ᠪᠤᠷᠤᠪᠠᠯᠭᠠᠰᠤ ᠪᠠᠯᠭᠠᠰᠤ ᠴᠢᠳᠠᠪᠤᠷᠢᠳᠠᠨ ᠢ ᠬᠦᠮᠤᠵᠢᠬᠦᠯᠤᠨ ᠬᠡᠷᠡᠭᠯᠡᠵᠤ ᠪᠦᠬᠦ ᠭᠤᠭᠴᠤᠭ᠎ᠠ ᠪᠠᠷ ᠬᠦᠴᠤᠯᠡᠨ ᠴᠢᠳᠠᠪᠤᠷᠢᠳᠠᠨ ᠤ ᠬᠦᠭᠵᠢᠯᠳᠠ ᠶᠢᠨ ᠤᠷᠴᠢᠨ ᠢ ᠰᠢᠯᠢᠳᠡᠭᠵᠢᠬᠦᠯᠪᠡ
ᠨᠡᠶᠢᠲᠡᠯᠡᠭᠰᠡᠨ ᠴᠠᠭ᠄
2021/9/28
    ᠪᠤᠷᠤᠪᠠᠯᠭᠠᠰᠤ ᠪᠠᠯᠭᠠᠰᠤ ᠳᠡᠬᠡᠳᠤ ᠱᠠᠳᠤᠨ ᠤ ᠴᠢᠳᠠᠪᠤᠷᠢᠳᠠᠨ ᠤ ᠠᠵᠢᠯ ᠤᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠲᠠᠢ ᠨᠢᠭᠳᠠ ᠤᠶᠠᠯᠳᠤᠭᠤᠯᠤᠨ᠂ ᠦᠵᠡᠯ ᠰᠠᠨᠠᠭ᠎ᠠ ᠪᠠᠨ ᠤᠯᠠᠮ ᠨᠢᠬᠡ ᠠᠯᠬᠤᠮ ᠴᠢᠯᠤᠬᠡᠯᠡᠵᠤ᠂ ᠰᠢᠨᠵᠢᠯᠡᠬᠦ ᠤᠬᠠᠭᠠᠨᠴᠢ ᠴᠢᠳᠠᠪᠤᠷᠢᠳᠠᠨ ᠤ ᠦᠵᠡᠯᠳᠠ ᠶᠢ ᠪᠤᠢ ᠪᠤᠯᠭᠠᠨ᠂ ᠨᠠᠮ ᠤᠨ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ᠂ ᠬᠤᠪᠢᠰᠬᠠᠯᠳᠤ ᠬᠦᠮᠤᠵᠢᠯ ᠤᠨ ᠤᠶᠢᠯᠡᠰ ᠤᠨ ᠬᠦᠭᠵᠢᠯᠳᠠ ᠵᠡᠷᠬᠡ ᠭᠤᠤᠯᠳᠠᠯᠭᠠᠳᠤ ᠠᠵᠢᠯ  ᠤᠨ ᠳᠤᠭᠤᠷᠢᠨ ᠳᠤ᠂ ᠴᠢᠳᠠᠪᠤᠷᠢᠳᠠᠨ ᠴᠤᠯᠭᠤᠷᠠᠨ ᠭᠠᠷᠬᠤ ᠳᠤ ᠠᠰᠢᠭᠳᠠᠢ ᠤᠷᠴᠢᠨ ᠳᠤᠭᠤᠷᠢᠨ ᠢ ᠬᠦᠴᠤᠯᠡᠨ ᠪᠤᠢ ᠪᠤᠯᠭᠠᠵᠤ᠂ ᠤᠯᠤᠰ ᠲᠦᠷᠤ ᠶᠢᠨ ᠳᠠᠯ᠎ᠠ ᠪᠠᠷ ᠪᠠᠳᠤ ᠴᠢᠩᠭ᠎ᠠ᠂ ᠳᠤᠬᠠᠶᠢᠯᠠᠭᠰᠡᠨ ᠠᠵᠢᠯ ᠳᠤ ᠪᠠᠨ ᠴᠠᠭᠠᠷᠠᠭᠰᠡᠨ᠂ ᠦᠨᠡᠨᠴᠢ ᠢᠳᠡᠬᠡᠯᠳᠠᠢ ᠦᠨᠳᠤᠰᠤᠨ ᠱᠠᠳᠤᠨ ᠤ ᠺᠠᠳ᠋ᠷᠴᠤᠤᠨ ᠤᠨ ᠡᠩᠨᠡᠭᠡ ᠶᠢ ᠪᠠᠶᠢᠭᠤᠯᠬᠤ ᠪᠠᠷ ᠡᠬᠦᠷᠬᠡ ᠪᠠᠨ ᠪᠤᠯᠭᠠᠨ᠂ ᠦᠨᠳᠤᠰᠤᠨ ᠱᠠᠳᠤᠨ ᠤ ᠺᠠᠳ᠋ᠷ ᠤᠨ ᠡᠩᠨᠡᠬᠡᠨ ᠤ ᠪᠠᠶᠢᠭᠤᠯᠤᠯᠳᠠ ᠶᠢ ᠴᠢᠩᠭᠠᠤᠨᠬᠠᠵᠤ᠂ ︽ᠳᠠᠪᠰᠢᠬᠦᠯᠬᠦ ᠪᠠ ᠬᠦᠮᠤᠵᠢᠬᠦᠯᠬᠦ ᠶᠢ ᠵᠡᠷᠬᠡ ᠪᠠᠷ ᠴᠢᠬᠤᠯᠠᠴᠢᠯᠠᠨ᠂ ᠬᠠᠮᠢᠶᠠᠷᠬᠤ ᠪᠠ ᠤᠶᠢᠯᠡᠴᠢᠯᠡᠬᠦ ᠶᠢ ᠬᠠᠮᠳᠤ ᠪᠠᠷ ᠠᠤᠨᠬᠤᠬᠤ︾ ᠴᠢᠳᠠᠪᠤᠷᠢᠳᠠᠨ ᠤ ᠠᠵᠢᠯ ᠤᠨ ᠰᠢᠨ᠎ᠠ ᠪᠠᠶᠢᠳᠠᠯ ᠢ ᠪᠦᠷᠢᠯᠳᠤᠬᠦᠯᠪᠠ᠃     ᠨᠢᠬᠡ ᠳᠤ᠂ ᠳᠡᠷᠢᠬᠦᠨ ᠤ ᠴᠢᠳᠠᠪᠤᠷᠢᠳᠠᠨ ᠪᠠ ᠪᠦᠯᠬᠦᠮ ᠢ ᠤᠷᠢᠨ ᠠᠪᠴᠢᠷᠠᠬᠤ ᠶᠢ ᠠᠬᠢᠭᠤᠯᠪᠠ᠃ ᠪᠤᠷᠤᠪᠠᠯᠭᠠᠰᠤ ᠪᠠᠯᠭᠠᠰᠤ ᠴᠢᠳᠠᠪᠤᠷᠢᠳᠠᠨ ᠤ ᠡᠬᠢ ᠪᠠᠶᠠᠯᠢᠭ ᠢ ᠳᠡᠷᠢᠬᠦᠨ ᠡᠬᠢ ᠪᠠᠶᠠᠯᠢᠭ ᠪᠤᠯᠭᠠᠨ ᠲᠦᠯᠤᠪᠵᠢᠬᠦᠯᠬᠦ ᠪᠠ ᠨᠡᠬᠡᠬᠡᠬᠦ ᠶᠢ ᠪᠠᠷᠢᠮᠳᠠᠯᠠᠨ᠂ ᠬᠦᠭᠵᠢᠯᠳᠠ ᠶᠢᠨ ᠱᠠᠭᠠᠷᠳᠠᠯᠭ᠎ᠠ ᠶᠢᠨ ᠳᠤᠭᠤᠷᠢᠨ ᠳᠤ᠂ ᠬᠠᠷᠢᠯᠴᠠᠬᠤ ᠴᠡᠭ ᠤᠨ ᠤᠶᠢᠯᠡᠳᠤᠯ ᠢᠶᠠᠨ ᠰᠠᠶᠢᠳᠤᠷ ᠪᠠᠳᠠᠷᠠᠭᠤᠯᠵᠤ᠂ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠤᠨ᠂ ᠠᠵᠤ ᠠᠬᠤᠢ ᠶᠢᠨ ᠬᠦᠭᠵᠢᠯᠳᠠ ᠶᠢᠨ ᠠᠮᠢᠳᠤᠯᠢᠭ ᠬᠦᠴᠤᠨ ᠢᠶᠠᠨ ᠦᠷᠬᠡᠤᠨᠬᠡᠪᠡ᠃ ︽ᠨᠠᠮ ᠤᠨ ᠡᠬᠦᠷ  + ᠠᠵᠤ ᠠᠬᠤᠶᠢᠯᠠᠯ + ᠴᠢᠳᠠᠪᠤᠷᠢᠳᠠᠨ︾ ᠤ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠶᠤᠰᠤᠭᠠᠷ᠂ ᠤᠨᠴᠠᠯᠢᠭᠳᠤ ᠳᠠᠷᠢᠬᠦ ᠳᠡᠵᠢᠬᠡᠬᠦ ᠤᠶᠢᠯᠡᠰ᠂ ᠳᠤᠰᠬᠠᠢ ᠬᠤᠷᠰᠢᠶᠠᠵᠢᠯ᠂ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ ᠵᠡᠷᠬᠡ ᠤᠷᠤᠨ ᠨᠤᠳᠤᠭ ᠤᠨ ᠤᠨᠴᠠᠯᠢᠭᠳᠤ ᠠᠵᠤ ᠤᠶᠢᠯᠡᠰ ᠤᠨ ᠳᠤᠭᠤᠷᠢᠨ ᠳᠤ᠂ ᠤᠬᠠᠭᠤᠯᠵᠤ ᠳᠠᠶᠢᠴᠢᠯᠠᠬᠤ᠂ ᠲᠦᠷᠤ ᠶᠢᠨ ᠪᠤᠳᠤᠯᠭ᠎ᠠ ᠪᠠᠷ ᠳᠡᠮᠵᠢᠬᠦ ᠪᠠ ᠵᠤᠬᠢᠶᠠᠨ ᠪᠠᠶᠢᠭᠤᠯᠤᠨ ᠤᠶᠢᠯᠡᠴᠢᠯᠡᠬᠦ ᠪᠠᠷ ᠳᠠᠮᠵᠢᠭᠤᠯᠤᠨ᠂ ᠭᠠᠳᠠᠷ ᠤᠷᠤᠨ ᠳᠤ ᠪᠠᠶᠢᠭ᠎ᠠ ᠨᠤᠳᠤᠭ ᠤᠨ ᠴᠢᠳᠠᠪᠤᠷᠢᠳᠠᠨ᠂ ᠭᠠᠳᠠᠷ ᠤᠷᠤᠨ ᠤ ᠮᠠᠯᠵᠢᠬᠤ ᠳᠠᠷᠢᠶᠠᠯᠠᠬᠤ ᠤᠶᠢᠯᠡᠰ  ᠤᠨ ᠬᠡᠷᠡᠭᠯᠡᠬᠡᠨ ᠤ ᠰᠢᠯᠢᠳᠡᠭ ᠴᠢᠳᠠᠪᠤᠷᠢᠳᠠᠨ᠂ ᠳᠡᠬᠡᠳᠤ ᠰᠤᠷᠭᠠᠭᠤᠯᠢ ᠶᠢᠨ ᠳᠤᠰᠬᠠᠢ ᠮᠡᠷᠬᠡᠵᠢᠯᠳᠠᠨ ᠵᠡᠷᠬᠡ ᠶᠢ ᠳᠠᠳᠠᠨ ᠠᠪᠴᠢᠷᠠᠵᠤ᠂ ᠪᠦᠬᠦ ᠪᠠᠯᠭᠠᠰᠤᠨ ᠤ ᠤᠶᠢᠯᠡᠰ ᠪᠦᠳᠤᠬᠡᠨ ᠴᠢᠨᠡᠬᠡᠯᠢᠭᠵᠢᠬᠦ ᠶᠢ ᠳᠠᠶᠢᠴᠢᠯᠠᠭᠰᠡᠨ ᠮᠦᠷᠳᠡᠬᠡᠨ ᠴᠢᠳᠠᠪᠤᠷᠢᠳᠠᠨ ᠤ ᠮᠡᠳᠡᠭᠡ ᠵᠠᠩᠬᠢ ᠶᠢ ᠦᠨᠳᠤᠰᠤᠯᠠᠨ᠂ ᠴᠢᠳᠠᠪᠤᠷᠢᠳᠠᠨ ᠢ ᠲᠦᠷᠤᠯ ᠬᠤᠪᠢᠶᠠᠵᠤ᠂ ᠪᠦᠬᠦ ᠪᠠᠯᠭᠠᠰᠤ ᠶᠢ ᠬᠦᠭᠵᠢᠬᠦᠯᠤᠨ ᠮᠠᠨᠳᠤᠭᠤᠯᠬᠤ ᠳᠤ ᠴᠢᠳᠠᠪᠤᠷᠢᠳᠠᠨ ᠤ  ᠳᠤᠯᠭᠠᠭᠤᠷᠢᠯᠠᠯ ᠬᠠᠩᠭᠠᠪᠠ᠃     ᠬᠤᠶᠠᠷ ᠲᠤ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠴᠢᠳᠠᠪᠤᠷᠢᠳᠠᠨ ᠢ ᠬᠦᠮᠤᠵᠢᠬᠦᠯᠬᠦ  ᠶᠢ ᠴᠢᠩᠭᠠᠤᠨᠬᠠᠪᠠ᠃ ᠵᠠᠯᠠᠭᠤ ᠨᠠᠮ ᠤᠨ ᠬᠡᠰᠢᠬᠦᠨ᠂ ᠪᠡᠯᠡᠤᠨᠬᠡᠯ ᠺᠠᠳ᠋ᠷᠴᠤᠤᠨ ᠢ ᠪᠤᠯᠪᠠᠰᠤᠷᠠᠭᠤᠯᠤᠨ ᠬᠦᠮᠤᠵᠢᠯᠬᠦᠯᠬᠦ  ᠶᠢ ᠴᠢᠩᠭᠠᠤᠨᠬᠠᠵᠤ᠂ ᠨᠠᠮ ᠤᠨ ᠬᠡᠰᠢᠬᠦᠨ ᠺᠠᠳ᠋ᠷᠴᠤᠤᠨ ᠤᠨ ᠰᠤᠷᠤᠯᠭ᠎ᠠ ᠶᠢᠨ ᠨᠠᠮᠳᠠᠷ ᠢᠶᠠᠨ ᠳᠡᠪᠰᠢᠬᠦᠯᠬᠦ ᠪᠠ ᠬᠢᠷᠢ ᠬᠡᠮ ᠤᠨ ᠰᠢᠯᠭᠠᠯᠳᠠ ᠳᠤ ᠤᠷᠤᠯᠴᠠᠬᠤ ᠶᠢ ᠢᠳᠡᠪᠬᠢᠳᠠᠢ ᠪᠠᠷ ᠵᠤᠷᠢᠭᠵᠢᠭᠤᠯᠤᠨ᠂ ᠺᠠᠳ᠋ᠷᠴᠤᠤᠨ ᠤᠨ ᠮᠡᠳᠡᠯᠬᠡ ᠶᠢᠨ ᠪᠦᠳᠤᠴᠠ ᠶᠢ ᠰᠢᠨᠡᠤᠨᠬᠡᠨ ᠬᠠᠷᠠᠭ᠎ᠠ ᠶᠢ ᠦᠷᠬᠡᠤᠨᠬᠡᠵᠤ᠂ ᠠᠵᠤ ᠠᠬᠤᠢ ᠨᠠᠶᠢᠬᠡᠮ ᠤᠨ ᠬᠦᠭᠵᠢᠯᠳᠠ ᠳᠤᠮᠳᠠᠬᠢ ᠡᠯ᠎ᠡ ᠵᠦᠢᠯ ᠤᠨ ᠠᠰᠠᠭᠤᠳᠠᠯ ᠢ ᠰᠢᠢᠤᠨᠪᠤᠷᠢᠯᠡᠬᠦ ᠴᠢᠳᠠᠪᠤᠷᠢ ᠶᠢ ᠳᠡᠬᠡᠭᠰᠢᠯᠡᠬᠦᠯᠪᠡ᠃ ᠨᠠᠮ ᠤᠨ ᠬᠡᠰᠢᠬᠦᠨ ᠢ ᠴᠢᠨᠡᠬᠡᠯᠢᠭᠵᠢᠯ  ᠤᠨ ᠳᠠᠶᠢᠴᠢᠯᠠᠭᠴᠢ ᠪᠠᠷ ᠬᠦᠮᠤᠵᠢᠬᠦᠯᠬᠦ᠂ ᠴᠢᠨᠡᠬᠡᠯᠢᠭᠵᠢᠯ ᠤᠨ ᠴᠢᠳᠠᠪᠤᠷᠢᠳᠠᠨ ᠤ ᠳᠤᠮᠳᠠᠬᠢ ᠳᠡᠷᠢᠬᠦᠨ ᠤ ᠬᠦᠮᠤᠰ ᠢ ᠨᠠᠮ ᠤᠨ ᠬᠡᠰᠢᠬᠦᠨ ᠪᠤᠯᠭᠠᠨ ᠬᠦᠮᠤᠵᠢᠬᠦᠯᠬᠦ᠂ ᠴᠢᠨᠡᠬᠡᠯᠢᠭᠵᠢᠯ ᠤᠨ ᠴᠢᠳᠠᠪᠤᠷᠢ ᠲᠠᠢ ᠨᠠᠮ ᠤᠨ ᠬᠡᠰᠢᠬᠦᠨ ᠢ ᠭᠠᠴᠠᠭ᠎ᠠ ᠳᠤᠰᠬᠤᠨ ᠨᠠᠶᠢᠬᠡᠮ ᠳᠤᠭᠤᠷᠢᠭ ᠤᠨ ᠺᠠᠳ᠋ᠷ ᠪᠤᠯᠭᠠᠨ ᠬᠦᠮᠤᠵᠢᠬᠦᠯᠬᠦ ︽ᠭᠤᠷᠪᠠᠨ ᠬᠦᠮᠤᠵᠢᠬᠦᠯᠬᠦ︾ ᠢᠨᠵᠧᠨᠧᠷᠢᠩ ᠢ   ᠶᠡᠬᠡᠪᠡᠷ ᠦᠷᠨᠢᠬᠦᠯᠤᠨ᠂ ᠨᠢᠬᠡ ᠪᠦᠯᠦᠭ ᠰᠢᠨ᠎ᠠ ᠶᠢ ᠡᠬᠦᠳᠤᠨ ᠤᠶᠢᠯᠡᠰ ᠪᠦᠳᠤᠬᠡᠬᠦ ᠴᠢᠳᠠᠪᠤᠷᠢᠳᠠᠨ ᠤ ᠰᠠᠭᠤᠷᠢ ᠪᠦᠯᠬᠦᠮ ᠢ ᠢᠳᠡᠪᠬᠢᠳᠠᠢ ᠪᠠᠷ ᠬᠦᠮᠤᠵᠢᠬᠦᠯᠪᠠ᠃ ᠪᠠᠯᠭᠠᠰᠤ᠂ ᠭᠠᠴᠠᠭ᠎ᠠ ᠳᠤᠰᠬᠤᠨ ᠬᠤᠶᠠᠷ ᠱᠠᠳᠤᠨ ᠤ ᠠᠵᠤ ᠤᠶᠢᠯᠡᠰ ᠤᠨ ᠳᠤᠮᠤ ᠡᠷᠤᠬᠡ ᠪᠠ ᠮᠡᠷᠬᠡᠵᠢᠯ ᠤᠨ ᠴᠢᠳᠠᠪᠤᠷᠢᠳᠠᠨ ᠳᠤ ᠡᠯ᠎ᠡ ᠬᠡᠯᠪᠡᠷᠢ ᠶᠢᠨ ᠳᠤᠰᠬᠠᠢ ᠰᠡᠳᠤᠪᠳᠤ ᠪᠤᠯᠪᠠᠰᠤᠷᠠᠯ  ᠬᠦᠷᠳᠡᠬᠡᠨ᠂ ᠳᠤᠰᠬᠠᠢ ᠮᠡᠷᠬᠡᠵᠢᠯᠳᠠᠨ ᠫᠷᠤᠹᠧᠰᠰᠤᠷ ᠤᠷᠢᠨ ᠬᠢᠴᠢᠶᠡᠯᠯᠡᠵᠤ᠂ ᠠᠵᠤ ᠠᠬᠤᠢ ᠮᠡᠷᠬᠡᠵᠢᠯ  ᠤᠨ ᠰᠤᠯᠢᠯᠴᠠᠭ᠎ᠠ ᠦᠷᠨᠢᠬᠦᠯᠤᠨ᠂ ᠤᠷᠤᠨ ᠨᠤᠳᠤᠭ ᠤᠨ ᠰᠢᠵᠢᠯᠡᠭᠡ ᠮᠡᠷᠬᠡᠵᠢᠯ ᠤᠨ ᠴᠢᠳᠠᠪᠤᠷᠢᠳᠠᠨ᠂ ᠠᠬᠤ ᠠᠬᠤᠶᠢᠯᠠᠯᠳᠠᠨ᠂ ᠴᠢᠨᠡᠬᠡᠯᠢᠭᠵᠢᠯ ᠤᠨ ᠳᠠᠶᠢᠴᠢᠯᠠᠭᠴᠢ ᠶᠢᠨ ᠬᠠᠷᠠᠭ᠎ᠠ ᠶᠢ ᠦᠷᠬᠡᠤᠨᠬᠡᠨ ᠮᠡᠳᠡᠯᠬᠡ ᠶᠢ ᠪᠠᠳᠤᠤᠨᠬᠠᠵᠤ᠂ ᠨᠢᠬᠡ ᠪᠦᠯᠦᠭ ᠦᠵᠡᠯ ᠰᠠᠨᠠᠭ᠎ᠠ ᠤᠬᠠᠮᠰᠠᠷ ᠦᠨᠳᠤᠷ᠂ ᠮᠠᠯ ᠳᠠᠷᠢᠶᠠᠯᠠᠩ ᠤᠨ ᠮᠡᠷᠬᠡᠵᠢᠯ ᠳᠤ ᠴᠠᠭᠠᠷᠠᠭᠰᠡᠨ᠂ ᠡᠵᠡᠩᠨᠡᠯᠳᠠ ᠪᠠ ᠰᠢᠨᠵᠢᠯᠡᠬᠦ ᠤᠬᠠᠭᠠᠨᠴᠢ ᠬᠠᠮᠢᠶᠠᠷᠤᠯᠳᠠ ᠳᠤ ᠴᠢᠳᠠᠮᠠᠭᠠᠢ ᠰᠢᠨ᠎ᠠ ᠴᠠᠭ ᠦᠶ᠎ᠡ ᠶᠢᠨ ᠮᠠᠯᠴᠢᠨ ᠳᠠᠷᠢᠶᠠᠴᠢᠨ ᠢ ᠬᠦᠮᠤᠵᠢᠬᠦᠯᠪᠠ᠃     ᠭᠤᠷᠪᠠ ᠳᠤ᠂ ᠰᠢᠯᠢᠳᠡᠭ ᠵᠠᠯᠠᠭᠤ ᠴᠢᠳᠠᠪᠤᠷᠢᠳᠠᠨ ᠤ ᠨᠦᠬᠡᠴᠠ ᠶᠢ ᠴᠢᠩᠭᠠᠤᠨᠬᠠᠪᠠ᠃ ᠭᠠᠳᠠᠷ ᠤᠷᠤᠨ ᠳᠤ ᠪᠠᠶᠢᠭ᠎ᠠ ᠨᠤᠳᠤᠭ ᠤᠨ ᠴᠢᠳᠠᠪᠤᠷᠢᠳᠠᠨ᠂ ᠳᠤᠰ ᠭᠠᠵᠠᠷ ᠤᠨ ᠴᠢᠨᠡᠬᠡᠯᠢᠭᠵᠢᠯ ᠤᠨ ᠴᠢᠳᠠᠪᠤᠷᠢᠳᠠᠨ ᠵᠡᠷᠬᠡ ᠶᠢ ᠬᠦᠢᠴᠡᠤᠨ ᠠᠭᠤᠳᠠᠯᠤᠨ᠂ ᠪᠠᠯᠭᠠᠰᠤᠨ ᠤ ᠴᠢᠳᠠᠪᠤᠷᠢᠳᠠᠨ ᠤ ᠵᠠᠩᠬᠢ ᠶᠢᠨ ᠬᠦᠮᠤᠷᠬᠡ ᠶᠢ ᠪᠠᠶᠢᠭᠤᠯᠪᠠ᠃ ᠭᠠᠴᠠᠭ᠎ᠠ ᠳᠤᠰᠬᠤᠨ ᠨᠠᠶᠢᠬᠡᠮ ᠳᠤᠭᠤᠷᠢᠭ ᠤᠨ ᠪᠡᠯᠡᠤᠨᠬᠡᠯ ᠺᠠᠳ᠋ᠷ ᠢ ᠨᠦᠬᠡᠴᠡᠯᠡᠬᠦ ᠳᠤᠭᠳᠠᠴᠠ ᠶᠢ ᠪᠠᠶᠢᠭᠤᠯᠤᠨ᠂ ᠰᠤᠶᠤᠯ ᠤᠨ ᠬᠡᠮᠵᠢᠶ᠎ᠡ ᠬᠠᠷᠢᠴᠠᠩᠭᠤᠢ ᠦᠨᠳᠤᠷ ᠴᠡᠷᠢᠭ ᠠᠴᠠ ᠬᠠᠯᠠᠭᠳᠠᠭᠰᠠᠤᠨ᠂ ᠨᠤᠳᠤᠭ ᠲᠤ ᠪᠠᠨ ᠪᠤᠴᠠᠭᠰᠡᠨ ᠶᠡᠭᠡ ᠰᠤᠷᠭᠠᠭᠤᠯᠢ ᠳᠤᠮᠳᠠ ᠵᠡᠷᠬᠡ ᠶᠢᠨ ᠳᠤᠰᠬᠠᠢ ᠮᠡᠷᠬᠡᠵᠢᠯ ᠤᠨ ᠰᠤᠷᠭᠠᠭᠤᠯᠢ ᠠᠴᠠ ᠳᠡᠬᠦᠰᠦᠭᠰᠡᠤᠨ᠂ ᠭᠠᠳᠠᠭᠰᠢ ᠭᠠᠷᠴᠤ ᠠᠵᠢᠯ ᠬᠢᠭᠰᠡᠨ ᠨᠢᠳᠤᠨ ᠬᠠᠷᠠᠭ᠎ᠠ ᠦᠷᠬᠡᠨ ᠨᠤᠳᠤᠭ ᠲᠤ ᠪᠠᠨ ᠪᠤᠴᠠᠭᠰᠠᠤᠨ ᠪᠠ ᠮᠠᠯᠵᠢᠬᠤ ᠳᠠᠷᠢᠶᠠᠯᠠᠬᠤ ᠤᠷᠤᠨ ᠤ ᠴᠢᠨᠡᠬᠡᠯᠢᠭᠵᠢᠯ ᠤᠨ ᠴᠢᠳᠠᠪᠤᠷᠢᠳᠠᠨ ᠵᠡᠷᠬᠡ ᠠᠴᠠ ᠨᠠᠮ ᠤᠨ ᠬᠡᠰᠢᠬᠦᠨ ᠳᠤ ᠮᠡᠳᠡᠷᠡᠭᠳᠡᠭᠰᠡᠨ᠂ ᠤᠯᠠᠨ ᠲᠦᠮᠡᠨ ᠳᠤ ᠳᠠᠭᠠᠰᠢᠶᠠᠭᠳᠠᠭᠰᠡᠨ ᠰᠢᠯᠢᠳᠡᠭ ᠴᠢᠳᠠᠪᠤᠷᠢᠳᠠᠨ ᠢ ᠭᠠᠴᠠᠭ᠎ᠠ ᠳᠤᠰᠬᠤᠨ ᠨᠠᠶᠢᠬᠡᠮ ᠳᠤᠭᠤᠷᠢᠭ ᠤᠨ ᠪᠡᠯᠡᠤᠨᠬᠡᠯ ᠺᠠᠳ᠋ᠷᠴᠣᠣᠨ ᠤᠨ ᠡᠩᠨᠡᠭᠡ ᠳᠤ ᠰᠤᠩᠭᠤᠨ ᠤᠷᠤᠭᠤᠯᠤᠭᠰᠡᠨ ᠠᠴᠠ ᠤᠳᠤᠬᠠᠨ ᠳᠤ ᠭᠠᠴᠠᠭ᠎ᠠ ᠳᠤᠰᠬᠤᠨ ᠨᠠᠶᠢᠬᠡᠮ ᠳᠤᠭᠤᠷᠢᠭ ᠲᠤ ᠠᠳᠠᠭ ᠲᠤ ᠪᠠᠨ ᠭᠤᠷᠪᠠᠨ ᠪᠡᠯᠡᠤᠨᠬᠡᠯ ᠺᠠᠳ᠋ᠷ ᠲᠠᠢ᠂ ᠨᠠᠮ ᠤᠨ ᠡᠬᠦᠷ ᠤᠨ ᠤᠳᠤᠷᠢᠤᠨᠬᠤ ᠪᠠᠭ ᠲᠤ ᠠᠳᠠᠭ ᠲᠤ ᠪᠠᠨ ᠨᠢᠬᠡ ᠤᠶᠤᠳᠠᠨ ᠲᠠᠢ ᠪᠤᠯᠪᠠ᠃     ᠲᠦᠷᠪᠡ ᠳᠤ᠂ ᠴᠢᠳᠠᠪᠤᠷᠢᠳᠠᠨ ᠢ ᠨᠠᠨᠳᠢᠩᠨᠠᠨ ᠴᠢᠳᠠᠪᠤᠷᠢᠳᠠᠨ ᠢ ᠬᠡᠷᠡᠭᠯᠡᠬᠦ ᠤᠬᠢ ᠤᠷᠴᠢᠨ ᠢ ᠪᠤᠢ ᠪᠤᠯᠭᠠᠪᠠ᠃ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠨᠢᠬᠡᠳᠤᠯᠳᠠᠢ ᠲᠦᠯᠤᠪᠵᠢᠬᠦᠯᠬᠦ ᠤᠶᠢᠯᠡᠳᠤᠯ ᠢ ᠬᠦᠢᠴᠡᠤᠨ ᠪᠠᠳᠠᠷᠠᠭᠤᠯᠤᠨ᠂ ︽ᠨᠢᠬᠡ ᠴᠢᠳᠠᠪᠤᠷᠢᠳᠠᠨ᠂ ᠨᠢᠬᠡ ᠤᠳᠤᠷᠢᠳᠤᠯᠭ᠎ᠠ᠂ ᠳᠤᠤᠱᠳᠠᠢ ᠳᠠᠭᠠᠭᠠᠴᠢᠯᠠᠬᠤ︾ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠬᠦᠯᠵᠤ᠂ ᠰᠠᠯᠠᠭᠠᠨ ᠳᠡᠰ ᠤᠨ ᠤᠳᠤᠷᠢᠤᠨᠬᠤ ᠺᠠᠳ᠋ᠷ ᠰᠢᠯᠢᠳᠡᠭ ᠴᠢᠳᠠᠪᠤᠷᠢᠳᠠᠨ᠂ ᠭᠤᠤᠯᠳᠠᠯᠭᠠᠳᠤ ᠠᠵᠤ ᠠᠬᠤᠶᠢᠯᠠᠯ ᠪᠠ ᠭᠤᠤᠯᠳᠠᠯᠭ᠎ᠠ ᠲᠠᠢ ᠰᠢᠨ᠎ᠠ ᠶᠢ ᠡᠬᠦᠤᠨᠬᠦ ᠲᠦᠷᠤᠯ ᠵᠦᠢᠯ  ᠲᠠᠢ ᠬᠠᠷᠢᠯᠴᠠᠬᠤ ᠲᠦᠷᠢᠮ ᠢ ᠬᠡᠷᠡᠭᠵᠢᠬᠦᠯᠬᠦ ᠶᠢ ᠪᠠᠷᠢᠮᠳᠠᠯᠠᠨ᠂ ᠪᠦᠬᠦ ᠠᠵᠤ ᠤᠶᠢᠯᠡᠰ ᠤᠨ ᠬᠦᠭᠵᠢᠯᠳᠠ ᠪᠠᠷ ᠵᠢᠯᠤᠭᠤᠳᠤᠮᠵᠢ ᠪᠤᠯᠭᠠᠵᠤ᠂ ᠲᠦᠷᠤᠯ ᠵᠦᠢᠯ ᠢᠶᠠᠷ ᠳᠠᠶᠢᠴᠢᠯᠠᠬᠤ ᠪᠠ ᠠᠷᠠᠯᠵᠢᠶᠠᠴᠢᠨ ᠤᠷᠢᠵᠤ ᠪᠡᠯᠡ ᠤᠷᠤᠭᠤᠯᠬᠤ  ᠪᠠᠷ ᠭᠠᠷᠳᠠᠴᠠ ᠪᠤᠯᠭᠠᠨ᠂ ᠲᠦᠷᠤᠯ ᠵᠦᠢᠯ ᠢ ᠤᠷᠤᠭᠤᠯᠬᠤ᠂ ᠬᠤᠷᠰᠢᠨ ᠪᠠᠶᠢᠭᠤᠯᠬᠤ᠂ ᠠᠵᠢᠯ ᠤᠨ ᠦᠷᠳᠡᠭᠡ ᠪᠠᠶᠢᠭᠤᠯᠬᠤ ᠵᠡᠷᠬᠡ ᠠᠷᠭ᠎ᠠ ᠪᠠᠷ ᠴᠢᠳᠠᠪᠤᠷᠢᠳᠠᠨ ᠢ ᠤᠷᠢᠨ ᠠᠪᠴᠢᠷᠠᠵᠤ ᠬᠡᠷᠡᠭᠯᠡᠵᠤ ᠴᠢᠳᠠᠬᠤ ᠪᠤᠯᠭᠠᠪᠠ᠃ ᠳᠤᠪᠤᠶᠢᠮ᠎ᠠ ᠬᠤᠪᠢ ᠨᠡᠮᠡᠷᠢ ᠦᠵᠡᠬᠦᠯᠦᠭᠰᠡᠨ ᠴᠢᠳᠠᠪᠤᠷᠢᠳᠠᠨ ᠢ ᠤᠬᠠᠭᠤᠯᠬᠤ ᠬᠦᠴᠤᠯᠡᠴᠠ ᠪᠠᠨ ᠶᠡᠬᠡᠤᠨᠬᠡᠨ᠂ ᠴᠢᠳᠠᠪᠤᠷᠢᠳᠠᠨ ᠤ ᠠᠵᠢᠯ ᠤᠨ ᠭᠤᠤᠯᠳᠠᠯᠭ᠎ᠠ ᠶᠢᠨ ᠳᠤᠭᠤᠷᠢᠨ ᠳᠤ᠂ ᠤᠬᠠᠭᠤᠯᠭ᠎ᠠ ᠶᠢᠨ ᠵᠠᠭᠤᠴᠢᠯᠠᠭᠤᠷ ᠢ ᠠᠰᠢᠭᠯᠠᠨ ᠴᠢᠳᠠᠪᠤᠷᠢᠳᠠᠨ ᠤ ᠠᠵᠢᠯ ᠤᠨ ᠴᠢᠭᠯᠡᠯᠳᠠ ᠲᠦᠷᠤ ᠶᠢᠨ ᠪᠤᠳᠤᠯᠭ᠎ᠠ ᠶᠢ ᠶᠡᠬᠡᠪᠡᠷ ᠤᠬᠠᠭᠤᠯᠵᠤ᠂ ᠡᠯ᠎ᠡ ᠰᠢᠯᠢᠳᠡᠭ ᠴᠢᠳᠠᠪᠤᠷᠢᠳᠠᠨ ᠤ ᠳᠡᠷᠢᠬᠦᠨ ᠤ ᠤᠶᠢᠯᠡ ᠠᠵᠢᠯᠯᠠᠭ᠎ᠠ ᠶᠢ ᠤᠬᠠᠭᠤᠯᠤᠨ᠂ ᠪᠦᠬᠦ ᠪᠠᠯᠭᠠᠰᠤᠨ ᠳᠤ ᠬᠦᠳᠡᠯᠮᠤᠷᠢ ᠶᠢ ᠬᠦᠨᠳᠤᠤᠨᠬᠡᠬᠦ᠂ ᠮᠡᠳᠡᠯᠬᠡ ᠶᠢ ᠬᠦᠨᠳᠤᠤᠨᠬᠡᠬᠦ᠂ ᠴᠢᠳᠠᠪᠤᠷᠢᠳᠠᠨ ᠢ ᠬᠦᠨᠳᠤᠤᠨᠬᠡᠬᠦ᠂ ᠡᠬᠦᠳᠤᠯᠳᠠ ᠶᠢ ᠬᠦᠨᠳᠤᠤᠨᠬᠡᠬᠦ ᠨᠠᠶᠢᠬᠡᠮ ᠤᠨ ᠠᠭᠤᠷ ᠠᠮᠢᠰᠬᠤᠯ ᠢ ᠪᠤᠢ ᠪᠤᠯᠭᠠᠵᠤ᠂ ᠰᠢᠯᠢᠳᠡᠭ ᠴᠢᠳᠠᠪᠤᠷᠢᠳᠠᠨ ᠤ ᠬᠤᠪᠢ ᠨᠡᠮᠡᠷᠢ ᠪᠠ ᠦᠨ᠎ᠡ ᠦᠷᠳᠡᠭ ᠢ ᠬᠦᠢᠴᠡᠤᠨ ᠮᠡᠳᠡᠷᠡᠨ ᠢᠯᠡᠷᠡᠬᠦᠯᠵᠤ᠂ ᠴᠢᠳᠠᠪᠤᠷᠢᠳᠠᠨ ᠤ ᠠᠵᠢᠯ ᠬᠢᠵᠤ ᠤᠶᠢᠯᠡᠰ ᠪᠦᠳᠤᠬᠡᠬᠦ ᠬᠦᠭᠵᠢᠯᠳᠠ ᠶᠢᠨ ᠤᠷᠴᠢᠨ ᠢ ᠰᠢᠯᠢᠳᠡᠭᠵᠢᠬᠦᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号