︵2020 ᠤᠨ ᠤ 10 ᠰᠠᠷ᠎ᠠ ᠶᠢᠨ 22 ᠤᠨ ᠡᠳᠤᠷ ᠤᠨ ᠥᠷᠭᠦᠯᠵᠢᠯᠡᠯ︶ | | ᠬᠤᠶᠠᠳᠣᠭᠠᠷ ᠭᠡᠰᠡᠭ ᠭᠢᠨᠠᠨ ᠬᠠᠮᠠᠭᠠᠯᠠᠬᠤ | | ᠬᠤᠷᠢᠨ ᠵᠢᠷᠭᠤᠳᠣᠭᠠᠷ ᠵᠦᠢᠯ ᠡᠴᠢᠬᠡ ᠡᠬᠡ ᠨᠢ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠢᠶᠠᠨ | ᠠᠰᠠᠷᠠᠨ ᠲᠡᠵᠢᠭᠡᠭᠦ᠂ ᠰᠣᠷᠭᠠᠨ ᠭᠦᠮᠦᠵᠢᠭᠦᠯᠭᠦ ᠪᠠ ᠬᠠᠮᠠᠭᠠᠯᠠᠬᠤ ᠡᠭᠦᠷᠭᠡ ᠲᠠᠢ᠃ | ᠨᠠᠰᠦᠨ ᠳᠤ ᠭᠦᠷᠦᠭᠰᠡᠨ ᠦᠷ᠎ᠡ ᠭᠡᠦᠭᠡᠳ ᠨᠢ ᠡᠴᠢᠬᠡ ᠡᠬᠡ ᠪᠠᠨ ᠠᠴᠢᠯᠠᠨ ᠲᠡᠵᠢᠭᠡᠭᠦ᠂ ᠲᠡᠳᠭᠦᠨ ᠲᠣᠰᠠᠯᠠᠬᠤ ᠪᠠ | ᠬᠠᠮᠠᠭᠠᠯᠠᠬᠤ ᠡᠭᠦᠷᠭᠡ ᠲᠠᠢ᠃ | ᠬᠤᠷᠢᠨ ᠲᠣᠯᠣᠳᠣᠭᠠᠷ ᠵᠦᠢᠯ ᠡᠴᠢᠭᠡ ᠡᠭᠡ ᠪᠤᠯ ᠨᠠᠰᠦᠨ ᠳᠤ ᠦᠯᠦ ᠭᠦᠷᠦᠭᠰᠡᠨ ᠦᠷ᠎ᠡ ᠭᠡᠦᠭᠡᠳ ᠤᠨ ᠢᠶᠠᠨ | ᠭᠢᠨᠠᠨ ᠬᠠᠮᠠᠭᠠᠯᠠᠭᠴᠢ ᠮᠦᠨ᠃ | ᠨᠠᠰᠦᠨ ᠳᠤ ᠦᠯᠦ ᠭᠦᠷᠦᠭᠰᠡᠳ ᠤᠨ ᠡᠴᠢᠭᠡ ᠡᠭᠡ ᠨᠢ ᠨᠢᠭᠡᠨᠳᠡ ᠦᠭᠦᠭᠰᠡᠨ ᠪᠣᠶᠣ ᠭᠢᠨᠠᠨ ᠬᠠᠮᠠᠭᠠᠯᠠᠬᠤ ᠴᠢᠳᠠᠪᠦᠷᠢ | ᠦᠭᠡᠢ ᠪᠣᠯ ᠲᠣᠣᠷ᠎ᠠ ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ | ᠭᠢᠨᠠᠨ ᠬᠠᠮᠠᠭᠠᠯᠠᠭᠴᠢ ᠪᠣᠯᠣᠨ᠎ᠠ᠄ | ︵ᠨᠢᠭᠡ︶ ᠡᠪᠦᠭᠡ ᠡᠮᠡᠭᠡ᠂ ᠨᠠᠭᠠᠴᠤ ᠡᠪᠦᠭᠡ ᠡᠮᠡᠭᠡ︔ | ︵ᠬᠤᠶᠠᠷ︶ ᠠᠬ᠎ᠠ᠂ ᠡᠭᠡᠴᠢ︔ | ︵ᠭᠤᠷᠪᠠ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ | ᠪᠠᠶᠢᠭᠤᠯᠣᠯᠳᠠ᠂ ᠭᠡᠪᠡᠴᠦ ᠨᠠᠰᠦᠨ ᠳᠤ ᠦᠯᠦ ᠭᠦᠷᠦᠭᠰᠡᠳ ᠤᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ | ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠭᠦ ᠭᠡᠷᠡᠭᠳᠡᠢ᠃ | ᠬᠤᠷᠢᠨ ᠨᠠᠢᠮᠠᠳᠣᠭᠠᠷ ᠵᠦᠢᠯ ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠦᠭᠡᠢ ᠪᠣᠶᠣ | ᠢᠷᠭᠡᠠ ᠤ ᠭᠡᠷᠡᠭ ᠤᠨ ᠦᠢᠯᠡ ᠠᠵᠢᠯᠯᠠᠭ᠎ᠠ ᠶᠢᠨ ᠴᠢᠳᠡᠪᠤᠷᠢ ᠨᠢ ᠬᠢᠵᠡᠭᠠᠷᠳᠡᠢ ᠨᠠᠰᠦᠨ ᠳᠤ ᠭᠦᠷᠦᠭᠰᠡᠳ ᠲᠤ ᠲᠣᠣᠷ᠎ᠠ | ᠵᠢᠭᠰᠠᠭᠠᠭᠰᠠᠨ ᠭᠢᠨᠠᠨ ᠬᠠᠮᠠᠭᠠᠯᠠᠬᠤ ᠴᠢᠳᠠᠪᠦᠷᠢ ᠲᠠᠢ ᠭᠦᠮᠦᠰ ᠲᠡᠰ ᠲᠠᠷᠠᠭᠠᠯᠠᠯ ᠢᠶᠠᠷ ᠢᠶᠠᠨ ᠭᠢᠨᠠᠨ ᠬᠠᠮᠠᠭᠠᠯᠠᠭᠴᠢ | ᠪᠣᠯᠣᠨ᠎ᠠ᠄ | ︵ᠨᠢᠭᠡ︶ ᠬᠤᠯᠪᠣᠰᠦ︔ | ︵ᠬᠤᠶᠠᠷ︶ ᠡᠴᠢᠭᠡ ᠡᠭᠡ᠂ ᠦᠷ᠎ᠡ ᠭᠡᠦᠭᠡᠳ︔ | ︵ᠭᠤᠷᠪᠠ︶ ᠪᠣᠰᠣᠳ ᠦᠢᠷ᠎ᠡ ᠲᠦᠷᠦᠯ ᠰᠠᠳᠦᠨ︔ | ︵ᠲᠦᠷᠪᠡ︶ ᠭᠢᠨᠠᠨ ᠬᠠᠮᠠᠭᠠᠯᠠᠭᠴᠢ ᠪᠣᠯᠬᠤ ᠲᠣᠷᠠᠳᠠᠢ ᠪᠣᠰᠣᠳ ᠬᠤᠪᠢ ᠭᠦᠮᠦᠨ ᠪᠣᠶᠣ ᠵᠣᠭᠢᠶᠠᠨ | ᠪᠠᠶᠢᠭᠤᠯᠣᠯᠳᠠ᠂ ᠭᠡᠪᠡᠴᠦ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ | ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠢᠶᠠᠷ | ᠵᠦᠪᠰᠢᠶᠡᠷᠡᠭᠦᠯᠭᠦ ᠭᠡᠷᠡᠭᠳᠡᠢ᠃ | ᠬᠤᠷᠢ ᠶᠢᠰᠦᠳᠦᠭᠡᠷ ᠵᠦᠢᠯ ᠭᠢᠨᠠᠨ ᠬᠠᠮᠠᠭᠠᠯᠠᠭᠳᠠᠭᠴᠢ ᠶᠢᠨ ᠡᠴᠢᠭᠡ ᠡᠭᠡ ᠨᠢ ᠭᠢᠨᠠᠨ ᠬᠠᠮᠠᠭᠠᠯᠠᠭᠴᠢ ᠪᠤᠯᠵᠤ | ᠪᠠᠶᠢᠭ᠎ᠠ ᠪᠣᠯ᠂ ᠭᠡᠷᠢᠶᠡᠰ ᠢᠶᠠᠷ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠵᠦ ᠪᠣᠯᠣᠨ᠎ᠠ᠃ | ᠭᠤᠴᠢᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠬᠤᠭᠤᠷᠣᠨᠳᠦ ᠪᠠᠨ | ᠵᠦᠪᠳᠡᠯᠴᠡᠵᠦ ᠪᠠᠶᠢᠭᠠᠳ ᠭᠢᠨᠠᠨ ᠬᠠᠮᠠᠭᠠᠯᠠᠭᠴᠢ ᠶᠢ ᠲᠣᠭᠳᠠᠭᠠᠵᠦ ᠪᠣᠯᠣᠨ᠎ᠠ᠃ ᠭᠢᠨᠠᠨ ᠬᠠᠮᠠᠭᠠᠯᠠᠭᠴᠢ ᠶᠢ ᠵᠦᠪᠳᠡᠯᠴᠡᠨ | ᠲᠣᠭᠳᠠᠭᠠᠬᠤ ᠳᠤ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ ᠭᠦᠨᠳᠦᠳᠭᠡᠭᠦ ᠭᠡᠷᠡᠭᠳᠡᠢ᠃ | ᠭᠤᠴᠢᠨ ᠨᠢᠭᠡᠳᠦᠭᠡᠷ ᠵᠦᠢᠯ ᠭᠢᠨᠠᠨ ᠬᠠᠮᠠᠭᠠᠯᠠᠭᠴᠢ ᠶᠢ ᠲᠣᠭᠳᠠᠭᠠᠬᠤ ᠳᠤ ᠮᠠᠷᠭᠤᠭᠠᠨ ᠲᠠᠢ ᠪᠠᠶᠢᠪᠠᠯ᠂ ᠭᠢᠨᠠᠨ | ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ | ᠠᠷᠠᠳ ᠤᠨ ᠵᠦᠪᠯᠡᠯ ᠪᠣᠶᠣ ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠠᠴᠠ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠨ᠎ᠠ᠂ ᠬᠤᠯᠪᠣᠭᠳᠠᠯ ᠪᠦᠭᠦᠢ ᠲᠣᠬᠠᠢ ᠶᠢᠨ ᠭᠦᠮᠦᠨ ᠵᠢᠭᠠᠨ ᠲᠣᠭᠳᠠᠭᠠᠯᠳᠠ ᠶᠢ ᠵᠦᠪᠰᠢᠶᠡᠷᠡᠭᠦ ᠦᠭᠡᠢ ᠳᠤ | ᠭᠦᠷᠪᠡᠯ᠂ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠯᠭᠠᠬᠤ ᠪᠠᠷ ᠭᠤᠶᠣᠴᠢᠯᠠᠵᠦ | ᠪᠣᠯᠣᠨ᠎ᠠ︔ ᠬᠤᠯᠪᠣᠭᠳᠠᠯ ᠪᠦᠭᠦᠢ ᠲᠣᠬᠠᠢ ᠶᠢᠨ ᠭᠦᠮᠦᠨ ᠠᠷᠠᠳ ᠤᠨ ᠰᠢᠭᠦᠭᠦ ᠬᠤᠷᠢᠶ᠎ᠠ ᠳᠤ ᠭᠢᠨᠠᠨ ᠬᠠᠮᠠᠭᠠᠯᠠᠭᠴᠢ ᠶᠢ | ᠵᠢᠭᠠᠨ ᠲᠣᠭᠳᠠᠭᠠᠯᠭᠠᠬᠤ ᠪᠠᠷ ᠰᠢᠭᠤᠳ ᠭᠤᠶᠣᠴᠢᠯᠠᠭᠰᠠᠨ ᠴᠦ ᠪᠣᠯᠣᠨ᠎ᠠ᠃ | ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ᠂ ᠠᠷᠠᠳ ᠤᠨ ᠶᠠᠪᠣᠳᠠᠯ ᠤᠨ ᠰᠠᠯᠠᠭ᠎ᠠ | ᠮᠦᠴᠢᠷ ᠪᠣᠶᠣ ᠠᠷᠠᠳ ᠤᠨ ᠰᠢᠭᠦᠭᠦ ᠬᠤᠷᠢᠶ᠎ᠠ ᠭᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠳᠠᠢ ᠬᠦᠰᠡᠯ ᠰᠠᠨᠠᠭ᠎ᠠ ᠶᠢ | ᠭᠦᠨᠳᠦᠳᠭᠡᠵᠦ᠂ ᠭᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠳᠠᠢ ᠪᠠᠶᠢᠯᠭᠠᠬᠤ ᠵᠠᠷᠴᠢᠮ ᠢᠶᠠᠷ᠂ ᠬᠠᠣᠯᠢ | ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠰ ᠤᠨ ᠲᠣᠳᠣᠷ᠎ᠠ ᠠᠴᠠ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠬᠤ ᠭᠡᠷᠡᠭᠳᠡᠢ᠃ | ᠲᠣᠰ ᠵᠦᠢᠯ ᠤᠨ ᠨᠢᠭᠡᠳᠦᠭᠡᠷ ᠪᠠᠳᠠᠭ ᠤᠨ ᠲᠣᠭᠳᠠᠭᠠᠯ ᠢ ᠦᠨᠳᠦᠰᠦᠯᠡᠨ ᠭᠢᠨᠠᠨ ᠬᠠᠮᠠᠭᠠᠯᠠᠭᠴᠢ ᠶᠢ ᠵᠢᠭᠠᠨ | ᠲᠣᠭᠳᠠᠭᠠᠬᠤ ᠠᠴᠠ ᠡᠮᠦᠨ᠎ᠡ᠂ ᠭᠢᠨᠠᠨ ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ | ᠪᠣᠰᠣᠳ ᠬᠠᠣᠯᠢ ᠶᠣᠰᠣᠨ ᠤ ᠡᠷᠭᠡ ᠠᠰᠢᠭ ᠨᠢ ᠬᠠᠮᠠᠭᠠᠯᠠᠬᠤ ᠭᠦᠮᠦᠨ ᠦᠭᠡᠢ ᠪᠠᠶᠢᠳᠠᠯ ᠳᠤ ᠣᠷᠣᠰᠢᠵᠦ ᠪᠠᠶᠢᠪᠠᠯ᠂ | ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ | ᠠᠷᠠᠳ ᠤᠨ ᠵᠦ᠋ᠪᠯᠡᠯ᠂ ᠬᠠᠣᠯᠢ ᠴᠠᠭᠠᠵᠠ ᠳᠤ ᠲᠣᠭᠳᠠᠭᠠᠭᠰᠠᠨ ᠬᠤᠯᠪᠣᠭᠳᠠᠯ ᠪᠦᠭᠦᠢ ᠵᠣᠭᠢᠶᠠᠨ ᠪᠠᠶᠢᠭᠤᠯᠣᠯᠳᠠ ᠪᠣᠶᠣ | ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠲᠦᠷ ᠴᠠᠭ ᠤᠨ ᠭᠢᠨᠠᠨ ᠬᠠᠮᠠᠭᠠᠯᠠᠭᠴᠢ ᠪᠣᠯᠣᠨ᠎ᠠ᠃ | ᠭᠢᠨᠠᠨ ᠬᠠᠮᠠᠭᠠᠯᠠᠭᠴᠢ ᠶᠢ ᠵᠢᠭᠠᠨ ᠲᠣᠭᠳᠠᠭᠠᠭᠰᠠᠨ ᠤ ᠲᠠᠷᠠᠭ᠎ᠠ᠂ ᠲᠣᠷ᠎ᠠ ᠪᠠᠷ ᠢᠶᠠᠨ ᠬᠤᠪᠢᠷᠠᠭᠤᠯᠵᠦ ᠪᠣᠯᠬᠤ | ᠦᠭᠡᠢ︔ ᠲᠣᠷ᠎ᠠ ᠪᠠᠷ ᠢᠶᠠᠨ ᠬᠤᠪᠢᠷᠠᠭᠤᠯᠣᠭᠰᠠᠨ ᠪᠠᠶᠢᠪᠠᠯ᠂ ᠵᠢᠭᠠᠨ ᠲᠣᠭᠳᠠᠭᠠᠭᠳᠠᠭᠰᠠᠨ ᠭᠢᠨᠠᠨ ᠬᠠᠮᠠᠭᠠᠯᠠᠭᠴᠢ ᠶᠢᠨ | ᠬᠠᠷᠢᠭᠤᠴᠠᠯᠭ᠎ᠠ ᠶᠢ ᠭᠡᠯᠳᠦᠷᠢᠭᠦᠯᠭᠦ ᠦᠭᠡᠢ᠃ | ᠭᠤᠴᠢᠨ ᠬᠤᠶᠠᠳᠣᠭᠠᠷ ᠵᠦᠢᠯ ᠬᠠᠣᠯᠢ ᠶᠣᠰᠣᠭᠠᠷ ᠭᠢᠨᠠᠨ ᠬᠠᠮᠠᠭᠠᠯᠠᠬᠤ ᠭᠢᠷᠢ ᠭᠡᠮ ᠲᠠᠢ ᠭᠦᠮᠦᠨ ᠦᠭᠡᠢ ᠪᠣᠯ᠂ | ᠠᠷᠠᠳ ᠤᠨ ᠶᠠᠪᠣᠳᠠᠯ ᠤᠨ ᠰᠠᠯᠠᠭ᠎ᠠ ᠮᠦᠴᠢᠷ ᠭᠢᠨᠠᠨ ᠬᠠᠮᠠᠭᠠᠯᠠᠭᠴᠢ ᠪᠣᠯᠣᠨ᠎ᠠ᠂ ᠭᠢᠨᠠᠨ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠶᠢ ᠭᠦᠢᠴᠡᠳᠭᠡᠭᠦ ᠨᠦᠭᠦᠴᠡᠯ ᠪᠦᠷᠢᠳᠦᠭᠰᠡᠨ ᠭᠢᠨᠠᠨ ᠬᠠᠮᠠᠭᠠᠯᠠᠭᠳᠠᠭᠴᠢ ᠶᠢᠨ ᠣᠷᠣᠨ ᠰᠠᠭᠤᠴᠠ ᠶᠢᠨ | ᠭᠠᠵᠠᠷ ᠤᠨ ᠰᠠᠭᠤᠭᠠᠯᠢ ᠠᠷᠠᠳ ᠤᠨ ᠵᠦᠪᠯᠡᠯ᠂ ᠲᠤᠰᠬᠤᠨ ᠤ ᠠᠷᠠᠳ ᠤᠨ ᠵᠦᠪᠯᠡᠯ ᠭᠢᠨᠠᠨ ᠬᠠᠮᠠᠭᠠᠯᠠᠭᠴᠢ ᠪᠣᠯᠣᠭᠰᠠᠨ | ᠴᠦ ᠪᠣᠯᠣᠨ᠎ᠠ᠃ | ᠭᠤᠴᠢᠨ ᠭᠤᠷᠪᠠᠳᠣᠭᠠᠷ ᠵᠦᠢᠯ ᠢᠷᠭᠡᠨ ᠤ ᠭᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ | ᠨᠠᠰᠦᠨ ᠳᠤ ᠭᠦᠷᠦᠭᠰᠡᠨ ᠬᠥᠮᠥᠨ ᠲᠡᠭᠦᠨ ᠤ ᠦᠢᠷ᠎ᠡ ᠲᠦᠷᠦᠯ ᠰᠠᠳᠦᠨ᠂ ᠭᠢᠨᠠᠨ ᠬᠠᠮᠠᠭᠠᠯᠠᠭᠴᠢ ᠪᠣᠯᠬᠤ ᠲᠣᠷᠠᠳᠠᠢ | ᠪᠣᠰᠣᠳ ᠬᠤᠪᠢ ᠭᠦᠮᠦᠨ ᠪᠣᠶᠣ ᠵᠣᠭᠢᠶᠠᠨ ᠪᠠᠶᠢᠭᠤᠯᠣᠯᠳᠠ ᠲᠠᠢ ᠣᠷᠢᠳᠴᠢᠯᠠᠨ ᠵᠦᠪᠳᠡᠯᠴᠡᠵᠦ᠂ ᠪᠢᠴᠢᠭ ᠤᠨ | ᠭᠡᠯᠪᠡᠷᠢ ᠪᠠᠷ ᠦᠪᠠᠷ ᠤᠨ ᠭᠢᠨᠠᠨ ᠬᠠᠮᠠᠭᠠᠯᠠᠭᠴᠢ ᠪᠠᠨ ᠲᠣᠭᠳᠠᠭᠠᠵᠦ᠂ ᠦᠪᠡᠷ ᠢᠶᠠᠨ ᠢᠷᠭᠡᠨ ᠤ ᠭᠡᠷᠡᠭ ᠤᠨ ᠦᠢᠯᠠ | ᠠᠵᠢᠯᠯᠠᠭ᠎ᠠ ᠶᠢᠨ ᠴᠢᠳᠠᠪᠦᠷᠢ ᠪᠠᠨ ᠠᠯᠳᠠᠬᠤ ᠪᠣᠶᠣ ᠭᠡᠰᠡᠭ ᠲᠠᠯ᠎ᠠ ᠪᠠᠷ ᠠᠯᠳᠠᠬᠤ ᠦᠶ᠎ᠡ ᠳᠤ᠂ ᠳᠤᠰ ᠬᠢᠨᠠᠨ | ᠬᠠᠮᠠᠭᠠᠯᠠᠬᠴᠢ ᠪᠠᠷ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠭᠦᠢᠴᠡᠳᠭᠡᠬᠦᠯᠵᠦ ᠪᠤᠯᠤᠨ᠎ᠠ᠃ | ᠭᠤᠴᠢᠨ ᠲᠦᠷᠪᠡᠳᠦᠭᠡᠷ ᠵᠦᠢᠯ ᠭᠢᠨᠠᠨ ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠪᠣᠯ ᠭᠢᠨᠠᠨ | ᠬᠠᠮᠠᠭᠠᠯᠠᠭᠳᠠᠭᠴᠢ ᠶᠢ ᠤᠷᠤᠯᠠᠨ ᠢᠷᠭᠡᠨ ᠤ ᠭᠡᠷᠡᠭ ᠤᠨ ᠬᠠᠣᠯᠢ ᠴᠠᠭᠠᠵᠠ ᠶᠢᠨ ᠦᠢᠯᠠ ᠠᠵᠢᠯᠯᠠᠭ᠎ᠠ ᠭᠢᠵᠦ᠂ ᠭᠢᠨᠠᠨ | ᠬᠠᠮᠠᠭᠠᠯᠠᠭᠳᠠᠭᠴᠢ ᠶᠢᠨ ᠪᠡᠶ᠎ᠡ ᠶᠢᠨ ᠡᠷᠭᠡ᠂ ᠡᠳ᠋ ᠭᠦᠷᠦᠩᠭᠡ ᠶᠢᠨ ᠡᠷᠭᠡ ᠵᠢᠴᠢ ᠪᠣᠰᠣᠳ ᠬᠠᠣᠯᠢ ᠶᠣᠰᠣᠨ ᠤ ᠡᠷᠭᠡ | ᠠᠰᠢᠭ ᠢ ᠬᠠᠮᠠᠭᠠᠯᠠᠬᠤ ᠵᠡᠷᠭᠡ ᠶᠠᠪᠤᠳᠠᠯ ᠪᠣᠯᠣᠨ᠎ᠠ᠃ | ᠭᠢᠨᠠᠨ ᠬᠠᠮᠠᠭᠠᠯᠠᠭᠴᠢ ᠶᠢᠨ ᠭᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠬᠠᠣᠯᠢ ᠶᠣᠰᠣᠭᠠᠷ | ᠭᠦᠢᠴᠡᠳᠭᠡᠭᠰᠡᠨ ᠠᠴᠠ ᠪᠣᠢ ᠪᠣᠯᠣᠭᠰᠠᠨ ᠡᠷᠭᠡ ᠶᠢ ᠬᠠᠣᠯᠢ ᠪᠠᠷ ᠬᠠᠮᠠᠭᠠᠯᠠᠨ᠎ᠠ᠃ | ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠢᠨᠠᠨ | ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠥᠨᠤᠭᠡᠭᠰᠡᠨ ᠪᠠᠶᠢᠪᠠᠯ᠂ ᠬᠠᠣᠯᠢ ᠶᠢᠨ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠢ᠃ | ᠭᠡᠨᠡᠳᠲᠡ ᠶᠢᠨ ᠬᠡᠷᠡᠭ ᠡᠭᠦᠰᠦᠭᠰᠡᠨ ᠵᠡᠷᠭᠡ ᠪᠠᠴᠢᠮ ᠪᠠᠶᠢᠳᠠᠯ ᠠᠴᠠ ᠪᠣᠯᠤᠭᠠᠳ ᠬᠢᠨᠠᠨ ᠬᠠᠮᠠᠭᠠᠯᠠᠭᠴᠢ ᠨᠢ ᠬᠢᠨᠠᠨ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠲᠦᠷ ᠭᠦᠢᠴᠡᠳᠬᠡᠬᠦ ᠶᠢᠨ ᠠᠷᠭ᠎ᠠ ᠦᠭᠡᠢ ᠪᠣᠯᠵᠤ᠂ ᠬᠢᠨᠠᠨ | ᠬᠠᠮᠠᠭᠠᠯᠠᠭᠳᠠᠬᠴᠢ ᠶᠢᠨ ᠠᠮᠢᠳᠤᠷᠠᠯ ᠬᠠᠷᠠᠭᠠᠯᠵᠠᠬᠤ ᠬᠦᠮᠦᠨ ᠦᠭᠡᠢ ᠪᠠᠶᠢᠳᠠᠯ ᠳᠤ ᠣᠷᠤᠰᠢᠵᠤ ᠪᠠᠶᠢᠪᠠᠯ᠂ ᠬᠢᠨᠠᠨ | ᠬᠠᠮᠠᠭᠠᠯᠠᠬᠳᠡᠬᠴᠢ ᠶᠢᠨ ᠣᠷᠤᠨ ᠰᠠᠭᠤᠴᠠ ᠶᠢᠨ ᠭᠠᠵᠠᠷ ᠤᠨ ᠰᠠᠭᠤᠭᠠᠯᠢ ᠠᠷᠠᠳ ᠤᠨ ᠵᠥᠪᠯᠡᠯ᠂ ᠲᠣᠰᠬᠤᠨ ᠤ | ᠠᠷᠠᠳ ᠤᠨ ᠵᠥᠪᠯᠠᠯ ᠪᠣᠶᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠢᠨᠠᠨ ᠬᠠᠮᠠᠭᠠᠯᠠᠬᠳᠠᠬᠴᠢ ᠳᠤ ᠲᠦᠷ | ᠴᠠᠭ ᠠᠮᠢᠳᠤᠷᠠᠯ ᠢ ᠨᠢ ᠬᠠᠷᠠᠭᠠᠯᠵᠠᠬᠤ ᠴᠢᠬᠤᠯᠠ ᠪᠦᠬᠦᠢ ᠠᠷᠭ᠎ᠠ ᠬᠡᠮᠵᠢᠶ᠎ᠠ ᠳᠤᠬᠢᠷᠠᠭᠤᠯᠬᠤ ᠬᠡᠷᠡᠭᠲᠡᠢ᠃ | ᠭᠤᠴᠢᠨ ᠲᠠᠪᠣᠳᠣᠭᠠᠷ ᠵᠦᠢᠯ ᠬᠢᠨᠠᠨ ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ | ᠪᠠᠶᠢᠯᠭᠠᠬᠤ ᠵᠠᠷᠴᠢᠮ ᠶᠤᠰᠤᠭᠠᠷ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠢᠨᠠᠨ | ᠬᠠᠮᠠᠭᠠᠯᠠᠭᠳᠠᠭᠴᠢ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠦᠯᠦᠭᠡ ᠪᠠᠶᠢᠬᠤ ᠶᠢ ᠭᠠᠷᠭᠠᠪᠠᠯ᠂ ᠬᠢᠨᠠᠨ | ᠬᠠᠮᠠᠭᠠᠯᠠᠭᠴᠢ ᠨᠢ ᠬᠢᠨᠠᠨ ᠬᠠᠮᠠᠭᠠᠯᠠᠭᠳᠠᠭᠴᠢ ᠶᠢᠨ ᠡᠳ᠋ ᠬᠦᠷᠦᠩᠭᠡ ᠶᠢ ᠰᠢᠢᠳᠪᠦᠷᠢᠯᠡᠵᠦ ᠪᠤᠯᠬᠤ ᠦᠭᠡᠢ᠃ | ᠨᠠᠰᠤᠨ ᠳᠤ ᠦᠯᠦ ᠬᠦᠷᠦᠭᠰᠡᠳ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠵᠤ᠂ ᠬᠢᠨᠠᠨ ᠬᠠᠮᠠᠭᠠᠯᠠᠭᠳᠠᠭᠴᠢ ᠶᠢᠨ ᠠᠰᠢᠭ ᠲᠣᠰᠠ ᠳᠤ ᠬᠤᠯᠪᠤᠭᠳᠠᠬᠤ ᠲᠤᠭᠲᠠᠭᠠᠯ ᠭᠠᠷᠭᠠᠬᠤ ᠳᠠᠭᠠᠨ᠂ | ᠬᠢᠨᠠᠨ ᠬᠠᠮᠠᠭᠠᠯᠠᠭᠳᠠᠭᠴᠢ ᠶᠢᠨ ᠨᠠᠰᠤ ᠵᠢᠯ ᠪᠠ ᠤᠶᠤᠨ ᠴᠢᠳᠠᠪᠤᠷᠢ ᠶᠢᠨ ᠪᠠᠶᠢᠳᠠᠯ ᠢ ᠦᠨᠳᠦᠰᠦᠯᠡᠵᠤ᠂ ᠬᠢᠨᠠᠨ | ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠬᠦ ᠬᠡᠷᠡᠭᠲᠡᠢ᠃ | ᠨᠠᠰᠤᠨ ᠳᠤ ᠬᠦᠷᠦᠭᠰᠡᠤᠨ ᠤᠨ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠡᠭᠡᠨ ᠬᠢᠨᠠᠨ ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠠᠮᠤᠭ ᠤᠨ ᠶᠡᠭᠡ | ᠬᠡᠮᠵᠢᠶ᠎ᠡ ᠪᠠᠷ ᠬᠦᠨᠳᠦᠳᠬᠡᠵᠦ᠂ ᠬᠢᠨᠠᠨ ᠬᠠᠮᠠᠭᠠᠯᠠᠭᠳᠠᠭᠴᠢ ᠶᠢᠨ ᠤᠶᠤᠨ ᠴᠢᠳᠠᠪᠤᠷᠢ᠂ ᠤᠶᠤᠨ ᠤ ᠡᠷᠡᠭᠦᠯ ᠮᠡᠨᠳᠦ ᠶᠢᠨ | ᠪᠠᠶᠢᠳᠠᠯ ᠲᠠᠢ ᠪᠠᠨ ᠵᠤᠬᠢᠴᠠᠭᠰᠠᠨ ᠢᠷᠭᠡᠨ ᠤ ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠬᠢᠬᠦ ᠶᠢ | ᠪᠠᠲᠤᠯᠠᠬᠤ ᠪᠦᠭᠡᠳ ᠲᠡᠭᠦᠨ ᠳᠤ ᠬᠠᠮᠵᠢᠯᠴᠠᠬᠤ ᠬᠡᠷᠡᠭᠲᠡᠢ᠃ ᠬᠢᠨᠠᠨ ᠬᠠᠮᠠᠭᠠᠯᠠᠭᠳᠠᠭᠴᠢ ᠶᠢᠨ ᠪᠡᠶ᠎ᠡ ᠪᠠᠨ ᠳᠠᠭᠠᠭᠠᠵᠤ | ᠰᠢᠢᠳᠪᠦᠷᠢᠯᠡᠬᠦ ᠴᠢᠳᠠᠪᠤᠷᠢ ᠲᠠᠢ ᠬᠡᠷᠡᠭ ᠶᠠᠪᠤᠳᠠᠯ ᠳᠤ ᠬᠢᠨᠠᠨ ᠬᠠᠮᠠᠭᠠᠯᠠᠭᠴᠢ ᠭᠠᠷ ᠲᠦᠷᠦᠵᠦ ᠪᠤᠯᠬᠤ ᠦᠭᠡᠢ᠃ | ᠭᠤᠴᠢᠨ ᠵᠢᠷᠭᠤᠳᠤᠭᠠᠷ ᠵᠦᠢᠯ ᠬᠢᠨᠠᠨ ᠬᠠᠮᠠᠭᠠᠯᠠᠭᠴᠢ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ᠂ ᠠᠷᠠᠳ ᠤᠨ ᠰᠢᠬᠦᠬᠦ ᠬᠤᠷᠢᠶ᠎ᠠ ᠬᠤᠯᠪᠤᠭᠳᠠᠯ ᠪᠦᠬᠦᠢ ᠬᠤᠪᠢ ᠬᠦᠮᠦᠨ ᠪᠤᠶᠤ ᠵᠤᠬᠢᠶᠠᠨ | ᠪᠠᠶᠢᠭᠤᠯᠤᠯᠲᠠ ᠶᠢᠨ ᠭᠤᠶᠤᠴᠢᠯᠠᠯ ᠢ ᠦᠨᠳᠦᠰᠦᠯᠡᠵᠦ᠂ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠬᠦᠴᠦᠨ ᠦᠭᠡᠢ | ᠪᠤᠯᠭᠠᠵᠤ᠂ ᠴᠢᠬᠤᠯᠠ ᠪᠦᠬᠦᠢ ᠲᠦᠷ ᠴᠠᠭ ᠤᠨ ᠬᠢᠨᠠᠨ ᠬᠠᠮᠠᠭᠠᠯᠠᠬᠤ ᠠᠷᠭ᠎ᠠ ᠬᠡᠮᠵᠢᠶ᠎ᠡ ᠲᠤᠬᠢᠷᠠᠭᠤᠯᠬᠤ ᠪᠦᠭᠡᠳ | ᠬᠢᠨᠠᠨ ᠬᠠᠮᠠᠭᠠᠯᠠᠭᠳᠠᠭᠴᠢ ᠳᠤ ᠬᠠᠮᠤᠭ ᠤᠨ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ ᠬᠢᠨᠠᠨ ᠬᠠᠮᠠᠭᠠᠯᠠᠭᠴᠢ ᠶᠢ | ᠬᠠᠤᠯᠢ ᠶᠤᠰᠤᠭᠠᠷ ᠵᠢᠭᠠᠨ ᠲᠤᠭᠲᠠᠭᠠᠨᠡ᠄ | ︵ᠨᠢᠭᠡ︶ ᠬᠢᠨᠠᠨ ᠬᠠᠮᠠᠭᠠᠯᠠᠭᠳᠠᠭᠴᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠦᠨᠳᠦ ᠨᠤᠴᠢᠲᠠᠢ | ᠬᠤᠬᠢᠷᠠᠭᠤᠯᠬᠤ ᠦᠢᠯᠡ ᠠᠵᠢᠯᠯᠠᠭ᠎ᠠ ᠬᠢᠭᠰᠡᠨ︔ | ︵ᠬᠤᠶᠠᠷ︶ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠤᠶᠢᠷᠭᠤᠰᠢᠭᠰᠠᠨ᠂ | ᠡᠰᠡᠭᠦᠯ᠎ᠡ ᠬᠢᠨᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠳᠠᠶᠢᠯᠬᠦ ᠦᠭᠡᠢ ᠮᠦᠷᠲᠡᠭᠡᠨ ᠬᠢᠨᠠᠨ | ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢᠨ ᠢᠶᠠᠨ ᠬᠡᠰᠡᠭ ᠢ ᠪᠤᠶᠤ ᠪᠦᠬᠦᠨ ᠢ ᠪᠤᠰᠤᠳ ᠲᠤ ᠨᠠᠶᠢᠳᠠᠬᠤ ᠶᠢ ᠲᠡᠪᠴᠢᠵᠤ | ᠂ ᠬᠢᠨᠠᠨ ᠬᠠᠮᠠᠭᠠᠯᠠᠭᠳᠠᠭᠴᠢ ᠶᠢ ᠠᠶᠤᠯ ᠪᠡᠷᠬᠡᠰᠢᠶᠡᠯ ᠲᠠᠢ ᠪᠠᠶᠢᠳᠠᠯ ᠳᠤ ᠤᠷᠤᠭᠤᠯᠤᠭᠰᠠᠨ︔ | ︵ᠭᠤᠷᠪᠠ︶ ᠬᠢᠨᠠᠨ ᠬᠠᠮᠠᠭᠠᠯᠠᠭᠳᠠᠭᠴᠢ ᠶᠢᠨ ᠬᠠᠤᠯᠢ ᠶᠤᠰᠤᠨ ᠤ ᠡᠷᠬᠡ ᠠᠰᠢᠭ ᠢ ᠬᠦᠨᠳᠦ ᠨᠤᠴᠢᠲᠠᠢ | ᠬᠥᠨᠤᠭᠡᠭᠰᠡᠨ ᠪᠤᠰᠤᠳ ᠦᠢᠯᠡ ᠠᠵᠢᠯᠯᠠᠭ᠎ᠠ ᠬᠢᠭᠰᠡᠨ᠃ | ᠲᠤᠰ ᠵᠦᠢᠯ ᠳᠤ ᠲᠤᠭᠲᠠᠭᠠᠭᠰᠠᠨ ᠬᠤᠯᠪᠤᠭᠳᠠᠯ ᠪᠦᠬᠦᠢ ᠬᠤᠪᠢ ᠬᠦᠮᠦᠨ ᠪᠠ ᠵᠤᠬᠢᠶᠠᠨ ᠪᠠᠶᠢᠭᠤᠯᠤᠯᠲᠠ ᠳᠤ᠂ | ᠬᠠᠤᠯᠢ ᠶᠤᠰᠤᠭᠠᠷ ᠬᠢᠨᠠᠨ ᠬᠠᠮᠠᠭᠠᠯᠠᠬᠤ ᠬᠢᠷᠢ ᠬᠡᠮ ᠲᠠᠢ ᠪᠤᠰᠤᠳ ᠬᠦᠮᠦᠨ᠂ ᠰᠠᠭᠤᠭᠠᠯᠢ ᠠᠷᠠᠳ ᠤᠨ ᠵᠦᠪᠯᠡᠯ᠂ | ᠲᠤᠰᠬᠤᠨ ᠤ ᠠᠷᠠᠳ ᠤᠨ ᠵᠦᠪᠯᠡᠯ᠂ ᠰᠤᠷᠭᠠᠭᠤᠯᠢ᠂ ᠡᠮᠨᠡᠯᠭᠡ ᠶᠢᠨ ᠪᠠᠶᠢᠭᠤᠯᠤᠮᠵᠢ᠂ ᠡᠮᠡᠭᠳᠡᠶᠢᠴᠦᠳ ᠤᠨ | ᠬᠤᠯᠪᠤᠭᠠᠲᠤ ᠬᠤᠷᠠᠯ᠂ ᠵᠡᠮᠳᠡᠭᠴᠤᠳ ᠤᠨ ᠬᠤᠯᠪᠤᠭᠠᠲᠤ ᠬᠤᠷᠠᠯ᠂ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ | ᠵᠤᠬᠢᠶᠠᠨ ᠪᠠᠶᠢᠭᠤᠯᠤᠯᠲᠠ᠂ ᠬᠠᠤᠯᠢ ᠶᠤᠰᠤᠭᠠᠷ ᠪᠠᠶᠢᠭᠤᠯᠤᠭᠰᠠᠨ ᠨᠠᠰᠤᠲᠠᠶᠢᠴᠤᠳ ᠤᠨ ᠵᠤᠬᠢᠶᠠᠨ ᠪᠠᠶᠢᠭᠤᠯᠤᠯᠲᠠ᠂ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠪᠠᠭᠲᠠᠨ᠎ᠠ᠃ | ᠡᠮᠦᠨᠡᠬᠢ ᠪᠠᠳᠠᠭ ᠲᠤ ᠲᠤᠭᠲᠠᠭᠠᠭᠰᠠᠨ ᠬᠤᠪᠢ ᠬᠦᠮᠦᠨ ᠪᠠ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ | ᠭᠠᠳᠠᠨᠠᠬᠢ ᠵᠤᠬᠢᠶᠠᠨ ᠪᠠᠶᠢᠭᠤᠯᠤᠯᠲᠠ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ ᠬᠡᠮ ᠢ | ᠬᠦᠴᠦᠨ ᠦᠭᠡᠢ ᠪᠤᠯᠭᠠᠭᠤᠯᠬᠤ ᠪᠠᠷ ᠴᠠᠭ ᠲᠤᠬᠠᠢ ᠳᠤᠨᠢ ᠭᠤᠶᠣᠴᠢᠯᠠᠭᠰᠠᠨ ᠦᠭᠡᠢ ᠪᠠᠶᠢᠪᠠᠯ᠂ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠨᠢ ᠠᠷᠠᠳ ᠤᠨ ᠰᠢᠬᠦᠬᠦ ᠬᠤᠷᠢᠶ᠎ᠠ ᠳᠤ ᠭᠤᠶᠤᠴᠢᠯᠠᠬᠤ ᠬᠡᠷᠡᠭᠲᠡᠢ᠃ | ᠭᠤᠴᠢᠨ ᠲᠤᠯᠤᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠠᠰᠠᠷᠠᠨ ᠲᠡᠵᠢᠭᠡᠬᠦ ᠵᠠᠷᠤᠳᠠᠯ᠂ ᠠᠴᠢᠯᠠᠨ | ᠲᠡᠵᠢᠭᠡᠬᠦ ᠵᠠᠷᠤᠳᠠᠯ᠂ ᠲᠡᠳᠬᠦᠨ ᠲᠡᠵᠢᠭᠡᠬᠦ ᠵᠠᠷᠤᠳᠠᠯ ᠢ ᠬᠠᠤᠯᠢ ᠶᠤᠰᠤᠭᠠᠷ ᠡᠭᠦᠷᠭᠡᠯᠡᠵᠦ ᠪᠠᠶᠢᠭ᠎ᠠ ᠡᠴᠢᠬᠡ ᠡᠬᠡ᠂ | ᠦᠷ᠎ᠡ ᠬᠡᠦᠬᠡᠳ᠂ ᠬᠤᠯᠪᠤᠭᠠᠰᠤ ᠵᠡᠷᠭᠡ ᠨᠢ ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠬᠴᠢ ᠶᠢᠨ ᠬᠢᠷᠢ | ᠬᠡᠮ ᠢᠶᠠᠨ ᠬᠦᠴᠦᠨ ᠦᠭᠡᠢ ᠪᠤᠯᠭᠠᠭᠳᠠᠭᠰᠠᠨ ᠤ ᠳᠠᠷᠠᠭ᠎ᠠ᠂ ᠡᠭᠦᠷᠭᠡᠯᠡᠵᠦ ᠪᠠᠶᠢᠭ᠎ᠠ ᠡᠭᠦᠷᠭᠡ ᠪᠠᠨ ᠦᠷᠭᠦᠯᠵᠢᠯᠠᠨ | ᠭᠦᠢᠴᠡᠳᠭᠡᠭᠦ ᠬᠡᠷᠡᠭᠲᠡᠢ᠃ | ᠭᠤᠴᠢᠨ ᠨᠠᠢᠮᠠᠳᠤᠭᠠᠷ ᠵᠦᠢᠯ ᠬᠢᠨᠠᠨ ᠬᠠᠮᠠᠭᠠᠯᠠᠭᠳᠠᠭᠴᠢ ᠶᠢᠨ ᠡᠴᠢᠬᠡ ᠡᠬᠡ ᠪᠤᠶᠤ ᠦᠷ᠎ᠡ ᠬᠡᠦᠬᠡᠳ ᠨᠢ | ᠠᠷᠠᠳ ᠤᠨ ᠰᠢᠬᠦᠬᠦ ᠬᠤᠷᠢᠶ᠎ᠠ ᠳᠤ ᠬᠢᠨᠠᠨ ᠬᠠᠮᠠᠭᠠᠯᠠᠭᠴᠢ ᠶᠢᠨ ᠬᠢᠷᠢ ᠬᠡᠮ ᠢᠶᠠᠨ ᠬᠦᠴᠦᠨ ᠦᠭᠡᠢ ᠪᠤᠯᠭᠠᠭᠳᠠᠭᠰᠠᠨ ᠤ | ᠳᠠᠷᠠᠭ᠎ᠠ᠂ ᠬᠢᠨᠠᠨ ᠬᠠᠮᠠᠭᠠᠯᠠᠭᠳᠠᠭᠴᠢ ᠳᠤ ᠵᠤᠷᠢᠭᠤᠲᠠ ᠶᠠᠯ᠎ᠠ ᠬᠢᠭᠰᠡᠨ ᠢ ᠭᠠᠷᠭᠠᠪᠠᠯ᠂ ᠦᠨᠡᠭᠡᠷ ᠬᠡᠮᠰᠢᠨ ᠵᠠᠰᠠᠷᠠᠬᠤ | ᠢᠯᠡᠷᠡᠯ ᠲᠠᠢ ᠪᠤᠯ᠂ ᠲᠡᠭᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ ᠬᠢᠨᠠᠨ | ᠬᠠᠮᠠᠭᠠᠯᠠᠭᠳᠠᠭᠴᠢ ᠶᠢᠨ ᠦᠨᠡᠨ ᠪᠤᠳᠠᠲᠠᠢ ᠬᠦᠰᠡᠯ ᠰᠠᠨᠠᠭ᠎ᠠ ᠶᠢ ᠬᠦᠨᠳᠦᠳᠬᠡᠭᠰᠡᠨ ᠤᠷᠢᠳᠠᠯ ᠲᠤᠤᠷ᠎ᠠ᠂ ᠪᠠᠶᠢᠳᠠᠯ ᠢ | ᠦᠵᠡᠵᠦ ᠪᠠᠶᠢᠭᠠᠳ ᠬᠢᠨᠠᠨ ᠬᠠᠮᠠᠭᠠᠯᠠᠭᠴᠢ ᠶᠢᠨ ᠬᠢᠷᠢ ᠬᠡᠮ ᠢ ᠨᠢ ᠰᠡᠷᠬᠦᠭᠡᠵᠤ ᠪᠤᠯᠤᠨ᠎ᠠ᠂ ᠠᠷᠠᠳ ᠤᠨ ᠰᠢᠬᠦᠬᠦ | ᠬᠤᠷᠢᠶᠠᠨ ᠤ ᠵᠢᠭᠠᠨ ᠲᠤᠭᠲᠠᠭᠠᠭᠰᠠᠨ ᠬᠢᠨᠠᠨ ᠬᠠᠮᠠᠭᠠᠯᠠᠭᠴᠢ ᠶᠢᠨ ᠬᠢᠨᠠᠨ ᠬᠠᠮᠠᠭᠠᠯᠠᠭᠳᠠᠭᠴᠢ ᠯᠤᠭ᠎ᠠ ᠶᠢᠨ ᠬᠢᠨᠠᠨ | ᠬᠠᠮᠠᠭᠠᠯᠠᠬᠤ ᠬᠠᠷᠢᠴᠠᠭ᠎ᠠ ᠵᠡᠷᠭᠡ ᠳᠤᠨᠢ ᠳᠠᠭᠤᠰᠤᠨ᠎ᠠ᠃ | ︵ᠦᠷᠬᠦᠯᠵᠢᠯᠡᠯ ᠪᠤᠢ︶ |