9 ᠰᠠᠷ᠎ᠠ ᠶᠢᠨ 28 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠪᠦᠬᠦ | ᠬᠤᠰᠢᠭᠤᠨ ᠤ ᠡᠮᠦᠨ᠎ᠡ ᠭᠤᠷᠪᠠᠨ ᠣᠯᠠᠷᠢᠯ ᠤᠨ ᠠᠵᠤ ᠠᠬᠤᠢ ᠶᠢᠨ ᠡᠷᠬᠢᠯᠲᠡ ᠶᠢᠨ ᠲᠤᠬᠢᠷᠠᠭᠤᠯᠤᠯᠲᠠ ᠶᠢᠨ ᠬᠤᠷᠠᠯ | ᠵᠢᠴᠢ ᠴᠢᠬᠤᠯᠠ ᠶᠡᠭᠡ ᠲᠦᠷᠦᠯ ᠵᠦᠢᠯ ᠭᠤᠤᠯᠳᠠᠯᠭᠠᠲᠤ ᠠᠵᠢᠯ ᠤᠨ ᠠᠬᠢᠭᠤᠯᠤᠯᠲᠠ ᠶᠢᠨ ᠬᠤᠷᠠᠯ ᠢ ᠡᠷᠬᠢᠯᠡᠨ | ᠬᠤᠷᠠᠯᠳᠣᠭᠤᠯᠵᠣ᠂ ᠪᠦᠬᠦ ᠬᠤᠰᠢᠭᠤᠨ ᠤ ᠡᠮᠦᠨ᠎ᠡ ᠭᠤᠷᠪᠠᠨ ᠣᠯᠠᠷᠢᠯ ᠤᠨ ᠠᠵᠤ ᠠᠬᠤᠢ ᠶᠢᠨ ᠡᠷᠬᠢᠯᠲᠡ ᠶᠢᠨ | ᠪᠠᠶᠢᠳᠠᠯ ᠢ ᠵᠠᠳᠠᠯᠵᠤ ᠮᠠᠭᠠᠳᠯᠠᠨ᠂ ᠳᠠᠷᠠᠭᠠᠴᠢ ᠱᠠᠲᠤᠨ ᠤ ᠭᠤᠤᠯᠳᠠᠯᠭᠠᠲᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ | ᠬᠤᠰᠢᠭᠤ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠨᠡᠷ᠎ᠡ ᠳᠣᠷᠠᠳᠣᠭᠰᠠᠨ | ᠵᠢᠱᠢᠭᠳᠡᠭᠴᠢ ᠭᠤᠤ ᠷᠦᠩ ᠲᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ᠂ ᠬᠤᠰᠢᠭᠤ ᠣᠯᠣᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ | ᠪᠠᠷ ᠨᠡᠷ᠎ᠡ ᠳᠣᠷᠠᠳᠤᠭᠰᠠᠨ ᠵᠢᠱᠢᠭᠳᠡᠭᠴᠢ ᠲᠤᠳᠢ ᠵᠡᠷᠭᠡ ᠪᠦᠬᠦ ᠬᠤᠰᠢᠭᠤᠨ ᠤ ᠳᠡᠳ᠋ ᠰᠢᠶᠠᠨ ᠤ ᠲᠡᠰ ᠠᠴᠠ | ᠳᠡᠭᠡᠰᠢᠬᠢ ᠬᠤᠰᠢᠭᠤᠨ ᠳᠤ ᠪᠠᠨ ᠪᠠᠶᠢᠭ᠎ᠠ ᠣᠳᠣᠷᠢᠳᠣᠯᠭ᠎ᠠ ᠬᠤᠷᠠᠯ ᠳᠤ ᠣᠷᠣᠯᠴᠠᠪᠠ᠃ | ᠸᠠᠩ ᠢᠦᠢ ᠴᠢᠶᠠᠩ᠂ ᠦᠨᠦ ᠵᠢᠯ ᠠᠴᠠ ᠨᠠᠭᠠᠰᠢ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ ᠳᠤ | ᠶᠡᠷᠦᠩᠬᠡᠢ ᠳᠡᠭᠡᠨ ᠲᠤᠭᠲᠠᠪᠤᠷᠢᠲᠠᠢ ᠤᠷᠤᠭᠰᠢᠯᠠᠵᠤ ᠪᠠᠶᠢᠭ᠎ᠠ ᠣᠬᠢ ᠰᠠᠶᠢᠨ ᠪᠠᠶᠢᠳᠠᠯ ᠢᠯᠡᠷᠡᠭᠰᠡᠨ ᠪᠣᠯᠪᠠᠴᠣ ᠭᠡᠰᠡᠭ | ᠠᠰᠠᠭᠤᠳᠠᠯ ᠪᠠ ᠲᠤᠲᠠᠭᠤᠳᠠᠯ ᠤᠷᠤᠰᠢᠵᠤ ᠪᠣᠢ᠃ ᠪᠦᠬᠦ ᠵᠢᠯ ᠤᠨ ᠬᠠᠷᠠᠯᠲᠠ ᠲᠠᠢ ᠬᠠᠷᠢᠴᠠᠭᠤᠯᠪᠠᠯ᠂ ᠪᠢᠳᠡᠨ ᠤ | ᠡᠬᠦᠷᠭᠡ ᠬᠠᠲᠠᠭᠤ ᠪᠡᠷᠬᠡ᠂ ᠴᠠᠭ ᠪᠠᠴᠢᠮ ᠪᠣᠯᠬᠤᠷ ᠨᠡᠩ ᠶᠡᠭᠡ ᠬᠦᠴᠦ ᠲᠠᠮᠢᠷ ᠡᠷᠴᠢ ᠵᠤᠷᠢᠭ ᠵᠠᠷᠤᠴᠠᠭᠤᠯᠬᠤ | ᠴᠢᠬᠤᠯᠠᠲᠠᠢ ᠪᠣᠢ᠃ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠬᠢᠨ ᠲᠤᠯᠭᠠᠮ ᠣᠬᠠᠮᠰᠠᠷ ᠲᠠᠢ ᠪᠠᠷ ᠢᠳᠡᠭᠡᠯ | ᠵᠣᠷᠢᠭ ᠢᠶᠠᠨ ᠬᠦᠪᠴᠢᠯᠡᠨ᠂ ᠵᠢᠯ ᠤᠨ ᠡᠴᠦᠰ ᠤᠨ ᠴᠠᠭ ᠮᠦᠴᠡ ᠪᠠᠨ ᠬᠦᠢᠴᠡᠳ ᠠᠰᠢᠭᠯᠠᠵᠤ᠂ ᠰᠢᠪᠲᠣᠯᠣᠯᠲᠠ | ᠶᠢᠨ ᠬᠠᠷᠠᠯᠲᠠ ᠪᠠᠨ ᠭᠤᠶᠢᠪᠠᠰᠢ ᠦᠭᠡᠢ ᠪᠠᠷᠢᠮᠲᠠᠯᠠᠨ᠂ ᠡᠯ᠎ᠡ ᠲᠦᠷᠦᠯ ᠤᠨ ᠠᠵᠢᠯ ᠢᠶᠠᠨ ᠯᠠᠪᠳᠠᠭᠤᠨ ᠪᠠᠲᠤᠲᠠᠢ | ᠬᠦᠢᠴᠡᠳᠬᠡᠵᠦ᠂ ᠭᠤᠤᠯᠳᠠᠯᠭᠠᠲᠤ ᠲᠦᠷᠦᠯ ᠵᠦᠢᠯ ᠢᠶᠠᠨ ᠰᠠᠶᠢᠲᠤᠷ ᠠᠬᠢᠭᠤᠯᠤᠨ᠂ ᠪᠦᠬᠦ ᠵᠢᠯ ᠤᠨ ᠡᠯ᠎ᠡ ᠲᠦᠷᠦᠯ | ᠤᠨ ᠬᠠᠷᠠᠯᠲᠠ ᠡᠬᠦᠷᠭᠡ ᠶᠢ ᠬᠦᠴᠦ ᠪᠠᠨ ᠲᠦᠪᠯᠡᠷᠡᠬᠦᠯᠦᠨ ᠠᠮᠵᠢᠯᠲᠠᠲᠠᠢ ᠪᠡᠶᠡᠯᠡᠬᠦᠯᠬᠦ ᠭᠡᠷᠡᠭᠲᠡᠢ ᠬᠡᠵᠦ ᠵᠢᠭᠠᠭᠰᠠᠨ | ᠪᠠᠶᠢᠨ᠎ᠠ᠃ | ᠸᠠᠩ ᠢᠦᠢ ᠴᠢᠶᠠᠩ᠂ ᠣᠳᠣᠬᠠᠨ ᠳᠤ ᠡᠮᠦᠨ᠎ᠡ ᠭᠤᠷᠪᠠᠨ ᠤᠯᠠᠷᠢᠯ ᠳᠠᠭᠤᠰᠣᠮᠠᠷ ᠪᠠᠶᠢᠨ᠎ᠠ᠂ ᠳᠦᠷᠪᠡᠳᠦᠭᠡᠷ | ᠣᠯᠠᠷᠢᠯ ᠪᠣᠯ ᠪᠦᠬᠦ ᠵᠢᠯ ᠢ ᠲᠤᠭᠲᠠᠭᠠᠬᠤ᠂ ᠪᠦᠬᠦ ᠲᠠᠯ᠎ᠠ ᠶᠢ ᠪᠠᠲᠤᠯᠠᠬᠤ ᠰᠡᠬᠦᠯ ᠬᠤᠷᠢᠶᠠᠬᠤ ᠱᠠᠲᠤ ᠦᠶ᠎ᠡ ᠪᠣᠯᠣᠨ᠎ᠠ᠂ | ᠮᠦᠨ ᠴᠣ᠋ ᠳᠠᠷᠠᠭ᠎ᠠ ᠵᠢᠯ ᠤᠨ ᠠᠵᠢᠯ ᠢᠶᠠᠨ ᠰᠠᠶᠢᠲᠤᠷ ᠡᠬᠢᠯᠡᠬᠦᠯᠬᠦ ᠵᠠᠩᠭᠢᠯᠠᠭ᠎ᠠ ᠶᠢᠨ ᠭᠤᠭᠴᠤᠭ᠎ᠠ ᠶᠣᠮ᠂ ᠡᠯ᠎ᠡ | ᠲᠦᠷᠦᠯ ᠤᠨ ᠠᠵᠢᠯ ᠤᠨ ᠴᠠᠭ ᠪᠠᠴᠢᠮ᠂ ᠡᠬᠦᠷᠭᠡ ᠬᠦᠨᠳᠦ ᠪᠣᠯᠬᠤᠷ ᠡᠯ᠎ᠡ ᠰᠠᠯᠭ᠎ᠠ ᠮᠦᠴᠢᠷ ᠤᠨ ᠬᠢᠨ ᠪᠠᠶᠢᠳᠠᠯ ᠢ | ᠬᠦᠨᠵᠡᠭᠡᠢ ᠲᠠᠨᠢᠵᠦ᠂ ᠡᠷᠴᠢ ᠵᠤᠷᠢᠭ ᠢᠶᠠᠨ ᠬᠦᠪᠴᠢᠯᠡᠨ ᠬᠠᠷᠠᠯᠲᠠ ᠪᠠᠨ ᠪᠡᠶᠡᠯᠡᠬᠦᠯᠬᠦ ᠪᠠᠷ ᠴᠢᠷᠮᠠᠶᠢᠨ᠂ ᠭᠤᠤᠯᠳᠠᠯᠭ᠎ᠠ | ᠳᠤ ᠠᠩᠬᠠᠷᠤᠯ ᠢᠶᠠᠨ ᠲᠦᠪᠯᠡᠷᠡᠬᠦᠯᠵᠦ᠂ ᠴᠢᠭᠯᠡᠯᠲᠦ ᠴᠢᠨᠠᠷᠲᠠᠢ ᠪᠠᠷ ᠬᠦᠴᠦᠯᠡᠨ᠂ ᠨᠡᠩ ᠶᠡᠭᠡ ᠡᠷᠴᠢᠮ ᠢᠶᠠᠷ | ᠲᠤᠬᠢᠷᠠᠭᠤᠯᠤᠯᠲᠠ ᠶᠢ ᠨᠠᠶᠢᠲᠠᠪᠤᠷᠢᠵᠢᠭᠤᠯᠬᠤ ᠬᠡᠷᠡᠭᠲᠡᠢ᠃ ᠡᠬᠦᠷᠭᠡᠯᠡᠯ ᠢᠶᠠᠨ ᠴᠢᠩᠭᠠᠳᠬᠠᠵᠤ᠂ ᠰᠡᠳᠬᠢᠯ ᠢᠶᠠᠨ | ᠨᠢᠭᠡᠳᠬᠡᠵᠦ ᠬᠦᠴᠦ ᠪᠠᠨ ᠬᠠᠮᠲᠤᠳᠬᠠᠨ᠂ ᠨᠡᠩ ᠴᠢᠩᠭ᠎ᠠ ᠪᠠᠷ ᠡᠬᠦᠷᠭᠡ ᠬᠠᠷᠢᠭᠤᠴᠠᠯᠭ᠎ᠠ ᠪᠠᠨ ᠨᠠᠶᠢᠲᠠᠪᠤᠷᠢᠵᠢᠭᠤᠯᠵᠤ᠂ | ᠡᠯ᠎ᠡ ᠲᠦᠷᠦᠯ ᠤᠨ ᠠᠵᠢᠯ ᠢᠶᠠᠨ ᠳᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠬᠦ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ | ᠸᠠᠩ ᠢᠦᠢ ᠴᠢᠶᠠᠩ᠂ ᠨᠠᠢᠮᠠᠨ ᠰᠠᠷ᠎ᠠ ᠶᠢᠨ ᠲᠡᠷᠭᠡᠯ ᠪᠠᠶᠠᠷ ᠰᠠᠶ᠋ᠢᠬᠠᠨ ᠦᠩᠭᠡᠷᠡᠵᠦ᠂ ᠣᠯᠣᠰ ᠤᠨ ᠪᠠᠶᠠᠷ | ᠣᠳᠠᠯ ᠦᠭᠡᠢ ᠬᠦᠷᠬᠦ ᠬᠡᠵᠦ ᠪᠠᠶᠢᠭ᠎ᠠ ᠪᠤᠯᠬᠤᠷ ᠠᠷᠢᠭᠤᠨ ᠴᠢᠬᠡᠴᠢ ᠶᠢ ᠳᠣᠪᠣᠶᠢᠯᠭᠠᠨ ᠠᠳᠬᠤᠵᠤ᠂ ᠲᠦᠪ | ᠬᠤᠷᠢᠶᠠᠨ ᠤ ᠨᠡᠢᠮᠡᠨ ᠲᠤᠭᠲᠠᠭᠠᠯ ᠤᠨ ᠵᠤᠷᠢᠭ ᠰᠠᠨᠠᠭ᠎ᠠ ᠶᠢᠨ ᠨᠠᠶᠢᠲᠠᠪᠤᠷᠢᠵᠢᠭᠤᠯᠤᠯᠲᠠ ᠶᠢ ︽ᠬᠤᠶᠠᠷ ᠢ ᠬᠠᠮᠠᠭᠠᠯᠠᠬᠤ︾ | ᠪᠤᠲᠠᠲᠠᠢ ᠠᠵᠢᠯᠯᠠᠭ᠎ᠠ ᠪᠣᠯᠭᠠᠨ᠂ ᠬᠠᠮᠢᠶ᠎ᠠ ᠪᠦᠬᠦᠢ ᠪᠠᠶᠠᠷ ᠤᠨ ᠡᠳᠦᠷ ᠤᠨ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ | ᠵᠢᠷᠤᠮᠯᠠᠵᠤ᠂ ᠭᠠᠵᠢᠭᠤ ᠰᠣᠷᠲᠠᠯ ᠢ ᠰᠠᠨᠠᠭᠠᠴᠢᠯᠠᠭ᠎ᠠ ᠲᠠᠢ ᠪᠠᠷ ᠡᠰᠡᠷᠬᠦᠴᠡᠨ᠂ ᠠᠷᠢᠭᠤᠨ ᠴᠢᠭᠡᠴᠢ ᠪᠠᠷ ᠪᠠᠶᠠᠷ ᠤᠨ | ᠡᠳᠦᠷ ᠢᠶᠠᠨ ᠦᠩᠭᠡᠷᠡᠬᠦ ᠶᠢ ᠪᠠᠷᠢᠮᠲᠠᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠮᠠᠭᠳᠠ ᠪᠠᠷᠢᠮᠲᠠᠯᠠᠨ᠂ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠲᠦᠰᠦᠯ ᠢ ᠨᠠᠷᠢᠯᠢᠭᠵᠢᠭᠤᠯᠤᠨ ᠲᠡᠬᠦᠯᠳᠡᠷᠵᠢᠬᠦᠯᠵᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤᠵᠢᠭᠰᠠᠨ ᠠᠵᠢᠯ ᠢ ᠪᠦᠬᠦ ᠲᠠᠯ᠎ᠠ ᠪᠠᠷ ᠲᠡᠰ ᠳᠡᠪᠰᠢᠬᠦᠯᠦᠨ᠂ ︽ᠭᠠᠳᠠᠨ᠎ᠠ | ᠠᠴᠠ ᠬᠠᠯᠳᠠᠪᠤᠷᠢᠯᠠᠬᠤ ᠶᠢ ᠰᠡᠷᠭᠡᠶᠢᠯᠡᠬᠦ᠂ ᠲᠤᠲᠤᠨ᠎ᠠ ᠪᠠᠨ ᠳᠡᠯᠭᠡᠷᠡᠬᠦ ᠶᠢ ᠰᠡᠷᠬᠡᠶᠢᠯᠡᠬᠦ︾ ᠪᠣᠭᠤᠮᠲᠠ ᠶᠢ ᠪᠠᠬᠢᠵᠢᠬᠦᠯᠬᠦ | ᠬᠡᠷᠡᠭᠲᠡᠢ᠃ ᠠᠮᠣᠷ ᠳᠦᠪᠰᠢᠨ ᠤ ᠠᠵᠢᠯ ᠢ ᠰᠠᠶᠢᠲᠤᠷ ᠠᠳᠬᠤᠬᠤ ᠶᠢ ᠪᠠᠷᠢᠮᠲᠠᠯᠠᠨ᠂ ᠭᠤᠤᠯᠳᠠᠯᠭᠠᠲᠤ ᠬᠦᠷᠢᠶ᠎ᠡ | ᠴᠠᠷᠠᠭᠠᠨ ᠤ ᠳᠠᠯᠳᠠ ᠬᠡᠮ ᠢ ᠪᠠᠶᠢᠴᠠᠭᠠᠨ ᠢᠯᠡᠷᠡᠬᠦᠯᠬᠦ ᠡᠷᠴᠢᠮ ᠢᠶᠠᠨ ᠦᠷᠬᠦᠯᠵᠢᠯᠠᠨ ᠴᠢᠩᠭᠠᠳᠬᠠᠵᠤ᠂ ᠠᠶᠤᠯᠬᠦᠢ | ᠦᠢᠯᠡᠳᠪᠦᠷᠢᠯᠡᠯ ᠤᠨ ᠦᠷᠬᠦᠯᠵᠢᠬᠦᠶᠢᠴᠡ ᠲᠤᠭᠲᠠᠭᠤᠨ ᠪᠠᠶᠢᠳᠠᠯ ᠢ ᠪᠠᠲᠤᠯᠠᠨ᠂ ᠪᠦᠬᠦ ᠬᠤᠰᠢᠭᠤᠨ ᠤ ᠠᠷᠠᠳ ᠤᠯᠠᠨ | ᠢ ᠠᠮᠣᠷ ᠠᠮᠣᠭᠤᠯᠠᠩ ᠢᠶᠠᠷ ᠪᠠᠶᠠᠷ ᠤᠨ ᠡᠳᠦᠷ ᠢᠶᠠᠨ ᠦᠩᠭᠡᠷᠡᠬᠦᠯᠬᠦ ᠶᠢ ᠪᠠᠲᠤᠯᠠᠬᠤ ᠬᠡᠷᠡᠭᠲᠡᠢ ᠬᠡᠵᠦ | ᠴᠢᠬᠤᠯᠠᠴᠢᠯᠠᠭᠰᠠᠨ ᠪᠠᠶᠢᠨ᠎ᠠ᠃ | ᠶᠠᠩ ᠶᠢᠩ ᠰᠢᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ ᠬᠢᠨ ᠭᠤᠤᠯᠳᠠᠯᠭᠠᠲᠤ ᠬᠦᠢᠴᠡᠳᠬᠡᠯ ᠳᠤ | ᠠᠩᠬᠠᠷᠤᠯ ᠢᠶᠠᠨ ᠲᠦᠪᠯᠡᠷᠡᠬᠦᠯᠵᠦ᠂ ᠵᠢᠱᠢᠭᠰᠡᠨ ᠬᠠᠷᠠᠯᠲᠠ ᠪᠠᠨ ᠪᠠᠷᠢᠮᠲᠠᠯᠠᠨ᠂ ᠵᠠᠳᠠᠯᠤᠯᠲᠠ ᠮᠠᠭᠠᠳᠯᠠᠯᠲᠠ ᠪᠠᠨ | ᠴᠢᠩᠭᠠᠳᠬᠠᠵᠤ᠂ ᠶᠡᠷᠦᠩᠬᠡᠢ ᠬᠡᠮᠵᠢᠶ᠎ᠡ ᠪᠠᠨ ᠡᠵᠡᠮᠳᠡᠨ᠂ ᠨᠡᠮᠡᠭᠳᠡᠯ ᠤᠨ ᠬᠤᠷᠳᠣᠴᠠ ᠪᠠᠨ ᠳᠡᠭᠡᠭᠰᠢᠯᠡᠬᠦᠯᠵᠦ᠂ ᠪᠦᠬᠦ | ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠡᠯ᠎ᠡ ᠲᠦᠷᠦᠯ ᠤᠨ ᠬᠠᠷᠠᠯᠲᠠ ᠡᠬᠦᠷᠭᠡ ᠪᠠᠨ ᠡᠷᠡᠰ | ᠪᠡᠶᠡᠯᠡᠬᠦᠯᠬᠦ ᠶᠢ ᠪᠠᠷᠢᠮᠲᠠᠯᠠᠬᠤ ᠬᠡᠷᠡᠭᠲᠡᠢ᠃ ᠴᠢᠬᠤᠯᠠ ᠲᠦᠷᠦᠯ ᠵᠦᠢᠯ ᠢ ᠠᠳᠬᠤᠨ᠂ ᠪᠠᠷᠢᠯᠭ᠎ᠠ ᠡᠬᠢᠯᠡᠭᠦᠯᠦᠭᠰᠡᠨ | ᠦᠬᠡᠢ ᠲᠦᠷᠦᠯ ᠵᠦᠢᠯ ᠤᠨ ᠣᠷᠢᠳᠠᠴᠢ ᠭᠠᠷᠳᠠᠮ ᠤᠨ ᠬᠦᠢᠴᠡᠳᠬᠡᠯᠲᠡ ᠪᠠ ᠪᠠᠷᠢᠯᠭ᠎ᠠ ᠡᠬᠢᠯᠡᠬᠦᠯᠦᠭᠰᠡᠨ ᠲᠦᠷᠦᠯ | ᠵᠦᠢᠯ ᠤᠨ ᠪᠡᠯᠡ ᠣᠷᠣᠭᠤᠯᠣᠯᠲᠠ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠰᠠᠶᠢᠲᠤᠷ ᠠᠳᠬᠤᠵᠤ᠂ ᠲᠦᠷᠦᠯ | ᠵᠦᠢᠯ ᠢ ᠰᠦᠪᠡᠭᠴᠢᠯᠡᠨ ᠨᠦᠬᠡᠴᠡᠯᠡᠬᠦ ᠠᠵᠢᠯ ᠢ ᠴᠢᠩᠭᠠᠳᠬᠠᠨ᠂ ᠮᠠᠨ ᠤ ᠬᠤᠰᠢᠭᠤᠨ ᠤ ᠨᠡᠩ ᠣᠯᠠᠨ ᠲᠦᠷᠦᠯ | ᠵᠦᠢᠯ ᠢ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠲᠡᠰ ᠤᠨ ᠲᠦᠷᠦᠯ ᠵᠦᠢᠯ ᠳᠤ ᠣᠷᠣᠭᠤᠯᠬᠤ ᠪᠠᠷ | ᠴᠢᠷᠮᠠᠶᠢᠬᠤ ᠬᠡᠷᠡᠭᠲᠡᠢ᠃ ᠭᠤᠤᠯᠳᠠᠯᠭᠠᠲᠤ ᠠᠵᠢᠯ ᠢ ᠠᠳᠬᠤᠵᠤ᠂ ᠬᠤᠷᠢᠭ᠎ᠠ ᠱᠣᠭᠤᠮ ᠤᠨ ᠰᠡᠳᠬᠢᠬᠦᠢ ᠶᠢ | ᠪᠠᠷᠢᠮᠲᠠᠯᠠᠨ᠂ ᠭᠠᠵᠠᠷ ᠣᠷᠣᠨ ᠤ ᠳᠦᠷᠢ ᠳᠦᠷᠬᠦ᠂ ᠠᠷᠠᠳ ᠤᠨ ᠠᠮᠢᠳᠣᠷᠠᠯ᠂ ᠣᠯᠣᠰ ᠲᠦᠷᠦ ᠶᠢᠨ ᠬᠤᠷᠢᠭ᠎ᠠ | ᠱᠣᠭᠤᠮ ᠪᠠ ᠠᠮᠣᠷ ᠲᠤᠭᠲᠠᠭᠤᠨ ᠤ ᠬᠤᠷᠢᠭ᠎ᠠ ᠱᠣᠭᠤᠮ ᠢ ᠰᠠᠶᠢᠲᠤᠷ ᠰᠠᠬᠢᠵᠤ᠂ ᠬᠤᠳᠠᠯᠳᠤᠭ᠎ᠠ ᠡᠵᠡᠩᠨᠡᠬᠦ ᠣᠷᠴᠢᠨ | ᠢ ᠰᠢᠯᠢᠳᠡᠭᠵᠢᠬᠦᠯᠬᠦ ᠪᠠ ᠠᠷᠠᠳ ᠤᠨ ᠠᠮᠢᠳᠣᠷᠠᠯ ᠤᠨ ᠠᠮᠠᠯᠳᠠᠭᠰᠠᠨ ᠵᠦᠢᠯᠡᠰ ᠢ ᠦᠷᠬᠦᠯᠵᠢᠯᠡᠨ ᠰᠠᠶᠢᠲᠤᠷ ᠬᠢᠨ᠂ | ᠡᠯ᠎ᠡ ᠲᠦᠷᠦᠯ ᠤᠨ ᠴᠡᠭᠴᠡᠯᠡᠯᠲᠠ ᠪᠠ ᠠᠮᠣᠷ ᠲᠤᠭᠲᠠᠭᠤᠨ ᠤ ᠠᠵᠢᠯ ᠢ ᠨᠢᠭᠡᠳᠦᠯᠲᠡᠢ ᠲᠦᠯᠦᠪᠵᠢᠬᠦᠯᠵᠦ᠂ ᠨᠠᠶᠢᠬᠡᠮ | ᠤᠨ ᠡᠶ᠎ᠡ ᠵᠣᠬᠢᠴᠠᠯ᠂ ᠠᠮᠣᠷ ᠲᠤᠭᠲᠠᠭᠤᠨ ᠪᠠᠶᠢᠳᠠᠯ ᠢ ᠪᠦᠬᠦ ᠬᠦᠴᠦᠨ ᠢᠶᠠᠷ ᠬᠠᠮᠠᠭᠠᠯᠠᠬᠤ ᠬᠡᠷᠡᠭᠲᠡᠢ ᠬᠡᠵᠦ | ᠱᠠᠭᠠᠷᠳᠠᠭᠰᠠᠨ ᠪᠠᠶᠢᠨ᠎ᠠ᠃ | ᠬᠤᠷᠠᠯ ᠠᠴᠠ ᠬᠤᠯᠪᠤᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠵᠤ | ᠨᠠᠶᠢᠲᠠᠪᠤᠷᠢᠵᠢᠭᠤᠯᠤᠭᠰᠠᠨ ᠲᠤᠬᠠᠢ ᠬᠤᠰᠢᠭᠤ ᠨᠠᠮ ᠤᠨ ᠬᠤᠷᠢᠶᠠᠨ ᠤ ᠨᠡᠶᠢᠲᠡᠯᠡᠯ ᠢ ᠵᠠᠷᠯᠠᠵᠤ᠂ ᠪᠦᠬᠦ ᠬᠤᠰᠢᠭᠤᠨ ᠤ | ᠡᠮᠦᠨ᠎ᠡ ᠭᠤᠷᠪᠠᠨ ᠣᠯᠠᠷᠢᠯ ᠤᠨ ᠠᠵᠤ ᠠᠬᠤᠢ ᠶᠢᠨ ᠡᠷᠬᠢᠯᠲᠡ ᠶᠢᠨ ᠪᠠᠶᠢᠳᠠᠯ ᠵᠢᠴᠢ ᠬᠤᠰᠢᠭᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠣᠳᠣᠷᠢᠳᠬᠤ ᠪᠠᠭ ᠤᠨ ᠪᠦᠷᠢᠯᠳᠦᠬᠦᠨ ᠤ ᠬᠤᠪᠢᠳᠠᠨ ᠬᠠᠮᠢᠶᠠᠷᠴᠣ ᠪᠠᠶᠢᠭ᠎ᠠ ᠬᠦᠷᠢᠶ᠎ᠠ | ᠴᠠᠷᠠᠭᠠᠨ ᠤ ᠴᠢᠬᠤᠯᠠ ᠲᠦᠷᠦᠯ ᠵᠦᠢᠯ ᠭᠤᠤᠯᠳᠠᠯᠭᠠᠲᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠣᠭᠰᠠᠨ ᠤ | ᠬᠠᠮᠲᠤ ᠳᠠᠷᠠᠭ᠎ᠠ ᠠᠯᠬᠤᠮ ᠤᠨ ᠭᠤᠤᠯᠳᠠᠯᠭᠠᠲᠤ ᠠᠵᠢᠯ ᠢ ᠲᠤᠬᠢᠷᠠᠭᠤᠯᠤᠨ ᠪᠠᠶᠢᠷᠢᠯᠠᠭᠤᠯᠨᠪᠠ᠃ | ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠬᠦᠮ ᠵᠢᠴᠢ | ᠬᠤᠰᠢᠭᠤ ᠰᠢᠭᠤᠳ ᠬᠠᠷᠢᠶ᠎ᠠ ᠣᠯᠣᠰ ᠤᠨ ᠦᠮᠴᠢᠯᠡᠯᠲᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠳ ᠬᠤᠷᠠᠯ | ᠳᠤ ᠣᠷᠣᠯᠴᠠᠪᠠ᠃ |