ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/9/15
    9 ᠰᠠᠷ᠎ᠠ ᠶᠢᠨ 10 ᠤ ᠡᠳᠦᠷ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠤᠨ ᠰᠠᠭᠤᠳᠠᠯ ᠤᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠣᠭᠠᠷ ᠲᠡᠰ ᠤᠨ ᠲᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠬᠤᠰᠢᠭᠤᠨ ᠤ ᠣᠳᠣᠷᠢᠳᠣᠯᠭ᠎ᠠ ᠶᠠᠩ ᠶᠢᠩ ᠰᠢᠨ᠂ ᠰᠢᠶᠧ ᠶᠦᠩ ᠹᠧᠩ᠂ ᠵᠤᠤ ᠱᠤᠸᠡᠨ᠂ ᠹᠦ᠋ ᠺᠧ᠂ ᠯᠢ ᠵᠢᠶᠠ ᠭᠤᠸᠡᠨ ᠰᠠᠭᠤᠳᠠᠯ ᠤᠨ ᠬᠤᠷᠠᠯ ᠳᠤ ᠣᠷᠣᠯᠴᠠᠪᠠ᠃     ᠰᠠᠭᠤᠳᠠᠯ ᠤᠨ ᠬᠤᠷᠠᠯ ᠳᠡᠭᠡᠷ᠎ᠡ᠂ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠰᠣᠷᠭᠠᠨ ᠬᠦᠮᠦᠵᠢᠯ ᠤᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠴᠣ᠂ ᠬᠤᠷᠠᠯ ᠳᠤ ᠲᠦᠯᠦᠭᠡᠯᠡᠭᠴᠢ᠂ ᠵᠠᠬᠢᠷᠣᠯ ᠠᠴᠠ ᠦᠪᠡᠷ ᠤᠨ ᠢᠶᠠᠨ ᠠᠵᠢᠯ ᠤᠨ ᠪᠠᠶᠢᠷᠢ ᠲᠠᠢ ᠪᠠᠨ ᠣᠶᠠᠯᠳᠣᠭᠤᠯᠣᠨ᠂ ᠰᠣᠷᠭᠠᠨ ᠬᠦᠮᠦᠵᠢᠯ ᠪᠡᠶ᠎ᠡ ᠲᠠᠮᠢᠷ ᠤᠨ ᠠᠵᠢᠯ ᠤᠨ ᠲᠤᠭᠤᠷᠢᠨ ᠳᠤ ᠰᠣᠷᠭᠠᠨ ᠬᠦᠮᠦᠵᠢᠯ ᠤᠨ ᠦᠭᠡᠷᠡᠴᠢᠯᠡᠯᠲᠡ ᠶᠢᠨ ᠪᠦᠲᠦᠮᠵᠢ ᠶᠢ ᠦᠬᠦᠯᠡᠵᠦ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠬᠦᠭᠵᠢᠯᠲᠡ ᠶᠢᠨ ᠠᠷᠭ᠎ᠠ ᠪᠣᠳᠣᠯᠭ᠎ᠠ ᠶᠢ ᠬᠠᠮᠲᠤ ᠪᠠᠷ ᠵᠦᠪᠳᠡᠯᠴᠡᠨ᠂ ᠰᠣᠷᠭᠠᠨ ᠬᠦᠮᠦᠵᠢᠯ ᠤᠨ ᠠᠵᠢᠯ ᠤᠨ ᠲᠤᠬᠠᠢ ᠬᠦᠨᠵᠡᠭᠡᠢ ᠶᠠᠷᠢᠯᠴᠠᠪᠠ᠃     ᠸᠠᠩ ᠢᠦᠢ ᠴᠢᠶᠠᠩ ᠠᠴᠠ ᠰᠣᠷᠭᠠᠨ ᠬᠦᠮᠦᠵᠢᠯ ᠤᠨ ᠠᠰᠢᠭ ᠲᠤᠰᠠ ᠪᠤᠯ ᠠᠷᠠᠳ ᠣᠯᠠᠨ ᠬᠠᠮᠤᠭ ᠠᠴᠠ ᠬᠠᠯᠠᠮᠵᠢᠯᠠᠳᠠᠭ᠂ ᠰᠢᠭᠤᠳ ᠮᠦᠷᠳᠡᠭᠡᠨ ᠪᠣᠲᠠᠲᠠᠢ᠂ ᠬᠠᠮᠤᠭ ᠤᠨ ᠦᠨᠳᠦᠰᠦᠨ ᠠᠰᠢᠭ ᠲᠤᠰᠠ᠂ ᠠᠷᠠᠳ ᠤᠨ ᠠᠮᠢᠳᠣᠷᠠᠯ ᠤᠨ ᠴᠦᠮ᠎ᠡ ᠪᠤᠯᠤᠨ᠎ᠠ᠂ ᠢᠲᠡᠭᠡᠯ ᠵᠤᠷᠢᠭ ᠢᠶᠠᠨ ᠬᠦᠪᠴᠢᠯᠡᠵᠦ᠂ ᠰᠢᠯᠢᠳᠡᠭ ᠵᠠᠬᠢᠷᠣᠯ ᠪᠠ ᠪᠠᠭᠰᠢ ᠶᠢᠨ ᠡᠩᠨᠡᠭᠡ ᠶᠢ ᠬᠦᠮᠦᠵᠢᠬᠦᠯᠦᠨ᠂ ᠣᠯᠣᠰ ᠲᠦᠷᠦ ᠶᠢᠨ ᠤᠬᠠᠮᠰᠠᠷ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠪᠠᠰᠣᠷᠠᠩᠭᠤᠢ᠂ ᠪᠦᠲᠦᠴᠡ ᠲᠤᠬᠢᠷᠠᠮᠵᠢᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠬᠢᠷᠢ ᠳᠦᠪᠰᠢᠨ ᠢ ᠪᠦᠬᠦ ᠲᠠᠯ᠎ᠠ ᠪᠠᠷ ᠳᠡᠭᠡᠭᠰᠢᠯᠡᠬᠦᠯᠦᠨ᠂ ᠪᠦᠬᠦ ᠬᠤᠰᠢᠭᠤᠨ ᠤ ᠪᠠᠭᠰᠢᠯᠠᠭᠴᠢᠳ ᠤᠨ ᠬᠦᠴᠦᠨ ᠤ ᠲᠡᠩᠴᠡᠬᠦᠷᠢᠲᠦ ᠬᠦᠭᠵᠢᠯᠲᠡ ᠪᠠ ᠰᠢᠯᠢᠳᠡᠭᠵᠢᠬᠦᠯᠦᠯᠲᠡ ᠲᠤᠬᠢᠷᠠᠭᠤᠯᠤᠯᠲᠠ ᠶᠢ ᠠᠬᠢᠭᠤᠯᠬᠤ ᠬᠡᠷᠡᠭᠲᠡᠢ᠃ ᠰᠢᠯᠢᠳᠡᠭ ᠠᠮᠵᠢᠯᠲᠠ ᠪᠦᠲᠦᠮᠵᠢ ᠡᠭᠦᠳᠦᠭᠰᠡᠳ ᠲᠤ ᠴᠢᠨᠠᠷᠯᠢᠭ ᠬᠠᠷᠠᠭᠠᠯᠵᠠᠯ ᠬᠦᠷᠲᠡᠭᠡᠬᠦ ᠬᠠᠮᠢᠶᠠᠷᠤᠯᠲᠠ ᠶᠢᠨ ᠵᠠᠭᠪᠣᠷ ᠢ ᠴᠢᠩᠭ᠎ᠠ ᠬᠡᠷᠡᠭᠵᠢᠬᠦᠯᠵᠦ᠂ ᠵᠢᠭᠠᠨ ᠰᠣᠷᠭᠠᠯᠲᠠ ᠶᠢᠨ ᠬᠠᠮᠢᠶᠠᠷᠤᠯᠲᠠ ᠶᠢᠨ ᠲᠤᠭᠲᠠᠴᠠ ᠶᠢ ᠰᠢᠨᠡᠴᠢᠯᠡᠨ᠂ ᠰᠣᠷᠭᠠᠭᠤᠯᠢ᠂ ᠰᠣᠷᠣᠭᠴᠢ᠂ ᠬᠡᠷ ᠤᠨ ᠠᠬᠠᠮᠠᠳ ᠠᠴᠠ ᠪᠠᠭᠰᠢ ᠨᠠᠷ ᠢ ᠦᠨᠡᠯᠡᠬᠦ ᠬᠢᠨᠠᠨ ᠰᠢᠯᠭᠠᠯᠲᠠ ᠶᠢᠨ ᠲᠤᠭᠲᠠᠴᠠ ᠶᠢ ᠪᠠᠶᠢᠭᠤᠯᠤᠨ ᠲᠡᠬᠦᠯᠳᠡᠷᠵᠢᠬᠦᠯᠵᠦ᠂ ᠠᠮᠢᠳᠣᠯᠢᠭ ᠠᠵᠢᠯ ᠤᠨ ᠲᠤᠭᠲᠠᠴᠠ ᠶᠢ ᠪᠦᠷᠢᠯᠳᠦᠬᠦᠯᠦᠨ᠂ ᠪᠠᠭᠰᠢ ᠠᠵᠢᠯᠲᠠᠨ ᠤ ᠠᠵᠢᠯ ᠤᠨ ᠢᠳᠡᠪᠬᠢᠵᠢᠯ ᠪᠠ ᠲᠤᠰᠬᠠᠢ ᠮᠡᠷᠭᠡᠵᠢᠯ ᠤᠨ ᠬᠦᠭᠵᠢᠯᠲᠡ ᠶᠢᠨ ᠢᠳᠡᠪᠬᠢᠵᠢᠯ ᠢ ᠣᠯᠠᠮ ᠨᠢᠭᠡ ᠠᠯᠬᠤᠮ ᠣᠷᠮᠠᠰᠢᠭᠤᠯᠵᠤ᠂ ᠬᠡᠷᠡᠭᠴᠡᠭᠡ ᠦᠭᠡᠢ ᠬᠢᠨᠠᠨ ᠰᠢᠯᠭᠠᠯᠲᠠ ᠦᠨᠡᠯᠡᠯᠲᠡ ᠶᠢ ᠰᠣᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠪᠠᠭᠠᠰᠬᠠᠬᠤ ᠲᠤᠭᠲᠠᠴᠠ ᠶᠢ ᠪᠠᠶᠢᠭᠤᠯᠵᠤ ᠲᠡᠬᠦᠯᠳᠡᠷᠵᠢᠬᠦᠯᠦᠨ᠂ ᠨᠠᠶᠢᠬᠡᠮ ᠤᠨ ᠲᠤᠰᠬᠠᠢ ᠡᠬᠦᠷᠭᠡ ᠪᠠ ᠪᠠᠭᠰᠢ ᠨᠠᠷ ᠣᠷᠣᠯᠴᠠᠬᠤ ᠨᠠᠶᠢᠬᠡᠮ ᠤᠨ ᠶᠠᠪᠤᠳᠠᠯ ᠤᠨ ᠲᠦᠷᠦᠯ ᠵᠦᠢᠯ ᠰᠣᠷᠭᠠᠭᠤᠯᠢ ᠶᠢᠨ ᠬᠦᠷᠢᠶᠡᠨ ᠳᠤ ᠣᠷᠣᠬᠤ ᠶᠢ ᠴᠢᠩᠭ᠎ᠠ ᠡᠵᠡᠮᠳᠡᠵᠦ᠂ ᠡᠯ᠎ᠡ ᠲᠦᠷᠦᠯ ᠤᠨ ᠱᠠᠭᠠᠷᠳᠠᠨ ᠪᠠᠶᠢᠴᠠᠭᠠᠯᠲᠠ ᠬᠢᠨᠠᠨ ᠰᠢᠯᠭᠠᠯᠲᠠ ᠴᠤᠭᠴᠠᠯᠠᠯᠲᠠ ᠶᠢᠨ ᠵᠦᠢᠯᠡᠰ ᠢ ᠪᠠᠭᠠᠰᠬᠠᠨ᠂ ᠪᠠᠭᠰᠢ ᠨᠠᠷ ᠤᠨ ᠬᠢᠴᠢᠶᠡᠯ ᠤᠨ ᠭᠠᠳᠠᠨᠠᠬᠢ ᠳᠠᠷᠤᠭᠠᠰᠣ ᠶᠢ ᠬᠦᠩᠭᠡᠷᠡᠬᠦᠯᠵᠦ᠂ ᠬᠡᠪ ᠤᠨ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠠᠵᠢᠯᠯᠠᠭ᠎ᠠ ᠦᠷᠨᠢᠬᠦᠯᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠪᠠᠭᠰᠢ ᠨᠠᠷ ᠤᠨ ᠰᠢᠯᠵᠢᠯᠲᠡ ᠤᠨ ᠳᠦᠷᠢᠮ ᠲᠤᠭᠲᠠᠭᠠᠯ ᠢ ᠲᠡᠬᠦᠯᠳᠡᠷᠵᠢᠬᠦᠯᠵᠦ᠂ ︽ᠴᠢᠭᠯᠡᠯ ᠢ ᠳᠠᠭᠠᠬᠤ᠂ ᠪᠦᠲᠦᠴᠡ ᠶᠢ ᠰᠢᠯᠢᠳᠡᠭᠵᠢᠬᠦᠯᠬᠦ᠂ ᠪᠠᠴᠢᠮ ᠬᠡᠷᠡᠭᠴᠡᠭᠡᠨ ᠤ ᠲᠤᠬᠢᠷᠠᠭᠤᠯᠤᠯᠲᠠ ᠶᠢ ᠳᠠᠭᠠᠬᠤ᠂ ᠲᠤᠬᠢᠷᠠᠭᠤᠯᠤᠯᠲᠠ ᠶᠢ ᠲᠡᠩᠴᠡᠬᠦᠷᠢᠰᠢᠬᠦᠯᠬᠦ︾ ᠵᠠᠷᠴᠢᠮ ᠢ ᠪᠠᠷᠢᠮᠲᠠᠯᠠᠨ᠂ ᠡᠮᠬᠢ ᠲᠢᠭᠯᠢᠮ ᠦᠭᠡᠢ ᠪᠠᠷ ᠰᠦᠷᠭᠡᠦ ᠴᠢᠭᠯᠡᠯ ᠢᠶᠠᠷ ᠰᠢᠯᠵᠢᠬᠦ ᠶᠢ ᠬᠤᠷᠢᠭᠯᠠᠵᠤ᠂ ᠰᠣᠷᠭᠠᠨ ᠬᠦᠮᠦᠵᠢᠯ ᠤᠨ ᠡᠬᠢ ᠰᠣᠷᠪᠣᠯᠵᠢ ᠶᠢ ᠵᠦᠢ ᠵᠣᠬᠢᠰᠲᠡᠢ ᠲᠤᠬᠢᠷᠠᠭᠤᠯᠤᠨ᠂ ᠪᠠᠭᠰᠢ ᠶᠢᠨ ᠡᠩᠨᠡᠭᠡᠨ ᠤ ᠲᠤᠭᠲᠠᠭᠤᠨ ᠢ ᠪᠠᠲᠤᠯᠠᠬᠤ ᠬᠡᠷᠡᠭᠲᠡᠢ᠃ ᠣᠷᠢᠳᠴᠢᠯᠠᠨ ᠨᠠᠷᠢᠯᠢᠭ ᠰᠦᠪᠡᠭᠴᠢᠯᠡᠨ᠂ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠭᠠᠳᠠᠨ᠎ᠠ ᠠᠴᠠ ᠪᠠᠭᠰᠢ ᠣᠷᠢᠨ ᠡᠯᠰᠡᠬᠦ ᠬᠠᠷᠢᠴᠠᠯ ᠢᠶᠠᠨ ᠦᠷᠬᠡᠳᠬᠡᠨ᠂ ᠭᠠᠳᠠᠨ᠎ᠠ ᠠᠴᠠ ᠣᠷᠢᠭᠰᠠᠨ ᠪᠠᠭᠰᠢ ᠨᠠᠷ ᠤᠨ ᠣᠷᠣᠵᠣ ᠭᠠᠷᠬᠤ ᠪᠣᠭᠤᠮᠲᠠ ᠶᠢ ᠴᠢᠩᠭᠠᠳᠬᠠᠵᠤ᠂ ᠰᠣᠩᠭᠤᠯᠲᠠ ᠲᠠᠢ ᠡᠯᠰᠡᠯᠲᠡ᠂ ᠠᠷᠭ᠎ᠠ ᠠᠪᠴᠠᠯ ᠲᠠᠢ ᠬᠠᠮᠢᠶᠠᠷᠤᠯᠲᠠ ᠶᠢ ᠪᠡᠶᠡᠯᠡᠬᠦᠯᠬᠦ ᠬᠡᠷᠡᠭᠲᠡᠢ᠃ ᠠᠯᠣᠰ ᠢ ᠪᠣᠳᠣᠯᠬᠢᠯᠠᠵᠤ᠂ ᠰᠣᠷᠭᠠᠭᠤᠯᠢ ᠶᠢᠨ ᠪᠦᠬᠦᠯᠢ ᠴᠤᠭᠴᠠ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠬᠦᠯᠦᠨ᠂ ︽ᠬᠦᠷᠢᠶ᠎ᠡ ᠬᠡᠪᠴᠢᠶ᠎ᠡ ᠳᠣᠬᠢᠷᠠᠮᠵᠢᠲᠠᠢ᠂ ᠪᠦᠲᠦᠴᠡ ᠵᠦᠢ ᠵᠣᠬᠢᠰᠲᠠᠢ︾ ᠵᠠᠷᠴᠢᠮ ᠶᠤᠰᠤᠭᠠᠷ᠂ ᠰᠣᠷᠭᠠᠭᠤᠯᠢ ᠶᠢᠨ ᠵᠢᠭᠠᠨ ᠰᠣᠷᠭᠠᠯᠲᠠ ᠶᠢᠨ ᠬᠠᠮᠢᠶᠠᠷᠤᠯᠲᠠ ᠶᠢ ᠣᠯᠠᠮ ᠨᠢᠬᠡ ᠠᠯᠬᠤᠮ ᠴᠢᠩᠭᠠᠳᠬᠠᠵᠤ᠂ ᠴᠢᠨᠠᠷ ᠰᠠᠶᠢᠲᠠᠢ ᠵᠢᠭᠠᠨ ᠰᠣᠷᠭᠠᠯᠲᠠ  ᠶᠢᠨ ᠦᠵᠡᠯᠲᠡ ᠶᠢ ᠣᠷᠣᠭᠤᠯᠵᠦ ᠠᠪᠴᠢᠷᠠᠨ᠂ ᠣᠲᠤᠭ ᠤᠨ ᠡᠮᠦᠨᠡᠲᠦ ᠬᠤᠰᠢᠭᠤᠨ ᠤ ᠰᠣᠷᠭᠠᠨ ᠬᠦᠮᠦᠵᠢᠯ ᠰᠢᠨ᠎ᠡ ᠳᠡᠭᠳᠡᠷ ᠲᠤ ᠭᠠᠷᠬᠤ ᠶᠢ ᠡᠷᠴᠢᠮᠲᠡᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠪᠦᠬᠦ ᠬᠤᠰᠢᠭᠤᠨ ᠤ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠬᠢᠨ ︽ᠰᠣᠷᠭᠠᠨ ᠬᠦᠮᠦᠵᠢᠯ ᠤᠨ ᠬᠦᠭᠵᠢᠯᠲᠡ ᠶᠢ ᠬᠡᠷᠬᠢᠨ ᠳᠡᠮᠵᠢᠬᠦ︾ ᠲᠤᠬᠠᠢ ᠲᠦᠰᠦᠯ ᠪᠠ ᠪᠣᠲᠠᠲᠠᠢ ᠠᠷᠭ᠎ᠠ ᠠᠪᠴᠠᠯ ᠢ ᠦᠳᠲᠡᠷ ᠲᠦᠷᠬᠡᠨ ᠰᠦᠪᠡᠭᠴᠢᠯᠡᠨ ᠬᠡᠷᠡᠭᠵᠢᠬᠦᠯᠵᠦ᠂ ᠰᠣᠷᠭᠠᠨ ᠬᠦᠮᠦᠵᠢᠯ ᠵᠢᠭᠠᠨ ᠰᠣᠷᠭᠠᠯᠲᠠ ᠶᠢᠨ ᠰᠢᠯᠢᠳᠡᠭ ᠡᠬᠢ ᠰᠣᠷᠪᠣᠯᠵᠢ ᠶᠢ ᠣᠷᠣᠭᠤᠯᠣᠨ ᠠᠪᠴᠢᠷᠠᠬᠤ᠂ ᠭᠠᠳᠠᠭᠰᠢ ᠭᠠᠷᠭᠠᠬᠤ ᠶᠢ ᠣᠲᠤᠭ ᠤᠨ ᠡᠮᠦᠨᠡᠲᠦ ᠬᠤᠰᠢᠭᠤᠨ ᠤ ᠰᠣᠷᠭᠠᠨ ᠬᠦᠮᠦᠵᠢᠯ ᠤᠨ ᠬᠡᠪ ᠤᠨ ᠪᠠᠶᠢᠳᠠᠯ ᠪᠤᠯᠭᠠᠵᠤ᠂ ᠪᠠᠭᠰᠢ ᠨᠠᠷ ᠤᠨ ᠪᠣᠯᠪᠠᠰᠣᠷᠠᠯ ᠤᠨ ᠬᠦᠴᠦᠯᠡᠴᠡ ᠶᠢ ᠴᠢᠩᠭᠠᠳᠬᠠᠨ᠂ ᠬᠠᠷᠢᠯᠴᠠᠨ ᠰᠣᠷᠣᠯᠴᠠᠬᠤ᠂ ᠰᠣᠯᠢᠯᠴᠠᠭ᠎ᠠ ᠬᠢᠬᠦ᠂ ᠲᠤᠯᠢ ᠪᠤᠯᠭᠠᠬᠤ ᠣᠬᠢ ᠰᠠᠶᠢᠨ ᠣᠷᠴᠢᠨ ᠠᠬᠤᠢ  ᠶᠢ ᠪᠦᠷᠢᠯᠳᠦᠬᠦᠯᠬᠦ ᠬᠡᠷᠡᠭᠲᠡᠢ᠃ ᠰᠣᠷᠭᠠᠨ ᠬᠦᠮᠦᠵᠢᠯ ᠤᠨ ᠰᠠᠯᠠᠭ᠎ᠠ ᠮᠦᠴᠢᠷ ᠤᠨ ᠬᠢᠨ ᠭᠤᠤᠯ ᠴᠣᠭᠴᠠ ᠶᠢᠨ ᠡᠬᠦᠷᠭᠡ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠦ᠂ ᠵᠠᠬᠢᠷᠤᠯ ᠤᠨ ᠡᠩᠨᠡᠭᠡᠨ ᠤ ᠪᠠᠶᠢᠭᠤᠯᠤᠯᠲᠠ ᠶᠢ ᠡᠷᠲᠡᠬᠡᠨ ᠰᠦᠪᠡᠭᠴᠢᠯᠡᠨ᠂ ᠨᠢᠬᠡᠳᠦᠯᠲᠡᠢ ᠲᠦᠯᠦᠪᠵᠢᠬᠦᠯᠦᠨ ᠬᠠᠮᠢᠶᠠᠷᠴᠦ᠂ ᠡᠯ᠎ᠡ ᠲᠦᠷᠦᠯ ᠤᠨ ᠠᠵᠢᠯ ᠤᠨ ᠠᠷᠭ᠎ᠠ ᠠᠪᠴᠠᠯ  ᠤᠨ ᠨᠠᠶᠢᠲᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠨ᠂ ᠪᠦᠬᠦ ᠬᠤᠰᠢᠭᠤᠨ ᠤ ᠰᠣᠷᠭᠠᠨ ᠬᠦᠮᠦᠵᠢᠯ ᠤᠨ ᠬᠦᠭᠵᠢᠯᠲᠡ ᠳᠤ ᠬᠦᠴᠦᠲᠦ ᠪᠠᠲᠤᠯᠠᠭ᠎ᠠ ᠬᠠᠩᠭᠠᠬᠤ ᠬᠡᠷᠡᠭᠲᠡᠢ ᠬᠡᠵᠦ ᠱᠠᠭᠠᠷᠳᠠᠭᠰᠠᠨ ᠪᠠᠶᠢᠨ᠎ᠠ᠃     ᠬᠤᠰᠢᠭᠤᠨ ᠤ ᠰᠣᠷᠭᠠᠨ ᠬᠦᠮᠦᠵᠢᠯ ᠤᠨ ᠠᠵᠢᠯ ᠤᠨ ᠣᠳᠣᠷᠢᠳᠬᠤ ᠳᠣᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠳ᠂ ᠬᠤᠰᠢᠭᠤ ᠰᠣᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶᠠᠨ ᠤ ᠣᠳᠣᠷᠢᠳᠬᠤ ᠪᠠᠭ ᠤᠨ ᠪᠦᠷᠢᠯᠳᠦᠬᠦᠨ᠂ ᠡᠯ᠎ᠡ ᠰᠣᠷᠭᠠᠭᠤᠯᠢ ᠶᠢᠨ ᠵᠠᠬᠢᠷᠤᠯ᠂ ᠴᠡᠴᠡᠷᠯᠢᠭ ᠤᠨ ᠵᠠᠬᠢᠷᠤᠯ ᠵᠢᠴᠢ ᠰᠢᠯᠢᠳᠡᠭ ᠪᠠᠭᠰᠢ ᠨᠠᠷ ᠤᠨ ᠲᠦᠯᠦᠭᠡᠯᠡᠭᠴᠢ᠂ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠤᠨ  ᠲᠦᠯᠦᠭᠡᠯᠡᠭᠴᠢ᠂ ᠡᠩ ᠤᠨ ᠪᠠᠭᠰᠢ ᠨᠠᠷ ᠤᠨ ᠲᠦᠯᠦᠭᠡᠯᠡᠭᠴᠢ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号