ᠸᠠᠩ ᠢᠦᠢ ᠴᠢᠶᠠᠩ ᠦᠪᠦᠷ ᠮᠣᠩᠭᠤᠯ ᠤᠨ ᠡᠨᠧᠷᠬᠢ ᠴᠠᠬᠢᠯᠭᠠᠨ ᠤ ᠪᠡᠯᠡ ᠣᠷᠣᠭᠤᠯᠣᠯᠳᠠ ᠶᠢᠨ ᠪᠦᠯᠦᠭᠯᠡᠯ  ᠤᠨ ᠾᠧ ᠢᠦᠢ ᠴᠦᠨ ᠲᠠᠢ ᠰᠠᠭᠤᠳᠠᠯ ᠤᠨ ᠬᠤᠷᠠᠯ ᠬᠢᠪᠠ
ᠨᠡᠶᠢᠲᠡᠯᠡᠭᠰᠡᠨ ᠴᠠᠭ᠄
2021/8/5

    7 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠦᠪᠦᠷ

ᠮᠣᠩᠭᠤᠯ ᠤᠨ ᠡᠨᠧᠷᠬᠢ ᠴᠠᠬᠢᠯᠭᠠᠨ ᠤ ᠪᠡᠯᠡ ᠣᠷᠣᠭᠤᠯᠣᠯᠳᠠ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂

ᠬᠡᠷᠡᠭ ᠮᠡᠳᠡᠭᠴᠢᠳ ᠤᠨ ᠲᠠᠷᠤᠭ᠎ᠠ ᠾᠧ ᠢᠦᠢ ᠴᠦᠨ ᠲᠠᠢ ᠰᠠᠭᠤᠳᠠᠯ ᠤᠨ ᠬᠤᠷᠠᠯ ᠬᠤᠷᠠᠯᠳᠣᠪᠠ᠃

    ᠸᠠᠩ ᠢᠦᠢ ᠴᠢᠶᠠᠩ ᠠᠴᠠ ᠾᠧ ᠢᠦᠢ ᠴᠦᠨ ᠨᠠᠷ ᠤᠨ ᠬᠦᠷᠦᠯᠴᠠᠨ ᠢᠷᠡᠭᠰᠡᠨ ᠳᠤ ᠪᠠᠶᠠᠷᠯᠠᠨ ᠣᠭᠳᠣᠵᠣ

ᠪᠠᠶᠢᠭ᠎ᠠ ᠪᠠᠨ ᠢᠯᠡᠳᠬᠡᠪᠡ᠃ ᠲᠡᠷᠡ᠂ ᠦᠪᠦᠷ ᠮᠣᠩᠭᠤᠯ ᠤᠨ ᠡᠨᠧᠷᠬᠢ ᠴᠠᠬᠢᠯᠭᠠᠨ ᠤ ᠪᠡᠯᠡ ᠣᠷᠣᠭᠤᠯᠣᠯᠳᠠ ᠶᠢᠨ

ᠪᠦᠯᠦᠭᠯᠡᠯ ᠪᠣᠯ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠣᠯᠣᠰ ᠤᠨ ᠦᠮᠴᠢᠯᠡᠯᠳᠦ ᠲᠣᠰᠠᠭᠠᠷ ᠪᠡᠯᠡ

ᠣᠷᠣᠭᠤᠯᠣᠭᠰᠠᠨ ᠶᠡᠷᠦᠩᠬᠡᠶᠢᠯᠡᠭᠰᠡᠨ ᠴᠢᠨᠠᠷᠳᠦ ᠡᠨᠧᠷᠬᠢ ᠶᠢᠨ ᠪᠦᠯᠦᠭᠯᠡᠯ ᠪᠣᠯᠣᠨ᠎ᠠ᠂ ᠰᠢᠨ᠎ᠡ ᠡᠨᠧᠷᠬᠢ᠂ ᠬᠡᠷᠡᠯ ᠴᠡᠨᠡᠭ

ᠵᠡᠷᠭᠡ ᠲᠣᠬᠠᠶᠢᠯᠠᠭᠰᠠᠨ ᠠᠵᠢᠯ ᠤᠨ ᠲᠠᠯ᠎ᠠ ᠪᠠᠷ ᠨᠠᠯᠢᠶᠡᠳ ᠲᠠᠪᠠᠭᠤᠯᠢᠭ ᠲᠠᠢ ᠶᠣᠮ᠂ ᠰᠢᠨ᠎ᠡ ᠡᠨᠧᠷᠬᠢ ᠶᠢᠨ ᠠᠵᠣ

ᠣᠶᠢᠯᠠᠰ ᠢ ᠬᠦᠭᠵᠢᠭᠦᠯᠬᠦ ᠨᠢ ᠨᠡᠭᠦᠷᠡᠰᠦᠳᠦ᠋ᠷᠦᠭᠴᠢ ᠶᠢᠨ ᠣᠷᠬᠢᠯᠰᠢᠯ᠂ ᠨᠡᠭᠦᠷᠡᠰᠦᠳᠦ᠋ᠷᠦᠭᠴᠢ ᠶᠢᠨ

ᠱᠠᠭᠠᠷᠮᠠᠭᠵᠢᠭᠤᠯᠣᠯ ᠯᠤᠭ᠎ᠠ ᠮᠠᠰᠢ ᠴᠢᠬᠤᠯᠠ ᠠᠴᠢ ᠬᠤᠯᠪᠣᠭᠳᠠᠯ ᠲᠠᠢ ᠶᠣᠮ᠂ ᠮᠦᠨᠴᠦ ᠣᠯᠣᠰ ᠠᠴᠠ ᠰᠢᠨ᠎ᠡ ᠪᠠᠷ

ᠬᠦᠭᠵᠢᠭᠦᠯᠵᠣ ᠪᠠᠶᠢᠭ᠎ᠠ ᠠᠵᠣ ᠣᠶᠢᠯᠠᠰ ᠤᠨ ᠪᠠᠶᠢᠯᠳᠣᠬᠤ ᠪᠣᠳᠣᠯᠭ᠎ᠠ ᠪᠣᠯᠣᠨ᠎ᠠ᠃ ᠣᠳᠤᠭ ᠤᠨ ᠡᠮᠦᠨᠡᠳᠦ ᠬᠤᠰᠢᠭᠤ

ᠣᠷᠣᠨ ᠪᠠᠶᠢᠷᠢ ᠶᠢᠨ ᠲᠠᠪᠠᠭᠤᠯᠢᠭ᠂ ᠠᠵᠣ ᠣᠶᠢᠯᠠᠰ ᠣᠬᠢ ᠰᠠᠭᠤᠷᠢ᠂ ᠦᠪᠡᠷᠮᠢᠴᠡ ᠡᠬᠢ ᠪᠠᠶᠠᠯᠢᠭ ᠵᠢᠴᠢ

ᠬᠦᠭᠵᠢᠯᠳᠡ ᠶᠢᠨ ᠲᠠᠪᠠᠭᠤᠯᠢᠭ ᠨᠦᠬᠦᠴᠡᠯ ᠳᠤ ᠪᠠᠨ ᠲᠦᠰᠢᠭᠯᠡᠨ᠂ ᠰᠢᠨ᠎ᠡ ᠡᠨᠧᠷᠬᠢ ᠶᠢᠨ ᠲᠦᠷᠦᠯ ᠵᠣᠶᠢᠯ ᠤᠨ

ᠪᠠᠶᠢᠭᠤᠯᠣᠯᠳᠠ ᠶᠢ ᠲᠦᠷᠭᠡᠳᠬᠡᠵᠣ᠂ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠨᠡᠶᠢᠭᠡᠮ ᠤᠨ ᠴᠢᠨᠠᠷᠯᠢᠭ

ᠬᠦᠭᠵᠢᠯᠳᠡ ᠶᠢ ᠠᠬᠢᠭᠤᠯᠵᠣ ᠪᠠᠶᠢᠭ᠎ᠠ ᠶᠣᠮ᠃ ᠡᠶᠢᠨ ᠬᠦ ᠦᠪᠦᠷ ᠮᠣᠩᠭᠤᠯ ᠤᠨ ᠡᠨᠧᠷᠬᠢ ᠴᠠᠬᠢᠯᠭᠠᠨ ᠤ ᠪᠡᠯᠡ

ᠣᠷᠣᠭᠤᠯᠣᠯᠳᠠ ᠶᠢᠨ ᠪᠦᠯᠦᠭᠯᠡᠯ ᠯᠤᠭ᠎ᠠ ᠶᠢᠨ ᠬᠠᠮᠳᠣᠷᠠᠯᠴᠠᠭᠠᠨ ᠤ ᠰᠠᠭᠤᠷᠢᠨ ᠲᠡᠭᠡᠷ᠎ᠡ᠂ ᠰᠢᠨ᠎ᠡ ᠡᠨᠧᠷᠬᠢ ᠪᠣᠯᠣᠨ

ᠴᠡᠪᠡᠷ ᠡᠨᠧᠷᠬᠢ ᠶᠢᠨ ᠬᠠᠮᠳᠣᠷᠠᠯᠴᠠᠭᠠᠨ ᠤ ᠬᠦᠷᠢᠶ᠎ᠡ ᠴᠠᠷᠠᠭ᠎ᠠ ᠪᠠᠨ ᠣᠯᠠᠮ ᠨᠢᠭᠡ ᠠᠯᠬᠤᠮ ᠦᠷᠭᠡᠳᠬᠡᠵᠣ᠂ ᠣᠷᠣᠨ

ᠨᠣᠳᠤᠭ ᠪᠣᠯᠣᠨ ᠠᠵᠣ ᠠᠬᠤᠶᠢᠯᠠᠯ ᠤᠨ ᠬᠦᠭᠵᠢᠯᠳᠡ ᠶᠢᠨ ᠬᠠᠮᠳᠦ ᠶᠢᠨ ᠠᠰᠢᠭ ᠢ ᠪᠡᠶᠡᠯᠡᠭᠦᠯᠦᠨ᠎ᠡ᠃ ᠠᠵᠣ

ᠠᠬᠤᠶᠢᠯᠠᠯ ᠤᠨ ᠣᠷᠣᠨ ᠨᠣᠳᠤᠭ ᠲᠤ ᠬᠢ ᠪᠡᠯᠡ ᠣᠷᠣᠭᠤᠯᠣᠯᠳᠠ ᠬᠦᠭᠵᠢᠭᠦᠯᠦᠯᠳᠡ ᠶᠢ ᠦᠩᠭᠡᠷᠡᠭᠰᠡᠨ ᠲᠠᠢ ᠪᠠᠨ

ᠠᠳᠠᠯᠢ ᠲᠠᠮᠵᠢᠨ᠂ ᠠᠵᠣ ᠠᠬᠤᠶᠢᠯᠠᠯ ᠳᠤ ᠬᠢ ᠣᠶᠢᠯᠡᠴᠢᠯᠡᠭᠡ ᠪᠣᠯᠣᠨ ᠲᠦᠷᠦᠯ ᠵᠣᠶᠢᠯ ᠤᠨ ᠪᠠᠳᠣᠯᠠᠭ᠎ᠠ ᠶᠢᠨ ᠠᠵᠢᠯ

 ᠢ ᠪᠦᠬᠦ ᠬᠦᠴᠦᠨ ᠢᠶᠠᠷ ᠰᠠᠶᠢᠳᠦᠷ ᠬᠢᠨ᠎ᠡ᠃ ᠲᠦᠷᠦᠯ ᠵᠣᠶᠢᠯ ᠤᠨ ᠠᠬᠢᠴᠠ ᠲᠣᠮᠳᠠ ᠲᠣᠬᠢᠶᠠᠯᠳᠣᠭᠰᠠᠨ ᠪᠣᠳᠠᠳᠠᠢ

ᠬᠦᠴᠢᠷᠳᠡᠯ ᠪᠠ ᠠᠰᠠᠭᠤᠳᠠᠯ ᠢ ᠴᠠᠭ ᠲᠣᠬᠠᠢ ᠳᠤ ᠨᠢ ᠵᠣᠬᠢᠴᠠᠭᠤᠯᠣᠨ ᠰᠢᠢᠳᠪᠦᠷᠢᠯᠡᠵᠣ᠂ ᠲᠦᠷᠦᠯ ᠵᠣᠶᠢᠯ ᠢ ᠡᠷᠳᠡ

ᠨᠡᠶᠢᠳᠠᠪᠦᠷᠢᠵᠢᠭᠤᠯᠣᠨ᠂ ᠡᠷᠳᠡ ᠪᠦᠳᠦᠮᠵᠢ ᠭᠠᠷᠭᠠᠬᠤ ᠪᠠᠷ ᠬᠦᠴᠦᠯᠡᠨ᠂ ᠭᠦᠨᠵᠡᠭᠡᠢ ᠬᠠᠮᠳᠣᠷᠠᠯᠴᠠᠭ᠎ᠠ᠂ ᠬᠠᠮᠳᠦ ᠶᠢᠨ

ᠠᠰᠢᠭ ᠲᠣᠰᠠ ᠶᠢᠨ ᠣᠬᠢ ᠰᠠᠶᠢᠨ ᠣᠷᠴᠢᠨ ᠢ ᠪᠦᠷᠢᠯᠳᠦᠭᠦᠯᠬᠦ ᠪᠠᠷ ᠴᠢᠷᠮᠠᠶᠢᠨ᠎ᠠ ᠭᠡᠵᠣ ᠬᠡᠯᠡᠭᠰᠡᠨ ᠪᠠᠶᠢᠨ᠎ᠠ᠃

    ᠾᠧ ᠢᠦᠢ ᠴᠦᠨ ᠣᠳᠤᠭ ᠤᠨ ᠡᠮᠦᠨᠡᠳᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠣᠷᠳᠣᠨ ᠤ

ᠬᠦᠴᠦᠳᠦ ᠲᠡᠮᠵᠢᠯᠭᠡ ᠪᠣᠯᠣᠨ ᠬᠠᠪᠰᠣᠷᠣᠯᠭ᠎ᠠ ᠳᠤ ᠭᠦᠨ ᠲᠠᠯᠠᠷᠬᠠᠯ ᠢᠶᠠᠨ ᠢᠯᠡᠳᠬᠡᠨ᠂ ᠦᠪᠦᠷ ᠮᠣᠩᠭᠤᠯ ᠤᠨ

ᠡᠨᠧᠷᠬᠢ ᠴᠠᠬᠢᠯᠭᠠᠨ ᠤ ᠪᠡᠯᠡ ᠣᠷᠣᠭᠤᠯᠣᠯᠳᠠ ᠶᠢᠨ ᠪᠦᠯᠦᠭᠯᠡᠯ ᠣᠳᠤᠭ ᠤᠨ ᠡᠮᠦᠨᠡᠳᠦ ᠬᠤᠰᠢᠭᠤᠨ ᠤ ᠨᠠᠮ ᠤᠨ

ᠬᠤᠷᠢᠶ᠎ᠠ᠂ ᠵᠠᠰᠠᠭ ᠤᠨ ᠣᠷᠳᠣᠨ ᠯᠤᠭ᠎ᠠ ᠶᠢᠨ ᠬᠠᠷᠢᠯᠴᠠᠭ᠎ᠠ ᠵᠣᠬᠢᠴᠠᠭᠤᠯᠭ᠎ᠠ ᠪᠠᠨ ᠲᠠᠰᠣᠷᠠᠯᠳᠠ ᠦᠭᠡᠢ

ᠴᠢᠩᠭᠠᠳᠬᠠᠵᠣ᠂ ᠬᠦᠭᠵᠢᠯᠳᠡ ᠶᠢᠨ ᠡᠷᠴᠢ ᠵᠣᠷᠢᠭ ᠢᠶᠠᠨ ᠬᠦᠪᠴᠢᠯᠡᠨ᠂ ᠲᠦᠷᠦᠯ ᠵᠣᠶᠢᠯ ᠤᠨ ᠪᠠᠶᠢᠭᠤᠯᠣᠯᠳᠠ ᠶᠢ

ᠲᠦᠷᠭᠡᠳᠬᠡᠵᠣ᠂ ᠣᠳᠤᠭ ᠤᠨ ᠡᠮᠦᠨᠡᠳᠦ ᠬᠤᠰᠢᠭᠤᠨ ᠤ ᠬᠦᠭᠵᠢᠯᠳᠡ ᠶᠢᠨ ᠶᠡᠭᠡ ᠲᠠᠯ᠎ᠠ ᠶᠢᠨ ᠲᠣᠭᠤᠷᠢᠨ ᠳᠤ ᠠᠵᠣ

ᠣᠶᠢᠯᠠᠰ ᠤᠨ ᠬᠦᠭᠵᠢᠯᠳᠡ ᠶᠢᠨ ᠬᠡᠷᠡᠭᠴᠡᠭᠡ ᠳᠤ ᠨᠡᠶᠢᠴᠡᠭᠦᠯᠦᠨ᠂ ᠠᠵᠣ ᠠᠬᠤᠶᠢᠯᠠᠯ ᠤᠨ ᠲᠠᠪᠠᠭᠤᠯᠢᠭ ᠢᠶᠠᠨ

ᠭᠦᠢᠴᠡᠳ ᠪᠠᠳᠠᠷᠠᠭᠤᠯᠵᠣ᠂ ᠣᠳᠤᠭ ᠤᠨ ᠡᠮᠦᠨᠡᠳᠦ ᠬᠤᠰᠢᠭᠤᠨ ᠤ ᠠᠵᠣ ᠠᠬᠤᠢ ᠨᠡᠶᠢᠭᠡᠮ ᠤᠨ ᠬᠦᠭᠵᠢᠯᠳᠡ ᠳᠤ

ᠬᠦᠴᠦᠨ ᠢᠶᠠᠨ ᠨᠡᠮᠡᠷᠢᠯᠡᠨ᠎ᠡ ᠭᠡᠵᠣ ᠢᠯᠡᠷᠬᠡᠶᠢᠯᠡᠭᠰᠡᠨ ᠪᠠᠶᠢᠨ᠎ᠠ᠃

    ᠬᠤᠰᠢᠭᠤ ᠣᠳᠣᠷᠢᠳᠣᠯᠭ᠎ᠠ ᠶᠠᠩ ᠵᠢᠢ ᠴᠢᠶᠠᠩ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ

ᠬᠠᠷᠢᠭᠤᠴᠠᠯᠭᠠᠳᠠᠳ ᠰᠠᠭᠤᠳᠠᠯ ᠤᠨ ᠬᠤᠷᠠᠯ ᠳᠤ ᠣᠷᠣᠯᠴᠠᠪᠠ᠃

 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号