ᠣᠯᠵᠠᠴᠢ ᠪᠠᠯᠭᠠᠰᠦ ︽ᠭᠤᠷᠪᠠ ᠶᠢ ᠴᠢᠩᠭᠠᠳᠬᠠᠨ︾ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ ᠰᠢᠯᠢᠳᠡᠭᠵᠢᠭᠦᠯᠦᠯᠳᠡ ᠶᠢ ᠠᠬᠢᠭᠤᠯᠪᠠ
ᠨᠡᠶᠢᠲᠡᠯᠡᠭᠰᠡᠨ ᠴᠠᠭ᠄
2021/9/24
    ᠦᠨᠦ ᠵᠢᠯ ᠠᠴᠠ ᠨᠠᠭᠠᠰᠢ᠂ ᠣᠯᠵᠠᠴᠢ ᠪᠠᠯᠭᠠᠰᠦ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ ᠵᠠᠩᠬᠢᠯᠠᠭ᠎ᠠ  ᠶᠢᠨ ᠠᠰᠠᠭᠤᠳᠠᠯ ᠢ ᠴᠢᠩᠭ᠎ᠠ ᠡᠵᠡᠮᠳᠡᠨ᠂ ᠠᠷᠠᠳ ᠣᠯᠠᠨ ᠤ ᠦᠨᠡᠯᠡᠯᠳᠡ ᠶᠢ ᠲᠡᠷᠢᠬᠦᠨ ᠪᠠᠶᠢᠷᠢᠨ ᠳᠤ ᠲᠠᠯᠪᠢᠵᠣ᠂ ᠬᠠᠷᠢᠶᠠᠳᠦ ᠣᠷᠣᠨ ᠤ ᠠᠵᠣ ᠠᠬᠤᠶᠢᠯᠠᠯ ᠳᠤ ᠠᠰᠢᠭ ᠬᠦᠷᠳᠡᠭᠡᠬᠦ ᠶᠢᠨ ᠲᠣᠰᠠᠳᠠ᠂ ︽ᠴᠢᠨᠠᠷᠵᠢᠭᠤᠨ ᠣᠶᠢᠯᠡᠴᠢᠯᠡᠭᠡ ᠬᠠᠩᠭᠠᠬᠤ︾ ᠵᠣᠷᠢᠭ ᠰᠠᠨᠠᠭ᠎ᠠ ᠶᠢ ᠪᠠᠳᠠᠷᠠᠭᠤᠯᠵᠣ᠂ ᠬᠡᠷᠡᠭᠵᠢᠭᠦᠯᠦᠯᠳᠡ ᠶᠢᠨ ᠪᠣᠳᠣᠯᠭ᠎ᠠ ᠶᠢ ᠨᠠᠷᠢᠯᠢᠭᠵᠢᠭᠤᠯᠣᠨ᠂ ᠲᠣᠳᠠᠭᠤᠳᠠᠯ ᠢᠶᠠᠨ ᠨᠦᠬᠦᠪᠦᠷᠢᠯᠡᠵᠣ᠂ ᠪᠠᠯᠭᠠᠰᠣᠨ ᠤ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ ᠨᠡᠩ ᠴᠢᠨᠠᠷᠵᠢᠭᠤᠨ᠂ ᠨᠡᠩ ᠦᠨᠳᠦᠷ ᠲᠦᠪᠰᠢᠨ ᠤ ᠬᠦᠭᠵᠢᠯᠳᠡ ᠶᠢ ᠠᠬᠢᠭᠤᠯᠪᠠ᠃     ᠵᠠᠰᠠᠯᠳᠠ ᠶᠢᠨ ᠴᠢᠳᠠᠪᠬᠢ ᠶᠢ ᠴᠢᠩᠭᠠᠳᠬᠠᠨ ᠲᠡᠭᠡᠭᠰᠢᠯᠡᠭᠦᠯᠬᠦ ᠶᠢ ᠴᠢᠩᠭ᠎ᠠ ᠡᠵᠡᠮᠳᠡᠨ᠂ ᠣᠶᠢᠯᠡᠴᠢᠯᠡᠭᠡᠨ ᠤ ᠴᠢᠳᠠᠪᠬᠢ ᠪᠠᠨ ᠲᠠᠭᠡᠭᠰᠢᠯᠡᠭᠦᠯᠪᠡ᠃  ᠣᠯᠵᠠᠴᠢ ᠪᠠᠯᠭᠠᠰᠦ ᠠᠰᠠᠭᠤᠳᠠᠯ ᠳᠤ ᠴᠢᠭᠯᠡᠭᠦᠯᠬᠦ᠂ ᠬᠡᠷᠡᠭᠴᠡᠭᠡ ᠱᠠᠭᠠᠷᠳᠠᠯᠭ᠎ᠠ  ᠳᠤ ᠴᠢᠭᠯᠡᠭᠦᠯᠬᠦ᠂ ᠬᠠᠷᠠᠯᠳᠠ ᠳᠤ ᠴᠢᠭᠯᠡᠭᠦᠯᠬᠦ ᠪᠠ ᠦᠷ᠎ᠡ ᠳ᠋ᠦᠩ ᠳᠤ ᠴᠢᠭᠯᠡᠭᠦᠯᠬᠦ ᠶᠢ ᠪᠠᠷᠢᠮᠳᠠᠯᠠᠨ᠂ ᠵᠠᠰᠠᠭ ᠵᠠᠬᠢᠷᠭᠠᠨ  ᠤ ᠴᠣᠬᠤᠯᠠᠪᠦᠷᠢᠯᠠᠯᠳᠠ ᠶᠢᠨ ᠨᠠᠷᠢᠨ ᠲᠠᠩᠰᠠ ᠶᠢ ᠪᠦᠬᠦ ᠲᠠᠯ᠎ᠠ ᠪᠠᠷ ᠡᠮᠬᠢᠯᠡᠵᠣ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠵᠠᠰᠠᠯᠳᠠ ᠶᠢᠨ ᠴᠢᠳᠠᠪᠬᠢ ᠶᠢ ᠴᠢᠩᠭᠠᠳᠬᠠᠨ ᠲᠡᠭᠡᠭᠰᠢᠯᠡᠭᠦᠯᠬᠦ ᠠᠵᠢᠯ ᠢ ᠨᠠᠷᠢᠯᠢᠭ ᠠᠳᠬᠤᠨ᠂ ᠨᠠᠮ ᠤᠨ ᠡᠭᠦᠷ ᠤᠨ ᠪᠠᠬᠢᠯᠡᠯᠳᠡ ᠶᠢᠨ ᠣᠶᠢᠯᠠᠳᠣᠯ ᠢ ᠪᠠᠳᠣᠳᠬᠠᠭᠰᠠᠨ ᠰᠠᠭᠤᠷᠢᠨ ᠲᠡᠭᠡᠷ᠎ᠡ ᠪᠠᠯᠭᠠᠰᠦ ᠭᠠᠴᠠᠭ᠎ᠠ ᠲᠣᠰᠬᠤᠨ ᠬᠤᠶᠠᠷ ᠱᠠᠳᠣᠨ ᠤ ᠣᠶᠢᠯᠡᠴᠢᠯᠡᠭᠡᠨ ᠤ ᠴᠢᠳᠠᠪᠬᠢ ᠪᠠᠨ ᠲᠡᠭᠡᠭᠰᠢᠯᠡᠭᠦᠯᠪᠡ᠃ ᠪᠠᠯᠭᠠᠰᠣᠨ ᠲᠡᠰ  ᠤᠨ ᠠᠷᠠᠳ ᠲᠤ ᠲᠦᠬᠦᠮ ᠦᠵᠡᠭᠦᠯᠬᠦ ᠣᠶᠢᠯᠡᠴᠢᠯᠡᠭᠡᠨ ᠤ ᠲᠦᠪ ᠪᠣᠯᠣᠨ ᠠᠷᠠᠳ ᠲᠤ ᠲᠦᠭᠦᠮ ᠦᠵᠡᠭᠦᠯᠬᠦ ᠣᠶᠢᠯᠡᠴᠢᠯᠡᠭᠡᠨ ᠤ ᠣᠷᠣᠯᠠᠨ ᠭᠦᠢᠴᠡᠳᠬᠡᠬᠦ 19 ᠴᠡᠭ ᠤᠨ ᠪᠠᠷᠢᠮᠵᠢᠶᠠᠵᠢᠭᠰᠠᠨ ᠪᠠᠶᠢᠭᠤᠯᠣᠯᠳᠠ ᠶᠢ ᠪᠡᠶᠡᠯᠡᠭᠦᠯᠵᠣ᠂ ᠣᠶᠢᠯᠡᠴᠢᠯᠡᠭᠡ ᠪᠠᠨ ᠴᠢᠩᠭᠠᠳᠬᠠᠨ᠂ ᠲᠦᠷᠦᠯ ᠵᠣᠶᠢᠯ ᠤᠨ ᠪᠠᠶᠢᠭᠤᠯᠣᠯᠳᠠ᠂ ᠠᠵᠣ ᠠᠬᠤᠶᠢᠯᠠᠯ ᠤᠨ ᠬᠦᠭᠵᠢᠯᠳᠡ᠂ ᠠᠷᠠᠳ ᠣᠯᠠᠨ ᠣᠴᠢᠷ ᠶᠠᠪᠣᠳᠠᠯ ᠭᠦᠢᠴᠡᠳᠬᠡᠬᠦ ᠳᠤ ᠲᠡᠮᠵᠢᠯᠭᠡ ᠦᠵᠡᠭᠦᠯᠵᠣ᠂ ᠬᠤᠳᠠᠯᠳᠣᠭᠠᠴᠢᠨ ᠣᠷᠢᠵᠣ ᠪᠡᠯᠡ ᠣᠷᠣᠭᠤᠯᠬᠤ ᠳᠤ ᠪᠠᠳᠣᠯᠠᠭ᠎ᠠ ᠬᠠᠩᠭᠠᠨ᠂ ᠠᠵᠣ ᠠᠬᠤᠶᠢᠯᠠᠯ ᠪᠣᠯᠣᠨ ᠣᠯᠠᠨ ᠲᠦᠮᠡᠨ ᠤ ᠣᠶᠢᠯᠠᠳᠪᠦᠷᠢᠯᠠᠯ ᠠᠮᠢᠳᠣᠷᠠᠯ ᠲᠠᠢ ᠨᠢᠭᠳᠠ ᠬᠤᠯᠪᠣᠭᠳᠠᠬᠤ ᠬᠠᠮᠢᠶ᠎ᠠ ᠪᠦᠬᠦᠢ ᠬᠡᠷᠡᠭ ᠣᠴᠢᠷ ᠢ ︽ᠨᠢᠭᠡᠯᠡ ᠣᠳᠠᠭ᠎ᠠ︾ ᠲᠡᠭᠡᠷ᠎ᠡ ᠭᠦᠢᠴᠡᠳᠬᠡᠬᠦ ᠶᠢ ᠪᠡᠶᠡᠯᠡᠭᠦᠯᠪᠡ᠃     ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠴᠢᠩᠭᠠᠳᠬᠠᠣ ᠣᠬᠠᠭᠤᠯᠭ᠎ᠠ ᠪᠠᠷ ᠭᠤᠣᠯ ᠠᠭᠤᠯᠭ᠎ᠠ ᠪᠠᠨ ᠪᠣᠯᠭᠠᠨ᠂ ᠣᠬᠢ ᠰᠠᠶᠢᠨ ᠣᠷᠴᠢᠨ ᠠᠬᠤᠢ ᠶᠢ ᠪᠦᠷᠢᠯᠳᠦᠭᠦᠯᠪᠡ᠃ ︽ᠣᠯᠵᠠᠴᠢ ᠪᠠᠯᠭᠠᠰᠣᠨ ᠤ ᠨᠡᠶᠢᠳᠡᠯᠡᠯ︾ ᠸᠢᠴᠠᠲ ᠲᠠᠪᠴᠠᠩ ᠳᠤ ᠲᠣᠰᠬᠠᠢ ᠪᠦᠯᠦᠭ ᠨᠡᠭᠡᠭᠡᠨ᠂ ᠣᠯᠠᠨ ᠬᠡᠯᠪᠡᠷᠢ ᠪᠠᠷ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠲᠠᠶᠢᠯᠣᠮᠵᠢ ᠬᠢᠵᠣ᠂ ᠣᠨᠣᠪᠴᠢᠳᠠᠢ ᠮᠡᠳᠡᠭᠡ ᠵᠠᠩᠬᠢ ᠪᠣᠯᠣᠨ ᠲᠦᠷᠦ ᠶᠢᠨ ᠪᠣᠳᠣᠯᠭ᠎ᠠ ᠶᠢᠨ ᠵᠣᠷᠢᠯᠭ᠎ᠠ ᠶᠢ ᠣᠯᠠᠮᠵᠢᠯᠠᠨ᠂ ᠬᠠᠷᠢᠶᠠᠳᠦ ᠣᠷᠣᠨ ᠤ ᠠᠵᠣ ᠠᠬᠤᠶᠢᠯᠠᠯ ᠪᠣᠯᠣᠨ ᠰᠠᠭᠤᠭᠠᠯᠢ ᠠᠷᠠᠳ ᠲᠤ ᠬᠠᠨᠳᠣᠭᠤᠯᠣᠭᠰᠠᠨ ᠨᠠᠷᠢᠯᠢᠭ ᠣᠨᠣᠪᠴᠢᠳᠠᠢ ᠣᠬᠠᠭᠤᠯᠭ᠎ᠠ ᠶᠢ ᠭᠤᠣᠯᠳᠠᠯᠭᠠᠳᠠᠢ ᠴᠢᠩᠭᠠᠳᠬᠠᠵᠣ᠂ ᠨᠡᠶᠢᠭᠡᠮ ᠪᠣᠯᠣᠨ ᠠᠵᠣ ᠠᠬᠤᠶᠢᠯᠠᠯ ᠤᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠤ ᠲᠠᠨᠢᠨ ᠮᠡᠳᠡᠷᠡᠭᠦᠢ ᠶᠢ ᠣᠯᠠᠮ ᠨᠢᠭᠡ ᠠᠯᠬᠤᠮ ᠲᠡᠭᠡᠭᠰᠢᠯᠡᠭᠦᠯᠪᠡ᠃ ᠲᠦᠪᠯᠡᠷᠡᠩᠭᠦᠢ ᠰᠣᠷᠣᠯᠴᠠᠯᠭ᠎ᠠ ᠪᠠ ᠦᠪᠡᠷᠰᠡᠳ ᠤᠨ ᠰᠣᠷᠣᠯᠴᠠᠯᠭ᠎ᠠ ᠪᠠᠷ ᠲᠠᠮᠵᠢᠭᠤᠯᠣᠨ᠂ ᠣᠶᠢᠯᠡᠴᠢᠯᠡᠭᠡᠨ ᠤ ᠴᠣᠩᠬᠤ ᠶᠢᠨ ᠠᠵᠢᠯᠳᠠᠨ ᠤ ᠲᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠴᠢᠩᠭᠠᠳᠬᠠᠵᠣ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠲᠦᠷᠦ ᠪᠣᠳᠣᠯᠭ᠎ᠠ ᠶᠢᠨ ᠣᠷᠣᠨᠵᠢᠯᠳᠡ ᠶᠢᠨ︽ᠡᠴᠦᠰ  ᠤᠨ ᠨᠢᠭᠡ ᠠᠯᠬᠤᠮ︾ ᠢ ᠨᠡᠪᠳᠡᠷᠡᠭᠦᠯᠪᠡ᠃ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠪᠠᠶᠢᠩᠭᠤᠵᠢᠭᠰᠠᠨ ᠲᠣᠭᠳᠠᠴᠠ ᠶᠢ ᠪᠠᠶᠢᠭᠤᠯᠣᠨ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠨᠡᠪᠳᠡᠷᠡᠭᠦᠯᠵᠣ᠂ ᠨᠡᠶᠢᠭᠡᠮ  ᠤᠨ ᠡᠯ᠎ᠡ ᠡᠳᠡᠭᠡᠳ ᠤᠨ ᠰᠠᠨᠠᠯ ᠰᠠᠨᠠᠭᠤᠯᠭ᠎ᠠ ᠶᠢ ᠰᠣᠨᠣᠰᠣᠨ᠂ ᠬᠤᠳᠠᠯᠳᠤᠭ᠎ᠠ ᠡᠵᠡᠩᠨᠡᠯᠳᠡ ᠶᠢᠨ ᠣᠬᠢ ᠰᠠᠶᠢᠨ ᠣᠷᠴᠢᠨ ᠢ ᠪᠦᠷᠢᠯᠳᠦᠭᠦᠯᠪᠡ᠃     ᠬᠢᠨᠠᠨ ᠪᠠᠶᠢᠴᠠᠭᠠᠯᠳᠠ ᠶᠢᠨ ᠪᠣᠳᠠᠳᠦ ᠪᠦᠳᠦᠮᠵᠢ ᠶᠢ ᠴᠢᠩᠭᠠᠳᠬᠠᠬᠤ ᠪᠠᠷ ᠪᠠᠳᠣᠯᠠᠭ᠎ᠠ ᠪᠣᠯᠭᠠᠨ᠂ ᠠᠵᠢᠯ ᠤᠨ ᠰᠣᠷᠳᠠᠯ ᠢᠶᠠᠨ ᠰᠠᠶᠢᠵᠢᠷᠠᠭᠤᠯᠪᠠ᠃ ᠵᠠᠰᠠᠭ ᠤᠨ ᠶᠠᠪᠣᠳᠠᠯ ᠤᠨ ᠢᠯᠡᠰᠢᠭᠦᠯᠦᠯᠳᠡ ᠶᠢ ᠪᠠᠷᠢᠮᠳᠠᠯᠠᠨ᠂ ᠢᠯᠡᠰᠢᠭᠦᠯᠦᠯᠳᠡ  ᠶᠢ ᠪᠠᠶᠢᠩᠭᠤᠵᠢᠭᠤᠯᠵᠣ᠂ ᠣᠳᠣᠬᠠᠨ ᠪᠣᠯᠳᠠᠯ᠎ᠠ᠂ ᠰᠢᠢᠳᠪᠦᠷᠢᠳᠦ ᠪᠣᠳᠣᠯᠭ᠎ᠠ᠂ ᠬᠡᠷᠡᠭᠵᠢᠭᠦᠯᠦᠯᠳᠡ᠂ ᠬᠠᠮᠢᠶᠠᠷᠣᠯᠳᠠ᠂ ᠣᠶᠢᠯᠡᠴᠢᠯᠡᠭᠡ᠂ ᠦᠷ᠎ᠡ ᠳ᠋ᠦᠩ ᠢ 48 ᠣᠳᠠᠭ᠎ᠠ ᠢᠯᠡᠰᠢᠭᠦᠯᠵᠣ᠂ ᠵᠠᠰᠠᠭ ᠤᠨ ᠶᠠᠪᠣᠳᠠᠯ ᠤᠨ ᠢᠯᠡᠰᠢᠭᠦᠯᠦᠯᠳᠡ ᠶᠢᠨ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠰᠢᠯᠢᠳᠡᠭᠵᠢᠭᠦᠯᠬᠦ ᠲᠣᠯᠭᠠᠭᠤᠷᠢᠯᠠᠯ ᠤᠨ ᠣᠶᠢᠯᠠᠳᠣᠯ ᠢ ᠭᠦᠢᠴᠡᠳ ᠪᠠᠳᠠᠷᠠᠭᠤᠯᠪᠠ᠃ ᠪᠠᠯᠭᠠᠰᠣ ᠭᠠᠴᠠᠭ᠎ᠠ ᠲᠣᠰᠬᠤᠨ ᠬᠤᠶᠠᠷ ᠱᠠᠳᠣᠨ ᠤ ᠰᠠᠬᠢᠯᠭ᠎ᠠ ᠪᠠᠳᠦ ᠪᠠᠶᠢᠴᠠᠭᠠᠬᠤ ᠲᠣᠭᠳᠠᠯᠴᠠᠭ᠎ᠠ  ᠶᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠠᠭ ᠢᠮᠠᠭᠳᠠ ᠠᠵᠣ ᠠᠬᠤᠶᠢᠯᠠᠯ ᠤᠨ ᠣᠶᠢᠯᠠᠳᠪᠦᠷᠢᠯᠠᠯ ᠡᠵᠡᠩᠨᠡᠯᠳᠡ ᠶᠢᠨ ᠪᠠᠶᠢᠳᠠᠯ ᠪᠣᠯᠣᠨ ᠺᠠᠳ᠋ᠷ ᠠᠵᠢᠯᠳᠠᠨ ᠤ ᠡᠭᠦᠷᠭᠡ ᠲᠣᠰᠢᠶᠠᠯ ᠤᠨ ᠬᠦᠢᠴᠡᠳᠬᠡᠯ ᠤᠨ ᠪᠠᠶᠢᠳᠠᠯ ᠢ ᠨᠠᠷᠢᠨ ᠣᠶᠢᠯᠠᠭᠠᠵᠣ᠂ ᠠᠰᠠᠭᠤᠳᠠᠯ ᠤᠨ ᠨᠠᠷᠢᠨ ᠲᠠᠩᠰᠠ ᠪᠦᠷᠢᠳᠦᠭᠦᠯᠣᠨ᠂ ᠠᠳᠠᠯᠢ ᠪᠣᠰᠣ ᠪᠠᠶᠢᠳᠠᠯ ᠤᠨ ᠬᠤᠪᠢᠶᠠᠷᠢᠯᠠᠯ ᠢᠶᠠᠷ ᠪᠦᠳᠦᠮᠵᠢᠳᠡᠢ ᠰᠢᠢᠳᠪᠦᠷᠢᠯᠡᠵᠣ᠂ ᠬᠤᠳᠠᠯᠳᠤᠭ᠎ᠠ ᠡᠵᠡᠩᠨᠡᠯᠳᠡ ᠶᠢᠨ ᠣᠷᠴᠢᠨ ᠢ ᠨᠦᠯᠦᠭᠡᠯᠡᠬᠦ ᠠᠰᠠᠭᠤᠳᠠᠯ ᠤᠨ ᠰᠢᠢᠳᠪᠦᠷᠢᠯᠡᠯᠳᠡ ᠶᠢ ᠠᠬᠢᠭᠤᠯᠣᠨ᠂ ᠠᠷᠢᠭᠤᠨ ᠴᠢᠭᠡᠴᠢ ᠣᠯᠣᠰ ᠲᠦᠷᠦ ᠶᠢᠨ ᠣᠷᠴᠢᠨ ᠠᠬᠤᠢ ᠶᠢ ᠪᠣᠢ ᠪᠣᠯᠭᠠᠵᠣ᠂ ᠰᠢᠨ᠎ᠡ ᠬᠡᠯᠪᠡᠷᠢ ᠶᠢᠨ ᠵᠠᠰᠠᠭ ᠬᠤᠳᠠᠯᠳᠣᠭᠠᠨ ᠤ ᠬᠠᠷᠢᠴᠠᠭ᠎ᠠ ᠶᠢ ᠪᠠᠶᠢᠭᠤᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号