ᠶᠠᠩ ᠶᠢᠩ ᠰᠢᠨ ᠲᠣᠰᠬᠠᠢ ᠰᠡᠳᠦᠪᠳᠦ ᠬᠤᠷᠠᠯ ᠢᠶᠠᠷ ᠰᠢᠨ᠎ᠡ ᠡᠨᠧᠷᠬᠢ ᠶᠢᠨ ᠬᠦᠭᠵᠢᠯᠳᠡ ᠶᠢ ᠰᠣᠳᠣᠯᠣᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/9/14
    9 ᠰᠠᠷ᠎ᠠ ᠶᠢᠨ 8 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠲᠠᠷᠤᠭ᠎ᠠ ᠶᠠᠩ ᠶᠢᠩ ᠰᠢᠨ ᠲᠣᠰᠬᠠᠢ ᠰᠡᠳᠦᠪᠳᠦ ᠬᠤᠷᠠᠯ ᠡᠷᠬᠢᠯᠡᠨ ᠬᠤᠷᠠᠯᠳᠣᠭᠤᠯᠵᠣ᠂ ᠮᠠᠨ  ᠤ ᠬᠤᠰᠢᠭᠤᠨ ᠤ ᠰᠢᠨ᠎ᠡ ᠡᠨᠧᠷᠬᠢ ᠶᠢᠨ ᠲᠠᠪᠴᠠᠩ ᠤᠨ ᠣᠶᠢᠯᠡᠴᠢᠯᠡᠭᠡᠨ ᠤ ᠺᠣᠮᠫᠠᠨᠢ ᠶᠢᠨ ᠪᠠᠶᠢᠭᠤᠯᠣᠯᠳᠠ ᠵᠢᠴᠢ ᠠᠵᠢᠯᠯᠠᠮᠵᠢ ᠶᠢᠨ ᠲᠦᠯᠦᠪᠯᠡᠭᠡ ᠶᠢ ᠰᠣᠨᠣᠰᠣᠨ᠂ ᠲᠠᠷᠠᠭ᠎ᠠ ᠠᠯᠬᠤᠮ ᠤᠨ ᠰᠢᠨ᠎ᠡ ᠡᠨᠧᠷᠬᠢ ᠶᠢᠨ ᠬᠦᠭᠵᠢᠯᠳᠡ ᠶᠢᠨ ᠪᠣᠳᠠᠳᠠᠢ ᠶᠠᠪᠣᠳᠠᠯ ᠢ ᠰᠣᠳᠣᠯᠣᠨ ᠪᠠᠶᠢᠷᠢᠯᠠᠭᠤᠯᠪᠠ᠃     ᠶᠠᠩ ᠶᠢᠩ ᠰᠢᠨ᠂ ᠰᠢᠨ᠎ᠡ ᠡᠨᠧᠷᠬᠢ ᠶᠢᠨ ᠣᠶᠢᠯᠡᠴᠢᠯᠡᠭᠡᠨ ᠤ ᠲᠠᠪᠴᠠᠩ ᠤᠨ ᠺᠣᠮᠫᠠᠨᠢ ᠶᠢᠨ ᠪᠠᠶᠢᠭᠤᠯᠣᠯᠳᠠ ᠨᠢ ᠮᠠᠨ ᠤ ᠬᠤᠰᠢᠭᠤᠨ ᠤ ᠰᠢᠨ᠎ᠡ ᠡᠨᠧᠷᠬᠢ ᠶᠢᠨ ᠠᠵᠣ ᠣᠶᠢᠯᠠᠰ ᠤᠨ ᠲᠦᠷᠦᠯ ᠵᠣᠶᠢᠯ ᠤᠨ ᠨᠠᠶᠢᠳᠠᠪᠦᠷᠢᠵᠢᠭᠤᠯᠣᠯᠳᠠ ᠪᠣᠯᠣᠨ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠳᠤ ᠮᠠᠰᠢ ᠶᠡᠭᠡ ᠠᠴᠢ ᠬᠤᠯᠪᠣᠭᠳᠠᠯ ᠲᠠᠢ ᠶᠣᠮ᠃ ᠨᠢᠭᠡᠳᠦᠯᠳᠡᠢ ᠲᠦᠯᠦᠪᠵᠢᠭᠦᠯᠦᠨ᠂ ᠪᠦᠬᠦ ᠲᠠᠯ᠎ᠠ ᠶᠢ ᠪᠣᠳᠣᠯᠬᠢᠯᠠᠵᠣ᠂ ᠨᠠᠷᠢᠯᠢᠭ ᠰᠣᠳᠣᠯᠣᠨ ᠮᠠᠭᠠᠳᠯᠠᠵᠣ᠂ ᠮᠠᠨ ᠤ ᠬᠤᠰᠢᠭᠤᠨ ᠤ ᠪᠣᠳᠠᠳᠦ ᠪᠠᠶᠢᠳᠠᠯ ᠳᠤ ᠨᠠᠶᠢᠴᠡᠭᠰᠡᠨ ᠬᠡᠷᠡᠭᠵᠢᠭᠦᠯᠵᠣ ᠪᠣᠯᠬᠤᠶᠢᠴᠠ ᠡᠵᠡᠩᠨᠡᠯᠳᠡ ᠶᠢᠨ ᠵᠠᠭᠪᠣᠷ ᠢ ᠨᠠᠷᠢᠨ ᠬᠢᠨᠠᠮᠠᠭᠠᠢ ᠲᠣᠭᠳᠠᠭᠠᠬᠤ ᠬᠡᠷᠡᠭᠳᠡᠢ︔ ᠰᠢᠨ᠎ᠡ ᠡᠨᠧᠷᠬᠢ ᠶᠢᠨ ᠲᠠᠯ᠎ᠠ ᠪᠠᠷ ᠬᠢ ᠲᠣᠰᠬᠠᠢ ᠮᠡᠷᠭᠡᠵᠢᠯ ᠤᠨ ᠴᠢᠳᠠᠪᠦᠷᠢᠳᠠᠨ  ᠢ ᠣᠷᠣᠭᠤᠯᠣᠨ ᠠᠪᠴᠠᠷᠠᠬᠤ ᠡᠷᠴᠢᠮ ᠢᠶᠠᠨ ᠴᠢᠩᠭᠠᠷᠠᠭᠤᠯᠣᠨ᠂ ᠲᠠᠪᠴᠠᠩ ᠤᠨ ᠺᠣᠮᠫᠠᠨᠢ ᠶᠢᠨ ᠬᠦᠭᠵᠢᠯᠳᠡ ᠳᠤ ᠣᠶᠢᠯᠡᠴᠢᠯᠡᠭᠦ ᠬᠦᠴᠦᠨ ᠢ ᠲᠡᠭᠦᠯᠳᠡᠷᠵᠢᠭᠦᠯᠵᠣ᠂ ᠰᠢᠨ᠎ᠡ ᠡᠨᠧᠷᠬᠢ ᠶᠢᠨ ᠠᠵᠣ ᠣᠶᠢᠯᠠᠰ ᠶᠢᠨ ᠬᠦᠭᠵᠢᠯᠳᠡ ᠳᠤ ᠲᠣᠰᠬᠠᠢ ᠮᠡᠷᠭᠡᠵᠢᠯ ᠤᠨ ᠪᠠᠳᠣᠯᠠᠭ᠎ᠠ ᠬᠠᠩᠭᠠᠬᠤ ᠬᠡᠷᠡᠭᠳᠡᠢ︔ ᠰᠢᠨ᠎ᠡ ᠡᠨᠧᠷᠬᠢ ᠶᠢᠨ ᠬᠦᠭᠵᠢᠯᠳᠡ ᠶᠢᠨ ᠲᠠᠪᠠᠭᠤᠯᠢᠭ  ᠲᠤ ᠲᠦᠰᠢᠭᠯᠡᠨ᠂ ᠦᠷᠢᠰᠦᠯᠳᠦᠬᠦ ᠬᠦᠴᠦᠨ ᠲᠠᠢ ᠭᠤᠣᠯᠯᠠᠭᠴᠢ ᠠᠵᠣ ᠣᠶᠢᠯᠠᠰ᠂ ᠣᠨᠴᠠᠯᠢᠭᠳᠦ ᠠᠵᠣ ᠣᠶᠢᠯᠠᠰ᠂ ᠰᠢᠨ᠎ᠡ ᠪᠠᠷ ᠬᠦᠭᠵᠢᠭᠰᠡᠨ ᠠᠵᠣ ᠣᠶᠢᠯᠠᠰ ᠢ ᠬᠦᠭᠵᠢᠭᠦᠯᠵᠣ᠂ ᠠᠷᠠᠯᠵᠢᠶᠠᠴᠢᠨ ᠣᠷᠢᠬᠤ ᠠᠵᠢᠯ ᠤᠨ ᠠᠷᠭ᠎ᠠ ᠠᠪᠴᠠᠯ  ᠢ ᠴᠢᠩᠭᠠᠳᠬᠠᠨ᠂ ᠬᠡᠯᠬᠢᠶᠡᠵᠢᠯ ᠢ ᠣᠷᠳᠣᠳᠬᠠᠨ ᠨᠦᠬᠦᠪᠦᠷᠢᠯᠡᠬᠦ ᠠᠵᠢᠯ ᠢ ᠰᠠᠶᠢᠳᠦᠷ ᠬᠢᠵᠣ᠂ ᠠᠵᠣ ᠣᠶᠢᠯᠠᠰ ᠤᠨ ᠪᠣᠬᠢᠷᠳᠣᠯ ᠦᠭᠡᠢ ᠬᠡᠯᠪᠡᠷᠢ ᠶᠢᠨ ᠬᠤᠪᠢᠷᠠᠭᠤᠯᠣᠯᠳᠠ ᠶᠢᠨ ᠲᠡᠰ ᠲᠡᠪᠰᠢᠯᠳᠡ ᠶᠢ ᠠᠬᠢᠭᠤᠯᠬᠤ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ ᠪᠠᠰᠠ ᠣᠳᠤᠭ ᠤᠨ ᠡᠮᠦᠨᠡᠳᠦ ᠬᠤᠰᠢᠭᠤᠨ ᠤ ᠶᠡᠷᠦᠩᠬᠡᠶᠢᠯᠡᠭᠰᠡᠨ ᠠᠵᠣ ᠣᠶᠢᠯᠠᠰ ᠤᠨ ᠬᠦᠷᠢᠶᠡᠯᠡᠩ ᠤᠨ ᠬᠠᠮᠢᠶᠠᠷᠣᠯᠳᠠ ᠶᠢᠨ ᠭᠤᠣᠯ ᠴᠣᠭᠴᠠ ᠶᠢ ᠲᠣᠳᠣᠷᠬᠠᠶᠢᠯᠠᠨ᠂ ᠬᠤᠶᠢᠰᠢᠳᠠ ᠶᠢᠨ ᠡᠯ᠎ᠡ ᠲᠦᠷᠦᠯ ᠤᠨ ᠠᠵᠢᠯ ᠤᠨ ᠬᠠᠷᠢᠯᠴᠠᠭ᠎ᠠ ᠶᠢ ᠰᠠᠶᠢᠳᠦᠷ ᠬᠢᠵᠣ᠂ ᠡᠮᠬᠢ ᠲᠢᠭᠯᠢᠮ ᠲᠠᠢ᠂ ᠠᠵᠢᠯᠯᠠᠮᠵᠢ ᠰᠠᠭᠠᠳ ᠦᠭᠡᠢ ᠪᠠᠶᠢᠬᠤ ᠶᠢ ᠪᠠᠳᠣᠯᠠᠬᠤ ᠬᠡᠷᠡᠭᠳᠡᠢ ᠭᠡᠰᠡᠨ ᠪᠠᠶᠢᠨ᠎ᠠ᠃ ᠬᠤᠰᠢᠭᠤ ᠣᠳᠣᠷᠢᠳᠣᠯᠭ᠎ᠠ ᠰᠦᠨ ᠶᠢᠣ ᠵᠢᠶᠦ᠋ᠨ᠂ ᠶᠠᠩ ᠵᠢᠢ ᠴᠢᠶᠠᠩ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ  ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号