ᠰᠢᠨ᠎ᠡ ᠮᠠᠲ᠋ᠧᠷᠢᠶᠠᠯ ᠢᠶᠠᠷ ᠳᠤᠯᠠᠭᠠᠯᠠᠬᠤ ᠰᠢᠨ᠎ᠡ ᠰᠣᠩᠭᠤᠯᠳᠡ
ᠨᠡᠶᠢᠲᠡᠯᠡᠭᠰᠡᠨ ᠴᠠᠭ᠄
2021/9/3
    ᠦᠪᠦᠷ ᠮᠤᠩᠭᠤᠯ ᠤᠨ ᠦᠢᠯᠡᠰ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠨᠢ ᠦᠪᠦᠷ ᠮᠤᠩᠭᠤᠯ ᠤᠨ ᠪᠠᠯ ᠴᠢᠯᠠᠭᠤᠨ ᠠᠯᠺᠧᠨ ᠤ ᠰᠤᠳᠤᠯᠭᠠᠨ ᠤ ᠠᠯᠪᠠᠨ ᠭᠡᠷ ᠲᠠᠢ ᠬᠠᠮᠲᠣᠷᠠᠨ ᠰᠣᠳᠣᠯᠣᠨ ᠪᠦᠳᠣᠭᠡᠭᠰᠡᠨ ᠪᠠᠯ ᠴᠢᠯᠠᠭᠤᠨ ᠠᠯᠺᠧᠨ ᠤ ᠰᠢᠨ᠎ᠡ ᠮᠠᠲ᠋ᠧᠷᠢᠶᠠᠯ ᠢᠶᠠᠷ ᠣᠷᠤᠨ ᠰᠠᠭᠤᠴᠠ ᠶᠢ ᠳᠤᠯᠠᠭᠠᠯᠠᠬᠤ ᠰᠢᠨ᠎ᠡ ᠪᠦᠳᠤᠭᠡᠭᠲᠡᠭᠦᠨ ᠨᠢ ᠦᠣᠰᠢᠨ ᠬᠤᠰᠢᠭᠤᠨ ᠤ ᠡᠯ᠎ᠡ ᠰᠣᠮᠣ ᠰᠢᠶᠠᠩ ᠪᠠᠯᠭᠠᠰᠣᠨ ᠤ ᠮᠠᠯᠴᠢᠨ ᠠᠶᠢᠯ ᠳᠤ ᠣᠭᠰᠠᠷᠠᠨ ᠭᠡᠷᠡᠭᠯᠡᠭᠳᠡᠭᠡᠳ ᠠᠮᠵᠢᠯᠲᠠ ᠣᠯᠵᠥ᠂ ᠮᠠᠯᠴᠢᠨ ᠠᠶᠢᠯ ᠤᠨ ᠳᠣᠯᠠᠭᠠᠯᠠᠭ᠎ᠠ ᠶᠢᠨ ᠰᠢᠨ᠎ᠡ ᠰᠣᠩᠭᠤᠯᠳᠡ ᠪᠤᠯᠵᠤ ᠪᠠᠶᠢᠨ᠎ᠠ᠃     ᠣᠶᠢᠷ᠎ᠠ ᠶᠢᠨ ᠡᠳᠣᠷ᠂ ᠦᠪᠦᠷ ᠮᠤᠩᠭᠤᠯ ᠤᠨ ᠦᠢᠯᠡᠰ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠢᠨ ᠦᠦᠰᠢᠨ ᠬᠤᠰᠢᠭᠤᠨ ᠤ ᠡᠯ᠎ᠡ ᠰᠣᠮᠣ ᠰᠢᠶᠠᠩ ᠪᠠᠯᠭᠠᠰᠣᠨ ᠤ ᠮᠠᠯᠴᠢᠨ ᠲᠠᠷᠢᠶᠠᠴᠢᠨ ᠡᠷᠥᠭᠡ ᠪᠠᠷ ᠭᠦᠨᠵᠡᠭᠡᠶᠢᠷᠡᠨ᠂ ᠲᠡᠳᠡᠨ ᠤ ᠣᠭᠰᠠᠷᠠᠭᠰᠠᠨ ᠪᠠᠯ ᠴᠢᠯᠠᠭᠤᠨ ᠠᠯᠺᠧᠨ ᠤ ᠰᠢᠨ᠎ᠡ ᠮᠠᠲ᠋ᠧᠷᠢᠶᠠᠯ ᠢᠶᠠᠷ ᠣᠷᠤᠨ ᠰᠠᠭᠤᠴᠠ ᠶᠢ ᠳᠤᠯᠠᠭᠠᠯᠠᠬᠤ ᠮᠠᠰᠢᠨ ᠳᠦᠬᠦᠭᠡᠷᠣᠮᠵᠢ ᠶᠢᠨ ᠬᠡᠷᠡᠭᠯᠡᠯᠲᠡ ᠶᠢᠨ ᠪᠠᠶᠢᠳᠠᠯ ᠢ ᠪᠠᠶᠢᠴᠠᠭᠠᠨ ᠣᠶᠢᠯᠠᠭᠠᠵᠣ ᠪᠠᠶᠢᠯ᠎ᠠ᠃ ᠲᠣᠰ ᠺᠣᠮᠫᠠᠨᠢ ᠨᠢ 2020 ᠣᠨ ᠳᠤ ᠦᠦᠰᠢᠨ ᠬᠤᠰᠢᠭᠤᠨ ᠳᠤ ᠲᠤᠷᠰᠢᠯᠲᠠ ᠶᠢᠨ ᠰᠠᠭᠤᠷᠢᠨ ᠭᠠᠵᠠᠷ ᠢ ᠪᠠᠶᠢᠭᠤᠯᠵᠣ᠂ ᠤᠷᠢᠳ ᠬᠤᠵᠢᠳ ᠬᠤᠷᠢᠭᠠᠳ ᠮᠠᠯᠴᠢᠨ ᠡᠷᠤᠭᠡ ᠳᠤ ᠡᠨᠡ ᠬᠦ ᠳᠣᠯᠠᠭᠠᠯᠠᠭ᠎ᠠ ᠶᠢᠨ ᠰᠢᠨ᠎ᠡ ᠪᠦᠳᠣᠭᠡᠭᠳᠡᠬᠦᠨ ᠢ ᠣᠭᠰᠠᠷᠠᠨ᠂ ᠨᠢᠳᠣᠨᠣᠨ ᠡᠪᠣᠯ ᠤᠨ ᠭᠦᠢᠳᠡᠨ ᠳᠤ ᠳᠣᠷᠰᠢᠨ ᠬᠡᠷᠡᠭᠯᠡᠭᠡᠳ ᠰᠢᠯᠭᠠᠨ ᠬᠤᠷᠢᠶᠠᠯᠳᠠ ᠶᠢ ᠦᠩᠭᠡᠷᠡᠭᠦᠯᠥᠭᠰᠡᠨ ᠪᠠᠶᠢᠨ᠎ᠠ᠃     ᠭᠠᠯᠠᠭᠤᠲᠣ ᠪᠠᠯᠭᠠᠰᠣᠨ ᠤ ᠪᠠᠶ᠋ᠬᠠᠦ᠋ᠡᠳᠣᠷ ᠭᠠᠴᠠᠭᠠᠨ ᠤ ᠮᠠᠯᠴᠢᠨ ᠠᠯᠲᠠᠨᠪᠢᠯᠢᠭ᠌ ᠤᠨ ᠬᠢᠨ ᠨᠢᠳᠣᠨᠣᠨ ᠨᠠᠮᠣᠷ 120 ᠳᠡᠭᠰᠢ ᠳᠦᠷᠪᠡᠯᠵᠢᠨ ᠮᠧᠳ᠋ᠷ ᠤᠨ ᠲᠠᠯᠠᠪᠠᠢ ᠲᠠᠢ ᠤᠷᠤᠨ ᠰᠠᠭᠤᠴᠠ ᠳᠠᠭᠠᠨ ᠳᠤᠰ ᠳᠣᠯᠠᠭᠠᠯᠠᠭ᠎ᠠ ᠶᠢᠨ ᠳᠦᠬᠦᠭᠡᠷᠣᠮᠵᠢ ᠶᠢ ᠣᠭᠰᠠᠷᠠᠵᠣ᠂ ᠮᠠᠰᠢ ᠣᠯᠡᠨ ᠳᠠᠪᠠᠭᠤᠯᠢᠭ ᠳᠠᠯ᠎ᠠ ᠲᠠᠢ ᠪᠠᠶᠢᠭ᠎ᠠ ᠶᠢ ᠤᠢᠢᠯᠠᠭᠠᠵᠤ ᠮᠡᠳᠡᠪᠡ᠃ ︽ᠭᠠᠯ ᠲᠦᠯᠡᠬᠦ ᠤᠴᠢᠷ ᠦᠭᠡᠢ᠂ ᠭᠦᠴᠦ ᠬᠦᠳᠡᠯᠮᠥᠷᠢ ᠳᠤ ᠠᠷᠪᠢᠲᠠᠢ᠂ ᠥᠷᠯᠥᠭᠡ ᠡᠷᠳᠡ ᠴᠠᠢ ᠪᠠᠨ ᠤᠤᠭᠤᠵᠤ ᠪᠠᠷᠠᠭᠠᠳ ᠠᠵᠢᠯ ᠬᠦᠳᠡᠯᠮᠦᠷᠢ ᠳᠡᠭᠡᠨ ᠭᠠᠷᠤᠨ᠎ᠠ᠂ ᠣᠷᠣᠢ ᠬᠠᠷᠢᠵᠤ ᠢᠷᠡᠬᠦ ᠳᠤ ᠭᠡᠷ ᠳᠤᠯᠠᠭᠠᠨ᠂ ᠠᠯᠤᠰ ᠡᠵᠡᠮᠰᠢᠯ ᠢᠶᠠᠷ ᠡᠵᠡᠮᠰᠢᠵᠤ ᠪᠤᠯᠳᠠᠭ ᠪᠤᠯᠬᠤᠷ ᠭᠠᠳᠠᠨ᠎ᠠ ᠠᠵᠢᠯ ᠭᠢᠵᠤ ᠪᠠᠶᠢᠭᠠᠳ ᠴᠤ ᠭᠡᠳ ᠭᠡᠷ ᠢᠶᠠᠨ ᠬᠠᠯᠠᠭᠤᠯᠤᠭᠠᠳ ᠠᠮᠵᠢᠴᠢᠬᠠᠨ᠎ᠠ︾ ᠭᠡᠵᠤ ᠠᠯᠲᠠᠨᠪᠢᠯᠢᠭ᠌ ᠠᠮᠠ ᠬᠠᠮᠬᠢᠯ ᠦᠭᠡᠢ ᠮᠠᠬᠳᠠᠨ᠎ᠠ᠃     ᠦᠪᠦᠷ ᠮᠤᠩᠭᠤᠯ ᠤᠨ ᠦᠢᠯᠡᠰ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯᠣᠨ ᠦᠪᠦᠷ ᠮᠤᠩᠭᠤᠯ ᠤᠨ ᠪᠠᠯ ᠴᠢᠯᠠᠭᠤᠨ ᠠᠯᠺᠧᠨ ᠤ ᠰᠤᠳᠤᠯᠭᠠᠨ ᠤ ᠠᠯᠪᠠᠨ ᠭᠡᠷ ᠬᠠᠮᠲᠣᠷᠠᠨ ᠰᠣᠳᠣᠯᠣᠨ ᠪᠦᠳᠣᠭᠡᠭᠰᠡᠨ ᠪᠠᠯ ᠴᠢᠯᠠᠭᠤᠨ ᠠᠯᠺᠧᠨ ᠤ ᠰᠢᠨ᠎ᠡ ᠮᠠᠲ᠋ᠧᠷᠢᠶᠠᠯ ᠢᠶᠠᠷ ᠣᠷᠤᠨ ᠰᠠᠭᠤᠴᠠ ᠶᠢ ᠳᠤᠯᠠᠭᠠᠯᠠᠬᠤ ᠰᠢᠨ᠎ᠡ ᠪᠦᠲᠦᠭᠡᠭᠲᠡᠭᠦᠨ ᠨᠢ ᠴᠠᠬᠢᠯᠭᠠᠨ ᠨᠠᠪᠳᠠᠷᠡᠭᠰᠡᠭᠡᠷ ᠬᠠᠯᠠᠬᠤ ᠳᠤ ᠲᠦᠷᠭᠡᠨ᠂ ᠭᠠᠯ ᠤᠨ ᠠᠶᠤᠯ ᠭᠠᠷᠬᠤ ᠶᠢ ᠰᠡᠷᠭᠡᠶᠢᠯᠡᠵᠤ ᠴᠢᠳᠠᠬᠤ ᠮᠦᠷᠳᠡᠭᠡᠨ ᠳᠣᠯᠠᠭᠠᠯᠠᠭ᠎ᠠ ᠳᠤ ᠵᠠᠷᠣᠴᠠᠭᠤᠯᠬᠤ ᠵᠠᠷᠤᠳᠠᠯ ᠪᠠᠭ᠎ᠠ᠂ ᠪᠣᠬᠢᠷᠲᠤᠯ ᠦᠭᠡᠢ᠂ ᠠᠷᠢᠭᠤᠨ ᠴᠡᠪᠡᠷ ᠪᠠᠶᠢᠳᠠᠭ ᠠᠴᠠ ᠬᠦᠳᠡᠭᠡ ᠳᠤᠰᠬᠤᠨ ᠮᠠᠯᠵᠢᠬᠤ ᠣᠷᠣᠨ ᠤ ᠮᠠᠯᠴᠢᠨ ᠲᠠᠷᠢᠶᠠᠴᠢᠨ ᠠᠶᠢᠯ ᠡᠷᠣᠬᠡ ᠶᠢᠨ ᠳᠣᠯᠠᠭᠠᠯᠠᠭ᠎ᠠ ᠶᠢᠨ ᠰᠢᠨ᠎ᠡ ᠰᠣᠩᠭᠤᠯᠲᠠ ᠪᠣᠯᠵᠤ ᠪᠠᠶᠢᠨ᠎ᠠ᠃     ᠦᠪᠦᠷ ᠮᠤᠩᠭᠤᠯ ᠤᠨ ᠦᠢᠯᠡᠰ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠳᠠᠨ ᠲᠤᠯᠭᠠᠭᠤᠷᠢ ᠶᠢᠨ ᠳᠠᠨᠢᠯᠴᠠᠭᠤᠯᠤᠬᠰᠠᠨ ᠢᠶᠠᠷ᠂ ᠨᠢᠳᠤᠨᠤᠨ 9 ᠰᠠᠷ᠎ᠠ ᠠᠴᠠ ᠲᠥᠷᠥ ᠶᠢᠨ ᠪᠣᠲᠤᠯᠭ᠎ᠠ ᠶᠢᠨ ᠬᠠᠷᠠᠭᠠᠯᠵᠠᠯ ᠢᠶᠠᠷ ᠴᠠᠬᠢᠯᠭᠠᠨ ᠤ ᠦᠨ᠎ᠡ ᠬᠠᠩᠰᠢ ᠶᠢ ᠳᠣᠣᠷ᠎ᠠ ᠪᠣᠯᠭᠠᠭᠰᠠᠨ ᠪᠠᠶᠢᠨ᠎ᠠ᠃ ᠬᠦᠳᠡᠭᠡ ᠳᠤᠰᠬᠤᠨ ᠮᠠᠯᠵᠢᠬᠤ ᠤᠷᠤᠨ ᠳᠤ ᠴᠠᠬᠢᠯᠭᠠᠨ ᠤ ᠦᠨ᠎ᠡ ᠳᠤ ᠳᠤᠬᠢᠷᠠᠭᠤᠯᠤᠯᠲᠠ ᠬᠢᠵᠦ ᠣᠷᠣᠢ ᠶᠢᠨ ᠵᠢᠷᠭᠤᠭᠠᠨ ᠴᠠᠭ ᠠᠴᠠ ᠳᠠᠷᠠᠭ᠎ᠠ ᠥᠷᠯᠥᠭᠡ ᠶᠢᠨ ᠨᠠᠢᠮᠠᠨ ᠴᠠᠭ ᠪᠣᠯᠲᠠᠯ᠎ᠠ ᠨᠢᠭᠡ ᠭᠷᠠᠳᠥ᠋ᠰ ᠤᠨ ᠴᠠᠬᠢᠯᠭᠠᠨ ᠤ ᠦᠨ᠎ᠠ ᠨᠢ 0.16 ᠳᠦᠭᠦᠷᠢᠭ ᠪᠠᠶᠢᠵᠤ᠂ ᠪᠤᠰᠤᠳ ᠴᠠᠭ ᠲᠤ ᠴᠦ᠋ᠮ 0.40 ᠳᠦᠭᠦᠷᠢᠭ ᠵᠠᠷᠤᠴᠠᠭᠤᠯᠤᠨ᠎ᠠ᠂ ᠤᠳᠤᠬᠠᠨ ᠳᠤ ᠨᠠᠮ ᠵᠠᠰᠠᠭ ᠠᠴᠠ ᠬᠦᠳᠡᠭᠡ ᠳᠤᠰᠬᠤᠨ ᠮᠠᠯᠵᠢᠬᠤ ᠤᠷᠤᠨ ᠳᠤ ᠨᠡᠭᠦᠷᠡᠰᠦ ᠶᠢ ᠠᠯᠢ ᠪᠤᠯᠬᠤ ᠪᠠᠷ ᠪᠠᠭ᠎ᠠ ᠭᠡᠷᠡᠭᠯᠡᠬᠦ ᠶᠢ ᠰᠠᠨᠠᠭᠠᠴᠢᠯᠠᠵᠤ ᠪᠤᠢ᠃ ᠳᠤᠰ ᠰᠢᠨ᠎ᠡ ᠪᠦᠲᠦᠭᠡᠭᠳᠡᠭᠦᠨ ᠨᠢ ᠮᠠᠯᠵᠢᠬᠤ ᠲᠠᠷᠢᠶᠠᠯᠠᠬᠤ ᠤᠷᠤᠨ ᠳᠤ ᠨᠡᠩ ᠰᠠᠶᠢᠨ ᠲᠣᠯᠠᠭᠠᠯᠠᠮᠵᠢ ᠶᠢᠨ ᠬᠡᠷᠡᠭᠯᠡᠭᠡ ᠶᠢ ᠬᠠᠨᠭ᠍ᠭᠠᠬᠰᠠᠨ ᠮᠥᠷᠲᠡᠭᠡᠨ ᠪᠠᠰᠠ ᠴᠡᠪᠡᠷ ᠰᠠᠶᠢᠬᠠᠨ ᠠᠮᠢᠳᠤᠷᠠᠯ ᠤᠨ ᠤᠷᠴᠢᠨ ᠢ ᠪᠤᠢ ᠪᠣᠯᠭᠠᠬᠤ ᠳᠤ ᠪᠣᠯ ᠳᠦᠭᠦᠮ ᠦᠵᠡᠭᠦᠯᠦᠭᠰᠡᠨ ᠪᠠᠶᠢᠨ᠎ᠠ ᠭᠡᠵᠠᠢ᠃
 
ᠢᠷᠡᠯᠲᠡ᠄ ᠤᠷᠳᠤᠰ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号