ᠣᠳᠣᠬᠠᠨ ᠳᠤ ᠸᠠᠺᠼᠢᠨ ᠨᠢ ᠳ᠋ᠧᠯᠲ᠋ᠠ ᠬᠤᠤᠷᠲᠤ ᠸᠢᠷᠦ᠋ᠰ ᠲᠤ ᠪᠠᠰᠠ ᠦᠢᠯᠡᠳᠦᠯ ᠲᠠᠢ ᠦᠦ︖ ᠨᠠᠮᠤᠷ ᠤᠨ ᠤᠯᠠᠷᠢᠯ ᠳᠤ ᠰᠤᠷᠭᠠᠭᠤᠯᠢ ᠬᠡᠪ ᠢᠶᠠᠷ ᠡᠬᠢᠯᠡᠨ᠎ᠡ ᠦᠦ︖ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠬᠠᠮᠤᠭ ᠤᠨ ᠰᠢᠨ᠎ᠡ ᠬᠠᠷᠢᠭᠤᠯᠲᠠ
ᠨᠡᠶᠢᠲᠡᠯᠡᠭᠰᠡᠨ ᠴᠠᠭ᠄
2021/9/23
    ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠠᠴᠠ 5 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠶᠠᠮᠠᠷ ᠶᠠᠮᠠᠷ ᠰᠢᠨ᠎ᠡ ᠮᠡᠳᠡᠭᠡ ᠶᠢ ᠠᠩᠬᠠᠷᠤᠭᠤᠰᠢᠲᠠᠶ ᠪᠣᠶ︖ ᠬᠠᠮᠲᠤ ᠪᠠᠷ ᠣᠶᠢᠯᠠᠭᠠᠶ᠎ᠠ — ︽ᠳ᠋ᠧᠯᠲ᠋ᠠ︾ ᠶᠢᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷᠡᠬᠢ ᠡᠷᠬᠡ ᠰᠦᠷᠲᠦ ᠲᠠᠶᠢᠯᠤᠮᠵᠢ︕     ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠪᠣᠯ ᠣᠳᠣᠬᠠᠨ ᠳᠤ ᠪᠦᠬᠦ ᠪᠥᠮᠪᠥᠷᠴᠡᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠡᠯᠭᠡᠷᠡᠯᠲᠡ ᠶᠢᠨ ᠭᠤᠣᠯ ᠪᠣᠯᠬᠤ ᠬᠤᠣᠷᠲᠤ ᠰᠳ᠋ᠷᠠᠶᠢᠨ ᠮᠥᠨ᠃     ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠤ ᠣᠨᠳᠣᠣᠰᠢᠭᠰᠠᠨ ᠣᠨᠴᠠᠯᠢᠭ᠂ ᠣᠳᠣ ᠶᠢᠨ ᠬᠡᠷᠡᠭᠵᠢᠭᠦᠯᠵᠦ ᠪᠠᠶᠢᠭ᠎ᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠬᠦᠴᠦᠨ ᠲᠠᠢ ᠡᠰᠡᠬᠦ ᠵᠡᠷᠭᠡ ᠠᠰᠠᠭᠤᠳᠠᠯ ᠳᠤ ᠴᠢᠭᠯᠡᠭᠦᠯᠦᠨ᠂ 8 ᠳ᠋ᠤᠭᠠᠷ ᠰᠠᠷ᠎ᠠ ᠶᠢᠨ 5 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠡᠷᠬᠡ ᠰᠦᠷᠲᠦ ᠬᠠᠷᠢᠭᠤᠯᠲᠠ ᠥᠭᠴᠡᠶ᠃ ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠢ ᠬᠠᠮᠤᠭ ᠤᠨ ᠡᠷᠲᠡ 2020 ᠣᠨ ᠤ 9 ᠳ᠋ᠦ᠋ᠭᠡᠷ ᠰᠠᠷ᠎ᠠ ᠳᠤ ᠡᠨᠡᠳᠬᠡᠭ ᠤᠨ ᠮᠡᠳᠡᠭᠦᠯᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠠᠴᠠ ᠢᠯᠡᠷᠡᠭᠦᠯᠵᠦ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠠᠴᠠ ᠡᠨᠡ ᠵᠢᠯ ᠤᠨ 5 ᠳ᠋ᠤᠭᠠᠷ ᠰᠠᠷ᠎ᠠ ᠶᠢᠨ 10 ᠤ ᠡᠳᠦᠷ ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠢ ᠪᠦᠬᠦ ᠪᠥᠮᠪᠥᠷᠴᠡᠭ ᠤᠨ ᠠᠩᠬᠠᠷᠬᠤ ᠴᠢᠬᠤᠯᠠᠲᠠᠢ ᠰᠢᠨ᠎ᠡ ᠲᠢᠳᠢᠮᠯᠢᠭ ᠸᠢᠷᠦ᠋ᠰ ᠤᠨ ᠣᠨᠳᠣᠣᠰᠢᠭᠰᠠᠨ ᠰᠳ᠋ᠷᠠᠶᠢᠨ ᠳᠤ ᠣᠷᠣᠭᠤᠯᠬᠤ ᠪᠠᠷ ᠨᠡᠶᠢᠲᠡᠯᠡᠪᠡ᠃     ᠣᠳᠣᠬᠠᠨ ᠳᠤ ᠨᠢᠭᠡᠨᠲᠡ 130 ᠭᠠᠷᠤᠶ ᠤᠯᠤᠰ ᠪᠠ ᠭᠠᠵᠠᠷ ᠣᠷᠣᠨ ᠳᠤ ᠳᠡᠯᠭᠡᠷᠡᠵᠦ᠂ ᠪᠥᠬᠦ ᠳᠡᠯᠡᠬᠡᠶ ᠶᠢᠨ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠶᠡᠭᠡ ᠳᠡᠯᠭᠡᠷᠡᠯᠲᠡ ᠶᠢᠨ ᠭᠤᠤᠯ ᠪᠣᠯᠬᠤ ᠬᠤᠣᠷᠲᠤ ᠰᠳ᠋ᠷᠠᠶᠢᠨ ᠪᠣᠯᠵᠠᠶ᠃     ᠲᠣᠰ ᠬᠤᠤᠷᠲᠤ ᠰᠳ᠋ᠷᠠᠶᠢᠨ ᠨᠢ ᠲᠠᠷᠬᠠᠬᠤ ᠬᠤᠷᠳᠤᠴᠠ ᠲᠦᠷᠭᠡᠨ᠂ ᠪᠡᠶ᠎ᠡ ᠶᠢᠨ ᠳᠣᠲᠣᠭᠠᠳᠤ ᠳᠤ ᠥᠷᠪᠢᠰᠬᠦ ᠨᠢ ᠬᠤᠷᠳᠤᠨ᠂ ᠪᠢᠯᠢᠭ ᠴᠢᠨᠠᠷᠲᠠᠢ ᠪᠣᠯᠬᠤ ᠴᠠᠭ ᠨᠢ ᠣᠷᠳᠣ ᠵᠡᠷᠭᠡ ᠣᠨᠴᠠᠯᠢᠭ ᠲᠠᠢ ᠪᠠᠶᠢᠳᠠᠭ᠃ ᠤᠯᠤᠰ ᠤᠨ ᠳᠣᠲᠣᠭᠠᠳᠤ ᠭᠠᠳᠠᠭᠠᠳᠤ ᠶᠢᠨ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠤ ᠰᠤᠳᠤᠯᠭᠠᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠢᠯᠡᠳᠦᠯᠭᠡ ᠠᠴᠠ ᠦᠵᠡᠪᠡᠯ᠂ ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠨᠢ ᠰᠢᠨ᠎ᠡ ᠲᠢᠲᠢᠮᠯᠢᠭ ᠸᠢᠷᠦ᠋ᠰ ᠤᠨ ᠠᠮᠢᠳᠤ ᠪᠣᠳᠠᠰ ᠤᠨ ᠤᠬᠠᠭᠠᠨ ᠤ ᠥᠪᠡᠷᠮᠢᠴᠡ ᠴᠢᠨᠠᠷ ᠲᠤ ᠨᠤᠷᠠᠭᠠᠯᠲᠠ ᠶᠢᠨ ᠴᠢᠨᠠᠷᠲᠠᠶ ᠬᠤᠪᠢᠷᠠᠯᠲᠠ ᠭᠠᠷᠭᠠᠭᠰᠠᠨ ᠥᠬᠡᠶ᠂ ᠬᠠᠯᠳᠠᠪᠤᠷᠢᠯᠠᠬᠤ ᠡᠬᠢ ᠰᠤᠷᠪᠤᠯᠵᠢ᠂ ᠬᠠᠯᠳᠠᠪᠤᠷᠢᠯᠠᠬᠤ ᠠᠷᠭ᠎ᠠ ᠵᠠᠮ ᠨᠢ ᠦᠨᠳᠦᠰᠦᠨ ᠳᠤ ᠪᠠᠨ ᠲᠣᠳᠣᠷᠬᠠᠶ ᠪᠠᠶᠢᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠳᠤ ᠮᠥᠨ ᠬᠦ ᠬᠦᠴᠦᠨ ᠲᠠᠢ ᠪᠠᠶᠢᠨ᠎ᠠ᠃     ᠣᠳᠣᠬᠠᠨ ᠳᠤ ᠪᠠᠶᠢᠭ᠎ᠠ ᠸᠠᠺᠼᠢᠨ ᠨᠢ ᠮᠥᠨ ᠬᠦ ᠮᠠᠰᠢ ᠰᠠᠶᠢᠨ ᠰᠡᠷᠭᠡᠶᠢᠯᠡᠬᠦ ᠪᠠ ᠬᠠᠮᠠᠭᠠᠯᠠᠬᠤ ᠦᠢᠯᠡᠳᠦᠯ ᠲᠠᠢ ᠪᠠᠶᠢᠵᠤ᠂ ᠲᠡᠷᠡ ᠨᠢ ᠸᠢᠷᠦ᠋ᠰ ᠤᠨ ᠬᠦᠮᠦᠰ ᠤᠨ ᠳᠤᠮᠳᠠ ᠬᠠᠯᠳᠠᠪᠤᠷᠢᠯᠠᠬᠤ ᠲᠦᠭᠰᠢᠭᠦᠷᠢ ᠶᠢ ᠪᠠᠭᠤᠷᠠᠭᠤᠯᠵᠤ᠂ ᠬᠠᠯᠳᠠᠪᠤᠷᠢᠯᠠᠭᠰᠠᠳ ᠤᠨ ᠡᠪᠡᠳᠴᠢᠨ ᠬᠠᠯᠳᠠᠪᠤᠷᠢᠯᠠᠬᠤ ᠴᠢᠳᠠᠪᠤᠷᠢ ᠶᠢ ᠪᠠᠭᠠᠰᠬᠠᠨ᠂ ᠬᠠᠯᠳᠠᠪᠤᠷᠢᠯᠠᠭᠰᠠᠨ ᠤ ᠳᠠᠷᠠᠭᠠᠬᠢ ᠡᠪᠡᠳᠴᠢᠨ ᠬᠥᠨᠳᠥᠷᠡᠬᠦ ᠨᠣᠷᠮ᠎ᠠ ᠪᠠ ᠡᠪᠡᠳᠴᠢᠨ ᠢᠶᠠᠷ ᠥᠭᠦᠬᠦ ᠨᠣᠷᠮ᠎ᠠ ᠶᠢ ᠪᠦᠲᠦᠮᠵᠢᠲᠡᠶ ᠪᠠᠭᠤᠷᠠᠭᠤᠯᠵᠤ ᠴᠢᠳᠠᠨ᠎ᠠ᠃     ᠡᠮᠦᠨ᠎ᠡ ᠬᠡᠰᠡᠭ ᠬᠤᠭᠤᠴᠠᠭᠠᠨ ᠳᠤ ᠮᠠᠨ ᠤ ᠤᠯᠤᠰ ᠤᠨ ᠬᠥᠮᠦᠨ ᠠᠮᠠ ᠨᠢᠭᠲᠠ᠂ ᠬᠥᠮᠥᠨ ᠠᠮᠠ ᠶᠢᠨ ᠰᠢᠯᠵᠢᠯᠲᠡ ᠶᠡᠭᠡ ᠪᠣᠯᠬᠤ ᠭᠤᠸᠠᠩᠳᠦ᠋ᠩ ᠮᠤᠵᠢ ᠶᠢᠨ ᠬᠡᠳᠦᠨ ᠲᠤᠰᠬᠠᠶ ᠣᠷᠣᠨ ᠬᠤᠲᠠ ᠳᠤ ᠡᠭᠦᠰᠦᠭᠰᠡᠨ ᠳ᠋ᠧᠯᠲ᠋ᠠ ᠣᠨᠳᠣᠣᠰᠢᠭᠰᠠᠨ ᠬᠤᠣᠷᠲᠤ ᠰᠳ᠋ᠷᠠᠶᠢᠨ ᠤ ᠲᠤᠰ ᠭᠠᠵᠠᠷ ᠲᠠᠬᠢ ᠬᠢᠵᠢᠭ ᠤᠨ ᠬᠠᠯᠳᠠᠪᠤᠷᠢᠯᠠᠯ ᠢ ᠠᠩᠬ᠎ᠠ ᠤᠳᠠᠭ᠎ᠠ ᠠᠮᠵᠢᠯᠲᠠ ᠲᠠᠢ ᠪᠠᠷ ᠲᠡᠰᠦᠯᠵᠦ᠂ ᠸᠠᠺᠼᠢᠨ ᠲᠠᠷᠢᠬᠤ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠨᠡᠶᠢᠭᠡᠮ ᠤᠨ ᠬᠠᠷᠢᠯᠴᠠᠭᠠᠨ ᠤ ᠵᠠᠶ ᠶᠢ ᠪᠠᠲᠤᠯᠠᠬᠤ᠂ ᠣᠯᠠᠨ ᠬᠥᠮᠦᠨ ᠤ ᠪᠥᠭᠡᠮᠨᠡᠷᠡᠨ ᠴᠤᠭᠯᠠᠷᠠᠬᠤ ᠠᠴᠠ ᠵᠠᠶᠢᠯᠠᠰᠬᠢᠬᠦ ᠵᠡᠷᠭᠡ ᠨᠢ ᠬᠦᠴᠦᠨ ᠪᠦᠬᠦᠢ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠶᠢ ᠭᠡᠷᠡᠴᠢᠯᠡᠵᠡᠶ᠃     ᠲᠤᠰ ᠡᠭᠡᠯᠵᠢ ᠶᠢᠨ ᠬᠢᠵᠢᠭ ᠤᠨ ᠪᠠᠶᠢᠳᠠᠯ ᠢ ᠬᠡᠳᠦᠶ ᠳᠤ ᠦᠨᠳᠦᠰᠦᠨ ᠳᠤ ᠪᠠᠨ ᠬᠢᠵᠠᠭᠠᠷᠯᠠᠵᠤ ᠴᠢᠳᠠᠬᠤ ᠪᠤᠶ︖ ᠪᠦᠬᠦ ᠤᠯᠤᠰ ᠤᠨ 15 ᠮᠤᠵᠢ ᠳᠤ ᠨᠢᠭᠡᠨᠲᠡ ᠬᠢᠵᠢᠭ ᠤᠨ ᠪᠠᠶᠢᠳᠠᠯ ᠢᠯᠡᠷᠡᠭᠰᠡᠨ ᠪᠥᠭᠡᠳ ᠣᠨᠣᠰᠢᠯᠠᠭᠰᠠᠨ ᠡᠪᠡᠳᠴᠢᠨ ᠤ ᠵᠢᠱᠢᠶ᠎ᠡ ᠭᠠᠷᠴᠠᠶ᠃ ᠡᠯ᠎ᠡ ᠭᠠᠵᠠᠷ ᠤᠨ ᠬᠢᠨ ᠴᠥᠮ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠰᠦᠯ ᠤᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠳᠡᠪᠬᠢᠲᠡᠶ ᠠᠷᠭ᠎ᠠ ᠬᠡᠮᠵᠢᠶ᠎ᠡ ᠠᠪᠴᠤ ᠪᠠᠶᠢᠨ᠎ᠠ᠃ ᠣᠳᠣᠬᠠᠨ ᠤ ᠪᠠᠶᠢᠳᠠᠯ ᠠᠴᠠ ᠦᠵᠡᠪᠡᠯ᠂ ᠬᠢᠵᠢᠭ ᠤᠨ ᠪᠠᠶᠢᠳᠠᠯ ᠢ ᠶᠡᠷᠦᠩᠬᠡᠶ ᠳᠤ ᠪᠠᠨ ᠡᠵᠡᠮᠳᠡᠵᠦ ᠪᠣᠯᠤᠨ᠎ᠠ᠃     ᠭᠡᠪᠡᠴᠦ᠂ ᠲᠣᠰ ᠡᠭᠡᠯᠵᠢ ᠶᠢᠨ ᠬᠢᠵᠢᠭ ᠤᠨ ᠪᠠᠶᠢᠳᠠᠯ ᠤᠨ ᠬᠠᠮᠤᠷᠤᠭᠰᠠᠨ ᠬᠡᠪᠴᠢᠶ᠎ᠡ ᠶᠡᠭᠡ᠂ ᠬᠤᠯᠪᠣᠭᠳᠠᠬᠤ ᠬᠥᠮᠥᠰ ᠣᠯᠠᠨ ᠪᠥᠭᠡᠳ ᠨᠡᠯᠢᠶᠡᠳ ᠬᠡᠳᠦᠨ ᠠᠳᠠᠯᠢ ᠪᠤᠰᠤ ᠢᠷᠡᠯᠲᠡ ᠲᠠᠢ ᠡᠪᠡᠳᠴᠢᠨ ᠤ ᠵᠢᠱᠢᠶ᠎ᠡ ᠠᠴᠠ ᠪᠣᠯᠤᠭᠰᠠᠨ ᠲᠣᠰ ᠭᠠᠵᠠᠷ ᠤᠨ ᠬᠢᠵᠢᠭ ᠤᠨ ᠪᠠᠶᠢᠳᠠᠯ ᠳᠠᠪᠬᠤᠴᠠᠭᠰᠠᠨ ᠠᠴᠠ ᠪᠣᠯᠵᠣ᠂ ᠪᠦᠬᠦ᠋ᠢᠯᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠷᠬᠡ ᠬᠠᠲᠠᠭᠤᠵᠢᠯᠲᠠᠶ ᠴᠢᠨᠠᠷ ᠪᠠ ᠪᠤᠳᠤᠯᠢᠶᠠᠨᠲᠤ ᠴᠢᠨᠠᠷ ᠢ ᠨᠡᠮᠡᠭᠳᠡᠭᠦᠯᠦᠭᠰᠡᠨ ᠪᠠᠶᠢᠨ᠎ᠠ᠃ ᠡᠯ᠎ᠡ ᠭᠠᠵᠠᠷ ᠤᠨ ᠬᠢᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠳᠠᠭ ᠯᠠ ᠶᠤᠮ ᠪᠣᠯ ᠬᠢᠵᠢᠭ ᠤᠨ ᠪᠠᠶᠢᠳᠠᠯ ᠢ ᠬᠤᠶᠠᠷ ᠠᠴᠠ ᠭᠤᠷᠪᠠᠨ ᠨᠢᠭᠤᠭᠳᠠᠮᠠᠯ ᠬᠤᠭᠤᠴᠠᠭᠠᠨ ᠳᠤ ᠦᠨᠳᠦᠰᠦᠨ ᠳᠤ ᠪᠠᠨ ᠬᠢᠵᠠᠭᠠᠷᠯᠠᠵᠤ ᠴᠢᠳᠠᠬᠤ ᠶᠤᠮ᠃     ᠡᠨᠡ ᠨᠠᠮᠤᠷ ᠤᠨ ᠰᠤᠷᠤᠯᠭ᠎ᠠ ᠶᠢᠨ ᠬᠤᠭᠤᠴᠠᠭ᠎ᠠ ᠶᠢ ᠲᠣᠭᠲᠠᠭᠰᠠᠨ ᠴᠠᠭ ᠲᠤ ᠪᠠᠨ ᠡᠬᠢᠯᠡᠵᠦ ᠲᠠᠶᠢᠯᠤᠨ᠎ᠠ ᠦᠦ︖     ᠡᠨᠡ ᠵᠢᠯ ᠤᠨ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ ᠲᠣᠬᠢᠷᠠᠭᠤᠯᠤᠯᠲᠠ ᠳᠤ ᠬᠠᠷᠢᠶᠠᠲᠤ ᠣᠷᠣᠨ ᠢᠶᠠᠷ ᠬᠠᠮᠢᠶᠠᠷᠤᠭᠤᠯᠬᠤ ᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠤ ᠨᠢ ᠳᠣᠭᠢᠷᠠᠭᠤᠯᠤᠨ ᠰᠤᠷᠭᠠᠭᠤᠯᠢ ᠡᠬᠢᠯᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠰᠤᠷᠭᠠᠭᠤᠯᠢ ᠡᠬᠢᠯᠡᠬᠦ ᠪᠣᠳᠠᠲᠠᠶ ᠴᠠᠭ ᠤᠨ ᠲᠣᠬᠢᠷᠠᠭᠤᠯᠤᠯᠲᠠ᠂ ᠠᠷᠭ᠎ᠠ ᠮᠠᠶ᠋ᠢᠭ ᠤᠨ ᠰᠣᠩᠭᠤᠯᠲᠠ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠯᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠲᠣᠬᠢᠷᠠᠭᠤᠯᠤᠯᠲᠠ ᠶᠢ ᠡᠯ᠎ᠡ ᠭᠠᠵᠠᠷ ᠤᠨ ᠬᠢᠨ ᠨᠢᠭᠡ ᠮᠤᠵᠢ ᠳᠤ ᠨᠢᠭᠡ ᠲᠥᠰᠥᠯ ᠲᠣᠭᠲᠠᠭᠠᠬᠤ᠂ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠳᠠᠯᠢ ᠪᠤᠰᠤ ᠪᠠᠶᠢᠳᠠᠯ ᠳᠤ ᠵᠣᠬᠢᠴᠠᠭᠤᠯᠬᠤ ᠶᠢ ᠦᠨᠡᠨ ᠬᠦ ᠪᠠᠲᠤᠯᠠᠵᠤ᠂ ᠰᠤᠷᠭᠠᠭᠤᠯᠢ ᠡᠬᠢᠯᠡᠬᠦ ᠲᠣᠬᠢᠷᠠᠭᠤᠯᠤᠯᠲᠠ ᠶᠢ ᠦᠨᠡᠨ ᠪᠣᠳᠠᠲᠠᠶ ᠪᠠᠷ ᠰᠠᠶᠢᠲᠤᠷ ᠬᠢᠬᠦ ᠬᠡᠷᠡᠭᠲᠡᠶ᠃     ᠶᠡᠷᠦᠩᠬᠡᠶ ᠳᠤ ᠨᠢ ᠪᠣᠳᠣᠯᠬᠢᠯᠠᠪᠠᠯ᠂ ᠣᠳᠣᠬᠠᠨ ᠤ ᠬᠢᠵᠢᠭ ᠤᠨ ᠪᠠᠶᠢᠳᠠᠯ ᠤᠨ ᠬᠤᠪᠢᠰᠤᠯᠲᠠ ᠶᠢᠨ ᠲᠣᠭᠲᠠᠪᠤᠷᠢ ᠦᠭᠡᠢ ᠴᠢᠨᠠᠷ ᠢ ᠦᠨᠳᠦᠰᠦᠯᠡᠨ᠂ ᠬᠡᠷᠪᠡ ᠰᠤᠷᠭᠠᠭᠤᠯᠢ ᠡᠬᠢᠯᠡᠬᠦ ᠦᠶ᠎ᠡ ᠳᠤ ᠮᠥᠨ ᠬᠦ ᠳᠤᠮᠳᠠ ᠥᠨᠳᠥᠷ ᠳᠡᠰ ᠤᠨ ᠲᠦᠭᠰᠢᠭᠦᠷᠢᠲᠦ ᠣᠷᠣᠨ ᠪᠠᠶᠢᠪᠠᠯ᠂ ᠰᠤᠷᠭᠠᠭᠤᠯᠢ ᠡᠬᠢᠯᠡᠬᠦ ᠲᠣᠬᠢᠷᠠᠭᠤᠯᠤᠯᠲᠠ ᠶᠢ ᠥᠩᠭᠡᠷᠡᠭᠰᠡᠨ ᠤ ᠲᠤᠷᠰᠢᠯᠭ᠎ᠠ ᠪᠠ ᠵᠤᠷᠰᠢᠯ ᠶᠣᠰᠣᠭᠠᠷ᠂ ᠳᠤᠮᠳᠠ ᠥᠨᠳᠥᠷ ᠳᠡᠰ ᠤᠨ ᠲᠦᠭᠰᠢᠭᠦᠷᠢᠲᠦ ᠣᠷᠣᠨ ᠤ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠶᠢ ᠲᠦᠷ ᠬᠤᠶᠢᠰᠢᠯᠠᠭᠤᠯᠵᠤ᠂ ᠳᠤᠮᠳᠠ ᠥᠨᠳᠥᠷ ᠳᠡᠰ ᠤᠨ ᠲᠦᠭᠰᠢᠭᠦᠷᠢᠲᠦ ᠣᠷᠣᠨ ᠤ ᠰᠤᠷᠤᠭᠴᠢᠳ ᠤᠨ ᠰᠤᠷᠭᠠᠭᠤᠯᠢ ᠳᠤ ᠪᠠᠨ ᠪᠤᠴᠠᠬᠤ ᠶᠢ ᠲᠦᠷ ᠬᠤᠶᠢᠰᠢᠯᠠᠭᠤᠯᠵᠤ᠂ ᠵᠢᠭᠠᠨ ᠰᠤᠷᠭᠠᠯᠲᠠ ᠶᠢᠨ ᠡᠮᠬᠢ ᠵᠢᠷᠤᠮ ᠲᠠᠢ᠂ ᠡᠷᠡᠭᠦᠯ ᠪᠥᠭᠡᠳ ᠠᠮᠤᠷ ᠲᠦᠪᠰᠢᠨ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃     ᠰᠤᠷᠤᠭᠴᠢᠳ ᠴᠠᠭ ᠲᠤ ᠪᠠᠨ ᠰᠤᠷᠭᠠᠭᠤᠯᠢ ᠳᠤ ᠪᠠᠨ ᠪᠤᠴᠠᠵᠤ ᠴᠢᠳᠠᠬᠤ ᠦᠭᠡᠢ ᠪᠣᠯ ᠶᠠᠭᠠᠬᠢᠬᠤ ᠪᠤᠢ︖     ᠨᠢᠭᠡᠳᠦᠭᠡᠷ ᠲᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ ᠶᠠᠮᠤᠨ ᠠᠴᠠ ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠵᠢᠯᠣᠭᠤᠳᠤᠨ ᠰᠤᠷᠭᠠᠭᠤᠯᠢ ᠶᠢᠨ ᠪᠠᠶᠢᠭ᠎ᠠ ᠭᠠᠵᠠᠷ ᠪᠣᠯᠤᠨ ᠰᠤᠷᠤᠭᠴᠢᠳ ᠤᠨ ᠪᠠᠶᠢᠭ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠡᠯ᠎ᠡ ᠰᠤᠷᠭᠠᠭᠤᠯᠢ ᠢᠯᠠᠩᠭᠤᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ ︽ᠨᠢᠭᠡ ᠰᠤᠷᠭᠠᠭᠤᠯᠢ ᠳᠤ ᠨᠢᠭᠡ ᠠᠷᠭ᠎ᠠ ᠪᠣᠳᠣᠯᠭ᠎ᠠ︾ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠰᠤᠷᠭᠠᠭᠤᠯᠢ ᠡᠬᠢᠯᠡᠭᠰᠡᠨ ᠤ ᠳᠠᠷᠠᠭ᠎ᠠ ᠰᠤᠷᠭᠠᠭᠤᠯᠢ ᠳᠤ ᠪᠠᠨ ᠪᠤᠴᠠᠬᠤ ᠴᠠᠭ ᠢ ᠬᠤᠶᠢᠰᠢᠯᠠᠭᠤᠯᠤᠭᠰᠠᠨ ᠰᠤᠷᠤᠭᠴᠢᠳ ᠤᠨ ᠪᠣᠳᠠᠲᠠᠶ ᠬᠡᠷᠡᠭᠴᠡᠭᠡ ᠶᠢ ᠭᠦᠢᠴᠡᠳ ᠲᠥᠷᠥᠯ ᠬᠤᠪᠢᠶᠠᠨ ᠪᠣᠳᠣᠯᠬᠢᠯᠠᠵᠤ᠂ ᠲᠡᠳᠡᠨ ᠤ ᠰᠤᠷᠤᠯᠴᠠᠯᠭ᠎ᠠ᠂ ᠬᠤᠪᠢ ᠬᠥᠮᠦᠨ ᠤ ᠬᠠᠮᠠᠭᠠᠯᠠᠯᠲᠠ ᠵᠢᠴᠢ ᠰᠡᠳᠬᠢᠴᠡ ᠶᠢᠨ ᠵᠢᠯᠣᠭᠤᠳᠣᠯᠭ᠎ᠠ ᠶᠢ ᠰᠠᠶᠢᠲᠤᠷ ᠲᠣᠬᠢᠷᠠᠭᠤᠯᠬᠤ ᠬᠡᠷᠡᠭᠲᠡᠶ᠃     ᠬᠤᠶᠠᠳᠤᠭᠠᠷ ᠲᠤ᠂ ᠪᠢᠲᠡᠭᠦᠦ ᠴᠠᠭᠠᠷᠢᠭ ᠤᠨ ᠦᠢᠯᠡᠴᠢᠯᠡᠭᠡ ᠶᠢ ᠴᠢᠩᠭᠠᠳᠬᠠᠨ᠎ᠠ᠃ ᠴᠢᠯᠥᠭᠡ ᠲᠠᠯᠪᠢᠭᠰᠠᠨ ᠤ ᠳᠠᠷᠠᠭ᠎ᠠ ᠰᠤᠷᠭᠠᠭᠤᠯᠢ ᠳᠤ ᠪᠠᠨ ᠦᠯᠡᠳᠡᠭᠰᠡᠨ ᠰᠤᠷᠤᠭᠴᠢᠳ ᠲᠤ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡ ᠬᠠᠩᠭᠠᠵᠤ᠂ ᠰᠤᠷᠤᠭᠴᠢᠳ ᠢ ᠭᠡᠷ ᠲᠤ ᠪᠠᠨ ᠪᠠᠶᠢᠬᠤ ᠰᠢᠭ᠋ ᠪᠠᠶᠢᠯᠭᠠᠬᠤ ᠬᠡᠷᠡᠭᠲᠡᠶ᠃ ᠰᠤᠷᠭᠠᠭᠤᠯᠢ ᠡᠬᠢᠯᠡᠭᠰᠡᠨ ᠤ ᠳᠠᠷᠠᠭ᠎ᠠ ᠬᠡᠷ ᠲᠤ ᠪᠠᠨ ᠰᠠᠭᠤᠵᠤ ᠪᠠᠶᠢᠭ᠎ᠠ ᠰᠤᠷᠤᠭᠴᠢᠳ ᠢ ᠰᠦᠯᠵᠢᠶᠡᠨ ᠳᠡᠭᠡᠷ᠎ᠡ ᠦᠷᠭᠦᠯᠵᠢᠯᠡᠨ ᠰᠤᠷᠤᠯᠴᠠᠭᠤᠯᠵᠤ᠂ ᠰᠤᠷᠤᠭᠴᠢᠳ ᠢ ᠬᠡᠷ ᠲᠤ ᠪᠠᠨ ᠪᠠᠶᠢᠭᠰᠠᠨ ᠴᠦ ᠰᠤᠷᠭᠠᠭᠤᠯᠢ ᠳᠤ ᠪᠠᠶᠢᠬᠤ ᠰᠢᠭ᠋ ᠪᠠᠶᠢᠯᠭᠠᠬᠤ ᠬᠡᠷᠡᠭᠲᠡᠢ᠃     ᠭᠤᠷᠪᠠᠳᠤᠭᠠᠷ ᠲᠤ᠂ ᠪᠦᠬᠦ ᠶᠠᠪᠤᠴᠠ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠬᠡᠦᠬᠡᠳ ᠤᠳ ᠰᠤᠷᠭᠠᠭᠤᠯᠢ ᠳᠤ ᠪᠠᠨ ᠪᠤᠴᠠᠵᠤ ᠳᠡᠶᠢᠯᠬᠦ ᠦᠭᠡᠢ ᠪᠣᠯ ᠰᠦᠯᠵᠢᠶᠡᠨ ᠳᠡᠭᠡᠷᠡᠬᠢ ᠰᠤᠷᠤᠯᠴᠠᠯᠭ᠎ᠠ ᠶᠢ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠤᠨ᠂ ᠵᠢᠭᠠᠨ ᠰᠤᠷᠭᠠᠯᠲᠠ ᠶᠢᠨ ᠠᠬᠢᠴᠠ ᠪᠠ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃ ᠰᠤᠷᠭᠠᠭᠤᠯᠢ ᠳᠤ ᠪᠠᠨ ᠪᠤᠴᠠᠵᠤ ᠪᠣᠯᠬᠤ ᠦᠶᠡᠰ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠣᠰᠣᠭᠠᠷ᠂ ᠰᠤᠷᠭᠠᠭᠤᠯᠢ ᠳᠤ ᠪᠠᠨ ᠪᠤᠴᠠᠬᠤ ᠬᠤᠭᠤᠴᠠᠭ᠎ᠠ ᠶᠢ ᠤᠷᠲᠤᠳᠬᠠᠭᠰᠠᠨ ᠰᠤᠷᠤᠭᠴᠢᠳ ᠢ ᠵᠣᠬᠢᠶᠠᠨ ᠪᠠᠶᠢᠭᠤᠯᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠪᠦᠯᠦᠭ ᠤᠳᠠᠭ᠎ᠠ ᠬᠤᠪᠢᠶᠠᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠥᠭᠡᠳ ᠱᠠᠭᠠᠷᠳᠠᠯᠭ᠎ᠠ ᠶᠣᠰᠣᠭᠠᠷ ᠡᠷᠡᠭᠦᠯ ᠮᠡᠨᠳᠦ ᠶᠢᠨ ᠠᠵᠢᠭᠯᠠᠯᠲᠠ ᠪᠠ ᠰᠢᠯᠭᠠᠨ ᠪᠠᠶᠢᠴᠠᠭᠠᠯᠳ᠋᠊ ᠠ ᠶᠢ ᠰᠠᠶᠢᠲᠤᠷ ᠬᠢᠬᠦ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠬᠢᠴᠢᠶᠡᠯ ᠤᠨ ᠬᠠᠪᠰᠤᠷᠤᠮᠵᠢ ᠵᠢᠯᠣᠭᠤᠳᠣᠯᠭ᠎ᠠ ᠬᠢᠵᠦ᠂ ᠰᠤᠷᠤᠯᠭ᠎ᠠ ᠶᠢᠨ ᠠᠬᠢᠴᠠ ᠪᠠ ᠰᠤᠷᠤᠯᠭ᠎ᠠ ᠶᠢᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃     ᠰᠤᠷᠤᠭᠴᠢᠳ ᠤᠨ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠸᠠᠺᠼᠢᠨ ᠤ ᠲᠠᠷᠢᠯᠭ᠎ᠠ ᠶᠢᠨ ᠠᠵᠢᠯ ᠬᠢᠷᠢ ᠵᠡᠷᠭᠡ ᠶᠠᠪᠤᠭᠳᠠᠵᠤ ᠪᠠᠶᠢᠬᠤ ᠪᠣᠶ︖     ᠪᠠᠭᠰᠢ ᠰᠤᠷᠤᠭᠴᠢᠳ ᠤᠨ ᠸᠠᠺᠼᠢᠨ ᠤ ᠲᠠᠷᠢᠯᠭ᠎ᠠ ᠶᠢᠨ ᠠᠵᠢᠯ ᠢ ᠤᠯᠤᠰ ᠤᠨ ᠨᠢᠭᠡᠳᠦᠯᠲᠡᠶ ᠪᠠᠶᠢᠷᠢᠯᠠᠭᠤᠯᠤᠯᠲᠠ ᠳᠤ ᠣᠷᠣᠭᠤᠯᠵᠤ᠂ ᠬᠠᠷᠢᠶᠠᠲᠤ ᠣᠷᠣᠨ ᠤ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠤᠭᠰᠠᠨ ᠪᠥᠭᠡᠳ ᠰᠤᠷᠭᠠᠨ ᠬᠥᠮᠦᠵᠢᠯ ᠤᠨ ᠰᠢᠰᠲ᠋ᠧᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠃     ᠡᠯ᠎ᠡ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ᠂ ᠬᠡᠷ ᠤᠨ ᠠᠬᠠᠮᠠᠳ ᠪᠣᠯᠤᠨ ᠬᠢᠨᠠᠨ ᠬᠠᠮᠠᠭᠠᠯᠠᠭᠴᠢ ᠵᠢᠴᠢ ᠰᠤᠷᠤᠭᠴᠢᠳ ᠤᠨ ᠪᠠᠶᠢᠳᠠᠯ ᠢ ᠮᠡᠳᠡᠬᠦ᠂ ᠵᠥᠪᠰᠢᠶᠡᠷᠡᠬᠦ᠂ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠪᠠᠷᠢᠮᠲᠠᠯᠠᠨ᠂ ᠲᠤᠰᠬᠠᠶ ᠡᠮᠴᠢᠯᠡᠭᠡᠨ ᠤ ᠪᠠᠶᠢᠭᠤᠯᠤᠮᠵᠢ ᠲᠠᠢ ᠬᠠᠮᠵᠢᠯᠴᠠᠨ 12 ᠨᠠᠰᠤᠨ ᠠᠴᠠ 17 ᠨᠠᠰᠤᠨ ᠤ ᠰᠣᠷᠣᠭᠴᠢ ᠶᠢᠨ ᠸᠠᠺᠼᠢᠨ ᠤ ᠲᠠᠷᠢᠯᠭ᠎ᠠ ᠶᠢᠨ ᠠᠵᠢᠯ ᠢ ᠠᠯᠬᠤᠮ ᠳᠠᠷᠠᠭ᠎ᠠ ᠬᠤᠪᠢᠶᠠᠨ᠂ ᠡᠮᠬᠢ ᠵᠢᠷᠤᠮ ᠲᠠᠢ᠂ ᠠᠮᠤᠷ ᠲᠦᠪᠰᠢᠨ᠂ ᠯᠠᠪᠳᠠᠭᠤᠨ ᠢᠶᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃     ᠰᠤᠷᠭᠠᠭᠤᠯᠢ ᠶᠢᠨ ᠬᠦᠷᠢᠶᠡᠨ ᠤ ᠨᠥᠬᠦᠴᠡᠯ ᠳᠤ ᠨᠡᠶᠢᠴᠡᠬᠦ ᠪᠠᠭᠰᠢ ᠰᠤᠷᠤᠭᠴᠢᠳ ᠤᠨ ᠸᠠᠺᠼᠢᠨ ᠤ ᠲᠠᠷᠢᠯᠭ᠎ᠠ ᠶᠢᠨ ᠠᠵᠢᠯ ᠣᠳᠣᠬᠠᠨ ᠳᠤ ᠤᠷᠤᠭᠰᠢᠲᠠᠶ ᠶᠠᠪᠤᠭᠳᠠᠵᠤ᠂ ᠢᠯᠡᠳᠲᠡ ᠦᠷ᠎ᠡ ᠪᠦᠲᠦᠮᠵᠢ ᠤᠯᠪᠠ᠃     ᠰᠣᠶᠣᠯ ᠪᠠ ᠵᠤᠭᠠᠴᠠᠯ ᠤᠨ ᠲᠠᠯᠠᠪᠤᠷ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ ᠰᠠᠶᠢᠲᠤᠷ ᠬᠢᠬᠦ ᠪᠤᠢ︖     A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠵᠢᠯᠤᠭᠤᠳᠴᠤ ︽ᠬᠡᠮᠵᠢᠶ᠎ᠡ ᠶᠢ ᠬᠢᠵᠠᠭᠠᠷᠯᠠᠬᠤ᠂ ᠤᠷᠢᠳᠴᠢᠯᠠᠨ ᠪᠣᠯᠵᠣᠬᠤ᠂ ᠣᠷᠭᠢᠯ ᠦᠶ᠎ᠡ ᠶᠢ ᠵᠥᠷᠢᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠵᠢᠭᠤᠯᠴᠢᠯᠠᠭᠴᠢᠳ ᠢ ᠭᠥᠯᠢᠶᠡᠨ ᠠᠪᠬᠤ ᠳᠡᠭᠡᠳᠦ ᠬᠢᠵᠠᠭᠠᠷ ᠢ ᠴᠢᠩᠭ᠎ᠠ ᠬᠢᠵᠠᠭᠠᠷᠯᠠᠬᠤ ᠬᠡᠷᠡᠭᠲᠡᠢ᠃     ᠡᠭᠦᠳᠡᠨ ᠪᠢᠯᠧᠲ ᠤᠨ ᠤᠷᠢᠳᠴᠢᠯᠠᠨ ᠪᠣᠯᠵᠣᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠤᠨ ᠮᠡᠳᠡᠭᠡ ᠵᠠᠩᠭᠢ ᠶᠢ ᠬᠠᠶᠢᠨ ᠯᠠᠪᠯᠠᠵᠤ ᠲᠠᠭᠠᠨ ᠮᠥᠷᠳᠡᠵᠦ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠣᠲᠣ ᠪᠣᠯᠲᠠᠯ᠎ᠠ᠂ ᠪᠥᠬᠦ ᠤᠯᠤᠰ ᠤᠨ 90% ᠠᠴᠠ ᠳᠡᠭᠡᠭᠰᠢᠬᠢ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠨᠢᠭᠡᠨᠲᠡ ᠴᠠᠭ ᠬᠤᠭᠤᠴᠠᠭ᠎ᠠ ᠬᠤᠪᠢᠶᠠᠨ ᠤᠷᠢᠳᠴᠢᠯᠠᠨ ᠪᠣᠯᠵᠣᠬᠤ ᠶᠢ ᠦᠨᠳᠦᠰᠦᠨ ᠳᠤ ᠪᠠᠨ ᠪᠡᠶᠡᠯᠡᠭᠦᠯᠪᠡ᠃     ᠦᠵᠡᠮᠵᠢ ᠶᠢᠨ ᠣᠷᠣᠨ ᠳᠤ ᠣᠷᠣᠬᠤ ᠠᠴᠠ ᠡᠮᠦᠨ᠎ᠡ ᠺᠣᠳ᠋ ᠰᠢᠷᠪᠢᠵᠦ ᠲᠡᠮᠳᠡᠭᠯᠡᠬᠦ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠤᠯᠴᠢᠯᠠᠭᠴᠢᠳ ᠢ ᠰᠢᠮᠳᠠᠭᠤᠯᠵᠤ ᠪᠠᠶᠢᠭᠠᠳ ︽ᠨᠢᠭᠡ ᠮᠧᠳ᠋ᠷ ᠤᠨ ᠱᠤᠭᠤᠮ ᠢ ᠪᠠᠲᠤᠯᠠᠬᠤ︾᠂ ᠠᠮᠠᠪᠴᠢ ᠵᠡᠭᠦᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠬᠦ ᠬᠡᠷᠡᠭᠲᠡᠢ᠃     ᠦᠵᠡᠮᠵᠢ ᠶᠢᠨ ᠣᠷᠣᠨ ᠤ ᠳᠣᠲᠣᠷᠠᠬᠢ ᠭᠤᠤᠯᠳᠠᠯᠭ᠎ᠠ ᠲᠠᠢ ᠲᠠᠯᠠᠪᠤᠷ᠂ ᠭᠤᠤᠯᠳᠠᠯᠭ᠎ᠠ ᠲᠠᠢ ᠪᠡᠯᠡᠳᠬᠡᠮᠵᠢ ᠶᠢᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠦᠨ ᠬᠠᠷ᠎ᠠ ᠠᠮᠠᠷᠬᠠᠨ ᠴᠤᠭᠯᠠᠷᠠᠬᠤ ᠲᠥᠷᠥᠯ ᠵᠦᠢᠯ ᠪᠠ ᠲᠠᠯᠠᠪᠤᠷ ᠭᠠᠵᠠᠷ ᠲᠤ ᠬᠡᠰᠡᠭ ᠲᠠᠯ᠎ᠠ ᠶᠢᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃ ᠦᠵᠡᠮᠵᠢ ᠶᠢᠨ ᠣᠷᠣᠨ ᠠᠴᠠ ᠠᠵᠢᠯᠲᠠᠳ ᠤᠨ ᠢᠶᠠᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠠᠵᠢᠯ ᠤᠨ ᠪᠠᠶᠢᠷᠢ ᠳᠤ ᠭᠠᠷᠬᠤ ᠪᠣᠯᠪᠠᠰᠤᠷᠠᠯ ᠢ ᠴᠢᠩᠭᠠᠳᠬᠠᠬᠤ ᠬᠡᠷᠡᠭᠲᠡᠶ᠃     ᠵᠦᠴᠦᠭᠡ ᠶᠢᠨ ᠬᠦᠷᠢᠶᠡᠯᠡᠩ ᠵᠡᠷᠭᠡ ᠲᠣᠭᠯᠠᠯᠲᠠ ᠶᠢᠨ ᠲᠠᠯᠠᠪᠤᠷ᠂ ᠮᠦᠽᠧᠶ᠂ ᠣᠯᠠᠨ ᠨᠡᠶᠢᠲᠡ ᠶᠢᠨ ᠨᠣᠮ ᠤᠨ ᠰᠠᠩ᠂ ᠰᠣᠶᠣᠯ ᠤᠨ ᠣᠷᠳᠣᠨ ︵ᠥᠷᠲᠡᠭᠡ︶᠂ ᠤᠷᠠᠨ ᠵᠢᠷᠤᠭ ᠤᠨ ᠣᠷᠳᠣᠨ᠂ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠡᠷ ᠳᠣᠲᠣᠷᠠᠬᠢ ᠲᠠᠯᠠᠪᠤᠷ᠂ ᠣᠳᠣᠨ ᠲᠠᠰ ᠤᠨ ᠪᠠᠭᠤᠳᠠᠯ ᠵᠢᠴᠢ ᠵᠤᠭ᠎ᠠ ᠴᠡᠩᠭᠡᠯ ᠤᠨ ᠲᠠᠯᠠᠪᠤᠷ᠂ ᠰᠦᠯᠵᠢᠶᠡᠨ ᠳᠤ ᠭᠠᠷᠬᠤ ᠦᠢᠯᠡᠴᠢᠯᠡᠭᠡᠨ ᠤ ᠲᠠᠯᠠᠪᠤᠷ ᠵᠡᠷᠭᠡ ᠣᠷᠣᠨ ᠵᠠᠶ ᠨᠢ ᠬᠠᠷᠢᠴᠠᠩᠭᠤᠶ ᠪᠢᠲᠡᠭᠦᠮᠵᠢᠲᠦ ᠲᠠᠯᠠᠪᠤᠷ ᠭᠠᠵᠠᠷ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠶᠢ ᠴᠢᠩᠭᠠᠳᠬᠠᠨ᠂ ᠴᠤᠭᠯᠠᠷᠠᠯ ᠤᠨ ᠴᠢᠨᠠᠷᠲᠠᠶ ᠠᠵᠢᠯᠯᠠᠭ᠎ᠠ ᠡᠷᠭᠢᠯᠡᠬᠦ ᠶᠢ ᠠᠯᠢ ᠴᠢᠳᠠᠬᠤ ᠪᠠᠷ ᠪᠠᠭᠠᠰᠬᠠᠬᠤ ᠬᠡᠷᠡᠭᠲᠡᠶ᠃     ᠠᠷᠠᠳ ᠢᠷᠭᠡᠨ ᠥᠪᠡᠷ ᠢ ᠪᠠᠨ ᠰᠡᠷᠭᠡᠶᠢᠯᠡᠨ ᠬᠠᠮᠠᠭᠠᠯᠠᠬᠤ ᠤᠬᠠᠮᠰᠠᠷ ᠢᠶᠠᠨ ᠬᠡᠷᠬᠢᠨ ᠳᠡᠭᠡᠭᠰᠢᠯᠡᠭᠦᠯᠬᠦ ᠪᠤᠢ︖     ᠨᠢᠭᠡ ᠳᠤ᠂ ︽ᠰᠡᠷᠭᠡᠶᠢᠯᠡᠬᠦ︾ ᠬᠡᠷᠡᠭᠲᠡᠶ᠃ ᠬᠤᠪᠢ ᠬᠥᠮᠦᠨ ᠤ ᠬᠠᠮᠠᠭᠠᠯᠠᠯᠲᠠ ᠪᠠᠨ ᠦᠷᠭᠦᠯᠵᠢᠯᠡᠨ ᠰᠠᠶᠢᠲᠤᠷ ᠬᠢᠵᠦ᠂ ᠠᠮᠠᠪᠴᠢ ᠵᠡᠭᠦᠬᠦ᠂ ᠭᠠᠷ ᠢᠶᠠᠨ ᠦᠷᠭᠦᠯᠵᠢ ᠤᠬᠢᠶᠠᠬᠤ᠂ ᠨᠢᠭᠡ ᠮᠧᠳ᠋ᠷ ᠤᠨ ᠱᠤᠭᠤᠮ ᠢ ᠪᠠᠲᠤᠯᠠᠬᠤ ᠵᠡᠷᠭᠡ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠠᠷᠢᠮᠲᠠᠯᠠᠨ᠂ ᠴᠥᠭᠡᠨ ᠴᠤᠭᠯᠠᠷᠠᠵᠤ᠂ ᠴᠤᠤᠷᠬᠠᠯ ᠢ ᠢᠲᠡᠭᠡᠬᠦ ᠦᠭᠡᠶ᠂ ᠴᠤᠤᠷᠬᠠᠯ ᠲᠠᠷᠬᠠᠭᠠᠬᠤ ᠦᠭᠡᠶ ᠪᠠᠶᠢᠬᠤ ᠬᠡᠷᠡᠭᠲᠡᠶ᠂ ᠨᠡᠩ ᠴᠤ ᠴᠤᠤᠷᠬᠠᠯ ᠭᠠᠷᠭᠠᠵᠤ ᠪᠣᠯᠬᠤ ᠦᠭᠡᠶ᠂ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠪᠠᠷ ᠬᠠᠮᠵᠢᠯᠴᠠᠨ᠂ ᠢᠳᠡᠪᠬᠢᠲᠡᠶ ᠮᠥᠷᠲᠡᠭᠡᠨ ᠰᠠᠨᠠᠭᠠᠴᠢᠯᠠᠭ᠎ᠠ ᠠᠴᠠ ᠪᠠᠨ ᠸᠠᠺᠼᠢᠨ ᠤ ᠲᠠᠷᠢᠯᠭ᠎ᠠ ᠬᠢᠬᠦ ᠬᠡᠷᠡᠭᠲᠡᠶ᠃     ᠬᠤᠶᠠᠷ ᠲᠤ᠂ ︽ᠪᠠᠭᠠᠰᠬᠠᠬᠤ︾ ᠬᠡᠷᠡᠭᠲᠡᠢ᠃ ᠮᠤᠵᠢ ᠪᠠ ᠬᠤᠳᠠ ᠠᠯᠤᠰᠯᠠᠨ ᠭᠠᠳᠠᠭᠰᠢ ᠭᠠᠷᠬᠤ ᠪᠠᠨ ᠪᠠᠭᠠᠰᠬᠠᠵᠤ᠂ ᠤᠯᠠᠨ ᠲᠦᠮᠡᠨ ᠬ᠊ᠠᠳᠠᠭᠰᠢ ᠭᠠᠷᠴᠤ ᠵᠢᠭᠤᠯᠴᠢᠯᠠᠬᠤ ᠪᠠᠨ ᠲᠦᠷ ᠬᠤᠶᠢᠰᠢᠯᠠᠭᠤᠯᠵᠤ᠂ ᠠᠶᠠᠯᠠᠯ ᠢᠶᠠᠨ ᠵᠦᠢ ᠵᠣᠬᠢᠰᠲᠠᠶ ᠲᠣᠬᠢᠷᠠᠭᠤᠯᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠵᠦ᠂ ᠠᠶᠠᠯᠠᠯ ᠤᠨ ᠵᠠᠮ ᠳᠤ ᠪᠠᠨ ᠡᠪᠡᠳᠴᠢᠨ ᠳᠤ ᠬᠠᠯᠳᠠᠪᠤᠷᠢᠯᠠᠭᠳᠠᠬᠤ ᠠᠴᠠ ᠵᠠᠶᠢᠯᠠᠰᠬᠢᠬᠦ ᠬᠡᠷᠡᠭᠲᠡᠶ᠃ ᠳᠤᠮᠳᠠ ᠥᠨᠳᠥᠷ ᠳᠡᠰ ᠤᠨ ᠲᠥᠭᠰᠢᠭᠦᠷᠢᠲᠦ ᠣᠷᠣᠨ ᠤ ᠬᠥᠮᠦᠰ ᠤᠨ ᠨᠡᠭᠦᠳᠡᠯ ᠰᠢᠯᠵᠢᠯᠲᠡ ᠶᠢ ᠴᠢᠩᠭ᠎ᠠ ᠬᠢᠵᠠᠭᠠᠷᠯᠠᠬᠤ ᠬᠡᠷᠡᠭᠲᠡᠶ᠃     ᠭᠤᠷᠪᠠ ᠳᠤ᠂ ︽ᠮᠡᠳᠡᠭᠦᠯᠬᠦ︾ ᠬᠡᠷᠡᠭᠲᠡᠢ᠃ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤ ᠨᠢ ᠮᠡᠳᠡᠭᠦᠯᠬᠦ ᠬᠡᠷᠡᠭᠲᠡᠶ᠂ ᠵᠢᠭᠰᠠᠭᠠᠨ ᠪᠠᠶᠢᠴᠠᠭᠠᠭᠳᠠᠵᠤ ᠪᠠᠶᠢᠭ᠎ᠠ ᠬᠥᠮᠦᠰ ᠪᠤᠶᠤ ᠳᠤᠮᠳᠠ ᠥᠨᠳᠥᠷ ᠳᠡᠰ ᠤᠨ ᠲᠦᠭᠰᠢᠭᠦᠷᠢᠲᠦ ᠣᠷᠣᠨ ᠳᠤ ᠬᠦᠷᠴᠦ ᠥᠩᠭᠡᠷᠡᠭᠰᠡᠨ ᠬᠥᠮᠦᠰ ᠰᠠᠨᠠᠭᠠᠴᠢᠯᠠᠭ᠎ᠠ ᠠᠴᠠ ᠪᠠᠨ ᠪᠠᠶᠢᠭ᠎ᠠ ᠭᠠᠵᠠᠷ ᠤᠨ ᠢᠶᠠᠨ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠢ᠂ ᠵᠣᠴᠢᠳ ᠤᠨ ᠪᠠᠭᠤᠳᠠᠯ ᠳᠤ ᠬᠦᠷᠦᠯᠴᠡᠭᠰᠡᠨ ᠲᠡᠤᠬᠡ ᠪᠠ ᠵᠢᠭᠤᠯᠴᠢᠯᠠᠭᠰᠠᠨ ᠲᠡᠤᠬᠡ ᠪᠠᠨ ᠮᠡᠳᠡᠭᠦᠯᠬᠦ ᠬᠡᠷᠡᠭᠲᠡᠶ᠃     ᠪᠥᠭᠡᠮ ᠬᠦᠴᠢᠯ ᠤᠨ ᠪᠠᠶᠢᠴᠠᠭᠠᠨ ᠰᠢᠨᠵᠢᠯᠡᠯᠲᠡ᠂ ᠲᠤᠰᠠᠭᠠᠷᠯᠠᠭᠰᠠᠨ ᠬᠠᠮᠢᠶᠠᠷᠤᠯᠲᠠ ᠡᠵᠡᠮᠳᠡᠯ᠂ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃ ᠬᠡᠷᠪᠡ ᠬᠠᠨᠢᠶᠠᠬᠤ᠂ ᠬᠠᠯᠠᠭᠤᠷᠠᠬᠤ᠂ ᠬᠤᠭᠤᠯᠠᠶ ᠡᠪᠡᠳᠬᠦ᠂ ᠲᠠᠮᠢᠷᠳᠠᠬᠤ᠂ ᠰᠠᠭᠤᠯᠭᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠬᠤᠪᠢ ᠬᠥᠮᠦᠨ ᠤ ᠰᠡᠷᠭᠡᠶᠢᠯᠡᠯᠲᠡ ᠶᠢ ᠰᠠᠶᠢᠲᠤᠷ ᠬᠢᠭᠰᠡᠨ ᠪᠠᠶᠢᠳᠠᠯ ᠳᠣᠣᠷ᠎ᠠ᠂ ᠳᠠᠷᠦ᠋ᠢᠬᠠᠨ ᠣᠶᠢᠷᠠᠯᠴᠠᠭ᠎ᠠ ᠪᠠᠶᠢᠭ᠎ᠠ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠰᠢᠭᠰᠢᠨ ᠪᠠᠶᠢᠴᠠᠭᠠᠯᠭᠠᠵᠤ ᠡᠮᠨᠡᠭᠦᠯᠬᠦ ᠬᠡᠷᠡᠭᠲᠡᠶ᠃ ᠡᠪᠡᠳᠴᠢᠨ ᠦᠵᠡᠭᠦᠯᠬᠦ ᠶᠠᠪᠤᠴᠠ ᠳᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠰᠠᠭᠤᠵᠤ ᠪᠣᠯᠬᠤ ᠥᠬᠡᠶ᠂ ᠨᠠᠩ ᠴᠤ ᠬᠥᠮᠦᠨ ᠴᠤᠭᠯᠠᠷᠠᠭᠰᠠᠨ ᠭᠠᠵᠠᠷ ᠲᠤ ᠪᠥᠭᠡᠮᠨᠡᠷᠡᠵᠦ ᠪᠣᠯᠬᠤ ᠥᠬᠡᠶ᠃     ᠨᠠᠶᠢᠷᠠᠭᠤᠯᠤᠭᠴᠢ᠄ ᠪᠤᠤ ᠯᠢᠩ ᡁᠢ     ᠬᠢᠨᠠᠨ ᠬᠠᠷᠭᠤᠭᠤᠯᠤᠭᠴᠢ᠄ ᠸᠠᠩ ᠯᠸᠢ     ᠶᠡᠷᠤᠩᠬᠡᠢ ᠬᠢᠨᠠᠭᠴᠢ᠄ ᠯᠢ ᠸᠧᠢ
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号