ᠤᠳᠤᠭ ᠤᠨ ᠡᠮᠤᠨᠡᠳᠤ ᠬᠤᠰᠢᠭᠤᠨ ᠤ ᠮᠠᠯ ᠤᠨ ᠡᠮᠨᠡᠯᠬᠡ ᠶᠢᠨ ᠬᠤᠷᠢᠶ᠎ᠠ ᠵᠢᠴᠢ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠬᠡᠨ ᠤ ᠲᠦᠪ ᠤᠨ ᠡᠷᠤᠬᠡ ᠰᠡᠬᠦᠬᠦ ᠶᠤᠰᠤᠯᠠᠯ ᠨᠠᠩᠰᠤ ᠪᠠᠯᠭᠠᠰᠤᠨ ᠳᠤ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2021/9/30
    ᠤᠳᠤᠭ ᠤᠨ ᠡᠮᠤᠨᠡᠳᠤ ᠬᠤᠰᠢᠭᠤᠨ ᠤ ᠮᠠᠯ ᠤᠨ ᠡᠮᠨᠡᠯᠬᠡ ᠶᠢᠨ ᠬᠤᠷᠢᠶ᠎ᠠ ᠵᠢᠴᠢ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠬᠡᠨ ᠤ ᠲᠦᠪ ᠤᠨ ᠡᠷᠤᠬᠡ ᠰᠡᠬᠦᠬᠦ ᠶᠤᠰᠤᠯᠠᠯ ᠨᠠᠩᠰᠤ ᠪᠠᠯᠭᠠᠰᠤᠨ ᠤ ᠮᠢᠩᠭᠠᠢ ᠭᠠᠴᠠᠭᠠᠨ ᠤ ᠬᠠᠮᠳᠤ ᠶᠢᠨ ᠠᠵᠤ ᠠᠬᠤᠢ ᠶᠢᠨ ᠲᠦᠷᠤᠯ ᠵᠦᠢᠯ ᠤᠨ ᠰᠠᠭᠤᠷᠢᠨ ᠳᠤ ᠠᠮᠵᠢᠯᠳᠠ ᠲᠠᠢ ᠶᠠᠪᠤᠭᠳᠠᠵᠤ᠂ ᠨᠠᠩᠰᠤ  ᠪᠠᠯᠭᠠᠰᠤᠨ ᠤ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠬᠡᠨ ᠤ ᠠᠵᠢᠯ ᠤᠨ ᠰᠢᠨ᠎ᠠ ᠨᠢᠬᠡᠨ ᠬᠠᠭᠤᠳᠠᠰᠤ ᠶᠢ ᠰᠡᠬᠦᠨ᠂ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠠᠶᠠᠨ ᠢ ᠡᠬᠢᠯᠡᠬᠦᠯᠦᠭᠰᠡᠨ ᠢ ᠬᠠᠷᠠᠭᠤᠯᠵᠤ ᠪᠤᠢ᠃     ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠶᠢᠤ ᠵᠢᠶᠠᠨ ᠴᠢᠩ ︽ᠤᠳᠤᠭ ᠤᠨ ᠡᠮᠤᠨᠡᠳᠤ ᠬᠤᠰᠢᠭᠤᠨ ᠤ ᠮᠠᠯ ᠤᠨ ᠡᠮᠨᠡᠯᠬᠡ ᠶᠢᠨ ᠬᠤᠷᠢᠶ᠎ᠠ ᠪᠠ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠬᠡᠨ  ᠤ ᠲᠦᠪ︾ ᠡᠷᠤᠬᠡ ᠰᠡᠬᠦᠭᠰᠡᠨ ᠢ ᠵᠠᠷᠯᠠᠵᠤ᠂ ᠨᠠᠩᠰᠤ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠷᠠᠰᠢ ᠶᠠᠷᠢᠶ᠎ᠠ ᠳᠠᠯᠪᠢᠪᠠ︔ ᠨᠠᠩᠰᠤ ᠪᠠᠯᠭᠠᠰᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠤᠷᠳᠤᠨ ᠤ ᠪᠠᠯᠭᠠᠰᠤᠨ ᠳᠠᠷᠤᠭ᠎ᠠ ᠵᠣᠣ ᠶᠥᠩ ᡁᠢ ᠶᠤᠰᠤᠯᠠᠯ ᠢ ᠪᠠᠷᠢᠮᠳᠠᠯᠠᠨ᠂ ᠮᠢᠩᠭᠠᠢ ᠭᠠᠴᠠᠭᠠᠨ ᠤ ᠨᠠᠮ ᠤᠨ ᠡᠬᠦᠷ ᠤᠨ ᠱᠦᠵᠢ ᠮᠦᠷᠡᠨ ᠤᠪᠤᠷ ᠢᠶᠠᠨ ᠢᠯᠡᠤᠨᠬᠡᠵᠤ ᠶᠠᠷᠢᠶ᠎ᠠ ᠳᠠᠯᠪᠢᠪᠠ᠃     ᠷᠠᠰᠢ ᠶᠠᠷᠢᠶᠠᠨ ᠳᠤ ᠪᠠᠨ᠂ ᠪᠦᠬᠦ ᠬᠤᠰᠢᠭᠤᠨ ᠤ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠳᠠᠭᠤᠷᠢᠶᠠᠯ ᠳᠤᠭᠤᠷᠢᠭ ᠪᠠ ᠨᠠᠩᠰᠤ ᠪᠠᠯᠭᠠᠰᠤᠨ ᠤ ᠳᠠᠷᠢᠶᠠᠯᠠᠩ ᠮᠠᠯ ᠠᠵᠤ ᠠᠬᠤᠢ ᠶᠢᠨ ᠡᠷᠬᠢᠯᠳᠠᠳᠤ ᠬᠦᠭᠵᠢᠯᠳᠠ  ᠶᠢᠨ ᠳᠠᠭᠤᠷᠢᠶᠠᠯ ᠪᠠᠯᠭᠠᠰᠤ ᠶᠢᠨ ᠪᠠᠶᠢᠭᠤᠯᠤᠯᠳᠠ ᠶᠢᠨ ᠬᠠᠷᠠᠯᠳᠠ ᠶᠤᠰᠤᠭᠠᠷ᠂ ᠪᠢᠳᠠ ᠮᠠᠯ ᠤᠨ ᠬᠢᠵᠢᠭ ᠡᠪᠡᠤᠨᠴᠢᠨ ᠢ ᠰᠡᠷᠬᠡᠶᠢᠯᠡᠬᠦ᠂ ᠤᠨᠤᠰᠢᠯᠠᠬᠤ᠂ ᠡᠮᠴᠢᠯᠡᠬᠦ ᠪᠠ ᠮᠠᠯ ᠤᠨ ᠠᠰᠢᠭ ᠰᠢᠮ᠎ᠠ ᠶᠢᠨ ᠪᠦᠳᠤᠬᠡᠭᠳᠡᠬᠦᠨ ᠤ ᠰᠢᠯᠭᠠᠨ ᠪᠠᠶᠢᠴᠠᠭᠠᠯᠳᠠ᠂ ᠵᠤᠬᠢᠶᠠᠮᠠᠯ ᠬᠡᠬᠡᠯᠳᠤᠬᠦᠯᠬᠡ᠂ ᠮᠡᠷᠬᠡᠵᠢᠯ ᠤᠨ ᠳᠡᠯᠬᠡᠷᠡᠬᠦᠯᠤᠯᠳᠠ ᠪᠠ ᠪᠤᠯᠪᠠᠰᠤᠷᠠᠯ ᠤᠨ ᠤᠶᠢᠯᠡᠴᠢᠯᠡᠭᠡ ᠵᠡᠷᠬᠡ ᠴᠢᠳᠠᠪᠬᠢ ᠶᠢ ᠨᠢᠬᠡ ᠴᠤᠭᠴᠠᠵᠢᠭᠤᠯᠤᠭᠰᠡᠨ ᠮᠠᠯ ᠤᠨ ᠡᠮᠨᠡᠯᠬᠡ ᠶᠢᠨ ᠬᠤᠷᠢᠶ᠎ᠠ ᠶᠢ ᠪᠠᠶᠢᠭᠤᠯᠵᠤ᠂ ᠨᠠᠶᠢᠬᠡᠮᠴᠢᠯᠡᠭᠰᠡᠨ ᠤᠶᠢᠯᠡᠴᠢᠯᠡᠬᠡᠨ ᠤ ᠬᠤᠷᠰᠢᠶᠠᠵᠢᠯ ᠢ ᠲᠦᠬᠦᠷᠵᠢᠬᠦᠯᠤᠨ ᠪᠠᠶᠢᠭᠤᠯᠪᠠ᠃ ᠡᠨᠡ ᠨᠢ ᠨᠠᠩᠰᠤ ᠪᠠᠯᠭᠠᠰᠤ ᠮᠠᠯ ᠤᠨ ᠬᠢᠵᠢᠭ ᠢ ᠰᠡᠷᠬᠡᠶᠢᠯᠡᠬᠦ ᠨᠠᠶᠢᠬᠡᠮᠴᠢᠯᠡᠭᠰᠡᠨ ᠦᠬᠡᠷᠡᠴᠢᠯᠡᠯᠳᠠ᠂ ᠮᠠᠯ ᠠᠵᠤ ᠠᠬᠤᠢ ᠶᠢᠨ ᠡᠷᠡᠬᠦᠯ ᠬᠦᠭᠵᠢᠯᠳᠠ ᠵᠡᠷᠬᠡ ᠳᠠᠯ᠎ᠠ ᠪᠠᠷ ᠪᠤᠳᠠᠳᠤ ᠠᠬᠢᠯᠳᠠ ᠤᠯᠵᠤ᠂ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠠᠵᠢᠯ ᠤᠬᠢ ᠰᠠᠶᠢᠨ ᠡᠬᠢᠯᠠᠯᠳᠠ ᠲᠠᠢ ᠪᠤᠯᠤᠭᠰᠡᠨ ᠢ ᠬᠠᠷᠠᠭᠤᠯᠵᠤ ᠪᠠᠶᠢᠨ᠎ᠠ᠃ ᠡᠷᠤᠬᠡ ᠰᠡᠬᠦᠵᠤ ᠬᠡᠷᠡᠭᠯᠡᠯᠳᠠ ᠳᠤ ᠤᠷᠤᠭᠤᠯᠤᠭᠰᠡᠨ ᠤ ᠳᠠᠷᠠᠭ᠎ᠠ ᠮᠦᠨ ᠬᠦ ᠮᠠᠯᠵᠢᠬᠤ ᠤᠷᠤᠨ ᠤ ᠮᠠᠯ ᠤᠨ ᠬᠢᠵᠢᠭ ᠢ ᠰᠡᠷᠬᠡᠶᠢᠯᠡᠬᠦ ᠠᠵᠢᠯ ᠤᠨ ᠲᠦᠪᠰᠢᠨ ᠢ ᠦᠨᠡᠨᠬᠦ ᠴᠢᠩᠭᠠᠤᠨᠬᠠᠬᠤ ᠪᠠᠷ ᠬᠠᠷᠠᠯᠳᠠ ᠪᠤᠯᠭᠠᠵᠤ᠂ ᠮᠠᠯ ᠠᠵᠤ ᠠᠬᠤᠢ ᠶᠢᠨ ᠴᠢᠨᠠᠷᠯᠢᠭ ᠬᠦᠭᠵᠢᠯᠳᠠ  ᠶᠢ ᠪᠦᠬᠦ ᠬᠦᠴᠤᠨ ᠢᠶᠠᠷ ᠬᠠᠮᠠᠭᠠᠯᠠᠬᠤ ᠪᠤᠯᠤᠨ᠎ᠠ ᠬᠡᠪᠡ᠃      ᠤᠶᠢᠯᠠᠭᠠᠭᠰᠡᠨ ᠢᠶᠠᠷ᠂ ᠤᠳᠤᠭ ᠤᠨ ᠡᠮᠤᠨᠡᠳᠤ ᠬᠤᠰᠢᠭᠤᠨ ᠤ ᠮᠠᠯ ᠤᠨ ᠡᠮᠨᠡᠯᠬᠡ ᠶᠢᠨ ᠬᠤᠷᠢᠶ᠎ᠠ ᠪᠠ ᠮᠠᠯ ᠡᠮᠨᠡᠯᠬᠡ ᠶᠢᠨ ᠨᠠᠶᠢᠬᠡᠮᠴᠢᠯᠡᠭᠰᠡᠨ ᠤᠶᠢᠯᠡᠴᠢᠯᠡᠬᠡᠨ ᠤ ᠲᠦᠪ ᠤᠨ ᠪᠠᠶᠢᠭᠤᠯᠤᠭᠳᠠᠭᠰᠡᠨ ᠨᠢ ᠠᠮᠢᠳᠠᠨ ᠤ ᠬᠢᠵᠢᠭ ᠡᠪᠡᠤᠨᠴᠢᠨ ᠢ ᠰᠡᠷᠬᠡᠶᠢᠯᠡᠨ ᠡᠵᠡᠮᠳᠡᠬᠦ ᠰᠢᠰᠲ᠋ᠧᠮ ᠢ ᠤᠯᠠᠮ ᠨᠢᠬᠡ ᠠᠯᠬᠤᠮ ᠳᠡᠬᠦᠯᠳᠡᠷᠵᠢᠬᠦᠯᠤᠨ᠂ ᠤᠯᠠᠨ ᠡᠰᠢᠵᠢᠯ ᠢ ᠨᠢᠬᠡ ᠴᠤᠭᠴᠠᠵᠢᠭᠤᠯᠤᠭᠰᠡᠨ ᠤᠶᠢᠯᠡᠴᠢᠯᠡᠬᠡᠨ ᠤ ᠰᠢᠰᠲ᠋ᠧᠮ᠂ ᠳᠠᠷᠤᠢ ᠨᠠᠮ ᠤᠨ ᠡᠬᠦᠷ ᠤᠨ ᠤᠳᠤᠷᠢᠳᠤᠯᠭ᠎ᠠ ᠳᠤᠤᠷ᠎ᠠ᠂ ᠮᠠᠯ ᠤᠨ ᠡᠮᠨᠡᠯᠬᠡ ᠶᠢᠨ ᠬᠤᠷᠢᠶ᠎ᠠ ᠪᠠ ᠨᠠᠶᠢᠬᠡᠮᠴᠢᠯᠡᠭᠰᠡᠨ ᠤᠶᠢᠯᠡᠴᠢᠯᠡᠬᠡᠨ ᠤ ᠬᠤᠷᠰᠢᠶᠠᠵᠢᠯ ᠳᠤᠰ ᠳᠤᠰ ᠤᠨ ᠡᠬᠦᠷᠬᠡ ᠳᠤᠰᠢᠶᠠᠯ ᠢᠶᠠᠨ ᠬᠦᠢᠴᠡᠤᠨᠬᠡᠵᠤ᠂ ᠳᠡᠵᠢᠬᠡᠨ ᠦᠷᠡᠵᠢᠬᠦᠯᠬᠦ ᠡᠷᠤᠬᠡ ᠳᠤ ᠤᠶᠢᠯᠡᠤᠨᠪᠤᠷᠢᠯᠡᠯ ᠠᠴᠠ ᠡᠮᠤᠨᠡᠬᠢ᠂ ᠤᠶᠢᠯᠡᠤᠨᠪᠤᠷᠢᠯᠠᠯ ᠳᠤᠮᠳᠠᠬᠢ᠂ ᠤᠶᠢᠯᠡᠤᠨᠪᠤᠷᠢᠯᠡᠯ ᠤᠨ ᠳᠠᠷᠠᠭᠠᠬᠢ ᠬᠡᠯᠬᠢᠶᠡᠵᠢᠭᠰᠡᠨ ᠤᠶᠢᠯᠡᠴᠢᠯᠡᠭᠡ ᠬᠠᠩᠭᠠᠵᠤ᠂ ᠬᠠᠮᠤᠭ ᠳᠤᠰᠬᠠᠢ ᠮᠡᠷᠬᠡᠵᠢᠯ ᠲᠠᠢ᠂ ᠬᠠᠮᠤᠭ ᠨᠠᠶᠢᠳᠠᠪᠤᠷᠢᠳᠠᠢ᠂ ᠬᠠᠮᠤᠭ ᠳᠡᠷᠢᠬᠦᠨ ᠤ ᠨᠠᠶᠢᠬᠡᠮᠴᠢᠯᠡᠭᠰᠡᠨ ᠤᠶᠢᠯᠡᠴᠢᠯᠡᠬᠡᠨ ᠤ ᠳᠠᠪᠴᠠᠩ ᠢ ᠪᠠᠶᠢᠭᠤᠯᠪᠠ᠃ ᠠᠮᠢᠳᠠᠨ ᠤ ᠬᠢᠵᠢᠭ ᠡᠪᠠᠨ᠋ᠤᠨᠴᠢᠨ ᠬᠢᠵᠢᠭ ᠤᠨ ᠪᠠᠶᠢᠳᠠᠯ ᠢ ᠤᠷᠢᠤᠨᠴᠢᠯᠡᠨ ᠰᠡᠷᠬᠡᠶᠢᠯᠡᠬᠦ ᠴᠢᠳᠠᠪᠤᠷᠢ᠂ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠪᠠ ᠬᠢᠵᠢᠭ ᠡᠪᠡᠤᠨᠴᠢᠨ ᠢ ᠬᠢᠵᠠᠭᠠᠷᠯᠠᠬᠤ ᠴᠢᠳᠠᠪᠤᠷᠢ ᠶᠢ ᠳᠡᠬᠡᠭᠰᠢᠯᠡᠬᠦᠯᠬᠦ ᠶᠢᠨ ᠬᠠᠮᠳᠤ ᠮᠠᠯ ᠠᠵᠤ ᠠᠬᠤᠢ ᠶᠢᠨ ᠬᠦᠭᠵᠢᠯᠳᠠ ᠶᠢᠨ ᠶᠠᠰᠤ ᠴᠢᠨᠠᠷ᠂ ᠦᠷ᠎ᠠ ᠪᠦᠳᠤᠮᠵᠢ ᠪᠠ ᠦᠷᠢᠰᠤᠯᠳᠤᠬᠦ ᠬᠦᠴᠤᠨ ᠢ ᠳᠡᠬᠡᠭᠰᠢᠯᠡᠬᠦᠯᠪᠠ᠃      ᠡᠷᠤᠬᠡ ᠰᠡᠬᠦᠬᠦ ᠶᠤᠰᠤᠯᠠᠯ ᠳᠤ᠂ ᠮᠢᠩᠭᠠᠢ ᠭᠠᠴᠠᠭ᠎ᠠ ᠶᠢ ᠳᠠᠭᠠᠭᠠᠴᠢᠯᠠᠵᠤ ᠪᠠᠶᠢᠭ᠎ᠠ ᠨᠢᠬᠡᠴᠠ ᠬᠤᠰᠢᠭᠤᠨ ᠤ ᠮᠤᠩᠭᠤᠯ ᠡᠮᠨᠡᠯᠬᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶ᠎ᠠ ᠠᠴᠠ ᠭᠠᠴᠠᠭᠠᠨ ᠤ ᠬᠠᠮᠳᠤ ᠶᠢᠨ ᠠᠵᠤ ᠠᠬᠤᠢ  ᠶᠢᠨ ᠲᠦᠷᠤᠯ ᠵᠦᠢᠯ ᠳᠤ 3 ᠲᠦᠮᠡᠨ ᠲᠦᠬᠦᠷᠢᠭ ᠬᠠᠨᠳᠢᠪᠯᠡᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号