ᠨᠠᠩᠰᠣ ᠪᠠᠯᠭᠠᠰᠣᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠠᠩᠬ᠎ᠠ ᠪᠠᠶᠢᠭᠤᠯᠤᠭᠳᠠᠵᠤ᠂ ︽ᠴᠢᠳᠠᠪᠤᠷᠢᠲᠠᠨ ᠤ ᠬᠦᠳᠡᠯᠭᠡᠭᠦᠷ︾ ᠢ ᠪᠦᠬᠦ ᠲᠠᠯ᠎ᠠ ᠪᠠᠷ ᠢᠳᠡᠪᠬᠢᠵᠢᠬᠦᠯᠦᠨ᠂ ᠬᠦᠳᠡᠭᠡ ᠲᠤᠰᠬᠤᠨ ᠤ ᠬᠦᠴᠦᠷᠬᠡᠭᠵᠢᠯ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2021/9/28
    ᠣᠶᠢᠷ᠎ᠠ ᠶᠢᠨ ᠡᠳᠦᠷ᠂ ᠨᠠᠩᠰᠣ ᠪᠠᠯᠭᠠᠰᠣᠨ ᠤ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠶᠢᠨ ᠡᠷᠦᠬᠡ ᠰᠡᠬᠦᠬᠦ ᠶᠤᠰᠤᠯᠠᠯ ᠮᠢᠩᠭᠠᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠤᠨ ᠰᠠᠭᠤᠷᠢᠨ ᠭᠠᠵᠠᠷ ᠲᠤ ᠶᠠᠪᠤᠭᠳᠠᠪᠠ᠃ ᠠᠯᠠᠭ᠎ᠠ ᠲᠠᠰᠢᠯᠲᠠ ᠶᠢᠨ ᠳᠣᠮᠳᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠵᠢᠶᠠ ᠭᠤᠸᠠᠨ ᠨᠠᠩᠰᠤ ᠪᠠᠯᠭᠠᠰᠣᠨ ᠤ ᠨᠠᠮ ᠤᠨ ᠬᠤᠷᠢᠶᠠᠨ ᠤ ᠱᠦᠵᠢ ᠷᠠᠰᠢ ᠲᠠᠢ ᠬᠠᠮᠲᠤ ︽ᠨᠠᠩᠰᠣ ᠪᠠᠯᠭᠠᠰᠣᠨ ᠤ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠶᠢᠨ ᠡᠷᠦᠬᠡ ᠰᠡᠬᠦᠵᠦ᠂ ᠮᠠᠨ ᠤ ᠪᠠᠯᠭᠠᠰᠣᠨ ᠤ ᠠᠩᠬᠠᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠴᠢᠳᠠᠪᠤᠷᠢᠲᠠᠨ  ᠤ ᠠᠵᠢᠯᠯᠠᠬᠤ ᠦᠷᠲᠡᠭᠡ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠮᠲᠤ ᠪᠠᠷ ᠬᠡᠷᠡᠴᠢᠯᠡᠪᠡ᠃     ᠨᠠᠩᠰᠣ ᠪᠠᠯᠭᠠᠰᠣᠨ ᠤ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢᠲᠠᠨ ᠤ ᠠᠵᠢᠯᠯᠠᠬᠤ ᠦᠷᠲᠡᠭᠡ ᠶᠢ ᠮᠢᠩᠭᠠᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠪᠣᠯᠬᠤ ᠣᠲᠤᠭ  ᠤᠨ ᠡᠮᠦᠨᠡᠲᠦ ᠬᠤᠰᠢᠭᠤᠨ ᠤ ᠮᠠᠯ ᠤᠨ ᠡᠮᠨᠡᠯᠭᠡ ᠶᠢᠨ ᠬᠤᠷᠢᠶ᠎ᠠ ᠵᠢᠴᠢ ᠮᠠᠯ ᠡᠮᠨᠡᠯᠭᠡ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠲᠦᠪ ᠲᠤ ᠪᠠᠶᠢᠭᠤᠯᠪᠠ᠃ ᠡᠨᠡᠬᠦ ᠠᠵᠢᠯᠯᠠᠬᠤ ᠦᠷᠲᠡᠭᠡ ᠴᠢᠳᠠᠪᠤᠷᠢᠲᠠᠨ ᠤ ᠠᠵᠢᠯ ᠪᠠ ᠮᠠᠯ ᠠᠵᠤ ᠠᠬᠤᠢ ᠶᠢᠨ ᠮᠡᠷᠭᠡᠵᠢᠯ ᠤᠨ ᠪᠤᠲᠠᠲᠤ ᠠᠵᠢᠯᠯᠠᠭ᠎ᠠ ᠶᠢ ᠨᠢᠭᠲᠠ ᠣᠶᠠᠯᠳᠣᠭᠤᠯᠵᠣ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠤ ᠰᠢᠨ᠎ᠡ ᠶᠢ ᠡᠬᠦᠳᠴᠦ ᠦᠢᠯᠡᠰ ᠪᠦᠲᠦᠬᠡᠬᠦ᠂ ᠴᠢᠳᠠᠪᠤᠷᠢᠲᠠᠨ ᠢ ᠬᠦᠮᠦᠵᠢᠬᠦᠯᠬᠦ ᠳᠤ ︽ᠳᠠᠳᠣᠯᠭ᠎ᠠ ᠪᠣᠯᠪᠠᠰᠣᠷᠠᠯ ᠤᠨ ᠰᠠᠭᠤᠷᠢᠨ ᠭᠠᠵᠠᠷ︾ ᠬᠠᠩᠭᠠᠨ᠂ ᠲᠤᠰ ᠭᠠᠵᠠᠷ ᠤᠨ ᠴᠢᠳᠠᠪᠤᠷᠢᠲᠠᠨ ᠤ ᠪᠣᠶᠢᠵᠢᠭᠤᠯᠣᠯᠲᠠ ᠶᠢᠨ ᠡᠬᠢ ᠦᠨᠳᠦᠰᠦ ᠶᠢ ᠦᠷᠬᠦᠯᠵᠢᠯᠡᠨ ᠴᠢᠩᠭᠠᠳᠬᠠᠭᠰᠠᠨ ᠪᠠᠶᠢᠨ᠎ᠠ᠃     ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠤᠨ ᠵᠠᠩᠭᠢᠯᠠᠭ᠎ᠠ ᠨᠢ ᠬᠦᠮᠦᠨ ᠳᠡᠭᠡᠷ᠎ᠡ ᠪᠠᠶᠢᠬᠤ ᠪᠤᠯᠬᠤᠷ ᠨᠠᠩᠰᠣ ᠪᠠᠯᠭᠠᠰᠣᠨ ᠤ ᠨᠠᠮ ᠤᠨ ᠬᠤᠷᠢᠶ᠎ᠠ ᠠᠴᠠ ᠡᠯ᠎ᠡ ᠱᠠᠲᠤᠨ ᠤ ᠨᠠᠮ ᠤᠨ ᠬᠤᠷᠢᠶᠠᠨ ᠤ ᠴᠢᠳᠠᠪᠤᠷᠢᠲᠠᠨ ᠢ ᠬᠦᠮᠦᠵᠢᠬᠦᠯᠬᠦ ᠠᠵᠢᠯ ᠤᠨ ᠲᠤᠬᠠᠢ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠨᠠᠮ ᠠᠴᠠ ᠴᠢᠳᠠᠪᠤᠷᠢᠲᠠᠨ ᠢ ᠬᠠᠮᠢᠶᠠᠷᠬᠤ︾ ᠪᠠᠷ ᠴᠦᠮ᠎ᠡ ᠪᠤᠯᠭᠠᠭᠰᠠᠨ ︽ᠵᠠᠯᠭᠠᠮᠵᠢᠯᠠᠭᠴᠢ ᠰᠣᠩᠭᠤᠬᠤ︾᠂ ︽ᠳᠠᠪᠴᠠᠩ ᠪᠠᠶᠢᠭᠤᠯᠬᠤ︾᠂ ︽ᠴᠣᠯᠠ ᠣᠯᠭᠤᠬᠤ︾ ᠣᠯᠠᠨ ᠠᠷᠭ᠎ᠠ ᠶᠢ ᠴᠤᠭᠴᠠᠵᠢᠭᠤᠯᠤᠭᠰᠠᠨ ︽ᠨᠢᠬᠡ ᠴᠦᠮ᠎ᠡ ᠣᠯᠠᠨ ᠠᠷᠭ᠎ᠠ · ᠣᠯᠠᠨ ᠴᠢᠳᠠᠪᠤᠷᠢᠲᠠᠨ ᠢ ᠬᠦᠮᠦᠵᠢᠬᠦᠯᠬᠦ︾ ᠴᠢᠳᠠᠪᠤᠷᠢᠲᠠᠨ ᠤ ᠠᠵᠢᠯ ᠤᠨ ᠲᠤᠭᠲᠠᠴᠠ ᠶᠢ ᠪᠠᠶᠢᠭᠤᠯᠪᠠ᠃ ᠴᠢᠳᠠᠪᠤᠷᠢᠲᠠᠨ ᠤ ᠬᠦᠮᠦᠵᠢᠬᠦᠯᠦᠯᠲᠡ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠦᠲᠦᠮᠵᠢ ᠶᠢ ᠪᠠᠬᠢᠵᠢᠬᠦᠯᠬᠦ ᠪᠠ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠲᠠᠢ ᠪᠦᠲᠦᠮᠵᠢᠲᠡᠢ ᠠᠪᠴᠠᠯᠳᠣᠭᠤᠯᠬᠤ ᠴᠢᠬᠤᠯᠠ ᠭᠠᠷᠳᠠᠴᠠ ᠪᠠ ᠡᠷᠴᠢᠲᠦ ᠬᠦᠳᠡᠯᠭᠡᠭᠦᠷ ᠪᠣᠯᠭᠠᠵᠣ᠂ ᠣᠷᠣᠨ ᠨᠣᠲᠤᠭ ᠤᠨ ᠴᠢᠳᠠᠪᠤᠷᠢᠲᠠᠨ ᠤ ᠡᠬᠢ ᠰᠣᠷᠪᠣᠯᠵᠢ ᠶᠢ ᠣᠯᠠᠨ ᠠᠷᠭ᠎ᠠ ᠠᠪᠴᠠᠯ ᠢᠶᠠᠷ ᠠᠮᠢᠳᠣᠯᠢᠭᠵᠢᠭᠤᠯᠤᠨ᠂ ᠣᠷᠣᠨ ᠨᠣᠲᠤᠭ ᠤᠨ ᠴᠢᠳᠠᠪᠤᠷᠢᠲᠠᠨ ᠢ ᠪᠦᠬᠦ ᠲᠠᠯ᠎ᠠ ᠪᠠᠷ ᠣᠷᠮᠠᠰᠢᠭᠤᠯᠪᠠ᠃     ︽ᠵᠠᠯᠭᠠᠮᠵᠢᠯᠠᠭᠴᠢ ᠰᠣᠩᠭᠤᠬᠤ︾᠃ ᠴᠢᠳᠠᠪᠤᠷᠢᠲᠠᠨ ᠢ ᠠᠭᠤᠲᠠᠯᠠᠵᠤ᠂ ᠴᠢᠳᠠᠪᠤᠷᠢᠲᠠᠨ ᠤ ᠣᠶᠣᠨ ᠤ ᠬᠦᠮᠦᠷᠭᠡ ᠶᠢ ᠪᠠᠶᠢᠭᠤᠯᠤᠨ᠂ ︽ᠨᠠᠮ ᠤᠨ ᠬᠤᠷᠢᠶ᠎ᠠ + ᠨᠠᠮ ᠤᠨ ᠡᠬᠦᠷ + ᠡᠷᠦᠬᠡ ᠳᠠᠭᠠᠭᠠᠴᠢᠯᠠᠬᠤ ᠺᠠᠳ᠋ᠷ + ᠨᠠᠮ  ᠤᠨ ᠬᠡᠰᠢᠬᠦᠨ︾ ᠴᠢᠳᠠᠪᠤᠷᠢᠲᠠᠨ ᠢ ᠲᠤᠲᠤᠷᠬᠠᠶᠢᠯᠠᠨ ᠪᠠᠶᠢᠴᠠᠭᠠᠬᠤ ᠳᠦᠷᠪᠡᠨ ᠲᠡᠰ ᠤᠨ ᠲᠤᠤᠷᠵᠢᠯ ᠲᠤᠭᠲᠠᠴᠠ ᠶᠢ ᠪᠠᠶᠢᠭᠤᠯᠵᠤ᠂ ᠣᠷᠣᠨ ᠨᠣᠲᠤᠭ ᠤᠨ ᠡᠯ᠎ᠡ ᠲᠦᠷᠦᠯ ᠤᠨ ᠴᠢᠳᠠᠪᠤᠷᠢᠲᠠᠨ ᠢ ᠪᠣᠳᠣᠯᠭᠠᠴᠢ ᠴᠢᠨᠠᠷᠲᠠᠢ ᠪᠠᠷ ᠪᠠᠶᠢᠴᠠᠭᠠᠨ᠂ ᠴᠢᠳᠠᠪᠤᠷᠢᠲᠠᠨ ᠤ ᠣᠨᠴᠠᠯᠢᠭ ᠲᠤ ᠴᠢᠭᠯᠡᠬᠦᠯᠵᠦ᠂ ᠲᠦᠷᠦᠯ ᠬᠤᠪᠢᠶᠠᠵᠤ ᠳᠠᠩᠰᠠᠯᠠᠨ᠂ ᠴᠢᠳᠠᠪᠤᠷᠢᠲᠠᠨ ᠤ ᠳ᠋ᠠᠶᠢᠲ᠋ᠠ ᠬᠦᠮᠦᠷᠭᠡ ᠶᠢ ᠪᠠᠶᠢᠭᠤᠯᠪᠠ᠃     ︽ᠳᠠᠪᠴᠠᠩ ᠪᠠᠶᠢᠭᠤᠯᠬᠤ︾᠃ ᠨᠠᠮ ᠤᠨ ᠪᠠᠶᠢᠭᠤᠯᠤᠯᠲᠠ ᠪᠠᠷ ᠳᠠᠶᠢᠴᠢᠯᠠᠵᠤ᠂ ᠴᠢᠳᠠᠪᠤᠷᠢᠲᠠᠨ ᠤ ᠠᠴᠢᠶᠠᠯᠠᠪᠤᠷᠢ ᠶᠢᠨ ᠳᠠᠪᠴᠠᠩ ᠤᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠨᠠᠩᠰᠣ ᠪᠠᠯᠭᠠᠰᠣᠨ ᠤ ᠮᠠᠯ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠴᠢᠳᠠᠪᠤᠷᠢᠲᠠᠨ ᠤ ᠠᠵᠢᠯᠯᠠᠬᠤ ᠦᠷᠲᠡᠭᠡ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠦᠢᠯᠡᠰ ᠪᠦᠲᠦᠬᠡᠬᠦ ᠰᠠᠭᠤᠷᠢᠨ ᠭᠠᠵᠠᠷ ᠵᠡᠷᠭᠡ ᠬᠠᠮᠢᠶ᠎ᠠ ᠪᠦᠬᠦᠢ ᠴᠡᠭ ᠢ ᠨᠦᠬᠦᠪᠦᠷᠢ ᠣᠯᠭᠤᠵᠣ ᠪᠠᠶᠢᠭᠤᠯᠤᠨ᠂ ᠢᠳᠡᠪᠬᠢᠲᠡᠢ ᠪᠠᠷ ᠴᠢᠳᠠᠪᠤᠷᠢᠲᠠᠨ ᠤ ᠬᠦᠭᠵᠢᠯᠲᠡ ᠪᠣᠶᠢᠵᠢᠯᠲᠠ ᠳᠤ ᠳᠠᠪᠴᠠᠩ ᠬᠠᠩᠭᠠᠵᠤ᠂ ︽ ᠳᠠᠪᠴᠠᠩ ᠪᠠᠶᠢᠭᠤᠯᠵᠤ᠂ ᠲᠦᠷᠦᠯ ᠵᠦᠢᠯ ᠢ ᠳᠠᠶᠢᠴᠢᠯᠠᠨ᠂ ᠠᠵᠤ ᠦᠢᠯᠡᠰ ᠢ ᠵᠢᠯᠤᠭᠤᠳᠬᠤ︾ ᠬᠠᠷᠠᠯᠲᠠ ᠶᠢ ᠪᠡᠶᠡᠯᠡᠬᠦᠯᠪᠡ᠃     ︽ᠴᠣᠯᠠ ᠣᠯᠭᠤᠬᠤ︾᠃ ᠴᠢᠳᠠᠪᠤᠷᠢᠲᠠᠨ ᠤ ᠦᠨᠡᠨᠯᠡᠨ ᠲᠤᠭᠲᠠᠭᠠᠯᠲᠠ ᠶᠢ ᠲᠦᠷᠦᠯ ᠬᠤᠪᠢᠶᠠᠨ ᠶᠠᠪᠤᠭᠳᠠᠭᠤᠯᠵᠤ᠂ ᠴᠢᠳᠠᠪᠤᠷᠢᠲᠠᠨ ᠤ ᠬᠦᠭᠵᠢᠯᠲᠡ ᠶᠢ ᠲᠦᠷᠦ ᠶᠢᠨ ᠪᠣᠳᠣᠯᠭ᠎ᠠ ᠪᠠᠷ ᠠᠬᠢᠭᠤᠯᠤᠨ᠂ ︽ᠲᠠᠯ᠎ᠠ ᠨᠣᠲᠤᠭ ᠤᠨ ᠮᠡᠷᠭᠡᠵᠢᠯᠲᠡᠨ︾᠂ ︽ᠴᠠᠬᠢᠷᠮ᠎ᠠ ᠴᠢᠳᠠᠪᠤᠷᠢᠲᠠᠨ︾ ᠤ ᠢᠨᠵᠧᠨᠧᠷᠢᠩ ᠤᠨ ᠦᠨᠡᠯᠡᠨ ᠲᠤᠭᠲᠠᠭᠠᠯᠲᠠ  ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠲᠤᠰ ᠬᠡᠪᠴᠢᠶᠠᠨ ᠤ ᠴᠢᠳᠠᠪᠤᠷᠢᠲᠠᠨ ᠳᠤ ︽ᠨᠡᠷᠡᠲᠦ ᠲᠡᠮᠲᠡᠭ︾ ᠤᠨ ᠦᠨᠡᠯᠡᠨ ᠲᠤᠭᠲᠠᠭᠠᠯᠲᠠ ᠶᠢ ᠢᠳᠡᠪᠬᠢᠲᠡᠢ ᠪᠠᠷ ᠬᠢᠨ᠂ ᠲᠦᠷᠦ ᠶᠢᠨ ᠪᠤᠳᠤᠯᠭ᠎ᠠ ᠶᠢᠨ ᠰᠢᠨᠡᠴᠢᠯᠡᠯᠲᠡ ᠴᠢᠳᠠᠪᠤᠷᠢᠲᠠᠨ ᠤ ᠬᠦᠭᠵᠢᠯᠲᠡ ᠶᠢ ᠠᠬᠢᠭᠤᠯᠪᠠ᠃     ︽ᠬᠦᠮᠦᠵᠢᠯ ᠬᠦᠷᠲᠡᠭᠡᠬᠦ︾᠃ ᠣᠯᠠᠨ ᠲᠠᠯ᠎ᠠ ᠪᠠᠷ ᠪᠣᠶᠢᠵᠢᠭᠤᠯᠵᠤ᠂ ᠴᠢᠳᠠᠪᠤᠷᠢᠲᠠᠨ ᠢ ᠲᠦᠷᠦᠯ ᠬᠤᠪᠢᠶᠠᠨ ᠨᠠᠷᠢᠯᠢᠭ ᠬᠦᠮᠦᠵᠢᠬᠦᠯᠦᠨ᠂ ᠪᠤᠲᠠᠲᠤ ᠬᠡᠷᠡᠭᠴᠡᠭᠡ ᠵᠢᠴᠢ ᠴᠢᠳᠠᠪᠤᠷᠢᠲᠠᠨ ᠤ ᠪᠤᠲᠠᠲᠤ ᠪᠠᠶᠢᠳᠠᠯ ᠢ ᠦᠨᠳᠦᠰᠦᠯᠡᠨ᠂ ᠣᠯᠠᠨ ᠬᠡᠯᠪᠡᠷᠢ ᠶᠢᠨ ᠮᠡᠷᠭᠡᠵᠢᠯ ᠤᠨ ᠪᠣᠯᠪᠠᠰᠣᠷᠠᠯ ᠬᠢᠵᠦ᠂ ᠴᠢᠳᠠᠪᠤᠷᠢᠲᠠᠨ ᠢᠶᠠᠨ ᠵᠤᠬᠢᠶᠠᠨ ᠪᠠᠶᠢᠭᠤᠯᠤᠨ ᠰᠠᠭᠤᠳᠠᠯ  ᠤᠨ ᠬᠤᠷᠠᠯ᠂ ᠮᠡᠷᠭᠡᠵᠢᠯ ᠰᠣᠷᠣᠯᠴᠠᠯᠭ᠎ᠠ ᠶᠢᠨ ᠴᠣᠭᠯᠠᠭᠠᠨ ᠦᠷᠨᠢᠬᠦᠯᠵᠦ᠂ ᠣᠷᠣᠨ ᠨᠣᠲᠤᠭ ᠤᠨ ᠴᠢᠳᠠᠪᠤᠷᠢᠲᠠᠨ ᠤ ᠮᠡᠷᠭᠡᠵᠢᠯ ᠴᠢᠳᠠᠪᠤᠷᠢ ᠶᠢ ᠲᠠᠰᠣᠷᠠᠯᠲᠠ ᠦᠭᠡᠢ ᠳᠡᠭᠡᠭᠰᠢᠯᠡᠬᠦᠯᠪᠡ᠃     ︽ᠶᠡᠬᠡᠪᠡᠷ ᠣᠬᠠᠭᠤᠯᠬᠤ︾᠃ ᠣᠬᠠᠭᠤᠯᠭ᠎ᠠ ᠶᠢᠨ ᠣᠷᠴᠢᠨ ᠠᠬᠤᠢ ᠶᠢ ᠪᠣᠢ ᠪᠣᠯᠭᠠᠵᠤ᠂ ᠴᠢᠳᠠᠪᠤᠷᠢᠲᠠᠨ ᠢ ᠴᠢᠭᠯᠡᠯᠲᠦ ᠴᠢᠨᠠᠷᠲᠠᠢ ᠪᠠᠷ ᠣᠬᠠᠭᠤᠯᠤᠨ᠂ ᠸᠢᠴᠠᠲ ᠤᠨ ᠣᠯᠠᠨ ᠨᠠᠶᠢᠲᠠ ᠶᠢᠨ ᠳᠠᠪᠴᠠᠩ᠂ ᠣᠬᠠᠭᠤᠯᠭ᠎ᠠ ᠶᠢᠨ ᠪᠣᠯᠣᠩ᠂ ᠡᠷᠦᠬᠡ ᠳᠤ ᠬᠦᠨᠵᠡᠬᠡᠶᠢᠷᠡᠬᠦ ᠵᠡᠷᠭᠡ ᠣᠬᠠᠭᠤᠯᠭ᠎ᠠ ᠶᠢᠨ ᠠᠷᠭ᠎ᠠ ᠪᠠᠷᠢᠯ ᠢᠶᠠᠷ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢᠨ ᠣᠬᠠᠭᠤᠯᠭ᠎ᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ  ᠶᠢᠨ ᠨᠠᠶᠢᠲᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃ ᠨᠠᠩᠰᠣ ᠪᠠᠯᠭᠠᠰᠣᠨ ᠤ ᠣᠷᠣᠨ ᠨᠣᠲᠤᠭ ᠤᠨ ᠴᠢᠳᠠᠪᠤᠷᠢᠲᠠᠨ ᠤ ᠳᠠᠪᠴᠠᠩ ᠢ ᠪᠠᠶᠢᠭᠤᠯᠤᠨ᠂ ᠣᠷᠣᠨ ᠨᠣᠲᠤᠭ ᠤᠨ ᠴᠢᠳᠠᠪᠤᠷᠢᠲᠠᠨ ᠤ ᠢᠷᠠᠭᠤ ᠠᠯᠳᠠᠷᠲᠤ ᠰᠠᠳᠬᠢᠯ᠂ ᠬᠠᠷᠢᠶᠠᠯᠠᠭᠳᠠᠬᠤ ᠰᠡᠳᠬᠢᠯᠭᠡ ᠶᠢ ᠦᠨᠡᠨ ᠬᠦ ᠳᠡᠭᠡᠭᠰᠢᠯᠡᠬᠦᠯᠪᠡ᠃     ᠳᠠᠷᠠᠭ᠎ᠠ ᠠᠯᠬᠤᠮ ᠳᠤ᠂ ᠨᠠᠩᠰᠣ ᠪᠠᠯᠭᠠᠰᠣ ︽ᠨᠢᠬᠡ ᠴᠦᠮ᠎ᠡ ᠣᠯᠠᠨ ᠠᠷᠭ᠎ᠠ · ᠣᠯᠠᠨ ᠴᠢᠳᠠᠪᠤᠷᠢᠲᠠᠨ ᠢ ᠬᠦᠮᠦᠵᠢᠬᠦᠯᠬᠦ︾ ᠴᠢᠳᠠᠪᠤᠷᠢᠲᠠᠨ ᠤ ᠠᠵᠢᠯ ᠤᠨ ᠲᠤᠭᠲᠠᠴᠠ ᠶᠢ ᠦᠷᠬᠦᠯᠵᠢᠬᠦᠶᠢᠴᠡ ᠠᠬᠢᠭᠤᠯᠵᠤ᠂ ᠪᠦᠬᠦ ᠪᠠᠯᠭᠠᠰᠣᠨ  ᠤ ᠴᠢᠳᠠᠪᠤᠷᠢᠲᠠᠨ ᠤ ᠡᠬᠢ ᠰᠣᠷᠪᠣᠯᠵᠢ ᠶᠢᠨ ᠶᠡᠷᠦᠩᠬᠡᠢ ᠲᠤᠭ᠎ᠠ ᠦᠷᠬᠦᠯᠵᠢᠯᠡᠨ ᠨᠡᠮᠡᠭᠳᠡᠬᠦ᠂ ᠴᠢᠳᠠᠪᠤᠷᠢᠲᠠᠨ ᠤ ᠡᠩᠨᠡᠭᠡᠨ ᠤ ᠪᠦᠲᠦᠴᠡ ᠦᠷᠬᠦᠯᠵᠢᠬᠦᠶᠢᠴᠡ ᠰᠢᠯᠢᠳᠡᠭᠵᠢᠬᠦ᠂ ᠴᠢᠳᠠᠪᠤᠷᠢᠲᠠᠨ ᠤ ᠬᠠᠮᠢᠶᠠᠷᠤᠯᠲᠠ ᠶᠢᠨ ᠲᠤᠭᠲᠠᠴᠠ ᠨᠡᠩ ᠰᠢᠨᠵᠢᠯᠡᠬᠦ ᠣᠬᠠᠭᠠᠨᠴᠢ ᠦᠨᠳᠦᠷ ᠪᠦᠲᠦᠮᠵᠢᠲᠡᠢ ᠪᠠᠶᠢᠬᠤ ᠶᠢ ᠪᠡᠶᠡᠯᠡᠬᠦᠯᠦᠨ᠂ ᠴᠢᠳᠠᠪᠤᠷᠢᠲᠠᠨ ᠢ ᠬᠦᠮᠦᠵᠢᠬᠦᠯᠬᠦ ᠠᠵᠢᠯ  ᠢ ᠯᠠᠪᠳᠠᠭᠤᠨ ᠢᠶᠠᠷ ᠠᠬᠢᠭᠤᠯᠵᠤ᠂ ᠨᠠᠩᠰᠣ ᠪᠠᠯᠭᠠᠰᠣᠨ ᠤ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠳᠤ ᠡᠷᠴᠢᠮᠲᠡᠢ ᠲᠤᠯᠭᠠᠭᠤᠷᠢᠯᠠᠯ ᠬᠠᠩᠭᠠᠬᠤ ᠪᠠᠷ ᠪᠠᠶᠢᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号