ᠵᠣᠣ ᠱᠤᠸᠠᠨ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠠᠶᠣᠯᠭᠦᠢ ᠣᠶᠢᠯᠠᠳᠪᠦᠷᠢᠯᠠᠯ ᠳᠤ ᠪᠠᠶᠢᠴᠠᠭᠠᠯᠳᠠ ᠬᠢᠪᠠ
ᠨᠡᠶᠢᠲᠡᠯᠡᠭᠰᠡᠨ ᠴᠠᠭ᠄
2021/9/28
    9 ᠰᠠᠷ᠎ᠠ ᠶᠢᠨ 25 ᠤ ᠡᠳᠦᠷ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠲᠡᠳ᠋ ᠲᠠᠷᠤᠭ᠎ᠠ ᠵᠣᠣ ᠱᠤᠸᠠᠨ ᠣᠷᠢᠳ ᠬᠤᠵᠢᠳ ᠬᠠᠶᠢᠯᠠᠰᠣᠨ ᠬᠤᠳᠳᠤᠭ ᠨᠡᠭᠦᠷᠡᠰᠣᠨ ᠠᠭᠤᠷᠬᠠᠢ᠂ ᠴᠠᠩ ᠴᠧᠩ ᠨᠢᠭᠡᠳᠦᠭᠡᠷ᠂ ᠴᠠᠩ ᠴᠧᠩ ᠬᠤᠶᠠᠳᠣᠭᠠᠷ ᠨᠣᠮᠧᠷᠳᠦ ᠨᠡᠭᠦᠷᠡᠰᠣᠨ ᠠᠭᠤᠷᠬᠠᠢ ᠳᠤ ᠭᠦᠨᠵᠡᠭᠡᠶᠢᠷᠡᠨ᠂ ᠨᠡᠭᠦᠷᠡᠰᠣᠨ ᠤ ᠬᠦᠷᠢᠶᠠᠨ ᠳᠠᠬᠢ ᠠᠶᠣᠯᠭᠦᠢ ᠣᠶᠢᠯᠠᠳᠪᠦᠷᠢᠯᠠᠯ ᠢ ᠪᠠᠶᠢᠴᠠᠭᠠᠵᠣ᠂ ᠲᠠᠷᠠᠭ᠎ᠠ ᠨᠢ ᠣᠯᠣᠰ ᠤᠨ ᠴᠠᠬᠢᠯᠭᠠᠨ ᠬᠦᠴᠦᠨ ᠤ ᠱᠤᠸᠠᠩ ᠸᠧᠢ ᠴᠠᠬᠢᠯᠭᠠᠨ ᠣᠶᠢᠯᠠᠳᠪᠦᠷᠢ᠂ ᠱᠧᠩ ᠯᠦ ᠴᠠᠬᠢᠯᠭᠠᠨ ᠣᠶᠢᠯᠠᠳᠪᠦᠷᠢ ᠳᠤ ᠬᠦᠷᠴᠦ ᠪᠠᠷᠢᠯᠭ᠎ᠠ ᠶᠢᠨ ᠠᠵᠢᠯ ᠪᠠ ᠣᠶᠢᠯᠠᠳᠪᠦᠷᠢᠯᠠᠯ ᠡᠵᠡᠩᠨᠡᠯᠳᠡ ᠶᠢᠨ ᠠᠮᠣᠷ ᠲᠦᠪᠰᠢᠨ ᠤ ᠠᠵᠢᠯ ᠢ ᠪᠠᠶᠢᠴᠠᠭᠠᠪᠠ᠃     ᠵᠣᠣ ᠱᠤᠸᠠᠨ᠂ ᠨᠡᠭᠦᠷᠡᠰᠣ ᠪᠠ ᠴᠠᠬᠢᠯᠭᠠᠨ ᠬᠦᠴᠦᠨ ᠤ ᠠᠵᠣ ᠣᠶᠢᠯᠠᠰ ᠪᠣᠯ ᠮᠠᠨ ᠤ ᠬᠤᠰᠢᠭᠤᠨ ᠤ ᠠᠵᠣ ᠣᠶᠢᠯᠠᠳᠪᠦᠷᠢ ᠶᠢᠨ ᠠᠵᠣ ᠠᠬᠤᠢ ᠶᠢᠨ ᠴᠢᠬᠤᠯᠠ ᠲᠣᠯᠭᠠᠭᠤᠷᠢ ᠮᠦᠨ᠂ ᠨᠡᠭᠦᠷᠡᠰᠣᠨ ᠤ ᠠᠵᠣ ᠠᠬᠤᠶᠢᠯᠠᠯ ᠤᠨ ᠡᠷᠡᠭᠦᠯ ᠮᠦᠷᠳᠡᠭᠡᠨ ᠠᠮᠣᠷ ᠲᠦᠪᠰᠢᠨ ᠢᠶᠠᠷ ᠠᠵᠢᠯᠯᠠᠬᠤ᠂ ᠢᠯᠴᠢ ᠶᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠣᠶᠢᠯ ᠢ ᠲᠣᠭᠳᠠᠭᠤᠨ ᠢᠶᠠᠷ ᠨᠠᠶᠢᠳᠠᠪᠦᠷᠢᠵᠢᠭᠤᠯᠬᠤ ᠨᠢ ᠮᠠᠨ ᠤ ᠬᠤᠰᠢᠭᠤᠨ ᠤ ︽ᠠᠷᠪᠠᠨ ᠲᠦᠷᠪᠡᠳᠦᠭᠡᠷ ᠲᠠᠪᠣᠨ ᠵᠢᠯ︾ ᠤᠨ ᠠᠵᠣ ᠠᠬᠤᠢ ᠨᠡᠶᠢᠭᠡᠮ ᠤᠨ ᠴᠢᠨᠠᠷᠯᠢᠭ ᠬᠦᠭᠵᠢᠯᠳᠡ ᠶᠢ ᠪᠡᠶᠡᠯᠡᠭᠦᠯᠬᠦ ᠳᠤ ᠴᠢᠬᠤᠯᠨ ᠠᠴᠢ ᠬᠤᠯᠪᠣᠭᠳᠠᠯ ᠲᠠᠢ ᠭᠡᠵᠣ ᠬᠡᠯᠡᠭᠰᠡᠨ ᠪᠠᠶᠢᠨ᠎ᠠ᠃     ᠵᠣᠣ ᠱᠤᠸᠠᠨ᠂ ᠨᠡᠭᠦᠷᠡᠰᠣᠨ ᠤ ᠠᠵᠣ ᠠᠬᠤᠶᠢᠯᠠᠯ ᠤᠨ ᠬᠢᠨ ᠡᠯ᠎ᠡ ᠲᠦᠷᠦᠯ ᠤᠨ ᠠᠳᠡᠯ ᠠᠴᠠ ᠭᠦᠨᠵᠡᠭᠡᠢ ᠰᠣᠷᠭᠠᠨᠮᠵᠢ ᠠᠪᠴᠣ᠂ ᠠᠳᠡᠯ ᠭᠠᠷᠬᠤ ᠶᠢ ᠡᠷᠡᠰ ᠬᠤᠷᠢᠭᠯᠠᠬᠤ ᠭᠡᠷᠡᠭᠳᠡᠢ᠃ ᠨᠡᠭᠦᠷᠡᠰᠣᠨ ᠠᠭᠤᠷᠬᠠᠢ ᠶᠢᠨ ᠬᠤᠳᠳᠤᠭ ᠲᠣᠳᠣᠷ᠎ᠠ ᠠᠵᠢᠯᠯᠠᠬᠤ ᠠᠮᠣᠷ ᠲᠦᠪᠰᠢᠨ ᠤ ᠬᠠᠮᠢᠶᠠᠷᠣᠯᠳᠠ ᠶᠢᠨ ᠠᠵᠢᠯ ᠢ ᠴᠢᠩᠭᠠᠷᠠᠭᠤᠯᠣᠨ᠂ ᠮᠠᠯᠳᠠᠬᠤ ᠠᠵᠢᠯ ᠤᠨ ᠬᠡᠪᠴᠢᠶ᠎ᠠ᠂ ᠲᠡᠭᠡᠭᠡᠪᠦᠷᠢ ᠶᠢᠨ ᠭᠤᠳᠣᠮᠵᠢ ᠪᠣᠯᠣᠨ ᠨᠡᠭᠦᠷᠡᠰᠣᠨ ᠬᠦᠮᠦᠷᠭᠡ ᠵᠡᠷᠭᠡ ᠭᠤᠣᠯᠳᠠᠯᠭᠠᠳᠢ ᠣᠷᠣᠨ ᠪᠠᠶᠢᠷᠢ ᠶᠢ ᠴᠢᠩᠭ᠎ᠠ ᠠᠩᠬᠠᠷᠴᠦ᠂ ᠬᠤᠳᠳᠤᠭ ᠲᠣᠳᠣᠷᠠᠬᠢ ᠬᠦᠮᠦᠰ᠂ ᠲᠦᠬᠦᠭᠡᠷᠦᠮᠵᠢ ᠶᠢᠨ ᠬᠢᠨᠠᠨ ᠬᠡᠮᠵᠢᠯᠳᠡ᠂ ᠬᠢᠨᠠᠨ ᠡᠵᠡᠮᠰᠢᠯ ᠤᠨ ᠰᠢᠰᠲ᠋ᠧᠮ ᠢ ᠲᠡᠭᠦᠯᠳᠡᠷᠵᠢᠭᠦᠯᠵᠣ᠂ ᠠᠮᠣᠷ ᠲᠦᠪᠰᠢᠨ ᠢ ᠦᠨᠡᠨ ᠬᠦ ᠪᠠᠳᠣᠯᠬᠠᠣ ᠬᠡᠷᠡᠭᠳᠡᠢ᠃ ᠠᠮᠠᠷᠠᠯᠳᠠ ᠶᠢᠨ ᠬᠤᠭᠤᠴᠠᠭᠠᠨ ᠳᠤ ᠵᠢᠵᠢᠭᠦᠷᠯᠡᠨ ᠰᠠᠬᠢᠬᠤ ᠶᠢ ᠴᠢᠩᠭᠠᠳᠬᠠᠨ᠂ ᠨᠡᠭᠦᠷᠡᠰᠣᠨ ᠠᠭᠤᠷᠬᠠᠢ ᠶᠢᠨ ᠣᠳᠣᠷᠢᠳᠣᠯᠭ᠎ᠠ ᠶᠢᠨ ᠡᠭᠡᠯᠵᠢ ᠲᠠᠭᠠᠭᠠᠬᠤ ᠲᠦᠷᠢᠮ ᠢ ᠴᠢᠩᠭ᠎ᠠ ᠬᠡᠷᠡᠭᠵᠢᠭᠦᠯᠵᠣ᠂ ᠲᠡᠭᠡᠳᠦ ᠱᠠᠳᠣᠨ ᠤ ᠡᠯ᠎ᠡ ᠵᠣᠶᠢᠯ  ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠬᠤ ᠬᠡᠷᠡᠭᠳᠡᠢ᠃ ᠡᠬᠦᠨ ᠠᠴᠠ ᠭᠠᠳᠠᠨ᠎ᠠ᠂ ᠠᠵᠢᠯ ᠤᠨ ᠲᠣᠰᠬᠠᠢ ᠠᠩᠬᠢ ᠪᠠᠶᠢᠭᠤᠯᠣᠨ᠂ ᠨᠡᠭᠦᠷᠡᠰᠣᠨ ᠠᠭᠤᠷᠬᠠᠢ ᠶᠢᠨ ᠭᠠᠷᠳᠠᠮ ᠭᠦᠢᠴᠡᠳᠬᠡᠬᠦ ᠶᠢ ᠲᠦᠷᠭᠡᠳᠭᠡᠵᠣ᠂ ᠠᠵᠣ ᠠᠬᠤᠶᠢᠯᠠᠯ ᠤᠨ ᠬᠠᠣᠯᠢ ᠲᠣᠭᠳᠠᠭᠠᠯ ᠲᠤ ᠨᠡᠶᠢᠴᠡᠭᠰᠡᠨ ᠡᠷᠬᠢᠯᠳᠡ ᠶᠢ ᠪᠠᠳᠣᠯᠠᠬᠤ ᠬᠡᠷᠡᠭᠳᠡᠢ᠃ ᠴᠠᠬᠢᠯᠭᠠᠨ ᠬᠦᠴᠦᠨ  ᠤ ᠠᠵᠣ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠳᠦᠷ ᠭᠦᠢᠴᠡᠳᠬᠡᠨ᠂ ᠪᠠᠷᠢᠯᠭ᠎ᠠ ᠶᠢᠨ ᠠᠵᠢᠯ  ᠢ ᠰᠠᠶᠢᠳᠦᠷ ᠵᠣᠬᠢᠶᠠᠨ ᠪᠠᠶᠢᠭᠤᠯᠵᠣ᠂ ᠢᠯᠴᠢ ᠶᠢᠨ ᠴᠠᠬᠢᠯᠭᠠᠨ ᠤ ᠲᠦᠷᠦᠯ ᠵᠣᠶᠢᠯ ᠢ ᠲᠣᠭᠳᠠᠭᠤᠨ ᠢᠶᠠᠷ ᠨᠡᠶᠢᠳᠠᠪᠦᠷᠢᠵᠢᠭᠤᠯᠬᠤ ᠬᠡᠷᠡᠭᠳᠡᠢ᠃ ᠪᠠᠷᠢᠯᠭ᠎ᠠ ᠶᠢᠨ ᠠᠵᠢᠯᠳᠠᠨ ᠤ ᠠᠮᠣᠷ ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠣᠶᠢᠯ ᠤᠨ ᠠᠷᠭ᠎ᠠ ᠬᠡᠮᠵᠢᠶ᠎ᠡ ᠶᠢ ᠭᠤᠣᠯᠳᠠᠯᠭᠠᠳᠠᠢ ᠴᠢᠩᠭᠠᠳᠬᠠᠨ᠂ ᠨᠢᠭᠡᠳᠦᠯᠳᠡᠢ ᠲᠦᠯᠦᠪᠯᠡᠨ ᠲᠣᠬᠢᠷᠠᠭᠤᠯᠵᠣ᠂ ᠠᠵᠢᠯ ᠲᠦᠷᠦᠯ ᠤᠨ ᠬᠢᠨᠠᠯᠳᠠ ᠬᠠᠮᠢᠶᠠᠷᠣᠯᠳᠠ᠂ ᠶᠡᠷᠦᠩᠬᠡᠶᠢᠯᠡᠭᠰᠡᠨ ᠬᠢᠨᠠᠯᠳᠠ ᠬᠠᠮᠢᠶᠠᠷᠣᠯᠳᠠ ᠪᠣᠯᠣᠨ ᠲᠣᠰᠬᠠᠢ ᠮᠡᠷᠭᠡᠵᠢᠯᠳᠡᠨ ᠤ ᠲᠣᠭᠤᠷᠢᠨ ᠪᠠᠶᠢᠴᠠᠭᠠᠯᠳᠠ ᠶᠢ ᠰᠠᠶᠢᠳᠦᠷ ᠬᠢᠨ᠂ ᠠᠶᠣᠯᠭᠦᠢ ᠣᠶᠢᠯᠠᠳᠪᠦᠷᠢᠯᠠᠯ ᠤᠨ ᠭᠤᠷᠪᠠᠨ ᠵᠢᠯ ᠤᠨ ᠲᠣᠰᠬᠠᠢ ᠠᠵᠢᠯᠯᠠᠭ᠎ᠠ ᠲᠠᠢ ᠣᠶᠠᠯᠳᠣᠭᠤᠯᠵᠣ᠂ ︽ᠬᠠᠣᠯᠢ ᠪᠣᠰᠣ ᠠᠵᠢᠯᠯᠠᠭ᠎ᠠ ᠳᠤ ᠴᠣᠬᠢᠯᠳᠠ ᠦᠭᠴᠦ᠂ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢ ᠵᠠᠰᠠᠬᠤ︾ ᠵᠡᠷᠭᠡ ᠬᠠᠣᠯᠢ ᠬᠡᠷᠡᠭᠵᠢᠭᠦᠯᠬᠦ ᠠᠵᠢᠯ ᠢ ᠢᠳᠡᠪᠬᠢᠳᠡᠢ ᠵᠣᠬᠢᠴᠠᠭᠤᠯᠣᠨ ᠠᠬᠢᠭᠤᠯᠵᠣ᠂ ᠠᠮᠣᠷ ᠲᠦᠪᠰᠢᠨ ᠤ ᠡᠯ᠎ᠡ ᠲᠦᠷᠦᠯ ᠤᠨ ᠲᠠᠯᠳᠠ ᠭᠡᠮ ᠢ ᠰᠡᠷᠭᠡᠶᠢᠯᠡᠨ ᠠᠷᠢᠯᠭᠠᠵᠣ᠂ ᠠᠵᠢᠯ ᠲᠦᠷᠦᠯ ᠤᠨ ᠠᠶᠣᠯᠭᠦᠢ ᠣᠶᠢᠯᠠᠳᠪᠦᠷᠢᠯᠠᠯ ᠤᠨ ᠦᠷᠭᠦᠯᠵᠢᠬᠦᠶᠢᠴᠡ ᠲᠣᠭᠳᠠᠭᠤᠨ ᠢ ᠪᠠᠳᠣᠯᠠᠬᠤ ᠬᠡᠷᠡᠭᠳᠡᠢ ᠭᠡᠵᠣ ᠴᠢᠬᠤᠯᠠᠴᠢᠯᠭᠰᠠᠨ ᠪᠠᠶᠢᠨ᠎ᠠ᠃     ᠬᠤᠰᠢᠭᠤ ᠡᠨᠧᠷᠬᠢ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠠᠵᠣ ᠠᠬᠤᠢ ᠶᠢᠨ ᠬᠦᠭᠵᠢᠯᠳᠡ ᠶᠢᠨ ᠲᠣᠪᠴᠢᠶ᠎ᠠ ᠶᠢᠨ ᠬᠠᠷᠢᠭᠤᠴᠠᠯᠭᠠᠳᠠᠳ ᠬᠠᠮᠳᠦ ᠪᠠᠶᠢᠴᠠᠭᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号