ᠤᠯᠵᠠᠴᠢ ᠪᠠᠯᠭᠠᠰᠤ ᠪᠤᠳᠠᠳᠤ ᠶᠠᠪᠤᠳᠠᠯ ᠪᠦᠳᠤᠬᠡᠨ ᠠᠷᠠᠤᠨ ᠤᠨ ᠵᠤᠪᠠᠭᠤᠷᠢ ᠶᠢ ᠳᠠᠶᠢᠯᠵᠤ᠂ ᠭᠠᠩ ᠬᠠᠭᠰᠠᠷᠭᠠᠨ ᠲᠠᠢ ᠳᠡᠮᠡᠴᠡᠨ ᠠᠷᠠᠤᠨ ᠤᠨ ᠠᠮᠢᠳᠤᠷᠠᠯ ᠢ ᠪᠠᠳᠤᠯᠠᠪᠠ
ᠨᠡᠶᠢᠲᠡᠯᠡᠭᠰᠡᠨ ᠴᠠᠭ᠄
2021/9/3
    ᠦᠨᠳᠤᠷ ᠬᠠᠯᠠᠭᠤᠨ ᠭᠠᠩ ᠬᠠᠭᠰᠠᠷᠭᠠᠨ ᠲᠠᠢ ᠴᠠᠭ ᠠᠭᠤᠷ ᠨᠡᠯᠢᠶᠡᠤᠨ ᠤᠷᠳᠤ ᠬᠤᠭᠤᠴᠠᠭ᠎ᠠ ᠦᠷᠬᠦᠯᠵᠢᠯᠡᠭᠰᠡᠨ ᠠᠴᠠ ᠤᠯᠵᠠᠴᠢ ᠪᠠᠯᠭᠠᠰᠤᠨ ᠤ 12 ᠭᠠᠴᠠᠭ᠎ᠠ ᠳᠤᠰᠬᠤᠨ᠂ 2 ᠬᠦᠳᠡᠭᠡ ᠠᠵᠤ ᠠᠬᠤᠢ ᠶᠢᠨ ᠨᠠᠶᠢᠬᠡᠮ ᠳᠤᠭᠤᠷᠢᠭ ᠲᠤ ᠠᠳᠠᠯᠢ ᠪᠤᠰᠤ ᠬᠡᠮᠵᠢᠶᠡᠨ ᠤ ᠭᠠᠩ ᠬᠠᠭᠰᠠᠷᠭᠠᠨ ᠳᠤᠬᠢᠶᠠᠯᠳᠤᠵᠤ᠂ ᠮᠠᠯᠴᠢᠨ ᠳᠠᠷᠢᠶᠠᠴᠢᠨ  ᠤ ᠮᠠᠯ ᠳᠡᠵᠢᠬᠡᠪᠤᠷᠢ ᠶᠢᠨ ᠤᠰᠤ ᠤᠮᠳᠠ᠂ ᠮᠠᠯ ᠳᠠᠷᠢᠶᠠᠯᠠᠩ ᠤᠨ ᠤᠰᠤᠯᠠᠯᠳᠠ ᠶᠢᠨ ᠤᠰᠤᠨ ᠰᠤᠷᠪᠤᠯᠵᠢ ᠵᠡᠷᠬᠡ ᠴᠦᠮ ᠨᠦᠯᠤᠬᠡᠯᠡᠭᠳᠡᠭᠰᠡᠨ ᠳᠤ ᠤᠯᠵᠠᠴᠢ ᠪᠠᠯᠭᠠᠰᠤ ᠦᠨᠳᠤᠷ ᠬᠠᠯᠠᠭᠤᠨ ᠭᠠᠩ ᠬᠠᠭᠰᠠᠷᠭᠠᠨ ᠲᠠᠢ ᠴᠠᠭ ᠠᠭᠤᠷ ᠢ ᠳᠡᠬᠡᠳᠤ ᠬᠡᠮᠵᠢᠶ᠎ᠡ ᠪᠠᠷ ᠠᠩᠬᠠᠷᠴᠤ᠂ ᠦᠤᠨᠳᠠᠷ ᠲᠦᠷᠬᠡᠨ ᠬᠦᠳᠡᠯᠤᠯᠴᠡᠨ ᠨᠠᠷᠢᠯᠢᠭ ᠨᠢᠭᠳᠠ ᠪᠠᠶᠢᠷᠢᠯᠠᠭᠤᠯᠵᠤ᠂ ᠤᠯᠠᠨ ᠠᠷᠭ᠎ᠠ ᠠᠪᠴᠠᠯ ᠢ ᠵᠡᠷᠬᠡᠪᠡᠷ ᠬᠡᠷᠡᠭᠯᠡᠨ ᠭᠠᠩ ᠬᠠᠭᠰᠠᠷᠭᠠᠨ ᠲᠠᠢ ᠳᠡᠮᠡᠴᠡᠵᠤ ᠠᠷᠠᠤᠨ ᠤᠨ ᠠᠮᠢᠳᠤᠷᠠᠯ ᠢ ᠪᠠᠳᠤᠯᠠᠪᠠ᠃     ᠵᠤᠬᠢᠶᠠᠨ ᠪᠠᠶᠢᠭᠤᠯᠤᠨ ᠤᠳᠤᠷᠢᠤᠨᠬᠤ ᠪᠠᠨ ᠴᠢᠩᠭᠠᠤᠨᠬᠠᠪᠠ᠃ ᠲᠦᠷᠬᠡᠨ ᠬᠦᠳᠡᠯᠤᠯᠴᠡᠵᠤ ᠢᠳᠡᠪᠬᠢᠳᠠᠢ ᠠᠷᠭᠠᠴᠠᠨ᠂ ᠡᠯ᠎ᠡ ᠱᠠᠳᠤᠨ ᠤ ᠭᠠᠮᠰᠢᠭ ᠢ ᠰᠡᠷᠬᠡᠶᠢᠯᠡᠬᠦ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠬᠠᠷᠢᠭᠤᠴᠠᠯᠭ᠎ᠠ  ᠶᠢ ᠭᠠᠵᠠᠷ ᠤᠷᠤᠨ᠂ ᠬᠦᠮᠤᠨ ᠳᠤ ᠬᠦᠷᠳᠡᠯ᠎ᠡ ᠳᠤᠳᠤᠷᠬᠠᠶᠢᠯᠠᠨ᠂ ᠪᠠᠴᠢᠮ ᠪᠠᠶᠢᠳᠠᠯ ᠢ ᠠᠷᠭᠠᠴᠠᠬᠤ ᠲᠦᠰᠤᠯ ᠳᠤᠭᠳᠠᠭᠠᠵᠤ᠂ ᠡᠯ᠎ᠡ ᠵᠦᠢᠯ ᠤᠨ ᠪᠡᠯᠡᠤᠨᠬᠡᠯ ᠢ ᠴᠢᠩᠭᠠᠤᠨᠬᠠᠨ᠂ ᠤᠳᠤᠬᠠᠨ ᠤ ᠭᠠᠮᠰᠢᠭ ᠤᠨ ᠪᠠᠶᠢᠳᠠᠯ ᠤᠨ ᠬᠠᠨᠳᠤᠰᠢ ᠵᠢᠴᠢ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠳᠤ ᠦᠵᠡᠬᠦᠯᠬᠦ ᠨᠦᠯᠤᠬᠡ ᠶᠢ ᠵᠠᠳᠠᠯᠤᠨ ᠮᠠᠭᠠᠤᠨᠯᠠᠵᠤ᠂ ᠨᠠᠷᠢᠯᠢᠭ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠬᠦᠯᠤᠨ᠂ ᠭᠠᠩ ᠬᠠᠭᠰᠠᠷᠭᠠᠨ ᠤ ᠮᠠᠯ ᠳᠠᠷᠢᠶᠠᠯᠠᠩ ᠤᠨ ᠤᠶᠢᠯᠡᠤᠨᠪᠤᠷᠢᠯᠡᠯ ᠳᠤ ᠦᠵᠡᠬᠦᠯᠬᠦ ᠨᠦᠯᠤᠬᠡ ᠶᠢ ᠬᠠᠮᠤᠭ ᠳᠤᠤᠷ᠎ᠠ ᠬᠡᠮᠵᠢᠶ᠎ᠡ ᠳᠤ ᠬᠦᠷᠳᠡᠯ᠎ᠠ ᠪᠠᠭᠤᠷᠠᠭᠤᠯᠬᠤ ᠪᠠᠷ ᠴᠢᠷᠮᠠᠶᠢᠪᠠ᠃     ᠭᠠᠩ ᠤᠨ ᠪᠠᠶᠢᠳᠠᠯ ᠢ ᠴᠠᠭ ᠳᠤᠬᠠᠢ ᠳᠤ ᠨᠢ ᠪᠠᠶᠢᠴᠠᠭᠠᠪᠠ᠃ ᠬᠦᠮᠤᠨ ᠮᠠᠯ ᠤᠨ ᠤᠤᠭᠤᠬᠤ ᠤᠰᠤ᠂ ᠮᠠᠯ ᠤᠨ ᠳᠡᠵᠢᠬᠡᠯ ᠡᠪᠡᠰᠤᠨ ᠤ ᠨᠦᠬᠡᠴᠠ ᠶᠢᠨ ᠤᠳᠤᠬᠢ ᠪᠠᠶᠢᠳᠠᠯ᠂ ᠳᠠᠷᠢᠮᠠᠯ ᠤᠨ ᠭᠠᠮᠰᠢᠭᠳᠠᠭᠰᠡᠨ ᠳᠠᠯᠠᠪᠠᠢ ᠵᠡᠷᠬᠡ ᠪᠠᠶᠢᠳᠠᠯ  ᠳᠤ ᠪᠦᠬᠦ ᠳᠠᠯ᠎ᠠ ᠶᠢᠨ ᠪᠠᠶᠢᠴᠠᠭᠠᠯᠳᠠ ᠬᠢᠪᠠ᠃ ᠭᠠᠩ ᠤᠨ ᠪᠠᠶᠢᠳᠠᠯ᠂ ᠪᠤᠷᠤᠭᠠᠨ ᠬᠤᠷ᠎ᠠ᠂ ᠤᠰᠤ ᠬᠠᠳᠠᠭᠠᠯᠠᠬᠤ ᠵᠡᠷᠬᠡ ᠳᠠᠯ᠎ᠠ ᠶᠢᠨ ᠪᠠᠶᠢᠳᠠᠯ ᠢ ᠨᠠᠷᠢᠨ ᠠᠩᠬᠠᠷᠴᠤ᠂ ᠭᠠᠩ ᠭᠠᠮᠰᠢᠭ ᠤᠨ ᠪᠠᠶᠢᠳᠠᠯ ᠤᠨ ᠮᠡᠳᠡᠭᠡ ᠵᠠᠩᠬᠢ ᠶᠢ ᠴᠠᠭ ᠳᠤᠬᠠᠢ ᠳᠤ ᠨᠢ ᠴᠤᠭᠯᠠᠭᠤᠯᠬᠤ ᠶᠢᠨ ᠬᠠᠮᠳᠤ ᠵᠠᠳᠠᠯᠤᠨ ᠡᠮᠬᠢᠯᠡᠵᠤ ᠳᠡᠬᠡᠭᠰᠢ ᠮᠡᠳᠡᠬᠦᠯᠤᠨ᠂ ᠰᠠᠭᠤᠷᠢ ᠳᠤᠭ᠎ᠠ ᠳᠤᠳᠤᠷᠬᠠᠢ᠂ ᠪᠠᠶᠢᠳᠠᠯ ᠢᠯᠡ᠂ ᠠᠰᠠᠭᠤᠳᠠᠯ ᠤᠨᠤᠪᠴᠢᠳᠠᠢ ᠪᠠᠶᠢᠬᠤ ᠶᠢ ᠪᠠᠳᠤᠯᠠᠨ᠂ ᠭᠠᠩ ᠲᠠᠢ ᠳᠡᠮᠡᠴᠡᠨ ᠬᠤᠷᠢᠶᠠᠯᠳᠠ ᠶᠢ ᠪᠠᠳᠤᠯᠠᠬᠤ ᠠᠵᠢᠯ ᠳᠤ ᠪᠠᠳᠤ ᠪᠠᠬᠢ ᠰᠠᠭᠤᠷᠢ ᠳᠠᠯᠪᠢᠪᠠ᠃     ᠭᠠᠩ ᠲᠠᠢ ᠳᠡᠮᠡᠴᠡᠬᠦ ᠵᠢᠯᠤᠭᠤᠳᠤᠯᠭ᠎ᠠ ᠦᠷᠨᠢᠬᠦᠯᠪᠡ᠃ ᠳᠠᠷᠢᠶᠠᠯᠠᠩ ᠤᠨ ᠮᠡᠷᠬᠡᠵᠢᠯᠳᠠᠨ ᠢ ᠵᠤᠬᠢᠶᠠᠨ ᠪᠠᠶᠢᠭᠤᠯᠤᠨ ᠭᠠᠩ ᠬᠠᠭᠰᠠᠷᠭᠠᠨ ᠲᠠᠢ ᠳᠡᠮᠡᠴᠡᠬᠦ ᠨᠢᠬᠡᠳᠤᠬᠡᠷ ᠹᠷᠤᠨᠲ ᠲᠤ ᠬᠦᠨᠵᠡᠬᠡᠶᠢᠷᠡᠬᠦᠯᠤᠨ᠂ ᠭᠠᠩ ᠤᠨ ᠪᠠᠶᠢᠳᠠᠯ  ᠢ ᠤᠶᠢᠯᠠᠭᠠᠵᠤ᠂ ᠲᠦᠷᠤᠯ ᠬᠤᠪᠢᠶᠠᠨ ᠰᠢᠨᠵᠢᠯᠡᠬᠦ ᠤᠬᠠᠭᠠᠨᠴᠢ ᠪᠠᠷ ᠵᠢᠯᠤᠭᠤᠳᠤᠨ᠂ ᠳᠡᠷᠢᠮᠠᠯ ᠤᠨ ᠭᠠᠮᠰᠢᠭ ᠤᠨ ᠬᠡᠮᠵᠢᠶ᠎ᠡ᠂ ᠤᠷᠭᠤᠴᠠ ᠪᠠ ᠭᠠᠩ ᠤᠨ ᠪᠠᠶᠢᠳᠠᠯ ᠤᠨ ᠬᠦᠭᠵᠢᠯᠳᠠ ᠶᠢᠨ ᠬᠠᠨᠳᠤᠰᠢ ᠶᠢ ᠦᠨᠳᠤᠰᠤᠯᠡᠨ᠂ ᠮᠡᠷᠬᠡᠵᠢᠯ  ᠤᠨ ᠵᠢᠯᠤᠭᠤᠳᠤᠯᠭ᠎ᠠ ᠪᠠ ᠤᠶᠢᠯᠡᠴᠢᠯᠡᠭᠡ ᠶᠢ ᠰᠠᠶᠢᠳᠤᠷ ᠬᠢᠵᠤ᠂ ᠳᠠᠷᠢᠶᠠᠯᠠᠩ ᠤᠨ ᠮᠠᠰᠢᠨ ᠢ ᠪᠡᠯᠡᠤᠨᠬᠡᠬᠦ ᠪᠠ ᠵᠤᠬᠢᠶᠠᠨ ᠪᠠᠶᠢᠭᠤᠯᠤᠨ ᠭᠠᠩ ᠲᠠᠢ ᠳᠡᠮᠡᠴᠡᠬᠦ ᠠᠵᠢᠯ ᠢ ᠳᠡᠮᠵᠢᠨ᠂ ᠤᠰᠤᠯᠠᠯᠳᠠ ᠶᠢᠨ ᠮᠠᠰᠢᠨ ᠲᠦᠬᠦᠬᠡᠷᠤᠮᠵᠢ ᠶᠢ ᠴᠠᠭ ᠳᠤᠬᠠᠢ  ᠳᠤ ᠨᠢ ᠪᠠᠶᠢᠴᠠᠭᠠᠨ ᠵᠠᠰᠠᠵᠤ᠂ ᠭᠠᠮᠰᠢᠭ ᠤᠨ ᠤᠷᠤᠨ ᠤ ᠮᠠᠯᠴᠢᠨ ᠳᠠᠷᠢᠶᠠᠴᠢᠨ ᠢ ᠬᠠᠪᠰᠤᠷᠤᠨ ᠭᠠᠩ ᠲᠠᠢ ᠳᠡᠮᠡᠴᠡᠬᠦ ᠠᠵᠢᠯ ᠢ ᠦᠷᠨᠢᠬᠦᠯᠪᠡ᠃     ᠭᠠᠩ ᠲᠠᠢ ᠳᠡᠮᠡᠴᠡᠬᠦ ᠡᠷᠳᠡᠨᠢ ᠰᠢᠰᠢ ᠲᠦᠬᠡᠬᠡᠪᠡ᠃ ᠭᠠᠩ ᠬᠠᠭᠰᠠᠷᠭᠠᠨ ᠠᠴᠠ ᠪᠤᠯᠤᠭᠰᠡᠨ ᠮᠠᠯ ᠳᠡᠵᠢᠬᠡᠪᠤᠷᠢ  ᠶᠢᠨ ᠳᠡᠵᠢᠬᠡᠯ ᠪᠤᠷᠳᠤᠭᠠᠨ ᠤ ᠳᠤᠳᠠᠭᠤᠳᠠᠯ ᠤᠨ ᠬᠦᠴᠢᠷᠳᠠᠯ ᠢ ᠪᠦᠳᠤᠮᠵᠢᠳᠠᠢ ᠰᠢᠢᠤᠨᠪᠤᠷᠢᠯᠡᠬᠦ ᠶᠢᠨ ᠲᠦᠯᠤᠬᠡ᠂ ᠡᠳᠤᠷ ᠳᠤᠳᠤᠮ ᠮᠠᠯ ᠪᠦᠷᠢ ᠳᠤ 0.4 ᠵᠢᠩ᠂ 60 ᠡᠳᠤᠷ ᠤᠨ ᠳᠡᠵᠢᠬᠡᠯ ᠪᠤᠷᠳᠤᠭ᠎ᠠ ᠨᠦᠬᠦᠪᠤᠷᠢᠯᠡᠬᠦ ᠪᠠᠷ ᠪᠤᠳᠤᠵᠤ᠂ ᠪᠦᠬᠦ ᠪᠠᠯᠭᠠᠰᠤᠨ ᠤ 230 ᠭᠠᠷᠤᠢ ᠮᠠᠯᠴᠢᠨ ᠳᠠᠷᠢᠶᠠᠴᠢᠨ ᠡᠷᠤᠬᠡ ᠳᠤ 40 ᠭᠠᠷᠤᠢ ᠲᠦᠮᠡᠨ ᠵᠢᠩ ᠭᠠᠩ ᠲᠠᠢ ᠳᠡᠮᠡᠴᠡᠬᠦ ᠡᠷᠳᠡᠨᠢ ᠰᠢᠰᠢ ᠲᠦᠬᠡᠬᠡᠵᠤ᠂ ᠵᠢᠩ ᠪᠦᠷᠢ ᠳᠤ 0.3 ᠲᠦᠬᠦᠷᠢᠭ ᠨᠦᠬᠦᠪᠤᠷᠢᠯᠡᠨ᠂ ᠮᠠᠯᠴᠢᠨ ᠳᠠᠷᠢᠶᠠᠴᠢᠨ  ᠤ ᠳᠤᠯᠭᠠᠮ᠎ᠠ ᠱᠠᠭᠠᠷᠳᠠᠯᠭ᠎ᠠ ᠶᠢ ᠰᠢᠢᠤᠨᠪᠤᠷᠢᠯᠡᠪᠡ᠃     ᠤᠬᠠᠭᠤᠯᠭ᠎ᠠ ᠵᠢᠯᠤᠭᠤᠳᠤᠯᠭ᠎ᠠ ᠶᠢ ᠴᠢᠩᠭᠠᠤᠨᠬᠠᠪᠠ᠃ ᠸᠢᠴᠠᠲ ᠤᠨ ᠤᠯᠠᠨ ᠨᠠᠶᠢᠳᠠ ᠶᠢᠨ ᠳᠠᠪᠴᠠᠩ᠂ ᠸᠢᠴᠠᠲ ᠬᠤᠯᠪᠤᠭ᠎ᠠ᠂ ᠡᠷᠤᠬᠡ ᠳᠤ ᠬᠦᠨᠵᠡᠬᠡᠶᠢᠷᠡᠭᠰᠡᠨ ᠤᠬᠠᠭᠤᠯᠭ᠎ᠠ ᠵᠡᠷᠬᠡ ᠤᠯᠠᠨ ᠵᠤᠶᠢᠯ ᠤᠨ ᠠᠷᠭ᠎ᠠ ᠪᠠᠷᠢᠯ ᠢᠶᠠᠷ ᠭᠠᠮᠰᠢᠭ ᠢ ᠰᠡᠷᠬᠡᠶᠢᠯᠡᠨ ᠭᠠᠩ ᠲᠠᠢ ᠳᠡᠮᠡᠴᠡᠬᠦ᠂ ᠮᠠᠯ ᠳᠡᠵᠢᠬᠡᠪᠤᠷᠢ ᠶᠢᠨ ᠬᠢᠵᠢᠭ ᠤᠨ ᠪᠠᠶᠢᠳᠠᠯ ᠢ ᠰᠡᠷᠬᠡᠶᠢᠯᠡᠬᠦ ᠠᠷᠭ᠎ᠠ ᠪᠠᠷᠢᠯ᠂ ᠤᠰᠤ ᠶᠢ ᠠᠷᠪᠢᠯᠠᠵᠤ ᠬᠡᠷᠡᠭᠯᠡᠬᠦ ᠵᠡᠷᠬᠡ ᠮᠡᠳᠡᠯᠬᠡ ᠶᠢ ᠤᠬᠠᠭᠤᠯᠤᠨ ᠲᠦᠬᠡᠮᠡᠯᠵᠢᠬᠦᠯᠵᠤ᠂ ᠪᠦᠬᠦ ᠠᠷᠠᠤᠨ ᠤᠨ ᠤᠰᠤ ᠠᠷᠪᠢᠯᠠᠬᠤ ᠤᠬᠠᠮᠰᠠᠷ ᠢ  ᠳᠡᠬᠡᠭᠰᠢᠯᠡᠬᠦᠯᠤᠨ᠂ ᠤᠰᠤ ᠠᠷᠪᠢᠯᠠᠬᠤ ᠵᠦᠪ ᠤᠨᠤᠪᠴᠢᠳᠠᠢ ᠦᠵᠡᠯᠳᠠ ᠶᠢ ᠪᠤᠢ ᠪᠤᠯᠭᠠᠨ᠂ ᠮᠠᠯᠴᠢᠨ ᠳᠠᠷᠢᠶᠠᠴᠢᠤᠨ ᠤᠨ ᠭᠠᠮᠰᠢᠭ ᠲᠠᠢ ᠳᠡᠮᠡᠴᠡᠨ ᠦᠪᠡᠷ ᠢ ᠪᠠᠨ ᠠᠪᠤᠷᠠᠬᠤ ᠴᠢᠳᠠᠪᠤᠷᠢ ᠶᠢ ᠳᠡᠬᠡᠭᠰᠢᠯᠡᠬᠦᠯᠪᠠ᠃ ᠡᠯ᠎ᠡ ᠭᠠᠴᠠᠭ᠎ᠠ ᠳᠤᠰᠬᠤᠨ ᠨᠠᠶᠢᠬᠡᠮ ᠳᠤᠭᠤᠷᠢᠭ ᠲᠤ ᠴᠠᠭ ᠠᠭᠤᠷ ᠤᠨ ᠮᠡᠳᠡᠭᠡ ᠵᠠᠩᠬᠢ ᠬᠠᠩᠭᠠᠵᠤ᠂ ᠭᠠᠩ ᠬᠠᠭᠰᠠᠷᠭᠠᠨ ᠢ ᠰᠡᠷᠬᠡᠶᠢᠯᠡᠬᠦ ᠠᠷᠭ᠎ᠠ ᠠᠪᠴᠠᠯ ᠢ ᠰᠠᠶᠢᠳᠤᠷ ᠬᠡᠷᠡᠭᠯᠡᠵᠤ᠂ ᠤᠯᠠᠨ ᠲᠦᠮᠡᠨ ᠢ ᠵᠢᠯᠤᠭᠤᠳᠤᠨ ᠭᠠᠮᠰᠢᠭ ᠤᠨ ᠪᠠᠶᠢᠳᠠᠯ ᠢ ᠵᠦᠪ ᠳᠠᠨᠢᠵᠤ ᠯᠠᠪᠳᠠᠭᠤᠨ ᠢᠶᠠᠷ ᠠᠷᠭᠠᠴᠠᠨ᠂ ︽ᠭᠠᠩ ᠲᠠᠢ ᠳᠡᠮᠡᠴᠡᠨ ᠠᠷᠠᠤᠨ ᠤᠨ ᠠᠮᠢᠳᠤᠷᠠᠯ ᠢ ᠪᠠᠳᠤᠯᠠᠵᠤ᠂ ᠤᠰᠤ ᠠᠷᠪᠢᠯᠠᠨ ᠬᠦᠭᠵᠢᠯᠳᠠ ᠶᠢ ᠰᠦᠪᠡᠭᠴᠢᠯᠡᠬᠦ︾ ᠤᠬᠢ ᠰᠠᠶᠢᠨ ᠤᠷᠴᠢᠨ ᠢ ᠴᠢᠷᠮᠠᠶᠢᠨ ᠪᠤᠢ ᠪᠤᠯᠭᠠᠪᠠ᠃     ᠳᠠᠷᠠᠭᠠᠴᠢ ᠶᠢᠨ ᠠᠯᠬᠤᠮ ᠳᠤ᠂ ᠤᠯᠵᠠᠴᠢ ᠪᠠᠯᠭᠠᠰᠤ ᠨᠠᠮ ᠤᠨ ᠳᠡᠤᠬᠡ ᠶᠢᠨ ᠰᠤᠷᠤᠯᠴᠠᠯᠭ᠎ᠠ ᠬᠦᠮᠤᠵᠢᠯ ᠤᠨ ︽ᠠᠷᠠᠤᠨ ᠲᠦᠮᠡᠨ ᠳᠤ ᠪᠤᠳᠠᠳᠤ ᠠᠵᠢᠯ ᠬᠢᠬᠦ︾ ᠤᠶᠢᠯᠡᠳᠤᠯᠬᠡ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠠᠵᠢᠯ ᠤᠨ ᠠᠷᠭ᠎ᠠ ᠪᠠᠷᠢᠯ ᠢᠶᠠᠨ ᠤᠯᠠᠮ ᠨᠢᠬᠡ ᠠᠯᠬᠤᠮ ᠨᠠᠷᠢᠯᠢᠭᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠲᠦᠰᠤᠯ ᠢ ᠳᠡᠬᠦᠯᠳᠡᠷᠵᠢᠬᠦᠯᠤᠨ᠂ ᠭᠠᠮᠰᠢᠭ ᠲᠠᠢ ᠳᠡᠮᠡᠴᠡᠬᠦ ᠡᠳ᠋ ᠪᠤᠳᠠᠰ ᠨᠦᠬᠡᠴᠡᠯᠡᠵᠤ᠂ ᠭᠠᠮᠰᠢᠭ ᠲᠠᠢ ᠳᠡᠮᠡᠴᠡᠬᠦ ᠠᠵᠢᠯ ᠤᠨ ᠵᠢᠯᠤᠭᠤᠳᠤᠯᠭ᠎ᠠ ᠶᠢ ᠴᠢᠩᠭᠠᠤᠨᠬᠠᠨ᠂ ᠠᠷᠠᠤᠨ ᠲᠦᠮᠡᠨ ᠤ ᠬᠤᠬᠢᠷᠠᠯ ᠢ ᠠᠯᠢ ᠴᠢᠳᠠᠬᠤ ᠪᠠᠷ ᠪᠠᠭᠠᠰᠬᠠᠬᠤ ᠶᠢ ᠪᠠᠳᠤᠯᠠᠵᠤ᠂ ᠪᠦᠬᠦ ᠪᠠᠯᠭᠠᠰᠤᠨ ᠤ ᠠᠵᠤ ᠠᠬᠤᠢ ᠨᠠᠶᠢᠬᠡᠮ ᠤᠨ ᠴᠢᠨᠠᠷᠯᠢᠭ ᠬᠦᠭᠵᠢᠯᠳᠠ   ᠶᠢ ᠬᠠᠮᠠᠭᠠᠯᠠᠨ᠎ᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号