︵2020 ᠤᠨ ᠤ 11 ᠰᠠᠷ᠎ᠠ ᠶᠢᠨ 12 ᠤᠨ ᠡᠳᠦᠷ ᠤᠨ ᠦᠷᠬᠦᠯᠵᠢᠯᠡᠯ︶ | | ᠭᠤᠴᠢ ᠶᠢᠰᠦᠳᠦᠭᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠬᠠᠮᠠᠭᠠᠯᠠᠬᠤ | ᠬᠠᠷᠢᠴᠠᠭ᠎ᠠ ᠳᠠᠭᠤᠰᠤᠨ᠎ᠠ᠄ | ︵ᠨᠢᠭᠡ︶ ᠬᠢᠨᠠᠨ ᠬᠠᠮᠠᠭᠠᠯᠠᠭᠳᠠᠭᠴᠢ ᠢᠷᠬᠡᠨ ᠤ ᠬᠡᠷᠡᠭ ᠤᠨ ᠦᠢᠯᠡ ᠠᠵᠢᠯᠯᠠᠭ᠎ᠠ ᠶᠢᠨ ᠪᠦᠷᠢᠨ ᠴᠢᠳᠠᠪᠤᠷᠢ ᠶᠢ | ᠤᠯᠤᠭᠰᠠᠨ | ︵ᠬᠤᠶᠠᠷ︶ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ ᠴᠢᠳᠠᠪᠤᠷᠢ ᠪᠠᠨ ᠠᠯᠳᠠᠭᠰᠠᠨ︔ | ︵ᠭᠤᠷᠪᠠ︶ ᠬᠢᠨᠠᠨ ᠬᠠᠮᠠᠭᠠᠯᠠᠭᠳᠠᠭᠴᠢ ᠪᠤᠶᠤ ᠬᠢᠨᠠᠨ ᠬᠠᠮᠠᠭᠠᠯᠠᠭᠴᠢ ᠦᠬᠦᠭᠰᠡᠨ︔ | ︵ᠳᠦᠷᠪᠡ︶ ᠠᠷᠠᠳ ᠤᠨ ᠰᠢᠬᠦᠬᠦ ᠬᠤᠷᠢᠶ᠎ᠠ ᠠᠴᠠ ᠬᠢᠨᠠᠨ ᠬᠠᠮᠠᠭᠠᠯᠠᠬᠤ ᠬᠠᠷᠢᠴᠠᠭ᠎ᠠ ᠳᠠᠭᠤᠰᠤᠭᠰᠠᠨ ᠢ | ᠮᠠᠭᠠᠳᠯᠠᠨ ᠲᠤᠭᠲᠠᠭᠠᠬᠤ ᠪᠤᠰᠤᠳ ᠪᠠᠶᠢᠳᠠᠯ᠃ | ᠬᠢᠨᠠᠨ ᠬᠠᠮᠠᠭᠠᠯᠠᠬᠤ ᠬᠠᠷᠢᠴᠠᠭ᠎ᠠ ᠳᠠᠭᠤᠰᠤᠭᠰᠠᠨ ᠤ ᠳᠠᠷᠠᠭ᠎ᠠ᠂ ᠬᠢᠨᠠᠨ ᠬᠠᠮᠠᠭᠠᠯᠠᠬᠳᠠᠭᠴᠢ ᠶᠢ ᠮᠦᠨ ᠯᠡ ᠬᠢᠨᠠᠨ | ᠬᠠᠮᠠᠭᠠᠯᠠᠬᠤ ᠴᠢᠬᠤᠯᠠᠲᠠᠢ ᠪᠠᠶᠢᠪᠠᠯ᠂ ᠬᠠᠤᠯᠢ ᠶᠤᠰᠤᠭᠠᠷ ᠠᠰ ᠲᠤᠨᠢ ᠬᠢᠨᠠᠨ ᠬᠠᠮᠠᠭᠠᠯᠠᠭᠴᠢ ᠲᠤᠭᠲᠠᠭᠠᠬᠤ ᠬᠡᠷᠡᠭᠲᠡᠢ᠃ | | ᠭᠤᠷᠪᠠᠳᠤᠭᠠᠷ ᠬᠡᠰᠡᠭ ᠠᠯᠠᠭ᠎ᠠ ᠪᠤᠯᠤᠭᠰᠠᠨ ᠢᠶᠠᠷ ᠵᠠᠷᠯᠠᠬᠤ ᠪᠠ ᠦᠬᠦᠭᠰᠡᠨ ᠢᠶᠠᠷ ᠵᠠᠷᠯᠠᠬᠤ | | ᠳᠦᠴᠢᠳᠦᠭᠡᠷ ᠵᠦᠢᠯ ᠪᠠᠶᠢᠭᠠᠯᠢ ᠬᠦᠮᠦᠨ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠬᠤᠶᠠᠷ ᠵᠢᠯ ᠪᠤᠯᠤᠭᠰᠠᠨ | ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠲᠤᠰ ᠪᠠᠶᠢᠭᠠᠯᠢ | ᠬᠦᠮᠦᠨ ᠢ ᠠᠯᠠᠭ᠎ᠠ ᠪᠤᠯᠤᠭᠰᠠᠨ ᠬᠦᠮᠦᠨ ᠢᠶᠠᠷ ᠵᠠᠷᠯᠠᠭᠤᠯᠬᠤ ᠪᠠᠷ ᠭᠤᠶᠤᠴᠢᠯᠠᠵᠤ ᠪᠤᠯᠤᠨ᠎ᠠ᠃ | ᠳᠦᠴᠢᠨ ᠨᠢᠭᠡᠳᠦᠭᠡᠷ ᠵᠦᠢᠯ ᠪᠠᠶᠢᠭᠠᠯᠢ ᠬᠦᠮᠦᠨ ᠤ ᠪᠠᠷ᠎ᠠ ᠰᠤᠷᠠᠭ ᠦᠭᠡᠢ ᠪᠤᠯᠤᠭᠰᠠᠨ ᠴᠠᠭ ᠢ ᠲᠡᠭᠦᠨ ᠤ | ᠰᠤᠷᠠᠭ ᠴᠢᠮᠡᠭᠡ ᠦᠭᠡᠢ ᠪᠤᠯᠤᠭᠰᠠᠨ ᠡᠳᠦᠷ ᠠᠴᠠ ᠡᠬᠢᠯᠡᠵᠦ ᠪᠤᠳᠤᠨ᠎ᠠ᠃ ᠳᠠᠶᠢᠨ ᠤ ᠦᠶ᠎ᠡ ᠳᠤ ᠪᠠᠷ᠎ᠠ ᠰᠤᠷᠠᠭ ᠦᠭᠡᠢ | ᠪᠤᠯᠤᠭᠰᠠᠨ ᠪᠠᠶᠢᠪᠠᠯ᠂ ᠪᠠᠷ᠎ᠠ ᠰᠤᠷᠠᠭ ᠦᠭᠡᠢ ᠪᠤᠯᠤᠭᠰᠠᠨ ᠴᠠᠭ ᠢ ᠳᠠᠶᠢᠨ ᠳᠠᠭᠤᠰᠤᠭᠰᠠᠨ ᠡᠳᠦᠷ ᠪᠤᠶᠤ ᠬᠤᠯᠪᠤᠭᠳᠠᠯ | ᠪᠦᠬᠦᠢ ᠪᠠᠶᠢᠭᠤᠯᠭ᠎ᠠ ᠶᠢᠨ ᠲᠤᠭᠲᠠᠭᠠᠭᠰᠠᠨ ᠪᠠᠷ᠎ᠠ ᠰᠤᠷᠠᠭ ᠦᠭᠡᠢ ᠪᠤᠯᠤᠭᠰᠠᠨ ᠡᠳᠦᠷ ᠠᠴᠠ ᠡᠬᠢᠯᠡᠵᠦ ᠪᠤᠳᠤᠨ᠎ᠠ᠃ | ᠳᠦᠴᠢᠨ ᠬᠤᠶᠠᠳᠤᠭᠠᠷ ᠵᠦᠢᠯ ᠠᠯᠠᠭ᠎ᠠ ᠪᠤᠯᠤᠭᠰᠠᠨ ᠬᠦᠮᠦᠨ ᠤ ᠡᠳ᠋ ᠬᠦᠷᠦᠩᠭᠡ ᠶᠢ ᠲᠡᠭᠦᠨ ᠤ ᠬᠤᠯᠪᠤᠰᠤ᠂ | ᠨᠠᠰᠤᠨ ᠳᠤ ᠬᠦᠷᠦᠭᠰᠡᠨ ᠦᠷ᠎ᠡ ᠬᠡᠦᠬᠡᠳ᠂ ᠡᠴᠢᠬᠡ ᠡᠬᠡ ᠪᠤᠶᠤ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ | ᠪᠤᠯᠬᠤ ᠳᠤᠷᠠᠲᠠᠢ ᠪᠤᠰᠤᠳ ᠬᠦᠮᠦᠨ ᠤᠷᠤᠯᠠᠨ ᠬᠠᠮᠢᠶᠠᠷᠤᠨ᠎ᠠ᠃ | ᠤᠷᠤᠯᠠᠨ ᠬᠠᠮᠢᠶᠠᠷᠬᠤ ᠳᠤ ᠮᠠᠷᠭᠤᠭᠠᠨ ᠲᠠᠢ ᠪᠠᠶᠢᠵᠤ᠂ ᠡᠮᠦᠨᠡᠬᠢ ᠪᠠᠳᠠᠭ ᠲᠤ ᠲᠤᠭᠲᠠᠭᠠᠭᠰᠠᠨ ᠬᠦᠮᠦᠨ ᠦᠭᠡᠢ | ᠪᠤᠶᠤ ᠡᠮᠦᠨᠡᠬᠢ ᠪᠠᠳᠠᠭ ᠲᠤ ᠲᠤᠭᠲᠠᠭᠠᠭᠰᠠᠨ ᠬᠦᠮᠦᠨ ᠨᠢ ᠤᠷᠤᠯᠠᠨ ᠬᠠᠮᠢᠶᠠᠷᠬᠤ ᠴᠢᠳᠠᠪᠤᠷᠢ ᠦᠭᠡᠢ ᠪᠣᠯ᠂ | ᠠᠷᠠᠳ ᠤᠨ ᠰᠢᠬᠦᠬᠦ ᠬᠤᠷᠢᠶᠠᠨ ᠤ ᠵᠢᠭᠠᠨ ᠲᠤᠭᠲᠠᠭᠠᠭᠰᠠᠨ ᠬᠦᠮᠦᠨ ᠤᠷᠤᠯᠠᠨ ᠬᠠᠮᠢᠶᠠᠷᠤᠨ᠎ᠠ᠃ | ᠳᠦᠴᠢᠨ ᠭᠤᠷᠪᠠᠳᠤᠭᠠᠷ ᠵᠦᠢᠯ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠨᠢ ᠠᠯᠠᠭ᠎ᠠ ᠪᠤᠯᠤᠭᠰᠠᠨ | ᠬᠦᠮᠦᠨ ᠤ ᠡᠳ᠋ ᠬᠦᠷᠦᠩᠭᠡ ᠶᠢ ᠲᠤᠬᠢᠲᠠᠢ ᠬᠠᠮᠢᠶᠠᠷᠴᠤ᠂ ᠡᠳ᠋ ᠬᠦᠷᠦᠩᠭᠡ ᠶᠢᠨ ᠡᠷᠬᠡ ᠠᠰᠢᠭ ᠢ ᠨᠢ ᠬᠠᠮᠠᠭᠠᠯᠠᠬᠤ | ᠬᠡᠷᠡᠭᠲᠡᠢ᠃ | ᠠᠯᠠᠭ᠎ᠠ ᠪᠤᠯᠤᠭᠰᠠᠨ ᠬᠦᠮᠦᠨ ᠤ ᠦᠷᠢᠲᠦᠭᠰᠡᠨ ᠭᠠᠶᠢᠯᠢ ᠶᠢᠨ ᠵᠤᠭᠤᠰ᠂ ᠦᠭᠴᠡᠭᠡ ᠪᠠ ᠲᠦᠯᠦᠬᠦ ᠶᠤᠰᠤᠲᠠᠢ | ᠪᠤᠰᠤᠳ ᠵᠠᠷᠤᠳᠠᠯ ᠢ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠠᠴᠠ ᠠᠯᠠᠭ᠎ᠠ ᠪᠤᠯᠤᠭᠰᠠᠨ ᠬᠦᠮᠦᠨ ᠤ ᠡᠳ᠋ | ᠬᠦᠷᠦᠩᠭᠡ ᠶᠢᠨ ᠲᠤᠲᠤᠷ᠎ᠠ ᠠᠴᠠ ᠥᠭᠭᠦᠨ᠎ᠡ᠃ | ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠵᠤᠷᠢᠭᠤᠳᠠ ᠪᠤᠶᠤ ᠬᠦᠨᠳᠦ ᠶᠡᠭᠡ ᠡ᠊ᠨᠳᠡᠯ ᠠᠴᠠ ᠪᠤᠯᠵᠤ᠂ | ᠠᠯᠠᠭ᠎ᠠ ᠪᠤᠯᠤᠭᠰᠠᠨ ᠬᠦᠮᠦᠨ ᠤ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠦᠯᠦᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ | ᠳᠦᠴᠢᠨ ᠳᠦᠷᠪᠡᠳᠦᠭᠡᠷ ᠵᠦᠢᠯ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠤᠷᠤᠯᠠᠨ ᠬᠠᠮᠢᠶᠠᠷᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ᠂ ᠠᠯᠠᠭ᠎ᠠ ᠪᠤᠯᠤᠭᠰᠠᠨ ᠬᠦᠮᠦᠨ ᠤ ᠡᠳ᠋ ᠬᠦᠷᠦᠩᠭᠡ ᠶᠢᠨ ᠡᠷᠬᠡ | ᠠᠰᠢᠭ ᠢ ᠬᠥᠨᠦᠭᠡᠭᠰᠡᠨ ᠪᠤᠶᠤ ᠤᠷᠤᠯᠠᠨ ᠬᠠᠮᠢᠶᠠᠷᠬᠤ ᠴᠢᠳᠠᠪᠤᠷᠢ ᠪᠠᠨ ᠠᠯᠳᠠᠭᠰᠠᠨ ᠪᠠᠶᠢᠪᠠᠯ᠂ ᠠᠯᠠᠭ᠎ᠠ ᠪᠤᠯᠤᠭᠰᠠᠨ | ᠬᠦᠮᠦᠨ ᠤ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠡᠳ᠋ | ᠬᠦᠷᠦᠩᠭᠡ ᠶᠢᠨ ᠤᠷᠤᠯᠠᠨ ᠬᠠᠮᠢᠶᠠᠷᠤᠭᠴᠢ ᠶᠢ ᠬᠤᠪᠢᠷᠠᠭᠤᠯᠬᠤ ᠪᠠᠷ ᠭᠤᠶᠤᠴᠢᠯᠠᠵᠤ ᠪᠤᠯᠤᠨ᠎ᠠ᠃ | ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠵᠦᠢ ᠶᠤᠰᠤᠨ ᠤ ᠤᠴᠢᠷ ᠰᠢᠯᠲᠠᠭᠠᠨ ᠲᠠᠢ ᠪᠤᠯ᠂ ᠠᠷᠠᠳ ᠤᠨ | ᠰᠢᠬᠦᠬᠦ ᠬᠤᠷᠢᠶ᠎ᠠ ᠳᠤ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠶᠢ ᠬᠤᠪᠢᠷᠠᠭᠤᠯᠬᠤ ᠪᠠᠷ ᠭᠤᠶᠤᠴᠢᠯᠠᠵᠤ | ᠪᠤᠯᠤᠨ᠎ᠠ᠃ | ᠠᠷᠠᠳ ᠤᠨ ᠰᠢᠬᠦᠬᠦ ᠬᠤᠷᠢᠶ᠎ᠠ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠶᠢ ᠬᠤᠪᠢᠷᠠᠭᠤᠯᠤᠭᠰᠠᠨ | ᠪᠠᠶᠢᠪᠠᠯ᠂ ᠬᠤᠪᠢᠷᠠᠭᠤᠯᠤᠭᠰᠠᠨ ᠤ ᠳᠠᠷᠠᠭᠠᠬᠢ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠨᠢ ᠤᠤᠯ ᠤᠨ ᠡᠳ᠋ | ᠬᠦ᠋ᠷᠦᠩᠭᠡ ᠶᠢᠨ ᠤᠷᠤᠯᠠᠨ ᠬᠠᠮᠢᠶᠠᠷᠤᠭᠴᠢ ᠪᠠᠷ ᠬᠤᠯᠪᠤᠭᠳᠠᠯ ᠪᠦᠬᠦᠢ ᠡᠳ᠋ ᠬᠦᠷᠦᠩᠭᠡ ᠶᠢ ᠴᠠᠭ ᠲᠤᠬᠠᠢ ᠳᠤᠨᠢ | ᠰᠢᠯᠵᠢᠭᠦᠯᠦᠨ ᠲᠤᠰᠢᠶᠠᠯᠭᠠᠬᠤ ᠶᠢᠨ ᠬᠠᠮᠲᠤ ᠡᠳ᠋ ᠬᠦᠷᠦᠩᠭᠡ ᠶᠢ ᠤᠷᠤᠯᠠᠨ ᠬᠠᠮᠢᠶᠠᠷᠤᠭᠰᠠᠨ ᠪᠠᠶᠢᠳᠠᠯ ᠢ | ᠮᠡᠳᠡᠭᠦᠯᠦᠭᠦᠯᠭᠦ ᠪᠠᠷ ᠭᠤᠶᠤᠴᠢᠯᠠᠬᠤ ᠡᠷᠬᠡ ᠲᠠᠢ᠃ | ᠳᠦᠴᠢᠨ ᠲᠠᠪᠤᠳᠤᠭᠠᠷ ᠵᠦᠢᠯ ᠠᠯᠠᠭ᠎ᠠ ᠪᠤᠯᠤᠭᠰᠠᠨ ᠬᠦᠮᠦᠨ ᠲᠠᠬᠢᠠ ᠭᠠᠷᠴᠤ ᠢᠷᠡᠪᠡᠯ᠂ ᠲᠤᠰ ᠬᠦᠮᠦᠨ ᠪᠤᠶᠤ | ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ | ᠠᠯᠠᠭ᠎ᠠ ᠪᠤᠯᠤᠭᠰᠠᠨ ᠢᠶᠠᠷ ᠵᠠᠷᠯᠠᠬᠰᠠᠨ ᠢᠶᠠᠨ ᠬᠦᠴᠦᠨ ᠦᠭᠡᠢ ᠪᠤᠯᠭᠠᠬᠤ ᠬᠡᠷᠡᠭᠲᠡᠢ᠃ | ᠠᠯᠠᠭ᠎ᠠ ᠪᠤᠯᠤᠭᠰᠠᠨ ᠬᠦᠮᠦᠨ ᠲᠠᠬᠢᠠ ᠭᠠᠷᠴᠤ ᠢᠷᠡᠪᠡᠯ᠂ ᠡᠳ᠋ ᠬᠦᠷᠦᠩᠭᠡ ᠶᠢᠨ ᠤᠷᠤᠯᠠᠨ ᠬᠠᠮᠢᠶᠠᠷᠤᠭᠴᠢ ᠪᠠᠷ | ᠬᠤᠯᠪᠤᠭᠳᠠᠯ ᠪᠦᠬᠦᠢ ᠡᠳ᠋ ᠬᠦᠷᠦᠩᠭᠡ ᠶᠢ ᠴᠠᠭ ᠲᠤᠬᠠᠢ ᠳᠤᠨᠢ ᠰᠢᠯᠵᠢᠭᠦᠯᠦᠨ ᠲᠤᠰᠢᠶᠠᠯᠭᠠᠬᠤ ᠶᠢᠨ ᠬᠠᠮᠲᠤ ᠡᠳ᠋ | ᠬᠦᠷᠦᠩᠭᠡ ᠶᠢ ᠤᠷᠤᠯᠠᠨ ᠬᠠᠮᠢᠶᠠᠷᠤᠭᠰᠠᠨ ᠪᠠᠶᠢᠳᠠᠯ ᠢ ᠮᠡᠳᠡᠭᠦᠯᠦᠭᠦᠯᠭᠦ ᠪᠠᠷ ᠭᠤᠶᠤᠴᠢᠯᠠᠬᠤ ᠡᠷᠬᠡ ᠲᠠᠢ᠃ | ᠳᠦᠴᠢᠨ ᠵᠢᠷᠭᠤᠳᠤᠭᠠᠷ ᠵᠦᠢᠯ ᠪᠠᠶᠢᠭᠠᠯᠢ ᠬᠦᠮᠦᠨ ᠳᠤ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ | ᠪᠠᠶᠢᠪᠠᠯ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠨᠢ ᠠᠷᠠᠳ ᠤᠨ ᠰᠢᠬᠦᠬᠦ ᠬᠤᠷᠢᠶ᠎ᠠ ᠳᠤ ᠲᠤᠰ ᠪᠠᠶᠢᠭᠠᠯᠢ | ᠬᠦᠮᠦᠨ ᠢ ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠵᠤ ᠪᠤᠯᠤᠨ᠎ᠠ᠄ | ︵ᠨᠢᠭᠡ︶ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠳᠦᠷᠪᠡᠨ ᠵᠢᠯ ᠪᠤᠯᠤᠭᠰᠠᠨ︔ | ︵ᠬᠤᠶᠠᠷ︶ ᠰᠠᠨᠠᠭᠠᠨ ᠳᠤ ᠦᠭᠡᠢ ᠬᠡᠷᠡᠭ ᠠᠴᠠ ᠪᠤᠯᠵᠤ᠂ ᠪᠠᠷ᠎ᠠ ᠰᠤᠷᠠᠭ ᠦᠭᠡᠢ ᠪᠤᠯᠤᠭᠠᠳ ᠪᠦᠬᠦᠯᠢ ᠬᠤᠶᠠᠷ | ᠵᠢᠯ ᠪᠤᠯᠤᠭᠰᠠᠨ᠃ | ᠰᠠᠨᠠᠭᠠᠨ ᠳᠤ ᠦᠭᠡᠢ ᠬᠡᠷᠡᠭ ᠠᠴᠠ ᠪᠤᠯᠵᠤ ᠪᠠᠷ᠎ᠠ ᠰᠤᠷᠠᠭ ᠦᠭᠡᠢ ᠪᠤᠯᠤᠭᠠᠳ᠂ ᠬᠤᠯᠪᠤᠭᠳᠠᠯ ᠪᠦᠬᠦᠢ | ᠪᠠᠶᠢᠭᠤᠯᠭ᠎ᠠ ᠪᠠᠷ ᠲᠤᠰ ᠪᠠᠶᠢᠭᠠᠯᠢ ᠬᠦᠮᠦᠨ ᠤ ᠤᠷᠤᠰᠢᠨ ᠠᠮᠢᠳᠤᠷᠠᠬᠤ ᠪᠤᠯᠤᠯᠴᠠᠭ᠎ᠠ ᠦᠭᠡᠢ ᠪᠤᠯᠤᠭᠰᠠ ᠢ | ᠭᠡᠷᠡᠴᠢᠯᠡᠭᠦᠯᠦᠭᠰᠡᠨ ᠪᠠᠶᠢᠪᠠᠯ᠂ ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠬᠤ ᠳᠤ ᠬᠤᠶᠠᠷ ᠵᠢᠯ ᠤᠨ | ᠬᠤᠭᠤᠴᠠᠭᠠᠨ ᠤ ᠬᠢᠵᠠᠭᠠᠷᠯᠠᠯ ᠳᠤ ᠭᠢᠵᠠᠭᠠᠷᠯᠠᠭᠳᠠᠬᠤ ᠦᠭᠡᠢ᠃ | ᠳᠦᠴᠢᠨ ᠳᠤᠯᠤᠳᠤᠭᠠᠷ ᠵᠦᠢᠯ ᠮᠦᠨ ᠨᠢᠭᠡ ᠪᠠᠶᠢᠭᠠᠯᠢ ᠬᠦᠮᠦᠨ ᠢ ᠵᠠᠷᠢᠮ ᠠᠰᠢᠭ ᠬᠤᠤᠷ ᠤᠨ ᠬᠠᠷᠢᠴᠠᠭ᠎ᠠ ᠲᠠᠢ | ᠬᠦᠮᠦᠨ ᠨᠢ ᠦᠬᠦᠭᠰᠡᠨ ᠢᠶᠠᠷ ᠵᠠᠷᠯᠠᠭᠤᠯᠬᠤ ᠪᠠᠷ ᠭᠤᠶᠤᠴᠢᠯᠠᠵᠤ᠂ ᠵᠠᠷᠢᠮ ᠠᠰᠢᠭ ᠬᠤᠤᠷ ᠤᠨ ᠬᠠᠷᠢᠴᠠᠭ᠎ᠠ ᠲᠠᠢ | ᠬᠦᠮᠦᠨ ᠨᠢ ᠠᠯᠠᠭ᠎ᠠ ᠪᠤᠯᠤᠭᠰᠠᠨ ᠢᠶᠠᠷ ᠵᠠᠷᠯᠠᠭᠤᠯᠬᠤ ᠪᠠᠷ ᠭᠤᠶᠤᠴᠢᠯᠠᠭᠰᠠᠨ ᠪᠤᠯ᠂ ᠲᠤᠰ ᠬᠠᠤᠯᠢ ᠳᠤ | ᠲᠤᠭᠲᠠᠭᠠᠭᠰᠠᠨ ᠦᠬᠦᠭᠰᠡᠨ ᠢᠶᠠᠷ ᠵᠠᠷᠯᠠᠬᠤ ᠨᠦᠬᠦᠴᠡᠯ ᠳᠤ ᠨᠡᠶᠢᠴᠡᠵᠦ ᠪᠠᠶᠢᠪᠠᠯ᠂ ᠠᠷᠠᠳ ᠤᠨ ᠰᠢᠬᠦᠬᠦ ᠬᠤᠷᠢᠶ᠎ᠠ | ᠦᠬᠦᠭᠰᠡᠨ ᠢᠶᠠᠷ ᠵᠠᠷᠯᠠᠬᠤ ᠬᠡᠷᠡᠭᠲᠡᠢ᠃ | ᠳᠦᠴᠢᠨ ᠨᠠᠢᠮᠠᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠳᠤ᠂ ᠠᠷᠠᠳ ᠤᠨ ᠰᠢᠬᠦᠬᠦ | ᠬᠤᠷᠢᠶᠠᠨ ᠤ ᠦᠬᠦᠭᠰᠡᠨ ᠢᠶᠠᠷ ᠵᠠᠷᠯᠠᠬᠤ ᠲᠠᠰᠤᠯᠤᠯᠲᠠ ᠭᠠᠷᠭᠠᠭᠰᠠᠨ ᠡᠳᠦᠷ ᠢ ᠲᠡᠭᠦᠨ ᠤ ᠦᠬᠦᠭᠰᠡᠨ ᠡᠳᠦᠷ | ᠰᠠᠷ᠎ᠠ ᠪᠠᠷ ᠪᠤᠳᠤᠨ᠎ᠠ︔ ᠰᠠᠨᠠᠭᠠᠨ ᠳᠤ ᠦᠭᠡᠢ ᠭᠡᠷᠡᠭ ᠠᠴᠠ ᠪᠣᠯᠵᠦ ᠪᠠᠷ᠎ᠠ ᠰᠣᠷᠠᠭ ᠦᠭᠡᠢ ᠪᠣᠯᠤᠭᠠᠳ | ᠦᠭᠦᠭᠰᠡᠨ ᠢᠶᠠᠷ ᠵᠠᠷᠯᠠᠭᠰᠠᠨ ᠪᠠᠶᠢᠪᠠᠯ᠂ ᠰᠠᠨᠠᠭᠠᠨ ᠳᠤ ᠦᠭᠡᠢ ᠭᠡᠷᠡᠭ ᠭᠠᠷᠤᠭᠰᠠᠨ ᠡᠳᠦᠷ ᠢ ᠲᠡᠭᠦᠨ ᠤ ᠦᠭᠦᠭᠰᠡᠨ | ᠡᠳᠦᠷ ᠰᠠᠷ᠎ᠠ ᠪᠠᠷ ᠪᠣᠳᠣᠨ᠎ᠠ᠃ | ᠳᠦᠴᠢ ᠶᠢᠰᠦᠳᠦᠭᠡᠷ ᠵᠦᠢᠯ ᠪᠠᠶᠢᠭᠠᠯᠢ ᠬᠦᠮᠦᠨ ᠦᠬᠦᠭᠰᠡᠨ ᠢᠶᠠᠷ ᠵᠠᠷᠯᠠᠭᠳᠠᠭᠰᠠᠨ ᠪᠣᠯᠪᠠᠴᠦ ᠦᠬᠦᠭᠰᠡᠨ | ᠦᠭᠡᠢ ᠨᠢ᠂ ᠲᠤᠰ ᠪᠠᠶᠢᠭᠠᠯᠢ ᠬᠦᠮᠦᠨ ᠤ ᠦᠬᠦᠭᠰᠡᠨ ᠢᠶᠠᠷ ᠵᠠᠷᠯᠠᠭᠳᠠᠭᠰᠠᠨ ᠬᠤᠭᠤᠴᠠᠭᠠᠨ ᠳᠤ ᠬᠢᠭᠰᠡᠨ ᠢᠷᠭᠡᠨ ᠤ | ᠬᠡᠷᠡᠭ ᠤᠨ ᠬᠠᠤᠯᠢ ᠴᠠᠭᠠᠵᠠ ᠶᠢᠨ ᠦᠢᠯᠡ ᠠᠵᠢᠯᠯᠠᠭ᠎ᠠ ᠶᠢᠨ ᠬᠦᠴᠦᠨ ᠢ ᠨᠦᠯᠦᠭᠡᠯᠡᠬᠦ ᠦᠭᠡᠢ᠃ | ᠲᠠᠪᠢᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠲᠠᠬᠢᠨ ᠭᠠᠷᠴᠤ ᠢᠷᠡᠪᠡᠯ᠂ ᠲᠤᠰ ᠬᠦᠮᠦᠨ | ᠪᠤᠶᠤ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠢᠶᠠᠷ ᠳᠠᠮᠵᠢᠨ᠂ ᠠᠷᠠᠳ ᠤᠨ ᠰᠢᠬᠦᠬᠦ ᠬᠤᠷᠢᠶ᠎ᠠ | ᠦᠬᠦᠭᠰᠡᠨ ᠢᠶᠠᠷ ᠵᠠᠷᠯᠠᠬᠰᠠᠨ ᠢᠶᠠᠨ ᠬᠦᠴᠦᠨ ᠦᠭᠡᠢ ᠪᠤᠯᠭᠠᠬᠤ ᠬᠡᠷᠡᠭᠲᠡᠢ᠃ | ᠲᠠᠪᠢᠨ ᠨᠢᠭᠡᠳᠦᠭᠡᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠤ ᠤᠷᠤᠭ ᠤᠨ ᠬᠠᠷᠢᠴᠠᠭ᠎ᠠ ᠨᠢ | ᠦᠬᠦᠭᠰᠡᠨ ᠢᠶᠠᠷ ᠵᠠᠷᠯᠠᠭᠰᠠᠨ ᠡᠳᠦᠷ ᠠᠴᠠ ᠡᠬᠢᠯᠡᠵᠤ ᠤᠰᠠᠳᠤᠨ᠎ᠠ᠃ ᠦᠬᠦᠭᠰᠡᠨ ᠢᠶᠠᠷ ᠵᠠᠷᠯᠠᠭᠰᠠᠨ ᠨᠢ ᠬᠦᠴᠦᠨ ᠦᠭᠡᠢ | ᠪᠤᠯᠭᠠᠭᠳᠠᠭᠰᠠᠨ ᠪᠠᠶᠢᠪᠠᠯ᠂ ᠤᠷᠤᠭ ᠤᠨ ᠬᠠᠷᠢᠴᠠᠭ᠎ᠠ ᠨᠢ ᠦᠬᠦᠭᠰᠡᠨ ᠢᠶᠠᠷ ᠵᠠᠷᠯᠠᠭᠰᠠᠨ ᠢ ᠬᠦᠴᠦᠨ ᠦᠭᠡᠢ | ᠪᠤᠯᠭᠠᠭᠰᠠᠨ ᠡᠳᠦᠷ ᠠᠴᠠ ᠡᠬᠢᠯᠡᠵᠦ ᠠᠶᠠᠨᠳᠠᠭᠠᠨ ᠰᠡᠷᠬᠦᠨᠡ᠃ ᠭᠡᠪᠡᠴᠦ ᠬᠤᠯᠪᠤᠰᠤ ᠨᠢ ᠲᠠᠬᠢᠠ ᠤᠷᠤᠭᠯᠠᠭᠰᠠᠨ ᠪᠤᠶᠤ | ᠰᠡᠷᠬᠦᠭᠡᠬᠦ ᠳᠤᠷ᠎ᠠ ᠦᠭᠡᠢ ᠭᠡᠵᠦ ᠤᠷᠤᠭ ᠪᠦᠷᠢᠳᠬᠡᠬᠦ ᠪᠠᠶᠢᠭᠤᠯᠭ᠎ᠠ ᠳᠤ ᠪᠢᠴᠢᠭ ᠢᠶᠠᠷ ᠢᠯᠡᠷᠬᠡᠶᠢᠯᠡᠭᠰᠡᠨ ᠨᠢ ᠡᠭᠦᠨ ᠳᠤ | ᠪᠠᠭᠲᠠᠬᠤ ᠦᠭᠡᠢ᠃ | ᠲᠠᠪᠢᠨ ᠬᠤᠶᠠᠳᠤᠭᠠᠷ ᠵᠦᠢᠯ ᠦᠬᠦᠭᠰᠡᠨ ᠢᠶᠠᠷ ᠵᠠᠷᠯᠠᠭᠳᠠᠭᠰᠠᠨ ᠬᠦᠮᠦᠨ ᠤ ᠦᠭᠦᠭᠰᠡᠨ ᠢᠶᠠᠷ ᠵᠠᠷᠯᠠᠭᠳᠠᠭᠰᠠᠨ | ᠬᠤᠭᠤᠴᠠᠭᠠᠨ ᠳᠤ ᠦᠷ᠎ᠠ ᠭᠡᠤᠭᠡᠳ ᠢ ᠨᠢ ᠪᠤᠰᠤᠳ ᠬᠦᠮᠤᠨ ᠬᠠᠤᠯᠢ ᠶᠤᠰᠤᠭᠠᠷ ᠡᠷᠬᠦᠨ ᠲᠡᠵᠢᠭᠡᠭᠰᠡᠨ ᠪᠠᠶᠢᠪᠠᠯ᠂ | ᠦᠬᠦᠭᠰᠡᠨ ᠢᠶᠠᠷ ᠵᠠᠷᠯᠠᠬᠰᠠᠨ ᠨᠢ ᠬᠦᠴᠤᠨ ᠦᠭᠡᠢ ᠪᠤᠯᠭᠠᠬᠳᠠᠬᠰᠠᠨ ᠤ ᠲᠠᠷᠠᠭ᠎ᠠ᠂ ᠲᠤᠰ ᠬᠦᠮᠤᠨ ᠢᠶᠠᠷ | ᠵᠦᠪᠰᠢᠶᠡᠷᠡᠬᠦᠯᠦᠭᠰᠡᠨ ᠦᠭᠡᠢ ᠪᠠᠷ ᠰᠢᠯᠳᠠᠭᠠᠨ ᠪᠤᠯᠭᠠᠵᠤ ᠡᠷᠬᠦᠨ ᠲᠡᠵᠢᠭᠡᠬᠦ ᠦᠢᠯᠡ ᠠᠵᠢᠯᠯᠠᠭ᠎ᠠ ᠶᠢ ᠬᠦᠴᠤᠨ ᠦᠭᠡᠢ | ᠭᠡᠵᠤ ᠵᠤᠷᠢᠵᠤ ᠪᠤᠯᠬᠤ ᠦᠭᠡᠢ᠃ | ᠲᠠᠪᠢᠨ ᠭᠤᠷᠪᠠᠳᠤᠭᠠᠷ ᠵᠦᠢᠯ ᠦᠬᠦᠭᠰᠡᠨ ᠢᠶᠠᠷ ᠵᠠᠷᠯᠠᠭᠰᠠᠨ ᠨᠢ ᠬᠦᠴᠤᠨ ᠦᠭᠡᠢ ᠪᠤᠯᠭᠠᠭᠳᠠᠬᠰᠠᠨ ᠬᠦᠮᠦᠨ | ᠲᠤᠰ ᠬᠠᠤᠯᠢ ᠶᠢᠨ ᠵᠢᠷᠭᠤᠳᠤᠭᠠᠷ ᠠᠩᠬᠢ ᠶᠢᠨ ᠶᠤᠰᠤᠭᠠᠷ ᠡᠳ᠋ ᠬᠦᠷᠦᠩᠭᠡ ᠶᠢ ᠨᠢ ᠤᠯᠤᠬᠰᠠᠨ ᠢᠷᠭᠡᠨ ᠤ ᠭᠡᠷᠡᠭ ᠤᠨ | ᠪᠡᠶᠡᠴᠢ ᠴᠤᠬᠴᠠ ᠠᠴᠠ ᠡᠳ᠋ ᠬᠦᠷᠦᠩᠭᠡ ᠪᠠᠨ ᠪᠣᠴᠠᠭᠠᠵᠦ ᠠᠪᠬᠤ ᠪᠠᠷ ᠭᠤᠶᠤᠴᠢᠯᠠᠬᠤ ᠡᠷᠬᠡ ᠲᠠᠢ︔ ᠪᠣᠴᠠᠭᠠᠵᠦ | ᠦᠭᠬᠦ ᠶᠢᠨ ᠠᠷᠭ᠎ᠠ ᠦᠭᠡᠢ ᠪᠠᠶᠢᠪᠠᠯ᠂ ᠵᠣᠭᠢᠰᠳᠠᠢ ᠨᠦᠬᠦᠪᠤᠷᠢ ᠦᠭᠭᠦ ᠭᠡᠷᠡᠭᠳᠠᠢ᠃ | ᠠᠰᠢᠭ ᠬᠤᠤᠷ ᠤᠨ ᠬᠠᠷᠢᠴᠠᠭ᠎ᠠ ᠲᠠᠢ ᠬᠦᠮᠤᠨ ᠦᠨᠡᠨ ᠪᠠᠶᠢᠳᠠᠯ ᠢ ᠨᠢᠭᠤᠵᠤ᠂ ᠪᠤᠰᠤᠳ ᠢ ᠦᠬᠦᠭᠰᠡᠨ ᠢᠶᠠᠷ | ᠵᠠᠷᠯᠠᠭᠤᠯᠤᠬᠰᠠᠨ ᠠᠴᠠ ᠪᠣᠯᠵᠤ ᠡᠳ᠋ ᠬᠦᠷᠦᠩᠭᠡ ᠶᠢ ᠨᠢ ᠤᠯᠤᠬᠰᠠᠨ ᠪᠠᠶᠢᠪᠠᠯ᠂ ᠡᠳ᠋ ᠬᠦᠷᠦᠩᠭᠡ ᠶᠢ ᠨᠢ ᠪᠣᠴᠠᠭᠠᠵᠦ | ᠦᠭᠬᠦ ᠠᠴᠠ ᠭᠠᠳᠠᠨ᠎ᠠ ᠪᠠᠰᠠ ᠡᠬᠦᠨ ᠠᠴᠠ ᠪᠤᠯᠤᠬᠰᠠᠨ ᠬᠤᠬᠢᠷᠠᠯ ᠳᠤ ᠲᠦᠯᠤᠬᠦ ᠬᠠᠷᠢᠭᠤᠴᠠᠯᠭ᠎ᠠ ᠡᠬᠦᠷᠭᠡᠯᠡᠬᠦ | ᠭᠡᠷᠡᠭᠳᠠᠢ᠃ | ᠲᠦᠷᠪᠡᠳᠦᠭᠡᠷ ᠬᠡᠰᠡᠭ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠬᠡ ᠪᠠ ᠬᠦᠳᠡᠭᠡ ᠲᠤᠰᠬᠤᠨ ᠤ | ᠳᠠᠭᠠᠭᠠᠴᠢᠯᠠᠨ ᠡᠵᠡᠩᠨᠡᠬᠦ ᠡᠷᠦᠬᠡ᠃ | ᠲᠠᠪᠢᠨ ᠲᠦᠷᠪᠡᠳᠤᠭᠡᠷ ᠵᠦᠢᠯ ᠪᠠᠶᠢᠭᠠᠯᠢ ᠬᠦᠮᠤᠨ ᠤᠢᠢᠯᠡᠳᠪᠤᠷᠢ ᠬᠤᠳᠠᠯᠳᠤᠭᠠᠨ ᠤ ᠤᠢᠢᠯᠡᠰ ᠤᠨ ᠡᠵᠡᠩᠨᠡᠯᠳᠠ | ᠬᠢᠵᠤ᠂ ᠬᠠᠤᠯᠢ ᠶᠤᠰᠤᠭᠠᠷ ᠲᠠᠩᠰᠠᠯᠠᠭᠤᠯᠤᠭᠰᠠᠨ ᠪᠠᠶᠢᠪᠠᠯ᠂ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ | ᠮᠦᠨ᠃ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ ᠨᠠᠷᠡᠶᠢᠳᠦᠯ ᠲᠡᠮᠳᠡᠭ ᠠᠪᠴᠤ ᠪᠤᠯᠤᠨ᠎ᠠ᠃ | ᠲᠠᠪᠢᠨ ᠲᠠᠪᠤᠳᠤᠭᠠᠷ ᠵᠦᠢᠯ ᠬᠦᠳᠡᠭᠡ ᠲᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠶᠢᠨ ᠪᠦᠷᠢᠯᠳᠦᠬᠦᠨ ᠬᠠᠤᠯᠢ ᠶᠤᠰᠤᠭᠠᠷ ᠬᠦᠳᠡᠭᠡ ᠲᠤᠰᠬᠤᠨ ᠤ ᠭᠠᠵᠡᠷ ᠰᠢᠷᠤᠢ ᠶᠢᠨ ᠲᠠᠭᠠᠭᠠᠴᠢᠯᠠᠨ | ᠡᠵᠡᠩᠨᠡᠬᠦ ᠡᠷᠭᠡ ᠶᠢ ᠤᠯᠵᠦ᠂ ᠭᠡᠷ ᠪᠦᠯᠢ ᠶᠢᠨ ᠲᠠᠭᠠᠭᠠᠴᠢᠯᠠᠨ ᠡᠵᠡᠩᠨᠡᠯᠳᠠ ᠬᠢᠵᠤ ᠪᠠᠶᠢᠪᠠᠯ᠂ ᠬᠦᠳᠡᠭᠡ ᠲᠤᠰᠬᠤᠨ ᠤ | ᠲᠠᠭᠠᠭᠠᠴᠢᠯᠠᠨ ᠡᠵᠡᠩᠨᠡᠬᠦ ᠡᠷᠤᠭᠡ ᠮᠦᠨ᠃ | ᠲᠠᠪᠢᠨ ᠵᠢᠷᠭᠤᠳᠤᠭᠠᠷ ᠵᠦᠢᠯ ᠬᠤᠪᠢ ᠶᠢᠨ ᠤᠢᠢᠯᠡᠳᠪᠤᠷᠢ ᠬᠤᠳᠠᠯᠳᠤᠭᠠᠨ ᠤ ᠡᠷᠤᠭᠡ ᠶᠢᠨ ᠦᠭᠴᠡᠭᠡ ᠶᠢ | ᠬᠤᠪᠢ ᠪᠠᠷ ᠢᠶᠠᠨ ᠡᠵᠡᠩᠨᠡᠵᠤ ᠪᠠᠶᠢᠪᠠᠯ ᠬᠤᠪᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ︔ ᠭᠡᠷ | ᠪᠦᠯᠢ ᠪᠠᠷ ᠢᠶᠠᠨ ᠡᠵᠡᠩᠨᠡᠵᠤ ᠪᠠᠶᠢᠪᠠᠯ ᠭᠡᠷ ᠪᠦᠯᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ︔ ᠢᠯᠭᠠᠬᠤ ᠶᠢᠨ | ᠠᠷᠭ᠎ᠠ ᠦᠭᠡᠢ ᠪᠠᠶᠢᠪᠠᠯ ᠭᠡᠷ ᠪᠦᠯᠢ ᠶᠢᠨ ᠡᠳ᠋ ᠬᠦᠷᠦᠩᠭᠡ ᠪᠠᠷ ᠢᠶᠠᠨ ᠡᠬᠦᠷᠭᠡᠯᠡᠨ᠎ᠠ᠃ | ᠬᠦᠳᠡᠭᠡ ᠲᠤᠰᠬᠤᠨ ᠤ ᠲᠠᠭᠠᠭᠠᠴᠢᠯᠠᠨ ᠡᠵᠡᠩᠨᠡᠬᠦ ᠡᠷᠤᠭᠡ ᠶᠢᠨ ᠦᠭᠴᠡᠭᠡ ᠶᠢ ᠬᠦᠳᠡᠭᠡ ᠲᠤᠰᠬᠤᠨ ᠤ ᠭᠠᠵᠡᠷ | ᠰᠢᠷᠤᠢ ᠶᠢᠨ ᠲᠠᠭᠠᠭᠠᠴᠢᠯᠠᠨ ᠡᠵᠡᠩᠨᠡᠯᠳᠠ ᠬᠢᠵᠤ ᠪᠠᠶᠢᠭ᠎ᠠ ᠲᠠᠷᠢᠶᠠᠴᠢᠨ ᠡᠷᠤᠭᠡ ᠶᠢᠨ ᠡᠳ᠋ ᠬᠦᠷᠦᠩᠭᠡ ᠪᠠᠷ | ᠡᠬᠦᠷᠭᠡᠯᠡᠨ᠎ᠠ︔ ᠬᠡᠷᠡᠭ ᠲᠡᠭᠡᠷ᠎ᠠ ᠪᠠᠨ ᠲᠠᠷᠢᠶᠠᠴᠢᠨ ᠡᠷᠤᠭᠡ ᠶᠢᠨ ᠭᠡᠰᠡᠭ ᠪᠦᠷᠢᠯᠳᠦᠬᠦᠨ ᠡᠵᠡᠩᠨᠡᠵᠤ ᠪᠠᠶᠢᠪᠠᠯ᠂ ᠲᠤᠰ | ᠭᠡᠰᠡᠭ ᠪᠦᠷᠢᠯᠳᠦᠬᠦᠨ ᠤ ᠡᠳ᠋ ᠬᠦᠷᠦᠩᠭᠡ ᠪᠠᠷ ᠡᠬᠦᠷᠭᠡᠯᠡᠨ᠎ᠠ᠃ | ︵ᠦᠷᠬᠦᠯᠵᠢᠯᠡᠯ ᠪᠤᠢ︶ |