ᠸᠠᠩ ᠢᠦᠢ ᠴᠢᠶᠠᠩ ᠨᠠᠮ ᠤᠨ ᠬᠡᠰᠢᠭᠦᠨ ᠠᠵᠢᠯᠳᠠᠨ ᠤ ᠨᠡᠶᠢᠭᠡᠮ ᠲᠣᠭᠤᠷᠢᠭ ᠲᠤ ᠣᠷᠣᠵᠣ ᠣᠯᠠᠨ ᠲᠦᠮᠡᠨ ᠳᠤ ᠪᠣᠳᠠᠳᠦ ᠠᠵᠢᠯ ᠬᠢᠬᠦ ᠰᠠᠶᠢᠨ ᠲᠣᠷ᠎ᠠ ᠶᠢᠨ ᠣᠶᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2021/9/15
    9 ᠰᠠᠷ᠎ᠠ ᠶᠢᠨ 10 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ ᠣᠯᠵᠠᠴᠢ ᠪᠠᠯᠭᠠᠰᠣᠨ ᠤ ᠮᠠᠨᠳᠣᠯ᠎ᠠ ᠨᠡᠶᠢᠭᠡᠮ ᠲᠣᠭᠤᠷᠢᠭ ᠲᠤ ᠬᠦᠷᠴᠦ ᠡᠩ ᠤᠨ ᠨᠠᠮ ᠤᠨ ᠬᠡᠰᠢᠭᠦᠨ ᠤ ᠬᠤᠪᠢ ᠪᠠᠷ ᠠᠵᠢᠯ  ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠬᠦᠷᠴᠦ ᠣᠯᠠᠨ ᠲᠦᠮᠡᠨ ᠳᠤ ᠪᠣᠳᠠᠳᠠᠢ ᠠᠵᠢᠯ ᠬᠢᠬᠦ ᠰᠠᠶᠢᠨ ᠲᠣᠷ᠎ᠠ ᠶᠢᠨ ᠣᠶᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠪᠠ᠃ ᠬᠤᠰᠢᠭᠤ ᠣᠳᠣᠷᠢᠳᠣᠯᠭ᠎ᠠ ᠰᠢᠶᠧ ᠶᠥᠩ ᠹᠧᠩ᠂ ᠹᠦ᠋ ᠺᠧ᠂ ᠯᠢ ᠵᠢᠶᠧ ᠭᠤᠸᠠᠨ ᠬᠠᠮᠳᠦ ᠠᠵᠢᠯᠯᠠᠭ᠎ᠠ ᠳᠤ ᠣᠷᠣᠯᠴᠠᠪᠠ᠃     ᠸᠠᠩ ᠢᠦᠢ ᠴᠢᠶᠠᠩ ᠵᠡᠷᠭᠡ ᠬᠤᠰᠢᠭᠤ ᠣᠳᠣᠷᠢᠳᠣᠯᠭ᠎ᠠ ᠨᠡᠶᠢᠭᠡᠮ ᠲᠣᠭᠤᠷᠢᠭ ᠤᠨ ᠨᠡᠷ᠎ᠡ ᠮᠡᠳᠡᠭᠦᠯᠬᠦ ᠭᠠᠵᠠᠷ  ᠲᠤ ᠬᠦᠷᠴᠦ ᠨᠡᠷ᠎ᠡ ᠮᠡᠳᠡᠭᠦᠯᠵᠣ ᠲᠠᠩᠰᠠᠯᠠᠭᠤᠯᠬᠤ ᠬᠦᠰᠦᠨᠦᠭᠳᠦ ᠳᠠᠬᠢ ᠬᠠᠮᠢᠶ᠎ᠠ ᠪᠦᠬᠦᠢ ᠮᠡᠳᠡᠭᠡ ᠵᠠᠩᠬᠢ ᠶᠢ ᠲᠠᠭᠯᠠᠨ ᠰᠠᠶᠢᠨ ᠲᠣᠷ᠎ᠠ ᠶᠢᠨ ᠣᠶᠢᠯᠡᠴᠢᠯᠡᠭᠡᠨ ᠤ ᠠᠮᠠᠯᠠᠯᠳᠠ ᠶᠢᠨ ᠪᠢᠴᠢᠭ ᠲᠤ ᠭᠠᠷ ᠤᠨ ᠦᠰᠦᠭ ᠵᠢᠷᠣᠪᠠ᠃ ᠲᠠᠷᠠᠭ᠎ᠠ ᠨᠢ ᠬᠤᠰᠢᠭᠤ ᠣᠳᠣᠷᠢᠳᠣᠯᠭ᠎ᠠ ᠠᠵᠢᠯᠯᠠᠭᠠᠨ ᠤ ᠠᠷᠦ ᠦᠵᠡᠭᠳᠡᠯ ᠤᠨ ᠬᠡᠷᠡᠮ ᠲᠡᠭᠡᠷ᠎ᠡ ᠭᠠᠷ ᠤᠨ ᠦᠰᠦᠭ ᠵᠢᠷᠣᠨ ᠬᠠᠷᠢᠭᠤᠴᠠᠯᠭ᠎ᠠ ᠶᠢᠨ ᠲᠣᠣᠷᠵᠢᠯ᠂ ᠨᠡᠶᠢᠭᠡᠮ ᠲᠣᠭᠤᠷᠢᠭ ᠲᠤ ᠣᠶᠢᠯᠡᠴᠢᠯᠡᠬᠦ ᠲᠦᠷᠦᠯ ᠵᠣᠶᠢᠯ ᠪᠣᠯᠣᠨ ᠰᠠᠭᠤᠭᠠᠯᠢ ᠠᠷᠠᠳ ᠤᠨ ︽ᠡᠷᠡᠮᠡᠯᠵᠡᠯ︾ ᠢ ᠬᠦᠯᠢᠶᠡᠨ ᠠᠪᠣᠭᠰᠠᠨ ᠪᠠᠶᠢᠨ᠎ᠠ᠃     ᠸᠠᠩ ᠢᠦᠢ ᠴᠢᠶᠠᠩ ᠠᠴᠠ ᠰᠠᠶᠢᠨ ᠲᠣᠷ᠎ᠠ ᠶᠢᠨ ᠣᠶᠢᠯᠡᠴᠢᠯᠡᠭᠡ ᠶᠢ ᠰᠠᠨᠠᠭᠠᠴᠢᠯᠠᠵᠣ᠂ ᠠᠵᠢᠯ ᠤᠨ ᠪᠠᠶᠢᠷᠢᠨ  ᠳᠤ ᠪᠠᠶᠢᠭ᠎ᠠ ᠨᠠᠮ ᠤᠨ ᠭᠡᠰᠢᠭᠦᠨ ᠨᠡᠶᠢᠭᠡᠮ ᠲᠣᠭᠤᠷᠢᠭ ᠲᠤ ᠬᠦᠷᠴᠦ ᠣᠯᠠᠨ ᠲᠦᠮᠡᠨ ᠳᠤ ᠪᠣᠳᠠᠳᠦ ᠠᠵᠢᠯ ᠬᠢᠬᠦ ᠰᠠᠶᠢᠨ ᠲᠣᠷ᠎ᠠ ᠶᠢᠨ ᠣᠶᠢᠯᠡᠴᠢᠯᠡᠭᠡᠨ ᠤ ᠠᠵᠢᠯᠯᠠᠭ᠎ᠠ ᠪᠣᠯ ᠮᠠᠨ ᠤ ᠬᠤᠰᠢᠭᠤᠨ ᠤ ᠨᠠᠮ ᠤᠨ ᠲᠡᠣᠬᠡ ᠶᠢᠨ ᠰᠣᠷᠣᠯᠴᠠᠯᠭ᠎ᠠ ᠬᠦᠮᠦᠵᠢᠯ ᠤᠨ ︽ᠠᠷᠠᠳ ᠲᠦᠮᠡᠨ ᠳᠤ ᠪᠣᠳᠠᠳᠦ ᠠᠵᠢᠯ ᠬᠢᠬᠦ︾ ᠣᠶᠢᠯᠡᠳᠦᠯᠭᠡ ᠶᠢᠨ ᠠᠵᠢᠯᠯᠠᠭᠠᠨ ᠢ ᠭᠦᠨᠵᠡᠭᠡᠶᠢᠷᠡᠭᠦᠯᠬᠦ ᠴᠢᠬᠤᠯᠠ ᠭᠠᠷᠳᠠᠴᠠ ᠪᠣᠯᠣᠨ᠎ᠠ᠂ ᠮᠦᠨᠴᠤ ᠨᠠᠮ ᠪᠠ ᠣᠯᠠᠨ ᠲᠦᠮᠠᠨ ᠤ ᠬᠠᠷᠢᠴᠠᠭ᠎ᠠ ᠶᠢ ᠨᠢᠭᠳᠠᠷᠠᠭᠤᠯᠬᠤ ᠬᠦᠬᠦᠷᠭᠡ ᠬᠤᠯᠪᠣᠭᠠᠰᠦ ᠪᠣᠯᠬᠤ ᠶᠣᠮ᠃ ᠪᠦᠬᠦ ᠬᠤᠰᠢᠭᠤᠨ ᠤ ᠡᠯ᠎ᠡ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠦᠵᠡᠯᠳᠡ ᠲᠠᠨᠢᠯᠳᠠ ᠪᠠᠨ ᠣᠯᠠᠮ ᠨᠢᠭᠡ ᠠᠯᠬᠤᠮ ᠲᠡᠭᠡᠭᠰᠢᠯᠡᠭᠦᠯᠦᠨ᠂ ᠬᠠᠷᠢᠭᠤᠴᠠᠯᠭᠠᠳᠦ ᠰᠡᠳᠬᠢᠯᠭᠡ ᠪᠠᠨ ᠲᠠᠰᠣᠷᠠᠯᠳᠠ ᠦᠭᠡᠢ ᠴᠢᠩᠭᠠᠳᠬᠠᠵᠣ᠂ ᠨᠡᠩ ᠣᠯᠠᠨ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠨ ᠢ ᠰᠠᠶᠢᠨ ᠲᠣᠷ᠎ᠠ ᠶᠢᠨ ᠣᠶᠢᠯᠡᠴᠢᠯᠡᠭᠡ ᠳᠤ ᠣᠷᠣᠯᠴᠠᠭᠤᠯᠬᠤ ᠶᠢ ᠣᠬᠠᠭᠤᠯᠣᠨ ᠲᠠᠶᠢᠴᠢᠯᠠᠵᠣ᠂ ᠪᠣᠳᠠᠳᠦ ᠠᠵᠢᠯᠯᠠᠭ᠎ᠠ ᠪᠠᠷ ᠢᠶᠠᠨ ᠨᠡᠮ ᠤᠨ ᠭᠡᠰᠢᠭᠦᠨ ᠤ ᠣᠭ ᠰᠠᠨᠠᠭ᠎ᠠ ᠪᠣᠯᠣᠨ ᠲᠠᠷᠬᠠᠨ ᠡᠭᠦᠷᠭᠡ ᠪᠠᠨ ᠣᠶᠢᠯᠡᠳᠦᠯᠭᠡᠵᠢᠭᠦᠯᠬᠦ ᠬᠡᠷᠡᠭᠳᠡᠢ᠃ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠣᠯᠳᠠ ᠪᠣᠯᠣᠨ ᠨᠠᠮ ᠤᠨ ᠭᠡᠰᠢᠭᠦᠨ ᠤ ᠪᠠᠬᠢᠯᠡᠯᠳᠡ ᠪᠣᠯᠣᠨ ᠬᠤᠰᠢᠭᠤᠴᠢ ᠵᠢᠱᠢᠶᠡᠴᠢ ᠶᠢᠨ ᠣᠶᠢᠯᠡᠳᠣᠯ ᠢᠶᠠᠨ ᠬᠦᠢᠴᠡᠳ ᠪᠠᠳᠠᠷᠠᠭᠤᠯᠣᠨ᠂ ᠣᠯᠠᠨ ᠲᠦᠮᠡᠨ ᠤ ᠬᠦᠴᠢᠷᠳᠡᠯ  ᠢ ᠰᠢᠢᠳᠪᠦᠷᠢᠯᠡᠬᠦ ᠳᠤ ᠴᠢᠭᠯᠡᠭᠦᠯᠵᠣ᠂ ᠪᠣᠳᠠᠳᠦ ᠠᠵᠢᠯ ᠬᠢᠨ᠂ ᠠᠷᠠᠳ ᠣᠯᠠᠨ ᠤ ᠠᠰᠢᠭ ᠵᠢᠷᠭᠠᠯ ᠢ ᠲᠡᠭᠡᠭᠰᠢᠯᠡᠭᠦᠯᠬᠦ ᠬᠡᠷᠡᠭᠳᠡᠢ᠃ ᠨᠡᠶᠢᠭᠡᠮ ᠲᠣᠭᠤᠷᠢᠭ ᠤᠨ ᠠᠵᠢᠯ ᠢ ᠬᠠᠯᠠᠮᠵᠢᠨ ᠲᠡᠮᠵᠢᠬᠦ ᠬᠦᠴᠦᠨ ᠢᠶᠠᠨ ᠴᠢᠩᠭᠠᠷᠠᠭᠤᠯᠣᠨ᠂ ᠨᠡᠶᠢᠭᠡᠮ ᠲᠣᠭᠤᠷᠢᠭ ᠤᠨ ᠨᠡᠶᠢᠳᠡ ᠶᠢᠨ ᠣᠶᠢᠯᠡᠴᠢᠯᠡᠭᠡᠨ ᠤ ᠴᠢᠳᠠᠪᠬᠢ ᠶᠢ ᠲᠠᠰᠣᠷᠠᠯᠳᠠ ᠦᠭᠡᠢ ᠨᠡᠮᠡᠭᠳᠡᠭᠦᠯᠵᠣ᠂ ᠣᠯᠠᠨ ᠲᠦᠮᠡᠨ ᠳᠤ ᠣᠶᠢᠯᠡᠴᠢᠯᠡᠭᠦ ︽ᠡᠴᠦᠰ ᠤᠨ ᠨᠢᠭᠡ ᠠᠯᠬᠤᠮ︾ ᠢ ᠨᠡᠪᠳᠡᠷᠡᠭᠦᠯᠬᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠵᠡᠷᠭᠡ ᠣᠳᠣᠷᠢᠳᠣᠯᠭ᠎ᠠ ᠨᠠᠷ ᠰᠠᠶᠢᠨ ᠲᠣᠷ᠎ᠠ ᠶᠢᠨ ᠣᠶᠢᠯᠡᠴᠢᠯᠡᠭᠡᠨ ᠤ ᠴᠡᠭ ᠲᠤ ᠬᠦᠷᠴᠦ ᠮᠠᠰᠢᠨ ᠬᠦᠳᠡᠯᠭᠡᠭᠦᠷᠳᠦ ᠲᠣᠭᠤᠢ ᠲᠡᠷᠭᠡᠨ ᠳᠤ ᠫᠠᠶᠢᠰᠠ ᠣᠭᠰᠠᠷᠠᠬᠤ᠂ ᠲᠦᠷᠦᠯ ᠬᠤᠪᠢᠶᠠᠭᠰᠠᠨ ᠬᠤᠭ ᠤᠨ ᠰᠠᠪᠠ ᠪᠠᠶᠢᠷᠢᠯᠠᠭᠤᠯᠬᠤ᠂ ᠣᠯᠠᠨ ᠲᠦᠮᠡᠨ ᠲᠠᠢ ᠬᠠᠷᠢᠯᠴᠠᠬᠤ ᠵᠡᠷᠭᠡ ᠰᠠᠶᠢᠨ ᠲᠣᠷ᠎ᠠ ᠶᠢᠨ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号