ᠪᠤᠷᠤᠪᠠᠯᠭᠠᠰᠤ ᠪᠠᠯᠭᠠᠰᠤ ᠡᠯᠪᠡᠭ ᠬᠤᠷᠢᠶᠠᠯᠳᠠ ᠶᠢᠨ ᠪᠠᠶᠠᠷ ᠢᠶᠠᠨ ᠪᠡᠯᠬᠡᠯᠡᠪᠡ
ᠨᠡᠶᠢᠲᠡᠯᠡᠭᠰᠡᠨ ᠴᠠᠭ᠄
2021/9/27
    ᠳᠤᠮᠳᠠᠳᠤ ᠤᠯᠤᠰ ᠤᠨ ᠳᠠᠷᠢᠶᠠᠴᠢᠤᠨ ᠤᠨ ᠡᠯᠪᠡᠭ ᠬᠤᠷᠢᠶᠠᠯᠳᠠ ᠶᠢᠨ ᠪᠠᠶᠠᠷ ᠢ ᠳᠤᠬᠢᠶᠠᠯᠳᠤᠭᠤᠯᠤᠨ ᠤᠳᠤᠭ  ᠤᠨ ᠡᠮᠤᠨᠡᠳᠤ ᠬᠤᠰᠢᠭᠤᠨ ᠤ ᠪᠤᠷᠤᠪᠠᠯᠭᠠᠰᠤ ᠪᠠᠯᠭᠠᠰᠤ ︽ᠡᠯᠪᠡᠭ ᠬᠤᠷᠢᠶᠠᠯᠳᠠ ᠪᠠᠨ ᠪᠡᠯᠬᠡᠳᠡᠵᠤ ᠠᠴᠢᠳᠤ ᠨᠠᠮ ᠳᠤ  ᠪᠠᠨ ᠳᠠᠯᠠᠷᠬᠠᠨ ᠬᠦᠭᠵᠢᠯ ᠪᠠᠳᠠᠷᠠᠯ ᠢᠶᠠᠨ ᠠᠬᠢᠭᠤᠯᠬᠤ︾ 2021 ᠤᠨ ᠤ ᠡᠯᠪᠡᠭ ᠬᠤᠷᠢᠶᠠᠯᠳᠠ ᠶᠢᠨ ᠪᠠᠶᠠᠷ ᠢᠶᠠᠨ ᠪᠡᠯᠬᠡᠯᠡᠯ᠎ᠡ᠃ ᠨᠠᠶᠢᠷ ᠤᠨ ᠳᠠᠯᠠᠪᠠᠢ ᠳᠤ᠂ ᠤᠯᠠᠭᠠᠨ ᠯᠠᠵᠤᠤ᠂ ᠨᠤᠭᠤᠭᠠᠨ ᠳᠠᠷᠪᠤᠰ᠂ ᠰᠢᠷ᠎ᠠ ᠲᠦᠮᠤᠰᠤ᠂ ᠴᠠᠭᠠᠨ ᠢᠳᠡᠭᠡ ᠦᠩᠬᠡ ᠢᠯᠭᠠᠷᠠᠨ ᠦᠵᠡᠭᠰᠡᠨ ᠬᠦᠮᠤᠰ ᠤᠨ ᠬᠠᠷᠠᠭ᠎ᠠ ᠶᠢ ᠪᠠᠶᠠᠰᠬᠠᠵᠤ᠂ ᠳᠠᠷᠢᠶ᠎ᠠ ᠪᠤᠳᠠᠭ᠎ᠠ ᠡᠯᠪᠡᠭ ᠬᠤᠷᠢᠶᠠᠯᠳᠠ ᠤᠯᠤᠭᠰᠡᠨ ᠢ ᠬᠡᠷᠡᠴᠢᠯᠡᠵᠤ ᠪᠠᠶᠢᠯ᠎ᠠ᠃ ᠨᠠᠶᠢᠷ ᠳᠡᠬᠡᠷ᠎ᠡ ᠳᠤᠰᠬᠠᠢ ᠠᠵᠢᠯᠳᠠᠨ ᠨᠠᠷ ᠳᠠᠷᠪᠤᠰ᠂ ᠲᠦᠮᠤᠰᠤ᠂ ᠴᠢᠪᠠᠭ᠎ᠠ᠂ ᠳᠤᠭᠤᠷ ᠵᠡᠷᠬᠡ ᠠᠷᠪᠠ ᠭᠠᠷᠤᠢ ᠲᠦᠷᠤᠯ ᠤᠨ ᠤᠨᠴᠯᠢᠭᠳᠤ ᠳᠠᠷᠢᠮᠠᠯ ᠢ ᠬᠦᠨᠳᠤ ᠶᠢᠨ ᠵᠢᠩ᠂ ᠦᠩᠬᠡ ᠲᠦᠷᠰᠤ᠂ ᠪᠤᠯᠪᠠᠰᠤᠷᠠᠭᠰᠡᠨ ᠬᠡᠮᠵᠢᠶ᠎ᠡ᠂ ᠶᠡᠭᠡ ᠪᠠᠭ᠎ᠠ ᠵᠡᠷᠬᠡ ᠤᠯᠠᠨ ᠳᠠᠯ᠎ᠠ ᠪᠠᠷ ᠰᠢᠯᠭᠠᠨ ᠬᠡᠮᠵᠢᠵᠤ ᠡᠨᠡ ᠵᠢᠯ ᠤᠨ ᠬᠠᠮᠤᠭ ᠤᠨ ᠳᠤᠮᠤ ᠳᠠᠷᠪᠤᠰ᠂ ᠲᠦᠮᠤᠰᠤᠨ ᠸᠠᠩ᠂ ᠪᠦᠳᠤᠬᠦᠨ ᠯᠠᠩᠭᠤᠸᠠ᠂ ᠭᠠᠰᠢᠭᠤᠨ ᠯᠠᠵᠤᠤ᠂ ᠳᠤᠮᠤ ᠴᠢᠨᠵᠤᠤ ᠵᠡᠷᠬᠡ ᠶᠢ ᠰᠢᠯᠭᠠᠷᠠᠭᠤᠯᠤᠨ ᠭᠠᠷᠭᠠᠵᠤ ᠱᠠᠩᠨᠠᠭᠰᠡᠨ ᠪᠦᠬᠡᠤᠨ ᠳᠠᠷᠢᠭᠰᠡᠨ ᠡᠵᠡᠨ ᠨᠢ ᠳᠤᠬᠠᠢ ᠶᠢᠨ ᠳᠠᠯᠠᠪᠠᠢ ᠳᠤ ᠳᠠᠷᠢᠵᠤ ᠠᠷᠠᠴᠢᠯᠠᠭᠰᠡᠨ ᠳᠤᠷᠰᠢᠯᠭ᠎ᠠ ᠪᠠᠨ ᠬᠤᠪᠢᠶᠠᠯᠴᠠᠭᠰᠡᠨ ᠪᠠᠶᠢᠨ᠎ᠠ᠃ ᠵᠠᠷᠢᠮ ᠮᠠᠯᠴᠢᠤᠨ ᠪᠠᠰᠠ ᠰᠦ ᠰᠠᠭᠠᠯᠢ  ᠶᠢᠨ ᠪᠦᠳᠤᠬᠡᠭᠳᠡᠬᠦᠨ ᠢᠶᠠᠨ ᠠᠪᠴᠢᠷᠠᠨ ᠳᠡᠯᠬᠡᠨ ᠦᠵᠡᠬᠦᠯᠵᠤ᠂ ᠴᠤᠯ ᠪᠠᠶᠢᠭᠠᠯᠢᠯᠢᠭ ᠮᠠᠯ ᠳᠠᠷᠢᠶᠠᠯᠠᠩ ᠤᠨ ᠠᠰᠢᠭ ᠰᠢᠮ᠎ᠠ ᠶᠢᠨ ᠪᠦᠳᠤᠬᠡᠭᠳᠡᠬᠦᠨ ᠢᠶᠠᠨ ᠬᠦᠮᠤᠰ ᠲᠤ ᠳᠠᠨᠢᠯᠴᠠᠭᠤᠯᠬᠤ ᠶᠢᠨ ᠬᠠᠮᠳᠤ ᠪᠤᠷᠤᠯᠠᠭᠤᠯᠵᠤ ᠪᠠᠶᠢᠪᠠ᠃ ᠡᠯᠪᠡᠭ ᠬᠤᠷᠢᠶᠠᠯᠳᠠ ᠶᠢᠨ ᠨᠠᠶᠢᠷ ᠲᠤ ᠪᠠᠰᠠ ᠮᠠᠯᠴᠢᠨ ᠳᠠᠷᠢᠶᠠᠴᠢᠤᠨ ᠤᠨ ᠳᠤᠷ᠎ᠠ ᠰᠤᠨᠢᠷᠬᠠᠯᠳᠤ ᠤᠷᠤᠯᠳᠤᠭᠠᠨ ᠴᠡᠩᠬᠡᠬᠡᠨ ᠢ ᠵᠤᠬᠢᠶᠠᠨ ᠪᠠᠶᠢᠭᠤᠯᠵᠤ᠂ ᠳᠡᠬᠡᠰᠤ ᠳᠠᠳᠠᠬᠤ᠂ ᠳᠠᠷᠪᠤᠰ ᠢᠳᠡᠬᠦ᠂ ᠭᠤᠸᠠ ᠳᠠᠮᠵᠢᠭᠤᠯᠬᠤ᠂ ᠰᠠᠭᠠᠤᠨ ᠳᠠᠪᠠᠭ᠋ᠤ ᠵᠡᠷᠬᠡ ᠤᠷᠤᠯᠳᠤᠭᠠᠨ ᠳᠤ ᠬᠦᠮᠤᠰ ᠢᠳᠡᠪᠬᠢᠯᠡᠨ ᠤᠷᠤᠯᠴᠠᠵᠤ᠂ ᠡᠯᠪᠡᠭ ᠬᠤᠷᠢᠶᠠᠯᠳᠠ ᠶᠢᠨ ᠪᠠᠶᠠᠷ ᠵᠢᠷᠭᠠᠯ᠂ ᠨᠠᠭᠠᠳᠤᠮ  ᠴᠡᠩᠬᠡᠬᠡᠨ ᠤ ᠬᠦᠷ ᠬᠦᠭᠵᠢᠶᠡᠨ ᠢᠶᠠᠨ ᠬᠠᠮᠳᠤ ᠪᠠᠷ ᠬᠤᠪᠢᠶᠠᠯᠴᠠᠯ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号