ᠬᠤᠰᠢᠭᠤ ᠨᠠᠮ ᠤᠨ ᠬᠤᠷᠢᠶ᠎ᠠ ᠶᠢᠨ ᠱᠦᠵᠢ ᠶᠢᠨ ᠲᠣᠰᠬᠠᠢ ᠰᠡᠳᠦᠪᠳᠦ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/9/6
    8 ᠰᠠᠷ᠎ᠠ ᠶᠢᠨ 30 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ᠂ ᠬᠤᠶᠠᠳᠣᠭᠠᠷ ᠲᠡᠰ ᠤᠨ ᠲᠣᠭᠤᠷᠢᠨ ᠪᠠᠶᠢᠴᠠᠭᠠᠭᠴᠢ ᠸᠠᠩ ᠢᠦᠢ ᠴᠢᠶᠠᠩ ᠬᠤᠰᠢᠭᠤ ᠨᠠᠮ ᠤᠨ ᠬᠤᠷᠢᠶ᠎ᠠ ᠶᠢᠨ ᠱᠦᠵᠢ ᠶᠢᠨ ᠲᠣᠰᠬᠠᠢ ᠰᠡᠳᠦᠪᠳᠦ ᠬᠤᠷᠠᠯ ᠬᠤᠷᠠᠯᠳᠣᠭᠤᠯᠣᠨ᠂ ᠰᠣᠷᠭᠠᠨ ᠬᠦᠮᠦᠵᠢᠯ ᠤᠨ ᠴᠢᠨᠠᠷᠯᠢᠭ ᠬᠦᠭᠵᠢᠯᠳᠡ ᠪᠣᠯᠣᠨ ᠪᠠᠭᠰᠢ ᠶᠢᠨ ᠪᠠᠶᠠᠷ ᠤᠨ ᠬᠦᠬᠢᠭᠦᠯᠦᠨ ᠱᠠᠩᠨᠠᠬᠤ ᠶᠡᠭᠡ ᠬᠤᠷᠠᠯ ᠤᠨ ᠪᠡᠯᠡᠳᠬᠡᠯ ᠠᠵᠢᠯ ᠢ ᠰᠣᠳᠣᠯᠣᠨ ᠪᠠᠶᠢᠷᠢᠯᠠᠭᠤᠯᠪᠠ᠃     ᠬᠤᠷᠠᠯ ᠠᠴᠠ᠂ ᠰᠣᠷᠭᠠᠨ ᠬᠦᠮᠦᠵᠢᠯ ᠠᠷᠠᠳ ᠤᠨ ᠠᠮᠢᠳᠣᠷᠠᠯ ᠲᠠᠢ ᠨᠢᠭᠳᠠ ᠬᠤᠯᠪᠣᠭᠳᠠᠨ᠂ ᠭᠠᠵᠠᠷ ᠣᠷᠣᠨ  ᠤ ᠬᠦᠭᠵᠢᠯᠳᠡ ᠳᠤ ᠮᠠᠰᠢ ᠶᠡᠭᠡ ᠠᠴᠢ ᠬᠤᠯᠪᠣᠭᠳᠠᠯ ᠲᠠᠢ ᠶᠣᠮ᠃ ᠪᠠᠭᠰᠢ ᠪᠣᠯ ᠬᠦᠮᠦᠨ ᠲᠦᠷᠦᠯᠬᠢᠳᠡᠨ ᠤ ᠣᠶᠣᠨ  ᠤ ᠢᠨᠵᠧᠨᠧᠷ᠂ ᠡᠷᠳᠡᠮ ᠨᠣᠮ ᠵᠢᠭᠠᠭᠴᠢ ᠠᠷᠢᠭᠤᠨ ᠴᠡᠴᠡᠷᠯᠢᠭᠴᠢ ᠶᠣᠮ᠃ ᠠᠷᠠᠳ ᠲᠦᠮᠡᠨ ᠢᠶᠠᠷ ᠭᠤᠣᠯ ᠪᠣᠯᠭᠠᠬᠤ  ᠶᠢ ᠪᠠᠷᠢᠮᠳᠠᠯᠠᠨ᠂ ᠠᠷᠠᠳ ᠣᠯᠠᠨ ᠤ ᠲᠣᠰᠬᠠᠯ ᠶᠡᠭᠡ ᠲᠠᠢ ᠠᠰᠠᠭᠤᠳᠠᠯ ᠳᠤ ᠠᠩᠬᠠᠷᠣᠯ ᠢᠶᠠᠨ ᠲᠦᠪᠯᠡᠷᠡᠭᠦᠯᠵᠣ᠂ ᠰᠣᠷᠭᠠᠨ ᠬᠦᠮᠦᠵᠢᠯ ᠤᠨ ᠦᠭᠡᠷᠡᠴᠢᠯᠡᠯᠳᠡ ᠶᠢ ᠭᠦᠨᠵᠡᠭᠡᠢ ᠠᠬᠢᠭᠤᠯᠣᠨ᠂ ᠠᠷᠠᠳ ᠲᠦᠮᠡᠨ ᠤ ᠰᠡᠳᠬᠢᠯ ᠬᠠᠨᠣᠮᠵᠢᠳᠠᠢ ᠰᠣᠷᠭᠠᠨ ᠬᠦᠮᠦᠵᠢᠯ ᠢ ᠡᠷᠬᠢᠯᠡᠭᠦ ᠬᠡᠷᠡᠭᠳᠡᠢ ᠭᠡᠵᠣ ᠵᠢᠭᠠᠭᠰᠠᠨ ᠪᠠᠶᠢᠨ᠎ᠠ᠃     ᠬᠤᠷᠠᠯ ᠠᠴᠠ᠂ ᠰᠣᠷᠭᠠᠨ ᠬᠦᠮᠦᠵᠢᠯ ᠤᠨ ᠴᠢᠨᠠᠷᠯᠢᠭ ᠬᠦᠭᠵᠢᠯᠳᠡ ᠶᠢᠨ ᠠᠷᠭ᠎ᠠ ᠠᠪᠴᠠᠯ ᠢ ᠨᠠᠷᠢᠯᠢᠭᠵᠢᠭᠤᠯᠣᠨ ᠲᠡᠭᠦᠯᠳᠡᠷᠵᠢᠭᠦᠯᠵᠣ᠂ ᠪᠠᠭᠰᠢ ᠶᠢᠨ ᠡᠩᠨᠡᠭᠡᠨ ᠤ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠨ᠂ ᠰᠣᠷᠭᠠᠨ ᠬᠦᠮᠦᠵᠢᠯ ᠵᠢᠭᠠᠨ ᠰᠣᠷᠭᠠᠯᠳᠠ ᠶᠢᠨ ᠴᠢᠨᠠᠷ ᠢ ᠲᠡᠭᠡᠭᠰᠢᠯᠡᠭᠦᠯᠦᠨ᠂ ᠰᠢᠨ᠎ᠡ ᠴᠠᠭ ᠦᠶ᠎ᠡ ᠶᠢᠨ ᠣᠳᠤᠭ ᠤᠨ ᠡᠮᠦᠨᠡᠳᠦ ᠬᠤᠰᠢᠭᠤᠨ ᠤ ᠰᠣᠷᠭᠠᠨ ᠬᠦᠮᠦᠵᠢᠯ ᠤᠨ ᠣᠶᠢᠯᠠᠰ ᠤᠨ ᠴᠢᠨᠠᠷᠯᠢᠭ ᠬᠦᠭᠵᠢᠯᠳᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ︔ ᠪᠠᠭᠰᠢ ᠶᠢᠨ ᠪᠣᠯᠪᠠᠰᠣᠷᠠᠯ ᠪᠣᠯᠣᠨ ᠰᠢᠯᠢᠳᠡᠭ ᠢ ᠰᠢᠯᠭᠠᠷᠠᠭᠤᠯᠵᠣ ᠲᠡᠰ ᠲᠡᠪᠰᠢᠭᠦᠯᠬᠦ ᠲᠣᠭᠳᠠᠴᠠ ᠶᠢ ᠰᠢᠨᠡᠴᠢᠯᠡᠨ᠂ ᠰᠢᠯᠢᠳᠡᠭ ᠪᠠᠭᠰᠢ ᠶᠢᠨ ᠭᠦᠬᠢᠭᠦᠯᠦᠯ ᠱᠠᠩᠨᠠᠯ ᠢ ᠴᠢᠩᠭᠠᠳᠬᠠᠵᠣ᠂ ᠰᠢᠯᠢᠳᠡᠭ ᠠᠮᠵᠢᠯᠳᠠ ᠪᠦᠳᠦᠮᠵᠢ ᠡᠭᠦᠳᠦᠭᠰᠡᠨᠳ ᠲᠤ ᠴᠢᠨᠠᠷᠯᠢᠭ ᠬᠠᠷᠠᠭᠠᠯᠵᠠᠯ ᠬᠦᠷᠳᠡᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠦᠨ᠂ ᠦᠷᠭᠡᠨ ᠣᠯᠠᠨ ᠰᠣᠷᠭᠠᠨ ᠬᠦᠮᠦᠵᠢᠯ ᠤᠨ ᠠᠵᠢᠯᠳᠠᠨ ᠤ ᠠᠵᠢᠯ ᠤᠨ ᠪᠠᠶᠢᠷᠢ ᠳᠤ ᠪᠠᠨ ᠠᠮᠵᠢᠯᠳᠠ ᠭᠠᠷᠭᠠᠬᠤ ᠶᠢ ᠵᠣᠷᠢᠭᠵᠢᠭᠤᠯᠬᠤ ᠬᠡᠷᠡᠭᠳᠡᠢ︔ ᠰᠣᠷᠭᠠᠨ ᠬᠦᠮᠦᠵᠢᠯ ᠤᠨ ᠡᠯ᠎ᠡ ᠲᠠᠯ᠎ᠠ ᠶᠢᠨ ᠪᠠᠳᠣᠯᠠᠭ᠎ᠠ ᠶᠢ ᠴᠢᠩᠭᠠᠳᠬᠠᠨ᠂ ᠰᠢᠯᠢᠳᠡᠭ ᠪᠠᠭᠰᠢ᠂ ᠠᠵᠢᠯ ᠠᠴᠠ ᠪᠠᠨ ᠠᠮᠠᠷᠠᠭᠰᠠᠨ ᠪᠠᠭᠰᠢ᠂ ᠬᠦᠴᠢᠷᠳᠡᠯᠳᠡᠢ ᠪᠠᠭᠰᠢ ᠶᠢ ᠬᠠᠯᠠᠮᠵᠢᠯᠠᠬᠤ ᠡᠷᠴᠢᠮ ᠢᠶᠠᠨ ᠴᠢᠩᠭᠠᠷᠠᠭᠤᠯᠵᠣ᠂ ᠪᠠᠭᠰᠢ ᠶᠢ ᠬᠦᠨᠳᠦᠳᠬᠡᠨ ᠰᠣᠷᠭᠠᠨ ᠬᠦᠮᠦᠵᠢᠯ ᠢ ᠴᠢᠬᠤᠯᠠᠴᠢᠯᠠᠬᠤ ᠬᠡᠪ ᠰᠣᠷᠳᠠᠯ ᠢ ᠪᠣᠢ ᠪᠣᠯᠭᠠᠨ᠂ ᠨᠡᠶᠢᠭᠡᠮ ᠲᠠᠶᠠᠭᠠᠷ ᠤᠨ ᠰᠣᠷᠭᠠᠨ ᠬᠦᠮᠦᠵᠢᠯ ᠢ ᠴᠢᠬᠤᠯᠠᠴᠢᠯᠠᠬᠤ᠂ ᠰᠣᠷᠭᠠᠨ ᠬᠦᠮᠦᠵᠢᠯ ᠢ ᠬᠦᠭᠵᠢᠭᠦᠯᠬᠦ ᠬᠦᠴᠦᠷᠭᠡᠭ ᠬᠠᠮᠳᠦ ᠶᠢᠨ ᠬᠦᠴᠦᠨ ᠢ ᠪᠦᠷᠢᠳᠦᠭᠦᠯᠬᠦ ᠬᠡᠷᠡᠭᠳᠡᠢ ᠭᠡᠵᠣ ᠴᠢᠬᠤᠯᠠᠴᠢᠯᠠᠭᠰᠠᠨ ᠪᠠᠶᠢᠨ᠎ᠠ᠃     ᠬᠤᠷᠠᠯ ᠠᠴᠠ᠂ ᠡᠯ᠎ᠡ ᠱᠠᠳᠣᠨ ᠤ ᠡᠯ᠎ᠡ ᠰᠠᠯᠠᠭ᠎ᠠ ᠮᠦᠴᠢᠷ ᠪᠠᠭᠰᠢ ᠶᠢᠨ ᠪᠠᠶᠠᠷ ᠤᠨ ᠬᠦᠬᠢᠭᠦᠯᠦᠨ ᠱᠠᠩᠨᠠᠬᠤ ᠬᠤᠷᠠᠯ ᠶᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠷ ᠢᠳᠡᠪᠬᠢᠳᠠᠢ ᠪᠡᠯᠡᠳᠬᠡᠵᠣ᠂ ᠶᠡᠭᠡ ᠬᠤᠷᠠᠯ ᠤᠨ ᠡᠯ᠎ᠡ ᠲᠦᠷᠦᠯ ᠤᠨ ᠪᠡᠯᠡᠳᠬᠡᠯ ᠠᠵᠢᠯ ᠢ ᠰᠠᠶᠢᠳᠦᠷ ᠬᠢᠨ᠂ ᠬᠤᠷᠠᠯ ᠤᠨ ᠣᠷᠣᠭᠰᠢᠳᠠᠢ ᠶᠠᠪᠣᠭᠳᠠᠬᠤ ᠶᠢ ᠪᠠᠳᠣᠯᠠᠬᠤ ᠬᠡᠷᠡᠭᠳᠡᠢ ᠭᠡᠵᠣ ᠱᠠᠭᠠᠷᠳᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠶᠠᠩ ᠶᠢᠩ ᠰᠢᠨ᠂ ᠵᠣᠣ ᠱᠤᠸᠠᠨ᠂ ᠵᠣᠣ ᠷᠦᠢ ᠳ᠋ᠦᠩ᠂ ᠹᠦ᠋ ᠺᠧ ᠵᠢᠴᠢ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号