ ᠣᠷᠳᠦ ᠬᠤᠭᠤᠴᠠᠭᠠᠨ ᠤ ᠲᠣᠭᠳᠠᠴᠠ ᠶᠢ ᠪᠠᠶᠢᠭᠤᠯᠬᠤ ᠬᠡᠷᠡᠭᠳᠡᠢ᠃ ᠣᠯᠠᠨ ᠰᠠᠯᠠᠭ᠎ᠠ ᠮᠦᠴᠢᠷ ᠬᠠᠮᠳᠣᠷᠠᠨ ᠬᠠᠣᠯᠢ ᠬᠡᠷᠡᠭᠵᠢᠭᠦᠯᠵᠣ᠂ ᠠᠵᠢᠯ ᠤᠨ ᠠᠷᠭ᠎ᠠ ᠠᠪᠴᠠᠯ ᠪᠣᠯᠣᠨ ᠬᠠᠮᠢᠶᠠᠷᠣᠯᠳᠠ ᠶᠢᠨ ᠲᠣᠭᠳᠠᠯᠴᠠᠭ᠎ᠠ ᠶᠢ ᠲᠠᠰᠣᠷᠠᠯᠳᠠ ᠦᠭᠡᠢ ᠲᠡᠭᠦᠯᠳᠡᠷᠵᠢᠭᠦᠯᠣᠨ᠂ ᠠᠰᠠᠭᠤᠳᠠᠯ ᠢᠯᠡᠷᠡᠭᠦᠯᠪᠡᠯ ᠲᠠᠷᠣᠢ ᠲᠦᠷᠭᠡᠨ ᠴᠠᠭ ᠲᠣᠬᠠᠢ ᠳᠤᠨᠢ ᠴᠡᠭᠴᠡᠯᠡᠭᠦ ᠬᠡᠷᠡᠭᠳᠡᠢ᠃ ᠠᠰᠠᠭᠤᠳᠠᠯ ᠳᠤ ᠴᠢᠭᠯᠡᠭᠦᠯᠣᠨ ᠬᠠᠷᠢᠭᠤᠴᠠᠯᠭ᠎ᠠ ᠶᠢ ᠪᠣᠳᠠᠳᠠᠶᠢᠵᠢᠭᠤᠯᠵᠣ᠂ ᠴᠠᠭ ᠤᠨ ᠬᠢᠵᠠᠭᠠᠷᠯᠠᠯ ᠢ ᠲᠣᠳᠣᠷᠬᠠᠶᠢᠯᠠᠨ᠂ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠠᠵᠢᠯ ᠢ ᠦᠨᠳᠦᠷ ᠪᠠᠷᠢᠮᠵᠢᠶ᠎ᠠ ᠲᠠᠢ ᠪᠠᠷ ᠴᠢᠨᠠᠷᠯᠢᠭ ᠠᠬᠢᠭᠤᠯᠵᠣ᠂ ᠪᠣᠯᠪᠠᠰᠣᠨ ᠬᠤᠳᠠ ᠶᠢᠨ ᠴᠣᠭᠴᠠᠯᠠᠯᠳᠠ ᠶᠢᠨ ᠠᠵᠢᠯ ᠤᠨ ᠪᠣᠳᠠᠳᠦ ᠪᠦᠳᠦᠮᠵᠢ ᠶᠢ ᠠᠷᠠᠳ ᠣᠯᠠᠨ ᠳᠤ ᠡᠳ᠋ᠯᠡᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠵᠣᠣ ᠱᠤᠸᠠᠨ᠂ ᠵᠠᠩ ᠬᠤᠩ ᠵᠢᠶᠦ᠋ᠨ᠂ ᠣᠷᠬᠢᠯ᠂ ᠹᠦ᠋ ᠺᠧ᠂ ᠱᠢ ᠬᠤᠢ᠂ ᠴᠢᠨ ᠯᠢᠩ ᠹᠧᠩ᠂ ᠵᠠᠩ ᠱᠢ ᠹᠦ᠋ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠮᠳᠦ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号