ᠶᠠᠩ ᠶᠢᠩ ᠰᠢᠨ ᠪᠤᠯᠪᠠᠰᠣᠨ ᠬᠤᠲᠠ ᠶᠢᠨ ᠴᠤᠭᠴᠠᠯᠠᠯᠲᠠ ᠶᠢᠨ ᠠᠵᠢᠯ ᠢ ᠬᠢᠨᠠᠨ ᠵᠢᠯᠤᠭᠤᠳᠴᠤ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2021/9/6
    8 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠣᠷᠢᠳ ᠬᠤᠵᠢᠳ ᠰᠠᠭᠤᠭᠠᠯᠢ ᠠᠷᠠᠳ ᠤᠨ ᠲᠤᠭᠤᠷᠢᠭ᠂ ᠵᠠᠰᠠᠭ  ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠠ ᠣᠯᠠᠨ ᠨᠠᠶᠢᠲᠠ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠲᠤ ᠬᠦᠨᠵᠡᠬᠡᠶᠢᠷᠡᠵᠦ᠂ ᠪᠣᠯᠪᠠᠰᠣᠨ ᠬᠤᠲᠠ ᠶᠢᠨ ᠴᠣᠭᠴᠠᠯᠠᠯᠲᠠ ᠶᠢᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠨ ᠰᠣᠳᠣᠯᠪᠠ᠃     ᠶᠠᠩ ᠶᠢᠩ ᠰᠢᠨ ᠡᠯ᠎ᠡ ᠰᠠᠭᠤᠭᠠᠯᠢ ᠲᠤᠭᠤᠷᠢᠭ ᠤᠨ ᠵᠠᠮ ᠰᠡᠯᠪᠢᠯᠲᠡ᠂ ᠬᠠᠲᠠᠭᠤᠵᠢᠭᠤᠯᠤᠯᠲᠠ᠂ ᠣᠷᠴᠢᠨ ᠲᠤᠭᠤᠷᠢᠨ ᠤ ᠠᠷᠢᠭᠤᠨ ᠴᠡᠪᠡᠷ ᠤᠨ ᠲᠦᠬᠦᠭᠡᠷᠦᠮᠵᠢ ᠵᠢᠴᠢ ᠭᠡᠷ ᠪᠠᠶᠢᠰᠢᠩ ᠤᠨ ᠭᠠᠳᠠᠷ ᠴᠢᠮᠡᠭᠯᠡᠯ ᠮᠠᠭᠤᠳᠠᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ︽ᠪᠣᠬᠢᠷᠳᠣᠭᠰᠠᠨ︾᠂︽ᠮᠠᠭᠤᠳᠠᠭᠰᠠᠨ︾ ᠵᠡᠷᠭᠡ ᠡᠮᠵᠢᠭ ᠲᠡᠯ᠎ᠡ ᠬᠦᠴᠢᠷ ᠠᠰᠠᠭᠤᠳᠠᠯ ᠢ ᠲᠤᠬᠠᠢ ᠶᠢᠨ ᠲᠡᠯᠡᠪᠡᠢ ᠳᠤ ᠰᠢᠢᠳᠪᠦᠷᠢᠯᠡᠵᠦ᠂ ᠴᠡᠭᠴᠡᠯᠡᠨ ᠵᠠᠰᠠᠬᠤ ᠰᠠᠨᠠᠯ ᠳᠣᠷᠠᠳᠪᠠ᠃ ᠶᠠᠩ ᠶᠢᠩ ᠰᠢᠨ ᠠᠴᠠ ᠪᠣᠯᠪᠠᠰᠣᠨ ᠬᠤᠲᠠ ᠶᠢᠨ ᠴᠣᠭᠴᠠᠯᠠᠯᠲᠠ ᠶᠢᠨ ᠠᠵᠢᠯ ᠨᠢᠭᠡᠨᠲᠡ ᠰᠢᠪᠲᠤᠯᠤᠯᠲᠠ ᠶᠢᠨ ᠵᠠᠩᠭᠢᠯᠠᠭ᠎ᠠ ᠶᠢᠨ ᠦᠶ᠎ᠡ ᠳᠤ ᠣᠷᠣᠨ᠂ ᠬᠡᠰᠡᠭ ᠰᠠᠭᠤᠭᠠᠯᠢ ᠲᠤᠭᠤᠷᠢᠭ ᠤᠨ ᠣᠷᠣᠰᠢᠵᠤ ᠪᠠᠶᠢᠭ᠎ᠠ ᠠᠰᠠᠭᠤᠳᠠᠯ ᠮᠦᠨ ᠳᠣᠪᠣᠶᠢᠮ᠎ᠠ ᠪᠠᠶᠢᠭ᠎ᠠ ᠪᠣᠯᠬᠤᠷ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ  ᠶᠢ ᠪᠠᠷᠢᠮᠲᠠᠯᠠᠵᠤ᠂ ᠡᠬᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢᠶᠠᠨ ᠲᠤᠲᠤᠷᠬᠠᠶᠢᠯᠠᠨ᠂ ᠨᠡᠩ ᠦᠨᠳᠦᠷ ᠪᠠᠷᠢᠮᠵᠢᠶ᠎ᠠ ᠨᠡᠩ ᠴᠢᠩᠭ᠎ᠠ ᠱᠠᠭᠠᠷᠳᠠᠯᠭ᠎ᠠ ᠪᠠᠷ ᠪᠣᠯᠪᠠᠰᠣᠨ ᠬᠤᠲᠠ ᠶᠢᠨ ᠴᠣᠭᠴᠠᠯᠠᠯᠲᠠ ᠶᠢᠨ ᠠᠵᠢᠯ ᠢ ᠪᠣᠲᠠᠲᠠᠶᠢᠵᠢᠭᠤᠯᠵᠤ᠂ ᠠᠷᠠᠳ ᠤᠨ ᠲᠦᠯᠦᠭᠡ ᠴᠤᠭᠴᠠᠯᠠᠬᠤ᠂ ᠠᠷᠠᠳ ᠢ ᠲᠦᠰᠢᠭᠯᠡᠨ ᠴᠣᠭᠴᠠᠯᠠᠬᠤ᠂ ᠴᠤᠭᠴᠠᠯᠠᠯᠲᠠ  ᠪᠠᠷ ᠠᠷᠠᠳ ᠢ ᠬᠠᠷᠠᠭᠠᠯᠵᠠᠬᠤ ᠶᠢ ᠦᠨᠡᠨ ᠬᠦ ᠪᠡᠶᠡᠯᠡᠬᠦᠯᠬᠦ ᠬᠡᠷᠡᠭᠲᠡᠢ᠃ ᠪᠠᠷᠢᠮᠵᠢᠶ᠎ᠠ ᠲᠠᠢ ᠠᠳᠠᠯᠢᠳᠬᠠᠵᠤ ᠵᠦᠷᠢᠶ᠎ᠡ  ᠪᠠᠨ ᠡᠷᠢᠨ᠂ ᠠᠰᠠᠭᠤᠳᠠᠯ ᠤᠨ ᠨᠠᠷᠢᠨ ᠳᠠᠩᠰᠠ ᠭᠠᠷᠭᠠᠵᠤ᠂ ᠬᠠᠷᠢᠯᠴᠠᠵᠤ ᠵᠤᠬᠢᠴᠠᠭᠤᠯᠬᠤ ᠪᠠᠨ ᠴᠢᠩᠭᠠᠷᠠᠭᠤᠯᠤᠨ᠂ ᠨᠢᠭᠡᠳᠦᠯᠲᠡᠢ ᠲᠦᠯᠦᠪᠵᠢᠬᠦᠯᠬᠦ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠣ ᠴᠢᠨᠠᠷ ᠤᠨ ᠪᠤᠭᠤᠮᠲᠠ ᠶᠢ ᠴᠢᠩᠭ᠎ᠠ ᠡᠵᠡᠮᠳᠡᠨ᠂ ᠣᠷᠣᠰᠢᠵᠤ ᠪᠠᠶᠢᠭ᠎ᠠ ᠠᠰᠠᠭᠤᠳᠠᠯ ᠤᠨ ᠴᠡᠭᠴᠡᠯᠡᠨ ᠵᠠᠰᠠᠯᠲᠠ ᠶᠢᠨ ᠠᠬᠢᠴᠠ ᠶᠢ ᠲᠦᠷᠬᠡᠳᠬᠡᠬᠦ ᠬᠡᠷᠡᠭᠲᠡᠢ᠃ ᠬᠤᠲᠠ ᠪᠠᠯᠭᠠᠰᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠤᠲᠠ ᠶᠢᠨ ᠳᠦᠷᠢ ᠳᠦᠷᠬᠦ ᠡᠮᠬᠢ ᠲᠢᠭᠯᠢᠮ ᠢ ᠴᠡᠭᠴᠡᠯᠡᠨ ᠵᠠᠰᠠᠬᠤ ᠡᠷᠴᠢᠮ ᠢᠶᠠᠨ ᠴᠢᠨᠩᠭᠠᠳᠬᠠᠨ᠂ ᠬᠢᠨᠠᠨ ᠬᠠᠮᠢᠶᠠᠷᠤᠯᠲᠠ ᠬᠠᠤᠯᠢ ᠬᠡᠷᠡᠭᠵᠢᠬᠦᠯᠦᠯᠲᠡ ᠶᠢ ᠴᠢᠩᠭ᠎ᠠ ᠬᠢᠨᠠᠨ ᠴᠣᠬᠤᠯᠠᠪᠤᠷᠢᠯᠠᠵᠤ᠂ ︽ᠡᠬᠦᠳᠡᠨ ᠡᠮᠦᠨᠡᠬᠢ ᠲᠠᠪᠤᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠲᠠᠪᠤᠷᠢᠵᠢᠭᠤᠯᠤᠨ᠂ ᠬᠤᠲᠠ ᠪᠠᠯᠭᠠᠰᠣᠨ ᠤ ᠲᠦᠯᠦᠪᠵᠢᠬᠦᠯᠭᠡ ᠪᠠᠶᠢᠭᠤᠯᠤᠯᠲᠠ ᠪᠠ ᠬᠠᠮᠢᠶᠠᠷᠤᠯᠲᠠ ᠶᠢᠨ ᠬᠢᠷᠢ ᠳᠦᠪᠰᠢᠨ ᠢ ᠲᠠᠰᠣᠷᠠᠯᠲᠠ ᠦᠭᠡᠢ ᠳᠡᠭᠡᠭᠰᠢᠯᠡᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠪᠠ ᠣᠯᠠᠨ ᠨᠠᠶᠢᠲᠠ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠦᠪ ᠲᠤ᠂ ᠶᠠᠩ ᠶᠢᠩ ᠰᠢᠨ ᠴᠢᠳᠠᠮᠵᠢᠲᠦ ᠲᠤᠭᠤᠷᠢᠭ ᠤᠨ ᠪᠠᠶᠢᠷᠢᠯᠠᠭᠤᠯᠤᠯᠲᠠ᠂ ᠦᠢᠯᠡᠴᠢᠯᠡᠭᠡᠨ  ᠤ ᠲᠦᠬᠦᠭᠡᠷᠦᠮᠵᠢ ᠶᠢᠨ ᠢᠵᠢ ᠪᠦᠷᠢᠳᠦᠬᠦᠯᠦᠯᠲᠡ᠂ ᠶᠠᠪᠤᠴᠠ ᠳᠠᠷᠠᠭᠠᠯᠠᠯ ᠤᠨ ᠳᠦᠬᠦᠮᠴᠢᠯᠠᠯ ᠰᠢᠯᠢᠳᠡᠭᠵᠢᠬᠦᠯᠦᠯᠲᠡ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠬᠦ ᠶᠢᠨ ᠬᠠᠮᠲᠤ ᠲᠤᠬᠠᠢ ᠶᠢᠨ ᠲᠠᠯᠠᠪᠠᠢ ᠳᠤ ᠣᠯᠠᠨ ᠲᠦᠮᠡᠨ ᠲᠠᠢ ᠰᠠᠨᠠᠯ  ᠢᠶᠠᠨ ᠰᠣᠯᠢᠯᠴᠠᠵᠤ᠂ ᠠᠷᠠᠳ ᠲᠤ ᠳᠦᠬᠦᠮ ᠦᠵᠡᠬᠦᠯᠬᠦ ᠦᠢᠯᠡᠴᠢᠯᠡᠬᠡᠨ ᠤ ᠬᠠᠨᠤᠮᠵᠢ ᠶᠢᠨ ᠪᠠᠶᠢᠳᠠᠯ ᠢ ᠨᠠᠷᠢᠨ ᠣᠶᠢᠯᠠᠭᠠᠪᠠ᠃ ᠶᠠᠩ ᠶᠢᠩ ᠰᠢᠨ ᠠᠴᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠪᠣᠯ ᠣᠯᠠᠨ ᠲᠦᠮᠡᠨ  ᠳᠤ ᠬᠠᠨᠳᠣᠭᠤᠯᠣᠭᠰᠠᠨ᠂ ᠣᠯᠠᠨ ᠲᠦᠮᠡᠨ ᠳᠤ ᠦᠢᠯᠡᠴᠢᠯᠡᠬᠦ᠂ ᠬᠡᠪ ᠳᠦᠷᠬᠦ ᠪᠠᠨ ᠢᠯᠡᠷᠡᠬᠦᠯᠬᠦ ᠴᠢᠬᠤᠯᠠ ᠭᠠᠵᠠᠷ ᠪᠣᠯᠣᠨ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠤᠭᠤᠷᠢᠨ ᠤ ᠪᠠᠶᠢᠭᠤᠯᠤᠯᠲᠠ ᠶᠢ ᠨᠡᠩ ᠳᠣᠪᠣᠶᠢᠮ᠎ᠠ ᠪᠠᠶᠢᠷᠢᠨ ᠳᠤ ᠲᠠᠯᠪᠢᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠭᠢᠮ ᠤᠨ ᠠᠵᠢᠯᠲᠠᠨ ᠤ ᠦᠢᠯᠡᠴᠢᠯᠡᠭᠡᠨ ᠤ ᠣᠬᠠᠮᠰᠠᠷ ᠢ ᠲᠠᠰᠣᠷᠠᠯᠲᠠ ᠦᠬᠡᠢ ᠴᠢᠩᠭᠠᠳᠬᠠᠵᠤ᠂ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠰᠠᠶᠢᠵᠢᠷᠠᠭᠤᠯᠤᠨ᠂ ᠵᠠᠰᠠᠭ ᠤᠨ ᠶᠠᠪᠤᠳᠠᠯ ᠤᠨ ᠠᠵᠢᠯᠯᠠᠭᠠᠨ ᠢ ᠳᠦᠷᠢᠮᠵᠢᠬᠦᠯᠵᠦ᠂ ᠠᠵᠢᠯ ᠤᠨ ᠦᠷ᠎ᠡ ᠠᠰᠢᠭ ᠪᠠ ᠦᠢᠯᠡᠴᠢᠯᠡᠭᠡᠨ ᠤ ᠬᠢᠷᠢ ᠳᠦᠪᠰᠢᠨ ᠢᠶᠠᠨ ᠳᠡᠭᠡᠭᠰᠢᠯᠡᠬᠦᠯᠦᠨ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠠᠯᠬᠤᠮ︾ ᠢ ᠨᠡᠪᠲᠡᠷᠡᠬᠦᠯᠬᠦ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠡᠨᠡᠬᠦ ᠬᠤᠭᠤᠴᠠᠭᠠᠨ ᠳᠤ᠂ ᠶᠠᠩ ᠶᠢᠩ ᠰᠢᠨ ᠪᠠᠰᠠ ᠬᠡᠷ ᠪᠠᠶᠢᠰᠢᠩ ᠭᠠᠵᠠᠷ ᠬᠦᠷᠦᠩᠭᠡ ᠶᠢᠨ ᠦᠯᠡᠳᠡᠭᠳᠡᠯ ᠠᠰᠠᠭᠤᠳᠠᠯ ᠤᠨ  ᠰᠢᠢᠳᠪᠦᠷᠢᠯᠡᠯᠲᠡ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠡᠷ ᠪᠠᠶᠢᠰᠢᠩ ᠭᠠᠵᠠᠷ ᠬᠦᠷᠦᠩᠭᠡ ᠶᠢᠨ ᠲᠡᠤᠬᠡ ᠶᠢᠨ ᠦᠯᠡᠳᠡᠭᠳᠡᠯ ᠠᠰᠠᠭᠤᠳᠠᠯ ᠣᠯᠠᠨ ᠲᠦᠮᠡᠨ ᠤ ᠠᠰᠢᠭ ᠲᠤᠰᠠ ᠲᠠᠢ ᠬᠤᠯᠪᠤᠭᠳᠠᠬᠤ ᠲᠤᠯᠠ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ ᠠᠵᠢᠯ ᠤᠨ ᠲᠤᠰᠬᠠᠢ ᠪᠠᠭ ᠢ ᠪᠠᠶᠢᠭᠤᠯᠤᠨ᠂ ᠰᠠᠯᠠᠭ᠎ᠠ ᠮᠦᠴᠢᠷ ᠬᠤᠯᠪᠣᠭᠠᠯᠠᠨ ᠬᠦᠳᠡᠯᠦᠯᠴᠡᠬᠦ ᠶᠢ ᠴᠢᠩᠭᠠᠳᠬᠠᠵᠤ᠂ ᠠᠰᠠᠭᠤᠳᠠᠯ  ᠤᠨ ᠳᠠᠩᠰᠠ ᠡᠪᠬᠡᠮᠡᠯ ᠢ ᠪᠦᠬᠦ ᠲᠠᠯ᠎ᠠ ᠪᠠᠷ ᠡᠮᠬᠢᠯᠡᠨ᠂ ᠠᠰᠠᠭᠤᠳᠠᠯ ᠤᠨ ᠰᠢᠯᠲᠠᠭᠠᠨ ᠢ ᠣᠨᠣᠪᠴᠢᠲᠠᠢ ᠡᠷᠢᠵᠦ᠂ ᠠᠵᠢᠯ ᠤᠨ ᠬᠠᠷᠢᠭᠤᠴᠠᠯᠭ᠎ᠠ ᠪᠠᠨ ᠲᠤᠲᠤᠷᠬᠠᠶᠢᠯᠠᠨ᠂ ᠵᠦᠢ ᠵᠣᠬᠢᠰᠲᠠᠢ ᠰᠢᠢᠳᠪᠦᠷᠢᠯᠡᠬᠦ ᠲᠦᠰᠦᠯ ᠳᠣᠷᠠᠳᠴᠣ᠂ ᠠᠷᠠᠳ ᠤᠯᠠᠨ ᠤ ︽ᠨᠡᠬᠦᠵᠦ ᠣᠷᠣᠬᠤ᠂ ᠣᠷᠣᠵᠣ ᠰᠠᠭᠤᠬᠤ᠂ ᠦᠨᠡᠮᠯᠡᠯ ᠠᠪᠬᠤ ᠳᠤ ᠬᠦᠴᠢᠷᠲᠡᠢ︾ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠰᠢᠭᠤ ᠣᠳᠣᠷᠢᠳᠣᠯᠭ᠎ᠠ ᠣᠷᠬᠢᠯ᠂ ᠱᠢ ᠬᠤᠢ ᠵᠢᠴᠢ ᠬᠤᠯᠪᠣᠭᠳᠠᠯ ᠪᠦᠬᠦᠢ ᠪᠠᠶᠢᠭᠤᠯᠭ᠎ᠠ ᠨᠢᠭᠡᠴᠡ ᠶᠢᠨ ᠬᠠᠷᠢᠭᠤᠴᠠᠯᠭᠠᠲᠠᠳ ᠬᠠᠮᠲᠤ ᠪᠠᠶᠢᠴᠠᠭᠠᠨ ᠰᠣᠳᠣᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号