ᠪᠤᠷᠤᠪᠠᠯᠭᠠᠰᠣ ᠪᠠᠯᠭᠠᠰᠣ ᠲᠠᠪᠤ ᠶᠢ ᠪᠠᠶᠢᠩᠭᠤᠵᠢᠭᠤᠯᠵᠤ ᠠᠶᠤᠯᠬᠦᠢ ᠦᠢᠯᠡᠳᠪᠦᠷᠢᠯᠡᠯ ᠤᠨ ᠰᠡᠷᠬᠡᠶᠢᠯᠡᠯᠲᠡ  ᠶᠢᠨ ᠱᠤᠭᠤᠮ ᠢ ᠪᠠᠲᠤᠳᠬᠠᠪᠠ
ᠨᠡᠶᠢᠲᠡᠯᠡᠭᠰᠡᠨ ᠴᠠᠭ᠄
2021/9/24
    ᠠᠶᠤᠯᠬᠦᠢ ᠦᠢᠯᠡᠳᠪᠦᠷᠢᠯᠡᠯ ᠨᠢ ᠠᠷᠠᠳ ᠣᠯᠠᠨ ᠤ ᠠᠮᠢ ᠨᠠᠰᠣ ᠡᠳ᠋ ᠬᠦᠷᠦᠩᠭᠡ ᠶᠢᠨ ᠠᠮᠣᠷ ᠳᠦᠪᠰᠢᠨ᠂ ᠦᠬᠡᠷᠡᠴᠢᠯᠡᠯᠲᠡ ᠬᠦᠭᠵᠢᠯᠲᠡ ᠪᠠ ᠨᠠᠶᠢᠭᠡᠮ ᠤᠨ ᠠᠮᠣᠷ ᠲᠤᠭᠲᠠᠭᠤᠨ ᠲᠠᠢ ᠬᠤᠯᠪᠤᠭᠳᠠᠵᠤ ᠪᠤᠢ᠃ ᠣᠶᠢᠷ᠎ᠡ ᠶᠢᠨ ᠵᠢᠯ  ᠠᠴᠠ ᠨᠠᠭᠠᠰᠢ᠂ ᠪᠣᠷᠣᠪᠠᠯᠭᠠᠰᠣ ᠪᠠᠯᠭᠠᠰᠣ ᠠᠶᠤᠯᠬᠦᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠬᠦᠨᠵᠡᠬᠡᠢ ᠠᠳᠬᠤᠨ᠂ ︽ᠲᠠᠪᠤ ᠶᠢ ᠪᠠᠶᠢᠩᠭᠤᠵᠢᠭᠤᠯᠬᠤ︾ ᠪᠠᠷ ᠳᠠᠮᠵᠢᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠦᠷᠬᠦᠯᠵᠢᠬᠦᠶᠢᠴᠡ ᠲᠤᠭᠲᠠᠭᠤᠨ ᠪᠠᠶᠢᠳᠠᠯ ᠢ ᠪᠦᠲᠦᠮᠵᠢᠲᠡᠢ ᠪᠠᠬᠢᠵᠢᠬᠦᠯᠵᠦ᠂ ᠠᠶᠤᠯᠬᠦᠢ ᠦᠢᠯᠡᠳᠪᠦᠷᠢᠯᠡᠯ ᠤᠨ ᠰᠡᠷᠬᠡᠶᠢᠯᠡᠯᠲᠡ ᠶᠢᠨ ᠱᠣᠭᠤᠮ ᠢ ᠲᠠᠰᠣᠷᠠᠯᠲᠠ ᠦᠬᠡᠢ   ᠪᠠᠲᠤᠳᠬᠠᠪᠠ᠃     ᠨᠢᠭᠡ ᠳᠤ᠂ ᠰᠣᠳᠣᠯᠣᠯᠲᠠ ᠪᠠᠶᠢᠷᠢᠯᠠᠭᠤᠯᠤᠯᠲᠠ ᠪᠠᠨ ᠪᠠᠶᠢᠩᠭᠤᠵᠢᠭᠤᠯᠪᠠ᠃ ᠪᠦᠬᠦ ᠺᠠᠳ᠋ᠷ ᠠᠵᠢᠯᠲᠠᠨ᠂ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠠᠷᠢᠭᠤᠴᠠᠯᠭᠠᠲᠠᠨ ᠵᠢᠴᠢ ᠠᠶᠤᠯᠬᠦᠢ ᠦᠢᠯᠡᠳᠪᠦᠷᠢᠯᠡᠯ ᠤᠨ ᠠᠵᠢᠯᠲᠠᠨ ︵ᠬᠠᠪᠰᠣᠷᠣᠨ ᠬᠠᠮᠢᠶᠠᠷᠤᠭᠴᠢ︶ ᠣᠷᠣᠯᠴᠠᠭᠰᠠᠨ ᠠᠶᠤᠯᠬᠦᠢ ᠦᠢᠯᠡᠳᠪᠦᠷᠢᠯᠡᠯ ᠤᠨ ᠠᠵᠢᠯ ᠤᠨ ᠠᠬᠢᠭᠤᠯᠤᠯᠲᠠ ᠶᠢᠨ ᠬᠤᠷᠠᠯ ᠢ ᠣᠯᠠᠷᠢᠯ ᠪᠦᠷᠢ ᠳᠤ ᠬᠢᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠢ ᠭᠤᠤᠯ  ᠠᠳᠬᠤᠵᠣ ᠪᠠᠶᠢᠭ᠎ᠠ ᠬᠤᠪᠢᠳᠠᠨ ᠬᠠᠮᠢᠶᠠᠷᠬᠤ ᠣᠳᠣᠷᠢᠳᠣᠯᠭ᠎ᠠ ᠶᠢᠨ ᠡᠮᠦᠨ᠎ᠡ ᠬᠤᠭᠤᠴᠠᠭᠠᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠬᠦᠯᠦᠯᠲᠡ ᠶᠢ ᠰᠣᠨᠣᠰᠴᠣ᠂ ᠪᠦᠬᠦ ᠪᠠᠯᠭᠠᠰᠣᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠢ ᠵᠠᠳᠠᠯᠤᠨ᠂ ᠳᠠᠷᠠᠭ᠎ᠠ ᠠᠯᠬᠤᠮ ᠤᠨ ᠠᠵᠢᠯ ᠢᠶᠠᠨ ᠰᠠᠶᠢᠲᠤᠷ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠪᠣᠯᠪᠠᠰᠣᠷᠠᠯ ᠢ ᠬᠠᠮᠲᠤᠷᠠᠭᠤᠯᠬᠤ ᠮᠠᠶ᠋ᠢᠭ ᠢᠶᠠᠷ ᠬᠤᠷᠠᠯ ᠳᠤ ᠣᠷᠣᠯᠴᠠᠭᠰᠠᠳ ᠲᠤ ᠠᠶᠤᠯᠬᠦᠢ ᠦᠢᠯᠡᠳᠪᠦᠷᠢᠯᠡᠯ ᠤᠨ ᠮᠡᠳᠡᠯᠭᠡ ᠶᠢᠨ ᠪᠣᠯᠪᠠᠰᠣᠷᠠᠯ ᠬᠢᠵᠦ᠂ ᠪᠠᠯᠭᠠᠰᠣ ᠭᠠᠴᠠᠭ᠎ᠠ ᠲᠤᠰᠬᠤᠨ ᠤ ᠺᠠᠳ᠋ᠷ ᠤᠨ ᠠᠶᠤᠯᠬᠦᠢ ᠦᠢᠯᠡᠳᠪᠦᠷᠢᠯᠡᠯ ᠤᠨ ᠮᠡᠳᠡᠯᠭᠡ ᠶᠢᠨ ᠬᠢᠷᠢ ᠳᠦᠪᠰᠢᠨ ᠢ ᠳᠡᠭᠡᠭᠰᠢᠯᠡᠬᠦᠯᠪᠡ᠃     ᠬᠤᠶᠠᠷ ᠲᠤ᠂ ᠣᠬᠠᠭᠤᠯᠤᠨ ᠵᠢᠯᠤᠭᠤᠳᠬᠤ ᠪᠠᠨ ᠪᠠᠶᠢᠩᠭᠤᠵᠢᠭᠤᠯᠪᠠ᠃ ᠠᠮᠣᠷ ᠠᠮᠣᠭᠤᠯᠠᠩ ᠪᠠᠯᠭᠠᠰᠣᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠪᠣᠲᠠᠲᠣ ᠪᠠᠶᠢᠳᠠᠯ ᠢᠶᠠᠨ ᠦᠨᠳᠦᠰᠦᠯᠡᠵᠦ᠂ ᠣᠬᠠᠭᠤᠯᠬᠤ ᠪᠣᠯᠣᠩ᠂ ᠣᠷᠢᠶ᠎ᠠ ᠪᠢᠴᠢᠭᠡᠰᠦ᠂ ᠪᠡᠯᠡᠭ ᠰᠡᠯᠳᠡ᠂ ᠣᠬᠠᠭᠤᠯᠭ᠎ᠠ ᠶᠢᠨ ᠬᠠᠭᠤᠳᠠᠰᠣ ᠵᠡᠷᠭᠡ ᠬᠡᠯᠪᠡᠷᠢ ᠪᠠᠷ ᠴᠤᠭᠯᠠᠭ᠎ᠠ ᠮᠠᠶᠢᠮᠠᠢ ᠶᠢᠨ ᠡᠳᠦᠷ ᠣᠯᠠᠨ ᠲᠦᠮᠡᠨ ᠳᠤ ᠡᠯ᠎ᠡ ᠲᠦᠷᠦᠯ ᠤᠨ ᠠᠮᠤᠷ ᠳᠦᠪᠰᠢᠨ ᠤ ᠮᠡᠳᠡᠯᠭᠡ ᠣᠬᠠᠭᠤᠯᠪᠠ᠃ ᠡᠬᠦᠨ ᠠᠴᠠ ᠭᠠᠳᠠᠨ᠎ᠠ ᠠᠶᠤᠯᠬᠦᠢ ᠦᠢᠯᠡᠳᠪᠦᠷᠢᠯᠡᠯ ᠤᠨ ᠰᠠᠷ᠎ᠠ ᠲᠠᠢ ᠣᠶᠠᠯᠳᠣᠭᠤᠯᠵᠣ ᠠᠮᠣᠷ ᠳᠦᠪᠰᠢᠨ ᠤ ︽ᠲᠠᠪᠤ ᠶᠢ ᠬᠦᠨᠵᠡᠭᠡᠶᠢᠷᠡᠬᠦᠯᠬᠦ︾ ᠠᠵᠢᠯᠯᠠᠭ᠎ᠠ ᠦᠷᠨᠢᠭᠦᠯᠦᠨ᠂ ᠠᠵᠤ ᠠᠬᠤᠶᠢᠯᠠᠯ᠂ ᠨᠡᠶᠢᠬᠡᠮ ᠲᠤᠭᠤᠷᠢᠭ᠂ ᠰᠣᠷᠭᠠᠭᠤᠯᠢ᠂ ᠬᠦᠳᠡᠭᠡ ᠲᠤᠰᠬᠤᠨ᠂ ᠭᠡᠷ ᠪᠦᠯᠢ ᠲᠠᠪᠤᠨ ᠲᠠᠯ᠎ᠠ ᠳᠤ ᠬᠦᠨᠵᠡᠭᠡᠶᠢᠷᠡᠵᠦ᠂ ᠲᠤᠤᠷ ᠰᠦᠯᠵᠢᠶ᠎ᠠ ᠪᠠ ᠪᠤᠲᠠᠲᠤ ᠠᠵᠢᠯᠯᠠᠭ᠎ᠠ ᠪᠠᠷ ᠳᠠᠶᠢᠴᠢᠯᠠᠬᠤ ᠶᠢ ᠣᠶᠠᠯᠳᠣᠭᠤᠯᠣᠨ ᠠᠮᠤᠷ ᠳᠦᠪᠰᠢᠨ ᠤ ᠦᠷᠲᠡᠭ᠂ ᠦᠵᠡᠯᠲᠡ᠂ ᠲᠠᠨᠢᠯᠲᠠ᠂ ᠮᠡᠳᠡᠯᠭᠡ ᠪᠠ ᠮᠡᠷᠭᠡᠵᠢᠯ ᠵᠡᠷᠭᠡ ᠲᠠᠯ᠎ᠠ  ᠪᠠᠷ ︽ᠲᠠᠪᠤ ᠶᠢ ᠬᠦᠨᠵᠡᠬᠡᠶᠢᠷᠡᠬᠦᠯᠬᠦ︾ ᠣᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃     ᠭᠤᠷᠪᠠ ᠳᠤ᠂ ᠪᠦᠬᠦ ᠲᠠᠯ᠎ᠠ ᠶᠢᠨ ᠪᠠᠶᠢᠴᠠᠭᠠᠯᠲᠠ ᠪᠠᠨ ᠪᠠᠶᠢᠩᠭᠤᠵᠢᠭᠤᠯᠪᠠ᠃ ᠪᠠᠯᠭᠠᠰᠣᠨ ᠤ ᠭᠤᠤᠯ ᠣᠳᠣᠷᠢᠳᠣᠯᠭ᠎ᠠ ᠲᠤᠯᠤᠭᠠᠶᠢᠯᠠᠨ ᠰᠠᠷ᠎ᠠ ᠪᠣᠯᠭᠠᠨ ᠲᠤᠭᠲᠠᠮᠠᠯ ᠬᠤᠭᠤᠴᠠᠭ᠎ᠠ ᠲᠠᠢ ᠪᠠᠷ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠴᠠᠭᠠᠯᠲᠠ ᠶᠠᠪᠤᠭᠳᠠᠭᠤᠯᠵᠤ᠂ ᠪᠠᠷᠢᠯᠭ᠎ᠠ ᠶᠢᠨ ᠭᠠᠵᠠᠷ᠂ ᠲᠤᠰᠤ ᠨᠡᠮᠡᠬᠦ ᠦᠷᠲᠡᠭᠡ᠂ ᠵᠢᠵᠢᠭ ᠦᠢᠯᠡᠳᠬᠡᠯ ᠵᠡᠷᠭᠡ ᠭᠤᠤᠯᠳᠠᠯᠭᠠᠲᠤ ᠬᠦᠷᠢᠶ᠎ᠡ ᠴᠠᠷᠠᠭᠠᠨ ᠳᠤ ᠪᠠᠶᠢᠴᠠᠭᠠᠯᠲᠠ ᠬᠢᠨ᠂ ᠢᠯᠡᠷᠡᠭᠦᠯᠦᠭᠰᠡᠨ ᠠᠰᠠᠭᠤᠳᠠᠯ ᠤᠨ ᠳᠠᠩᠰᠠ ᠪᠠᠶᠢᠭᠤᠯᠵᠤ᠂ ᠴᠠᠭ ᠲᠤᠬᠠᠢ ᠳᠤᠨᠢ ᠬᠠᠷᠢᠭᠤ ᠲᠤᠰᠬᠠᠨ᠂ ᠬᠤᠭᠤᠴᠠᠭ᠎ᠠ ᠬᠢᠵᠠᠭᠠᠷᠯᠠᠨ ᠴᠡᠭᠴᠡᠯᠡᠵᠦ᠂ ᠳᠠᠯᠳᠠ ᠬᠡᠮ ᠢ ᠲᠠᠷᠤᠢ ᠳᠤ ᠨᠢ ᠠᠷᠢᠯᠭᠠᠪᠠ᠃ ᠪᠦᠬᠦ ᠪᠠᠯᠭᠠᠰᠣᠨ ᠤ 32 ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠬᠠᠷᠢᠭᠤᠴᠠᠯᠭᠠᠲᠠᠨ ᠠᠶᠤᠯᠬᠦᠢ ᠦᠢᠯᠡᠳᠪᠦᠷᠢᠯᠡᠯ ᠤᠨ ᠠᠵᠢᠯᠲᠠᠨ ︵ᠬᠠᠪᠰᠣᠷᠣᠨ ᠬᠠᠮᠢᠶᠠᠷᠤᠭᠴᠢ︶ ᠰᠠᠷ᠎ᠠ ᠪᠤᠯᠭᠠᠨ ᠬᠤᠶᠠᠷ ᠣᠳᠠᠭ᠎ᠠ ᠢᠳᠡᠭᠡᠨ ᠣᠮᠳᠠᠭᠠᠨ ᠡᠮ ᠤᠨ ᠵᠦᠢᠯ᠂ ᠦᠢᠯᠡᠳᠪᠦᠷᠢᠯᠡᠯ ᠤᠨ ᠠᠮᠣᠷ ᠳᠦᠪᠰᠢᠨ ᠳᠤ ᠪᠠᠶᠢᠴᠠᠭᠠᠯᠲᠠ ᠬᠢᠵᠦ᠂ ᠪᠠᠶᠢᠴᠠᠭᠠᠵᠤ ᠢᠯᠡᠷᠡᠬᠦᠯᠦᠭᠰᠡᠨ ᠠᠮᠣᠷ ᠳᠦᠪᠰᠢᠨ ᠤ ᠳᠠᠯᠲᠠ ᠭᠡᠮ ᠢ ᠳᠠᠩᠰᠠᠯᠠᠨ᠂ ᠬᠤᠭᠤᠴᠠᠭ᠎ᠠ ᠬᠢᠵᠠᠭᠠᠷᠯᠠᠨ ᠴᠡᠭᠴᠡᠯᠡᠵᠦ᠂ ᠠᠳᠡᠯ ᠤᠨ ᠳᠠᠯᠳᠠ ᠬᠡᠮ ᠢ ᠦᠨᠡᠨ ᠬᠦ ᠠᠷᠢᠯᠭᠠᠪᠠ᠃     ᠳᠦᠷᠪᠡ ᠳᠤ᠂ ᠪᠦᠬᠦ ᠲᠠᠯ᠎ᠠ ᠶᠢᠨ ᠴᠡᠭᠴᠡᠯᠡᠯᠲᠡ ᠶᠢ ᠪᠠᠶᠢᠩᠭᠤᠵᠢᠭᠤᠯᠪᠠ᠃ ᠠᠶᠤᠯᠬᠦᠢ ᠦᠢᠯᠡᠳᠪᠦᠷᠢᠯᠡᠯ ᠤᠨ ᠵᠠᠰᠠᠯᠲᠠ ᠶᠢᠨ ᠠᠵᠢᠯ ᠢ ᠦᠷᠬᠦᠯᠵᠢᠬᠦᠶᠢᠴᠡ ᠬᠦᠨᠵᠡᠭᠡᠶᠢᠷᠡᠬᠦᠯᠵᠦ᠂ ︽ᠲᠡᠭ ᠠᠳᠡᠯ︾ ᠤᠨ ᠬᠠᠷᠠᠯᠲᠠ ᠱᠠᠭᠠᠷᠳᠠᠯᠭ᠎ᠠ  ᠶᠢᠨ ᠲᠤᠭᠤᠷᠢᠨ ᠳᠤ᠂ ᠲᠤᠰᠬᠠᠢ ᠰᠡᠳᠦᠪᠲᠦ ᠬᠤᠷᠠᠯ ᠡᠷᠬᠢᠯᠡᠨ᠂ ᠲᠤᠰᠬᠠᠢ ᠠᠵᠢᠯ ᠤᠨ ᠣᠳᠣᠷᠢᠳᠬᠤ ᠳᠣᠭᠤᠶᠢᠯᠠᠩ ᠪᠠᠶᠢᠭᠤᠯᠵᠤ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠭᠲᠠᠴᠠ ᠶᠢ ᠲᠡᠬᠦᠯᠳᠡᠷᠵᠢᠬᠦᠯᠬᠦ ᠶᠢᠨ ᠬᠠᠮᠲᠤ ᠪᠦᠬᠦ ᠪᠠᠯᠭᠠᠰᠣᠨ ᠤ 32 ᠭᠠᠴᠠᠭ᠎ᠠ ᠲᠤᠰᠬᠤᠨ ᠨᠡᠶᠢᠬᠡᠮ ᠲᠤᠭᠤᠷᠢᠭ ᠲᠠᠢ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠤᠭᠲᠠᠭᠠᠵᠤ᠂ ︽ᠨᠠᠮ ᠵᠠᠰᠠᠭ ᠢᠵᠢᠯ ᠬᠠᠷᠢᠭᠤᠴᠠᠯᠭ᠎ᠠ᠂ ᠨᠢᠭᠡ ᠪᠠᠶᠢᠷᠢ ᠬᠤᠤᠰ ᠬᠠᠷᠢᠭᠤᠴᠠᠯᠭ᠎ᠠ︾ ᠶᠢᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠪᠠ᠃     ᠲᠠᠪᠤ ᠳᠤ᠂ ᠬᠠᠷᠢᠭᠤᠴᠠᠯᠭ᠎ᠠ ᠨᠡᠬᠡᠮᠵᠢᠯᠡᠬᠦ ᠶᠢ ᠪᠠᠶᠢᠩᠭᠤᠵᠢᠭᠤᠯᠪᠠ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠨᠡᠬᠡᠮᠵᠢᠯᠡᠬᠦ ᠲᠤᠭᠲᠠᠴᠠ ᠶᠢ ᠪᠠᠶᠢᠭᠤᠯᠵᠤ᠂ ᠠᠶᠤᠯᠬᠦᠢ ᠦᠢᠯᠡᠳᠪᠦᠷᠢᠯᠡᠯ ᠤᠨ ᠨᠢᠭᠡ ᠫᠢᠶᠣᠣ ᠪᠠᠷ ᠦᠬᠡᠶᠢᠰᠬᠡᠬᠦ ᠳᠦᠷᠢᠮ ᠢ ᠬᠡᠷᠡᠭᠵᠢᠬᠦᠯᠪᠠ᠃ ᠡᠯ᠎ᠡ ᠭᠠᠴᠠᠭ᠎ᠠ ᠲᠤᠰᠬᠤᠨ ᠨᠡᠶᠢᠬᠡᠮ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ ᠭᠠᠴᠠᠭ᠎ᠠ ᠲᠤᠰᠬᠤᠨ ᠤ ᠵᠢᠯ ᠤᠨ ᠬᠢᠨᠠᠨ ᠰᠢᠯᠭᠠᠯᠲᠠ ᠲᠠᠢ ᠬᠤᠯᠪᠤᠭᠳᠠᠭᠤᠯᠪᠠ᠃ ᠠᠶᠤᠯᠬᠦᠢ ᠦᠢᠯᠡᠳᠪᠦᠷᠢᠯᠡᠯ ᠤᠨ ᠠᠵᠢᠯ ᠢ ᠴᠢᠬᠤᠯᠠᠴᠢᠯᠠᠬᠤ ᠦᠭᠡᠢ᠂ ᠬᠠᠷᠢᠭᠤᠴᠯᠠᠭ᠎ᠠ ᠶᠢᠨ ᠬᠤᠪᠢᠶᠠᠷᠢᠯᠠᠯ ᠲᠤᠲᠤᠷᠬᠠᠢ ᠪᠤᠰᠤ᠂ ᠠᠵᠢᠯ ᠤᠨ ᠨᠠᠶᠢᠲᠠᠪᠤᠷᠢᠵᠢᠭᠤᠯᠤᠯᠲᠠ ᠬᠦᠢᠴᠡᠳ ᠪᠤᠰᠤ ᠭᠠᠴᠠᠭ᠎ᠠ ᠲᠤᠰᠬᠤᠨ ᠨᠠᠶᠢᠬᠡᠮ ᠲᠤᠭᠤᠷᠢᠭ ᠬᠦᠨᠳᠦ ᠨᠣᠴᠢᠲᠠᠢ ᠨᠦᠯᠦᠭᠡ  ᠭᠠᠷᠭᠠᠭᠰᠠᠨ ᠪᠠᠶᠢᠪᠠᠯ ᠭᠠᠴᠠᠭ᠎ᠠ ᠲᠤᠰᠬᠤᠨ ᠤ ᠨᠠᠮ ᠤᠨ ᠡᠭᠦᠷ ᠤᠨ ᠱᠦᠵᠢ᠂ ᠠᠷᠠᠳ ᠤᠨ ᠵᠦᠪᠯᠡᠯ ᠤᠨ ᠡᠷᠬᠢᠯᠡᠭᠴᠢ ᠵᠡᠷᠭᠡ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠨ᠂ ᠪᠦᠬᠦ ᠪᠠᠯᠭᠠᠰᠣᠨ ᠤ ᠠᠶᠤᠯᠬᠦᠢ ᠦᠢᠯᠡᠳᠪᠦᠷᠢᠯᠡᠯ ᠤᠨ ᠠᠵᠢᠯ ᠤᠨ ᠲᠤᠭᠲᠠᠭᠤᠨ ᠪᠠᠶᠢᠳᠠᠯ ᠢ ᠪᠠᠲᠤᠯᠠᠵᠤ ᠂ ᠪᠦᠬᠦ ᠪᠠᠯᠭᠠᠰᠣᠨ ᠤ ᠮᠠᠯᠴᠢᠨ ᠲᠠᠷᠢᠶᠠᠴᠢᠨ ᠳᠤ ᠠᠮᠣᠷ ᠳᠦᠪᠰᠢᠨ᠂ ᠡᠶ᠎ᠡ ᠵᠣᠬᠢᠴᠠᠯ ᠲᠠᠢ ᠠᠮᠢᠳᠣᠷᠠᠯ ᠤᠨ ᠣᠷᠴᠢᠨ   ᠳᠤ ᠰᠠᠭᠤᠷᠢ ᠲᠠᠯᠪᠢᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号