ᠮᠠᠨ ᠤ ᠬᠤᠰᠢᠭᠤ ᠱᠠᠨᠳᠦ᠋ᠩ ᠤᠨ ᠡᠨᠧᠷᠬᠢ ᠶᠢᠨ ᠪᠦᠯᠦᠭᠯᠡᠯ ᠤᠨ ᠦᠪᠦᠷ ᠮᠣᠩᠭᠤᠯ ᠤᠨ ᠱᠧᠩ ᠯᠣ᠋ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠤᠮᠫᠠᠨᠢ ᠯᠤᠭ᠎ᠠ ᠰᠠᠭᠤᠳᠠᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/9/23
    9 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠶᠠᠳᠣᠭᠠᠷ ᠲᠡᠰ ᠤᠨ ᠲᠤᠭᠤᠷᠢᠨ ᠪᠠᠶᠢᠴᠠᠭᠠᠭᠴᠢ ᠸᠠᠩ ᠢᠦᠢ ᠴᠢᠶᠠᠩ ᠱᠠᠨᠳᠦ᠋ᠩ ᠤᠨ ᠡᠨᠧᠷᠬᠢ ᠶᠢᠨ ᠪᠦᠯᠦᠭᠯᠡᠯ ᠤᠨ ᠠᠵᠢᠯᠲᠠᠨ ᠤ ᠬᠡᠷᠡᠭ ᠮᠡᠳᠡᠭᠴᠢ᠂ ᠱᠧᠩ ᠯᠣ᠋ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠦᠢᠴᠡᠳᠬᠡᠭᠴᠢ ᠬᠡᠷᠡᠭ ᠮᠡᠳᠡᠭᠴᠢ᠂ ᠦᠪᠦᠷ ᠮᠣᠩᠭᠤᠯ ᠤᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠳ᠋ᠢ ᠵᠢᠶᠡᠨ ᠶᠢᠦ ᠨᠠᠷ ᠲᠠᠢ  ᠰᠠᠭᠤᠳᠠᠯ ᠤᠨ ᠬᠤᠷᠠᠯ ᠬᠢᠵᠦ᠂ ᠬᠤᠶᠠᠷ ᠲᠠᠯ᠎ᠠ ᠤᠨ ᠬᠢᠨ ᠣᠷᠣᠨ ᠨᠣᠲᠤᠭ ᠬᠢᠭᠡᠳ ᠠᠵᠤ ᠠᠬᠤᠶᠢᠯᠠᠯ ᠤᠨ ᠬᠠᠮᠲᠤᠷᠠᠯᠴᠠᠭᠠᠨ ᠤ ᠣᠴᠢᠷ ᠶᠠᠪᠤᠳᠠᠯ ᠢ ᠬᠦᠨᠵᠡᠬᠡᠶᠢᠷᠡᠬᠦᠯᠬᠦ ᠲᠤᠬᠠᠢ ᠵᠦᠪᠳᠡᠯᠴᠡᠪᠡ᠃     ᠸᠠᠩ ᠢᠦᠢ ᠴᠢᠶᠠᠩ ᠠᠴᠠ ᠳ᠋ᠢ ᠵᠢᠶᠠᠨ ᠶᠢᠦ ᠨᠠᠷ ᠤᠨ ᠬᠦᠷᠦᠯᠴᠡᠨ ᠢᠷᠡᠭᠰᠡᠨ ᠳᠤ ᠪᠠᠶᠠᠷᠯᠠᠨ ᠣᠭᠲᠣᠵᠣ ᠪᠠᠶᠢᠬᠤ ᠰᠡᠳᠬᠢᠯ ᠢᠶᠠᠨ ᠢᠯᠡᠳᠬᠡᠵᠦ᠂ ᠱᠠᠨᠳᠦ᠋ᠩ ᠤᠨ ᠡᠨᠧᠷᠬᠢ ᠶᠢᠨ ᠪᠦᠯᠦᠭᠯᠡᠯ ᠮᠠᠨ ᠤ ᠬᠤᠰᠢᠭᠤᠨ ᠳᠤ ᠪᠡᠯᠡ ᠣᠷᠣᠭᠤᠯᠵᠣ ᠦᠢᠯᠡᠰ ᠪᠣᠰᠬᠠᠭᠰᠠᠨ ᠳᠤ ᠲᠠᠯᠠᠷᠬᠠᠯ ᠢᠶᠠᠨ ᠳᠡᠪᠰᠢᠬᠦᠯᠪᠡ᠃ ᠸᠠᠩ ᠢᠦᠢ ᠴᠢᠶᠠᠩ᠂ ᠣᠷᠲᠣ ᠬᠤᠭᠤᠴᠠᠭᠠᠨ ᠤ ᠲᠤᠷᠰᠢ ᠱᠠᠨᠳᠦ᠋ᠩ ᠤᠨ ᠡᠨᠧᠷᠬᠢ ᠶᠢᠨ ᠪᠦᠯᠦᠭᠯᠡᠯ ᠣᠲᠤᠭ ᠤᠨ ᠡᠮᠦᠨᠡᠲᠦ ᠬᠤᠰᠢᠭᠤᠨ ᠳᠤ ᠪᠡᠯᠡ ᠣᠷᠣᠭᠤᠯᠵᠣ ᠦᠢᠯᠡᠰ ᠪᠤᠰᠬᠠᠭᠠᠳ ᠣᠷᠣᠨ ᠨᠣᠲᠤᠭ ᠤᠨ ᠠᠵᠣ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ᠣᠷᠣᠨ ᠨᠣᠲᠤᠭ ᠠᠵᠤ ᠠᠬᠤᠶᠢᠯᠠᠯ ᠬᠠᠮᠲᠤᠷᠠᠯᠴᠠᠭ᠎ᠠ ᠪᠠᠨ ᠣᠯᠠᠮ ᠨᠢᠭᠡ ᠠᠯᠬᠤᠮ ᠴᠢᠩᠭᠠᠳᠬᠠᠨ᠂ ᠮᠡᠳᠡᠭᠡ ᠵᠠᠩᠭᠢ ᠠᠪᠴᠠᠯᠳᠣᠩᠭᠤᠢ ᠪᠣᠰᠣ ᠠᠰᠠᠭᠤᠳᠠᠯ ᠢ ᠬᠠᠮᠲᠤ ᠪᠠᠷ ᠰᠢᠢᠳᠪᠦᠷᠢᠯᠡᠵᠦ᠂ ᠰᠢᠨ᠎ᠡ ᠡᠨᠧᠷᠬᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠡᠭᠦᠷᠡᠰᠦ ᠵᠡᠷᠭᠡ ᠬᠦᠷᠢᠶ᠎ᠡ ᠴᠠᠷᠠᠭᠠᠨ ᠳᠤ ᠬᠢ ᠬᠠᠮᠲᠤᠷᠠᠯᠴᠠᠭ᠎ᠠ ᠪᠠᠨ ᠲᠠᠰᠣᠷᠠᠯᠲᠠ ᠦᠭᠡᠢ ᠬᠦᠨᠵᠡᠭᠡᠶᠢᠷᠡᠬᠦᠯᠬᠦ ᠶᠢ ᠬᠦᠰᠡᠵᠦ ᠪᠠᠶᠢᠨ᠎ᠠ᠃ ᠪᠦᠬᠦ ᠬᠤᠰᠢᠭᠤ ᠪᠠᠷ ᠢᠶᠠᠨ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠵᠣ ᠠᠬᠤᠢ ᠶᠢᠨ ᠨᠡᠭᠡᠭᠡᠯᠲᠡ ᠶᠢᠨ ᠣᠷᠣᠨ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠦᠢᠯᠡᠴᠢᠯᠡᠭᠡᠨ ᠤ ᠣᠬᠠᠮᠰᠠᠷ ᠢᠶᠠᠨ ᠣᠯᠠᠮ ᠨᠢᠬᠡ ᠠᠯᠬᠤᠮ ᠳᠡᠭᠡᠭᠰᠢᠯᠡᠬᠦᠯᠦᠨ᠂ ᠪᠦᠬᠦ ᠬᠦᠴᠦᠨ ᠢᠶᠠᠷ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ ᠣᠲᠤᠭ ᠤᠨ ᠡᠮᠦᠨᠡᠲᠦ ᠬᠤᠰᠢᠭᠤᠨ ᠳᠤ ᠣᠷᠣᠨᠵᠢᠭᠰᠠᠨ ᠲᠦᠷᠦᠯ ᠵᠦᠢᠯ ᠳᠤ ᠨᠡᠬᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠬᠡᠯᠲᠡ᠂ ᠲᠡᠮᠦᠷ ᠵᠠᠮ ᠤᠨ ᠲᠤᠰᠬᠠᠢ ᠱᠣᠭᠤᠮ ᠤᠨ ᠪᠠᠶᠢᠭᠤᠯᠤᠯᠲᠠ᠂ ᠬᠠᠲᠠᠭᠤ ᠪᠡᠶᠡᠲᠦ ᠬᠠᠶᠠᠭᠳᠠᠮᠠᠯ ᠪᠤᠳᠠᠰ ᠤᠨ ᠰᠢᠢᠳᠪᠦᠷᠢᠯᠡᠯᠲᠡ ᠪᠠ ᠵᠠᠬᠢᠳᠠᠯ ᠰᠣᠷᠪᠣᠯᠵᠢᠯᠠᠭ᠎ᠠ ᠶᠢᠨ ᠠᠮᠤᠷ ᠲᠤᠭᠲᠠᠭᠤᠨ ᠵᠡᠷᠭᠡ ᠠᠵᠢᠯ ᠢ ᠣᠯᠠᠮ ᠨᠢᠬᠡ ᠠᠯᠬᠤᠮ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠣᠳᠣᠬᠠᠨ  ᠤ ᠬᠦᠭᠵᠢᠯᠲᠡ ᠶᠢᠨ ᠳᠣᠬᠢᠶᠠᠯ ᠤᠨ ᠬᠤᠭᠤᠴᠠᠭ᠎ᠠ ᠪᠠᠨ ᠡᠵᠡᠮᠳᠡᠨ᠂ ᠣᠯᠣᠰ ᠤᠨ ︽ ᠨᠡᠬᠦᠷᠡᠰᠦᠳᠦ᠋ᠷᠦᠭᠴᠢ ᠶᠢᠨ ᠣᠷᠬᠢᠯᠰᠢᠯ᠂ ᠨᠡᠬᠦᠷᠡᠰᠦᠳᠦ᠋ᠷᠦᠭᠴᠢ ᠶᠢᠨ ᠰᠠᠭᠠᠷᠮᠠᠭᠵᠢᠭᠤᠯᠤᠯ︾ ᠤᠨ ᠬᠦᠭᠵᠢᠯᠲᠡ ᠶᠢᠨ ᠱᠠᠭᠠᠷᠳᠠᠯᠭ᠎ᠠ ᠶᠢᠨ ᠲᠤᠭᠤᠷᠢᠨ ᠳᠤ᠂ ᠰᠢᠨ᠎ᠡ ᠡᠨᠧᠷᠬᠢ ᠶᠢᠨ ᠠᠵᠤ ᠦᠢᠯᠡᠰ ᠤᠨ ᠬᠡᠯᠬᠢᠶᠡᠵᠢᠯ ᠤᠨ ᠣᠷᠣᠭᠤᠯᠣᠯᠲᠠ ᠳᠡᠭᠡᠷ᠎ᠡ ᠬᠦᠴᠦ ᠲᠠᠯᠪᠢᠵᠦ᠂ ᠣᠷᠣᠨ ᠨᠣᠲᠤᠭ ᠠᠵᠤ ᠠᠬᠤᠶᠢᠯᠠᠯ ᠤᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠤᠨ᠎ᠠ ᠬᠡᠵᠦ ᠢᠯᠡᠷᠬᠡᠶᠢᠯᠡᠭᠰᠡᠨ ᠪᠠᠶᠢᠨ᠎ᠠ᠃     ᠳ᠋ᠢ ᠵᠢᠶᠡᠨ ᠶᠢᠦ ᠠᠵᠣ ᠠᠬᠤᠶᠢᠯᠠᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠣᠷᠲᠣ ᠬᠤᠭᠤᠴᠠᠭᠠᠨ ᠤ ᠲᠤᠷᠰᠢᠬᠢ ᠳᠡᠮᠵᠢᠯᠭᠡ ᠳᠤ ᠲᠠᠯᠠᠷᠬᠠᠯ ᠢᠶᠠᠨ ᠳᠡᠪᠰᠢᠬᠦᠯᠪᠡ᠃ ᠳ᠋ᠢ ᠵᠢᠶᠡᠨ ᠶᠢᠦ᠂ ᠣᠲᠤᠭ ᠤᠨ ᠡᠮᠦᠨᠡᠲᠦ ᠬᠤᠰᠢᠭᠤ ᠪᠤᠯ  ᠪᠡᠯᠡ ᠣᠷᠣᠭᠤᠯᠵᠣ ᠦᠢᠯᠡᠰ ᠪᠤᠰᠬᠠᠬᠤ ᠰᠠᠶᠢᠬᠠᠨ ᠨᠣᠲᠤᠭ ᠪᠣᠯᠬᠤᠷ ᠺᠣᠮᠫᠠᠨᠢ ᠠᠴᠠ ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠯᠤᠭ᠎ᠠ ᠬᠠᠷᠢᠯᠴᠠᠨ ᠬᠠᠮᠲᠤᠷᠠᠯᠴᠠᠵᠤ᠂ ᠰᠢᠨ᠎ᠡ ᠡᠨᠧᠷᠬᠢ ᠤᠨ ᠠᠵᠤ ᠦᠢᠯᠡᠰ ᠤᠨ ᠬᠦᠭᠵᠢᠯᠲᠡ ᠶᠢ ᠢᠳᠡᠪᠬᠢᠲᠡᠢ ᠪᠠᠷ ᠠᠬᠢᠭᠤᠯᠤᠨ᠂ ᠨᠡᠬᠦᠷᠡᠰᠦᠨ ᠠᠭᠤᠷᠬᠠᠢ ᠶᠢᠨ ᠭᠠᠷᠳᠠᠮ ᠤᠨ ᠬᠦᠢᠴᠡᠳᠬᠡᠯ ᠢ ᠦᠨᠳᠦᠷ ᠪᠦᠲᠦᠮᠵᠢᠲᠡᠢ ᠪᠠᠷ ᠠᠬᠢᠭᠤᠯᠵᠤ᠂ ᠡᠨᠧᠷᠬᠢ ᠶᠢᠨ ᠬᠤᠷᠤᠭᠳᠠᠯ ᠤᠨ ᠬᠤᠤᠰ ᠡᠵᠡᠮᠳᠡᠯ᠂ ᠠᠮᠢ ᠠᠬᠤᠢ ᠶᠢᠨ ᠰᠡᠷᠭᠦᠭᠡᠯᠲᠡ ᠵᠡᠷᠭᠡ ᠠᠵᠢᠯ ᠢ ᠴᠢᠨᠠᠷᠯᠢᠭ ᠪᠡᠶᠡᠯᠡᠬᠦᠯᠦᠨ᠎ᠡ᠃ ᠠᠵᠤ ᠠᠬᠤᠶᠢᠯᠠᠯ ᠨᠡᠶᠢᠬᠡᠮ ᠤᠨ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠪᠠᠷ ᠡᠭᠦᠷᠭᠡᠯᠡᠨ᠂ ᠣᠷᠣᠨ ᠨᠣᠲᠤᠭ ᠤᠨ ᠠᠵᠤ ᠠᠬᠤᠢ ᠨᠡᠶᠢᠬᠡᠮ ᠤᠨ ᠴᠢᠨᠠᠷᠯᠢᠭ ᠬᠦᠭᠵᠢᠯᠲᠡ ᠳᠤ ᠵᠣᠬᠢᠬᠤ ᠬᠤᠪᠢ ᠨᠡᠮᠡᠷᠢ ᠪᠠᠨ ᠦᠵᠡᠬᠦᠯᠦᠨ᠎ᠡ ᠬᠡᠵᠦ ᠢᠯᠡᠷᠬᠡᠶᠢᠯᠡᠭᠰᠡᠨ ᠪᠠᠶᠢᠨ᠎ᠠ᠃     ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠬᠤᠶᠠᠷ ᠲᠠᠯ᠎ᠠ ᠶᠢᠨ ᠬᠢᠨ ᠪᠣᠲᠠᠲᠤ ᠬᠠᠮᠲᠤᠷᠠᠯᠴᠠᠭᠠᠨ ᠤ ᠲᠤᠭᠤᠷᠢᠨ ᠳᠤ ᠬᠦᠨᠵᠡᠬᠡᠢ ᠵᠦᠪᠳᠡᠯᠴᠡᠪᠡ᠃     ᠬᠤᠰᠢᠭᠤ ᠣᠳᠣᠷᠢᠳᠣᠯᠭ᠎ᠠ ᠰᠢᠶᠧ ᠶᠦᠩ ᠹᠧᠩ᠂ ᠹᠦ᠋ ᠺᠧ᠂ ᠶᠠᠩ ᠵᠢᠢ ᠴᠢᠶᠠᠩ᠂ ᠱᠢ ᠵᠢᠶᠦ᠋ᠨ ᠵᠢᠴᠢ ᠱᠠᠩᠬᠠᠢ ᠶᠢᠨ ᠰᠦᠮ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ᠂ ᠱᠠᠨᠳᠦ᠋ᠩ ᠤᠨ ᠡᠨᠧᠷᠬᠢ ᠶᠢᠨ ᠪᠦᠯᠦᠭᠯᠡᠯ ᠤᠨ ᠦᠪᠦᠷ ᠮᠣᠩᠭᠤᠯ ᠤᠨ ᠱᠧᠩ ᠯᠤ᠋ ᠡᠨᠧᠷᠬᠢ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ᠂ ᠰᠢᠨ ᠸᠧᠨ ᠠᠭᠤᠷᠬᠠᠢ ᠶᠢᠨ ᠦᠢᠯᠡᠰ ᠤᠨ ᠪᠦᠯᠦᠭᠯᠡᠯ ᠤᠨ ᠦᠪᠦᠷ ᠮᠣᠩᠭᠤᠯ ᠤᠨ ᠡᠨᠧᠷᠬᠢ ᠶᠢᠨ ᠺᠣᠮᠫᠠᠨᠢ ᠶᠢᠨ ᠬᠤᠯᠪᠤᠭᠳᠠᠯ ᠪᠦᠬᠦᠢ ᠬᠦᠮᠦᠰ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号