ᠨᠠᠩᠰᠣ ᠪᠠᠯᠭᠠᠰᠣ ︽ᠣᠳᠣ ᠦᠶ᠎ᠡ ᠶᠢᠨ ᠮᠠᠯ ᠠᠵᠤ ᠠᠬᠤᠢ ᠶᠢᠨ ᠵᠠᠭᠤᠨ ᠡᠷᠦᠬᠡ ᠶᠢᠨ ᠵᠢᠱᠢᠶ᠎ᠡ ᠦᠵᠡᠬᠦᠯᠬᠦ ᠬᠤᠯᠪᠣᠭᠠᠲᠤ ᠪᠠᠶᠢᠭᠤᠯᠤᠯᠲᠠ︾ ᠶᠢᠨ ᠲᠦᠷᠦᠯ ᠵᠦᠢᠯ ᠢ ᠡᠬᠢᠯᠡᠬᠦᠯᠬᠦ ᠶᠤᠰᠤᠯᠠᠯ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/8/4
    ︽ᠠᠵᠤ ᠠᠬᠤᠶᠢᠯᠠᠯ + ᠮᠠᠯᠴᠢᠨ ᠲᠠᠷᠢᠶᠠᠴᠢᠨ︾ ᠤ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢ ᠣᠯᠠᠮ ᠨᠢᠭᠡ ᠠᠯᠬᠤᠮ ᠲᠡᠭᠦᠯᠳᠡᠷᠵᠢᠬᠦᠯᠵᠦ᠂ ᠠᠮᠢ ᠠᠬᠤᠢ᠂ ᠬᠠᠩᠭᠠᠯᠭ᠎ᠠ᠂ ᠡᠳ᠋ᠰᠢᠬᠦᠯᠦᠯᠲᠡ ᠪᠠ ᠪᠣᠷᠣᠯᠠᠭᠤᠯᠭ᠎ᠠ ᠶᠢᠨ ᠬᠡᠯᠬᠢᠶ᠎ᠡ ᠶᠢ ᠴᠤᠭᠴᠠᠵᠢᠭᠤᠯᠤᠭᠰᠠᠨ ᠠᠵᠤ ᠦᠢᠯᠡᠰ ᠤᠨ ᠬᠤᠯᠪᠤᠭᠠᠲᠤ ᠬᠦᠭᠵᠢᠯᠲᠡ ᠶᠢᠨ ᠵᠠᠭᠪᠤᠷ ᠢ ᠪᠠᠶᠢᠭᠤᠯᠬᠤ  ᠶᠢᠨ ᠲᠤᠰᠠᠳᠠ᠂ ᠣᠶᠢᠷ᠎ᠠ ᠶᠢᠨ ᠡᠳᠦᠷ᠂ ᠨᠠᠩᠰᠣ ᠪᠠᠯᠭᠠᠰᠣᠨ ᠤ ︽ᠣᠳᠣ ᠦᠶ᠎ᠡ ᠶᠢᠨ ᠮᠠᠯ ᠠᠵᠤ ᠠᠬᠤᠢ ᠶᠢᠨ ᠵᠠᠭᠤᠨ ᠡᠷᠦᠬᠡ ᠶᠢᠨ ᠵᠢᠱᠢᠶ᠎ᠡ ᠦᠵᠡᠬᠦᠯᠬᠦ ᠬᠤᠯᠪᠤᠭᠠᠲᠤ ᠪᠠᠶᠢᠭᠤᠯᠤᠯᠲᠠ︾ ᠶᠢᠨ ᠲᠦᠷᠦᠯ ᠵᠦᠢᠯ ᠢ ᠡᠬᠢᠯᠡᠬᠦᠯᠬᠦ ᠶᠤᠰᠤᠯᠠᠯ ᠨᠠᠩᠰᠣ ᠭᠠᠴᠠᠭᠠᠨ ᠤ ᠮᠠᠯᠴᠢᠨ ᠴᠡᠩᠬᠡᠯᠵᠢᠷᠭᠠᠯ ᠤᠨ ᠬᠢᠨ ᠳᠤ ᠶᠠᠪᠤᠭᠳᠠᠪᠠ᠃ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠢᠦ ᠵᠢᠶᠡᠨ ᠴᠢᠩ᠂ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠠᠷᠤᠭ᠎ᠠ ᠡᠷᠳᠡᠨᠢᠪᠢᠯᠢᠭ᠂ ᠦᠭᠡᠷᠡᠴᠢᠯᠡᠯᠲᠡ ᠶᠢᠨ ᠰᠣᠳᠣᠯᠭᠠᠨ ᠤ ᠲᠦᠪ ᠤᠨ ᠡᠷᠬᠢᠯᠡᠭᠴᠢ ᠮᠠ ᠰᠢᠦᠸᠡᠢ ᠯᠢᠶᠠᠩ ᠶᠤᠰᠤᠯᠠᠯ ᠳᠤ ᠣᠷᠣᠯᠴᠠᠪᠠ᠃ ᠨᠠᠩᠰᠣ ᠪᠠᠯᠭᠠᠰᠣᠨ ᠤ ᠨᠠᠮ ᠵᠠᠰᠠᠭ ᠤᠨ ᠣᠳᠣᠷᠢᠳᠬᠤ ᠪᠠᠭ ᠤᠨ ᠪᠦᠬᠦ ᠪᠦᠷᠢᠯᠳᠦᠬᠦᠨ᠂ ᠡᠯ᠎ᠡ ᠭᠠᠴᠠᠭ᠎ᠠ ᠨᠡᠶᠢᠬᠡᠮ ᠲᠤᠭᠤᠷᠢᠭ ᠤᠨ ︽ᠬᠤᠶᠠᠷ ᠵᠦᠪᠯᠡᠯ︾ ᠤᠨ ᠬᠠᠷᠢᠭᠤᠴᠠᠯᠭᠠᠲᠠᠨ᠂ ᠵᠠᠭᠤᠨ ᠡᠷᠦᠬᠡ ᠶᠢᠨ ᠬᠤᠯᠪᠤᠭᠠᠲᠤ ᠪᠠᠶᠢᠭᠤᠯᠤᠯᠲᠠ ᠶᠢᠨ ᠲᠦᠷᠦᠯ ᠵᠦᠢᠯ ᠤᠨ ᠵᠢᠱᠢᠶ᠎ᠡ ᠦᠵᠡᠬᠦᠯᠬᠦ ᠡᠷᠦᠬᠡ ᠶᠢᠨ ᠲᠦᠯᠦᠭᠡᠯᠡᠭᠴᠢ ᠪᠠ ᠪᠠᠯᠭᠠᠰᠣᠨ ᠤ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠲᠦᠬᠡᠮᠡᠯᠵᠢᠬᠦᠯᠦᠯᠲᠡ ᠶᠢᠨ ᠲᠦᠪ  ᠤᠨ ᠪᠦᠬᠦ ᠠᠵᠢᠯᠲᠠᠨ ᠶᠤᠰᠤᠯᠠᠯ ᠳᠤ ᠣᠷᠣᠯᠴᠠᠪᠠ᠃     ᠶᠤᠰᠤᠯᠠᠯ ᠳᠡᠭᠡᠷ᠎ᠡ᠂ ᠪᠠᠯᠭᠠᠰᠣᠨ ᠤ ᠨᠠᠮ ᠤᠨ ᠬᠤᠷᠢᠶᠠᠨ ᠤ ᠱᠦᠵᠢ ᠷᠠᠰᠢ᠂ ᠦᠨᠦ ᠵᠢᠯ ᠪᠤᠯ ︽ᠠᠷᠪᠠᠨ ᠳᠦᠷᠪᠡᠳᠦᠬᠡᠷ ᠲᠠᠪᠤᠨ ᠵᠢᠯ ᠤᠨ ᠲᠦᠯᠦᠪᠵᠢᠬᠦᠯᠬᠡ︾ ᠶᠢᠨ ᠡᠬᠢᠯᠡᠯᠡᠲᠡ ᠶᠢᠨ ᠵᠢᠯ ᠪᠣᠯᠣᠨ᠎ᠠ᠂ ᠮᠦᠨᠴᠦ ᠶᠠᠳᠠᠭᠤ  ᠠᠴᠠ ᠠᠩᠭᠢᠵᠢᠷᠠᠭᠤᠯᠬᠤ ᠰᠢᠪᠲᠤᠯᠤᠯᠲᠠ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠶᠢ ᠪᠦᠲᠦᠮᠵᠢᠲᠡᠢ ᠠᠪᠴᠠᠯᠳᠣᠭᠤᠯᠬᠤ ᠵᠢᠯ ᠶᠣᠮ᠂ ᠲᠦᠪ ᠬᠤᠷᠢᠶᠠᠨ ᠠᠴᠠ ᠬᠤᠰᠢᠭᠤ ᠬᠦᠷᠲᠡᠯᠡᠬᠢ ᠡᠯ᠎ᠡ ᠱᠠᠲᠤᠨ ᠤ ᠭᠠᠷᠭᠠᠭᠰᠠᠨ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠰᠢᠷᠢᠰ ᠲᠦᠷᠦ ᠶᠢᠨ ᠪᠤᠳᠤᠯᠭ᠎ᠠ ᠨᠢ ᠪᠢᠳᠡᠨ  ᠤ ᠲᠤᠰ ᠲᠦᠷᠦᠯ ᠤᠨ ᠠᠵᠢᠯᠯᠠᠭᠠᠨ ᠤ ᠬᠡᠷᠡᠭᠵᠢᠬᠦᠯᠦᠯᠲᠡ᠂ ᠮᠠᠯᠵᠢᠬᠤ ᠦᠢᠯᠡᠰ ᠤᠨ ᠬᠦᠴᠦᠷᠬᠡᠭ ᠪᠠᠯᠭᠠᠰᠣᠨ ᠤ ᠴᠣᠭᠴᠠᠯᠠᠯᠲᠠ ᠳᠤ ᠡᠷᠴᠢᠮᠲᠠᠢ ᠪᠠᠲᠤᠯᠠᠭ᠎ᠠ ᠬᠠᠩᠭᠠᠪᠠ ᠬᠡᠵᠦ ᠵᠢᠭᠠᠭᠰᠠᠨ ᠪᠠᠶᠢᠨ᠎ᠠ᠃     ᠷᠠᠰᠢ᠂ ᠡᠾᠧᠩ ᠺᠧ ᠮᠠᠯ ᠲᠠᠷᠢᠶᠠᠯᠠᠩ ᠤᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠷ ᠳᠠᠮᠵᠢᠭᠤᠯᠤᠨ᠂ 100 ︽ᠵᠢᠱᠢᠶ᠎ᠠ ᠦᠵᠡᠬᠦᠯᠬᠦ ᠮᠠᠯᠵᠢᠬᠤ ᠡᠷᠦᠬᠡ︾ ᠳᠤ ᠲᠡᠵᠢᠬᠡᠨ ᠲᠠᠷᠭᠤᠯᠠᠭᠤᠯᠬᠤ ᠬᠠᠰᠢᠶ᠎ᠠ ᠰᠠᠷᠠᠪᠴᠢ ᠪᠠᠶᠢᠭᠤᠯᠬᠤ ᠪᠠ ︽ᠵᠢᠱᠢᠶ᠎ᠠ ᠦᠵᠡᠬᠦᠯᠬᠦ ᠮᠠᠯᠵᠢᠬᠤ ᠡᠷᠦᠬᠡ︾ ᠲᠤᠭᠲᠠᠮᠠᠯ ᠬᠤᠭᠤᠴᠠᠭ᠎ᠠ ᠲᠠᠢ  ᠪᠠᠷ ᠡᠾᠧᠩ ᠺᠧ ᠺᠤᠮᠫᠠᠨᠢ ᠳᠤ ᠬᠤᠷᠠᠭ᠎ᠠ ᠪᠣᠷᠣᠯᠠᠭᠤᠯᠬᠤ ᠮᠠᠶ᠋ᠢᠭ ᠢᠶᠠᠷ ᠮᠠᠨ ᠤ ᠪᠠᠯᠭᠠᠰᠣᠨ ᠤ ᠮᠠᠯᠴᠢᠨ ᠲᠠᠷᠢᠶᠠᠴᠢᠨ  ᠤ ᠮᠠᠯ ᠢ ᠠᠮᠢᠳᠣ ᠪᠠᠷ ᠠᠷᠠᠯᠵᠢᠶᠠᠯᠠᠬᠤ ᠣᠷᠣᠯᠭ᠎ᠠ ᠳᠣᠣᠷ᠎ᠠ᠂ ᠵᠠᠬ᠎ᠠ ᠳᠡᠯᠭᠡᠭᠦᠷ ᠲᠠᠢ  ᠠᠪᠴᠠᠯᠳᠣᠭᠤᠯᠬᠤ᠂ ᠳᠦᠭᠰᠢᠬᠦᠷᠢ ᠶᠢ ᠡᠰᠡᠷᠭᠦᠴᠡᠬᠦ ᠴᠢᠳᠠᠪᠤᠷᠢ ᠳᠣᠷᠣᠢ ᠪᠠ ᠡᠾᠧᠩ ᠺᠧ ᠺᠤᠮᠫᠠᠨᠢ ᠶᠢᠨ ᠮᠢᠬᠠᠨ ᠤ ᠢᠷᠡᠯᠲᠡ ᠲᠤᠲᠠᠮᠠᠭ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠮᠠᠯᠴᠢᠨ ᠲᠠᠷᠢᠶᠠᠴᠢᠨ ᠪᠠ ᠠᠵᠤ ᠠᠬᠤᠶᠢᠯᠠᠯ ᠬᠠᠮᠲᠤᠪᠡᠷ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃     ᠳᠠᠷᠠᠭ᠎ᠠ ᠨᠢ᠂ ᠣᠷᠳᠣᠰ ᠬᠤᠲᠠ ᠶᠢᠨ ᠡᠾᠧᠩ ᠺᠧ ᠮᠠᠯ ᠲᠠᠷᠢᠶᠠᠯᠠᠩ ᠤᠨ ᠦᠢᠯᠡᠰ ᠤᠨ ᠨᠡᠭᠡᠭᠡᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠦᠢᠴᠡᠳᠭᠡᠭᠴᠢ ᠬᠡᠷᠡᠭ ᠮᠡᠳᠡᠭᠴᠢ ᠴᠢᠨ ᠱᠧᠩ ᠪᠣᠯᠣᠨ ᠣᠳᠣ ᠦᠶ᠎ᠡ  ᠶᠢᠨ ᠮᠠᠯ ᠠᠵᠤ ᠠᠬᠤᠢ ᠶᠢᠨ ᠵᠠᠭᠤᠨ ᠡᠷᠦᠬᠡ ᠶᠢᠨ ᠵᠢᠱᠢᠶ᠎ᠡ ᠦᠵᠡᠬᠦᠯᠬᠦ ᠬᠤᠯᠪᠤᠭᠠᠲᠤ ᠪᠠᠶᠢᠭᠤᠯᠤᠯᠲᠠ ᠶᠢᠨ ᠳᠠᠭᠤᠷᠢᠶᠠᠯ ᠡᠷᠦᠬᠡ ᠶᠢᠨ ᠲᠦᠯᠦᠭᠡᠯᠡᠭᠴᠢ ᠴᠡᠩᠬᠡᠯᠵᠢᠷᠭᠠᠯ ᠲᠤᠰ ᠲᠤᠰ ᠶᠠᠷᠢᠶ᠎ᠠ ᠲᠠᠯᠪᠢᠪᠠ᠃     ᠨᠠᠩᠰᠤ ᠪᠠᠯᠭᠠᠰᠣᠨ ᠤ ︽ᠣᠳᠣ ᠦᠶ᠎ᠡ ᠶᠢᠨ ᠮᠠᠯ ᠠᠵᠤ ᠠᠬᠤᠢ ᠶᠢᠨ ᠵᠠᠭᠤᠨ ᠡᠷᠦᠬᠡ ᠶᠢᠨ ᠵᠢᠱᠢᠶ᠎ᠡ ᠦᠵᠡᠬᠦᠯᠬᠦ ᠬᠤᠯᠪᠤᠭᠠᠲᠤ ᠪᠠᠶᠢᠭᠤᠯᠤᠯᠲᠠ︾ ᠶᠢᠨ ᠲᠦᠷᠦᠯ ᠵᠦᠢᠯ ᠤᠨ ᠠᠮᠵᠢᠯᠲᠠᠲᠠᠢ ᠬᠡᠷᠡᠭᠵᠢᠬᠦᠯᠦᠯᠲᠡ ᠨᠢ ᠮᠠᠯᠴᠢᠨ ᠲᠠᠷᠢᠶᠠᠴᠢᠳ ᠢ ᠬᠠᠪᠰᠣᠷᠣᠨ ᠣᠯᠠᠮᠵᠢᠯᠠᠯᠲᠤ  ᠮᠠᠯᠵᠢᠯ ᠤᠨ ᠵᠠᠭᠪᠣᠷ ᠠᠴᠠ ᠠᠵᠤ ᠠᠬᠤᠢ ᠶᠢᠨ ᠦᠷ᠎ᠡ ᠠᠰᠢᠭ ᠣᠯᠬᠤ᠂ ᠠᠮᠢ ᠠᠬᠤᠢ ᠶᠢ ᠪᠦᠲᠦᠮᠵᠢᠲᠠᠢ ᠬᠠᠮᠠᠭᠠᠯᠠᠬᠤ ᠬᠠᠰᠢᠶᠠᠯᠠᠨ ᠲᠡᠵᠢᠬᠡᠬᠦ  ᠵᠠᠮ ᠳᠤ ᠣᠷᠣᠭᠤᠯᠬᠤ ᠪᠠᠷ ᠪᠠᠷᠠᠬᠤ ᠦᠭᠡᠢ᠂ ︽ᠪᠠᠶᠢᠭᠤᠯᠤᠯᠲᠠ ᠬᠠᠮᠠᠭᠠᠯᠠᠯᠲᠠ ᠶᠢ ᠵᠡᠷᠭᠡᠪᠡᠷ ᠴᠢᠬᠤᠯᠠᠴᠢᠯᠠᠬᠤ᠂ ᠬᠡᠪ ᠴᠢᠨᠰᠠᠭ᠎ᠠ ᠠᠮᠢ ᠠᠬᠤᠢ ᠶᠢ ᠵᠡᠷᠭᠡᠪᠡᠷ ᠠᠳᠬᠤᠬᠤ᠂ ᠨᠣᠭᠤᠭᠠᠷᠠᠭᠤᠯᠤᠯᠲᠠ ᠣᠷᠣᠯᠭ᠎ᠠ ᠶᠢᠨ ᠨᠡᠮᠡᠭᠳᠡᠬᠦᠯᠦᠯᠲᠡ ᠶᠢ ᠬᠠᠮᠲᠤᠪᠡᠷ ᠶᠠᠪᠤᠭᠳᠠᠭᠤᠯᠬᠤ︾ ᠠᠮᠢ ᠠᠬᠤᠢ ᠶᠢ ᠲᠡᠷᠢᠬᠦᠨ ᠳᠤ ᠲᠠᠯᠪᠢᠵᠦ᠂ ᠪᠣᠬᠢᠷᠳᠣᠯ ᠦᠭᠡᠢ ᠪᠠᠷ ᠬᠦᠭᠵᠢᠬᠦ ᠰᠢᠨ᠎ᠡ ᠵᠠᠮ ᠢᠶᠠᠷ ᠵᠠᠮᠨᠠᠨ᠂ ᠪᠦᠬᠦ ᠪᠠᠯᠭᠠᠰᠣᠨ ᠤ ᠣᠯᠠᠮᠵᠢᠯᠠᠯᠲᠤ ᠪᠦᠲᠦᠬᠦᠯᠢᠭ ᠲᠠᠵᠢᠭᠡᠪᠤᠷᠢ ᠶᠢᠨ ᠵᠠᠭᠪᠤᠷ ᠢ ᠬᠤᠪᠢᠷᠠᠭᠠᠨ ᠰᠢᠨᠡᠴᠢᠯᠡᠬᠦ᠂ ᠮᠠᠯ ᠤᠨ ᠡᠬᠦᠯᠳᠡᠷ ᠰᠠᠶᠢᠵᠢᠷᠠᠭᠤᠯᠤᠯᠲᠠ ᠶᠢᠨ ᠬᠡᠪᠴᠢᠶ᠎ᠠ ᠶᠢ ᠦᠷᠭᠡᠳᠬᠡᠬᠦ ᠪᠠ ᠠᠮᠢ ᠠᠬᠤᠶᠢᠴᠢ ᠬᠠᠰᠢᠶᠠᠯᠠᠨ ᠲᠡᠵᠢᠬᠡᠬᠦ ᠲᠡᠵᠢᠬᠡᠪᠤᠷᠢ ᠶᠢᠨ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠶᠢ ᠳᠠᠶᠢᠴᠢᠯᠠᠨ ᠳᠠᠭᠠᠭᠤᠯᠵᠤ᠂ ᠪᠦᠬᠦ ᠪᠠᠯᠭᠠᠰᠣᠨ ᠤ ᠮᠠᠯ ᠲᠠᠷᠢᠶᠠᠯᠠᠩ ᠤᠨ ᠦᠢᠯᠡᠰ ᠤᠨ ᠡᠷᠬᠢᠳᠡᠯᠳᠦ ᠬᠦᠭᠵᠢᠯᠲᠡ ᠶᠢᠨ ᠳᠠᠭᠤᠷᠢᠶᠠᠯ ᠪᠠᠯᠭᠠᠰᠣ ᠶᠢᠨ ᠴᠤᠭᠴᠠᠯᠠᠯᠲᠠ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号