ᠤᠳᠤᠭ ᠤᠨ ᠡᠮᠤᠨᠡᠳᠤ ᠬᠤᠰᠢᠭᠤᠨ ᠤ ᠲᠦᠷᠪᠡᠨ ᠶᠡᠭᠡ ᠪᠠᠭ ᠤᠨ ᠭᠤᠤᠯ ᠤᠳᠤᠷᠢᠳᠤᠯᠭ᠎ᠠ ᠪᠠᠭᠰᠢ ᠨᠠᠷ ᠢ ᠳᠤᠬᠤᠨᠢᠭᠤᠯᠬᠤ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2021/9/10
    ᠭᠤᠴᠢᠨ ᠳᠤᠯᠤᠳᠠᠬᠢ ᠪᠠᠭᠰᠢ ᠶᠢᠨ ᠪᠠᠶᠠᠷ ᠬᠦᠷᠴᠤ ᠢᠷᠡᠬᠦ ᠳᠠᠰᠢᠷᠠᠮ ᠢᠶᠠᠷ᠂ 9 ᠰᠠᠷ᠎ᠠ ᠶᠢᠨ 8 ᠤ ᠡᠳᠤᠷ ᠮᠠᠨ ᠤ ᠬᠤᠰᠢᠭᠤᠨ ᠤ ᠲᠦᠷᠪᠡᠨ ᠶᠡᠭᠡ ᠪᠠᠭ ᠤᠨ ᠭᠤᠤᠯ ᠤᠳᠤᠷᠳᠤᠯᠭ᠎ᠠ ᠨᠠᠷ ᠬᠡᠰᠡᠭ ᠤᠨᠴᠠ ᠬᠦᠴᠢᠷᠳᠠᠯᠳᠠᠢ ᠪᠠᠭᠰᠢ᠂ ᠠᠵᠢᠯ ᠠᠴᠠ ᠪᠠᠨ ᠠᠮᠠᠷᠠᠭᠰᠡᠨ ᠠᠬᠠᠮᠠᠤᠨ ᠪᠠᠭᠰᠢ ᠪᠤᠯᠤᠨ ᠰᠢᠯᠢᠳᠡᠭ ᠪᠠᠭᠰᠢ ᠶᠢᠨ ᠲᠦᠯᠤᠬᠡᠯᠡᠭᠴᠢᠤᠨ ᠢ ᠡᠷᠬᠢᠨ ᠦᠵᠡᠵᠤ᠂ ᠳᠡᠳᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠦᠷᠬᠡᠬᠦ ᠶᠢᠨ ᠬᠠᠮᠳᠤ᠂ ᠳᠡᠳᠠᠨ ᠢᠶᠠᠷ ᠳᠠᠮᠵᠢᠭᠤᠯᠤᠨ ᠪᠦᠬᠦ ᠬᠤᠰᠢᠭᠤᠨ ᠤ ᠰᠤᠷᠭᠠᠨ ᠬᠦᠮᠤᠵᠢᠯ ᠤᠨ ᠹᠷᠤᠨᠲ ᠳᠡᠬᠡᠷ᠎ᠡ ᠰᠢᠷᠭᠠᠭᠤ ᠬᠠᠳᠠᠭᠤᠵᠢᠯᠳᠠᠢ ᠠᠵᠢᠯᠯᠠᠵᠤ ᠪᠠᠶᠢᠭ᠎ᠠ ᠦᠷᠬᠡᠨ ᠤᠯᠠᠨ ᠰᠤᠷᠭᠠᠨ ᠬᠦᠮᠤᠵᠢᠯ ᠤᠨ ᠠᠵᠢᠯᠳᠠᠤᠨ ᠲᠤ ᠪᠠᠶᠠᠷ ᠤᠨ ᠡᠳᠤᠷ ᠤᠨ ᠮᠠᠨᠳᠤᠴᠢᠯᠠᠯ  ᠳᠡᠪᠰᠢᠬᠦᠯᠦᠭᠰᠡᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠳᠡᠰ ᠤᠨ ᠳᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠤᠷᠢᠤᠨ ᠬᠤᠵᠢᠤᠨ ᠤᠨᠴᠠ ᠬᠦᠴᠢᠷᠳᠠᠯᠳᠠᠢ ᠪᠠᠭᠰᠢ ᠵᠡᠷᠬᠡᠯᠴᠡᠴᠡᠭ᠂ ᠠᠵᠢᠯ ᠠᠴᠠ ᠪᠠᠨ ᠠᠮᠠᠷᠠᠭᠰᠡᠨ ᠪᠠᠭᠰᠢ ᠸᠠᠩ ᠮᠢᠩ᠂ ᠰᠢᠯᠢᠳᠡᠭ ᠪᠠᠭᠰᠢ ᠯᠢᠤ ᠶᠠᠨ ᠮᠧᠢ ᠶᠢᠨ ᠬᠡᠷ ᠲᠤ ᠬᠦᠷᠴᠤ᠂ ᠳᠠᠳᠠᠨ ᠤ ᠠᠵᠢᠯ ᠠᠮᠢᠳᠤᠷᠠᠯ ᠬᠡᠷ ᠪᠦᠯᠢ ᠪᠠ ᠪᠡᠶ᠎ᠡ ᠮᠠᠬᠠᠪᠤᠤᠨ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠰᠤᠷᠭᠠᠨ ᠬᠦᠮᠤᠵᠢᠯ ᠤᠨ ᠳᠤᠪᠴᠢᠶ᠎ᠠ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠤᠳ ᠲᠤ ᠤᠨᠴᠠ ᠬᠦᠴᠢᠷᠳᠠᠯᠳᠠᠢ ᠪᠠᠭᠰᠢ ᠨᠠᠷ ᠲᠤ ᠨᠠᠩ ᠤᠯᠠᠨ ᠬᠠᠯᠠᠮᠵᠢᠯᠠᠯ ᠪᠠ ᠬᠠᠪᠰᠤᠷᠤᠯᠭ᠎ᠠ ᠦᠵᠡᠬᠦᠯᠵᠤ᠂ ᠳᠡᠳᠠᠨ ᠤ ᠠᠮᠢᠳᠤᠷᠠᠯ ᠤᠨ ᠬᠦᠴᠢᠷ ᠠᠰᠠᠭᠤᠳᠠᠯ ᠢ ᠦᠨᠡᠨᠬᠦ ᠰᠠᠶᠢᠳᠤᠷ ᠰᠢᠢᠤᠨᠪᠤᠷᠢᠯᠡᠨ᠂ ᠠᠵᠢᠯ ᠠᠴᠠ ᠪᠠᠨ ᠠᠮᠠᠷᠠᠭᠰᠡᠨ ᠠᠬᠠᠮᠠᠤᠨ ᠪᠠᠭᠰᠢ ᠨᠠᠷ ᠤᠨ ᠰᠤᠷᠭᠠᠨ ᠬᠦᠮᠤᠵᠢᠯ ᠤᠨ ᠤᠶᠢᠯᠡᠰ ᠲᠤ ᠳᠤᠷᠠᠳᠤᠭᠰᠡᠨ ᠨᠠᠨᠳᠢᠨ ᠰᠠᠨᠠᠭᠤᠯᠭ᠎ᠠ ᠶᠢ  ᠰᠤᠨᠤᠰᠴᠤ᠂ ᠮᠠᠨ ᠤ ᠬᠤᠰᠢᠭᠤᠨ ᠤ ᠰᠤᠷᠭᠠᠨ ᠬᠦᠮᠤᠵᠢᠯ ᠤᠨ ᠤᠶᠢᠯᠡᠰ ᠲᠤ ᠬᠦᠴᠤᠨ ᠨᠡᠮᠡᠷᠢᠯᠡᠨ᠂ ᠰᠢᠯᠢᠳᠡᠭ ᠪᠠᠭᠰᠢ ᠪᠠᠷ ᠳᠠᠭᠤᠷᠢᠶᠠᠯ ᠪᠤᠯᠭᠠᠵᠤ᠂ ᠮᠠᠨ ᠤ ᠬᠤᠰᠢᠭᠤᠨ ᠤ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠬᠢᠷᠢ ᠲᠦᠪᠰᠢᠨ ᠢ ᠳᠡᠬᠡᠭᠰᠢᠯᠡᠬᠦᠯᠬᠦ ᠬᠡᠷᠡᠭᠳᠠᠢ ᠬᠡᠵᠡᠢ᠃     ᠸᠠᠩ ᠢᠦᠢ ᠴᠢᠶᠠᠩ᠂ ᠰᠤᠷᠭᠠᠨ ᠬᠦᠮᠤᠵᠢᠯ ᠪᠤᠯ ᠠᠷᠠᠤᠨ ᠲᠦᠮᠡᠨ ᠤ ᠳᠤᠰ ᠪᠡᠶ᠎ᠡ ᠶᠢᠨ ᠠᠰᠢᠭ ᠳᠤᠰᠠ ᠲᠠᠢ ᠬᠤᠯᠪᠤᠭᠳᠠᠬᠤ ᠬᠠᠮᠤᠭ ᠤᠨ ᠴᠢᠬᠤᠯᠠ ᠠᠷᠠᠤᠨ ᠤᠨ ᠠᠮᠢᠳᠤᠷᠠᠯ ᠪᠤᠯᠤᠨ᠎ᠠ᠂ ᠪᠦᠬᠦ ᠬᠤᠰᠢᠭᠤ ᠪᠠᠷ ᠢᠶᠠᠨ ᠰᠤᠷᠭᠠᠨ ᠬᠦᠮᠤᠵᠢᠯ ᠢ ᠳᠡᠷᠢᠬᠦᠨ ᠳᠤ ᠬᠦᠭᠵᠢᠬᠦᠯᠬᠦ ᠪᠠᠶᠢᠯᠳᠤᠬᠤ ᠪᠤᠳᠤᠯᠭ᠎ᠠ ᠶᠢ ᠢᠮᠠᠭᠳᠠ ᠪᠠᠷᠢᠮᠳᠠᠯᠠᠵᠤ᠂ ᠪᠠᠭᠰᠢ ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠤᠨᠬᠠᠨ᠂ ᠰᠤᠷᠭᠠᠨ ᠬᠦᠮᠤᠵᠢᠯ ᠤᠨ ᠡᠬᠢ ᠪᠠᠶᠠᠯᠢᠭ ᠤᠨ ᠳᠤᠬᠢᠷᠠᠭᠤᠯᠤᠯᠳᠠ ᠶᠢ ᠰᠢᠯᠢᠳᠡᠭᠵᠢᠬᠦᠯᠵᠤ᠂ ᠪᠠᠭᠰᠢ ᠶᠢ ᠬᠦᠨᠳᠤᠤᠨᠬᠡᠨ ᠰᠤᠷᠭᠠᠨ ᠬᠦᠮᠤᠵᠢᠯ ᠢ ᠴᠢᠬᠤᠯᠠᠴᠢᠯᠠᠬᠤ ᠠᠭᠤᠷ ᠠᠮᠢᠰᠬᠤᠯ ᠢ ᠪᠤᠢ ᠪᠤᠯᠭᠠᠨ᠂ ᠮᠠᠨ ᠤ ᠬᠤᠰᠢᠭᠤᠨ ᠤ ᠰᠤᠷᠭᠠᠨ ᠬᠦᠮᠤᠵᠢᠯ ᠤᠨ ᠴᠢᠨᠠᠷᠯᠢᠭ ᠬᠦᠭᠵᠯᠳᠠ ᠶᠢ ᠠᠬᠢᠭᠤᠯᠵᠤ᠂ ᠠᠷᠠᠤᠨ ᠲᠦᠮᠡᠨ ᠬᠠᠨᠤᠮᠵᠢᠳᠠᠢ ᠰᠤᠷᠭᠠᠨ ᠬᠦᠮᠤᠵᠢᠯ ᠢ ᠡᠷᠬᠢᠯᠡᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃     ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠶᠢᠨ ᠨᠠᠷ᠎ᠠ ᠳᠤᠷᠠᠳᠤᠭᠳᠠᠭᠴᠢ ᠭᠤᠤ ᠷᠥᠩ ᠲᠠᠩ ᠰᠢᠯᠢᠳᠡᠭ ᠪᠠᠭᠰᠢ ᠰᠠᠷᠠᠩᠭᠤᠸ᠎ᠠ᠂ ᠠᠵᠢᠯ ᠠᠴᠠ ᠪᠠᠨ ᠠᠮᠠᠷᠠᠭᠰᠡᠨ ᠪᠠᠭᠰᠢ ᠶᠠᠩ ᠮᠢᠩ᠂ ᠤᠨᠴᠠ ᠬᠦᠴᠢᠷᠳᠠᠯᠳᠠᠢ ᠪᠠᠭᠰᠢ ᠴᠧᠨ ᡁᠢ ᠮᠧᠢ ᠶᠢᠨ ᠳᠤ ᠬᠦᠷᠴᠤ᠂ ᠳᠡᠳᠡᠨ ᠳᠤ ᠳᠤᠬᠤᠨᠢᠭᠤᠯᠤᠯ ᠤᠨ ᠮᠦᠩᠬᠦ ᠪᠠ ᠰᠤᠷᠭᠤᠭ ᠴᠡᠴᠡᠭ ᠬᠦᠷᠬᠡᠵᠤ᠂ ᠰᠤᠷᠭᠠᠨ ᠬᠦᠮᠤᠵᠢᠯ ᠤᠨ ᠨᠢᠬᠡᠳᠤᠬᠡᠷ ᠹᠷᠤᠨᠲ ᠳᠡᠬᠡᠷ᠎ᠡ ᠠᠵᠢᠯᠯᠠᠵᠤ ᠪᠠᠶᠢᠭ᠎ᠠ ᠦᠷᠬᠡᠨ ᠤᠯᠠᠨ ᠪᠠᠭᠰᠢ ᠪᠠ ᠰᠤᠷᠭᠠᠨ ᠬᠦᠮᠤᠵᠢᠯ  ᠤᠨ ᠠᠵᠢᠯᠳᠠᠤᠨ ᠲᠤ ᠪᠠᠶᠠᠷ ᠤᠨ ᠡᠳᠤᠷ ᠤᠨ ᠮᠠᠨᠳᠤᠴᠢᠯᠠᠯ ᠪᠠ ᠵᠦᠩᠨᠡᠯ ᠳᠡᠪᠰᠢᠬᠦᠯᠪᠡ᠃     ᠭᠤᠣ ᠷᠥᠩ ᠲᠠᠩ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠰᠤᠷᠭᠠᠨ ᠬᠦᠮᠤᠵᠢᠯ ᠢ ᠡᠩ ᠳᠡᠷᠢᠬᠦᠨ ᠳᠤ ᠬᠦᠭᠵᠢᠬᠦᠯᠬᠦ ᠤᠶᠢᠯᠠᠭᠠᠭᠳᠠᠬᠤᠨ ᠢ ᠪᠠᠳᠤ ᠪᠤᠢ ᠪᠤᠯᠭᠠᠵᠤ᠂ ᠶᠡᠷᠤᠩᠬᠡᠢ ᠱᠦᠵᠢ ᠰᠢ ᠶᠢᠨ ᠫᠢᠩ ᠤᠨ ᠰᠤᠷᠭᠠᠨ ᠬᠦᠮᠤᠵᠢᠯ ᠤᠨ ᠳᠤᠬᠠᠢ ᠴᠢᠬᠤᠯᠠ ᠦᠬᠦᠯᠡᠮᠵᠢ ᠶᠢ ᠢᠳᠡᠪᠬᠢᠳᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠡᠬᠦᠷᠬᠡ ᠬᠠᠷᠢᠭᠤᠴᠠᠯᠭ᠎ᠠ ᠪᠠᠨ ᠢᠳᠡᠪᠬᠢᠳᠠᠢ ᠬᠦᠢᠴᠡᠤᠨᠬᠡᠨ᠂ ᠬᠦᠴᠢᠷᠳᠠᠯᠳᠠᠢ ᠪᠠᠭᠰᠢ᠂ ᠠᠵᠢᠯ ᠠᠴᠠ ᠪᠠᠨ ᠠᠮᠠᠷᠠᠭᠰᠡᠨ ᠪᠠᠭᠰᠢ ᠨᠠᠷ ᠲᠤ ᠤᠶᠢᠯᠡᠴᠢᠯᠡᠬᠦ ᠬᠠᠮᠢᠶᠠᠷᠤᠯᠳᠠ ᠶᠢᠨ ᠠᠵᠢᠯ ᠢ ᠤᠯᠠᠮ ᠨᠢᠬᠡ ᠠᠯᠬᠤᠮ ᠪᠦᠷᠢᠨᠰᠢᠬᠦᠯᠤᠨ᠂ ᠳᠡᠳᠠᠨ ᠢ ᠬᠠᠪᠰᠤᠷᠤᠨ ᠪᠤᠳᠠᠳᠠᠢ ᠠᠰᠠᠭᠤᠳᠠᠯ ᠢ ᠨᠢ ᠰᠢᠢᠤᠨᠪᠤᠷᠢᠯᠡᠵᠤ ᠦᠭᠬᠦ ᠬᠡᠷᠡᠭᠳᠠᠢ ᠬᠡᠵᠤ ᠴᠢᠬᠤᠯᠠᠴᠢᠯᠠᠪᠠ᠃     ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠰᠢᠯᠢᠳᠡᠭ ᠪᠠᠭᠰᠢ ᠵᠠᠩᠬᠢᠶ᠎ᠠ᠂ ᠤᠨᠴᠠ ᠬᠦᠴᠢᠷᠳᠠᠯᠳᠠᠢ ᠪᠠᠭᠰᠢ ᠸᠠᠩ ᠯᠢᠩ ᠯᠥᠩ᠂ ᠠᠵᠢᠯ ᠠᠴᠠ  ᠪᠠᠨ ᠠᠮᠠᠷᠠᠭᠰᠡᠨ ᠪᠠᠭᠰᠢ ᠰᠦ᠋ ᠰᠢᠦ ᠯᠠᠨ ᠢ ᠪᠤᠯᠭᠤᠭᠠᠨ ᠦᠵᠡᠵᠤ᠂ ᠪᠦᠬᠦ ᠬᠤᠰᠢᠭᠤᠨ ᠤ ᠦᠷᠬᠡᠨ ᠤᠯᠠᠨ ᠪᠠᠭᠰᠢ ᠠᠵᠢᠯᠳᠠᠤᠨ ᠲᠤ ᠪᠡᠶᠡᠷ ᠤᠨ ᠡᠳᠤᠷ ᠤᠨ ᠮᠡᠨᠳᠤᠴᠢᠯᠡᠯ ᠪᠠ ᠡᠷᠬᠢᠮ ᠳᠡᠬᠡᠳᠤ ᠬᠦᠨᠳᠤᠤᠨᠬᠡᠯ ᠢᠶᠠᠨ ᠳᠡᠪᠰᠢᠬᠦᠯᠪᠠ᠃ ᠳᠠᠷᠠ᠂ ᠰᠤᠷᠭᠠᠨ ᠬᠦᠮᠤᠵᠢᠯ ᠪᠤᠯ ᠲᠦᠭ ᠲᠦᠮᠡᠨ ᠠᠶᠢᠯ ᠡᠷᠤᠬᠡ ᠳᠤ ᠬᠤᠯᠪᠤᠭᠳᠠᠬᠤ ᠠᠷᠠᠤᠨ ᠤᠨ ᠠᠮᠢᠳᠤᠷᠠᠯ ᠤᠨ ᠬᠠᠮᠤᠭ ᠤᠨ ᠶᠡᠭᠡ ᠢᠨᠵᠧᠨᠧᠷᠢᠩ ᠮᠦᠨ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠰᠤᠷᠭᠠᠨ ᠬᠦᠮᠤᠵᠢᠯ ᠢ ᠢᠮᠠᠭᠳᠠ ᠳᠡᠷᠢᠬᠦᠨ ᠳᠤ ᠳᠠᠯᠪᠢᠵᠤ᠂ ᠳᠡᠷᠢᠬᠦᠨ ᠶᠠᠪᠤᠳᠠᠯ ᠤᠨ ᠶᠡᠭᠡ ᠶᠠᠪᠤᠳᠠᠯ ᠪᠤᠯᠭᠠᠨ ᠠᠤᠨᠬᠤᠭᠰᠠᠭᠠᠷ ᠢᠷᠡᠪᠡ᠃ ᠤᠨᠴᠠᠭᠠᠶᠢᠯᠡᠨ ᠡᠨᠡ ᠵᠢᠯ ᠰᠤᠷᠭᠠᠨ ᠬᠦᠮᠤᠵᠢᠯ ᠤᠨ ᠪᠡᠯᠡ ᠤᠷᠤᠭᠤᠯᠤᠯᠳᠠ ᠶᠢ ᠨᠡᠮᠡᠭᠳᠡᠬᠦᠯᠵᠤ᠂ ᠬᠦᠴᠤ  ᠪᠠᠨ ᠬᠠᠮᠳᠤᠤᠨᠬᠠᠨ ᠰᠤᠷᠭᠠᠨ ᠬᠦᠮᠤᠵᠢᠯ ᠢ ᠳᠡᠤᠨᠬᠦᠬᠦ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠳᠠᠢ ᠬᠡᠵᠤ ᠴᠢᠬᠤᠯᠠᠴᠢᠯᠠᠪᠠ᠃     ᠬᠤᠰᠢᠭᠤ ᠤᠯᠤᠰ ᠲᠦᠷᠤ ᠶᠢᠨ ᠵᠦᠪᠯᠡᠯᠬᠡᠨ ᠤ ᠨᠠᠮ ᠤᠨ ᠳᠤᠭᠤᠶᠢᠯᠠᠩ ᠤᠨ ᠱᠦᠵᠢ᠂ ᠳᠡᠷᠢᠬᠦᠯᠡᠭᠴᠢ ᠶᠢᠨ ᠨᠡᠷ᠎ᠡ ᠳᠤᠷᠠᠳᠤᠭᠳᠠᠭᠴᠢ ᠳᠤᠳᠢ ᠠᠵᠢᠯ ᠠᠴᠠ ᠪᠠᠨ ᠠᠮᠠᠷᠠᠭᠰᠡᠨ ᠪᠠᠭᠰᠢ ᠶᠠᠩ ᠰᠢᠦ ᠮᠧᠢ᠂ ᠸᠠᠩ ᠯᠠᠨ ᠪᠠ ᠤᠨᠴᠠ ᠬᠦᠴᠢᠷᠳᠠᠯᠳᠠᠢ ᠪᠠᠭᠰᠢ ᠪᠠᠳᠤᠨᠠᠰᠤᠨ ᠤ ᠬᠡᠷ ᠲᠤ ᠬᠦᠷᠴᠤ᠂ ᠳᠠᠳᠠᠨ ᠳᠤ ᠴᠢᠩ ᠰᠡᠤᠨᠬᠢᠯ ᠤᠨ ᠬᠠᠯᠠᠮᠵᠢᠯᠠᠯ ᠪᠠ ᠪᠠᠶᠠᠷ ᠤᠨ ᠡᠳᠤᠷ ᠤᠨ ᠮᠡᠨᠳᠤᠴᠢᠯᠡᠯ ᠳᠡᠪᠰᠢᠬᠦᠯᠪᠡ᠃ ᠳᠤᠳᠢ᠂ ᠰᠤᠷᠭᠠᠨ ᠬᠦᠮᠤᠵᠢᠯ ᠪᠤᠯ ᠦᠨᠳᠤᠰᠤᠳᠠᠨ ᠤ ᠮᠠᠨᠳᠤᠯ ᠬᠦᠭᠵᠢᠯ᠂ ᠨᠠᠶᠢᠬᠡᠮ ᠤᠨ ᠳᠠᠪᠰᠢᠯᠳᠠ ᠶᠢᠨ ᠰᠠᠭᠤᠷᠢ ᠮᠦᠨ᠂ ᠡᠯ᠎ᠡ ᠰᠠᠯᠠᠭ᠎ᠠ ᠮᠦᠴᠢᠷ ᠠᠵᠢᠯ ᠠᠴᠠ ᠪᠠᠨ ᠠᠮᠠᠷᠠᠭᠰᠡᠨ ᠪᠠᠭᠰᠢ᠂ ᠤᠨᠴᠠ ᠬᠦᠴᠢᠷᠳᠠᠯᠳᠠᠢ ᠪᠠᠭᠰᠢ ᠶᠢ ᠬᠠᠯᠠᠮᠵᠢᠯᠠᠵᠤ᠂ ᠳᠡᠳᠠᠨ ᠤ ᠠᠮᠢᠳᠤᠷᠠᠯ ᠤᠨ ᠬᠦᠴᠢᠷᠳᠠᠯ ᠢ ᠰᠢᠢᠤᠨᠪᠤᠷᠢᠯᠡᠨ᠂ ᠦᠳᠡᠯᠤᠬᠡ ᠨᠠᠰᠤ ᠶᠢ ᠨᠢ ᠵᠤᠯ ᠵᠢᠷᠭᠠᠯᠳᠠᠢ ᠦᠩᠬᠡᠷᠡᠬᠦᠯᠬᠦ ᠬᠡᠷᠡᠭᠳᠠᠢ᠃ ᠠᠵᠢᠯ ᠠᠴᠠ ᠪᠠᠨ ᠠᠮᠠᠷᠠᠭᠰᠡᠨ ᠪᠠᠭᠰᠢ ᠨᠠᠷ ᠪᠦᠬᠦ ᠬᠤᠰᠢᠭᠤᠨ ᠤ ᠰᠤᠷᠭᠠᠨ ᠬᠦᠮᠤᠵᠢᠯ ᠤᠨ ᠬᠦᠭᠵᠢᠯᠳᠠ ᠶᠢ ᠦᠷᠬᠦᠯᠵᠢᠯᠡᠨ ᠠᠩᠬᠠᠷᠤᠨ ᠬᠠᠯᠠᠮᠵᠢᠯᠠᠵᠤ᠂ ᠤᠳᠤᠭ ᠤᠨ ᠡᠮᠤᠨᠡᠳᠤ ᠬᠤᠰᠢᠭᠤᠨ ᠤ ᠰᠤᠷᠭᠠᠨ ᠬᠦᠮᠤᠵᠢᠯ ᠤᠨ ᠤᠶᠢᠯᠡᠰ ᠲᠤ ᠰᠠᠨᠠᠯ ᠵᠦᠪᠯᠡᠯᠬᠡ  ᠪᠠᠨ ᠳᠡᠪᠰᠢᠬᠦᠯᠬᠦ ᠬᠡᠷᠡᠭᠳᠠᠢ ᠬᠡᠵᠤ ᠴᠢᠬᠤᠯᠠᠴᠢᠯᠠᠭᠰᠡᠨ ᠪᠠᠶᠢᠨ᠎ᠠ᠃    ᠬᠤᠰᠢᠭᠤ ᠤᠳᠤᠷᠢᠳᠤᠯᠭ᠎ᠠ ᠰᠢᠶᠧ ᠶᠥᠩ ᠹᠧᠩ᠂ ᠵᠣᠣ ᠱᠤᠸᠠᠨ᠂ ᠹᠦ᠋ ᠺᠧ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠤᠨ ᠬᠠᠮᠳᠤ ᠳᠤᠬᠤᠨᠢᠭᠤᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号