ᠬᠤᠰᠢᠭᠤ ᠠᠷᠪᠠᠳᠤᠭᠠᠷ ᠬᠤᠭᠤᠴᠠᠭᠠᠨ ᠤ ᠠᠷᠠᠤᠨ ᠤᠨ | ᠲᠦᠯᠤᠬᠡᠯᠡᠭᠴᠢᠤᠨ ᠤᠨ ᠶᠡᠭᠡ ᠬᠤᠷᠠᠯ ᠤᠨ ᠲᠠᠪᠣᠳᠣᠭᠠᠷ | ᠬᠤᠷᠠᠯᠳᠤᠭᠠᠨ ᠤ ᠪᠢᠴᠢᠭ ᠮᠠᠲ᠋ᠧᠷᠢᠶᠠᠯ ︵ᠠᠷᠪᠠᠨ ᠬᠤᠶᠠᠷ︶ | | ᠵᠠᠰᠠᠭ ᠤᠨ ᠤᠷᠳᠤᠨ ᠤ ᠠᠵᠢᠯ ᠤᠨ ᠢᠯᠡᠤᠨᠬᠡᠯ | | —— 2021 ᠤᠨ ᠤ 2 ᠰᠠᠷ᠎ᠠ ᠶᠢᠨ 24 ᠤ ᠡᠳᠤᠷ ᠤᠳᠤᠭ ᠤᠨ | ᠡᠮᠤᠨᠡᠳᠤ ᠬᠤᠰᠢᠭᠤᠨ ᠤ ᠠᠷᠪᠠᠳᠣᠭᠠᠷ | ᠬᠤᠭᠤᠴᠠᠭᠠᠨ ᠤ ᠠᠷᠠᠤᠨ ᠤᠨ ᠲᠦᠯᠦᠬᠡᠯᠡᠭᠴᠢᠤᠨ ᠤᠨ ᠶᠡᠭᠡ | ᠬᠤᠷᠠᠯ ᠤᠨ ᠳᠠᠪᠤᠳᠤᠭᠠᠷ ᠬᠤᠷᠠᠯᠳᠤᠭᠠᠨ ᠳᠡᠬᠡᠷ᠎ᠠ | | | ᠣᠷᠣᠯᠠᠭᠴᠢ ᠬᠤᠰᠢᠭᠤ ᠳᠠᠷᠤᠭ᠎ᠠ ᠦ᠋ ᠶᠦᠨ | | | ᠲᠦᠯᠦᠭᠡᠯᠡᠭᠴᠢᠳ ᠡ᠄ | ᠡᠳᠦᠭᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠠᠵᠢᠯ ᠤᠨ ᠢᠯᠡᠳᠬᠡᠯ ᠬᠢᠶ᠎ᠠ᠂ | ᠲᠦᠯᠦᠭᠡᠯᠡᠭᠴᠢᠳ ᠬᠢᠨᠠᠨ ᠵᠦᠪᠯᠡᠵᠦ᠂ ᠣᠯᠣᠰ ᠲᠦᠷᠦ ᠶᠢᠨ ᠵᠦᠪᠯᠡᠯᠭᠡᠨ ᠤ ᠬᠡᠰᠢᠬᠦᠤᠨ ᠪᠣᠯᠣᠨ ᠰᠤᠯᠠ | ᠣᠷᠣᠯᠴᠠᠭᠰᠠᠳ ᠰᠠᠨᠠᠯ ᠢᠶᠠᠨ ᠳᠡᠪᠰᠢᠭᠦᠯᠬᠦ ᠪᠣᠯᠪᠠᠤ᠃ | ᠨᠢᠭᠡ᠂ 2020 ᠤ ᠠᠵᠢᠯ ᠤᠨ ᠡᠷᠭᠢᠴᠡᠭᠦᠯᠦᠯ | 2020 ᠣᠨ ᠳᠤ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠤᠯᠤᠰ ᠤᠨ | ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠣᠯᠭ᠎ᠠ ᠪᠤᠯᠭᠠᠨ᠂ ᠬᠤᠲᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠡᠷᠴᠢᠲᠤ ᠤᠳᠤᠷᠢᠳᠣᠯᠭ᠎ᠠ ᠳᠣᠣᠷ᠎ᠠ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ | ᠵᠦᠪᠯᠡᠯᠭᠡᠨ ᠤ ᠬᠢᠨᠠᠯᠳᠠ ᠲᠡᠮᠵᠢᠯᠭᠡ ᠲᠣᠣᠷ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ | ᠨᠡᠶᠢᠭᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠵᠣ᠂ ︽ᠠᠷᠪᠠᠨ ᠭᠤᠷᠪᠠᠳᠣᠭᠠᠷ ᠲᠠᠪᠣᠨ | ᠵᠢᠯ︾ ᠤᠨ ᠰᠡᠭᠦᠯᠴᠢ ᠶᠢᠨ ᠵᠢᠯ ᠤᠨ ᠡᠯ᠎ᠡ ᠲᠦᠷᠦᠯ ᠤᠨ ᠡᠭᠦᠷᠭᠡ ᠪᠠᠨ ᠠᠮᠵᠢᠯᠳᠠᠳᠠᠢ ᠪᠡᠶᠡᠯᠡᠭᠦᠯᠦᠭᠰᠡᠨ ᠪᠠᠶᠢᠨ᠎ᠠ᠃ | ᠨᠢᠬᠡ ᠵᠢᠯ ᠤᠨ ᠳᠤᠷᠰᠢ ᠭᠤᠤᠯᠳᠠᠭᠤ ᠳᠣᠣᠷᠠᠬᠢ ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠪᠡ᠄ | ᠨᠢᠭᠡ ᠳᠤ ᠲᠣᠭᠳᠠᠭᠤᠨ ᠨᠡᠮᠡᠭᠳᠡᠯ ᠳᠤ ᠬᠦᠴᠦᠯᠡᠨ᠂ ᠪᠡᠯᠡ ᠣᠷᠣᠭᠤᠯᠣᠯᠳᠠ ᠶᠢ ᠠᠬᠢᠭᠤᠯᠵᠣ᠂ ᠠᠵᠣ ᠠᠬᠤᠢ | ᠶᠢᠨ ᠡᠷᠬᠢᠯᠳᠠ ᠶᠢ ᠲᠣᠭᠳᠠᠭᠤᠨ ᠪᠠᠶᠢᠳᠠᠯ ᠳᠤ ᠣᠷᠣᠭᠤᠯᠪᠠ᠃ ᠠᠵᠣ ᠠᠬᠤᠢ ᠶᠢᠨ ᠭᠤᠤᠯ ᠭᠦᠢᠴᠡᠳᠬᠡᠯ | ᠭᠤᠷᠪᠠᠳᠣᠭᠠᠷ ᠣᠯᠠᠷᠢᠯ ᠳᠤ 2019 ᠤᠨ ᠤ ᠠᠳᠠᠯᠢ ᠬᠤᠭᠤᠴᠠᠭᠠᠨ ᠤ ᠲᠦᠪᠰᠢᠨ ᠳᠤ ᠬᠦᠷᠤᠨ᠂ ᠭᠠᠵᠠᠷ | ᠤᠷᠤᠨ ᠤ ᠥᠢᠯᠡᠳᠪᠥᠷᠢᠯᠡᠯ ᠤᠨ ᠶᠡᠷᠥᠩᠭᠡᠢ ᠥᠷᠳᠡᠭ 140.5 ᠳ᠋ᠦᠭᠰᠢᠭᠤᠷ ᠲᠦᠭᠦᠷᠢᠭ ᠲᠤ ᠬᠦᠷᠴᠦ᠂ ᠮᠠᠯᠵᠢᠬᠤ | ᠲᠠᠷᠢᠶᠠᠯᠠᠬᠤ ᠣᠷᠣᠨ ᠤ ᠬᠦᠮᠦᠨ ᠲᠣᠳᠣᠮ ᠤᠨ ᠡᠵᠡᠮᠳᠡᠵᠣ ᠪᠣᠯᠬᠤ ᠤᠷᠤᠯᠭ᠎ᠠ ᠶᠢᠨ ᠶᠡᠷᠤᠩᠬᠡᠢ ᠬᠡᠮᠵᠢᠶ᠎ᠠ ᠪᠣᠯᠣᠨ | ᠨᠡᠮᠡᠭᠳᠡᠯ ᠤᠨ ᠬᠤᠷᠳᠣᠴᠠ ᠦᠷᠬᠦᠯᠵᠢᠯᠡᠨ ᠪᠦᠬᠦ ᠬᠤᠳᠠ ᠶᠢᠨ ᠡᠮᠤᠨ᠎ᠡ ᠡᠩᠨᠡᠬᠡᠨ ᠳᠤ ᠤᠷᠤᠵᠤ᠂ ᠬᠤᠳᠠ ᠪᠠᠯᠭᠠᠰᠤ | ᠶᠢᠨ ᠠᠵᠢᠯ ᠠᠯᠳᠠᠯᠳᠠ ᠶᠢᠨ ᠨᠣᠷᠮ᠎ᠠ 3.05%᠂ ᠬᠤᠳᠠ ᠶᠢᠨ ᠲᠣᠭᠳᠠᠭᠠᠭᠰᠠᠨ ᠬᠠᠷᠠᠯᠳᠠ ᠠᠴᠠ ᠵᠠᠭᠤᠨ ᠤ 1. | 45 ᠬᠤᠪᠢ ᠳᠤᠤᠷ᠎ᠠ ᠪᠤᠯᠪᠠ᠃ ᠴᠢᠭᠯᠡᠯᠳᠦ ᠲᠦᠪᠯᠡᠷᠡᠩᠭᠦᠢ ᠣᠶᠢᠯᠡᠴᠢᠯᠡᠭᠡᠨ ᠤ ᠲᠣᠭᠳᠠᠴᠠ ᠶᠢ ᠰᠢᠨᠡᠴᠢᠯᠡᠨ | ᠬᠡᠷᠡᠭᠵᠢᠬᠦᠯᠵᠤ᠂ ᠠᠵᠣ ᠠᠬᠤᠶᠢᠯᠠᠯ ᠤᠨ ᠠᠵᠢᠯᠳᠠᠤᠨ ᠤᠨ ᠠᠵᠢᠯ ᠤᠨ ᠪᠠᠶᠢᠷᠢᠨ ᠳᠤ ᠪᠠᠨ ᠪᠣᠴᠠᠬᠤ ᠰᠢᠭᠤᠤᠨ | ᠨᠡᠪᠳᠡᠷᠡᠬᠦ ᠳᠡᠷᠬᠡ ᠳᠤᠬᠢᠷᠠᠭᠤᠯᠤᠨ᠂ ᠬᠤᠰᠢᠭᠤᠨ ᠳᠤ ᠰᠠᠭᠤᠷᠢᠰᠢᠭ᠎ᠠ ᠠᠵᠣ ᠠᠬᠤᠶᠢᠯᠠᠯ ᠪᠣᠯᠣᠨ ᠲᠦᠷᠦᠯ ᠵᠣᠶᠢᠯ ᠤᠨ | ᠣᠶᠢᠯᠠᠳᠪᠦᠷᠢᠯᠠᠯ ᠪᠠᠶᠢᠭᠤᠯᠣᠯᠳᠠ ᠶᠢ ᠡᠩ ᠳᠡᠷᠢᠬᠦᠯᠡᠨ ᠡᠮᠬᠢᠳᠡᠢ ᠰᠡᠷᠭᠦᠭᠡᠪᠡ᠃ ᠪᠦᠬᠦ ᠵᠢᠯ ᠳᠤ ᠡᠯ᠎ᠡ ᠲᠦᠷᠦᠯ ᠤᠨ | 77 ᠭᠤᠣᠯᠳᠠᠯᠭᠠᠳᠦ ᠲᠦᠷᠦᠯ ᠵᠣᠶᠢᠯ ᠢ ᠬᠡᠷᠡᠭᠵᠢᠭᠦᠯᠦᠨ᠂ 70 ᠳ᠋ᠦᠭᠰᠢᠭᠤᠷ ᠲᠦᠭᠦᠷᠢᠭ ᠤᠨ ᠪᠡᠯᠡ | ᠣᠷᠣᠭᠤᠯᠣᠯᠳᠠ ᠶᠢ ᠪᠡᠶᠡᠯᠡᠭᠦᠯᠵᠣ᠂ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ 10 % ᠨᠡᠮᠡᠭᠳᠡᠪᠡ᠃ | ᠬᠤᠶᠠᠷ ᠲᠤ ᠲᠦᠷᠦᠯ ᠵᠣᠶᠢᠯ ᠳᠤ ᠬᠦᠴᠦᠯᠡᠨ᠂ ᠪᠦᠳᠦᠴᠡ ᠶᠢ ᠲᠣᠬᠢᠷᠠᠭᠤᠯᠵᠣ᠂ ᠪᠣᠬᠢᠷᠳᠣᠯ ᠦᠭᠡᠢ | ᠬᠦᠭᠵᠢᠯᠳᠡ ᠶᠢᠨ ᠴᠢᠨᠠᠷᠵᠢᠯ ᠢ ᠲᠡᠭᠡᠭᠰᠢᠯᠡᠭᠦᠯᠦᠨ ᠪᠦᠳᠦᠮᠵᠢ ᠶᠢ ᠨᠡᠮᠡᠭᠳᠡᠭᠦᠯᠪᠡ᠃ ᠱᠠᠩᠬᠠᠢ ᠶᠢᠨ ᠰᠦᠮ᠎ᠡ ᠡᠨᠧᠷᠬᠢ | ᠬᠢᠮᠢ ᠶᠢᠨ ᠰᠠᠭᠤᠷᠢᠨ ᠭᠠᠵᠠᠷ ᠤᠨ ︽ᠬᠦᠷᠢᠶᠡᠯᠡᠩ ᠢᠶᠠᠨ ᠦᠷᠭᠡᠳᠬᠡᠵᠦ ᠲᠤᠭᠤᠷᠢᠭ ᠢ ᠳᠤᠬᠢᠷᠠᠭᠤᠯᠬᠤ︾ ᠠᠵᠢᠯ | ᠦᠪᠡᠷᠳᠡᠭᠡᠨ ᠵᠠᠰᠠᠬᠤ ᠣᠷᠣᠨ ᠤ ᠴᠣᠬᠤᠯᠠᠪᠦᠷᠢᠯᠠᠯᠳᠠ ᠶᠢ ᠣᠯᠵᠣ᠂ ᠱᠧᠩ ᠯᠤ᠋ ᠴᠠᠬᠢᠯᠭᠠᠨ ᠦᠢᠯᠡᠳᠪᠦᠷᠢ | ᠠᠰᠢᠭᠯᠠᠯᠳᠠ ᠳᠤ ᠤᠷᠤᠨ᠂ ᠴᠠᠩ ᠴᠧᠩ ᠴᠠᠬᠢᠯᠭᠠᠨ ᠦᠢᠯᠡᠳᠪᠦᠷᠢ᠂ ᠣᠯᠣᠰ ᠤᠨ ᠡᠨᠧᠷᠬᠢ ᠶᠢᠨ ᠱᠠᠩᠬᠠᠢ ᠶᠢᠨ | ᠰᠦᠮ᠎ᠡ ᠴᠠᠬᠢᠯᠭᠠᠨ ᠣᠶᠢᠯᠠᠳᠪᠦᠷᠢ ᠶᠢᠨ ᠪᠠᠷᠢᠯᠭ᠎ᠠ ᠡᠬᠢᠯᠡᠵᠤ᠂ ᠬᠠᠶᠢᠯᠠᠰᠣᠨ ᠬᠤᠤᠨᠳᠤᠭ ᠨᠡᠭᠦᠷᠡᠰᠣᠨ ᠠᠭᠤᠷᠬᠠᠢ | ᠣᠯᠣᠰ ᠤᠨ ᠪᠣᠬᠢᠷᠳᠣᠯ ᠦᠭᠡᠢ ᠠᠭᠤᠷᠬᠠᠢ ᠶᠢᠨ ᠣᠷᠣᠨ ᠤ ᠨᠡᠷᠡᠰ ᠤᠨ ᠵᠢᠭᠰᠠᠭᠠᠯᠳᠠ ᠳᠤ ᠤᠷᠤᠪᠠ᠃ ᠮᠠᠯ | ᠲᠠᠷᠢᠶᠠᠯᠠᠩ ᠤᠨ ᠠᠵᠣ ᠣᠶᠢᠯᠠᠰ ᠤᠨ ᠪᠦᠳᠦᠴᠡ ᠶᠢᠨ ᠲᠣᠬᠢᠷᠠᠭᠤᠯᠣᠯᠳᠠ ᠰᠢᠯᠢᠳᠡᠭᠵᠢᠭᠦᠯᠦᠯᠳᠡ ᠳᠤ 5889 | ᠲᠦᠮᠠᠨ ᠲᠦᠭᠦᠷᠢᠭ ᠤᠨ ᠪᠡᠯᠡ ᠣᠷᠣᠭᠤᠯᠣᠨ᠂ ᠣᠯᠣᠰ ᠤᠨ ᠲᠣᠭᠠᠴᠠᠯᠠᠭᠰᠠᠨ ᠬᠦᠳᠡᠭᠡ ᠲᠣᠰᠬᠤᠨ ᠤ | ᠪᠠᠶᠢᠭᠤᠯᠣᠯᠳᠠ ᠶᠢᠨ ᠲᠣᠷᠰᠢᠯᠳᠡ ᠶᠢᠨ ᠴᠡᠭ ᠢᠶᠠᠷ ᠰᠤᠩᠭᠤᠭᠳᠠᠨ᠂ ᠠᠳᠣᠭᠤᠨ ᠬᠤᠳᠳᠤᠭ ᠤᠨ ᠰᠠᠭᠤᠷᠢᠰᠢᠯ ᠪᠦᠬᠦ | ᠣᠯᠣᠰ ᠤᠨ ︽ᠠᠷᠪᠠᠨ ᠭᠤᠷᠪᠠᠳᠣᠭᠠᠷ ᠲᠠᠪᠣᠨ ᠵᠢᠯ︾ ᠤᠨ ᠣᠨᠳᠣᠣ ᠭᠠᠵᠠᠷ ᠨᠡᠭᠦᠯᠭᠡᠵᠣ ᠶᠠᠳᠠᠭᠤ ᠶᠢ ᠳᠡᠤᠨᠬᠦᠭᠰᠡᠨ | ︽ᠭᠤᠶᠢᠳᠠ ᠰᠠᠶᠢᠬᠠᠨ ᠲᠦᠪᠬᠢᠨᠡᠬᠦᠯᠤᠯ ᠤᠨ ᠳᠤᠭᠤᠷᠢᠭ︾ ᠢᠶᠠᠷ ᠦᠨᠡᠯᠡᠭᠳᠡᠨ᠂ ᠬᠤᠪᠢᠰᠬᠠᠯᠳᠦ ᠬᠦᠮᠦᠵᠢᠯ ᠤᠨ | ᠵᠢᠭᠤᠯᠴᠢᠯᠠᠯ ᠪᠦᠬᠦ ᠣᠯᠣᠰ ᠤᠨ ᠨᠡᠶᠢᠳᠡᠯᠢᠭ ᠵᠢᠱᠢᠶ᠎ᠡ ᠪᠠᠷ ᠰᠣᠩᠭᠤᠭᠳᠠᠵᠣ᠂ ᠲᠦᠷᠪᠡᠳᠦᠭᠡᠷ ᠪᠦᠯᠦᠭ ᠤᠨ ᠣᠯᠣᠰ | ᠤᠨ ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠠ ᠶᠢᠨ ᠲᠠᠭᠤᠷᠢᠶᠠᠯ ᠬᠤᠰᠢᠭᠤ ᠪᠠᠷ ᠦᠨᠡᠯᠡᠭᠳᠡᠪᠡ᠃ | ᠭᠤᠷᠪᠠ ᠳᠤ ᠠᠷᠠᠳ ᠤᠨ ᠠᠮᠢᠳᠤᠷᠠᠯ ᠤᠨ ᠬᠠᠷᠠᠭᠠᠯᠵᠠᠯ ᠳᠤ ᠬᠦᠴᠦᠯᠡᠨ᠂ ᠪᠣᠳᠠᠳᠦ ᠶᠠᠪᠤᠳᠠᠯ ᠪᠦᠳᠤᠬᠡᠵᠤ᠂ | ᠠᠷᠠᠳ ᠲᠦᠮᠡᠨ ᠤ ᠠᠰᠢᠭ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠶᠠᠳᠠᠭᠤ ᠠᠴᠠ ᠠᠩᠬᠢᠵᠢᠷᠠᠭᠤᠯᠬᠤ | ᠰᠢᠪᠳᠦᠯᠦᠯᠳᠡ ᠢᠯᠠᠯᠳᠠ ᠣᠯᠣᠨ᠂ ᠳᠠᠩᠰᠠᠯᠠᠭᠰᠡᠨ 662 ᠡᠷᠦᠬᠡ ᠶᠢᠨ 1731 ᠬᠦᠮᠦᠨ ᠢ ᠪᠦᠬᠦᠨ ᠢ ᠶᠠᠳᠠᠭᠤ | ᠠᠴᠠ ᠠᠩᠬᠢᠵᠢᠷᠠᠭᠤᠯᠵᠣ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠨᠢᠭᠡ ᠡᠷᠦᠭᠡ ᠨᠢᠭᠡ ᠬᠦᠮᠦᠨ | ᠢ ᠴᠣ᠋ ᠣᠷᠬᠢᠭᠳᠠᠭᠤᠯᠣᠭᠰᠠᠨ ᠦᠭᠡᠢ᠃ ᠰᠣᠷᠭᠠᠨ ᠬᠦᠮᠦᠵᠢᠯ ᠵᠢᠭᠠᠨ ᠰᠤᠷᠭᠠᠯᠳᠠ ᠶᠢᠨ ᠨᠦᠬᠦᠴᠡᠯ ᠣᠯᠠᠮ ᠨᠢᠭᠡ | ᠠᠯᠬᠤᠮ ᠰᠠᠶᠢᠵᠢᠷᠠᠨ᠂ ᠮᠣᠩᠭᠤᠯ ᠲᠣᠷᠰᠢᠯᠳᠠ ᠶᠢᠨ ᠪᠠᠭ᠎ᠠ ᠰᠣᠷᠭᠠᠭᠤᠯᠢ ᠶᠢᠨ ᠪᠠᠷᠢᠯᠭ᠎ᠠ ᠶᠢ ᠡᠬᠢᠯᠡᠭᠦᠯᠵᠣ᠂ | ᠭᠤᠷᠪᠠᠳᠣᠭᠠᠷ ᠪᠦᠷᠢᠨ ᠪᠠᠭ᠎ᠠ ᠰᠣᠷᠭᠠᠭᠤᠯᠢ ᠪᠠᠶᠢᠭᠤᠯᠤᠭᠳᠠᠨ ᠬᠢᠴᠢᠶᠡᠯᠯᠡᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ | ᠣᠶᠢᠯᠡᠴᠢᠯᠡᠭᠡ ᠣᠯᠠᠮ ᠲᠦᠬᠡᠮᠡᠯᠵᠢᠨ᠂ ᠬᠤᠷᠰᠢᠭᠰᠠᠨ ᠡᠮᠨᠡᠯᠭᠡ ᠶᠢᠨ ᠪᠦᠬᠦ ᠪᠦᠷᠬᠦᠴᠡ ᠶᠢ ᠪᠡᠶᠡᠯᠡᠭᠦᠯᠪᠡ᠃ ᠬᠤᠳᠠ | ᠬᠦᠳᠡᠭᠡ ᠶᠢᠨ ᠲᠣᠣᠷ᠎ᠠ ᠪᠠᠳᠣᠯᠠᠭ᠎ᠠ᠂ ᠨᠡᠶᠢᠭᠡᠮ ᠤᠨ ᠪᠠᠳᠤᠯᠠᠭ᠎ᠠ ᠶᠢᠨ ᠪᠠᠳᠤᠯᠠᠪᠠᠰᠤ ᠵᠤᠬᠢᠬᠤ ᠶᠢ ᠨᠢ ᠴᠦᠮ ᠪᠠᠳᠤᠯᠠᠨ | ᠂ ᠨᠡᠶᠢᠭᠡᠮ ᠤᠨ ᠪᠠᠳᠣᠯᠠᠭ᠎ᠠ ᠶᠢᠨ ᠭᠦᠢᠴᠡᠳᠬᠡᠯ ᠲᠤᠭ᠎ᠠ ᠪᠦᠬᠦ ᠣᠷᠣᠨ ᠤ ᠡᠮᠦᠨ᠎ᠡ ᠡᠩᠨᠡᠬᠡᠨ ᠳᠤ ᠵᠢᠭᠰᠠᠭᠠᠭᠳᠠᠪᠠ᠃ | ᠵᠠᠯᠭᠠᠭ᠎ᠠ ᠪᠠᠷ ᠪᠦᠬᠦ ᠣᠯᠣᠰ ᠤᠨ ᠰᠢᠶᠠᠨ ᠤ ᠲᠡᠰ ᠤᠨ ᠪᠣᠯᠪᠠᠰᠣᠨ ᠬᠤᠳᠠ ᠪᠠᠷ ᠦᠨᠡᠯᠡᠭᠳᠡᠨ᠂ ᠠᠷᠠᠳ ᠲᠦᠮᠡᠨ ᠤ | ᠠᠰᠢᠭ ᠵᠢᠷᠭᠠᠯ ᠤᠨ ᠵᠢᠭᠠᠯᠳᠠ ᠢᠯᠡᠳᠳᠡ ᠲᠡᠭᠡᠭᠰᠢᠯᠡᠪᠡ᠃ | ᠲᠦᠷᠪᠡ ᠳᠤ ᠬᠢᠵᠢᠭ ᠲᠠᠢ ᠳᠡᠮᠡᠴᠡᠬᠦ ᠳᠤ ᠬᠦᠴᠦᠯᠡᠨ᠂ ᠠᠮᠣᠷ ᠲᠠᠶᠢᠪᠣᠩ ᠢ ᠪᠠᠳᠣᠯᠠᠵᠣ᠂ ᠠᠷᠠᠳ ᠣᠯᠠᠨ ᠤ | ᠡᠷᠡᠭᠦᠯ ᠡᠩᠬᠡ ᠶᠢ ᠬᠠᠮᠠᠭᠠᠯᠠᠪᠠ᠃ ᠠᠷᠠᠳ ᠲᠦᠮᠡᠨ᠂ ᠠᠮᠢ ᠨᠠᠰᠤ ᠶᠢ ᠳᠡᠬᠡᠳᠤᠯᠡᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠠᠶᠢᠯᠠᠯᠳᠤᠭᠠᠨ ᠳᠤ ᠦᠤᠨᠳᠠᠷ ᠲᠦᠷᠬᠡᠨ ᠬᠦᠳᠡᠯᠤᠯᠴᠡᠵᠤ᠂ ᠬᠤᠯᠪᠣᠭᠠᠯᠠᠨ ᠰᠡᠷᠬᠡᠶᠢᠯᠡᠵᠤ | ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠨ ᠣᠯᠠᠨ ᠢᠶᠠᠷ ᠢᠶᠠᠨ ᠡᠵᠡᠮᠳᠡᠬᠦ ᠲᠣᠭᠳᠠᠴᠠ ᠶᠢ ᠪᠠᠶᠢᠭᠤᠯᠵᠣ | ᠂ 2800 ᠭᠠᠷᠣᠢ ᠰᠠᠶᠢᠨ ᠲᠣᠷᠠᠴᠣᠳ᠂ ᠲᠣᠳᠣᠭᠠᠳᠦ ᠶᠢ ᠬᠠᠮᠠᠭᠠᠯᠠᠬᠤ ᠴᠠᠭᠳᠠᠭ᠎ᠠ᠂ ᠨᠠᠮ ᠤᠨ ᠭᠡᠰᠢᠭᠦᠨ | ᠺᠠᠳ᠋ᠷᠴᠣᠳ ᠡᠳᠦᠷ ᠰᠦᠨᠢ ᠶᠢ ᠢᠯᠭᠠᠯ ᠦᠭᠡᠢ ᠪᠠᠷ ᠨᠡᠶᠢᠭᠡᠮ ᠲᠣᠭᠤᠷᠢᠭ ᠪᠠ ᠵᠠᠮ ᠤᠨ ᠠᠮᠠ ᠰᠠᠬᠢᠨ᠂ 15 ᠡᠮᠴᠢ | ᠰᠣᠪᠢᠯᠠᠭᠴᠢ ᠶᠢᠨ ᠨᠠᠷᠢᠨ ᠬᠢᠨᠠᠮᠠᠭᠠᠢ ᠡᠮᠴᠢᠯᠡᠭᠡ ᠪᠠᠷ ᠴᠣᠷ ᠤᠨ ᠭᠠᠭᠴᠠ ᠲᠣᠳᠣᠯᠠᠭᠰᠠᠨ ᠡᠪᠡᠳᠴᠢᠳᠠᠨ ᠡᠷᠡᠭᠦᠯᠵᠢᠨ | ᠡᠮᠨᠡᠯᠭᠡ ᠠᠴᠠ ᠭᠠᠷᠴᠦ᠂ ᠡᠪᠡᠤᠨᠴᠢᠳᠠᠨ ᠰᠢᠨ᠎ᠡ ᠪᠠᠷ ᠨᠡᠮᠡᠭᠳᠡᠭᠰᠡᠨ ᠦᠭᠡᠢ᠂ ᠬᠢᠵᠢᠭ ᠲᠠᠷᠬᠠᠨ ᠲᠡᠯᠭᠡᠷᠡᠭᠰᠡᠨ ᠦᠭᠡᠢ᠃ | ᠬᠤᠰᠢᠭᠤ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠬᠡ ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠪᠦᠭᠡᠮ | ᠬᠦᠴᠢᠯ ᠤᠨ ᠪᠠᠶᠢᠴᠠᠭᠠᠯᠳᠠ ᠶᠢᠨ ᠲᠣᠷᠰᠢᠯᠳᠠ ᠶᠢᠨ ᠲᠠᠰᠤᠭ ᠰᠢᠯᠭᠠᠨ ᠬᠤᠷᠢᠶᠠᠯᠳᠠ ᠶᠢ ᠳᠤᠭᠤᠯᠵᠤ᠂ 3 ᠡᠳᠦᠷ ᠤᠨ | ᠲᠣᠳᠣᠷ᠎ᠠ ᠪᠦᠬᠦ ᠬᠤᠰᠢᠭᠤᠨ ᠤ ᠣᠯᠠᠨ ᠲᠦᠮᠡᠨ ᠳᠤ ᠪᠦᠭᠡᠮ ᠬᠦᠴᠢᠯ ᠤᠨ ᠪᠠᠶᠢᠴᠠᠭᠠᠯᠳᠠ ᠬᠢᠵᠤ ᠳᠠᠶᠢᠯᠬᠦ ᠴᠢᠳᠠᠮᠵᠢ | ᠲᠠᠢ ᠪᠤᠯᠪᠠ᠃ ᠨᠠᠮᠦᠷ ᠡᠪᠦᠯ ᠤᠨ ᠬᠢᠵᠢᠭ ᠤᠨ ᠪᠠᠶᠢᠳᠠᠯ ᠢ ᠰᠠᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠢ | ᠪᠠᠶᠢᠷᠢᠯᠠᠭᠤᠯᠣᠨ᠂ ᠭᠤᠣᠯᠳᠠᠯᠭᠠᠳᠦ ᠬᠦᠮᠦᠰ ᠲᠤ ᠸᠠᠺᠽᠢᠨ ᠲᠠᠷᠢᠵᠣ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠨᠳᠡᠬᠦ ᠪᠠᠶᠢᠩᠭᠤᠵᠢᠭᠰᠠᠨ ᠲᠣᠭᠳᠠᠴᠠ ᠶᠢ ᠪᠠᠶᠢᠭᠤᠯᠪᠠ᠃ | ᠲᠠᠪᠤ ᠳᠤ ᠰᠣᠷᠳᠠᠯ ᠤᠨ ᠬᠤᠪᠢᠷᠠᠭᠤᠯᠤᠯᠳᠠ ᠳᠤ ᠬᠦᠴᠦᠯᠡᠨ᠂ ᠴᠢᠳᠠᠪᠬᠢ ᠪᠠᠨ ᠲᠡᠭᠡᠭᠰᠢᠯᠡᠭᠦᠯᠵᠣ᠂ ᠳᠤᠰ ᠪᠡᠶ᠎ᠡ | ᠶᠢᠨ ᠪᠠᠶᠢᠭᠤᠯᠣᠯᠳᠠ ᠶᠢ ᠲᠠᠰᠣᠷᠠᠯᠳᠠ ᠦᠭᠡᠢ ᠴᠢᠩᠭᠠᠳᠬᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠣᠮᠳᠠᠳᠣ ᠤᠯᠤᠰ ᠤᠨ ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠲᠣᠣᠱᠯᠠᠭᠤᠯᠬᠤ ᠶᠢ | ᠳᠡᠷᠢᠬᠦᠨ ᠴᠢᠬᠤᠯᠠ ᠣᠯᠣᠰ ᠲᠦᠷᠦ ᠶᠢᠨ ᠡᠭᠦᠷᠭᠡ ᠪᠣᠯᠭᠠᠨ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢ | ᠯᠠᠪᠳᠠᠭᠤᠨ ᠪᠠᠳᠤᠳᠠᠢ ᠠᠬᠢᠭᠤᠯᠵᠣ᠂ ᠲᠣᠭᠤᠷᠢᠨ ᠪᠠᠶᠢᠴᠠᠭᠠᠯᠳᠠ ᠶᠢᠨ ᠴᠡᠭᠴᠡᠯᠡᠯᠳᠡ᠂ ᠲᠣᠰᠬᠠᠢ ᠲᠦᠷᠦᠯ ᠤᠨ | ᠴᠡᠭᠴᠡᠯᠡᠯᠳᠡ ᠵᠡᠷᠭᠡ ᠡᠯ᠎ᠡ ᠲᠦᠷᠦᠯ ᠤᠨ ᠠᠵᠢᠯ ᠢ ᠰᠠᠶᠢᠳᠦᠷ ᠬᠢᠪᠠ᠃ ᠣᠬᠠᠮᠰᠠᠷ ᠠᠴᠠ ᠪᠠᠨ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠦᠪᠯᠡᠯᠭᠡᠨ ᠪᠣᠯᠣᠨ | ᠨᠡᠶᠢᠭᠡᠮ ᠤᠨ ᠬᠢᠨᠠᠯᠳᠠ ᠶᠢ ᠬᠦᠯᠢᠶᠡᠨ᠂ 78 ᠬᠤᠪᠢ ᠲᠦᠯᠦᠭᠡᠯᠡᠭᠴᠢ ᠶᠢᠨ ᠰᠠᠨᠠᠯ ᠰᠠᠨᠠᠭᠤᠯᠭ᠎ᠠ᠂ ᠭᠡᠰᠢᠭᠦᠳ ᠤᠨ | ᠰᠠᠨᠠᠯ ᠳᠤᠷᠠᠳᠤᠯᠭ᠎ᠠ ᠶᠢ ᠭᠦᠢᠴᠡᠳᠬᠡᠨ ᠬᠠᠷᠢᠭᠤ ᠦᠭᠴᠦ᠂ ᠰᠠᠨᠠᠭᠠᠴᠢᠯᠠᠭ᠎ᠠ ᠠᠴᠠ ᠪᠠᠨ 13000 ᠭᠠᠷᠣᠢ ᠵᠣᠷᠪᠣᠰ | ᠵᠠᠰᠠᠭ ᠤᠨ ᠣᠷᠳᠣᠨ ᠤ ᠮᠡᠳᠡᠭᠡ ᠵᠠᠩᠬᠢ ᠶᠢ ᠢᠯᠡ ᠨᠡᠶᠢᠳᠡᠯᠡᠪᠡ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠠᠴᠠ ᠪᠢᠯᠧᠲ ᠦᠭᠴᠦ ᠲᠣᠭᠳᠠᠭᠠᠭᠰᠠᠨ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ | 8 ᠪᠣᠳᠠᠳᠦ ᠶᠠᠪᠣᠳᠠᠯ ᠢ ᠪᠦᠬᠦᠨ ᠢ ᠪᠡᠶᠡᠯᠡᠭᠦᠯᠪᠡ᠃ ᠡᠭᠦᠨ ᠤ ᠬᠠᠮᠳᠦ᠂ ᠣᠯᠣᠰ ᠤᠨ ᠪᠠᠳᠣᠯᠠᠨ ᠬᠠᠮᠠᠭᠠᠯᠠᠯᠳᠠ ᠶᠢᠨ | ᠲᠠᠶᠢᠴᠢᠯᠠᠯᠳᠠ᠂ ᠠᠷᠠᠳᠴᠢᠯᠠᠯ ᠬᠠᠣᠯᠢ ᠲᠦᠷᠢᠮ᠂ ᠦᠨᠳᠦᠰᠦᠳᠡᠨ ᠱᠠᠰᠢᠨ ᠰᠣᠷᠳᠠᠬᠤᠨ᠂ ᠲᠤᠭ᠎ᠠ ᠪᠦᠷᠢᠳᠬᠡᠯ᠂ | ᠲᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠳᠡ᠂ ᠴᠠᠭ ᠠᠭᠤᠷ᠂ ᠡᠮᠡᠭᠳᠡᠶᠢᠴᠣᠳ ᠬᠡᠣᠭᠡᠳ ᠪᠠᠭᠠᠴᠣᠳ᠂ | ᠦᠳᠡᠭᠦᠰ ᠤᠨ ᠣᠶᠢᠯᠠᠰ ᠵᠡᠷᠭᠡ ᠠᠵᠢᠯ ᠢᠡᠯᠷᠭᠡᠢ ᠲᠠᠪᠰᠢᠯᠳᠠ ᠲᠠᠢ ᠪᠣᠯᠪᠠ᠃ | 2020 ᠣᠨ ᠤ ᠡᠯ᠎ᠡ ᠲᠦᠷᠦᠯ ᠤᠨ ᠠᠵᠢᠯ ᠢ ᠳ᠋ᠦᠩᠨᠡᠪᠡᠯ᠂ ᠬᠦᠴᠢᠷ ᠪᠡᠷᠭᠡ ᠲᠦᠰᠦᠭᠡᠯᠡᠯ ᠠᠴᠠ ᠠᠷᠪᠢᠨ᠂ | ᠠᠮᠵᠢᠯᠳᠠ ᠪᠦᠳᠦᠮᠵᠢ ᠵᠢᠱᠢᠯᠳᠡ ᠠᠴᠠ ᠰᠠᠶᠢᠨ᠃ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠦᠭᠵᠢᠯᠳᠡ | ᠬᠤᠪᠢᠷᠠᠯᠳᠠ ᠶᠢ ᠡᠷᠭᠢᠴᠡᠭᠦᠯᠪᠡᠯ᠂ ᠪᠢᠳᠠ ᠰᠢᠯᠭᠠᠯᠳᠠ ᠶᠢ ᠳᠤᠭᠤᠯᠤᠨ ᠰᠢᠷᠭᠠᠭᠤ ᠬᠦᠳᠡᠯᠮᠤᠷᠢ ᠪᠠᠷ ᠬᠢᠯᠠᠯᠵᠠᠮ᠎ᠠ | ᠠᠮᠵᠢᠯᠳᠠ ᠣᠯᠪᠠ᠃ ︽ᠠᠷᠪᠠᠨ ᠭᠤᠷᠪᠠᠳᠣᠭᠠᠷ ᠲᠠᠪᠣᠨ ᠵᠢᠯ︾ ᠤᠨ ᠬᠤᠭᠤᠴᠠᠭᠠᠨ ᠳᠤ ᠮᠠᠨ ᠤ ᠬᠤᠰᠢᠭᠤᠨ ᠤ | ᠣᠷᠣᠨ ᠨᠣᠳᠤᠭ ᠤᠨ ᠣᠶᠢᠯᠠᠳᠪᠦᠷᠢᠯᠠᠯ ᠤᠨ ᠶᠡᠷᠦᠩᠬᠡᠢ ᠦᠷᠳᠡᠭ ᠵᠢᠯ ᠳᠤᠮᠳᠠᠴᠢ 7.1% ᠪᠠᠷ ᠨᠡᠮᠡᠭᠳᠡᠨ᠂ ᠬᠦᠮᠦᠨ | ᠲᠣᠮᠳᠠᠴᠢ ᠶᠢᠨ GDP 19.24 ᠲᠦᠮᠡᠨ ᠲᠦᠭᠦᠷᠢᠭ ᠲᠤ ᠬᠦᠷᠴᠦ᠂ ᠲᠣᠮᠳᠠᠳᠦ ᠣᠯᠣᠰ ᠤᠨ ᠪᠠᠷᠠᠭᠤᠨ ᠣᠷᠣᠨ | ᠤ ᠵᠠᠭᠤᠨ ᠬᠦᠴᠦᠷᠭᠡᠭ ᠰᠢᠶᠠᠨ ᠤ ᠨᠡᠷᠡᠰ ᠲᠤ ᠣᠷᠣᠪᠠ᠃ ᠰᠢᠨ᠎ᠡ ᠪᠦᠷᠢᠤᠨᠬᠡᠯ ᠤᠨ ᠠᠷᠭ᠎ᠠ ᠶᠣᠰᠣᠭᠠᠷ ᠪᠦᠷᠢᠤᠨᠬᠡᠪᠡᠯ | ᠂ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ 2017 ᠣᠨ ᠤ 8.01 ᠳ᠋ᠦᠩᠰᠢᠭᠤᠷ | ᠲᠦᠭᠦᠷᠢᠭ ᠠᠴᠠ ᠨᠡᠮᠡᠭᠳᠡᠭᠡᠳ 2020 ᠣᠨ ᠪᠣᠯᠬᠤ ᠳᠤ 11.9 ᠳ᠋ᠦᠩᠰᠢᠭᠤᠷ ᠲᠦᠭᠦᠷᠢᠭ ᠲᠤ ᠬᠦᠷᠴᠦ᠂ ᠵᠢᠯ | ᠲᠣᠮᠳᠠᠴᠢ 14% ᠪᠠᠷ ᠨᠡᠮᠡᠭᠳᠡᠪᠡ᠃ ᠬᠤᠳᠠ ᠬᠦᠳᠡᠭᠡ ᠶᠢᠨ ᠣᠷᠣᠯᠭ᠎ᠠ ᠶᠢᠨ ᠵᠦᠷᠢᠶ᠎ᠡ ᠣᠯᠠᠮ ᠨᠢᠭᠡ ᠠᠯᠬᠤᠮ | ᠪᠠᠭᠠᠰᠴᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠲᠣᠮᠳᠠᠴᠢ ᠶᠢᠨ ᠡᠵᠡᠮᠳᠡᠵᠣ ᠪᠣᠯᠬᠤ ᠣᠷᠣᠯᠭ᠎ᠠ ᠵᠠᠯᠭᠠᠭ᠎ᠠ | ᠪᠠᠷ 15 ᠵᠢᠯ ᠪᠦᠬᠦ ᠬᠤᠳᠠ ᠳᠤ ᠪᠠᠨ ᠳᠡᠷᠢᠬᠦᠯᠡᠪᠡ᠃ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠳᠠ ᠨᠠᠶᠢᠳᠠ | 500 ᠳ᠋ᠦᠩᠰᠢᠭᠤᠷ ᠲᠦᠭᠦᠷᠢᠭ ᠢ ᠲᠠᠪᠠᠨ᠂ ᠳ᠋ᠦᠩᠰᠢᠭᠤᠷ ᠲᠦᠭᠦᠷᠢᠭ ᠠᠴᠠ ᠲᠠᠪᠠᠭᠰᠠᠨ 62 ᠴᠢᠬᠤᠯᠠ ᠶᠡᠭᠡ | ᠲᠦᠷᠦᠯ ᠵᠣᠶᠢᠯ ᠢ ᠣᠷᠣᠭᠤᠯᠣᠨ ᠬᠡᠷᠡᠭᠵᠢᠭᠦᠯᠵᠣ᠂ ᠭᠠᠶᠢᠯᠢ ᠶᠢᠨ ᠡᠬᠢ ᠶᠢᠨ ᠰᠢᠯᠢᠳᠡᠭᠵᠢᠯ ᠢ ᠲᠦᠷᠭᠡᠳᠬᠡᠪᠡ᠃ ᠪᠦᠬᠦ | ᠬᠤᠰᠢᠭᠤᠨ ᠤ ᠬᠠᠮᠳᠦ ᠶᠢᠨ ᠴᠢᠷᠮᠠᠶᠢᠯᠭ᠎ᠠ ᠪᠠᠷ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ | ᠶᠢᠨ ᠬᠠᠷᠠᠯᠳᠠ ᠡᠭᠦᠷᠭᠡ ᠪᠠᠨ ᠦᠨᠳᠦᠰᠣᠨ ᠳᠤ ᠪᠠᠨ ᠪᠡᠶᠡᠯᠡᠭᠦᠯᠵᠣ᠂ ᠪᠢᠳᠠ ᠰᠢᠨ᠎ᠡ ᠬᠦᠭᠵᠢᠯᠳᠡ ᠶᠢᠨ ᠱᠠᠳᠣᠨ ᠳᠤ | ᠣᠳᠣᠬᠢᠴᠢᠯᠠᠭᠰᠠᠨ ᠣᠳᠤᠭ ᠤᠨ ᠡᠮᠦᠨᠡᠳᠦ ᠬᠤᠰᠢᠭᠤᠨ ᠤ ᠪᠠᠶᠢᠭᠤᠯᠣᠯᠳᠠ ᠶᠢ ᠪᠦᠬᠦ ᠲᠠᠯ᠎ᠠ ᠪᠠᠷ ᠠᠬᠢᠭᠤᠯᠬᠤ ᠳᠤ | ᠪᠠᠳᠦ ᠪᠠᠬᠢ ᠰᠠᠭᠤᠷᠢ ᠶᠢ ᠳᠠᠯᠪᠢᠭᠰᠡᠨ ᠪᠠᠶᠢᠨ᠎ᠠ᠃ | ᠣᠯᠣᠭᠰᠠᠨ ᠡᠳᠡᠬᠡᠷ ᠠᠮᠵᠢᠯᠳᠠ ᠪᠦᠳᠦᠮᠵᠢ ᠪᠣᠯ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ | ᠤᠯᠤᠰ ᠤᠨ ᠣᠨᠴᠠᠯᠢᠭᠲᠤ ᠨᠠᠶᠢᠬᠡᠮ ᠵᠢᠷᠤᠮ ᠤᠨ ᠦᠵᠡᠯ ᠰᠠᠨᠠᠭᠠᠨ ᠤ ᠰᠣᠳᠣᠨ ᠵᠢᠯᠤᠭᠤᠳᠤᠯᠭ᠎ᠠ ᠶᠢᠨ ᠦᠷ᠎ᠠ | ᠪᠦᠳᠤᠮᠵᠢ ᠪᠤᠯᠬᠤ ᠶᠣᠮ᠂ ᠡᠯ᠎ᠡ ᠡᠬᠡᠯᠵᠢ ᠶᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠵᠠᠯᠭᠠᠮᠵᠢᠯᠠᠯ ᠵᠢᠷᠣᠮᠯᠠᠯ ᠤᠨ ᠦᠷ᠎ᠡ ᠪᠦᠳᠤᠮᠵᠢ ᠪᠤᠯᠬᠤ ᠶᠤᠮ᠂ ᠬᠤᠰᠢᠭᠤ ᠨᠠᠮ ᠤᠨ ᠬᠤᠷᠢᠶᠠᠨ ᠤ ᠵᠦᠪ | ᠣᠨᠣᠪᠴᠢᠳᠠᠢ ᠣᠳᠣᠷᠢᠳᠣᠯᠭ᠎ᠠ᠂ ᠰᠢᠨᠵᠢᠯᠡᠬᠦ ᠣᠬᠠᠭᠠᠨᠴᠢ ᠰᠢᠢᠳᠪᠦᠷᠢᠳᠦ ᠪᠣᠳᠣᠯᠭ᠎ᠠ ᠶᠢᠨ ᠦᠷ᠎ᠡ ᠪᠦᠳᠦᠮᠵᠢ᠂ | ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ | ᠵᠦᠪᠯᠡᠯᠭᠡᠨ ᠤ ᠬᠠᠯᠠᠮᠵᠢ ᠲᠡᠮᠵᠢᠯᠭᠡ᠂ ᠪᠦᠳᠦᠮᠵᠢᠳᠦ ᠬᠢᠨᠠᠯᠳᠠ ᠶᠢᠨ ᠦᠷ᠎ᠡ ᠪᠦᠳᠦᠮᠵᠢ᠂ ᠪᠦᠬᠦ ᠬᠤᠰᠢᠭᠤᠨ ᠤ | ᠪᠦᠯᠬᠦᠮᠳᠠᠯ ᠨᠢᠭᠳᠠᠷᠠᠯ᠂ ᠰᠢᠷᠭᠠᠭᠤ ᠳᠡᠮᠡᠴᠡᠯ ᠤᠨ ᠦᠷ᠎ᠡ ᠪᠦᠳᠦᠮᠵᠢ ᠪᠤᠯᠬᠤ ᠶᠤᠮ᠃ ᠠᠳᠠ ᠪᠢ ᠬᠤᠰᠢᠭᠤ ᠠᠷᠠᠳ | ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠠᠷᠠᠳ ᠲᠦᠮᠡᠨ᠂ ᠠᠷᠠᠳ ᠤᠨ | ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠭᠦᠳ᠂ ᠠᠷᠠᠳᠴᠢᠯᠠᠭᠰᠠᠨ ᠨᠠᠮ ᠪᠦᠯᠦᠭ᠂ | ᠣᠶᠢᠯᠠᠳᠪᠦᠷᠢ ᠬᠤᠳᠠᠯᠳᠣᠭᠠᠨ ᠤ ᠬᠢᠨ ᠪᠣᠯᠣᠨ ᠨᠠᠮ ᠤᠨ ᠪᠣᠰᠦ ᠬᠦᠮᠦᠰ᠂ ᠠᠵᠢᠯ ᠠᠴᠠ ᠪᠠᠨ ᠠᠮᠠᠷᠠᠭᠰᠠᠨ ᠠᠬᠠᠮᠠᠳ | ᠺᠠᠳ᠋ᠷᠴᠣᠳ᠂ ᠠᠷᠠᠳ ᠤᠨ ᠴᠠᠭᠳᠠᠭ᠎ᠠ᠂ ᠬᠤᠰᠢᠭᠤᠨ ᠳᠤ ᠰᠠᠭᠤᠭ᠎ᠠ ᠳᠠᠷᠤᠭ᠎ᠠ ᠪᠠᠶᠢᠯᠳᠤᠭᠴᠢᠤᠨ᠂ ᠬᠢᠵᠢᠭ ᠲᠠᠢ | ᠳᠡᠮᠡᠴᠡᠵᠤ ᠪᠠᠶᠢᠭ᠎ᠠ ᠳᠠᠶᠢᠴᠢᠤᠨ᠂ ᠣᠳᠤᠭ ᠤᠨ ᠡᠮᠦᠨᠡᠳᠦ ᠬᠤᠰᠢᠭᠤᠨ ᠤ ᠦᠭᠡᠷᠡᠴᠢᠯᠡᠯᠳᠡ ᠬᠦᠭᠵᠢᠯᠳᠠ ᠶᠢ | ᠬᠠᠯᠠᠮᠵᠢᠯᠡᠨ ᠳᠡᠮᠵᠢᠭᠰᠡᠬᠡᠷ ᠢᠷᠡᠭᠰᠡᠨ ᠡᠯ᠎ᠡ ᠡᠳᠡᠭᠡᠳ ᠤᠨ ᠨᠦᠬᠦᠤᠨ ᠲᠤ ᠴᠢᠩ ᠰᠡᠤᠨᠬᠢᠯ ᠤᠨ ᠲᠠᠯᠠᠷᠬᠠᠯ ᠪᠤᠯᠤᠨ | ᠡᠷᠬᠢᠮ ᠳᠡᠬᠡᠳᠤ ᠮᠡᠨᠳᠤᠴᠢᠯᠡᠯ ᠢᠶᠠᠨ ᠳᠡᠪᠰᠢᠬᠦᠯᠵᠤ ᠪᠠᠶᠢᠨ᠎ᠠ︕ | ᠲᠦᠯᠦᠭᠡᠯᠡᠭᠴᠢᠳ ᠡ᠂ ᠪᠢᠳᠠ ᠠᠮᠵᠢᠯᠲᠠ ᠪᠠᠨ ᠨᠣᠲᠠᠯᠠᠬᠤ ᠶᠢᠨ ᠬᠠᠮᠲᠣ ᠠᠵᠣ ᠠᠬᠤᠢ ᠨᠡᠶᠢᠬᠡᠮ ᠤᠨ | ᠬᠦᠭᠵᠢᠯᠲᠡ ᠳᠣᠮᠳᠠ ᠪᠠᠰᠠ ᠨᠢᠭᠡ ᠪᠦᠯᠦᠭ ᠣᠮᠳᠣᠭᠠᠶᠢᠯᠠᠵᠣ ᠪᠣᠯᠣᠰᠢ ᠦᠭᠡᠢ ᠠᠰᠠᠭᠤᠳᠠᠯ ᠣᠷᠣᠰᠢᠵᠣ ᠪᠠᠶᠢᠬᠤ ᠶᠢ | ᠨᠡᠩ ᠰᠡᠷᠭᠡᠭ ᠢᠶᠠᠷ ᠲᠠᠨᠢᠬᠤ ᠬᠡᠷᠡᠭᠲᠡᠢ᠄ ᠨᠢᠭᠡ ᠳᠤ ᠠᠵᠣ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠢᠵᠠᠭᠠᠷ ᠣᠷᠣᠨ | ᠤ ᠬᠦᠭᠵᠢᠯᠲᠡ ᠬᠤᠴᠤᠷᠤᠩᠭᠤᠢ ᠪᠠᠶᠢᠳᠠᠯ ᠮᠦᠨ ᠯᠠ ᠬᠤᠰᠢᠭᠤᠨ ᠤ ᠪᠣᠳᠠᠳᠣ ᠠᠬᠤᠢ᠂ ᠠᠵᠣ ᠦᠢᠯᠡᠳᠪᠦᠷᠢ ᠶᠢᠨ | ᠲᠦᠷᠤᠯ ᠵᠦᠢᠯ ᠶᠠᠭ ᠲᠦᠪᠯᠡᠷᠡᠩᠬᠦᠢ ᠪᠠᠶᠢᠭᠤᠯᠤᠯᠳᠠ ᠶᠢᠨ ᠱᠠᠲᠣᠨ ᠳᠤ ᠤᠷᠤᠰᠢᠵᠤ᠂ ᠳᠠᠶᠢᠴᠢᠯᠠᠬᠤ ᠦᠢᠯᠡᠳᠦᠯ | ᠬᠠᠷᠠᠬᠠᠨ ᠢᠯᠡᠷᠡᠭᠡᠳᠦᠢ︔ ᠮᠠᠯ ᠲᠠᠷᠢᠶᠠᠯᠠᠩ ᠤᠨ ᠠᠩᠬᠠᠨ ᠤ ᠪᠣᠯᠪᠠᠰᠣᠷᠠᠭᠤᠯᠣᠯᠲᠠ᠂ ᠭᠦᠨᠵᠡᠭᠡᠢ | ᠪᠣᠯᠪᠠᠰᠣᠷᠠᠭᠤᠯᠣᠯᠲᠠ ᠶᠢᠨ ᠴᠢᠳᠠᠪᠣᠷᠢ ᠬᠦᠷᠦᠯᠴᠡᠬᠦ ᠦᠭᠡᠢ᠂ ᠦᠢᠯᠡᠳᠭᠦᠨ ᠤ ᠠᠩᠬ᠎ᠠ ᠲᠡᠰᠴᠢᠯᠡᠭᠰᠡᠨ ᠣᠨᠴᠠᠯᠢᠭ | ᠢᠯᠡᠷᠬᠡᠢ᠂ ᠨᠡᠮᠡᠯᠲᠡ ᠦᠷᠲᠡᠭ ᠳᠣᠣᠷ᠎ᠠ᠂ ᠮᠠᠯᠴᠢᠨ ᠲᠠᠷᠢᠶᠠᠴᠢᠨ ᠠᠵᠣ ᠦᠢᠯᠡᠰ ᠤᠨ ᠬᠡᠯᠬᠢᠶᠡᠨ ᠳᠡᠭᠡᠷ᠎ᠡ ᠬᠠᠮᠤᠭ | ᠶᠡᠭᠡ ᠬᠦᠴᠤ ᠬᠦᠳᠡᠯᠮᠤᠷᠢ ᠵᠠᠷᠤᠴᠠᠭᠤᠯᠤᠭᠰᠡᠨ ᠪᠣᠯᠪᠠᠴᠣ ᠠᠰᠢᠭ ᠣᠷᠣᠯᠭ᠎ᠠ ᠶᠢᠨ ᠣᠷᠣᠨ ᠵᠠᠢ ᠬᠠᠮᠤᠭ ᠪᠠᠭ᠎ᠠ | ᠪᠠᠶᠢᠭᠰᠠᠭᠠᠷ︔ ᠰᠣᠶᠣᠯ ᠵᠢᠭᠤᠯᠴᠢᠯᠠᠯ ᠤᠨ ᠠᠭᠤᠰᠣᠯᠴᠠᠯ ᠤᠨ ᠬᠡᠮᠵᠢᠶ᠎ᠡ ᠬᠦᠨᠵᠡᠬᠡᠢ ᠪᠣᠰᠣ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠣᠷᠣᠯᠴᠠᠬᠤ ᠵᠠᠪᠰᠢᠶᠡᠨ ᠴᠦᠬᠡᠨ᠂ ᠢᠳᠡᠪᠬᠢᠵᠢᠯ ᠦᠨᠳᠦᠷ ᠪᠣᠰᠣ᠂ ᠠᠵᠣ ᠠᠬᠤᠢ ᠶᠢᠨ | ᠨᠡᠮᠡᠷᠢ ᠬᠦᠷᠦᠯᠴᠡᠬᠦ ᠦᠭᠡᠢ ᠪᠤᠢ᠃ ᠬᠤᠶᠠᠷ ᠲᠤ ᠠᠷᠠᠳ ᠤᠨ ᠠᠮᠢᠳᠣᠷᠠᠯ ᠤᠨ ᠬᠦᠷᠢᠶ᠎ᠡ ᠴᠠᠷᠠᠭᠠᠨ ᠳᠤ ᠮᠦᠨ ᠯᠠ | ᠮᠠᠰᠢ ᠠᠷᠪᠢᠨ ᠲᠣᠲᠠᠭᠤᠳᠠᠯ ᠪᠠ ᠪᠠᠭᠤᠷᠠᠢ ᠲᠠᠯ᠎ᠠ ᠲᠠᠢ᠂ ᠬᠤᠲᠠ ᠬᠦᠳᠡᠭᠡ ᠶᠢᠨ ᠨᠡᠶᠢᠲᠠ ᠶᠢᠨ ᠡᠬᠢ | ᠰᠣᠷᠪᠣᠯᠵᠢ ᠶᠢᠨ ᠡᠵᠡᠯᠡᠯᠲᠡ ᠳᠡᠩᠴᠡᠬᠦᠷᠢ ᠦᠬᠡᠢ᠂ ᠨᠡᠶᠢᠲᠡ ᠶᠢᠨ ᠦᠢᠯᠡᠴᠢᠯᠡᠭᠡᠨ ᠤ ᠨᠠᠷᠢᠯᠢᠭᠵᠢᠭᠤᠯᠣᠭᠰᠠᠨ | ᠳᠦᠪᠰᠢᠨ ᠪᠠ ᠠᠷᠠᠳ ᠤᠨ ᠠᠮᠢᠳᠣᠷᠠᠯ ᠤᠨ ᠣᠯᠠᠨ ᠶᠠᠩᠵᠣᠲᠣ ᠬᠡᠷᠡᠭᠴᠡᠭᠡ ᠪᠠᠰᠠ ᠵᠦᠷᠢᠶᠡᠨ ᠲᠠᠢ ᠪᠠᠶᠢᠭᠰᠠᠭᠠᠷ︔ | ᠠᠮᠢ ᠠᠬᠤᠢ ᠶᠢᠨ ᠪᠠᠶᠢᠭᠤᠯᠣᠯᠲᠠ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ ᠬᠦᠨᠳᠦ ᠠᠶᠠᠨ ᠬᠤᠯᠠ᠂ | ᠠᠮᠢ ᠠᠬᠤᠢ ᠶᠢᠨ ᠪᠣᠯᠪᠠᠰᠣᠨ ᠤ ᠦᠷ᠎ᠡ ᠪᠦᠲᠦᠭᠡᠯ ᠬᠠᠷᠠᠬᠠᠨ ᠬᠦᠭᠵᠢᠯᠲᠡ ᠶᠢᠨ ᠦᠷ᠎ᠡ ᠠᠰᠢᠭ ᠪᠣᠯᠵᠣ ᠬᠤᠪᠢᠷᠠᠭ᠎ᠠ | ᠦᠭᠡᠢ᠂ ᠠᠮᠢ ᠠᠬᠤᠢ ᠶᠢᠨ ᠠᠵᠣ ᠦᠢᠯᠡᠰᠴᠢᠯᠡᠭᠰᠡᠨ ᠬᠡᠮᠵᠢᠶ᠎ᠡ ᠦᠨᠳᠦᠷ ᠪᠣᠰᠣ ᠪᠤᠢ᠃ ᠭᠤᠷᠪᠠ ᠳᠤ ᠦᠵᠡᠯ | ᠰᠠᠨᠠᠭᠠᠨ ᠤ ᠴᠢᠯᠦᠭᠡᠯᠡᠯᠲᠡ ᠭᠦᠢᠴᠠᠳ ᠪᠣᠰᠣ᠂ ᠨᠢᠭᠡ ᠪᠦᠯᠦᠭ ᠠᠯᠪᠠᠲᠠᠨ ᠤ ᠰᠡᠳᠬᠢᠬᠦᠢ ᠶᠢᠨ ᠠᠷᠭ᠎ᠠ ᠮᠠᠶ᠋ᠢᠭ᠂ | ᠣᠶᠣᠨ ᠰᠠᠨᠠᠭᠠᠨ ᠤ ᠪᠠᠶᠢᠳᠠᠯ᠂ ᠠᠵᠢᠯ ᠤᠨ ᠰᠣᠷᠲᠠᠯ ᠬᠦᠭᠵᠢᠯᠲᠡ ᠶᠢᠨ ᠠᠶᠢᠵᠠᠮ ᠢ ᠳᠠᠭᠠᠵᠤ ᠳᠡᠶᠢᠯᠦᠭᠡ ᠦᠭᠡᠢ᠂ | ᠣᠨᠴᠠᠭᠠᠶᠢᠯᠠᠨ ᠬᠤᠳᠠᠯᠳᠤᠭ᠎ᠠ ᠡᠵᠡᠩᠨᠡᠯᠲᠡ ᠶᠢᠨ ᠣᠷᠴᠢᠨ ᠤ ᠲᠡᠯ᠎ᠡ ᠪᠠᠷ᠂ ᠪᠦᠬᠦᠶᠢᠯᠡ ᠲᠠᠯ᠎ᠠ ᠶᠢᠨ ᠪᠣᠳᠣᠯᠬᠢᠯᠡᠯᠲᠡ | ᠪᠠ ᠪᠠᠶᠢᠯᠳᠣᠬᠤ ᠪᠣᠳᠣᠯᠭ᠎ᠠ ᠶᠢᠨ ᠴᠢᠨᠠᠷᠲᠠᠢ ᠬᠠᠷᠠᠭᠠᠰᠣ ᠪᠠᠷ ᠲᠣᠲᠠᠮᠠᠭ᠂ ᠠᠵᠣ ᠠᠬᠤᠶᠢᠯᠠᠯ ᠪᠠ ᠣᠯᠠᠨ ᠲᠦᠮᠡᠨ ᠤ | ᠱᠠᠭᠠᠷᠳᠠᠯᠭ᠎ᠠ᠂ ᠭᠦᠭᠵᠢᠯᠲᠡ ᠶᠢᠨ ᠬᠡᠷᠡᠭᠴᠡᠭᠡᠨ ᠤ ᠬᠤᠭᠤᠷᠣᠨᠳᠣᠬᠢ ᠵᠦᠷᠢᠶ᠎ᠡ ᠨᠡᠯᠢᠶᠡᠳ ᠶᠡᠭᠡ ᠪᠤᠢ᠃ ᠡᠳᠡᠬᠡᠷ | ᠠᠰᠠᠭᠤᠳᠠᠯ ᠢ ᠪᠢᠳᠠ ᠬᠤᠶᠢᠷᠭᠤᠰᠢᠯ ᠦᠭᠡᠢ᠂ ᠰᠦᠷᠳᠠᠯ ᠦᠭᠡᠢ᠂ ᠠᠯᠵᠠᠭᠤᠷᠠᠯ ᠦᠭᠡᠢ ᠪᠠᠷ ᠦᠨᠡᠨᠬᠦ | ᠰᠢᠢᠳᠪᠦᠷᠢᠯᠡᠨ᠎ᠠ᠃ | ᠬᠤᠶᠠᠷ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠠᠬᠢ ᠠᠵᠣ ᠠᠬᠤᠢ ᠨᠡᠶᠢᠬᠡᠮ ᠤᠨ | ᠬᠦᠭᠵᠢᠯᠲᠡ ᠶᠢᠨ ᠭᠤᠣᠯ ᠬᠠᠷᠠᠯᠲᠠ ᠡᠭᠦᠷᠭᠡ | ᠬᠤᠰᠢᠭᠤ ᠨᠠᠮ ᠤᠨ ᠬᠤᠷᠢᠶ᠎ᠠ ᠶᠢᠨ ︽ᠣᠯᠣᠰ ᠠᠷᠠᠳ ᠤᠨ ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ | ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ ᠶᠢ ᠲᠣᠭᠲᠠᠭᠠᠬᠤ ᠪᠠ 2035 ᠣᠨ ᠤ ᠠᠯᠣᠰ ᠤᠨ | ᠬᠠᠷᠠᠯᠲᠠ ᠶᠢᠨ ᠰᠠᠨᠠᠭᠤᠯᠭ᠎ᠠ︾ ᠶᠤᠰᠤᠭᠠᠷ᠂ ᠪᠢᠳᠠ ︽ᠣᠲᠤᠭ ᠤᠨ ᠡᠮᠦᠨᠡᠲᠦ ᠬᠤᠰᠢᠭᠤᠨ ᠤ ᠣᠯᠣᠰ ᠠᠷᠠᠳ ᠤᠨ | ᠠᠵᠣ ᠠᠬᠤᠢ ᠪᠠ ᠨᠡᠶᠢᠬᠡᠮ ᠤᠨ ᠬᠦᠭᠵᠢᠯᠲᠡ ᠶᠢᠨ ᠠᠷᠪᠠᠨ ᠳᠦᠷᠪᠡᠳᠦᠭᠡᠷ ᠲᠠᠪᠣᠨ ᠵᠢᠯ ᠤᠨ ᠲᠦᠯᠦᠪᠵᠢᠭᠦᠯᠭᠡ | ᠪᠤᠯᠤᠨ 2035 ᠤᠨ ᠤ ᠠᠯᠤᠰ ᠤᠨ ᠬᠠᠷᠠᠯᠳᠠ ᠶᠢᠨ ᠬᠦᠲᠦᠯᠪᠦᠷᠢ ᠶᠢᠨ ᠲᠣᠪᠴᠢ ︵ᠲᠦᠰᠦᠯ︶︾ ᠢ | ᠲᠣᠭᠤᠷᠪᠢᠵᠣ᠂ ᠶᠡᠭᠡ ᠬᠤᠷᠠᠯ ᠳᠤ ᠳᠡᠪᠰᠢᠬᠦᠯᠦᠨ ᠵᠦᠪᠯᠡᠬᠦᠯᠵᠤ ᠪᠠᠶᠢᠨ᠎ᠠ᠃ | ᠲᠦᠯᠦᠭᠡᠯᠡᠭᠴᠢᠳ ᠡ᠂ ︽ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭ᠎ᠠ ᠪᠣᠯ ᠪᠦᠬᠦ ᠲᠠᠯ᠎ᠠ ᠪᠠᠷ | ᠨᠡᠶᠢᠬᠡᠮ ᠵᠢᠷᠤᠮᠳᠤ ᠣᠳᠣᠬᠢᠴᠢᠯᠠᠭᠰᠠᠨ ᠣᠯᠣᠰ ᠢ ᠪᠠᠶᠢᠭᠤᠯᠬᠤ ᠰᠢᠨ᠎ᠡ ᠠᠶᠠᠨ ᠤ ᠡᠬᠢᠯᠡᠯᠲᠡ᠂ ᠬᠤᠶᠠᠳᠣᠭᠠᠷ ᠵᠠᠭᠤᠨ | ᠵᠢᠯ ᠤᠨ ᠲᠡᠮᠡᠴᠡᠬᠦ ᠬᠠᠷᠠᠯᠲᠠ ᠵᠦᠭ ᠣᠷᠣᠭᠰᠢᠯᠠᠬᠤ ᠨᠢᠭᠡᠳᠦᠭᠡᠷ ᠲᠠᠪᠣᠨ ᠵᠢᠯ ᠪᠦᠭᠡᠳ ᠮᠠᠨ ᠤ ᠬᠤᠰᠢᠭᠤ | ᠬᠦᠴᠦᠨ ᠢᠶᠠᠨ ᠰᠢᠪᠬᠠᠵᠣ ᠣᠷᠣᠭᠰᠢᠯᠠᠨ ᠬᠦᠢᠴᠡᠬᠦ ᠶᠢᠨ ᠵᠠᠩᠬᠢᠯᠠᠭ᠎ᠠ ᠶᠢᠨ ᠴᠠᠭ ᠦᠶ᠎ᠡ ᠪᠣᠯᠣᠨ᠎ᠠ᠃ ᠰᠢᠨ᠎ᠡ | ᠡᠬᠢᠯᠡᠯᠲᠡ ᠳᠡᠭᠡᠷ᠎ᠡ ᠵᠣᠭᠰᠣᠵᠣ᠂ ᠰᠢᠨ᠎ᠡ ᠪᠠᠶᠢᠳᠠᠯ ᠳᠤ ᠵᠤᠬᠢᠴᠠᠨ᠂ ᠰᠢᠨ᠎ᠡ ᠬᠦᠭᠵᠢᠯᠲᠡ ᠶᠢ ᠪᠡᠶᠡᠯᠡᠬᠦᠯᠬᠦ ᠳᠤ ᠪᠢᠳᠠ | ᠢᠲᠡᠭᠡᠯ ᠪᠠᠲᠣ ᠬᠦᠴᠦᠨ ᠳᠡᠬᠦᠯᠳᠡᠷ ᠪᠤᠢ᠂ ᠡᠨᠡ ᠪᠤᠯ ᠣᠯᠠᠨ ᠵᠢᠯ ᠤᠨ ᠲᠣᠷᠰᠢᠬᠢ ᠦᠷᠭᠦᠯᠵᠢᠬᠦᠶᠢᠴᠡ ᠳᠡᠮᠡᠴᠡᠯ | ᠢᠶᠠᠷ ᠬᠤᠷᠠᠮᠳᠣᠭᠤᠯᠣᠭᠰᠠᠨ ᠪᠠᠳᠤ ᠢᠳᠡᠬᠡᠯ ᠶᠤᠮ᠂ ᠣᠷᠲᠣ ᠬᠤᠭᠤᠴᠠᠭᠠᠨ ᠤ ᠰᠢᠨᠲᠠᠷᠠᠰᠢ ᠦᠭᠡᠢ ᠴᠢᠷᠮᠠᠶᠢᠯᠭ᠎ᠠ ᠠᠴᠠ | ᠬᠤᠷᠠᠮᠳᠣᠭᠰᠠᠨ ᠳᠡᠬᠦᠯᠳᠡᠷ ᠬᠦᠴᠤᠨ ᠶᠤᠮ᠂ ᠨᠡᠩ ᠴᠤ ᠬᠤᠰᠢᠭᠤ ᠳᠠᠶᠠᠭᠠᠷ ᠰᠡᠤᠨᠬᠢᠯ ᠨᠢᠬᠡᠳᠠᠢ᠂ ᠡᠷᠴᠢ ᠵᠤᠷᠢᠭᠳᠠᠢ | ᠠᠵᠢᠯᠯᠠᠳᠠᠭ ᠣᠬᠢ ᠰᠠᠶᠢᠨ ᠣᠷᠴᠢᠨ ᠠᠬᠤᠢ ᠠᠴᠠ ᠢᠷᠡᠯᠲᠡ ᠲᠠᠢ ᠶᠤᠮ᠃ ᠪᠢᠳᠠ ᠶᠠᠭ ᠲᠦᠷᠭᠡᠨ ᠬᠦᠭᠵᠢᠯᠲᠡ ᠶᠢᠨ | ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ ᠬᠡᠷᠡᠭᠲᠡᠢ᠃ ᠡᠳᠡᠭᠡᠷ ᠵᠢᠯ ᠤᠳ ᠲᠤ᠂ | ᠪᠢᠳᠠ ᠨᠢᠭᠡ ᠪᠦᠯᠦᠭ ᠴᠢᠬᠤᠯᠠ ᠶᠡᠭᠡ ᠠᠵᠣ ᠦᠢᠯᠡᠰ ᠤᠨ ᠲᠦᠷᠦᠯ ᠵᠦᠢᠯ ᠢ ᠲᠠᠲᠠᠨ ᠠᠪᠴᠢᠷᠠᠵᠣ | ᠬᠡᠷᠡᠭᠵᠢᠬᠦᠯᠤᠬᠡᠤᠨ᠂ ᠨᠢᠭᠡ ᠪᠦᠯᠦᠭ ᠨᠢ ᠨᠢᠭᠡᠨᠲᠡ ᠪᠠᠶᠢᠭᠤᠯᠤᠭᠳᠠᠨ ᠠᠰᠢᠭᠯᠠᠯᠲᠠ ᠳᠤ ᠣᠷᠣᠵᠣ᠂ ᠣᠯᠠᠩᠬᠢ ᠨᠢ ︽ | ᠠᠷᠪᠠᠨ ᠳᠦᠷᠪᠡᠳᠦᠭᠡᠷ ᠲᠠᠪᠣᠨ ᠵᠢᠯ︾ ᠤᠨ ᠬᠤᠭᠤᠴᠠᠭᠠᠨ ᠳᠤ ᠠᠰᠢᠭᠯᠠᠯᠲᠠ ᠳᠤ ᠣᠷᠣᠵᠣ ᠠᠰᠢᠭ ᠡᠬᠦᠤᠨᠬᠦ | ᠪᠣᠯᠣᠨ᠎ᠠ᠃ ᠣᠨᠴᠠᠭᠠᠶᠢᠯᠠᠨ ᠣᠯᠣᠰ ᠤᠨ ᠨᠡᠭᠦᠷᠡᠰᠦᠳᠦ᠋ᠷᠦᠭᠴᠢ ᠶᠢᠨ ᠣᠷᠭᠢᠯᠰᠢᠯ᠂ ᠨᠡᠭᠦᠷᠡᠰᠦᠳᠦ᠋ᠷᠦᠭᠴᠢ | ᠰᠠᠭᠠᠷᠮᠠᠭᠵᠢᠭᠤᠯᠤᠯ ᠤᠨ ᠰᠢᠢᠳᠪᠦᠷᠢ ᠪᠠ ᠦᠪᠡᠷᠲᠡᠭᠡᠨ ᠵᠠᠰᠠᠬᠤ ᠣᠷᠣᠨ ᠤ ᠡᠨᠧᠷᠬᠢ ᠶᠢᠨ ᠬᠤᠷᠣᠭᠳᠠᠯ ᠤᠨ ᠬᠤᠣᠰ | ᠡᠵᠡᠮᠳᠠᠯ ᠤᠨ ᠱᠠᠭᠠᠷᠳᠠᠯᠭ᠎ᠠ ᠶᠢᠨ ᠠᠬᠤᠢ ᠪᠠᠶᠢᠳᠠᠯ ᠳᠣᠣᠷ᠎ᠠ᠂ ᠪᠢᠳᠠᠨ ᠤ ᠪᠠᠶᠢᠭᠤᠯᠵᠣ ᠪᠠᠶᠢᠭ᠎ᠠ ᠨᠡᠭᠦᠷᠡᠰᠦᠨ | ᠠᠭᠤᠷᠬᠠᠢ ᠴᠦᠮ ᠪᠣᠬᠢᠷᠳᠣᠯ ᠦᠬᠡᠢ ᠠᠭᠤᠷᠬᠠᠢ ᠶᠢᠨ ᠤᠷᠤᠨ ᠤ ᠪᠠᠷᠢᠮᠵᠢᠶ᠎ᠠ ᠳᠤ ᠨᠡᠶᠢᠴᠡᠵᠦ᠂ ᠭᠠᠯ ᠴᠠᠬᠢᠯᠭᠠᠨ ᠤ | ᠲᠦᠷᠦᠯ ᠵᠦᠢᠯ ᠤᠨ ᠪᠣᠬᠢᠷᠳᠣᠯ ᠤᠨ ᠭᠠᠳᠠᠭᠰᠢᠯᠠᠭᠤᠯᠣᠯᠲᠠ ᠶᠢᠨ ᠬᠡᠮᠵᠢᠶ᠎ᠡ ᠣᠯᠣᠰ ᠤᠨ ᠪᠠᠷᠢᠮᠵᠢᠶᠠᠨ ᠤ ᠬᠠᠭᠠᠰ ᠠᠴᠠ | ᠳᠣᠣᠷ᠎ᠠ ᠪᠠᠶᠢᠵᠣ᠂ ᠳᠠᠷᠢᠶᠠᠨ ᠭᠠᠵᠠᠷ᠂ ᠨᠤᠳᠤᠭ ᠪᠡᠯᠴᠢᠬᠡᠷ ᠤᠨ ᠨᠡᠭᠡᠭᠡᠯᠲᠡ ᠠᠰᠢᠭᠯᠠᠯᠲᠠ ᠶᠢᠨ ᠬᠦᠴᠦᠯᠡᠴᠡ | ᠳᠣᠣᠷ᠎ᠠ᠂ ᠬᠦᠷᠦᠰᠦ᠂ ᠠᠭᠠᠷ ᠪᠠ ᠣᠰᠣᠨ ᠤ ᠴᠡᠪᠡᠷᠴᠡ ᠦᠨᠳᠦᠷ᠂ ᠳᠣᠣᠷ᠎ᠠ ᠨᠡᠭᠦᠷᠡᠰᠦᠳᠦ᠋ᠷᠦᠭᠴᠢᠲᠦ | ᠬᠦᠭᠵᠢᠯᠲᠡ ᠶᠢᠨ ᠣᠷᠣᠨ ᠵᠠᠢ ᠨᠡᠯᠢᠶᠡᠳ ᠶᠡᠭᠡ᠂ ᠲᠦᠷᠭᠡᠨ ᠭᠦᠭᠵᠢᠯᠲᠡ ᠶᠢᠨ ᠨᠦᠬᠦᠴᠡᠯ ᠪᠣᠯᠪᠠᠰᠣᠷᠠᠩᠭᠤᠢ ᠪᠤᠢ᠃ | ᠪᠢᠳᠠ ᠶᠠᠭ ᠨᠡᠬᠡᠬᠡᠯᠳᠤ ᠬᠦᠭᠵᠢᠯᠲᠡ ᠶᠢᠨ ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ | ᠬᠡᠷᠡᠭᠲᠡᠢ᠃ ᠪᠢᠳᠠᠨ ᠳᠤ ᠪᠣᠰᠣᠳ ᠭᠠᠵᠠᠷ ᠣᠷᠣᠨ ᠯᠤᠭ᠎ᠠ ᠦᠯᠢᠳᠭᠡᠰᠢ ᠦᠭᠡᠢ ᠣᠷᠣᠨ ᠪᠠᠶᠢᠷᠢ ᠶᠢᠨ ᠳᠠᠪᠠᠭᠤᠯᠢᠭ | ᠲᠠᠢ᠂ ᠡᠨᠡᠬᠦ ᠳᠠᠪᠠᠭᠤᠯᠢᠭ ᠢᠶᠠᠨ ᠬᠦᠭᠵᠢᠯᠲᠡ ᠶᠢᠨ ᠳᠠᠪᠠᠭᠤᠯᠢᠭ ᠪᠤᠯᠭᠠᠵᠤ ᠬᠤᠪᠢᠷᠠᠭᠤᠯᠬᠤ ᠳᠤ᠂ ᠣᠷᠣᠨ | ᠪᠦᠰᠡ ᠶᠢᠨ ᠬᠠᠮᠲᠣᠷᠠᠯᠴᠠᠭᠠᠨ ᠳᠡᠭᠡᠷ᠎ᠡ ︽ᠦᠭᠡ ᠬᠡᠯᠡᠬᠦ ᠡᠷᠬᠡ︾ ᠲᠠᠢ ᠪᠠᠶᠢᠬᠤ ᠬᠡᠷᠡᠭᠲᠡᠢ᠃ ᠡᠳᠡᠭᠡᠷ ᠵᠢᠯ ᠤᠳ ᠲᠤ | ᠪᠢᠳᠠ ᠭᠤᠣᠯᠳᠠᠯᠭ᠎ᠠ ᠪᠠᠨ ᠳᠣᠪᠣᠶᠢᠯᠭᠠᠵᠣ ᠪᠡᠷᠬᠡ ᠶᠢ ᠰᠢᠪᠲᠤᠯᠤᠨ᠂ ᠬᠤᠪᠢᠰᠬᠠᠯᠲᠣ ᠬᠦᠮᠤᠵᠢᠯ ᠤᠨ ᠵᠢᠭᠤᠯᠴᠢᠯᠠᠯ᠂ | ᠣᠳᠣ ᠦᠶ᠎ᠡ ᠶᠢᠨ ᠮᠠᠯ ᠲᠠᠷᠢᠶᠠᠯᠠᠩ᠂ ᠨᠡᠭᠦᠷᠡᠰᠦ ᠪᠠᠷ ᠰᠠᠭᠤᠷᠢ ᠪᠣᠯᠭᠠᠭᠰᠠᠨ ᠠᠵᠣ ᠦᠢᠯᠡᠰ ᠲᠦᠷᠬᠡᠨ ᠬᠦᠭᠵᠢᠵᠦ᠂ | ᠭᠠᠵᠠᠷ ᠣᠷᠣᠨ ᠤ ᠨᠦᠯᠦᠭᠡᠯᠡᠯ ᠤᠨ ᠬᠦᠴᠦᠨ ᠲᠠᠰᠣᠷᠠᠯᠲᠠ ᠦᠭᠡᠢ ᠳᠡᠭᠡᠭᠰᠢᠯᠡᠨ᠂ ᠨᠡᠬᠡᠯᠳᠡᠳᠤ ᠬᠠᠮᠵᠢᠯᠴᠠᠭᠠᠨ ᠤ | ᠴᠢᠳᠠᠪᠣᠷᠢ ᠲᠠᠢ ᠪᠤᠯᠵᠤ᠂ ᠨᠡᠬᠡᠯᠳᠡᠳᠤ ᠬᠠᠮᠵᠢᠯᠴᠠᠭ᠎ᠠ ᠪᠠᠷ ᠳᠠᠮᠵᠢᠭᠤᠯᠣᠨ ᠬᠦᠭᠵᠢᠯᠲᠡ ᠶᠢᠨ ᠦᠵᠡᠯ ᠰᠠᠨᠠᠭ᠎ᠠ ᠪᠠ | ᠠᠷᠭ᠎ᠠ ᠵᠠᠮ ᠢᠶᠠᠨ ᠰᠢᠨᠡᠴᠢᠯᠡᠬᠦ ᠴᠢᠬᠤᠯᠠᠲᠠᠢ ᠮᠦᠷᠳᠡᠬᠡᠨ ᠦᠬᠡᠷ᠎ᠡ ᠬᠠᠷᠠᠭᠠᠰᠤᠨ ᠠᠴᠠ ᠣᠲᠤᠭ ᠤᠨ ᠡᠮᠦᠨᠡᠲᠦ | ᠬᠤᠰᠢᠭᠤᠨ ᠤ ᠠᠵᠣ ᠠᠬᠤᠢ ᠶᠢᠨ ᠬᠦᠭᠵᠢᠯᠲᠡ ᠶᠢ ᠰᠦᠪᠡᠭᠴᠢᠯᠡᠨ ᠠᠬᠢᠭᠤᠯᠬᠤ ᠴᠢᠬᠤᠯᠠᠳᠠᠢ ᠪᠤᠢ᠃ ᠪᠢᠳᠠ ᠶᠠᠭ | ᠰᠢᠨᠡᠴᠢᠯᠡᠯ ᠲᠠᠢ ᠬᠦᠭᠵᠢᠯᠲᠡ ᠶᠢᠨ ᠰᠢᠨ᠎ᠡ ᠲᠣᠬᠢᠶᠠᠯ ᠤᠨ ᠬᠤᠭᠤᠴᠠᠭᠠᠨ ᠳᠤ ᠪᠠᠶᠢᠭ᠎ᠠ ᠪᠠᠨ ᠦᠵᠡᠵᠦ ᠭᠠᠷᠬᠤ | ᠬᠡᠷᠡᠭᠲᠡᠢ᠃ ᠳᠤᠮᠤ ᠠᠵᠣ ᠠᠬᠤᠶᠢᠯᠠᠯ᠂ ᠶᠡᠭᠡ ᠲᠦᠷᠦᠯ ᠵᠦᠢᠯ ᠢ ᠲᠠᠲᠠᠨ ᠠᠪᠴᠢᠷᠠᠵᠣ ᠣᠷᠣᠨᠵᠢᠭᠤᠯᠬᠤ ᠶᠢ | ᠳᠠᠭᠠᠯᠳᠣᠨ᠂ ᠠᠵᠣ ᠠᠬᠤᠶᠢᠯᠠᠯ ᠤᠨ ᠰᠣᠳᠣᠯᠣᠨ ᠨᠡᠭᠡᠭᠡᠯᠲᠡ ᠰᠢᠨ᠎ᠡ ᠶᠢ ᠡᠭᠦᠳᠦᠯᠲᠡ᠂ ᠲᠦᠭᠦᠭᠡᠷᠦᠮᠵᠢ ᠶᠢᠨ | ᠰᠢᠨᠡᠴᠢᠯᠡᠯᠲᠡ ᠪᠠ ᠰᠢᠨ᠎ᠡ ᠮᠡᠷᠭᠡᠵᠢᠯ ᠤᠨ ᠬᠡᠷᠡᠭᠯᠡᠯᠲᠡ ᠵᠡᠷᠭᠡ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠪᠢᠳᠠᠨ ᠤ | ᠪᠦᠷᠢᠯᠳᠤᠬᠦᠯᠵᠤ ᠪᠦᠬᠦᠢ ᠰᠦᠷᠦᠭᠵᠢᠯ᠂ ᠳᠡᠭᠡᠲᠦ ᠳᠡᠰᠵᠢᠯ᠂ ᠨᠡᠷᠡᠳᠤ ᠳᠡᠮᠳᠡᠭᠴᠢᠯᠡᠯ᠂ ᠪᠤᠬᠢᠷᠳᠣᠯ ᠦᠬᠡᠶᠢᠵᠢᠯ ᠢᠶᠠᠷ | ᠣᠨᠴᠠᠯᠢᠭ ᠪᠣᠯᠭᠠᠭᠰᠠᠨ ᠠᠵᠣ ᠦᠢᠯᠡᠰ ᠤᠨ ᠪᠠᠶᠢᠳᠠᠯ ᠲᠠᠢ ᠶᠠᠭ ᠴᠠᠪ ᠨᠡᠶᠢᠴᠡᠵᠦ᠂ ᠦᠪᠡᠷᠲᠡᠭᠡᠨ ᠵᠠᠰᠠᠬᠤ ᠣᠷᠣᠨ ᠤ | ︽ᠰᠢᠨᠵᠢᠯᠡᠭᠡ ᠮᠡᠷᠭᠡᠵᠢᠯ ᠢᠶᠠᠷ ᠦᠪᠦᠷ ᠮᠣᠩᠭᠤᠯ ᠢᠶᠠᠨ ᠬᠦᠴᠤᠷᠬᠡᠭᠵᠢᠬᠦᠯᠬᠦ︾ ᠠᠵᠢᠯᠯᠠᠭ᠎ᠠ ᠶᠢᠨ ᠡᠷᠴᠢᠮ ᠲᠠᠢ | ᠬᠡᠷᠡᠭᠵᠢᠬᠦᠯᠤᠯᠳᠠ ᠨᠢ ᠪᠢᠳᠠᠨ ᠤ ᠦᠪᠡᠷ ᠤᠨ ᠠᠵᠣ ᠦᠢᠯᠡᠰ ᠤᠨ ᠬᠡᠯᠬᠢᠶᠡᠵᠢᠯ ᠤᠨ ᠬᠡᠷᠡᠭᠴᠡᠭᠡ ᠶᠢᠨ ᠢᠶᠠᠨ | ᠲᠣᠭᠤᠷᠢᠨ ᠳᠤ ᠬᠡᠯᠬᠢᠶᠡᠵᠢᠯ ᠤᠨ ᠰᠢᠨ᠎ᠡ ᠶᠢ ᠡᠭᠦᠳᠬᠦ᠂ ᠳᠠᠶᠠᠭᠠᠷ ᠣᠯᠠᠨ ᠢᠶᠠᠷ ᠢᠶᠠᠨ ᠦᠢᠯᠡᠰ ᠪᠣᠰᠬᠠᠬᠤ᠂ ᠲᠦᠮᠡᠨ | ᠣᠯᠠᠨ ᠢᠶᠠᠷ ᠢᠶᠠᠨ ᠰᠢᠨ᠎ᠡ ᠶᠢ ᠡᠬᠦᠳᠬᠦ ᠶᠢ ᠬᠦᠨᠵᠡᠭᠡᠶᠢᠷᠡᠭᠦᠯᠬᠦ᠂ ᠵᠣᠷᠢᠭᠲᠠᠢ ᠪᠠᠷ ᠦᠪᠡᠷ ᠤᠨ ᠢᠷᠡᠭᠡᠳᠦᠢ ᠶᠢᠨ | ᠭᠦᠭᠵᠢᠯᠲᠡ ᠶᠢᠨ ᠵᠠᠮ ᠢ ᠡᠷᠢᠯᠬᠢᠯᠡᠬᠦ ᠳᠤ ᠰᠢᠨ᠎ᠡ ᠬᠦᠳᠡᠯᠭᠡᠭᠴᠢ ᠬᠦᠴᠦᠨ ᠢ ᠬᠠᠩᠭᠠᠬᠤ ᠪᠤᠯᠤᠨ᠎ᠠ᠃ ᠡᠳᠡᠭᠡᠷ | ᠲᠣᠬᠢᠶᠠᠯ ᠢ ᠮᠠᠨ ᠤ ᠣᠲᠤᠭ ᠤᠨ ᠡᠮᠦᠨᠡᠲᠦ ᠬᠤᠰᠢᠭᠤ ᠦᠪᠡᠷᠲᠡᠭᠡᠨ ᠡᠭᠦᠳᠴᠦ᠂ ᠮᠦᠨ ᠴᠤ ᠶᠡᠭᠡ ᠣᠷᠴᠢᠨ | ᠳᠤᠭᠤᠷᠢᠨ ᠶᠡᠭᠡ ᠠᠬᠤᠢ ᠪᠠᠶᠢᠳᠠᠯ ᠠᠴᠠ ᠣᠯᠭᠤᠭᠰᠠᠨ ᠪᠤᠯᠬᠤᠷ ᠪᠢᠳᠠ ᠵᠠᠪᠠᠯ ᠪᠠᠲᠣ ᠡᠵᠡᠮᠳᠡᠵᠤ᠂ | ᠰᠠᠨᠠᠭᠠᠴᠢᠯᠠᠭ᠎ᠠ ᠠᠴᠠ ᠪᠠᠨ ᠪᠣᠳᠣᠯᠬᠢᠯᠠᠵᠣ᠂ ᠰᠠᠨᠠᠭᠠᠴᠢᠯᠠᠭ᠎ᠠ ᠲᠠᠢ ᠬᠦᠳᠡᠯᠤᠯᠴᠡᠵᠤ᠂ ᠪᠦᠬᠦ ᠲᠠᠯ᠎ᠠ ᠪᠠᠷ | ᠬᠦᠭᠵᠢᠯᠲᠡ ᠶᠢᠨ ᠳᠠᠪᠠᠭᠤᠯᠢᠭ ᠢ ᠪᠣᠵᠠᠭᠠᠶᠢᠷᠠᠭᠤᠯᠵᠣ᠂ ᠬᠦᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠨ᠂ | ᠨᠠᠩ ᠦᠨᠳᠤᠷ ᠲᠦᠪᠰᠢᠨ ᠪᠦᠬᠦᠢ ᠨᠠᠩ ᠬᠡᠪ ᠴᠢᠨᠰᠠᠭᠠᠳᠤ ᠬᠦᠭᠵᠢᠯᠳᠠ ᠶᠢ ᠴᠢᠷᠮᠠᠶᠢᠨ ᠪᠠᠶᠡᠯᠡᠬᠦᠯᠤᠨ᠎ᠠ᠃ | ᠢᠷᠡᠬᠡᠳᠤᠢ ᠶᠢᠨ ᠳᠠᠪᠤᠨ ᠵᠢᠯ ᠳᠤ ᠪᠢᠳᠠ᠂ ᠲᠠᠯ᠎ᠠ ᠨᠣᠲᠤᠭ ᠤᠨ ᠪᠣᠯᠪᠠᠰᠣᠨ ᠬᠤᠲᠠ ᠂ ᠬᠡᠪ ᠴᠢᠨᠰᠠᠭᠠᠳᠤ | ᠡᠮᠦᠨᠡᠲᠦ ᠣᠲᠤᠭ ᠤᠨ ᠪᠠᠶᠢᠭᠤᠯᠤᠯᠳᠠ ᠶᠢᠨ ᠳᠤᠭᠤᠷᠢᠨ ᠳᠤ ᠠᠵᠤ ᠠᠬᠤᠢ ᠨᠡᠶᠢᠭᠡᠮ ᠤᠨ ᠴᠢᠨᠠᠷᠯᠢᠭ ᠭᠥᠭᠵᠢᠯᠳᠡ | ᠶᠢᠨ ᠭᠤᠤᠯᠳᠠᠯᠭᠠᠳᠤ ᠡᠭᠦᠷᠭᠡ ᠶᠢ ᠪᠥᠭᠦ ᠭᠥᠴᠥᠨ ᠢᠶᠠᠷ ᠰᠠᠶᠢᠳᠤᠷ ᠠᠳᠬᠤᠨ᠎ᠠ᠄ ᠨᠢᠬᠡ ᠳᠤ ᠠᠵᠤ ᠤᠶᠢᠯᠡᠰ ᠤᠨ | ᠬᠦᠭᠵᠢᠯᠳᠠ ᠶᠢᠨ ᠬᠡᠪ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠪᠣᠬᠢᠷᠳᠣᠯ ᠦᠭᠡᠢ ᠳᠣᠣᠷ᠎ᠠ ᠨᠡᠭᠦᠷᠡᠰᠦᠳᠦ᠋ᠷᠦᠭᠴᠢᠲᠦ | ᠭᠦᠭᠵᠢᠯᠲᠡ ᠶᠢᠨ ᠳᠠᠭᠤᠷᠢᠶᠠᠯ ᠬᠤᠰᠢᠭᠤ᠂ ᠮᠠᠯ ᠲᠠᠷᠢᠶᠠᠯᠠᠩ ᠤᠨ ᠤᠳᠤᠬᠢᠴᠢᠯᠠᠯᠳᠠ ᠶᠢᠨ ᠳᠠᠭᠤᠷᠢᠶᠠᠯ ᠬᠤᠰᠢᠭᠤ᠂ | ᠬᠤᠪᠢᠰᠬᠠᠯᠲᠣ ᠬᠦᠮᠦᠵᠢᠯ ᠤᠨ ᠰᠤᠳᠤᠯᠭ᠎ᠠ ᠰᠣᠷᠣᠯᠴᠠᠯᠭ᠎ᠠ ᠵᠢᠭᠤᠯᠴᠢᠯᠠᠯ ᠤᠨ ᠠᠭᠤᠰᠣᠯᠴᠠᠯ ᠬᠦᠭᠵᠢᠯᠲᠡ ᠶᠢᠨ | ᠳᠠᠭᠤᠷᠢᠶᠠᠯ ᠬᠤᠰᠢᠭᠤ᠂ ᠤᠷᠤᠨ ᠪᠦᠰᠡ ᠶᠢᠨ ᠬᠠᠮᠳᠤᠷᠠᠯᠴᠠᠭ᠎ᠠ ᠬᠦᠭᠵᠢᠯᠳᠠ ᠶᠢᠨ ᠳᠠᠭᠤᠷᠢᠶᠠᠯ ᠬᠤᠰᠢᠭᠤ ᠶᠢᠨ | ᠪᠠᠶᠢᠭᠤᠯᠤᠯᠳᠠ ᠳᠤ ᠠᠩᠬᠠᠷᠤᠯ ᠢᠶᠠᠨ ᠲᠥᠪᠯᠡᠷᠡᠭᠦᠯᠥᠨ᠂ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ | ᠬᠦᠴᠤᠯᠡᠨ ᠬᠦᠭᠵᠢᠬᠦᠯᠵᠤ᠂ ᠬᠦᠳᠡᠭᠡ ᠤᠷᠤᠨ ᠢ ᠬᠦᠴᠤᠷᠬᠡᠭᠵᠢᠬᠦᠯᠬᠦ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠤᠨ᠂ | ᠬᠤᠪᠢᠰᠬᠠᠯᠳᠤ ᠰᠤᠳᠤᠯᠭ᠎ᠠ ᠰᠤᠷᠤᠯᠴᠠᠯᠭ᠎ᠠ ᠢ ᠰᠢᠨᠡᠴᠢᠯᠡᠨ ᠬᠦᠭᠵᠢᠬᠦᠯᠵᠤ᠂ ᠳᠤᠭᠠᠴᠠᠯᠠᠭᠰᠡᠨ ᠠᠵᠤ ᠠᠬᠤᠢ ᠶᠢᠨ | ᠰᠢᠨ᠎ᠠ ᠤᠶᠢᠯᠡᠰ ᠢ ᠢᠳᠡᠪᠬᠢᠳᠠᠢ ᠪᠤᠶᠢᠵᠢᠭᠤᠯᠤᠨ᠂ ᠠᠵᠤ ᠠᠬᠤᠢ ᠨᠡᠶᠢᠬᠡᠮ ᠤᠨ ᠪᠤᠬᠢᠷᠳᠤᠯ ᠦᠬᠡᠢ ᠳᠤᠤᠷ᠎ᠠ | ᠨᠡᠬᠦᠷᠡᠰᠤᠳᠦ᠋ᠷᠦᠭᠴᠢ ᠬᠦᠭᠵᠢᠯᠳᠠ ᠶᠢ ᠠᠬᠢᠭᠤᠯᠵᠤ᠂ ᠠᠵᠤ ᠠᠬᠤᠢ ᠶᠢᠨ ᠨᠡᠮᠡᠯᠳᠠ ᠦᠷᠳᠡᠭ ᠢ ᠨᠡᠮᠡᠭᠳᠡᠬᠦᠯᠤᠨ᠂ | ᠠᠵᠤ ᠤᠶᠢᠯᠡᠰ ᠲᠡᠰᠵᠢᠭᠰᠡᠨ ᠪᠤᠬᠢᠷᠳᠤᠯ ᠦᠬᠡᠢ ᠴᠢᠨᠠᠷᠯᠢᠭ ᠭᠥᠭᠵᠢᠯᠳᠡ ᠶᠢᠨ ᠪᠠᠶᠢᠳᠠᠯ ᠢ ᠥᠨᠳᠥᠰᠥᠨ ᠳᠤ ᠪᠠᠨ | ᠪᠥᠷᠢᠯᠳᠥᠭᠦᠯᠥᠨ᠎ᠡ᠃ ᠬᠤᠶᠠᠷ ᠲᠤ ᠬᠤᠳᠠ ᠬᠦᠳᠡᠭᠡ ᠶᠢᠨ ᠪᠠᠶᠢᠭᠤᠯᠤᠯᠳᠠ ᠶᠢᠨ ᠬᠡᠪ ᠴᠢᠨᠰᠠᠭ᠎ᠠ ᠶᠢ | ᠲᠡᠭᠡᠭᠰᠢᠯᠡᠭᠦᠯᠥᠨ᠎ᠡ᠃ ᠡᠯ᠎ᠡ ᠪᠠᠯᠭᠠᠰᠤᠨ ᠤ ᠦᠪᠡᠷᠮᠢᠴᠠ ᠬᠦᠭᠵᠢᠯᠳᠠ ᠪᠤᠯᠤᠨ ᠮᠠᠯᠵᠢᠬᠤ ᠳᠠᠷᠢᠶᠠᠯᠠᠬᠤ ᠤᠷᠤᠨ ᠤ | ᠡᠳ᠋ᠯᠠᠩ ᠮᠠᠶ᠋ᠢᠭ ᠤᠨ ᠬᠦᠭᠵᠢᠯᠳᠠ ᠶᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠠᠵᠤ ᠤᠶᠢᠯᠡᠰ ᠤᠨ ᠬᠡᠯᠪᠡᠷᠢ᠂ | ᠠᠮᠢᠳᠤᠷᠠᠯ ᠤᠨ ᠤᠷᠴᠢᠨ ᠬᠢᠬᠡᠤᠨ ᠲᠦᠬᠦᠷᠴᠢᠯᠡᠯ ᠴᠢᠳᠠᠮᠵᠢ ᠶᠢ ᠤᠷᠭᠠᠨᠢᠭ ᠢᠶᠠᠷ ᠰᠢᠨᠡᠤᠨᠬᠡᠨ᠂ ᠡᠯ᠎ᠡ ᠪᠠᠯᠭᠠᠰᠤᠨ ᠤ | ᠪᠠᠶᠢᠭᠤᠯᠤᠯᠳᠠ ᠲᠦᠯᠤᠪᠰᠢᠬᠦᠯᠤᠯᠳᠠ ᠬᠢᠬᠡᠤᠨ ᠠᠵᠤ ᠤᠶᠢᠯᠡᠰ ᠤᠨ ᠬᠦᠭᠵᠢᠬᠦᠯᠤᠯᠳᠠ ᠪᠠᠶᠢᠷᠢᠰᠢᠭᠤᠯᠤᠯᠳᠠ ᠶᠢ | ᠰᠠᠶᠢᠳᠤᠷ ᠠᠪᠴᠠᠯᠳᠤᠭᠤᠯᠵᠤ᠂ ᠬᠤᠳᠠ ᠪᠠᠯᠭᠠᠰᠤᠨ ᠤ ᠪᠠᠶᠢᠭᠤᠯᠤᠯᠳᠠ ᠬᠢᠬᠡᠤᠨ ᠠᠵᠤ ᠤᠶᠢᠯᠡᠰ ᠤᠨ ᠬᠦᠭᠵᠢᠯᠳᠠ | ᠶᠢ ᠵᠤᠬᠢᠴᠠᠩᠭᠤᠢ ᠠᠬᠢᠭᠤᠯᠤᠨ᠂ ᠬᠤᠳᠠ ᠪᠠᠯᠭᠠᠰᠤᠨ ᠤ ᠰᠢᠰᠲ᠋ᠧᠮᠵᠢ ᠶᠢ ᠤᠷᠤᠨ ᠪᠥᠰᠡ ᠶᠢᠨ ᠴᠢᠳᠠᠮᠵᠢ | ᠲᠤᠭᠳᠠᠭᠠᠯᠳᠠ ᠯᠤᠭ᠎ᠠ ᠨᠢᠭᠡᠳᠥᠯᠳᠡᠢ ᠪᠤᠯᠭᠠᠵᠤ᠂ ᠥᠢᠯᠡᠳᠪᠥᠷᠢᠯᠡᠯ ᠤᠨ ᠭᠥᠴᠥᠨ ᠤ ᠪᠠᠶᠢᠷᠢᠯᠠᠭᠤᠯᠤᠯᠳᠠ ᠲᠠᠢ | ᠲᠤᠬᠢᠷᠠᠯᠴᠠᠭᠤᠯᠤᠨ᠂ ᠬᠠᠷᠢᠯᠴᠠᠨ ᠨᠥᠭᠦᠪᠥᠷᠢᠯᠡᠭᠰᠡᠨ ᠪᠥᠭᠦ ᠲᠠᠯ᠎ᠠ ᠪᠠᠷ ᠠᠭᠤᠰᠤᠯᠴᠠᠭᠰᠠᠨ ᠬᠤᠳᠠ ᠭᠥᠳᠡᠭᠡ ᠶᠢᠨ | ᠴᠤᠭᠴᠠᠳᠤ ᠭᠥᠭᠵᠢᠯᠳᠡ ᠶᠢᠨ ᠪᠠᠶᠢᠳᠠᠯ ᠢ ᠥᠨᠳᠥᠰᠥᠨ ᠳᠤ ᠪᠠᠨ ᠪᠥᠷᠢᠯᠳᠥᠭᠦᠯᠥᠨ᠎ᠡ᠃ ᠭᠤᠷᠪᠠ ᠳᠤ ᠠᠷᠠᠳ ᠤᠨ | ᠠᠮᠢᠳᠤᠷᠠᠯ ᠤᠨ ᠪᠠᠳᠤᠯᠠᠭ᠎ᠠ ᠶᠢᠨ ᠬᠡᠪ ᠴᠢᠨᠰᠠᠭ᠎ᠠ ᠶᠢ ᠪᠥᠭᠦ ᠭᠥᠴᠥᠨ ᠢᠶᠠᠷ ᠲᠡᠭᠡᠭᠰᠢᠯᠡᠭᠦᠯᠥᠨ᠎ᠡ᠃ ᠠᠷᠠᠳ ᠤᠯᠠᠨ ᠤ | ᠰᠠᠶᠢᠨ ᠰᠠᠶᠢᠬᠠᠨ ᠠᠮᠢᠳᠤᠷᠠᠯ ᠤᠨ ᠭᠥᠰᠡᠯ ᠲᠡᠮᠡᠤᠯᠡᠯ ᠢ ᠥᠨᠡᠨ ᠭᠦ ᠠᠷᠠᠳ ᠤᠨ ᠠᠮᠢᠳᠤᠷᠠᠯ ᠤᠨ ᠬᠠᠷᠠᠭᠠᠯᠵᠠᠯ ᠤᠨ | ᠬᠠᠷᠠᠯᠳᠠ ᠪᠤᠯᠭᠠᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠡᠭᠦᠷᠭᠡ ᠶᠢ ᠠᠵᠤ ᠠᠬᠤᠢ ᠶᠢᠨ ᠪᠠᠶᠢᠭᠤᠯᠤᠯᠳᠠ | ᠪᠤᠯᠥᠨ ᠭᠥᠭᠵᠢᠯᠳᠡ ᠶᠢᠨ ᠭᠥᠢᠴᠡᠳᠭᠡᠯ ᠲᠠᠢ ᠴᠤᠭ ᠠᠳᠬᠤᠵᠤ ᠨᠠᠶᠢᠳᠠᠪᠤᠷᠢᠵᠢᠭᠤᠯᠤᠨ᠂ ᠵᠢᠯ ᠪᠤᠯᠭᠠᠨ ᠤ ᠨᠡᠶᠢᠳᠡ | ᠶᠢᠨ ᠡᠳ᠋ ᠤᠨ ᠵᠠᠰᠠᠭ ᠤᠨ ᠵᠠᠷᠤᠯᠭ᠎ᠠ ᠶᠢᠨ ᠭᠤᠷᠪᠠᠨ ᠤ ᠬᠤᠶᠠᠷ ᠢ ᠠᠷᠠᠳ ᠤᠨ ᠠᠮᠢᠳᠤᠷᠠᠯ ᠤᠨ ᠰᠠᠶᠢᠵᠢᠷᠠᠭᠤᠯᠤᠯᠳᠠ | ᠳᠤ ᠵᠠᠷᠤᠴᠠᠭᠤᠯᠵᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠰᠢᠰᠲ᠋ᠧᠮ ᠢ ᠲᠠᠰᠤᠷᠠᠯ ᠥᠭᠡᠢ ᠪᠠᠳᠤᠳᠬᠠᠨ᠂ | ᠥᠭᠡᠷᠡᠴᠢᠯᠠᠯᠳᠠ ᠭᠥᠭᠵᠢᠯᠳᠡ ᠶᠢᠨ ᠥᠷ᠎ᠡ ᠪᠥᠳᠥᠭᠡᠯ ᠢ ᠤᠯᠠᠨ ᠲᠥᠮᠡᠨ ᠳᠤ ᠰᠠᠶᠢᠳᠤᠷ ᠡᠳ᠋ᠯᠡᠭᠦᠯᠵᠤ᠂ ᠤᠳᠤᠭ ᠤᠨ | ᠡᠮᠥᠨᠡᠳᠤ ᠬᠤᠰᠢᠭᠤᠨ ᠤ ᠠᠷᠠᠳ ᠢᠷᠭᠡᠳ ᠲᠤ ᠡᠷᠭᠡ ᠲᠡᠭᠰᠢ ᠠᠵᠠ ᠲᠤᠬᠢᠶᠠᠯ ᠤᠯᠭᠤᠨ᠂ ᠲᠥᠭᠡᠮᠡᠯ ᠬᠠᠷᠠᠭᠠᠯᠵᠠᠯ ᠢ | ᠬᠠᠮᠳᠤ ᠡᠳ᠋ᠯᠡᠨ ᠠᠵᠤ ᠲᠥᠷᠥᠨ ᠥᠢᠯᠡᠰ ᠪᠤᠰᠬᠠᠭᠰᠠᠨ ᠭᠥᠭᠵᠢᠯᠳᠡ ᠶᠢᠨ ᠰᠢᠨ᠎ᠡ ᠪᠠᠶᠢᠳᠠᠯ ᠢ ᠥᠨᠳᠥᠰᠥᠨ ᠳᠤ ᠪᠠᠨ | ᠪᠥᠷᠢᠯᠳᠥᠭᠦᠯᠥᠨ᠎ᠡ᠃ ᠲᠥᠷᠪᠡ ᠳᠤ ᠵᠰᠠᠭ ᠤᠨ ᠤᠷᠳᠤᠨ ᠤ ᠵᠠᠰᠠᠯᠳᠠ ᠶᠢᠨ ᠬᠡᠪ ᠴᠢᠨᠰᠠᠭ᠎ᠠ ᠶᠢ ᠪᠥᠭᠦ ᠭᠥᠴᠥᠨ ᠢᠶᠠᠷ | ᠲᠡᠭᠡᠭᠰᠢᠯᠡᠭᠦᠯᠤᠨ᠎ᠡ᠃ ᠠᠷᠠᠳ ᠲᠥᠮᠡᠨ ᠢᠶᠠᠷ ᠭᠤᠤᠯ ᠪᠤᠯᠭᠠᠬᠤ ᠭᠥᠭᠵᠢᠯᠳᠡ ᠶᠢᠨ ᠥᠵᠡᠯ ᠰᠠᠨᠠᠭ᠎ᠠ ᠶᠢ ᠪᠠᠷᠢᠮᠳᠠᠯᠠᠨ᠂ | ᠵᠠᠰᠠᠭ ᠤᠨ ᠤᠷᠳᠤᠨ ᠤ ᠵᠠᠰᠠᠯᠳᠠ ᠶᠢᠨ ᠪᠠᠷᠢᠮᠵᠢᠶᠠᠳᠤ ᠪᠥᠳᠥᠮᠵᠢᠳᠤ᠂ ᠬᠠᠷᠠᠯᠳᠠᠳᠤ ᠪᠠᠶᠢᠭᠤᠯᠤᠯᠳᠠ ᠶᠢ ᠴᠢᠩᠭᠠᠳᠬᠠᠵᠤ | ᠂ ᠤᠯᠤᠰ ᠲᠥᠷᠥ᠂ ᠬᠠᠤᠯᠢ ᠴᠠᠭᠠᠵᠠ᠂ ᠶᠤᠰᠤ ᠰᠤᠷᠳᠠᠬᠤᠨ᠂ ᠥᠪᠡᠷᠳᠡᠭᠡᠨ ᠵᠠᠰᠠᠯᠳᠠ᠂ ᠤᠶᠤᠨᠴᠢ ᠵᠠᠰᠠᠯᠳᠠ ᠶᠢᠨ | ︽ᠲᠠᠪᠤᠨ ᠵᠠᠰᠠᠯᠳᠠ ᠶᠢᠨ ᠤᠶᠠᠯᠳᠤᠯ︾ ᠢ ᠠᠬᠢᠭᠤᠯᠤᠨ᠂ ᠵᠠᠰᠠᠭ ᠤᠨ ᠤᠷᠳᠤᠨ ᠤ ᠵᠠᠰᠠᠯᠳᠠ ᠬᠢᠭᠡᠳ ᠨᠡᠶᠢᠭᠡᠮ | ᠨᠡᠶᠢᠳᠡ ᠶᠢᠨ ᠲᠤᠰᠬᠠᠯ ᠢ ᠤᠶᠠᠯᠳᠤᠭᠤᠯᠵᠤ᠂ ᠭᠥᠮᠥᠨ ᠪᠥᠭᠦᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠭᠰᠡᠨ | ᠨᠡᠶᠢᠭᠡᠮ ᠤᠨ ᠵᠠᠰᠠᠯᠳᠠ ᠶᠢᠨ ᠬᠠᠮᠳᠤ ᠶᠢᠨ ᠴᠤᠭᠴᠠ ᠶᠢ ᠪᠥᠷᠢᠳᠥᠭᠦᠯᠥᠨ᠂ ᠠᠮᠢᠯᠠᠯ ᠪᠢᠯᠬᠠᠭᠰᠠᠨ ᠡᠶ᠎ᠡ ᠵᠤᠬᠢᠴᠡᠯ | ᠡᠮᠬᠢ ᠲᠢᠭᠯᠢᠮ ᠲᠠᠢ ᠤᠳᠤᠬᠢᠴᠢᠯᠠᠭᠰᠠᠨ ᠵᠠᠰᠠᠯᠳᠠ ᠶᠢᠨ ᠪᠠᠶᠢᠳᠠᠯ ᠢ ᠥᠨᠳᠥᠰᠥᠨ ᠳᠤ ᠪᠠᠨ ᠪᠥᠷᠢᠯᠳᠥᠭᠦᠯᠥᠨ᠎ᠡ᠃ | ᠭᠤᠷᠪᠠ᠂ 2021 ᠤᠨ ᠤ ᠡᠯ᠎ᠡ ᠲᠦᠷᠤᠯ ᠤᠨ ᠠᠵᠢᠯ ᠢ ᠰᠠᠶᠢᠳᠤᠷ ᠬᠢᠨ᠎ᠠ | ᠦᠨᠤ ᠵᠢᠯ ᠪᠤᠯ ︽ᠠᠷᠪᠠᠨ ᠲᠦᠷᠪᠡᠳᠤᠬᠡᠷ ᠳᠠᠪᠤᠨ ᠵᠢᠯ︾ ᠤᠨ ᠲᠦᠯᠤᠪᠵᠢᠬᠦᠯᠬᠡ ᠶᠢ ᠬᠡᠷᠡᠭᠵᠢᠬᠦᠯᠬᠦ ᠡᠬᠢᠨ ᠤ | ᠵᠢᠯ ᠪᠤᠯᠤᠨ᠎ᠠ᠃ ᠡᠯ᠎ᠡ ᠵᠦᠢᠯ ᠤᠨ ᠡᠯᠧᠮᠧᠨ᠋ᠲ ᠶᠢ ᠶᠡᠷᠤᠩᠬᠡᠶᠢᠯᠡᠨ ᠪᠤᠳᠤᠯᠬᠢᠯᠠᠭᠰᠡᠨ ᠪᠦᠬᠦ ᠵᠢᠯ ᠤᠨ ᠠᠵᠤ ᠠᠬᠤᠢ | ᠨᠠᠶᠢᠬᠡᠮ ᠤᠨ ᠬᠦᠭᠵᠢᠯᠳᠠ ᠶᠢᠨ ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠤᠶᠢᠯᠡᠤᠨᠪᠤᠷᠢᠯᠡᠯ ᠤᠨ | ᠶᠡᠷᠤᠩᠬᠡᠢ ᠦᠷᠳᠡᠭ ᠢ 6% ᠤᠷᠴᠢᠮ᠂ ᠨᠠᠶᠢᠳᠠ ᠶᠢᠨ ᠡᠳ᠋ ᠤᠨ ᠵᠠᠰᠠᠭ ᠤᠨ ᠲᠦᠰᠤᠪ ᠤᠨ ᠤᠷᠤᠯᠭ᠎ᠠ ᠶᠢ 3% | ᠤᠷᠴᠢᠮ᠂ ᠨᠠᠶᠢᠬᠡᠮ ᠤᠨ ᠬᠡᠷᠡᠭᠯᠡᠭᠡᠨ ᠤ ᠪᠤᠳᠠᠰ ᠤᠨ ᠵᠢᠵᠢᠭᠯᠡᠨ ᠪᠤᠷᠤᠯᠠᠭᠤᠯᠬᠤ ᠶᠡᠷᠤᠩᠬᠡᠢ ᠦᠷᠳᠡᠭ ᠢ 3% | ᠤᠷᠴᠢᠮ᠂ ᠳᠤᠭᠳᠠᠮᠠᠯ ᠬᠦᠷᠤᠩᠬᠡ ᠶᠢᠨ ᠪᠡᠯᠡ ᠤᠷᠤᠭᠤᠯᠤᠯᠳᠠ ᠶᠢ 13% ᠤᠷᠴᠢᠮ᠂ ᠬᠤᠳᠠ ᠬᠦᠳᠡᠭᠡ ᠶᠢᠨ | ᠪᠠᠶᠢᠩᠭᠤ ᠶᠢᠨ ᠰᠠᠭᠤᠭᠠᠯᠢ ᠠᠷᠠᠤᠨ ᠤᠨ ᠬᠦᠮᠤᠨ ᠳᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠶᠢ ᠳᠤᠰᠪᠤᠷᠢ | 6% ᠪᠠ 8% ᠤᠷᠴᠢᠮ ᠨᠡᠮᠡᠭᠳᠡᠭᠦᠯᠵᠤ᠂ ᠬᠤᠳᠠ ᠠᠴᠠ ᠪᠡᠭᠤᠯᠭᠠᠭᠰᠠᠨ ᠨᠢᠭᠡᠴᠢ GDP ᠶᠢᠨ ᠡᠨᠧᠷᠬᠢ ᠶᠢᠨ | ᠬᠤᠷᠤᠭᠳᠠᠯ ᠤᠨ ᠡᠭᠦᠷᠭᠡ ᠶᠢ ᠪᠡᠶᠡᠯᠡᠭᠦᠯᠥᠨ᠎ᠠ᠃ ᠳᠡᠬᠡᠷᠡᠬᠢ ᠬᠠᠷᠠᠯᠳᠠ ᠶᠢ ᠪᠡᠶᠡᠯᠡᠬᠦᠯᠬᠦ ᠳᠤ ᠳᠤᠤᠷᠠᠬᠢ ᠬᠡᠳᠤᠨ | ᠠᠵᠢᠯ ᠶᠢ ᠭᠤᠤᠯᠳᠠᠯᠭ᠎ᠠ ᠲᠠᠢ ᠬᠢᠬᠦ ᠬᠡᠷᠡᠭᠳᠠᠢ᠄ | ︵ᠨᠢᠬᠡ︶ ᠦᠨᠳᠤᠷ ᠵᠤᠭᠰᠤᠴᠠ ᠶᠢᠨ ᠪᠠᠶᠢᠭᠤᠯᠤᠯᠳᠠ ᠶᠢ ᠪᠠᠷᠢᠮᠳᠠᠯᠠᠵᠤ᠂ ᠤᠳᠤ ᠦᠶ᠎ᠡ ᠶᠢᠨ ᠡᠨᠧᠷᠬᠢ ᠶᠢᠨ | ᠠᠵᠤ ᠠᠬᠤᠢ ᠶᠢ ᠦᠷᠬᠡᠤᠨᠬᠡᠨ ᠳᠡᠰ ᠳᠡᠪᠰᠢᠬᠦᠯᠬᠦ ᠶᠢ ᠠᠬᠢᠭᠤᠯᠤᠨ᠎ᠠ᠃ ᠠᠵᠤ ᠤᠶᠢᠯᠡᠤᠨᠪᠤᠷᠢ ᠪᠤᠯ ᠬᠤᠰᠢᠭᠤ ᠪᠠᠨ | ᠬᠦᠴᠤᠷᠬᠡᠭᠵᠢᠬᠦᠯᠬᠦ ᠶᠢᠨ ᠰᠠᠭᠤᠷᠢ ᠪᠤᠯᠬᠤᠷ ᠡᠷᠬᠡᠪᠰᠢ ᠤᠯᠤᠰ ᠤᠨ ᠡᠨᠧᠷᠬᠢ ᠶᠢᠨ ᠬᠦᠭᠵᠢᠬᠦᠯᠤᠯᠳᠠ ᠶᠢᠨ ᠶᠡᠭᠡ | ᠬᠠᠨᠳᠤᠰᠢ ᠲᠠᠢ ᠰᠠᠨᠠᠭᠠᠴᠢᠯᠠᠭ᠎ᠠ ᠠᠴᠠ ᠪᠠᠨ ᠵᠤᠬᠢᠴᠠᠵᠤ᠂ ᠴᠢᠬᠤᠯᠠ ᠶᠡᠭᠡ ᠠᠵᠤ ᠤᠶᠢᠯᠡᠤᠨᠪᠤᠷᠢ ᠶᠢᠨ ᠲᠦᠷᠤᠯ ᠵᠦᠢᠯ | ᠤᠨ ᠪᠠᠶᠢᠭᠤᠯᠤᠯᠳᠠ ᠶᠢ ᠭᠤᠶᠢᠪᠢᠰᠢ ᠦᠬᠡᠢ ᠠᠬᠢᠭᠤᠯᠤᠨ᠂ ᠰᠢᠨ᠎ᠠ ᠠᠵᠤ ᠤᠶᠢᠯᠡᠰ ᠶᠢ ᠪᠤᠶᠢᠵᠢᠭᠤᠯᠵᠤ᠂ ᠰᠢᠨ᠎ᠠ | ᠬᠦᠳᠡᠯᠬᠡᠭᠴᠢ ᠬᠦᠴᠤᠨ ᠢ ᠬᠤᠷᠠᠮᠳᠤᠭᠤᠯᠤᠨ᠂ ᠰᠢᠨ᠎ᠠ ᠨᠡᠮᠡᠭᠳᠠᠯ ᠤᠨ ᠳᠤᠶᠢᠯ ᠢ ᠪᠤᠢ ᠪᠤᠯᠭᠠᠨ᠎ᠠ᠃ ᠠᠶᠤᠯᠬᠦᠢ᠂ | ᠪᠤᠬᠢᠷᠳᠤᠯ ᠦᠬᠡᠢ ᠪᠠᠷ ᠨᠡᠬᠦᠷᠡᠰᠤ ᠬᠠᠩᠭᠠᠬᠤ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠤᠯᠤᠰ ᠤᠨ ᠨᠡᠬᠦᠷᠡᠰᠤᠨ ᠤ | ᠬᠠᠩᠭᠠᠯᠭ᠎ᠠ ᠶᠢ ᠪᠠᠳᠤᠯᠠᠬᠤ ᠱᠠᠭᠠᠷᠳᠠᠯᠭ᠎ᠠ ᠶᠢ ᠪᠤᠳᠠᠳᠠᠶᠢᠵᠢᠭᠤᠯᠵᠤ᠂ ᠰᠢᠨ᠎ᠠ ᠱᠠᠩᠬᠠᠢ ᠶᠢᠨ ᠰᠦᠮ᠎ᠡ 1 ᠨᠤᠮᠧᠷᠳᠤ᠂ | ᠪᠡᠯᠡᠩ ᠵᠡᠷᠬᠡ 6 ᠨᠡᠬᠦᠷᠡᠰᠤᠨ ᠠᠭᠤᠷᠬᠠᠢ ᠶᠢᠨ ᠠᠭᠤᠷᠬᠠᠢ ᠮᠠᠯᠳᠠᠬᠤ ᠦᠨᠡᠮᠯᠡᠯ ᠤᠨ ᠭᠠᠷ ᠬᠦᠢᠴᠡᠤᠨᠬᠡᠯ ᠢ | ᠲᠦᠷᠬᠡᠤᠨᠬᠡᠵᠤ᠂ ᠬᠠᠷᠴᠠᠭᠠᠢ ᠬᠦᠯᠦᠭ 3 ᠨᠤᠮᠧᠷᠳᠤ ᠨᠡᠬᠦᠷᠡᠰᠤᠨ ᠠᠭᠤᠷᠬᠠᠢ ᠶᠢᠨ ᠭᠠᠷ ᠬᠦᠢᠴᠡᠤᠨᠬᠡᠯ ᠢ ᠡᠬᠢᠯᠡᠬᠦᠯᠤᠨ | ᠂ ᠪᠦᠬᠦ ᠨᠡᠬᠦᠷᠡᠰᠤᠨ ᠠᠭᠤᠷᠬᠠᠢ ᠢ ᠴᠦᠮ ᠬᠠᠤᠯᠢ ᠲᠦᠷᠢᠮ ᠲᠠᠢ ᠨᠠᠶᠢᠴᠡᠬᠦᠯᠤᠨ ᠤᠶᠢᠯᠡᠤᠨᠪᠤᠷᠢᠯᠡᠬᠦᠯᠤᠨᠠ᠃ | ᠪᠤᠬᠢᠷᠳᠤᠯ ᠦᠬᠡᠢ ᠠᠭᠤᠷᠬᠠᠢ ᠶᠢᠨ ᠤᠷᠤᠨ᠂ ᠤᠶᠤᠨᠴᠢ ᠠᠭᠤᠷᠬᠠᠢ ᠶᠢᠨ ᠤᠷᠤᠨ ᠤ ᠪᠠᠶᠢᠭᠤᠯᠤᠯᠳᠠ ᠶᠢ | ᠦᠷᠬᠦᠯᠵᠢᠯᠡᠨ ᠠᠬᠢᠭᠤᠯᠵᠤ᠂ ᠨᠡᠬᠦᠷᠡᠰᠤᠨ ᠠᠭᠤᠷᠬᠠᠢ ᠶᠢᠨ ᠤᠶᠤᠨᠴᠢ ᠦᠬᠡᠷᠡᠴᠢᠯᠠᠯᠳᠠ ᠶᠢ ᠲᠦᠷᠬᠡᠤᠨᠬᠡᠨ᠂ ᠵᠢᠯ ᠤᠨ | ᠳᠤᠳᠤᠷ᠎ᠠ ᠰᠢᠨ᠎ᠠ ᠪᠠᠷ 1 ᠪᠤᠬᠢᠷᠳᠤᠯ ᠦᠬᠡᠢ ᠠᠭᠤᠷᠬᠠᠢ ᠨᠡᠮᠡᠭᠳᠡᠬᠦᠯᠤᠨ᠎ᠠ᠃ ᠨᠡᠬᠦᠷᠡᠰᠤ ᠶᠢ ᠳᠤᠬᠠᠢ ᠶᠢᠨ ᠭᠠᠵᠠᠷ ᠲᠤ | ᠨᠢ ᠦᠨᠳᠤᠷ ᠪᠦᠳᠤᠮᠵᠢ ᠪᠠᠷ ᠬᠤᠪᠢᠷᠠᠭᠤᠯᠬᠤ ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠵᠢᠯ ᠤᠨ ᠳᠤᠳᠤᠷ᠎ᠠ ᠤᠯᠤᠰ | ᠤᠨ ᠴᠠᠬᠢᠯᠭᠠᠨ ᠤ ᠱᠤᠸᠠᠩ ᠸᠧᠢ ᠶᠢᠨ ᠴᠠᠬᠢᠯᠭᠠᠨ ᠤᠶᠢᠯᠡᠤᠨᠪᠤᠷᠢ ᠶᠢᠨ ᠨᠢᠬᠡ ᠰᠠᠭᠤᠷᠢ ᠮᠠᠰᠢᠨ ᠴᠤᠭᠴᠠᠯᠠᠪᠤᠷᠢ ᠶᠢ | ᠬᠡᠷᠡᠭᠯᠡᠯᠳᠠ ᠳᠤ ᠤᠷᠤᠭᠤᠯᠵᠤ᠂ ᠴᠠᠩ ᠴᠧᠩ ᠴᠠᠬᠢᠯᠭᠠᠨ ᠤᠶᠢᠯᠡᠤᠨᠪᠤᠷᠢ᠂ ᠤᠯᠤᠰ ᠤᠨ ᠡᠨᠧᠷᠬᠢ ᠶᠢᠨ ᠱᠠᠩᠬᠠᠢ ᠶᠢᠨ | ᠰᠦᠮ᠎ᠡ ᠴᠠᠬᠢᠯᠭᠠᠨ ᠥᠢᠯᠡᠳᠪᠥᠷᠢ ᠶᠢᠨ ᠵᠢᠯ ᠤᠨ ᠪᠡᠯᠡ ᠤᠷᠤᠭᠤᠯᠤᠯᠳᠠ ᠶᠢᠨ ᠡᠬᠦᠷᠬᠡ ᠶᠢ ᠳᠠᠪᠠᠭᠤᠯᠤᠨ ᠪᠡᠶᠡᠯᠡᠬᠦᠯᠬᠦ | ᠪᠠᠷ ᠴᠢᠷᠮᠠᠶᠢᠨ᠎ᠠ᠃ ᠾᠧᠩ ᠺᠦᠨ ᠬᠢᠮᠢ ᠶᠢᠨ ᠣᠶᠢᠯᠠᠳᠪᠦᠷᠢ ᠶᠢᠨ 2×130 ᠲᠦᠮᠡᠨ ᠳᠤᠨ ᠨᠡᠬᠦᠷᠡᠰᠤ | ᠬᠡᠤᠷᠰᠢᠬᠦᠯᠬᠦ ᠤᠯᠠᠨ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠤᠨ ᠬᠤᠶᠠᠳᠣᠭᠠᠷ ᠬᠤᠭᠤᠴᠠᠭᠠᠨ ᠤ | ᠪᠠᠶᠢᠭᠤᠯᠤᠯᠳᠠ ᠶᠢ ᠲᠦᠷᠬᠡᠤᠨᠬᠡᠬᠦ ᠮᠦᠷᠳᠡᠬᠡᠨ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠵᠤ᠂ ᠰᠢᠩ | ᠶᠤᠸᠠᠨ ᠤ 12 ᠲᠦᠮᠡᠨ ᠳᠤᠨ ᠨᠡᠬᠦᠷᠡᠰᠤᠳᠦ᠋ᠷᠦᠭᠴᠢᠳᠤ ᠴᠠᠬᠢᠭᠤᠷ ᠤᠨ ᠮᠠᠲ᠋ᠧᠷᠢᠶᠡᠯ ᠪᠠ 2 ᠲᠦᠮᠡᠨ ᠳᠤᠨ | ᠨᠡᠬᠦᠷᠡᠰᠤᠳᠦ᠋ᠷᠦᠭᠴᠢᠳᠤ ᠴᠠᠬᠢᠭᠤᠷ ᠤᠨ ᠱᠠᠭᠠᠵᠠᠩ ᠤᠨ ᠪᠦᠳᠤᠬᠡᠭᠳᠡᠬᠦᠨ ᠤ ᠲᠦᠷᠤᠯ ᠵᠦᠢᠯ ᠢ ᠳᠡᠬᠡᠳᠤ ᠬᠠᠭᠠᠰ ᠵᠢᠯ | ᠳᠤ ᠬᠡᠷᠡᠭᠯᠡᠯᠳᠠ ᠳᠤ ᠤᠷᠤᠭᠤᠯᠤᠨ᠎ᠠ᠃ ᠰᠢᠨ᠎ᠠ ᠬᠦᠳᠡᠯᠬᠡᠭᠴᠢ ᠬᠦᠴᠤᠨ᠂ ᠰᠢᠨ᠎ᠠ ᠠᠵᠤ ᠤᠶᠢᠯᠡᠰ ᠢ ᠪᠤᠶᠢᠵᠢᠭᠤᠯᠬᠤ | ᠴᠢᠳᠠᠪᠤᠷᠢ ᠪᠠᠨ ᠳᠡᠬᠡᠭᠰᠢᠯᠡᠬᠦᠯᠤᠨ᠎ᠠ᠃ ᠦᠪᠡᠷᠳᠡᠬᠡᠨ ᠵᠠᠰᠠᠬᠤ ᠤᠷᠤᠨ ᠤ ︽ᠠᠷᠪᠠᠨ ᠲᠦᠷᠪᠡᠳᠤᠬᠡᠷ ᠳᠠᠪᠤᠨ ᠵᠢᠯ︾ | ᠤᠨ ᠰᠢᠨ᠎ᠠ ᠡᠨᠧᠷᠬᠢ ᠢ ᠳᠠᠬᠢᠨ ᠢᠶᠠᠷ ᠨᠡᠮᠡᠭᠳᠡᠬᠦᠯᠬᠦ ᠢᠨᠵᠧᠨᠧᠷᠢᠩ ᠤᠨ ᠳᠤᠬᠢᠶᠠᠯ ᠢ ᠴᠢᠩᠭ᠎ᠠ ᠡᠵᠡᠮᠳᠡᠵᠤ᠂ ᠳᠠᠬᠢᠨ | ᠨᠢᠬᠡ ᠵᠤᠷᠪᠤᠰ ᠴᠠᠬᠢᠯᠭᠠᠨ ᠬᠦᠷᠬᠡᠯᠳᠠ ᠶᠢᠨ ᠱᠤᠭᠤᠮ ᠢ ᠪᠠᠶᠢᠭᠤᠯᠬᠤ ᠪᠠᠷ ᠲᠦᠯᠤᠪᠵᠢᠬᠦᠯᠵᠤ᠂ ᠴᠡᠪᠡᠷ ᠡᠨᠧᠷᠬᠢ᠂ | ᠰᠢᠨ᠎ᠠ ᠡᠨᠧᠷᠬᠢ ᠶᠢᠨ ᠮᠠᠰᠢᠨ ᠴᠤᠭᠴᠠᠯᠠᠪᠤᠷᠢ ᠪᠠ ᠭᠠᠳᠠᠭᠰᠢ ᠬᠦᠷᠬᠡᠬᠦ ᠬᠡᠪᠴᠢᠶᠡᠵᠢᠯ ᠢ ᠦᠷᠬᠡᠤᠨᠬᠡᠨᠠ᠃ ᠤᠯᠤᠰ | ᠤᠨ ᠴᠠᠬᠢᠯᠭᠠᠨ ᠤ ᠱᠠᠩᠬᠠᠢ ᠶᠢᠨ ᠰᠦᠮ᠎ᠡ ᠶᠢᠨ 120 ᠲᠦᠮᠡᠨ ᠺᠢᠯᠤᠸᠠᠲ ᠰᠠᠯᠬᠢᠨ ᠴᠠᠬᠢᠯᠭᠠᠨ᠂ ᠨᠠᠷᠠᠨ ᠴᠠᠬᠢᠯᠭᠠᠨ᠂ | ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ ᠶᠢ ᠢᠵᠢ ᠴᠤᠭᠴᠠᠵᠢᠭᠤᠯᠤᠭᠰᠡᠨ ᠲᠦᠷᠤᠯ ᠵᠦᠢᠯ ᠤᠨ | ᠪᠠᠶᠢᠭᠤᠯᠤᠯᠳᠠ ᠶᠢ ᠠᠬᠢᠭᠤᠯᠵᠤ᠂ ᠵᠦᠩ ᠾᠧ ᠬᠤᠢ ᠨᠧᠩ ᠤᠨ 20 ᠲᠦᠮᠡᠨ ᠺᠢᠯᠤᠸᠠᠲ᠂ ᠳᠤᠮᠳᠠᠳᠤ ᠤᠯᠤᠰ ᠤᠨ | ᠨᠧᠩ ᠵᠢᠶᠠᠨ ᠤ 55 ᠲᠦᠮᠡᠨ ᠺᠢᠯᠤᠸᠠᠲ ᠤᠨ ᠨᠢᠬᠡᠳᠤᠬᠡᠷ ᠬᠤᠭᠤᠴᠠᠭᠠᠨ ᠤ ᠪᠠᠷᠢᠯᠭ᠎ᠠ ᠵᠡᠷᠬᠡ ᠨᠠᠷᠠᠨ ᠡᠨᠧᠷᠬᠢ ᠶᠢᠨ | ᠲᠦᠷᠤᠯ ᠵᠦᠢᠯ ᠤᠨ ᠡᠮᠤᠨᠡᠬᠢ ᠬᠤᠭᠤᠴᠠᠭᠠᠨ ᠤ ᠭᠠᠷ ᠬᠦᠢᠴᠡᠤᠨᠬᠡᠯ ᠢ ᠲᠦᠷᠬᠡᠤᠨᠬᠡᠨ᠎ᠡ᠃ ᠶᠠ ᠬᠠᠢ ᠶᠢᠨ 60 | ᠲᠦᠮᠡᠨ ᠳᠤᠨ LNG ᠶᠢᠨ ᠲᠦᠷᠤᠯ ᠵᠦᠢᠯ ᠢ ᠬᠡᠷᠡᠭᠯᠠᠯᠳᠠ ᠳᠤ ᠤᠷᠤᠭᠤᠯᠬᠤ ᠠᠬᠢᠴᠠ ᠶᠢ ᠲᠦᠷᠬᠡᠤᠨᠬᠡᠵᠤ᠂ | ᠦᠪᠤᠷ ᠮᠤᠩᠭᠤᠯ ᠤᠨ ᠲᠢᠶᠠᠨ ᠯᠢ ᠹᠧᠩ ᠰᠢᠳᠠᠮᠠᠬᠠᠢ ᠬᠡᠢ ᠶᠢᠨ ᠬᠢᠵᠠᠭᠠᠷᠳᠤ ᠺᠤᠮᠫᠠᠨᠢ ᠶᠢᠨ 60 ᠲᠦᠮᠡᠨ ᠳᠤᠨ | LNG ᠪᠠᠷ ᠡᠾᠧᠯᠢ ᠤᠶᠢᠯᠡᠤᠨᠬᠦ ᠬᠤᠯᠪᠤᠭᠠᠳᠤ ᠤᠶᠢᠯᠡᠤᠨᠪᠤᠷᠢᠯᠡᠯ ᠤᠨ ᠲᠦᠷᠤᠯ ᠵᠦᠢᠯ ᠤᠨ ᠨᠢᠬᠡᠳᠤᠬᠡᠷ | ᠬᠤᠭᠤᠴᠠᠭᠠᠨ ᠤ ᠪᠠᠷᠢᠯᠭ᠎ᠠ ᠶᠢ ᠡᠬᠢᠯᠡᠬᠦᠯᠤᠨ᠂ ᠳᠤᠮᠳᠠᠳᠤ ᠤᠯᠤᠰ ᠤᠨ ᠴᠢᠯᠠᠭᠤᠨ ᠳᠤᠰᠤᠨ ᠤ ᠺᠤᠮᠫᠠᠨᠢ ᠯᠤᠭ᠎ᠠ ᠶᠢᠨ | ᠬᠠᠷᠢᠯᠴᠠᠭ᠎ᠠ ᠪᠠᠨ ᠴᠢᠩᠭᠠᠤᠨᠬᠠᠵᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠡᠬᠢ ᠪᠠᠶᠠᠯᠢᠭ ᠤᠨ ᠨᠡᠬᠡᠬᠡᠯᠳᠠ ᠶᠢᠨ | ᠨᠡᠮᠡᠭᠳᠡᠯ ᠬᠡᠰᠡᠭ ᠤᠨ ᠬᠤᠷᠰᠢᠯᠴᠠᠭ᠎ᠠ ᠶᠢ ᠠᠬᠢᠭᠤᠯᠤᠨ᠂ ᠬᠠᠷᠢᠯᠴᠠᠨ ᠠᠰᠢᠭᠳᠠᠢ ᠬᠠᠮᠳᠤ ᠪᠠᠷ ᠠᠰᠢᠭ ᠤᠯᠬᠤ ᠶᠢ | ᠪᠡᠶᠡᠯᠡᠬᠦᠯᠤᠨ᠎ᠠ᠃ ᠷᠦᠨ ᠶᠠᠩ ᠶᠤᠸᠠᠢ ᠳ᠋ᠠ ᠶᠢᠨ 10 ᠲᠦᠮᠡᠨ ᠳᠤᠨ ᠴᠡᠪᠡᠷ ᠣᠯᠠᠨ ᠳᠡᠯᠡᠰᠳᠤ ᠴᠠᠬᠢᠭᠤᠷ ᠤᠨ | ᠲᠦᠷᠤᠯ ᠵᠦᠢᠯ᠂ ᠵᠢᠩ ᠨᠧᠩ ᠤᠨ ᠡᠨᠧᠷᠬᠢ ᠲᠤᠤᠷ ᠲᠠᠭᠠᠭᠠᠴᠠ ᠬᠠᠳᠠᠭᠠᠯᠠᠯᠳᠠ ᠤᠰᠤᠳᠥ᠋ᠷᠥᠭᠴᠢ ᠶᠢᠨ ᠲᠦᠷᠤᠯ | ᠵᠦᠢᠯ ᠢ ᠪᠤᠳᠠᠳᠤ ᠠᠬᠢᠴᠠ ᠲᠠᠢ ᠪᠤᠯᠭᠠᠵᠤ᠂ ᠤᠰᠤᠳᠦ᠋ᠷᠦᠭᠴᠢ ᠡᠨᠧᠷᠬᠢ ᠶᠢᠨ ᠠᠵᠤ ᠤᠶᠢᠯᠡᠰ ᠤᠨ ᠡᠬᠢᠯᠡᠯᠳᠠ | ᠬᠦᠭᠵᠢᠯᠳᠠ ᠶᠢ ᠠᠬᠢᠭᠤᠯᠤᠨ᠂ ᠬᠦᠬᠡᠬᠤᠳᠠ ᠪᠤᠭᠤᠳᠤ ᠤᠷᠳᠤᠰ ᠪᠠ ᠦᠬᠠᠢ ᠶᠢᠨ ᠲᠦᠯᠡᠰᠢᠨ ᠤ ᠴᠠᠬᠢᠯᠭᠠᠨ ᠴᠡᠨᠡᠩ | ᠤᠨ ᠬᠦᠳᠡᠯᠬᠡᠬᠦᠷᠳᠤ ᠮᠠᠰᠢᠨ ᠳᠡᠷᠬᠡ ᠶᠢᠨ ᠳᠠᠭᠤᠷᠢᠶᠠᠯ ᠬᠤᠳᠠ ᠶᠢᠨ ᠪᠦᠯᠦᠭᠯᠡᠯ ᠤᠨ ᠪᠠᠶᠢᠭᠤᠯᠤᠯᠳᠠ ᠲᠠᠢ | ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠱᠠᠩᠬᠠᠢ ᠶᠢᠨ ᠰᠦᠮ᠎ᠠ ᠡᠨᠧᠷᠬᠢ ᠬᠢᠮᠢ ᠶᠢᠨ ᠠᠵᠤ ᠤᠶᠢᠯᠡᠤᠨᠪᠤᠷᠢ ᠶᠢᠨ | ᠰᠠᠭᠤᠷᠢᠨ ᠭᠠᠵᠠᠷ ᠢ ᠠᠯᠬᠤᠮ ᠠᠯᠬᠤᠮ ᠢᠶᠠᠷ ᠦᠪᠡᠷᠳᠡᠬᠡᠨ ᠵᠠᠰᠠᠬᠤ ᠤᠷᠤᠨ ᠤ ᠳᠤᠤᠷ᠎ᠠ ᠨᠡᠬᠦᠷᠡᠰᠤᠳᠦ᠋ᠷᠦᠭᠴᠢᠳᠤ | ᠬᠦᠭᠵᠢᠯᠳᠠ ᠶᠢᠨ ᠳᠠᠭᠤᠷᠢᠶᠠᠯ ᠬᠦᠷᠢᠶᠡᠯᠡᠩ ᠪᠤᠯᠭᠠᠨ᠎ᠠ᠃ | ︵ᠬᠤᠶᠠᠷ︶ ᠦᠨᠳᠤᠷ ᠪᠠᠷᠢᠮᠵᠢᠶᠠᠳᠤ ᠳᠠᠭᠤᠷᠢᠶᠠᠯ ᠢ ᠪᠠᠷᠢᠮᠳᠠᠯᠠᠵᠤ᠂ ᠬᠦᠳᠡᠭᠡ ᠳᠤᠰᠬᠤᠨ ᠪᠦᠬᠦ ᠳᠠᠯ᠎ᠠ ᠪᠠᠷ | ᠬᠦᠴᠤᠷᠬᠡᠭᠵᠢᠨ ᠬᠦᠭᠵᠢᠬᠦ ᠶᠢ ᠠᠬᠢᠭᠤᠯᠤᠨ᠎ᠠ᠃ ᠮᠠᠯ ᠳᠠᠷᠢᠶᠠᠯᠠᠩ ᠪᠤᠯ ᠠᠷᠠᠤᠨ ᠢ ᠪᠠᠶᠠᠵᠢᠭᠤᠯᠬᠤ ᠶᠢᠨ ᠦᠨᠳᠤᠰᠤ | ᠪᠤᠯᠬᠤᠷ ᠡᠷᠬᠡᠪᠰᠢ ᠬᠦᠳᠡᠭᠡ ᠳᠤᠰᠬᠤᠨ ᠢ ᠬᠦᠴᠤᠷᠬᠡᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ | ᠡᠷᠴᠢᠮᠳᠠᠢ ᠬᠡᠷᠡᠭᠵᠢᠬᠦᠯᠵᠤ᠂ ᠮᠠᠯ ᠳᠠᠷᠢᠶᠠᠯᠠᠩ ᠤᠨ ᠠᠵᠤ ᠤᠶᠢᠯᠡᠰ ᠤᠨ ᠤᠳᠤᠬᠢᠴᠢᠯᠠᠯᠳᠠ ᠶᠢ ᠲᠦᠷᠬᠡᠤᠨᠬᠡᠨ᠂ | ᠮᠠᠯᠴᠢᠨ ᠳᠠᠷᠢᠶᠠᠴᠢᠨ ᠢ ᠪᠠᠶᠠᠵᠢᠨ ᠴᠢᠨᠡᠬᠡᠯᠢᠭᠵᠢᠬᠦᠯᠤᠨᠠ᠃ ᠮᠠᠯ ᠳᠠᠷᠢᠶᠠᠯᠠᠩ ᠢ ᠬᠡᠪᠴᠢᠶᠡᠵᠢᠬᠦᠯᠤᠨᠠ᠃ | ᠦᠷᠬᠦᠯᠵᠢᠯᠡᠨ 5000 ᠲᠦᠮᠡᠨ ᠲᠦᠬᠦᠷᠢᠭ ᠤᠨ ᠬᠤᠰᠢᠭᠤ ᠳᠡᠰ ᠤᠨ ᠡᠳ᠋ ᠤᠨ ᠵᠠᠰᠠᠭ ᠤᠨ ᠪᠡᠯᠡ ᠮᠦᠩᠬᠦ | ᠤᠷᠤᠭᠤᠯᠵᠤ᠂ ᠡᠯ᠎ᠡ ᠡᠵᠡᠩᠨᠡᠯᠳᠠ ᠶᠢᠨ ᠭᠤᠤᠯ ᠴᠤᠭᠴᠠ ᠶᠢᠨ ᠨᠠᠷᠢᠨ ᠳᠠᠷᠢᠵᠤ ᠨᠢᠮᠪᠠᠢ ᠠᠷᠠᠴᠢᠯᠠᠬᠤ᠂ ᠡᠬᠦᠯᠳᠡᠷ | ᠰᠠᠶᠢᠵᠢᠷᠠᠭᠤᠯᠬᠤ᠂ ᠳᠠᠷᠢᠵᠤ ᠠᠷᠠᠴᠢᠯᠠᠬᠤ ᠶᠢ ᠰᠢᠯᠢᠳᠡᠭᠵᠢᠬᠦᠯᠬᠦ ᠶᠢ ᠳᠡᠤᠨᠬᠦᠵᠤ᠂ ᠤᠶᠢᠯᠡᠤᠨᠪᠤᠷᠢᠯᠡᠯ ᠤᠨ ᠡᠯᠧᠮᠧᠨ᠋ᠲ | ᠶᠢᠨ ᠤᠨᠴᠠᠯᠢᠭᠳᠤ ᠠᠵᠤ ᠤᠶᠢᠯᠡᠰ ᠪᠠ ᠳᠠᠪᠠᠭᠤᠯᠢᠭ ᠤᠷᠤᠨ ᠳᠤᠭᠤᠷᠢᠭ ᠲᠤ ᠬᠢ ᠲᠦᠪᠯᠡᠷᠡᠯ ᠢ ᠠᠬᠢᠭᠤᠯᠤᠨ᠂ ᠵᠢᠯ | ᠤᠨ ᠳᠤᠳᠤᠷ᠎ᠠ 4 ᠲᠦᠮᠡᠨ ᠮᠤ᠋ ᠢᠳᠡᠰᠢᠨ ᠨᠤᠭᠤᠭ᠎ᠠ ᠳᠠᠷᠢᠵᠤ᠂ 30 ᠲᠦᠮᠡᠨ ᠳᠤᠯᠤᠭᠠᠢ ᠲᠦᠯ ᠢ ᠤᠬᠤᠷ | ᠬᠤᠭᠤᠴᠠᠭᠠᠨ ᠳᠤ ᠪᠤᠷᠳᠤᠨ ᠳᠠᠷᠭᠤᠯᠠᠭᠤᠯᠵᠤ᠂ 2 ᠲᠦᠮᠡᠨ ᠮᠤ᠋ ᠶᠢᠨ ᠠᠵᠤ ᠠᠬᠤᠢ ᠶᠢᠨ ᠤᠢ ᠳᠠᠷᠢᠵᠤ᠂ | ᠪᠤᠬᠢᠷᠳᠤᠯ ᠦᠬᠡᠢ ᠮᠠᠯ ᠳᠠᠷᠢᠶᠠᠯᠠᠩ ᠤᠨ ᠪᠦᠳᠤᠬᠡᠭᠳᠡᠬᠦᠨ ᠤ ᠬᠠᠩᠭᠠᠯᠭ᠎ᠠ ᠶᠢᠨ ᠬᠡᠪᠴᠢᠶᠡᠵᠢᠯ ᠢ ᠦᠷᠬᠡᠤᠨᠬᠡᠨᠡ᠃ | ᠮᠠᠯ ᠤᠨ ᠮᠢᠬ᠎ᠠ᠂ ᠳᠡᠵᠢᠬᠡᠯ ᠡᠪᠡᠰᠤ᠂ ᠭᠤᠸ᠎ᠠ ᠵᠢᠮᠢᠰ ᠢᠳᠡᠰᠢᠨ ᠨᠤᠭᠤᠭ᠎ᠠ ᠶᠢ ᠠᠩᠬ᠎ᠠ ᠪᠤᠯᠪᠠᠰᠤᠷᠠᠭᠤᠯᠬᠤ᠂ | ᠨᠠᠷᠢᠯᠢᠭ ᠪᠤᠯᠪᠠᠰᠤᠷᠠᠭᠤᠯᠬᠤ ᠲᠦᠷᠤᠯ ᠵᠦᠢᠯ ᠢ ᠢᠳᠡᠪᠬᠢᠳᠠᠢ ᠤᠷᠢᠨ ᠠᠪᠴᠢᠷᠠᠵᠤ᠂ ᠪᠤᠷᠤᠪᠠᠯᠭᠠᠰᠤ ᠪᠠᠯᠭᠠᠰᠤ ᠶᠢ | ᠨᠢᠬᠡ ᠬᠤᠶᠠᠷ ᠭᠤᠷᠪᠠᠳᠤᠭᠠᠷ ᠠᠵᠤ ᠤᠶᠢᠯᠡᠰ ᠤᠨ ᠠᠭᠤᠰᠤᠯᠴᠠᠯ ᠬᠦᠭᠵᠢᠯᠳᠠ ᠶᠢᠨ ᠳᠠᠭᠤᠷᠢᠶᠠᠯ ᠪᠠᠯᠭᠠᠰᠤ ᠪᠤᠯᠭᠠᠨ᠎ᠠ | ᠃ ᠵᠤᠬᠢᠶᠠᠨ ᠪᠠᠶᠢᠭᠤᠯᠤᠯᠳᠠ ᠪᠠᠷ ᠮᠠᠯᠴᠢᠨ ᠳᠠᠷᠢᠶᠠᠴᠢᠨ ᠢ ᠵᠢᠯᠤᠭᠤᠳᠤᠨ᠎ᠠ᠃ ᠳᠤᠯᠤᠭᠠᠶᠢᠯᠠᠭᠴᠢ ᠠᠵᠤ ᠠᠬᠤᠶᠢᠯᠠᠯ᠂ | ᠰᠢᠨ᠎ᠠ ᠬᠡᠯᠪᠡᠷᠢ ᠶᠢᠨ ᠡᠵᠡᠩᠨᠡᠯᠳᠠ ᠶᠢᠨ ᠭᠤᠤᠯ ᠴᠤᠭᠴᠠ ᠪᠠ ᠤᠶᠢᠯᠡᠤᠨᠪᠤᠷᠢᠯᠡᠯ ᠤᠨ ᠴᠢᠨᠠᠷᠳᠤ ᠤᠶᠢᠯᠡᠴᠢᠯᠡᠬᠡᠨ ᠤ | ᠵᠤᠬᠢᠶᠠᠨ ᠪᠠᠶᠢᠭᠤᠯᠤᠯᠳᠠ ᠢ ᠪᠤᠶᠢᠵᠢᠭᠤᠯᠬᠤ ᠬᠦᠴᠤᠯᠡᠴᠠ ᠪᠠᠨ ᠶᠡᠬᠡᠤᠨᠬᠡᠵᠤ᠂ ᠬᠤᠩ ᠶᠧ᠂ ᠶᠢᠨ ᠨᠢᠦ ᠵᠡᠷᠬᠡ ᠠᠵᠤ | ᠠᠬᠤᠶᠢᠯᠠᠯ ᠤᠨ ᠳᠠᠭᠤᠷᠢᠶᠠᠯ ᠦᠵᠡᠬᠦᠯᠤᠨ ᠳᠠᠶᠢᠴᠢᠯᠠᠬᠤ ᠤᠶᠢᠯᠡᠳᠤᠯ ᠢ ᠪᠠᠳᠠᠷᠠᠭᠤᠯᠤᠨ᠂ ᠠᠵᠤ ᠠᠬᠤᠶᠢᠯᠠᠯ ᠪᠠ | ᠬᠤᠷᠰᠢᠶᠠᠵᠢᠯ᠂ ᠬᠤᠯᠪᠤᠭᠠᠯᠠᠨ ᠤᠶᠢᠯᠡᠤᠨᠪᠤᠷᠢᠯᠡᠬᠦ ᠬᠤᠷᠰᠢᠶᠠᠵᠢᠯ ᠪᠠ ᠮᠠᠯᠴᠢᠨ ᠳᠠᠷᠢᠶᠠᠴᠢᠨ ᠬᠤᠯᠪᠤᠭᠠᠯᠠᠨ ᠡᠵᠡᠩᠨᠡᠬᠦ | ᠶᠢ ᠵᠤᠷᠢᠭᠵᠢᠭᠤᠯᠵᠤ᠂ ᠦᠪᠡᠷᠳᠡᠬᠡᠨ ᠵᠠᠰᠠᠬᠤ ᠤᠷᠤᠨ ᠤ ᠳᠡᠰ ᠤᠨ ᠮᠠᠯ ᠳᠠᠷᠢᠶᠠᠯᠠᠩ ᠤᠨ ᠠᠵᠤ ᠤᠶᠢᠯᠡᠰᠵᠢᠭᠰᠡᠨ | ᠬᠤᠯᠪᠤᠭᠠᠳᠤ ᠴᠤᠭᠴᠠ ᠶᠢ 2 ᠪᠤᠶᠢᠵᠢᠭᠤᠯᠤᠨ᠂ ᠠᠵᠤ ᠤᠶᠢᠯᠡᠰᠵᠢᠭᠰᠡᠨ ᠳᠤᠯᠤᠭᠠᠶᠢᠯᠠᠭᠴᠢ ᠠᠵᠤ ᠠᠬᠤᠶᠢᠯᠠᠯ ᠢ | ᠰᠢᠨ᠎ᠠ ᠪᠠᠷ 4 ᠪᠤᠶᠢᠵᠢᠭᠤᠯᠵᠤ᠂ ᠮᠠᠯᠴᠢᠨ ᠳᠠᠷᠢᠶᠠᠴᠢᠨ ᠡᠷᠤᠬᠡ ᠠᠵᠤ ᠠᠬᠤᠶᠢᠯᠠᠯ ᠤᠨ ᠪᠠᠷᠢᠮᠵᠢᠶ᠎ᠠ ᠪᠠᠷ | ᠬᠤᠯᠪᠤᠭᠠᠯᠠᠨ ᠬᠡᠪᠴᠢᠶᠠᠵᠢᠭᠰᠡᠨ ᠤᠶᠢᠯᠡᠤᠨᠪᠤᠷᠢᠯᠡᠯ ᠡᠷᠬᠢᠯᠡᠬᠦ ᠶᠢ ᠵᠤᠷᠢᠭᠵᠢᠭᠤᠯᠵᠤ᠂ ᠨᠢᠬᠡᠳᠤᠯᠳᠠᠢ ᠪᠠᠷᠢᠮᠵᠢᠶ᠎ᠠ ᠲᠠᠢ ︽ | ᠤᠶᠢᠯᠡᠤᠨᠪᠤᠷᠢᠯᠡᠬᠦ ᠬᠠᠩᠭᠠᠬᠤ ᠪᠤᠷᠤᠯᠠᠭᠤᠯᠬᠤ︾ ᠠᠵᠤ ᠤᠶᠢᠯᠡᠰ ᠤᠨ ᠬᠡᠯᠬᠢᠶᠡᠵᠢᠯ ᠢ ᠪᠦᠷᠢᠯᠳᠤᠬᠦᠯᠤᠨ᠂ ᠮᠠᠯᠴᠢᠨ | ᠳᠠᠷᠢᠶᠠᠴᠢᠨ ᠡᠷᠤᠬᠡ ᠶᠢᠨ ᠵᠠᠬ᠎ᠠ ᠳᠡᠯᠬᠡᠬᠦᠷ ᠲᠠᠢ ᠤᠶᠠᠯᠳᠤᠬᠤ᠂ ᠲᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠶᠢ | ᠳᠡᠬᠡᠭᠰᠢᠯᠡᠬᠦᠯᠤᠨ᠎ᠠ᠃ ᠨᠡᠷᠡᠳᠤ ᠳᠡᠮᠳᠡᠭ ᠢᠶᠠᠷ ᠦᠷ᠎ᠠ ᠠᠰᠢᠭ ᠢ ᠨᠡᠮᠡᠭᠳᠡᠬᠦᠯᠤᠨ᠎ᠠ᠃ ᠤᠳᠤᠭ ᠤᠨ ᠡᠮᠤᠨᠡᠳᠤ | ᠬᠤᠰᠢᠭᠤᠨ ᠤ ᠤᠨᠴᠠᠯᠢᠭ ᠲᠠᠢ ᠨᠡᠷᠡᠳᠤ ᠳᠡᠮᠳᠡᠭᠳᠤ ᠬᠦᠭᠵᠢᠬᠦᠯᠤᠯᠳᠠ ᠶᠢᠨ ᠲᠦᠯᠤᠪᠯᠡᠭᠡ ᠶᠢ ᠳᠡᠬᠦᠯᠳᠡᠷᠵᠢᠬᠦᠯᠵᠤ᠂ | ᠴᠢᠨᠠᠷ ᠴᠢᠨᠰᠠᠭ᠎ᠠ ᠶᠢ ᠡᠵᠡᠮᠳᠡᠬᠦ᠂ ᠤᠶᠢᠯᠡᠤᠨᠪᠤᠷᠢᠯᠡᠯ ᠢ ᠰᠢᠯᠢᠳᠡᠭᠵᠢᠬᠦᠯᠬᠦ᠂ ᠪᠠᠷᠢᠮᠵᠢᠶ᠎ᠠ ᠳᠤᠭᠳᠠᠭᠠᠬᠤ᠂ ᠮᠦᠷᠳᠡᠨ | ᠬᠢᠨᠠᠨ ᠡᠵᠡᠮᠳᠡᠬᠦ᠂ ᠵᠠᠬ᠎ᠠ ᠳᠡᠯᠬᠡᠬᠦᠷ ᠲᠤ ᠪᠤᠷᠤᠯᠠᠭᠤᠯᠬᠤ ᠪᠦᠬᠦ ᠶᠠᠪᠤᠴᠠ ᠶᠢᠨ ᠲᠦᠯᠤᠪᠯᠡᠭᠡ ᠳᠤᠭᠳᠠᠭᠠᠵᠤ᠂ ᠨᠡᠷᠡᠳᠤ | ᠳᠡᠮᠳᠡᠭ ᠤᠨ ᠬᠡᠰᠢᠬᠦᠨ ᠤ ᠳᠤᠭᠳᠠᠴᠠ ᠶᠢ ᠰᠦᠪᠡᠭᠴᠢᠯᠡᠵᠤ ᠪᠠᠶᠢᠭᠤᠯᠤᠨ᠂ ︽ᠤᠳᠤᠭ ᠤᠨ ᠡᠮᠤᠨᠡᠳᠤ ᠬᠤᠰᠢᠭᠤᠨ ᠤ | ᠮᠠᠯ ᠤᠨ ᠮᠢᠬ᠎ᠠ︾ ᠵᠡᠷᠬᠡ ᠨᠡᠷᠡᠳᠤ ᠳᠡᠮᠳᠡᠭ ᠢ ᠬᠠᠮᠳᠤ ᠪᠠᠷ ᠡᠳ᠋ᠯᠡᠬᠦ ᠶᠢ ᠵᠤᠷᠢᠭᠵᠢᠭᠤᠯᠵᠤ᠂ ᠮᠠᠯ ᠳᠠᠷᠢᠶᠠᠯᠠᠩ ᠤᠨ | ᠪᠦᠳᠤᠬᠡᠭᠳᠡᠬᠦᠨ ᠤ ᠮᠦᠷᠳᠠᠯᠳᠠ ᠶᠢᠨ ᠰᠢᠰᠲ᠋ᠧᠮ ᠢ ᠲᠦᠬᠦᠷᠴᠢᠯᠡᠨ ᠳᠡᠬᠦᠯᠳᠡᠷᠵᠢᠬᠦᠯᠵᠤ᠂ ᠦᠪᠡᠷᠳᠡᠬᠡᠨ ᠵᠠᠰᠠᠬᠤ | ᠤᠷᠤᠨ ᠤ ᠮᠠᠯ ᠳᠠᠷᠢᠶᠠᠯᠠᠩ ᠤᠨ ᠪᠦᠳᠤᠬᠡᠭᠳᠡᠬᠦᠨ ᠤ ᠴᠢᠨᠠᠷ ᠴᠢᠨᠰᠠᠭ᠎ᠠ ᠠᠮᠤᠷ ᠲᠦᠪᠰᠢᠨ ᠬᠤᠰᠢᠭᠤ ᠶᠢ | ᠴᠤᠭᠴᠠᠯᠠᠨ᠎ᠠ᠃ ᠰᠠᠶᠢᠨ ᠡᠬᠦᠯᠳᠡᠷ ᠢᠶᠠᠷ ᠴᠢᠨᠠᠷ ᠴᠢᠨᠰᠠᠭ᠎ᠠ ᠶᠢ ᠳᠡᠬᠡᠭᠰᠢᠯᠡᠬᠦᠯᠤᠨ᠎ᠠ᠃ ᠮᠡᠷᠬᠡᠵᠢᠯ ᠢᠶᠠᠷ ᠠᠮᠤ ᠪᠤᠳᠠᠭᠠᠨ | ᠤ ᠤᠨᠠᠯᠳᠠ ᠶᠢ ᠨᠡᠮᠡᠭᠳᠡᠬᠦᠯᠬᠦ ᠶᠢ ᠪᠠᠷᠢᠮᠳᠠᠯᠠᠨ᠂ ᠦᠪᠡᠷᠳᠡᠬᠡᠨ ᠵᠠᠰᠠᠬᠤ ᠤᠷᠤᠨ ᠤ ᠦᠷ᠎ᠠ ᠡᠬᠦᠯᠳᠡᠷ ᠤᠨ ᠤᠶᠢᠯᠡᠰ | ᠤᠨ ᠬᠦᠭᠵᠢᠬᠦᠯᠤᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠨᠠᠷᠢᠯᠢᠭ ᠪᠤᠳᠠᠳᠠᠶᠢᠵᠢᠭᠤᠯᠵᠤ᠂ ᠰᠠᠶᠢᠨ ᠡᠬᠦᠯᠳᠡᠷ ᠢ | ᠰᠤᠩᠭᠤᠨ ᠬᠡᠷᠡᠭᠯᠡᠬᠦ᠂ ᠬᠦᠷᠤᠰᠤ ᠰᠢᠷᠤᠢ ᠪᠠᠶᠢᠴᠠᠭᠠᠨ ᠰᠢᠯᠭᠠᠵᠤ ᠪᠤᠷᠳᠤᠭᠤᠷ ᠳᠤᠬᠢᠷᠠᠭᠤᠯᠬᠤ᠂ ᠡᠪᠡᠤᠨᠴᠢᠨ | ᠬᠤᠷᠤᠬᠠᠢ ᠶᠢᠨ ᠬᠦᠨᠤᠬᠡᠯ ᠢ ᠰᠡᠷᠬᠡᠶᠢᠯᠡᠬᠦ ᠵᠡᠷᠬᠡ ᠳᠠᠷᠢᠶᠠᠯᠠᠩ ᠤᠨ ᠮᠡᠷᠬᠡᠵᠢᠯ ᠤᠨ ᠤᠶᠢᠯᠡᠴᠢᠯᠡᠭᠡ ᠶᠢ ᠦᠷᠬᠡᠨ ᠢᠶᠠᠷ | ᠬᠠᠩᠭᠠᠵᠤ᠂ ᠨᠢᠬᠡᠴᠢ ᠤᠨᠠᠯᠳᠠ ᠶᠢ ᠬᠦᠴᠤᠯᠡᠨ ᠳᠡᠬᠡᠭᠰᠢᠯᠡᠬᠦᠯᠵᠤ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ | ᠠᠯᠠᠰᠢᠨ ᠮᠠᠯ ᠢ ᠬᠡᠪᠴᠢᠶᠡᠵᠢᠯ ᠲᠠᠢ ᠪᠠᠷ ᠡᠬᠦᠯᠳᠡᠷ ᠰᠠᠶᠢᠵᠢᠷᠠᠭᠤᠯᠬᠤ ᠶᠢ ᠠᠬᠢᠭᠤᠯᠵᠤ ᠰᠢᠯᠢᠳᠡᠭ ᠡᠬᠦᠯᠳᠡᠷ ᠢ | ᠪᠤᠶᠢᠵᠢᠭᠤᠯᠤᠨ᠎ᠠ᠃ ᠨᠤᠤᠯᠤᠭᠤᠷ ᠤᠨ ᠢᠮᠠᠭᠠᠨ ᠤ ᠡᠬᠦᠯᠳᠡᠷ ᠤᠨ ᠰᠢᠨ᠎ᠠ ᠶᠢ ᠡᠬᠦᠳᠤᠨ ᠤᠶᠢᠯᠡᠰ ᠪᠦᠳᠤᠬᠡᠬᠦ | ᠰᠠᠭᠤᠷᠢᠨ ᠭᠠᠵᠠᠷ ᠢ ᠲᠦᠷᠬᠡᠤᠨᠬᠡᠨ ᠪᠠᠶᠢᠭᠤᠯᠵᠤ᠂ ᠨᠤᠤᠯᠤᠭᠤᠷ ᠤᠨ ᠢᠮᠠᠭᠠᠨ ᠤ ᠰᠠᠶᠢᠨ ᠡᠬᠦᠯᠳᠡᠷ ᠤᠨ ᠤᠬᠤᠨ᠎ᠠ | ᠪᠠ ᠰᠠᠭᠤᠷᠢ ᠡᠬᠡ ᠮᠠᠯ ᠢ ᠰᠤᠩᠭᠤᠨ ᠪᠤᠶᠢᠵᠢᠭᠤᠯᠬᠤ ᠬᠠᠮᠢᠶᠠᠷᠤᠯᠳᠠ᠂ ᠪᠠᠷᠢᠮᠵᠢᠶᠠᠳᠤ ᠠᠷᠠᠴᠢᠯᠠᠯᠳᠠ ᠵᠡᠷᠬᠡ ᠮᠡᠷᠬᠡᠵᠢᠯ | ᠢ ᠳᠡᠯᠬᠡᠷᠡᠬᠦᠯᠤᠨ ᠬᠡᠷᠡᠭᠯᠡᠬᠦ ᠶᠢ ᠦᠷᠬᠦᠯᠵᠢᠯᠡᠨ ᠰᠠᠶᠢᠳᠤᠷ ᠬᠢᠵᠤ᠂ ᠨᠤᠤᠯᠤᠭᠤᠷ ᠤᠨ ᠢᠮᠠᠭ᠎ᠠ ᠳᠡᠵᠢᠬᠡᠨ ᠦᠷᠡᠵᠢᠬᠦᠯᠬᠦ | ᠡᠷᠤᠬᠡ ᠶᠢ 300 ᠡᠷᠤᠬᠡ ᠠᠴᠠ ᠳᠠᠪᠠᠭᠤᠯᠵᠤ᠂ ᠠᠵᠤ ᠠᠬᠤᠶᠢᠯᠠᠯ ᠨᠤᠤᠯᠤᠭᠤᠷ ᠰᠠᠮᠨᠠᠬᠤ ᠤᠶᠢᠯᠡᠤᠨᠪᠤᠷᠢ | ᠪᠠᠶᠢᠭᠤᠯᠬᠤ ᠶᠢ ᠵᠤᠷᠢᠭᠵᠢᠭᠤᠯᠤᠨ᠂ ᠨᠤᠤᠯᠤᠭᠤᠷ ᠤᠨ ᠠᠵᠤ ᠤᠶᠢᠯᠡᠰ ᠤᠨ ᠦᠨᠳᠤᠷ ᠴᠢᠨᠰᠠᠭᠠᠳᠤ ᠬᠦᠭᠵᠢᠯᠳᠠ ᠶᠢ | ᠠᠬᠢᠭᠤᠯᠤᠨ᠎ᠠ᠃ ᠳᠤᠭᠠᠴᠠᠯᠠᠯᠳᠠ ᠪᠠᠷ ᠬᠦᠴᠤᠷᠬᠡᠭᠵᠢᠯ ᠮᠠᠨᠳᠤᠯ ᠢ ᠳᠡᠮᠵᠢᠨ᠎ᠠ᠃ ᠳᠤᠭᠠᠴᠠᠯᠠᠭᠰᠡᠨ ᠬᠦᠳᠡᠭᠡ | ᠳᠤᠰᠬᠤᠨ ᠤ ᠳᠤᠷᠰᠢᠯᠳᠠ ᠶᠢᠨ ᠴᠡᠭ ᠤᠨ ᠪᠠᠶᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠰᠤᠯ ᠢ | ᠳᠤᠭᠳᠠᠭᠠᠵᠤ᠂ ᠪᠦᠬᠦ ᠬᠤᠰᠢᠭᠤᠨ ᠤ ᠮᠠᠯ ᠳᠠᠷᠢᠶᠠᠯᠠᠩ ᠲᠠᠢ ᠬᠤᠯᠪᠤᠭᠳᠠᠭᠰᠡᠨ ᠳᠤᠭ᠎ᠠ ᠪᠠᠷᠢᠮᠳᠠ ᠶᠢ ᠨᠢᠬᠡᠳᠤᠯᠳᠠᠢ | ᠵᠠᠳᠠᠯᠤᠨ᠂ ᠨᠢᠬᠡᠳᠤᠯᠳᠠᠢ ᠨᠠᠶᠢᠳᠠᠯᠡᠵᠤ᠂ ᠨᠢᠬᠡᠳᠤᠯᠳᠠᠢ ᠬᠡᠷᠡᠭᠯᠡᠨ᠂ ᠤᠶᠤᠨᠴᠢ ᠮᠠᠯ ᠳᠠᠷᠢᠶᠠᠯᠠᠩ ᠤᠨ ᠳᠠᠪᠴᠠᠩ ᠢ | ᠪᠠᠶᠢᠭᠤᠯᠵᠤ᠂ ᠦᠨᠳᠤᠷ ᠴᠢᠨᠰᠠᠭ᠎ᠠ᠂ ᠦᠨᠳᠤᠷ ᠪᠠᠷᠢᠮᠵᠢᠶ᠎ᠠ ᠲᠠᠢ ᠪᠠᠷ ᠤᠯᠤᠰ ᠤᠨ ᠳᠤᠷᠰᠢᠯᠳᠠ ᠶᠢᠨ ᠴᠡᠭ ᠤᠨ | ᠪᠠᠶᠢᠭᠤᠯᠤᠯᠳᠠ ᠶᠢᠨ ᠡᠬᠦᠷᠬᠡ ᠪᠠᠨ ᠪᠡᠶᠡᠯᠡᠬᠦᠯᠤᠨ᠂ ᠬᠦᠳᠡᠭᠡ ᠳᠤᠰᠬᠤᠨ ᠪᠦᠬᠦ ᠳᠠᠯ᠎ᠠ ᠪᠠᠷ ᠬᠦᠴᠤᠷᠬᠡᠭᠵᠢᠨ | ᠮᠠᠨᠳᠤᠬᠤ ᠳᠤ ᠬᠦᠴᠤᠨ ᠨᠡᠮᠡᠷᠢᠯᠡᠨ᠎ᠡ᠃ | ︵ᠭᠤᠷᠪᠠ︶ ᠦᠨᠳᠤᠷ ᠳᠡᠰ ᠤᠨ ᠠᠭᠤᠰᠤᠯᠴᠠᠯ ᠢ ᠪᠠᠷᠢᠮᠳᠠᠯᠠᠵᠤ᠂ ᠤᠳᠤ ᠦᠶ᠎ᠡ ᠶᠢᠨ ᠤᠶᠢᠯᠡᠴᠢᠡᠯᠬᠡᠨ ᠤ | ᠤᠶᠢᠯᠡᠰ ᠤᠨ ᠳᠡᠰ ᠳᠡᠪᠰᠢᠯᠳᠠ ᠶᠢ ᠠᠬᠢᠭᠤᠯᠤᠨ᠎ᠠ᠃ ᠤᠳᠤ ᠦᠶ᠎ᠡ ᠶᠢᠨ ᠤᠶᠢᠯᠡᠴᠢᠯᠡᠬᠡᠨ ᠤ ᠤᠶᠢᠯᠡᠰ ᠪᠤᠯ | ᠮᠠᠨᠳᠤᠵᠤ ᠪᠠᠶᠢᠭ᠎ᠠ ᠠᠵᠤ ᠤᠶᠢᠯᠡᠰ᠂ ᠮᠠᠨ ᠤ ᠬᠤᠰᠢᠭᠤᠨ ᠤ ᠬᠤᠪᠢᠰᠬᠠᠯᠳᠤ ᠬᠦᠮᠤᠵᠢᠯ ᠤᠨ ᠰᠤᠶᠤᠯ ᠵᠢᠭᠤᠯᠴᠢᠯᠠᠯ | ᠠᠩᠬ᠎ᠠ ᠬᠡᠪᠴᠢᠶᠡᠵᠤ ᠪᠠᠶᠢᠭ᠎ᠠ ᠪᠤᠯᠬᠤᠷ ᠡᠷᠬᠡᠪᠰᠢ ᠠᠭᠤᠰᠤᠯᠴᠠᠯ ᠬᠦᠭᠵᠢᠯᠳᠠ ᠳᠡᠬᠡᠷ᠎ᠡ ᠬᠦᠴᠤ ᠳᠠᠯᠪᠢᠵᠤ᠂ | ᠳᠤᠰᠬᠠᠶᠢᠵᠢᠭᠰᠡᠨ᠂ ᠤᠯᠠᠨ ᠶᠠᠩᠵᠤᠵᠢᠭᠰᠡᠨ ᠠᠵᠤ ᠤᠶᠢᠯᠡᠰ ᠤᠨ ᠬᠡᠯᠬᠢᠶᠡᠵᠢᠯ ᠢ ᠳᠠᠶᠢᠴᠢᠯᠠᠨ ᠪᠦᠷᠢᠯᠳᠤᠬᠦᠯᠤᠨ᠎ᠠ᠃ | ᠵᠢᠭᠤᠯᠴᠢᠯᠠᠯ ᠤᠨ ᠴᠡᠭ ᠤᠨ ᠪᠠᠷᠢᠮᠵᠢᠶ᠎ᠠ ᠶᠢ ᠳᠡᠬᠡᠭᠰᠢᠯᠡᠬᠦᠯᠬᠦ ᠶᠢ ᠠᠬᠢᠭᠤᠯᠤᠨ᠎ᠠ᠃ ᠬᠤᠪᠢᠰᠬᠠᠯᠳᠤ ᠬᠦᠮᠤᠵᠢᠯ ᠤᠨ | ᠰᠤᠳᠤᠯᠭ᠎ᠠ ᠰᠤᠷᠤᠯᠴᠠᠯᠭ᠎ᠠ ᠶᠢᠨ ᠲᠦᠷᠤᠯ ᠵᠦᠢᠯ ᠤᠨ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ | ᠪᠤᠷᠤᠪᠠᠯᠭᠠᠰᠤ ᠶᠢᠨ ᠬᠤᠪᠢᠰᠬᠠᠯᠳᠤ ᠬᠦᠮᠤᠵᠢᠯ ᠤᠨ ᠦᠷᠬᠡᠤᠨᠬᠡᠯ ᠪᠤᠯᠪᠠᠰᠤᠷᠠᠯ ᠤᠨ ᠰᠠᠭᠤᠷᠢᠨ ᠭᠠᠵᠠᠷ᠂ | ᠬᠤᠪᠢᠰᠬᠠᠯᠳᠤ ᠬᠦᠮᠤᠵᠢᠯ ᠤᠨ ᠲᠦᠪᠯᠡᠷᠡᠩᠬᠦᠢ ᠪᠤᠯᠪᠠᠰᠤᠷᠠᠯ ᠤᠨ ᠲᠦᠪ᠂ ᠦᠨᠳᠤᠰᠤᠳᠠᠨ ᠤ ᠰᠤᠷᠭᠠᠨ ᠬᠦᠮᠤᠵᠢᠯ | ᠤᠨ ᠦᠵᠡᠬᠦᠯᠬᠡ ᠶᠢᠨ ᠲᠢᠩᠬᠢᠮ᠂ ᠤᠯᠤᠰ ᠤᠨ ᠪᠠᠳᠤᠯᠠᠨ ᠬᠠᠮᠠᠭᠠᠯᠠᠯᠳᠠ ᠶᠢᠨ ᠬᠦᠮᠤᠵᠢᠯ ᠤᠨ ᠦᠵᠡᠬᠦᠯᠬᠡ ᠶᠢᠨ | ᠤᠷᠳᠤᠨ ᠵᠡᠷᠬᠡ ᠲᠦᠷᠤᠯ ᠵᠦᠢᠯ ᠢ ᠬᠡᠷᠡᠭᠯᠡᠯᠳᠠ ᠳᠤ ᠤᠷᠤᠭᠤᠯᠤᠨ᠎ᠠ︔ ᠵᠠᠬ᠎ᠠ ᠳᠡᠯᠬᠡᠬᠦᠷ ᠤᠨ ᠭᠤᠤᠯ ᠴᠤᠭᠴᠠ ᠶᠢᠨ | ᠤᠶᠢᠯᠡᠳᠤᠯ ᠢ ᠬᠦᠢᠴᠡᠤᠨ ᠪᠠᠳᠠᠷᠠᠭᠤᠯᠵᠤ᠂ ᠪᠠᠶᠠᠨᠰᠢᠪᠠᠷ᠂ ᠬᠡᠷᠡᠮ ᠤᠨ ᠭᠤᠤᠯ ᠵᠡᠷᠬᠡ ᠭᠤᠤᠯᠳᠠᠯᠭᠠᠳᠤ ᠦᠵᠡᠮᠵᠢ ᠶᠢᠨ | ᠤᠷᠤᠨ ᠤ ᠨᠡᠬᠡᠬᠡᠯᠳᠠ ᠪᠠᠶᠢᠭᠤᠯᠤᠯᠳᠠ ᠶᠢ ᠲᠦᠷᠬᠡᠤᠨᠬᠡᠨ ᠠᠬᠢᠭᠤᠯᠵᠤ᠂ ᠶᠡᠭᠡ ᠳᠤᠯᠤᠨ ᠮᠠᠩᠬ᠎ᠠ᠂ ᠴᠠᠬᠢᠷᠮ᠎ᠠ | ᠴᠡᠴᠡᠭᠳᠤ ᠳᠠᠯ᠎ᠠ ᠨᠤᠳᠤᠭ ᠵᠡᠷᠬᠡ ᠦᠵᠡᠮᠵᠢ ᠶᠢᠨ ᠤᠷᠤᠨ ᠤ ᠰᠠᠭᠤᠷᠢ ᠲᠦᠬᠦᠷᠴᠢᠯᠠᠯ ᠶᠢ ᠳᠡᠬᠦᠯᠳᠡᠷᠵᠢᠬᠦᠯᠤᠨ᠂ | ᠦᠵᠡᠮᠵᠢ ᠶᠢᠨ ᠤᠷᠤᠨ᠂ ᠦᠵᠡᠮᠵᠢ ᠶᠢᠨ ᠴᠡᠭ ᠤᠨ ᠳᠡᠰ ᠪᠠ ᠴᠢᠨᠰᠠᠭ᠎ᠠ ᠶᠢ ᠰᠢᠰᠲ᠋ᠧᠮ ᠲᠠᠢ ᠳᠡᠬᠡᠭᠰᠢᠯᠡᠬᠦᠯᠤᠨ᠎ᠠ᠃ | ᠵᠢᠭᠤᠯᠴᠢᠯᠠᠯ ᠤᠨ ᠱᠤᠭᠤᠮ ᠤᠨ ᠨᠡᠪᠳᠡᠷᠡᠯᠴᠡᠭᠡ ᠶᠢ ᠠᠬᠢᠭᠤᠯᠤᠨ᠎ᠠ᠃ ᠬᠡᠷᠡᠮ ᠤᠨ ᠭᠤᠤᠯ ᠤᠨ | ᠦᠵᠡᠮᠵᠢ ᠶᠢᠨ ᠤᠷᠤᠨ ᠤ ᠤᠷᠤᠨ ᠠᠯᠤᠰᠯᠠᠭᠰᠡᠨ ᠬᠤᠯᠪᠤᠭᠠᠯᠠᠨ ᠪᠠᠶᠢᠭᠤᠯᠤᠯᠳᠠ ᠪᠠᠷ ᠭᠠᠷᠳᠠᠴᠠ ᠪᠤᠯᠭᠠᠵᠤ᠂ ᠡᠯ᠎ᠡ | ᠤᠨᠴᠠᠯᠢᠭᠳᠤ ᠦᠵᠡᠮᠵᠢ ᠶᠢᠨ ᠤᠷᠤᠨ ᠴᠡᠭ ᠢ ᠬᠤᠯᠪᠤᠭᠠᠯᠠᠭᠤᠯᠵᠤ᠂ ᠨᠢᠬᠡ ᠪᠦᠯᠦᠭ ᠬᠤᠪᠢᠰᠬᠠᠯᠳᠤ ᠬᠦᠮᠤᠵᠢᠯ ᠤᠨ | ᠰᠤᠳᠤᠯᠭ᠎ᠠ ᠰᠤᠷᠤᠯᠴᠠᠯᠭ᠎ᠠ ᠪᠠ ᠪᠤᠬᠢᠷᠳᠤᠯ ᠦᠬᠡᠢ ᠡᠷᠡᠬᠦᠯᠵᠢᠯ ᠰᠤᠪᠢᠯᠠᠯ ᠤᠨ ᠬᠠᠷᠢᠯᠴᠠᠨ ᠨᠦᠬᠦᠪᠤᠷᠢᠯᠡᠵᠤ ᠬᠠᠮᠳᠤ | ᠪᠠᠷ ᠳᠤᠭᠳᠠᠨᠢᠬᠤ ᠰᠤᠳᠤᠨ ᠵᠢᠭᠤᠯᠴᠢᠯᠠᠯ ᠤᠨ ᠵᠠᠮ ᠱᠤᠭᠤᠮ ᠢ ᠪᠤᠢ ᠪᠤᠯᠭᠠᠵᠤ᠂ ᠳᠤᠭᠤᠷᠢᠨ ᠵᠢᠭᠤᠯᠴᠢᠯᠠᠯ᠂ | ᠪᠡᠶᠡᠴᠢᠯᠡᠨ ᠤᠶᠢᠯᠠᠭᠠᠬᠤ ᠵᠢᠭᠤᠯᠴᠢᠯᠠᠯ᠂ ᠬᠦᠳᠡᠭᠡ ᠳᠤᠰᠬᠤᠨ ᠤ ᠵᠢᠭᠤᠯᠴᠢᠯᠠᠯ ᠵᠡᠷᠬᠡ ᠤᠶᠢᠯᠡᠰ ᠤᠨ ᠲᠦᠷᠬᠡᠨ | ᠬᠦᠭᠵᠢᠯᠳᠠ ᠶᠢ ᠠᠬᠢᠭᠤᠯᠤᠨ᠎ᠠ᠃ ᠬᠦᠷᠢᠶᠡᠯᠡᠩ ᠳᠤᠭᠤᠷᠢᠭ ᠤᠨ ᠤᠶᠢᠯᠡᠤᠨᠪᠤᠷᠢᠯᠡᠯ ᠤᠨ ᠱᠠᠭᠠᠷᠳᠠᠯᠭ᠎ᠠ ᠪᠠ | ᠪᠠᠯᠭᠠᠰᠤᠨ ᠳᠤᠭᠤᠷᠢᠭ ᠤᠨ ᠠᠮᠢᠳᠤᠷᠠᠯ ᠤᠨ ᠬᠡᠷᠡᠭᠴᠡᠭᠡ ᠶᠢᠨ ᠳᠤᠭᠤᠷᠢᠨ ᠳᠤ ᠮᠠᠰᠢᠨ ᠴᠠᠬᠢᠯᠭᠠᠨ ᠤ ᠰᠠᠯᠪᠢᠨ | ᠵᠠᠰᠠᠯᠳᠠ᠂ ᠳᠤᠨᠤᠭ ᠲᠦᠬᠦᠬᠡᠷᠤᠮᠵᠢ ᠶᠢᠨ ᠤᠶᠢᠯᠡᠤᠨᠪᠤᠷᠢᠯᠡᠯ᠂ ᠠᠷᠠᠯᠵᠢᠶ᠎ᠠ ᠬᠤᠳᠠᠯᠳᠤᠭ᠎ᠠ ᠪᠤᠳᠠᠰ ᠤᠨ ᠬᠦᠢᠯᠬᠡᠬᠡ᠂ | ᠮᠦᠩᠬᠦᠨ ᠬᠦᠢᠯᠬᠡᠬᠡᠨ ᠤ ᠤᠶᠢᠯᠡᠴᠢᠯᠡᠭᠡ ᠵᠡᠷᠬᠡ ᠤᠶᠢᠯᠡᠤᠨᠪᠤᠷᠢᠯᠡᠯ ᠠᠮᠢᠳᠤᠷᠠᠯ ᠤᠨ ᠴᠢᠨᠠᠷᠳᠤ ᠤᠶᠢᠯᠡᠴᠢᠯᠡᠬᠡᠨ ᠤ | ᠤᠶᠢᠯᠡᠰ ᠢ ᠤᠯᠠᠮ ᠨᠢᠬᠡ ᠠᠯᠬᠤᠮ ᠲᠦᠬᠦᠷᠴᠢᠯᠡᠨ ᠳᠡᠬᠦᠯᠳᠡᠷᠵᠢᠬᠦᠯᠤᠨ᠎ᠠ᠃ ᠬᠦᠷᠰᠢ ᠤᠷᠤᠨ ᠯᠤᠭ᠎ᠠ ᠶᠢᠨ | ᠠᠭᠤᠰᠤᠯᠴᠠᠯ ᠢ ᠠᠬᠢᠭᠤᠯᠤᠨ᠎ᠠ᠃ ᠤᠳᠤᠭ᠂ ᠢᠷᠭᠠᠢ᠂ ᠶᠠᠨ ᠠᠨ ᠵᠡᠷᠬᠡ ᠬᠦᠷᠰᠢ ᠭᠠᠵᠠᠷ ᠤᠷᠤᠨ ᠲᠠᠢ ᠬᠤᠷᠰᠢᠬᠤ | ᠳᠤᠭᠳᠠᠴᠠ ᠶᠢ ᠰᠦᠪᠡᠭᠴᠢᠯᠡᠵᠤ᠂ ᠪᠤᠳᠠᠳᠠᠢ ᠲᠦᠷᠤ ᠶᠢᠨ ᠪᠤᠳᠤᠯᠭ᠎ᠠ ᠠᠷᠭ᠎ᠠ ᠠᠪᠴᠠᠯ ᠳᠤᠭᠳᠠᠭᠠᠨ᠂ ᠬᠠᠮᠳᠤ ᠪᠠᠷ | ᠬᠤᠪᠢᠰᠬᠬᠠᠯᠳᠤ ᠬᠦᠮᠤᠵᠢᠯ ᠤᠨ ᠵᠢᠭᠤᠯᠴᠢᠯᠠᠯ ᠤᠨ ᠨᠡᠷᠡᠳᠤ ᠳᠡᠮᠳᠡᠭ ᠢ ᠪᠤᠢ ᠪᠤᠯᠭᠠᠵᠤ᠂ ᠪᠦᠳᠤᠬᠡᠯᠴᠢ ᠭᠤᠤᠯ | ᠰᠡᠳᠤᠪᠳᠤ ᠳᠠᠸᠠᠷ ᠭᠠᠷᠭᠠᠨ᠂ ᠤᠳᠤᠭ ᠤᠨ ᠡᠮᠤᠨᠡᠳᠤ ᠬᠤᠰᠢᠭᠤ ᠪᠠᠨ ᠰᠤᠶᠤᠯ ᠵᠢᠭᠤᠯᠴᠢᠯᠠᠯ ᠬᠦᠨᠵᠡᠬᠡᠢ | ᠠᠭᠤᠰᠤᠯᠴᠠᠭᠰᠡᠨ᠂ ᠬᠤᠪᠢᠰᠬᠠᠯᠳᠤ ᠬᠦᠮᠤᠵᠢᠯ ᠪᠤᠬᠢᠷᠳᠤᠯ ᠦᠬᠡᠢ ᠤᠷᠴᠢᠨ ᠤᠶᠠᠯᠳᠤᠭᠰᠡᠨ᠂ ᠠᠵᠤ ᠤᠶᠢᠯᠡᠰ | ᠤᠷᠤᠨ ᠠᠯᠤᠰᠯᠠᠨ ᠬᠤᠯᠪᠤᠭᠠᠯᠠᠭᠰᠡᠨ᠂ ᠦᠷ᠎ᠠ ᠪᠦᠳᠤᠮᠵᠢ ᠶᠢ ᠪᠦᠬᠦ ᠠᠷᠠᠤᠨ ᠡᠳ᠋ᠯᠡᠭᠰᠡᠨ ᠬᠤᠪᠢᠰᠬᠠᠯᠳᠤ ᠬᠦᠮᠤᠵᠢᠯ | ᠤᠨ ᠰᠤᠳᠤᠯᠭ᠎ᠠ ᠰᠤᠷᠤᠯᠴᠠᠯᠭ᠎ᠠ ᠶᠢᠨ ᠵᠢᠭᠤᠯᠴᠢᠯᠠᠯ ᠤᠨ ᠳᠠᠭᠤᠷᠢᠶᠠᠯ ᠬᠤᠰᠢᠭᠤ ᠪᠤᠯᠭᠠᠨ ᠴᠤᠭᠴᠠᠯᠠᠨ᠎ᠠ᠃ | ︵ᠲᠦᠷᠪᠡ︶ ᠦᠨᠳᠤᠷ ᠪᠦᠳᠤᠮᠵᠢᠳᠤ ᠰᠢᠯᠢᠳᠡᠭᠵᠢᠯ ᠢ ᠪᠠᠷᠢᠮᠳᠠᠯᠠᠨ᠂ ᠬᠤᠳᠠᠯᠳᠤᠭ᠎ᠠ ᠡᠵᠡᠩᠨᠡᠯᠳᠠ ᠶᠢᠨ | ᠰᠢᠯᠢᠳᠡᠭ ᠤᠷᠴᠢᠨ ᠢ ᠪᠦᠷᠢᠯᠳᠤᠬᠦᠯᠤᠨ᠎ᠠ᠃ ᠬᠤᠳᠠᠯᠳᠤᠭ᠎ᠠ ᠡᠵᠡᠩᠨᠡᠯᠳᠠ ᠶᠢᠨ ᠤᠷᠴᠢᠨ ᠪᠤᠯ ᠭᠠᠵᠠᠷ ᠤᠷᠤᠨ ᠤ | ᠠᠵᠤ ᠠᠬᠤᠢ ᠶᠢᠨ ᠨᠦᠯᠤᠬᠡᠯᠡᠬᠦ ᠬᠦᠴᠤᠨ ᠪᠠ ᠶᠡᠷᠤᠩᠬᠡᠶᠢᠯᠡᠭᠰᠡᠨ ᠦᠷᠢᠰᠤᠯᠳᠤᠬᠦ ᠬᠦᠴᠤᠨ ᠤ ᠲᠦᠪᠯᠡᠷᠡᠩᠬᠦᠢ | ᠢᠯᠡᠷᠡᠯ ᠪᠤᠯᠬᠤᠷ ᠡᠷᠬᠡᠪᠰᠢ ᠬᠤᠳᠠᠯᠳᠤᠭ᠎ᠠ ᠡᠵᠡᠩᠨᠡᠯᠳᠠ ᠶᠢᠨ ᠤᠷᠴᠢᠨ ᠳᠤᠭᠤᠷᠢᠨ ᠢ ᠰᠢᠯᠢᠳᠡᠭᠵᠢᠬᠦᠯᠬᠦ ᠶᠢ ︽ | ᠠᠷᠪᠠᠨ ᠲᠦᠷᠪᠡᠳᠤᠬᠡᠷ ᠳᠠᠪᠤᠨ ᠵᠢᠯ︾ ᠤᠨ ᠡᠬᠢᠯᠡᠯᠳᠠ ᠶᠢᠨ ᠭᠤᠤᠯ ᠭᠠᠷᠳᠠᠴᠠ ᠪᠤᠯᠭᠠᠵᠤ᠂ ᠵᠠᠬ᠎ᠠ ᠳᠡᠯᠬᠡᠬᠦᠷ ᠤᠨ | ᠭᠤᠤᠯ ᠴᠤᠭᠴᠠ ᠶᠢᠨ ᠬᠠᠮᠤᠭ ᠠᠴᠠ ᠬᠠᠯᠠᠮᠵᠢᠯᠠᠵᠤ ᠪᠠᠶᠢᠭ᠎ᠠ ᠠᠵᠢᠯ ᠠᠴᠠ ᠭᠠᠷᠳᠠᠵᠤ᠂ ᠠᠷᠠᠤᠨ ᠲᠦᠮᠡᠨ ᠤ ᠬᠠᠮᠤᠭ | ᠠᠴᠠ ᠬᠠᠨᠤᠮᠵᠢ ᠦᠬᠡᠢ ᠵᠦᠢᠯ ᠠᠴᠠ ᠵᠠᠯᠠᠷᠠᠭᠤᠯᠤᠨ᠂ ᠬᠤᠳᠠᠯᠳᠤᠭ᠎ᠠ ᠡᠵᠡᠩᠨᠡᠯᠳᠠ ᠶᠢᠨ ᠤᠷᠴᠢᠨ ᠳᠤᠭᠤᠷᠢᠨ ᠤ | ᠲᠦᠪᠰᠢᠨ ᠤ ᠪᠦᠬᠦ ᠳᠠᠯ᠎ᠠ ᠶᠢᠨ ᠳᠡᠬᠡᠭᠰᠢᠯᠡᠯᠳᠠ ᠶᠢ ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠬᠤᠳᠠᠯᠳᠤᠭ᠎ᠠ | ᠡᠵᠡᠩᠨᠡᠯᠳᠠ ᠶᠢᠨ ᠤᠷᠴᠢᠨ ᠢᠶᠠᠷ ᠬᠠᠮᠤᠭ ᠰᠢᠯᠢᠳᠡᠭ ᠬᠤᠰᠢᠭᠤ ᠶᠢ ᠴᠢᠷᠮᠠᠶᠢᠨ ᠴᠤᠭᠴᠠᠯᠠᠨ᠎ᠠ᠃ ᠦᠵᠡᠯ ᠰᠠᠨᠠᠭᠠᠨ ᠤ | ᠴᠢᠯᠤᠬᠡᠯᠡᠯᠳᠠ ᠪᠠᠷ ᠬᠠᠮᠳᠤᠷᠠᠯ ᠬᠦᠴᠤᠨ ᠢ ᠨᠢᠭᠳᠠᠷᠠᠭᠤᠯᠤᠨ᠎ᠠ᠃ ᠠᠵᠢᠯ ᠲᠥᠷᠥᠯ ᠤᠨ ᠲᠤᠰᠬᠠᠢ ᠮᠡᠷᠬᠡᠵᠢᠯᠳᠠᠨ ᠢᠶᠠᠷ | ᠳᠤᠰᠬᠠᠢ ᠰᠡᠳᠤᠪᠳᠤ ᠳᠠᠶᠢᠯᠤᠮᠵᠢ ᠬᠢᠯᠬᠡᠵᠤ᠂ ᠬᠤᠳᠠᠯᠳᠤᠭ᠎ᠠ ᠡᠵᠡᠩᠨᠡᠯᠳᠠ ᠶᠢᠨ ᠤᠷᠴᠢᠨ ᠢ ᠰᠢᠯᠢᠳᠡᠭᠵᠢᠬᠦᠯᠬᠦ ᠲᠦᠷᠤ | ᠶᠢᠨ ᠪᠤᠳᠤᠯᠭ᠎ᠠ ᠠᠷᠭ᠎ᠠ ᠠᠪᠴᠠᠯ ᠢ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠳᠤ ᠤᠬᠠᠭᠤᠯᠵᠤ᠂ ᠪᠠᠶᠢᠴᠠᠭᠠᠯᠳᠠ | ᠶᠢᠨ ᠬᠠᠭᠤᠳᠠᠰᠤ ᠳᠠᠷᠬᠠᠭᠠᠬᠤ᠂ ᠰᠠᠭᠤᠳᠠᠯ ᠤᠨ ᠬᠤᠷᠠᠯ ᠬᠢᠬᠦ᠂ ᠠᠬᠤᠢ ᠳᠠᠯᠠᠪᠠᠢ ᠳᠤ ᠪᠠᠶᠢᠴᠠᠭᠠᠨ ᠰᠤᠳᠤᠯᠬᠤ᠂ | ᠭᠤᠷᠪᠠᠳᠤᠭᠠᠷ ᠳᠠᠯ᠎ᠠ ᠠᠴᠠ ᠦᠨᠡᠯᠡᠬᠦ ᠵᠡᠷᠬᠡ ᠠᠷᠭ᠎ᠠ ᠠᠪᠴᠠᠯ ᠢᠶᠠᠷ ᠠᠯᠪᠠᠨ ᠪᠠᠶᠢᠭᠤᠯᠭ᠎ᠠ ᠶᠢᠨ ᠺᠠᠳ᠋ᠷ ᠠᠵᠢᠯᠳᠠᠳ ᠤᠨ | ᠥᠵᠡᠯ ᠰᠠᠨᠠᠭᠠᠨ ᠤ ︽ᠵᠠᠰᠠᠭ ᠤᠨ ᠤᠷᠳᠤᠨ ᠤ ᠰᠡᠤᠨᠬᠢᠮᠵᠢ︾ ᠠᠴᠠ ︽ᠠᠷᠠᠤᠨ ᠢᠶᠠᠷ ᠦᠨᠳᠤᠰᠤᠯᠡᠬᠦ ᠰᠡᠤᠨᠬᠢᠮᠵᠢ︾ | ᠂ ︽ᠠᠵᠤ ᠠᠬᠤᠶᠢᠯᠠᠯ ᠤᠨ ᠬᠠᠷᠠᠭᠠᠰᠤ︾ ᠳᠠᠶᠢᠰᠢᠬᠢ ᠰᠢᠯᠵᠢᠯᠳᠠ ᠶᠢ ᠠᠬᠢᠭᠤᠯᠵᠤ᠂ ︽ᠬᠡᠷᠬᠢᠨ ᠬᠢᠬᠦ︾ ᠬᠡᠰᠡᠨ ᠢ | ᠢᠯᠡᠬᠦᠬᠡᠨ ᠪᠤᠳᠤᠯᠬᠢᠯᠡᠨ᠂ ︽ᠬᠢᠵᠤ ᠪᠤᠯᠬᠤ ᠦᠬᠡᠢ︾ ᠬᠡᠰᠡᠨ ᠢ ᠪᠤᠯᠭᠤᠮᠵᠢᠯᠡᠨ ᠬᠡᠯᠡᠵᠤ᠂ ᠦᠨᠡᠨᠬᠦ ︽ᠦᠵᠡᠯ | ᠰᠠᠨᠠᠭᠠᠨ ᠤ ᠴᠢᠯᠤᠬᠡᠯᠡᠯᠳᠠ︾ ᠪᠠᠷ ᠢᠶᠠᠨ ᠬᠠᠮᠳᠤ ᠶᠢᠨ ᠦᠵᠡᠯᠳᠠ ᠶᠢ ᠨᠢᠭᠳᠠᠷᠠᠭᠤᠯᠵᠤ᠂ ︽ᠬᠦᠮᠤᠨ ᠪᠥᠭᠦᠳᠡ᠂ | ᠤᠴᠢᠷ ᠪᠤᠯᠭᠠᠨ ᠬᠤᠳᠠᠯᠳᠤᠭ᠎ᠠ ᠡᠵᠡᠩᠨᠡᠯᠳᠠ ᠶᠢᠨ ᠤᠷᠴᠢᠨ ᠳᠤᠭᠤᠷᠢᠨ ᠲᠠᠢ ᠬᠤᠯᠪᠤᠭᠳᠠᠬᠤ︾ ᠦᠵᠡᠯ ᠤᠬᠠᠮᠰᠠᠷ ᠢ | ᠪᠤᠢ ᠪᠤᠯᠭᠠᠨ᠂ ᠠᠳᠠᠯ ᠥᠢᠯᠡᠰ ᠪᠥᠳᠥᠭᠡᠭᠦ ᠢᠳᠡᠭᠡᠯ ᠢᠶᠠᠨ ᠭᠥᠪᠴᠢᠯᠡᠨᠡ᠃ ᠰᠣᠷᠲᠠᠯ ᠤᠨ ᠬᠤᠪᠢᠷᠠᠭᠤᠯᠤᠯᠳᠠ ᠪᠠᠷ | ᠰᠢᠪᠳᠤᠯᠤᠯᠳᠠ ᠪᠤᠯᠭᠠᠨ ᠵᠠᠮ ᠨᠡᠬᠡᠬᠡᠨ ᠤᠷᠤᠭᠰᠢᠯᠡᠨᠡ᠃ ᠦᠢᠯᠡᠴᠢᠯᠡᠭᠡᠨ ᠤ ᠰᠠᠯᠠᠭ᠎ᠠ ᠮᠦᠴᠢᠷ ᠤᠨ ᠰᠣᠷᠲᠠᠯ | ᠴᠡᠭᠴᠡᠯᠡᠯᠳᠠ ᠶᠢᠨ ᠲᠤᠰᠬᠠᠢ ᠲᠦᠷᠦᠯ ᠤᠨ ᠠᠵᠢᠯᠯᠠᠭᠠᠨ ᠢ ᠬᠦᠨᠵᠡᠭᠡᠢ ᠦᠷᠨᠢᠬᠦᠯᠵᠦ᠂ ᠭᠤᠤᠯᠳᠠᠯᠭᠠᠲᠤ ᠬᠦᠷᠢᠶ᠎ᠡ | ᠴᠠᠷᠠᠭ᠎ᠠ᠂ ᠵᠠᠩᠭᠢᠯᠠᠭ᠎ᠠ ᠭᠤᠭᠴᠤᠭᠠᠨ ᠳᠤ ᠨᠠᠶᠢᠲᠡᠮ ᠣᠷᠣᠰᠢᠵᠦ ᠪᠦᠬᠦᠢ ᠳᠤᠰᠬᠠᠯ ᠴᠢᠩᠭ᠎ᠠ᠂ ᠵᠠᠰᠠᠯᠲᠠ ᠬᠢᠬᠡᠳ | ᠴᠡᠭᠴᠡᠯᠡᠭᠳᠡᠭᠡᠬᠦᠢ ᠳᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠦᠨ᠂ ᠳᠦᠷᠢᠮ ᠲᠤᠭᠲᠠᠭᠠᠯ ᠢᠶᠠᠷ | ᠵᠠᠯᠬᠠᠭᠠᠨ ᠴᠡᠭᠡᠷᠯᠡᠬᠦᠯᠬᠦ᠂ ᠬᠦᠮᠤᠵᠢᠬᠦᠯᠤᠨ ᠵᠢᠯᠤᠭᠤᠤᠨᠬᠤ ᠶᠢ ᠬᠠᠮᠳᠤ ᠳᠤ ᠨᠢ ᠡᠷᠴᠢᠮᠵᠢᠬᠦᠯᠬᠦ ᠶᠢ ᠪᠠᠷᠢᠮᠲᠠᠯᠠᠵᠤ᠂ | ᠬᠤᠳᠠᠯᠳᠤᠭ᠎ᠠ ᠡᠵᠡᠩᠨᠡᠬᠦ ᠤᠷᠴᠢᠨ ᠢ ᠪᠤᠬᠢᠷᠳᠤᠭᠤᠯᠵᠤ ᠪᠠᠶᠢᠭ᠎ᠠ ︽ᠰᠣᠷᠲᠠᠯ ᠤᠨ ᠸᠢᠷᠦ᠋ᠰ︾ ᠢ ᠡᠷᠡᠰ ᠴᠢᠩᠭ᠎ᠠ ᠪᠠᠷ | ᠠᠷᠢᠯᠭᠠᠨ᠎ᠠ᠃ ᠠᠵᠤ ᠠᠬᠤᠶᠢᠯᠠᠯ ᠤᠨ ᠪᠦᠬᠦ ᠦᠶᠡᠯᠡᠬᠦ ᠬᠤᠭᠤᠴᠠᠭᠠᠨ ᠤ ᠦᠢᠯᠡᠴᠢᠯᠡᠭᠡᠨ ᠤ ᠬᠡᠯᠬᠢᠶᠡᠵᠢᠯ ᠢ | ᠪᠠᠶᠢᠭᠤᠯᠤᠨ᠂ ᠲᠦᠷᠦᠯ ᠵᠦᠢᠯ ᠢ ᠡᠬᠦᠰᠬᠡᠬᠦ᠂ ᠪᠠᠶᠢᠴᠠᠭᠠᠨ ᠦᠵᠡᠬᠦ᠂ ᠵᠦᠪᠳᠡᠯᠴᠡᠬᠦ᠂ ᠭᠡᠷ᠎ᠡ ᠪᠠᠶᠢᠭᠤᠯᠬᠤ ᠠᠴᠠ | ᠪᠠᠷᠢᠯᠭ᠎ᠠ ᠡᠬᠢᠯᠡᠬᠦᠯᠬᠦ᠂ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠬᠤ ᠪᠦᠬᠦ ᠶᠠᠪᠤᠴᠠ ᠶᠢᠨ ᠠᠰᠠᠷᠠᠭᠴᠢ | ᠮᠠᠶ᠋ᠢᠭ ᠤᠨ ᠦᠢᠯᠡᠴᠢᠯᠡᠭᠡᠨ ᠤ ᠲᠤᠭᠲᠠᠴᠠ ᠶᠢ ᠪᠠᠶᠢᠭᠤᠯᠵᠤ᠂ ᠰᠠᠷ᠎ᠠ ᠪᠤᠯᠭᠠᠨ ᠨᠢᠭᠡ ᠤᠳᠠᠭ᠎ᠠ ︽ᠠᠵᠤ ᠠᠬᠤᠶᠢᠯᠠᠯ | ᠤᠨ ᠬᠡᠷᠡᠭᠴᠡᠭᠡ ᠱᠠᠭᠠᠷᠳᠠᠯᠭ᠎ᠠ ᠶᠢᠨ ᠰᠠᠭᠤᠳᠠᠯ ᠤᠨ ᠬᠤᠷᠠᠯ︾ ᠢ ᠵᠤᠬᠢᠶᠠᠨ ᠪᠠᠶᠢᠭᠤᠯᠤᠨ᠂ ᠵᠠᠰᠠᠭ ᠠᠵᠤ ᠠᠬᠤᠶᠢᠯᠠᠯ | ᠤᠨ ᠬᠠᠷᠢᠯᠴᠠᠭ᠎ᠠ ᠶᠢ ᠪᠠᠶᠢᠩᠭᠤᠵᠢᠭᠤᠯᠤᠨ ᠠᠬᠢᠭᠤᠯᠵᠤ᠂ ︽ᠲᠤᠲᠤᠨᠤ ᠴᠢᠬᠡᠴᠢ︾ ᠰᠢᠨ᠎ᠡ ᠬᠡᠯᠪᠡᠷᠢ ᠶᠢᠨ ᠵᠠᠰᠠᠭ | ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠤᠨ᠂ ᠺᠠᠳ᠋ᠷᠴᠣᠳ ᠤᠨ ᠰᠠᠶᠢᠨ ᠰᠣᠷᠲᠠᠯ ᠢᠶᠠᠷ ᠠᠵᠤ ᠠᠬᠤᠶᠢᠯᠠᠯ ᠪᠠ | ᠣᠯᠠᠨ ᠲᠦᠮᠡᠨ ᠤ ᠰᠠᠶᠢᠰᠢᠶᠠᠯ ᠢ ᠦᠨᠡᠨ ᠬᠦ ᠣᠯᠵᠣ᠂ ᠬᠤᠳᠠᠯᠳᠤᠭ᠎ᠠ ᠡᠵᠡᠩᠨᠡᠬᠦ ᠰᠠᠶᠢᠨ ᠣᠷᠴᠢᠨ ᠢ | ᠪᠦᠷᠢᠯᠳᠤᠬᠦᠯᠤᠨ᠎ᠠ᠃ ᠰᠢᠪᠲᠤᠯᠤᠯᠲᠠ ᠶᠢᠨ ᠠᠵᠢᠯᠯᠠᠭ᠎ᠠ ᠪᠠᠷ ᠦᠨᠳᠦᠷ ᠪᠦᠳᠤᠮᠵᠢ ᠶᠢ ᠠᠬᠢᠭᠤᠯᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ ᠰᠢᠯᠢᠳᠡᠭᠵᠢᠬᠦᠯᠦᠯᠲᠡ ᠶᠢᠨ ᠬᠤᠶᠠᠷ ᠵᠢᠯ ᠤᠨ | ᠰᠢᠪᠳᠤᠯᠤᠯᠳᠠ ᠶᠢᠨ ᠠᠵᠢᠯᠯᠠᠭᠠᠨ ᠤ ᠲᠦᠰᠦᠯ ᠢ ᠲᠤᠭᠲᠠᠭᠠᠨ᠂ ᠱᠠᠲᠤ ᠱᠠᠲᠤ ᠪᠠᠷ ᠡᠬᠦᠷᠭᠡ ᠬᠤᠪᠢᠶᠠᠷᠢᠯᠠᠨ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠎ᠠ᠃ ᠱᠠᠭᠠᠷᠳᠠᠨ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠳᠤᠰᠢᠶᠠᠯᠳᠤ ᠰᠠᠯᠠᠭ᠎ᠠ ᠮᠦᠴᠢᠷ ᠤᠨ ᠬᠤᠳᠠᠯᠳᠤᠭ᠎ᠠ ᠡᠵᠡᠩᠨᠡᠬᠦ | ᠣᠷᠴᠢᠨ ᠢ ᠰᠢᠯᠢᠳᠡᠭᠵᠢᠬᠦᠯᠬᠦ ᠠᠵᠢᠯ ᠤᠨ ᠲᠤᠭᠲᠠᠮᠠᠯ ᠬᠤᠭᠤᠴᠠᠭ᠎ᠠ ᠲᠠᠢ ᠦᠨᠡᠯᠡᠯᠳᠠ ᠶᠢᠨ ᠲᠦᠷᠢᠮ ᠢ | ᠬᠡᠷᠡᠭᠵᠢᠬᠦᠯᠦᠨ᠂ ᠬᠤᠳᠠᠯᠳᠤᠭ᠎ᠠ ᠡᠵᠡᠩᠨᠡᠬᠦ ᠣᠷᠴᠢᠨ ᠤ ᠰᠢᠯᠢᠳᠡᠭᠵᠢᠬᠦᠯᠦᠯᠲᠡ ᠶᠢ ᠪᠦᠲᠦᠮᠵᠢ ᠶᠢᠨ ᠬᠢᠨᠠᠨ ᠰᠢᠯᠭᠠᠯᠲᠠ | ᠳᠤ ᠣᠷᠣᠭᠤᠯᠵᠣ᠂ ᠭᠡᠳᠡᠷᠬᠦ ᠱᠠᠯᠠᠪᠳᠠᠭᠤᠯᠬᠤ ᠲᠤᠭᠲᠠᠴᠠ ᠶᠢ ᠪᠦᠷᠢᠯᠳᠤᠬᠦᠯᠤᠨ᠎ᠠ᠃ ᠦᠨᠡᠨᠴᠢ ᠢᠳᠡᠬᠡᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠨᠡᠩ ᠡᠷᠬᠡ ᠳᠡᠭᠰᠢ᠂ ᠨᠡᠩ ᠪᠣᠯᠪᠠᠰᠣᠷᠠᠩᠭᠤᠢ ᠵᠠᠬ᠎ᠠ ᠳᠡᠯᠭᠡᠭᠦᠷ | ᠤᠨ ᠣᠷᠴᠢᠨ ᠠᠬᠤᠢ ᠶᠢ ᠪᠦᠬᠦ ᠬᠦᠴᠦᠨ ᠢᠶᠠᠷ ᠪᠦᠷᠢᠯᠳᠤᠬᠦᠯᠤᠨ᠎ᠠ᠃ ︽ᠬᠠᠤᠯᠢ ᠳᠤ ᠴᠠᠭᠠᠵᠠᠯᠠᠬᠤ ᠦᠭᠡᠢ ᠵᠦᠢᠯᠡᠰ | ᠢ ᠬᠢᠬᠦ︾ ᠶᠢ ᠪᠠᠷᠢᠮᠲᠠᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠬᠦ | ᠲᠦᠷᠦ ᠶᠢᠨ ᠪᠣᠳᠣᠯᠭ᠎ᠠ ᠶᠢᠨ ᠠᠷᠭ᠎ᠠ ᠠᠪᠴᠠᠯ ᠢ ᠨᠠᠶᠢᠲᠠᠪᠤᠷᠢᠵᠢᠭᠤᠯᠤᠨ᠂ ᠠᠵᠤ ᠠᠬᠤᠶᠢᠯᠠᠯᠲᠠᠨ ᠤ ᠬᠠᠤᠯᠢ ᠶᠤᠰᠤᠨ | ᠤ ᠡᠷᠬᠡ ᠠᠰᠢᠭ ᠢ ᠬᠠᠤᠯᠢ ᠶᠤᠰᠤᠭᠠᠷ ᠬᠠᠮᠠᠭᠠᠯᠠᠵᠤ᠂ ᠠᠵᠤ ᠠᠬᠤᠶᠢᠯᠠᠯ ᠤᠨ ᠬᠡᠪ ᠤᠨ ᠤᠶᠢᠯᠡᠤᠨᠪᠤᠷᠢᠯᠡᠯ | ᠡᠵᠡᠩᠨᠡᠯᠳᠠ ᠶᠢ ᠪᠠᠲᠤᠯᠠᠨ᠂ ᠨᠡᠩ ᠲᠤᠭᠲᠠᠭᠤᠨ᠂ ᠨᠡᠩ ᠡᠷᠡᠮᠡᠯᠵᠡᠯ ᠲᠠᠢ ᠬᠠᠣᠯᠢ ᠪᠠᠷ ᠵᠠᠰᠠᠬᠤ ᠣᠷᠴᠢᠨ ᠢ ᠪᠦᠬᠦ | ᠬᠦᠴᠦᠨ ᠢᠶᠠᠷ ᠪᠦᠳᠤᠬᠡᠨᠡ᠃ ᠴᠢᠳᠠᠪᠤᠷᠢᠲᠠᠨ ᠢ ᠲᠠᠲᠠᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠬᠦᠯᠵᠦ᠂ | ᠴᠢᠳᠠᠪᠤᠷᠢᠲᠠᠨ ᠢ ᠣᠷᠣᠭᠤᠯᠣᠨ ᠠᠪᠴᠢᠷᠠᠬᠤ᠂ ᠰᠠᠶᠢᠲᠤᠷ ᠬᠡᠷᠡᠭᠯᠡᠬᠦ᠂ ᠦᠯᠡᠳᠡᠭᠡᠨ ᠠᠪᠬᠤ ᠶᠢ ᠨᠡᠩ ᠴᠢᠬᠤᠯᠠᠴᠢᠯᠠᠨ᠂ | ᠨᠡᠩ ᠪᠠᠭᠲᠠᠭᠠᠮᠵᠢᠲᠠᠢ᠂ ᠨᠡᠩ ᠴᠢᠯᠦᠭᠡᠲᠡᠢ ᠴᠢᠳᠠᠪᠤᠷᠢᠲᠠᠨ ᠤ ᠤᠷᠴᠢᠨ ᠢ ᠪᠦᠷᠢᠯᠳᠤᠬᠦᠯᠤᠨ᠎ᠠ᠃ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠲᠦᠪᠯᠡᠷᠡᠩᠭᠦᠢ ᠪᠠᠷ ᠬᠢᠨᠠᠨ | ᠴᠤᠬᠤᠯᠠᠪᠤᠷᠢᠯᠠᠬᠤ ᠬᠤᠯᠪᠤᠭᠠᠳᠤ ᠲᠤᠭᠲᠠᠴᠠ ᠶᠢ ᠦᠷᠬᠦᠯᠵᠢᠬᠦᠶᠢᠴᠡ ᠠᠬᠢᠭᠤᠯᠤᠨ᠂ ᠵᠠᠰᠠᠭ ᠤᠨ ᠶᠠᠪᠤᠳᠠᠯ ᠤᠨ | ᠤᠶᠢᠯᠡᠴᠢᠯᠡᠭᠡ ᠶᠢ ᠰᠦᠯᠵᠢᠶᠡᠨ ᠳᠡᠭᠡᠷ᠎ᠡ ᠬᠦᠢᠴᠡᠳᠬᠡᠬᠦ᠂ ᠭᠠᠷ ᠤᠲᠠᠰᠣᠨ ᠳᠡᠭᠡᠷ᠎ᠡ ᠬᠦᠢᠴᠡᠳᠬᠡᠬᠦ᠂ ᠣᠶᠢᠷ᠎ᠠ ᠬᠠᠪᠢ | ᠳᠤ ᠬᠦᠢᠴᠡᠳᠬᠡᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠬᠦᠢᠴᠡᠳᠬᠡᠬᠦ ᠪᠠ ᠠᠬᠤᠢ ᠲᠠᠯᠠᠪᠠᠢ ᠳᠤ ᠬᠦᠢᠴᠡᠳᠬᠡᠬᠦ | ᠴᠤᠭᠴᠠᠵᠢᠭᠤᠯᠤᠯᠲᠠ ᠶᠢ ᠪᠡᠶᠡᠯᠡᠬᠦᠯᠦᠨ᠂ ᠨᠡᠩ ᠦᠨᠳᠦᠷ ᠪᠦᠲᠦᠮᠵᠢᠲᠡᠢ᠂ ᠨᠡᠩ ᠰᠢᠯᠢᠳᠡᠭ ᠦᠢᠯᠡᠴᠢᠯᠡᠭᠡᠨ ᠤ | ᠣᠷᠴᠢᠨ ᠠᠬᠤᠢ ᠶᠢ ᠪᠦᠬᠦ ᠬᠦᠴᠦᠨ ᠢᠶᠠᠷ ᠪᠦᠷᠢᠯᠳᠤᠬᠦᠯᠤᠨ᠎ᠠ᠃ ᠲᠤᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠠᠰᠠᠭᠤᠳᠠᠯ ᠤᠨ ᠴᠡᠭᠴᠡᠯᠡᠯᠳᠠ ᠶᠢ ᠴᠢᠩᠭᠠᠳᠬᠠᠵᠤ᠂ ᠳᠦᠷᠢᠮ ᠲᠤᠭᠲᠠᠭᠠᠯ᠂ ᠶᠠᠪᠤᠴᠠ ᠵᠢᠷᠤᠮᠯᠠᠯ᠂ | ᠦᠢᠯᠡᠴᠢᠯᠡᠭᠡ᠂ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠶᠢᠨ ᠪᠠᠭᠤᠷᠠᠢ ᠭᠤᠭᠴᠤᠭᠠᠨ ᠳᠤ ᠠᠩᠬᠠᠷᠤᠯ ᠢᠶᠠᠨ | ᠲᠦᠪᠯᠡᠷᠡᠬᠦᠯᠦᠨ᠂ ᠪᠤᠢ ᠪᠦᠬᠦᠢ ᠠᠰᠠᠭᠤᠳᠠᠯ ᠢ ᠴᠡᠭᠴᠡᠯᠡᠨ ᠵᠠᠰᠠᠵᠤ ᠤᠷᠤᠨᠵᠢᠭᠤᠯᠬᠤ ᠶᠢ ᠪᠠᠳᠤᠯᠠᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠬᠦᠯᠬᠦ ᠰᠢᠨ᠎ᠡ ᠠᠷᠭ᠎ᠠ ᠠᠪᠴᠠᠯ ᠰᠢᠨ᠎ᠡ ᠦᠷ᠎ᠡ ᠪᠦᠲᠦᠮᠵᠢ | ᠶᠢ ᠶᠡᠬᠡᠪᠡᠷ ᠣᠬᠠᠭᠤᠯᠵᠤ᠂ ᠠᠵᠤ ᠠᠬᠤᠶᠢᠯᠠᠯ᠂ ᠣᠯᠠᠨ ᠲᠦᠮᠡᠨ ᠢᠶᠠᠷ ᠬᠢᠨᠠᠯᠲᠠ ᠳᠠᠯᠪᠢᠭᠤᠯᠤᠨ᠂ ︽ᠬᠦᠮᠦᠨ | ᠪᠦᠬᠦᠨ ᠣᠷᠣᠯᠴᠠᠬᠤ᠂ ᠬᠦᠮᠦᠨ ᠪᠣᠯᠭᠠᠨ ᠬᠢᠨᠠᠯᠲᠠ ᠲᠠᠯᠪᠢᠬᠤ︾ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠤᠨ | ᠪᠠᠶᠢᠭᠤᠯᠤᠯᠲᠠ ᠶᠢᠨ ᠠᠬᠤᠢ ᠪᠠᠶᠢᠳᠠᠯ ᠢ ᠪᠣᠢ ᠪᠣᠯᠭᠠᠬᠤ ᠶᠢ ᠠᠬᠢᠭᠤᠯᠤᠨ᠎ᠠ᠃ | ︵ᠲᠠᠪᠤ︶ ᠦᠨᠳᠦᠷ ᠬᠢᠷᠢ ᠳᠦᠪᠰᠢᠨ ᠲᠠᠢ ᠪᠠᠷ ᠲᠦᠯᠤᠪᠵᠢᠬᠦᠯᠬᠦ ᠶᠢ ᠪᠠᠷᠢᠮᠲᠠᠯᠠᠵᠤ᠂ ᠣᠷᠣᠰᠢᠨ ᠰᠠᠭᠤᠬᠤ | ᠦᠢᠡᠯᠰ ᠪᠦᠲᠦᠭᠡᠬᠦ ᠳᠤ ᠳᠤᠬᠢᠳᠠᠢ ᠨᠤᠳᠤᠭ ᠤᠷᠤᠨ ᠢ ᠴᠤᠭᠴᠠᠯᠠᠨ᠎ᠠ᠃ ᠣᠯᠣᠰ ᠤᠨ ᠨᠣᠲᠤᠭ ᠳᠡᠪᠢᠰᠭᠡᠷ ᠤᠨ | ᠣᠷᠣᠨ ᠵᠠᠢ ᠶᠢᠨ ᠶᠠᠷᠦᠩᠬᠡᠢ ᠴᠤᠭᠴᠠ ᠶᠢᠨ ᠲᠦᠯᠦᠪᠵᠢᠬᠦᠯᠭᠡ ᠶᠢ ᠲᠤᠭᠤᠷᠪᠢᠨ ᠨᠠᠶᠢᠷᠠᠭᠤᠯᠬᠤ ᠶᠢ ᠲᠦᠷᠭᠡᠳᠬᠡᠵᠦ᠂ | ︽ᠣᠯᠠᠨ ᠲᠦᠯᠦᠪᠵᠢᠬᠦᠯᠭᠡ ᠶᠢ ᠨᠢᠬᠡᠳᠬᠡᠬᠦ︾ ᠶᠢ ᠠᠬᠢᠭᠤᠯᠤᠨ᠂ ᠬᠤᠲᠠ ᠪᠠᠯᠭᠠᠰᠣᠨ ᠤ ᠬᠡᠪ ᠴᠢᠨᠰᠠᠭ᠎ᠠ ᠶᠢ | ᠳᠡᠭᠡᠭᠰᠢᠯᠡᠬᠦᠯᠵᠦ᠂ ᠦᠪᠡᠷᠮᠢᠴᠡ ᠣᠨᠴᠠᠯᠢᠭᠲᠤ ᠬᠦᠳᠡᠭᠡ ᠲᠤᠰᠬᠤᠨ ᠢ ᠪᠠᠶᠢᠭᠤᠯᠤᠨ᠂ ᠬᠤᠲᠠ ᠬᠦᠳᠡᠭᠡ ᠶᠢᠨ | ᠬᠦᠭᠵᠢᠬᠦᠯᠦᠯᠲᠡ ᠶᠢᠨ ᠬᠡᠪ ᠳᠦᠷᠬᠦ ᠶᠢ ᠨᠡᠩ ᠭᠡᠭᠡᠮᠰᠦᠭ᠂ ᠠᠭᠤᠯᠬᠤᠨ ᠢ ᠨᠡᠩ ᠬᠦᠨᠵᠡᠬᠡᠢ᠂ ᠪᠠᠶᠢᠷᠢᠯᠠᠭᠤᠯᠤᠯᠲᠠ | ᠶᠢ ᠨᠡᠩ ᠰᠢᠯᠢᠳᠡᠭ ᠪᠤᠯᠭᠠᠨ᠎ᠠ᠃ ᠬᠤᠲᠠ ᠪᠠᠯᠭᠠᠰᠤ ᠶᠢ ᠰᠢᠨᠡᠴᠢᠯᠡᠬᠦ ᠠᠵᠢᠯᠯᠠᠭ᠎ᠠ ᠶᠢ ᠨᠠᠶᠢᠳᠠᠪᠤᠷᠢᠵᠢᠭᠤᠯᠤᠨ᠎ᠠ᠃ | ᠣᠯᠠᠨ ᠲᠦᠮᠡᠨ ᠤ ᠳᠤᠰᠬᠠᠯ ᠳᠣᠪᠣᠶᠢᠮ᠎ᠠ ᠬᠠᠯᠠᠮᠰᠢᠯ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ | ᠬᠠᠭᠤᠴᠢᠨ ᠰᠠᠭᠤᠭᠠᠯᠢ ᠲᠤᠭᠤᠷᠢᠭ ᠤᠨ ᠴᠢᠨᠠᠷ ᠢ ᠳᠡᠭᠡᠭᠰᠢᠯᠡᠬᠦᠯᠬᠦ ᠦᠭᠡᠷᠡᠴᠢᠯᠡᠯᠲᠡ ᠶᠢ ᠲᠦᠷᠭᠡᠳᠬᠡᠨ᠂ ᠬᠤᠲᠠ ᠶᠢᠨ | ᠶᠠᠪᠤᠳᠠᠯ ᠤᠨ ᠰᠠᠭᠤᠷᠢ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠰᠣᠷᠭᠠᠭᠤᠯᠢ ᠶᠢᠨ ᠲᠤᠭᠤᠷᠢᠨ ᠤ ᠲᠡᠷᠭᠡᠨ | ᠵᠤᠭᠰᠣᠭᠠᠯ ᠤᠨ ᠲᠦᠷᠦᠯ ᠵᠦᠢᠯ ᠢ ᠬᠡᠷᠡᠭᠵᠢᠬᠦᠯᠦᠨ᠂ ᠱᠠᠩᠬᠠᠢ ᠶᠢᠨ ᠰᠦᠮ᠎ᠡ ᠶᠢᠨ ᠰᠢᠯᠵᠢᠭᠰᠡᠨ ᠮᠠᠯᠴᠢᠨ | ᠲᠠᠷᠢᠶᠠᠴᠢᠨ ᠤ ᠰᠠᠭᠤᠭᠠᠯᠢ ᠲᠤᠭᠤᠷᠢᠭ ᠤᠨ ᠳᠦᠬᠦᠭᠡᠷᠦᠮᠵᠢ ᠪᠦᠷᠢᠨ ᠪᠤᠰᠤ᠂ ᠭᠡᠷ ᠪᠠᠶᠢᠰᠢᠩ ᠭᠤᠭᠤᠵᠢᠬᠤ ᠵᠡᠷᠭᠡ | ᠠᠰᠠᠭᠤᠳᠠᠯ ᠢ ᠡᠷᠴᠢᠮᠲᠡᠢ ᠰᠢᠢᠤᠨᠪᠤᠷᠢᠯᠡᠨ᠎ᠡ᠃ ᠬᠤᠭ ᠨᠣᠪᠰᠢ ᠶᠢᠨ ᠲᠦᠷᠦᠯ ᠬᠤᠪᠢᠶᠠᠯᠳᠠ ᠶᠢ ᠬᠦᠨᠵᠡᠭᠡᠢ | ᠠᠬᠢᠭᠤᠯᠵᠦ᠂ ᠣᠯᠵᠠᠴᠢ ᠪᠠᠯᠭᠠᠰᠣᠨ ᠳᠤ ᠵᠢᠵᠢᠭ ᠬᠡᠯᠪᠡᠷᠢ ᠶᠢᠨ ᠬᠤᠭ ᠨᠣᠪᠰᠢ ᠶᠢ ᠰᠢᠯᠵᠢᠬᠦᠯᠤᠨ ᠳᠡᠬᠡᠬᠡᠪᠤᠷᠢᠯᠡᠬᠦ | ᠦᠷᠲᠡᠭᠡ ᠪᠠ ᠪᠣᠬᠢᠷ ᠣᠰᠣ ᠴᠤᠭᠯᠠᠭᠤᠯᠬᠤ ᠠᠮᠠᠰᠠᠷ ᠢ ᠪᠠᠶᠢᠭᠤᠯᠤᠨ᠎ᠠ᠃ ᠨᠠᠩᠰᠣ ᠪᠠᠯᠭᠠᠰᠣ ᠰᠠᠭᠤᠷᠢ ᠳᠦᠬᠦᠭᠡᠷᠦᠮᠵᠢ | ᠪᠠ ᠤᠯᠠᠨ ᠨᠠᠶᠢᠲᠠ ᠶᠢᠨ ᠦᠢᠯᠡᠴᠢᠯᠡᠭᠡᠨ ᠤ ᠲᠤᠲᠠᠭᠤᠳᠠᠯ ᠢᠶᠠᠨ ᠣᠯᠠᠮ ᠨᠢᠭᠡ ᠠᠯᠬᠤᠮ ᠨᠦᠬᠦᠪᠦᠷᠢᠯᠡᠬᠦ ᠶᠢ | ᠳᠡᠮᠵᠢᠨ᠎ᠠ᠃ ᠮᠠᠯᠵᠢᠬᠤ ᠲᠠᠷᠢᠶᠠᠯᠠᠬᠤ ᠤᠷᠤᠨ ᠤ 4G᠂ ᠬᠤᠲᠠ ᠪᠠᠯᠭᠠᠰᠣᠨ ᠤ 5G ᠵᠡᠷᠭᠡ ᠰᠢᠨ᠎ᠡ ᠰᠠᠭᠤᠷᠢ | ᠦᠷᠳᠡᠬᠡᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢ ᠲᠦᠷᠭᠡᠳᠬᠡᠨ᠂ ᠣᠯᠠᠨ ᠲᠦᠮᠡᠨ ᠤ ᠠᠮᠢᠳᠣᠷᠠᠯ ᠤᠨ ᠬᠡᠪ | ᠴᠢᠨᠰᠠᠭ᠎ᠠ ᠶᠢ ᠲᠠᠰᠣᠷᠠᠯᠲᠠ ᠦᠭᠡᠢ ᠳᠡᠬᠡᠭᠰᠢᠯᠡᠬᠦᠯᠤᠨ᠎ᠠ᠃ ᠬᠦᠳᠡᠭᠡ ᠲᠤᠰᠬᠤᠨ ᠤ ᠪᠠᠶᠢᠭᠤᠯᠤᠯᠲᠠ ᠶᠢᠨ ᠠᠵᠢᠯᠯᠠᠭ᠎ᠠ | ᠶᠢ ᠨᠠᠶᠢᠳᠠᠪᠤᠷᠢᠵᠢᠭᠤᠯᠤᠨ᠎ᠠ᠃ ᠠᠶᠢᠯ ᠲᠤᠰᠬᠤᠨ ᠤ ᠪᠦᠬᠦᠯᠢ ᠴᠤᠭᠴᠠ ᠶᠢᠨ ᠲᠦᠯᠦᠪᠵᠢᠬᠦᠯᠭᠡ ᠶᠢ ᠣᠯᠠᠮ ᠨᠢᠭᠡ | ᠠᠯᠬᠤᠮ ᠲᠡᠭᠦᠯᠳᠡᠷᠵᠢᠬᠦᠯᠵᠦ᠂ ᠰᠢᠨᠵᠢᠯᠡᠬᠦ ᠣᠬᠠᠭᠠᠨᠴᠢ ᠵᠦᠢ ᠵᠤᠬᠢᠰᠳᠠᠢ ᠬᠦᠳᠡᠭᠡ ᠲᠤᠰᠬᠤᠨ ᠤ ᠣᠷᠣᠨ ᠵᠠᠢ ᠶᠢᠨ | ᠪᠠᠶᠢᠷᠢᠯᠠᠭᠤᠯᠤᠯᠲᠠ ᠶᠢ ᠪᠦᠷᠢᠯᠳᠤᠬᠦᠯᠤᠨ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠤᠭᠤᠷᠢᠨ ᠢ ᠴᠡᠭᠴᠡᠯᠡᠨ ᠳᠡᠭᠡᠭᠰᠢᠯᠡᠬᠦᠯᠬᠦ ᠲᠠᠪᠤᠨ ᠵᠢᠯ ᠤᠨ ᠠᠵᠢᠯᠯᠠᠭ᠎ᠠ ᠶᠢ ᠨᠠᠶᠢᠲᠠᠪᠤᠷᠢᠵᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠦᠮᠴᠢᠯᠡᠯ ᠤᠨ ᠡᠷᠬᠡ ᠶᠢᠨ ᠳᠦᠷᠢᠮ ᠤᠨ ᠦᠭᠡᠷᠡᠴᠢᠯᠡᠯᠲᠡ ᠶᠢ ᠬᠦᠨᠵᠡᠭᠡᠢ ᠠᠬᠢᠭᠤᠯᠤᠨ᠂ | ᠬᠤᠰᠢᠭᠤ ᠪᠠᠯᠭᠠᠰᠤ ᠭᠠᠴᠠᠭ᠎ᠠ ᠲᠤᠰᠬᠤᠨ ᠭᠤᠷᠪᠠᠨ ᠱᠠᠲᠤᠨ ᠤ ᠪᠤᠳᠠᠰ ᠤᠨ ᠬᠦᠢᠯᠭᠡᠭᠡᠨ ᠤ ᠰᠢᠰᠲ᠋ᠧᠮ ᠢ | ᠲᠡᠭᠦᠯᠳᠡᠷᠵᠢᠬᠦᠯᠵᠦ᠂ ᠬᠦᠳᠡᠭᠡ ᠲᠤᠰᠬᠤᠨ ᠤ ᠵᠠᠰᠠᠮᠠᠯ ᠵᠠᠮ ᠢ ᠬᠡᠷᠡᠭᠴᠡᠭᠡ ᠶᠤᠰᠤᠭᠠᠷ ᠰᠢᠨ᠎ᠡ ᠪᠠᠷ ᠪᠠᠶᠢᠭᠤᠯᠤᠨ᠂ | ᠦᠪᠡᠷᠲᠡᠭᠡᠨ ᠵᠠᠰᠠᠬᠤ ᠤᠷᠤᠨ ᠤ ︽ᠳᠦᠷᠪᠡᠨ ᠰᠠᠶᠢᠲᠠᠢ ᠬᠦᠳᠡᠭᠡ ᠲᠤᠰᠬᠤᠨ ᠤ ᠵᠠᠮ︾ ᠤᠨ ᠵᠢᠱᠢᠶ᠎ᠡ ᠦᠵᠡᠬᠦᠯᠬᠦ | ᠬᠤᠰᠢᠭᠤ ᠶᠢ ᠴᠤᠭᠴᠠᠯᠠᠨ᠎ᠠ᠃ ᠰᠣᠷᠭᠠᠨ ᠬᠦᠮᠦᠵᠢᠯ᠂ ᠡᠮ ᠡᠮᠨᠡᠯᠭᠡ᠂ ᠰᠢᠨᠵᠢᠯᠡᠭᠡ ᠮᠡᠷᠭᠡᠵᠢᠯ ᠵᠡᠷᠭᠡ ᠦᠢᠯᠡᠴᠢᠯᠡᠬᠡᠨ | ᠤ ᠡᠬᠢ ᠰᠣᠷᠪᠣᠯᠵᠢ ᠬᠤᠤᠰ ᠴᠢᠭᠯᠡᠯ ᠢᠶᠠᠷ ᠨᠡᠪᠲᠡᠷᠡᠯᠴᠡᠬᠦ ᠶᠢ ᠨᠢᠭᠡᠳᠦᠯᠲᠡᠢ ᠲᠦᠯᠦᠪᠵᠢᠬᠦᠯᠵᠦ᠂ ᠬᠤᠲᠠ ᠬᠦᠳᠡᠭᠡ ᠶᠢ | ᠴᠤᠭᠴᠠᠵᠢᠭᠤᠯᠤᠭᠰᠠᠨ ᠲᠠᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ᠃ ᠰᠠᠭᠤᠷᠢ ᠳᠦᠬᠦᠭᠡᠷᠦᠮᠵᠢ ᠶᠢᠨ | ᠲᠦᠬᠦᠷᠴᠢᠯᠡᠯ ᠢ ᠴᠢᠩᠭᠠᠤᠨᠬᠠᠨ᠎ᠠ᠃ ᠬᠤᠶᠠᠷ ᠵᠤᠷᠪᠤᠰ ᠵᠢᠭᠤᠯᠴᠢᠯᠠᠯ ᠤᠨ ᠵᠠᠰᠠᠮᠠᠯ ᠵᠠᠮ ᠳᠡᠷᠬᠡ ᠨᠡᠪᠲᠡᠷᠡᠬᠦ ᠶᠢ ᠪᠦᠬᠦ | ᠬᠦᠴᠦᠨ ᠢᠶᠠᠷ ᠠᠬᠢᠭᠤᠯᠵᠦ᠂ ᠨᠠᠶᠢᠲᠠᠮ ᠬᠡᠷᠡᠭᠯᠡᠭᠡᠨ ᠤ ᠨᠢᠰᠭᠡᠯ ᠤᠨ ᠪᠠᠭᠤᠳᠠᠯ ᠢ ᠦᠭᠡᠷᠡᠴᠢᠯᠡᠵᠦ ᠦᠷᠭᠡᠳᠬᠡᠨ | ᠪᠠᠶᠢᠭᠤᠯᠬᠤ ᠪᠠᠷᠢᠯᠭ᠎ᠠ ᠶᠢ ᠠᠬᠢᠭᠤᠯᠤᠨ᠂ ᠣᠯᠣᠰ ᠤᠨ ᠴᠠᠬᠢᠯᠭᠠᠨ ᠤ ᠱᠤᠸᠠᠩ ᠸᠧᠢ ᠶᠢᠨ ᠴᠠᠬᠢᠯᠭᠠᠨ ᠦᠢᠯᠡᠳᠪᠦᠷᠢ | ᠶᠢᠨ ᠲᠠᠮᠦᠷ ᠵᠠᠮ ᠤᠨ ᠲᠤᠰᠬᠠᠢ ᠱᠤᠭᠤᠮ ᠢ ᠡᠬᠢᠯᠡᠨ ᠪᠠᠶᠢᠭᠤᠯᠵᠤ᠂ ᠪᠠᠷᠠᠭᠤᠨ ᠪᠡᠶ᠎ᠡ ᠶᠢᠨ ᠠᠭᠤᠷᠬᠠᠢ ᠶᠢᠨ ᠣᠷᠣᠨ | ᠤ ᠲᠡᠮᠦᠷ ᠵᠠᠮ ᠤᠨ ᠲᠤᠰᠬᠠᠢ ᠱᠤᠭᠤᠮ ᠪᠠ ᠣᠲᠤᠭ ᠤᠨ ᠡᠮᠦᠨᠡᠲᠦ ᠬᠤᠰᠢᠭᠤ ᠠᠴᠠ ᠱᠠᠩᠬᠠᠢ ᠶᠢᠨ ᠰᠦᠮ᠎ᠡ ᠬᠦᠷᠬᠦ | ᠲᠡᠮᠦᠷ ᠵᠠᠮ ᠤᠨ ᠪᠠᠶᠢᠭᠤᠯᠤᠯᠲᠠ ᠶᠢ ᠲᠦᠷᠭᠡᠳᠬᠡᠵᠦ ᠠᠬᠢᠭᠤᠯᠤᠨ᠂ ᠬᠦᠭᠵᠢᠯᠲᠡ ᠶᠢ ᠲᠤᠯᠭᠠᠭᠤᠷᠢᠯᠠᠬᠤ ᠦᠨᠳᠦᠰᠦᠨ | ᠪᠠᠲᠤᠯᠠᠭ᠎ᠠ ᠶᠢᠨ ᠴᠢᠳᠠᠪᠤᠷᠢ ᠶᠢ ᠳᠡᠬᠡᠭᠰᠢᠯᠡᠬᠦᠯᠤᠨ᠎ᠠ᠃ | ︵ᠵᠢᠷᠭᠤᠭ᠎ᠠ︶ ᠳᠡᠭᠡᠳᠦ ᠵᠤᠭᠰᠤᠴᠠ ᠪᠠᠷ ᠠᠬᠢᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠰᠡᠷᠭᠡᠶᠢᠯᠡᠯᠲᠡ | ᠶᠢᠨ ᠱᠣᠭᠤᠮ ᠢ ᠪᠦᠬᠦ ᠬᠦᠴᠦᠨ ᠢᠶᠠᠷ ᠪᠠᠬᠢᠵᠢᠬᠦᠯᠤᠨ᠎ᠠ᠃ ︽ᠣᠩᠭᠤᠨ ᠲᠠᠷᠬᠠᠨ ᠪᠠᠶᠢᠭᠠᠯᠢ ᠪᠤᠯ ᠦᠨᠡᠯᠡᠰᠢ ᠦᠭᠡᠢ | ᠦᠪ ᠡᠷᠳᠡᠨᠢ︾ ᠬᠡᠬᠦ ᠦᠵᠡᠯᠲᠡ ᠶᠢ ᠬᠦᠨᠵᠡᠭᠡᠢ ᠦᠢᠯᠡᠳᠦᠯᠭᠡᠵᠢᠬᠦᠯᠦᠨ᠂ ᠠᠮᠢ ᠠᠬᠤᠢ ᠣᠷᠴᠢᠨ ᠲᠤᠭᠤᠷᠢᠨ ᠤ | ᠪᠠᠶᠢᠭᠤᠯᠤᠯᠲᠠ ᠶᠢ ᠦᠷᠬᠦᠯᠵᠢᠯᠡᠨ ᠰᠠᠶᠢᠲᠤᠷ ᠠᠳᠬᠤᠵᠤ᠂ ᠪᠣᠬᠢᠷᠳᠣᠯ ᠦᠭᠡᠢ ᠬᠦᠭᠵᠢᠬᠦᠯᠦᠯᠲᠡ ᠶᠢᠨ ᠦᠨᠳᠦᠰᠦ | ᠰᠠᠭᠤᠷᠢ ᠶᠢ ᠰᠠᠶᠢᠲᠤᠷ ᠬᠠᠮᠠᠭᠠᠯᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠤᠨᠬᠠᠨ᠎ᠠ᠃ ᠨᠣᠲᠤᠭ ᠪᠡᠯᠴᠢᠭᠡᠷ᠂ | ᠣᠢ ᠰᠢᠭᠤᠢ ᠪᠠ ᠣᠰᠣᠨ ᠤ ᠡᠬᠢ ᠰᠣᠷᠪᠣᠯᠵᠢ ᠶᠢ ᠰᠠᠶᠢᠳᠤᠷ ᠬᠠᠮᠠᠭᠠᠯᠠᠵᠤ᠂ ᠭᠤᠤᠯ ᠭᠤᠷᠤᠬ᠎ᠠ ᠨᠠᠭᠤᠷ ᠪᠦᠷᠢᠲᠦ | ᠶᠢᠨ ᠲᠠᠷᠤᠭᠠᠴᠢ ᠶᠢᠨ ᠳᠦᠷᠢᠮ ᠪᠠ ᠣᠢ ᠶᠢᠨ ᠲᠠᠷᠤᠭᠠᠴᠢ ᠶᠢᠨ ᠳᠦᠷᠢᠮ ᠢ ᠴᠢᠩᠭ᠎ᠠ ᠬᠡᠷᠡᠭᠵᠢᠬᠦᠯᠦᠨ᠂ ᠮᠠᠯ | ᠪᠡᠯᠴᠢᠭᠡᠷ ᠢ ᠲᠡᠩᠴᠡᠬᠦᠷᠢᠰᠢᠬᠦᠯᠬᠦ᠂ ᠪᠡᠯᠴᠢᠭᠡᠷᠯᠡᠬᠦᠯᠬᠦ ᠶᠢ ᠬᠤᠷᠢᠭᠯᠠᠨ ᠰᠡᠯᠬᠦᠨ ᠮᠠᠯᠵᠢᠬᠤ ᠪᠠ ᠣᠷᠣᠨ ᠬᠤᠪᠢᠶᠠᠨ | ᠡᠭᠡᠯᠵᠢᠯᠡᠨ ᠮᠠᠯᠵᠢᠬᠤ ᠳᠦᠷᠢᠮ ᠪᠠ ᠣᠰᠣᠨ ᠤ ᠡᠬᠢ ᠰᠣᠷᠪᠣᠯᠵᠢ ᠶᠢᠨ ᠬᠠᠮᠢᠶᠠᠷᠤᠯᠲᠠ ᠶᠢᠨ ᠳᠦᠷᠢᠮ ᠢ ᠴᠢᠩᠭ᠎ᠠ | ᠨᠠᠶᠢᠲᠠᠪᠤᠷᠢᠵᠢᠭᠤᠯᠵᠤ᠂ ᠨᠣᠲᠤᠭ ᠪᠡᠯᠴᠢᠭᠡᠷ ᠢ ᠰᠡᠷᠭᠦᠭᠡᠬᠦ᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠬᠦᠷᠤᠰᠤ | ᠰᠢᠷᠤᠢ ᠶᠢᠨ ᠢᠳᠡᠭᠳᠡᠯ ᠢ ᠬᠠᠮᠠᠭᠠᠯᠠᠬᠤ ᠵᠡᠷᠭᠡ ᠭᠤᠤᠯᠳᠠᠯᠭ᠎ᠠ ᠳᠤ ᠰᠠᠭᠤᠷᠢᠯᠠᠵᠤ᠂ ᠨᠡᠩ ᠣᠯᠠᠨ ᠲᠦᠷᠦᠯ ᠵᠦᠢᠯ ᠢ | ᠴᠢᠷᠮᠠᠶᠢᠨ ᠰᠦᠪᠡᠭᠴᠢᠯᠡᠨ ᠤᠯᠵᠤ ᠬᠡᠷᠡᠭᠵᠢᠬᠦᠯᠤᠨ᠎ᠠ᠃ ᠬᠤᠰᠢᠭᠤ ᠳᠠᠶᠠᠭᠠᠷ ᠢᠶᠠᠨ ᠣᠯᠣᠰ ᠤᠨ ᠨᠣᠲᠤᠭ ᠳᠡᠪᠢᠰᠭᠡᠷ ᠢ | ᠤᠶᠢᠵᠢᠭᠤᠯᠬᠤ ᠶᠡᠭᠡ ᠬᠡᠪᠴᠢᠶᠡᠨ ᠤ ᠠᠵᠢᠯᠯᠠᠭ᠎ᠠ ᠦᠷᠨᠢᠬᠦᠯᠵᠦ᠂ ᠲᠤᠬᠠᠢ ᠶᠢᠨ ᠭᠠᠵᠠᠷ ᠲᠤ ᠨᠢ ᠳᠤᠬᠢᠷᠠᠭᠤᠯᠤᠨ | ᠤᠶᠢᠵᠢᠭᠤᠯᠬᠤ ᠶᠢ ᠪᠠᠷᠢᠮᠳᠠᠯᠠᠨ᠂ ᠤᠶᠢᠵᠢᠭᠤᠯᠤᠯᠳᠠ ᠶᠢᠨ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠬᠦᠯᠵᠦ᠂ 13 | ᠲᠦᠮᠡᠨ ᠮᠣ᠋ ᠠᠴᠠ ᠳᠡᠭᠡᠭᠰᠢᠬᠢ ᠣᠯᠣᠰ ᠤᠨ ᠨᠣᠲᠤᠭ ᠳᠡᠪᠢᠰᠭᠡᠷ ᠤᠨ ᠤᠶᠢᠵᠢᠭᠤᠯᠤᠯᠳᠠ᠂ 50 ᠲᠦᠮᠡᠨ ᠮᠤ᠋ | ᠨᠣᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠠᠶᠢᠭᠤᠯᠤᠯᠲᠠ ᠶᠢ ᠵᠢᠯ ᠤᠨ ᠲᠤᠲᠤᠷ᠎ᠠ ᠪᠡᠶᠡᠯᠡᠬᠦᠯᠦᠨ᠂ ᠨᠠᠩᠰᠣ | ᠪᠠᠯᠭᠠᠰᠣᠨ ᠤ ᠵᠠᠭᠤᠨ ᠲᠦᠮᠡᠨ ᠮᠣ᠋ ᠬᠠᠷᠭᠠᠨ᠎ᠠ ᠲᠠᠷᠢᠬᠤ ᠠᠵᠢᠯᠯᠠᠭ᠎ᠠ ᠶᠢ ᠬᠦᠨᠵᠡᠭᠡᠢ ᠠᠬᠢᠭᠤᠯᠵᠤ᠂ ᠠᠮᠢ ᠠᠬᠤᠢ ᠶᠢᠨ | ᠰᠢᠰᠲ᠋ᠧᠮ ᠤᠨ ᠨᠡᠭᠦᠷᠡᠰᠦᠳᠦ᠋ᠷᠦᠭᠴᠢ ᠶᠢᠨ ᠬᠤᠷᠠᠮᠳᠣᠯ ᠤᠨ ᠴᠢᠳᠠᠪᠤᠷᠢ ᠶᠢ ᠡᠷᠴᠢᠮᠲᠡᠢ ᠳᠡᠬᠡᠭᠰᠢᠯᠡᠬᠦᠯᠤᠨ᠎ᠠ᠃ ᠠᠮᠢ | ᠠᠬᠤᠢ ᠶᠢᠨ ᠵᠠᠰᠠᠯᠲᠠ ᠶᠢ ᠴᠢᠩᠭᠠᠤᠨᠬᠠᠨ᠎ᠠ᠃ ᠣᠷᠴᠢᠨ ᠲᠤᠭᠤᠷᠢᠨ ᠤ ᠳᠣᠪᠣᠶᠢᠮ᠎ᠠ ᠠᠰᠠᠭᠤᠳᠠᠯ ᠢ ᠡᠷᠴᠢᠮᠲᠡᠢ | ᠰᠢᠢᠳᠪᠦᠷᠢᠯᠡᠨ᠂ ᠲᠦᠪ᠂ ᠦᠪᠡᠷᠲᠡᠬᠡᠨ ᠵᠠᠰᠠᠬᠤ ᠣᠷᠣᠨ ᠪᠠ ᠬᠤᠲᠠ ᠶᠢᠨ ᠣᠷᠴᠢᠨ ᠬᠠᠮᠠᠭᠠᠯᠠᠯᠲᠠ ᠶᠢᠨ ᠱᠠᠭᠠᠷᠳᠠᠨ | ᠪᠠᠶᠢᠴᠠᠭᠠᠯᠳᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠵᠠᠰᠠᠬᠤ ᠬᠦᠴᠦᠯᠡᠴᠡ ᠪᠠᠨ ᠴᠢᠩᠭᠠᠳᠬᠠᠵᠤ᠂ | ᠬᠤᠰᠢᠭᠤ ᠨᠤᠳᠤᠭ ᠤᠨ ᠣᠰᠣ᠂ ᠬᠦᠷᠦᠰᠦ ᠰᠢᠷᠤᠢ ᠪᠠ ᠠᠭᠠᠷ ᠤᠨ ᠴᠢᠨᠠᠷ ᠢ ᠦᠷᠬᠦᠯᠵᠢᠬᠦᠶᠢᠴᠡ ᠬᠠᠮᠠᠭᠠᠯᠠᠨ | ᠰᠠᠶᠢᠵᠢᠷᠠᠭᠤᠯᠤᠨ᠎ᠠ᠃ ᠣᠰᠣᠨ ᠤ ᠡᠷᠭᠡ ᠶᠢᠨ ᠳᠦᠷᠢᠮ ᠤᠨ ᠦᠭᠡᠷᠡᠴᠢᠯᠡᠯᠲᠡ ᠶᠢ ᠲᠦᠷᠭᠡᠳᠬᠡᠵᠦ᠂ ᠣᠰᠣ ᠬᠡᠷᠡᠭᠯᠡᠬᠦ | ᠶᠡᠷᠦᠩᠬᠡᠢ ᠬᠡᠮᠵᠢᠶ᠎ᠡ᠂ ᠣᠰᠣ ᠬᠡᠷᠡᠭᠯᠡᠬᠦ ᠬᠢᠵᠠᠭᠠᠷ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠤᠭᠲᠠᠭᠠᠨ᠂ ᠣᠯᠵᠠᠴᠢ | ᠪᠠᠯᠭᠠᠰᠣᠨ ᠤ ᠣᠶᠢᠷ᠎ᠠ ᠬᠠᠪᠢ ᠶᠢᠨ ᠭᠠᠵᠠᠷ ᠳᠣᠣᠷᠠᠬᠢ ᠣᠰᠣᠨ ᠤ ᠬᠡᠲᠦ ᠬᠡᠷᠡᠭᠯᠡᠯᠳᠠ ᠶᠢᠨ ᠶᠡᠷᠦᠩᠬᠡᠶᠢᠯᠡᠭᠰᠡᠨ | ᠵᠠᠰᠠᠯᠲᠠ ᠶᠢ ᠴᠢᠩᠭᠠᠤᠨᠬᠠᠨ᠎ᠠ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠵᠦᠷᠢᠴᠡᠭᠰᠡᠨ ᠠᠵᠢᠯᠯᠠᠭ᠎ᠠ ᠳᠤ | ᠴᠢᠩᠭ᠎ᠠ ᠴᠣᠬᠢᠯᠲᠠ ᠦᠭᠴᠦ᠂ ᠣᠷᠴᠢᠨ ᠳᠤᠭᠤᠷᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠬᠦ ᠠᠵᠢᠯᠯᠠᠭ᠎ᠠ ᠶᠢ | ᠬᠦᠨᠵᠡᠭᠡᠢ ᠦᠷᠨᠢᠬᠦᠯᠦᠨ᠂ ᠠᠵᠤ ᠦᠢᠯᠡᠳᠪᠦᠷᠢ ᠶᠢᠨ ᠬᠦᠷᠢᠶᠡᠯᠡᠩ ᠲᠤᠭᠤᠷᠢᠭ᠂ ᠰᠢᠲᠠᠮᠠᠬᠠᠢ ᠬᠡᠢ ᠶᠢᠨ ᠨᠡᠬᠡᠬᠡᠯᠳᠠ | ᠶᠢᠨ ᠠᠬᠤᠢ ᠲᠠᠯᠡᠪᠡᠢ ᠵᠡᠷᠭᠡ ᠭᠤᠤᠯᠳᠠᠯᠠᠭᠠᠲᠤ ᠬᠦᠷᠢᠶ᠎ᠡ ᠴᠠᠷᠠᠭᠠᠨ ᠤ ᠣᠷᠴᠢᠨ ᠲᠤᠭᠤᠷᠢᠨ ᠤ ᠶᠡᠷᠦᠩᠬᠡᠶᠢᠯᠡᠭᠰᠡᠨ | ᠴᠡᠭᠴᠡᠯᠡᠯᠳᠠ ᠶᠢ ᠳᠤᠪᠤᠶᠢᠮ᠎ᠠ ᠠᠳᠬᠤᠵᠣ᠂ ᠣᠷᠴᠢᠨ ᠲᠤᠭᠤᠷᠢᠨ ᠢ ᠨᠦᠯᠦᠭᠡᠯᠡᠬᠦ ᠲᠤᠮᠤ ᠬᠡᠷᠡᠭ ᠶᠠᠪᠤᠳᠠᠯ ᠡᠭᠦᠰᠬᠦ | ᠦᠬᠡᠢ ᠪᠠᠶᠢᠬᠤ ᠶᠢ ᠪᠠᠳᠤᠯᠠᠨ᠎ᠠ᠃ ᠠᠮᠢ ᠠᠬᠤᠢ ᠶᠢᠨ ᠠᠵᠤ ᠠᠬᠤᠢ ᠶᠢ ᠬᠦᠭᠵᠢᠬᠦᠯᠤᠨ᠎ᠠ᠃ ᠣᠢ ᠶᠢᠨ ᠠᠵᠤ | ᠠᠬᠤᠢ ᠶᠢ ᠪᠣᠶᠢᠵᠢᠭᠤᠯᠤᠨ᠂ ᠣᠨᠴᠠᠯᠢᠭᠲᠤ ᠣᠢ ᠶᠢᠨ ᠲᠠᠷᠢᠮᠠᠯ ᠤᠨ ᠠᠵᠤ ᠦᠢᠯᠡᠰ ᠤᠨ ᠬᠡᠪᠴᠢᠶᠡᠵᠢᠯ ᠢ | ᠦᠷᠭᠡᠳᠬᠡᠵᠦ᠂ ᠨᠢᠭᠡ ᠪᠦᠯᠦᠭ ᠣᠢ ᠶᠢᠨ ᠲᠠᠷᠢᠮᠠᠯ᠂ ᠲᠡᠵᠢᠭᠡᠯ ᠡᠪᠡᠰᠦ ᠪᠣᠷᠳᠤᠭ᠎ᠠ ᠶᠢᠨ ᠨᠠᠷᠢᠯᠢᠭ | ᠪᠣᠯᠪᠠᠰᠣᠷᠠᠭᠤᠯᠤᠯᠲᠠ ᠶᠢᠨ ᠲᠦᠷᠦᠯ ᠵᠦᠢᠯ ᠢ ᠲᠤᠬᠠᠢ ᠶᠢᠨ ᠭᠠᠵᠠᠷ ᠲᠤ ᠤᠷᠤᠭᠤᠯᠤᠨ᠂ ᠠᠮᠢ ᠠᠬᠤᠢ ᠶᠢ ᠠᠷᠠᠳ ᠢ | ᠴᠢᠨᠡᠭᠡᠯᠢᠭᠵᠢᠬᠦᠯᠬᠦ ᠠᠵᠣ ᠦᠢᠯᠡᠰ ᠪᠤᠯᠭᠠᠨ᠎ᠠ᠃ ᠬᠠᠶᠠᠭᠳᠠᠮᠠᠯ ᠰᠢᠭᠠᠷᠣ᠂ ᠪᠣᠬᠢᠷ ᠣᠰᠣ᠂ ᠬᠠᠶᠠᠭᠳᠠᠯ ᠬᠡᠢ ᠵᠡᠷᠭᠡ ᠶᠢ | ᠶᠡᠷᠦᠩᠬᠡᠶᠢᠯᠡᠨ ᠰᠢᠢᠳᠪᠦᠷᠢᠯᠡᠵᠦ ᠠᠰᠢᠭᠯᠠᠬᠤ ᠶᠢ ᠨᠢᠭᠡᠳᠦᠯᠲᠡᠢ ᠲᠦᠯᠦᠪᠵᠢᠬᠦᠯᠦᠨ ᠴᠤᠭᠴᠠᠵᠢᠭᠤᠯᠤᠨ ᠠᠬᠢᠭᠤᠯᠵᠤ᠂ | ᠰᠢᠨ᠎ᠡ ᠬᠡᠯᠪᠡᠷᠢ ᠶᠢᠨ ᠪᠠᠷᠢᠯᠭ᠎ᠠ ᠶᠢᠨ ᠱᠠᠭᠠᠵᠠᠩ ᠮᠡᠲ᠋ᠧᠷᠢᠶᠡᠯ ᠵᠡᠷᠭᠡ ᠡᠷᠬᠢᠯᠳᠠᠳᠤ ᠪᠣᠬᠢᠷᠳᠣᠯ ᠦᠭᠡᠢ ᠠᠵᠤ ᠦᠢᠯᠡᠰ ᠢ | ᠬᠦᠭᠵᠢᠬᠦᠯᠬᠦ ᠶᠢ ᠵᠤᠷᠢᠭᠵᠢᠭᠤᠯᠤᠨ᠎ᠠ᠃ | ︵ᠲᠤᠯᠤᠭ᠎ᠠ︶ ᠲᠡᠰ ᠴᠢᠨᠠᠷ ᠢ ᠲᠡᠭᠡᠭᠰᠢᠯᠡᠭᠦᠯᠵᠤ᠂ ᠭᠥᠮᠥᠨ ᠠᠷᠠᠳ ᠤᠨ ᠠᠰᠢᠭ ᠵᠢᠷᠭᠠᠯ ᠳᠤ ᠭᠥᠴᠥᠯᠡᠴᠡ | ᠪᠠᠨ ᠨᠡᠮᠡᠭᠳᠡᠭᠦᠯᠥᠨ᠎ᠡ᠃ ᠬᠤᠰᠢᠭᠤᠨ ᠤ ᠪᠠᠶᠢᠳᠠᠯ ᠬᠢᠭᠡᠳ ᠪᠤᠳᠠᠳᠤ ᠠᠬᠤᠢ ᠳᠤ ᠰᠠᠭᠤᠷᠢᠯᠠᠨ᠂ ᠡᠷᠭᠡᠪᠰᠢ | ᠭᠥᠢᠴᠡᠳᠭᠡᠭᠦ᠂ ᠭᠥᠢᠴᠡᠳᠭᠡᠵᠤ ᠲᠡᠶᠢᠯᠭᠦ᠂ ᠰᠠᠶᠢᠳᠤᠷ ᠬᠦᠢᠴᠡᠤᠨᠬᠡᠵᠤ ᠴᠢᠳᠠᠬᠤ ᠠᠵᠢᠯ ᠤᠳ ᠠᠴᠠ ᠡᠬᠢᠯᠡᠨ | ᠪᠡᠶᠡᠯᠡᠭᠦᠯᠵᠤ᠂ ᠨᠡᠩ ᠰᠢᠨᠵᠢᠯᠡᠭᠦ ᠤᠬᠠᠭᠠᠨᠴᠢ ᠥᠨᠡᠨ ᠪᠤᠳᠠᠳᠠᠢ ᠤᠪᠤᠷ ᠢᠶᠠᠷ ᠠᠷᠠᠳ ᠤᠯᠠᠨ ᠤ ᠭᠥᠰᠡᠯ | ᠱᠠᠭᠠᠷᠳᠠᠯᠭ᠎ᠠ ᠳᠤ ᠬᠠᠨᠳᠤᠨ᠎ᠠ᠃ ᠰᠤᠷᠭᠠᠨ ᠭᠥᠮᠥᠵᠢᠯ ᠤᠨ ᠬᠠᠷᠠᠭᠠᠯᠵᠠᠯ ᠢ ᠪᠠᠷᠢᠮᠳᠠᠯᠠᠨ᠎ᠠ᠃ ᠬᠤᠷᠰᠢᠨ | ᠬᠠᠮᠳᠤᠷᠠᠯᠴᠠᠵᠤ ᠰᠤᠷᠭᠠᠭᠤᠯᠢ ᠡᠷᠬᠢᠯᠡᠭᠦ ᠬᠡᠪ ᠵᠠᠭᠪᠤᠷ ᠢ ᠤᠯᠠᠮ ᠰᠢᠯᠢᠳᠡᠭᠵᠢᠭᠦᠯᠥᠨ᠂ ᠠᠵᠢᠯ ᠤᠨ ᠪᠥᠳᠥᠮᠵᠢ ᠶᠢ | ᠬᠢᠨᠠᠨ ᠲᠤᠭᠳᠠᠭᠠᠬᠤ ᠲᠤᠭᠳᠠᠴᠠ ᠶᠢ ᠰᠥᠪᠡᠭᠴᠢᠯᠡᠨ ᠲᠤᠭᠳᠠᠭᠠᠵᠤ᠂ ᠰᠤᠷᠭᠠᠨ ᠭᠥᠮᠥᠵᠢᠯ ᠤᠨ ᠬᠢᠨᠠᠨ | ᠵᠢᠯᠤᠭᠤᠳᠤᠯᠭ᠎ᠠ ᠶᠢ ᠴᠢᠩᠭᠠᠳᠬᠠᠨ᠂ ᠵᠠᠬᠢᠷᠤᠯ ᠪᠠ ᠪᠠᠭᠰᠢ ᠨᠠᠷ ᠤᠨ ᠠᠵᠢᠯ ᠤᠨ ᠪᠠᠶᠢᠷᠢ ᠶᠢᠨ ᠵᠢᠱᠢᠶᠡᠯᠡᠨ | ᠰᠤᠯᠢᠯᠴᠠᠬᠤ ᠲᠥᠷᠢᠮ ᠢ ᠪᠠᠶᠢᠩᠭᠤᠵᠢᠭᠤᠯᠤᠨ᠎ᠠ᠃ ᠪᠠᠶᠢᠭᠤᠯᠭ᠎ᠠ ᠪᠠᠶᠢᠭ᠎ᠠ ᠰᠤᠷᠭᠠᠭᠤᠯᠢ ᠶᠢᠨ ᠪᠠᠷᠢᠯᠭ᠎ᠠ ᠪᠠᠶᠢᠭᠤᠯᠤᠯᠳᠠ | ᠶᠢ ᠲᠠᠭᠤᠰᠬᠠᠵᠤ᠂ ᠥᠨᠳᠥᠷ ᠬᠡᠪ ᠪᠤᠯᠪᠠᠰᠤᠷᠠᠯ ᠤᠨ ᠭᠥᠮᠥᠵᠢᠯ ᠤᠨ ᠰᠠᠭᠤᠷᠢ ᠶᠢ ᠪᠠᠳᠤᠳᠬᠠᠨ᠎ᠠ᠃ ︽ᠡᠷᠳᠡᠮᠳᠤ | ᠪᠠᠭᠰᠢ ᠴᠢᠳᠠᠯᠳᠤ ᠱᠠᠪᠢ︾ ᠶᠢᠨ ᠢᠨᠵᠧᠨᠧᠷᠢᠩ ᠢ ᠡᠷᠴᠢᠮᠳᠠᠢ ᠬᠡᠷᠡᠭᠵᠢᠭᠦᠯᠵᠤ᠂ ᠵᠢᠭᠠᠨ ᠰᠤᠷᠭᠠᠯᠳᠠ ᠳᠤ | ᠴᠠᠭᠠᠷᠠᠭᠰᠠᠨ ᠨᠢᠭᠡ ᠪᠥᠯᠥᠭ ᠭᠤᠤᠯᠯᠠᠭᠴᠢ ᠪᠠᠭᠰᠢ ᠨᠠᠷ ᠢ ᠭᠥᠮᠥᠵᠢᠭᠦᠯᠥᠨ ᠬᠤᠰᠢᠭᠤ ᠨᠤᠳᠤᠭ ᠲᠤ ᠪᠠᠨ ᠦᠯᠡᠳᠡᠬᠡᠨ | ᠂ ᠰᠤᠷᠭᠠᠨ ᠭᠥᠮᠥᠵᠢᠯ ᠵᠢᠭᠠᠨ ᠰᠤᠷᠭᠠᠯᠳᠠ ᠶᠢᠨ ᠴᠢᠨᠠᠷᠵᠢᠯ ᠢ ᠨᠡᠩᠳᠡ ᠠᠬᠢᠭᠤᠯᠵᠤ᠂ ᠤᠳᠤᠭ ᠤᠨ ᠡᠮᠥᠨᠡᠳᠤ | ᠬᠤᠰᠢᠭᠤᠨ ᠤ ᠬᠡᠥᠭᠡᠳ ᠨᠢᠭᠡ ᠪᠥᠷᠢ ᠳᠤ ᠤᠬᠢ ᠭᠥᠮᠥᠵᠢᠯ ᠭᠥᠷᠳᠡᠵᠤ ᠤᠷᠤᠶᠢᠯᠠᠨ ᠬᠢᠯᠠᠯᠵᠠᠬᠤ ᠠᠵᠠ ᠲᠤᠬᠢᠶᠠᠯ ᠢ | ᠬᠠᠩᠭᠠᠨ᠎ᠠ᠃ ᠡᠷᠡᠭᠦᠯ ᠡᠩᠭᠡ ᠶᠢᠨ ᠬᠠᠷᠠᠭᠠᠯᠵᠠᠯ ᠢ ᠪᠠᠷᠢᠮᠳᠠᠯᠠᠨ᠎ᠠ᠃ ᠬᠢᠵᠢᠭ ᠰᠡᠷᠭᠡᠶᠢᠯᠡᠯᠳᠡ ᠶᠢᠨ ᠪᠠᠶᠢᠩᠭᠤ ᠶᠢᠨ | ᠠᠵᠢᠯ ᠢ ᠰᠠᠶᠢᠳᠤᠷ ᠬᠢᠵᠤ᠂ ᠬᠤᠰᠢᠭᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠳᠤ ᠡᠪᠡᠳᠴᠢᠨ ᠤ ᠠᠰᠠᠷ᠂ | ᠬᠤᠰᠢᠭᠤ ᠡᠭᠡ ᠨᠢᠯᠬᠠᠰ ᠤᠨ ᠡᠷᠡᠭᠦᠯᠵᠢᠯ ᠤᠨ ᠡᠮᠨᠡᠯᠭᠡ ᠶᠢᠨ ᠬᠤᠷᠢᠶ᠎ᠠ᠂ ᠬᠢᠵᠢᠭ ᠢ ᠰᠡᠷᠬᠡᠶᠢᠯᠡᠨ ᠬᠢᠵᠠᠭᠠᠷᠯᠠᠬᠤ ᠲᠥᠪ | ᠪᠤᠯᠤᠨ ᠮᠤᠩᠭᠤᠯ ᠡᠮᠨᠡᠯᠭᠡ ᠶᠢᠨ ᠶᠡᠷᠤᠩᠬᠡᠶᠢᠯᠡᠭᠰᠡᠨ ᠡᠮᠨᠡᠯᠬᠡ ᠶᠢᠨ ᠬᠤᠷᠢᠶᠠᠨ ᠤ ᠬᠠᠯᠠᠭᠤᠷᠠᠭᠰᠠᠳ ᠤᠨ ᠡᠬᠦᠳᠠᠨ | ᠡᠮᠨᠡᠯᠭᠡ ᠶᠢ ᠵᠢᠯ ᠤᠨ ᠲᠤᠳᠤᠷ᠎ᠠ ᠠᠰᠢᠭᠯᠠᠯᠳᠠ ᠳᠤ ᠤᠷᠤᠭᠤᠯᠤᠨ᠎ᠠ᠃ ᠨᠠᠩᠰᠤ ᠪᠠᠯᠭᠠᠰᠤ ᠶᠢ ᠤᠯᠤᠰ ᠤᠨ ᠡᠷᠡᠭᠦᠯ | ᠬᠠᠮᠠᠭᠠᠯᠠᠯ ᠤᠨ ᠪᠠᠯᠭᠠᠰᠤ ᠪᠤᠯᠭᠠᠨ ᠴᠤᠭᠴᠠᠯᠠᠬᠤ ᠠᠵᠢᠯ ᠢ ᠠᠬᠢᠭᠤᠯᠵᠤ᠂ ᠤᠯᠤᠰ ᠤᠨ ᠡᠷᠡᠭᠦᠯ ᠬᠠᠮᠠᠭᠠᠯᠠᠯ ᠤᠨ | ᠪᠠᠯᠭᠠᠰᠤ ᠴᠤᠭᠴᠠᠯᠠᠭᠰᠠᠨ ᠨᠤᠷᠮ᠎ᠠ ᠶᠢ 100% ᠳᠤ ᠭᠥᠷᠭᠡᠨ᠎ᠡ᠃ ᠡᠮᠴᠢ ᠶᠢᠨ ᠶᠤᠰᠤ ᠰᠤᠷᠳᠠᠬᠤᠨ ᠤ ᠴᠡᠭᠴᠡᠯᠡᠯᠳᠡ | ᠶᠢ ᠭᠥᠨᠵᠡᠭᠡᠶᠢᠷᠡᠭᠦᠯᠵᠤ᠂ ︽ᠭᠥᠩᠭᠡᠨ ᠡᠪᠡᠳᠴᠢᠨ ᠢ ᠭᠥᠨᠳᠤ ᠪᠠᠷ ᠵᠠᠰᠠᠬᠤ︾ ᠪᠠ ︽ᠡᠮ ᠡᠮᠴᠢᠯᠡᠭᠡ ᠶᠢ | ᠬᠡᠳᠥᠷᠡᠭᠦᠯᠭᠦ︾ ᠥᠵᠡᠭᠳᠡᠯ ᠢ ᠵᠤᠭᠰᠤᠭᠠᠨ᠂ ︽ᠰᠢᠯᠢᠳᠡᠭ ᠥᠢᠯᠡᠴᠢᠯᠡᠭᠡ ᠶᠢ ᠥᠨᠳᠥᠰᠥᠨ ᠱᠠᠳᠤᠨ ᠳᠤ ᠭᠥᠷᠭᠡᠭᠦ︾ | ᠠᠵᠢᠯᠯᠠᠭ᠎ᠠ ᠥᠷᠨᠢᠭᠦᠯᠥᠨ᠂ ᠮᠠᠯᠴᠢᠨ ᠲᠠᠷᠢᠶᠠᠴᠢᠳ ᠤᠨ ᠡᠪᠡᠳᠴᠢᠨ ᠥᠵᠡᠭᠦᠯᠭᠦ ᠳᠤ ᠲᠥᠪᠡᠭ ᠲᠠᠢ ᠪᠠ ᠵᠠᠮ ᠬᠤᠯᠠ | ᠪᠠᠶᠢᠬᠤ ᠠᠰᠠᠭᠤᠳᠠᠯ ᠢ ᠪᠥᠳᠥᠮᠵᠢᠳᠡᠢ ᠰᠢᠢᠳᠪᠥᠷᠢᠯᠡᠨ᠎ᠡ᠃ ᠰᠤᠶᠤᠯ ᠤᠷᠠᠯᠢᠭ ᠤᠨ ᠬᠠᠷᠠᠭᠠᠯᠵᠠᠯ ᠢ ᠪᠠᠷᠢᠮᠳᠠᠯᠠᠨ᠎ᠠ᠃ | ᠨᠡᠶᠢᠭᠡᠮ ᠵᠢᠷᠤᠮ ᠤᠨ ᠭᠤᠤᠯᠯᠠᠬᠤ ᠥᠷᠳᠡᠭ ᠤᠨ ᠥᠵᠡᠯᠳᠡ ᠶᠢ ᠰᠤᠷᠳᠠᠯᠴᠢᠯᠠᠨ᠂ ᠠᠷᠠᠳ ᠤᠯᠠᠨ ᠤ ᠰᠤᠶᠤᠯ ᠤᠨ | ᠠᠮᠢᠳᠤᠷᠠᠯ ᠢ ᠭᠥᠴᠥᠯᠡᠨ ᠪᠠᠶᠠᠯᠢᠭᠵᠢᠭᠤᠯᠵᠤ᠂ ᠪᠥᠭᠦ ᠵᠢᠯ ᠳᠤ ︽ᠤᠷᠠᠨ ᠰᠠᠶᠢᠬᠠᠨ ᠤ ᠲᠤᠭᠯᠠᠯᠳᠠ ᠶᠢ ᠭᠥᠳᠡᠭᠡ ᠳᠤ | ᠪᠠᠭᠤᠯᠭᠠᠬᠤ︾ ᠠᠵᠢᠯᠯᠠᠭ᠎ᠠ ᠶᠢ 300 ᠳᠠᠯᠠᠪᠤᠷ ᠠᠴᠠ ᠳᠡᠬᠡᠭᠰᠢ ᠶᠠᠪᠤᠭᠳᠠᠭᠤᠯᠤᠨ᠎ᠠ᠃ ᠪᠥᠭᠦ ᠠᠷᠠᠳ ᠤᠨ ᠪᠡᠶ᠎ᠡ | ᠴᠢᠬᠢᠷᠠᠭᠵᠢᠯ ᠤᠨ ᠥᠢᠯᠡᠰ ᠢ ᠭᠥᠴᠥᠯᠡᠨ ᠭᠥᠭᠵᠢᠭᠦᠯᠵᠤ᠂ ᠡᠯ᠎ᠡ ᠲᠥᠷᠥᠯ ᠤᠨ ᠲᠠᠮᠢᠷ ᠤᠨ ᠤᠷᠤᠯᠳᠤᠭᠠᠨ ᠢ | ᠪᠠᠶᠢᠩᠭᠤ ᠶᠢᠨ ᠴᠢᠨᠠᠷ ᠲᠠᠢ ᠵᠤᠬᠢᠶᠠᠨ ᠪᠠᠶᠢᠭᠤᠯᠤᠨ᠂ ᠺᠠᠳ᠋ᠷ ᠠᠵᠢᠯᠳᠠᠳ ᠪᠤᠯᠤᠨ ᠠᠷᠠᠳ ᠤᠯᠠᠨ ᠤ ᠪᠡᠶ᠎ᠡ ᠮᠠᠬᠠᠪᠤᠳ | ᠢ ᠲᠠᠪᠳᠠᠨ ᠪᠤᠯᠪᠠᠰᠤᠷᠠᠭᠤᠯᠤᠨ᠎ᠠ᠃ ᠠᠰᠠᠷᠠᠮᠵᠢ ᠪᠠᠳᠤᠯᠠᠭ᠎ᠠ ᠶᠢᠨ ᠬᠠᠷᠠᠭᠠᠯᠵᠠᠯ ᠢ ᠪᠠᠷᠢᠮᠳᠠᠯᠠᠨ᠎ᠠ᠃ ᠠᠵᠢᠯ ᠤᠯᠭᠤᠯᠳᠠ | ᠶᠢᠨ ᠲᠥᠷᠥ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠪᠠᠭ᠎ᠠ ᠵᠢᠵᠢᠭ ᠠᠵᠤ ᠠᠬᠤᠶᠢᠯᠠᠯ ᠢ ᠲᠡᠳᠭᠦᠨ | ᠭᠥᠭᠵᠢᠭᠦᠯᠵᠤ᠂ ᠲᠤᠰ ᠵᠢᠯ ᠳᠤ 900 ᠭᠥᠮᠥᠨ ᠤ ᠠᠵᠢᠯ ᠤᠯᠭᠤᠯᠳᠠ ᠶᠢ ᠪᠡᠶᠡᠯᠡᠭᠦᠯᠵᠤ᠂ ︽ᠠᠵᠢᠯ ᠲᠠᠢ ᠭᠥᠮᠥᠨ | ᠥᠭᠡᠢ ᠠᠶᠢᠯ ᠡᠷᠥᠭᠡ︾ ᠶᠢ ᠭᠥᠳᠡᠯᠥᠩᠭᠦᠢ ᠡᠵᠡᠮᠳᠡᠨ᠎ᠡ᠃ ᠨᠡᠶᠢᠭᠡᠮ ᠤᠨ ᠭᠥᠴᠥ ᠨᠡᠶᠢᠳᠡ ᠶᠢᠨ ᠠᠰᠠᠷᠠᠮᠵᠢ ᠳᠤ | ᠥᠢᠯᠡᠴᠢᠯᠡᠭᠦ ᠶᠢ ᠵᠤᠷᠢᠭᠵᠢᠭᠤᠯᠤᠨ᠂ ᠭᠥᠴᠢᠷᠳᠡᠯᠳᠠᠢ ᠡᠳᠡᠭᠡᠳ ᠢ ᠠᠪᠤᠷᠠᠨ ᠲᠤᠰᠠᠯᠠᠬᠤ ᠭᠥᠴᠥᠯᠡᠴᠡ ᠪᠠᠨ | ᠨᠡᠮᠡᠭᠳᠡᠭᠦᠯᠵᠤ᠂ ᠡᠮᠡᠭᠳᠡᠶᠢᠴᠤᠳ ᠭᠡᠥᠭᠡᠳ ᠪᠠᠭᠠᠴᠤᠳ ᠬᠢᠭᠡᠳ ᠨᠠᠰᠤᠳᠠᠶᠢᠴᠤᠤᠯ ᠵᠠᠮᠳᠡᠭᠴᠤᠳ ᠤᠨ ᠬᠠᠤᠯᠢ ᠶᠤᠰᠤᠨ | ᠤ ᠡᠷᠭᠡ ᠠᠰᠢᠭ ᠢ ᠪᠠᠳᠤᠯᠠᠨ᠂ ᠪᠠᠭᠤᠷᠠᠢ ᠪᠥᠭᠦᠨ ᠢ ᠲᠤᠰᠯᠠᠨ ᠲᠡᠮᠵᠢᠵᠤ᠂ ᠪᠥᠭᠦ ᠬᠤᠰᠢᠭᠤᠨ ᠤ ᠭᠡᠨ ᠨᠢᠭᠡᠨ ᠢ ᠴᠤ | ᠶᠠᠳᠠᠭᠤᠷᠠᠯ ᠤᠨ ᠲᠠᠪᠠᠭᠠᠨ ᠳᠤ ᠤᠷᠬᠢᠬᠤ ᠥᠭᠡᠢ᠃ ᠵᠠᠰᠠᠯᠳᠠ ᠬᠠᠮᠢᠶᠠᠷᠤᠯᠳᠠ ᠶᠢᠨ ᠬᠠᠷᠠᠭᠠᠯᠵᠠᠯ ᠢ ᠪᠠᠷᠢᠮᠳᠠᠯᠠᠨ᠎ᠠ᠃ | ︽ᠥᠪᠡᠷᠳᠡᠭᠡᠨ ᠵᠠᠰᠠᠯᠳᠠ᠂ ᠬᠠᠤᠯᠢ ᠶᠢᠨ ᠵᠠᠰᠠᠯᠳᠠ᠂ ᠰᠤᠷᠳᠠᠬᠤᠨ ᠤ ᠵᠠᠰᠠᠯᠳᠠ︾ ᠶᠢᠨ ᠥᠨᠳᠥᠰᠤᠨ ᠱᠠᠳᠤᠨ ᠤ | ᠨᠡᠶᠢᠭᠡᠮ ᠤᠨ ᠵᠠᠰᠠᠯᠳᠠ ᠶᠢᠨ ᠠᠷᠭ᠎ᠠ ᠬᠡᠯᠪᠡᠷᠢ ᠶᠢ ᠨᠡᠩ ᠭᠥᠨᠵᠡᠭᠡᠶᠢᠷᠡᠭᠦᠯᠵᠤ᠂ ︽ᠤᠶᠤᠨᠴᠢ ᠵᠠᠰᠠᠯᠳᠠ︾ | ᠶᠢᠨ ᠠᠵᠢᠯ ᠢ ᠰᠡᠳᠥᠵᠤ ᠰᠥᠪᠡᠭᠴᠢᠯᠡᠨ᠂ ᠬᠤᠰᠢᠭᠤ ᠳ᠋ᠠᠶᠢᠲ᠋ᠠ ᠲᠥᠪ ᠲᠤ ᠰᠠᠭᠤᠷᠢᠯᠠᠵᠤ ᠵᠠᠰᠠᠭ ᠤᠨ ᠶᠠᠪᠤᠳᠠᠯ ᠤᠨ | ᠥᠢᠯᠡᠴᠢᠯᠡᠭᠡ᠂ ᠠᠮᠤᠷ ᠢ ᠬᠠᠮᠠᠭᠠᠯᠠᠬᠤ ᠡᠵᠡᠮᠰᠢᠯ᠂ ᠠᠶᠤᠯᠭᠦᠢ ᠥᠢᠯᠡᠳᠪᠥᠷᠢᠯᠡᠯ᠂ ᠵᠠᠬᠢᠳᠠᠯ ᠰᠤᠷᠪᠤᠯᠵᠢᠯᠠᠭ᠎ᠠ ᠪᠡ | ᠲᠤᠭᠳᠠᠭᠤᠨ ᠬᠠᠮᠠᠭᠠᠯᠠᠯ ᠵᠡᠷᠭᠡ ᠶᠢᠨ ᠲᠤᠭ᠎ᠠ ᠪᠡᠷᠢᠮᠳᠠ ᠰᠤᠷᠪᠤᠯᠵᠢ ᠶᠢ ᠤᠯᠠᠮ ᠰᠠᠶᠢᠳᠤᠷ ᠴᠡᠭᠴᠡᠯᠡᠵᠤ᠂ | ᠲᠤᠭᠠᠴᠠᠯᠠᠭᠰᠠᠨ ᠵᠠᠰᠠᠯᠳᠠ ᠳᠤ ᠰᠠᠭᠤᠷᠢ ᠲᠠᠯᠪᠢᠨ᠂ ︽ᠬᠠᠮ ᠥᠢᠯᠡᠴᠢᠯᠡᠭᠡ︾ ᠶᠢᠨ ᠲᠠᠪᠴᠠᠩ ᠴᠤᠭᠴᠠᠯᠠᠵᠤ᠂ | ᠵᠠᠰᠠᠭ ᠤᠨ ᠠᠵᠢᠯ ᠤᠨ ᠲᠤᠭᠠᠴᠠᠯᠠᠭᠰᠠᠨ ᠬᠤᠪᠢᠷᠠᠯᠳᠠ ᠶᠢ ᠪᠥᠭᠦ ᠲᠠᠯ᠎ᠠ ᠪᠠᠷ ᠠᠬᠢᠭᠤᠯᠤᠨ᠂ ᠵᠠᠰᠠᠭ ᠤᠨ ᠤᠷᠳᠤᠨ | ᠤᠨ ᠵᠠᠰᠠᠯᠳᠠ ᠬᠠᠮᠢᠶᠠᠷᠤᠯᠳᠠ ᠶᠢᠨ ᠪᠥᠳᠥᠮᠵᠢ ᠶᠢ ᠲᠡᠭᠡᠭᠰᠢᠯᠡᠭᠦᠯᠥᠨ᠎ᠡ᠃ | ᠲᠥᠷᠪᠡ᠂ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ | ᠲᠥᠯᠥᠭᠡᠯᠡᠭᠴᠢᠳ ᠡ᠂ ᠭᠠᠩ ᠲᠡᠮᠤᠷ ᠲᠠᠪᠳᠠᠶᠠ ᠬᠡᠮᠡᠪᠡᠰᠤ ᠭᠠᠷ ᠤᠨ ᠡᠷᠳᠡᠮ ᠲᠠᠰᠤᠷᠬᠠᠢ ᠠᠬᠤ ᠬᠡᠷᠡᠭᠳᠡᠢ᠃ | ᠪᠢᠳᠠ ᠡᠷᠬᠡᠪᠰᠢ ᠠᠷᠠᠳ ᠲᠥᠮᠡᠨ ᠤ ᠢᠳᠡᠭᠡᠯ ᠢ ᠨᠠᠨᠳᠢᠩᠨᠠᠨ᠂ ᠡᠭᠦᠷᠭᠡ ᠬᠠᠷᠢᠭᠤᠴᠠᠯᠭ᠎ᠠ ᠶᠢᠨ ᠥᠨᠡᠨ ᠶᠢ | ᠤᠬᠠᠮᠵᠢᠯᠠᠵᠤ᠂ ᠲᠤᠭᠳᠠᠭᠠᠭᠰᠠᠨ ᠬᠠᠷᠠᠯᠳᠠ ᠪᠠᠨ ᠰᠠᠶᠢᠳᠤᠷ ᠨᠠᠶᠢᠳᠠᠪᠤᠷᠢᠵᠢᠭᠤᠯᠤᠨ᠂ ᠠᠮᠠᠯᠠᠯᠳᠠ ᠪᠠᠨ | ᠪᠤᠳᠠᠳᠠᠶᠢᠵᠢᠭᠤᠯᠵᠤ᠂ ᠠᠷᠠᠳ ᠲᠥᠮᠡᠨ ᠬᠠᠨᠤᠮᠵᠢᠳᠠᠢ ᠠᠷᠠᠳ ᠤᠨ ᠵᠠᠰᠠᠭ ᠤᠨ ᠤᠷᠳᠤᠨ ᠢ ᠴᠤᠭᠴᠠᠯᠠᠨ᠎ᠠ᠃ | ᠤᠯᠤᠰ ᠲᠥᠷᠥ ᠶᠢᠨ ᠤᠬᠠᠮᠰᠠᠷ ᠢ ᠴᠢᠩᠭᠠᠳᠬᠠᠵᠤ᠂ ᠰᠢᠨᠡᠴᠢᠯᠡᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ | ᠶᠤᠰᠤ ᠲᠥᠷᠢᠮ ᠢ ᠡᠷᠬᠢᠮᠯᠡᠨ᠂ ᠰᠡᠷᠭᠡᠭ ᠴᠢᠩᠭ᠎ᠠ ᠤᠯᠤᠰ ᠲᠥᠷᠤ ᠶᠢᠨ ᠲᠠᠨᠢᠯᠳᠠ ᠪᠠ ᠪᠠᠳᠤ ᠴᠢᠩᠭ᠎ᠠ ᠤᠯᠤᠰ | ᠲᠥᠷᠤ ᠶᠢᠨ ᠵᠤᠭᠰᠤᠯᠳᠠ ᠶᠢ ᠪᠠᠷᠢᠮᠳᠠᠯᠠᠵᠤ᠂ ᠥᠵᠡᠯ ᠰᠠᠨᠠᠭ᠎ᠠ ᠪᠠ ᠠᠵᠢᠯ ᠰᠤᠷᠳᠠᠯ ᠢᠶᠠᠨ ᠰᠢ ᠶᠢᠨ ᠫᠢᠩ ᠨᠥᠭᠦᠷ | ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠯᠤᠭ᠎ᠠ ᠢᠮᠠᠭᠳᠠ ᠨᠢᠭᠡᠳᠥᠯᠳᠡᠢ ᠪᠠᠶᠢᠯᠭᠠᠬᠤ ᠶᠢ ᠬᠢᠴᠢᠶᠡᠨ᠂ | ᠤᠯᠤᠰ ᠲᠥᠷᠥ ᠶᠢᠨ ᠰᠠᠬᠢᠯᠭ᠎ᠠ ᠶᠢ ᠲᠤᠰᠢᠶᠠᠯ ᠬᠠᠷᠢᠭᠤᠴᠠᠯᠭ᠎ᠠ ᠶᠢᠨ ᠪᠥᠭᠦ ᠶᠠᠪᠤᠴᠠ ᠳᠤ ᠪᠠᠶᠢᠩᠭᠤ | ᠲᠤᠤᠱᠯᠠᠭᠤᠯᠤᠨ᠎ᠠ᠃ ᠰᠤᠷᠤᠯᠴᠠᠯᠭ᠎ᠠ ᠶᠢ ᠡᠷᠬᠢᠮᠯᠡᠨ᠂ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ | ᠨᠢᠭᠡᠳᠥᠯᠳᠡᠢ ᠬᠤᠷᠠᠯ ᠰᠤᠷᠤᠯᠴᠠᠯᠭ᠎ᠠ ᠶᠢ ᠲᠤᠭᠳᠠᠮᠠᠯ ᠬᠤᠭᠤᠴᠠᠭ᠎ᠠ ᠲᠠᠢ ᠪᠠᠷ ᠡᠷᠬᠢᠯᠡᠵᠤ᠂ ᠤᠯᠤᠰ ᠤᠨ ᠶᠡᠭᠡ | ᠲᠤᠬᠢᠷᠠᠭᠤᠯᠤᠯᠳᠠ᠂ ᠴᠢᠬᠤᠯᠠ ᠪᠠᠶᠢᠷᠢᠰᠢᠭᠤᠯᠤᠯᠳᠠ᠂ ᠰᠢᠢᠳᠪᠥᠷᠢᠳᠤ ᠪᠤᠳᠤᠯᠭ᠎ᠠ ᠶᠢ ᠭᠥᠨᠵᠡᠭᠡᠢ ᠰᠤᠷᠤᠯᠴᠠᠨ᠂ ᠵᠠᠰᠠᠭ | ᠤᠨ ᠤᠷᠳᠤᠨ ᠤ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠢ ᠰᠠᠷ᠎ᠠ ᠪᠤᠯᠭᠠᠨ ᠵᠤᠬᠢᠶᠠᠨ ᠪᠠᠶᠢᠭᠤᠯᠤᠨ ᠲᠥᠷᠥ | ᠶᠢᠨ ᠪᠤᠳᠤᠯᠭ᠎ᠠ᠂ ᠲᠤᠬᠠᠶᠢᠯᠠᠭᠰᠠᠨ ᠠᠵᠢᠯ ᠬᠢᠭᠡᠳ ᠲᠥᠷᠥᠯ ᠵᠥᠢᠯ ᠳᠤ ᠬᠠᠨᠳᠤᠭᠤᠯᠤᠭᠰᠠᠨ ᠢᠯᠡᠳᠭᠡᠯ ᠬᠢᠯᠭᠡᠵᠤ᠂ | ᠲᠥᠷᠥ ᠶᠢᠨ ᠪᠤᠳᠤᠯᠭ᠎ᠠ ᠶᠢ ᠤᠬᠠᠮᠵᠢᠯᠠᠨ ᠤᠶᠢᠯᠠᠭᠠᠬᠤ ᠪᠠ ᠲᠤᠤᠱᠯᠠᠭᠤᠯᠤᠨ ᠬᠡᠷᠡᠭᠵᠢᠭᠦᠯᠭᠦ ᠴᠢᠳᠠᠪᠤᠷᠢ ᠶᠢ ᠨᠢ ᠪᠥᠭᠦ | ᠲᠠᠯ᠎ᠠ ᠪᠠᠷ ᠲᠡᠭᠡᠭᠰᠢᠯᠡᠭᠦᠯᠥᠨ᠎ᠡ᠃ ᠰᠢᠨᠡᠴᠢᠯᠡᠯᠳᠡ ᠶᠢ ᠡᠷᠬᠢᠮᠯᠡᠨ᠂ ︽ᠰᠢᠯᠳᠠᠭᠯᠠᠨ ᠲᠥᠯᠬᠢᠭᠦ ᠥᠭᠡᠢ ᠪᠠᠷ | ᠰᠥᠪᠡᠭᠴᠢᠯᠡᠨ ᠭᠥᠢᠴᠡᠳᠭᠡᠭᠦ︾ ᠠᠵᠢᠯ ᠤᠨ ᠲᠠᠨᠢᠯᠳᠠ ᠶᠢ ᠪᠠᠳᠤᠳᠬᠠᠵᠤ᠂ ᠥᠨᠳᠥᠰᠥᠨ ᠱᠠᠳᠤᠨ ᠳᠤ | ᠭᠥᠨᠵᠡᠭᠡᠶᠢᠷᠡᠨ ᠠᠰᠠᠭᠤᠳᠠᠯ ᠢ ᠢᠯᠡᠷᠡᠭᠦᠯᠵᠤ ᠰᠢᠢᠳᠪᠥᠷᠢᠯᠡᠨ᠂ ᠵᠠᠰᠠᠭ ᠡᠷᠬᠢᠯᠡᠭᠦ ᠠᠷᠭ᠎ᠠ ᠪᠠᠷᠢᠯ ᠢ ᠨᠡᠩ ᠪᠤᠳᠠᠳᠠᠢ᠂ | ᠨᠡᠩ ᠰᠠᠭᠤᠷᠢᠳᠠᠢ᠂ ᠨᠡᠩ ᠬᠠᠷᠠᠭᠠᠯᠵᠠᠯᠠᠯᠳᠠᠢ ᠪᠤᠯᠭᠠᠨ᠎ᠠ᠃ | ᠪ᠊ᠥ᠋ᠳᠥᠮᠵᠢ ᠶᠢᠨ ᠲᠠᠨᠢᠯᠳᠠ ᠶᠢ ᠴᠢᠩᠭᠠᠳᠬᠠᠵᠤ᠂ ᠬᠡᠷᠡᠭᠵᠢᠭᠦᠯᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ ᠠᠵᠢᠯ | ᠤᠨ ᠬᠠᠷᠢᠭᠤᠴᠠᠯᠭ᠎ᠠ ᠶᠢ ᠲᠤᠳᠤᠳᠬᠠᠨ᠂ ᠡᠯ᠎ᠡ ᠭᠤᠤᠯᠳᠠᠯᠭᠠᠳᠤ ᠡᠭᠦᠷᠭᠡ ᠪᠠ ᠲᠥᠷᠥᠯ ᠵᠥᠢᠯ ᠢ ᠨᠠᠷᠢᠯᠢᠭ ᠵᠠᠳᠠᠯᠤᠨ | ᠲᠠᠩᠰᠠ᠂ ᠵᠢᠭᠠᠯᠳᠠ᠂ ᠬᠠᠷᠢᠭᠤᠴᠠᠯᠭ᠎ᠠ᠂ ᠢᠯᠡᠳᠭᠡᠯ ᠢ ᠨᠠᠷᠢᠪᠴᠢᠯᠠᠨ ᠲᠤᠭᠳᠠᠭᠠᠵᠤ᠂ ᠭᠥᠮᠥᠨ ᠪᠥᠷᠢ ᠲᠡᠰ ᠪᠤᠯᠭᠠᠨ | ᠭᠤᠭᠴᠤᠭ᠎ᠠ ᠪᠥᠭᠦᠳᠡ ᠬᠤᠯᠪᠤᠭᠳᠠᠭᠰᠠᠨ ᠴᠢᠩᠭ᠎ᠠ ᠨᠢᠮᠪᠠᠢ ᠬᠠᠷᠢᠭᠤᠴᠠᠯᠭ᠎ᠠ ᠶᠢᠨ ᠲᠤᠭᠳᠠᠴᠠ ᠶᠢ ᠪᠥᠷᠢᠯᠳᠥᠭᠦᠯᠥᠨ᠎ᠡ᠃ | ᠪᠥᠯᠭᠦᠮᠳᠡᠯ ᠢ ᠡᠷᠬᠢᠮᠯᠡᠨ ᠥᠢᠯᠡᠰ ᠪᠥᠳᠥᠭᠡᠵᠤ᠂ ᠲᠤᠭᠳᠠᠭᠰᠠᠨ ᠪᠤᠳᠤᠯᠭ᠎ᠠ ᠶᠢ ᠮᠠᠷᠭᠤᠯ ᠲᠡᠩᠰᠡᠯᠡᠯ ᠥᠭᠡᠢ ᠪᠠᠷ | ᠲᠤᠤᠭᠠᠷᠪᠠᠯ ᠲᠠᠭᠤ ᠨᠢᠭᠡᠳᠡᠢ ᠲᠤᠭᠳᠤᠷᠪᠠᠯ ᠭᠥᠴᠥ ᠨᠢᠭᠡᠳᠡᠢ ᠨᠠᠶᠢᠳᠠᠪᠤᠷᠢᠵᠢᠭᠤᠯᠤᠨ᠎ᠠ︔ ᠲᠤᠭᠳᠠᠭᠰᠠᠨ ᠬᠠᠷᠠᠯᠳᠠ | ᠡᠭᠦᠷᠭᠡ ᠶᠢ ᠬᠠᠷᠢᠯᠴᠠᠨ ᠰᠢᠯᠳᠠᠭᠯᠠᠨ ᠲᠥᠯᠬᠢᠯᠴᠡᠯ ᠥᠭᠡᠢ ᠪᠠᠷ ᠬᠡᠯᠡᠪᠡᠯ ᠲᠤᠭᠳᠠᠵᠤ᠂ ᠲᠤᠭᠳᠠᠪᠠᠯ ᠡᠬᠢᠯᠡᠭᠦᠯᠵᠤ᠂ | ᠡᠬᠢᠯᠡᠭᠦᠯᠪᠡᠯ ᠪᠡᠶᠡᠯᠡᠭᠦᠯᠭᠦ ᠶᠢ ᠪᠠᠷᠢᠮᠳᠠᠯᠠᠨ᠂ ᠠᠵᠢᠯ ᠤᠨ ᠡᠳᠡᠭᠡᠳ ᠪᠠ ᠡᠯ᠎ᠡ ᠰᠠᠯᠠᠭ᠎ᠠ ᠮᠥᠴᠢᠷ ᠬᠤᠭᠤᠷᠤᠨᠳᠤ ᠪᠠᠨ | ᠰᠠᠨᠠᠭᠠᠴᠢᠯᠠᠭ᠎ᠠ ᠲᠠᠢ ᠬᠠᠮᠵᠢᠯᠴᠠᠨ ᠲᠤᠰᠠᠯᠠᠯᠴᠠᠵᠤ᠂ ᠺᠠᠳ᠋ᠷ ᠠᠵᠢᠯᠳᠠᠳ ᠬᠤᠭᠤᠷᠤᠨᠳᠤ ᠪᠠᠨ ᠪᠥᠯᠭᠦᠮᠳᠡᠨ ᠲᠡᠮᠵᠢᠯᠴᠡᠭᠦ | ᠠᠵᠢᠯ ᠤᠨ ᠪᠠᠶᠢᠳᠠᠯ ᠢ ᠪᠤᠢ ᠪᠤᠯᠭᠠᠨ᠂ ᠨᠠᠶᠢᠳᠠᠪᠤᠷᠢᠵᠢᠭᠤᠯᠤᠯ ᠲᠤᠤᠱᠯᠠᠭᠤᠯᠤᠯ ᠲᠤᠮᠳᠠ ︽ᠰᠠᠯᠬᠢ ᠲᠠᠭᠠᠬᠤ︾᠂ ︽ | ᠬᠤᠶᠢᠰᠢ ᠰᠠᠭᠤᠬᠤ︾ ᠪᠠ ︽ᠤᠷᠭ᠎ᠠ ᠠᠯᠳᠠᠬᠤ︾ ᠶᠢ ᠡᠷᠡᠰ ᠲᠡᠪᠴᠢᠨ᠎ᠡ᠃ | ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠵᠤ᠂ ᠢᠳᠡᠭᠡᠭᠦᠯᠭᠦ ᠴᠢᠳᠠᠪᠤᠷᠢ ᠪᠠᠨ ᠲᠡᠭᠡᠭᠰᠢᠯᠡᠭᠦᠯᠥᠨ᠎ᠡ᠃ | ᠬᠠᠤᠯᠢ ᠪᠠᠷ ᠵᠠᠰᠠᠬᠤ ᠶᠢᠨ ᠢᠳᠡᠭᠡᠯ ᠰᠡᠳᠬᠢᠮᠵᠢ ᠶᠢ ᠵᠠᠰᠠᠭ ᠤᠨ ᠤᠷᠳᠤᠨ ᠤ ᠠᠵᠢᠯ ᠤᠨ ᠪᠥᠭᠦ ᠶᠠᠪᠤᠴᠠ ᠳᠤ | ᠲᠤᠤᠱᠯᠠᠭᠤᠯᠵᠤ᠂ ᠵᠠᠰᠠᠭ ᠤᠨ ᠤᠷᠳᠤᠨ ᠤ ᠪᠠᠶᠢᠭᠤᠯᠤᠮᠵᠢ᠂ ᠲᠤᠰᠢᠶᠠᠯ᠂ ᠡᠷᠭᠡ᠂ ᠲᠠᠷᠠᠭᠠᠯᠠᠯ᠂ ᠬᠠᠷᠢᠭᠤᠴᠠᠯᠭ᠎ᠠ ᠶᠢ | ᠬᠠᠤᠯᠢ ᠲᠥᠷᠢᠮᠵᠢᠭᠦᠯᠥᠨ᠂ ᠵᠠᠰᠠᠭ ᠤᠨ ᠤᠷᠳᠤᠨ ᠤ ᠠᠵᠢᠯ ᠤᠨ ᠡᠷᠭᠡ ᠶᠢᠨ ᠲᠥᠷᠢᠮᠵᠢᠭᠦᠯᠥᠯᠳᠡ᠂ ᠵᠠᠰᠠᠭ ᠵᠠᠬᠢᠷᠭᠠᠨ | ᠤ ᠥᠢᠯᠡᠴᠢᠯᠡᠭᠡᠨ ᠤ ᠪᠠᠷᠢᠮᠵᠢᠶᠠᠴᠢᠯᠠᠯᠳᠠ᠂ ᠵᠠᠰᠠᠭ ᠤᠨ ᠶᠠᠪᠤᠳᠠᠯ ᠤᠨ ᠢᠯᠡᠰᠢᠭᠦᠯᠥᠯᠳᠡ ᠶᠢᠨ ᠪᠠᠶᠢᠩᠭᠤᠴᠢᠯᠠᠯᠳᠠ ᠶᠢ | ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠶᠢᠨ | ᠬᠢᠨᠠᠯᠳᠠ ᠪᠤᠯᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠳᠠ᠂ ᠬᠢᠨᠠᠨ ᠪᠠᠶᠢᠴᠠᠭᠠᠬᠤ | ᠪᠠᠶᠢᠭᠤᠯᠭ᠎ᠠ ᠶᠢᠨ ᠬᠢᠨᠠᠨ ᠪᠠᠶᠢᠴᠠᠭᠠᠯᠳᠠ ᠶᠢ ᠤᠬᠠᠮᠰᠠᠷ ᠠᠴᠠ ᠪᠠᠨ ᠭᠥᠯᠢᠶᠡᠵᠤ᠂ ᠠᠷᠠᠳ ᠤᠨ ᠲᠥᠯᠥᠭᠡᠯᠡᠭᠴᠢᠳ ᠤᠨ | ᠰᠠᠨᠠᠯ᠂ ᠵᠥᠪᠯᠡᠯᠭᠡ ᠪᠤᠯᠤᠨ ᠤᠯᠤᠰ ᠲᠥᠷᠥ ᠶᠢᠨ ᠵᠥᠪᠯᠡᠯᠭᠡᠨ ᠤ ᠲᠤᠷᠠᠳᠤᠯᠭ᠎ᠠ ᠶᠢ ᠭᠥᠢᠴᠡᠳᠭᠡᠭᠦ ᠴᠢᠨᠠᠷᠵᠢᠯ ᠪᠠ | ᠨᠠᠶᠢᠳᠠᠪᠤᠷᠢ ᠪᠥᠳᠥᠮᠵᠢ ᠶᠢ ᠲᠡᠭᠡᠭᠰᠢᠯᠡᠭᠦᠯᠥᠨ᠎ᠡ᠃ ᠨᠢᠭᠡ ᠰᠢᠷᠢᠰ ᠭᠤᠤᠯᠳᠠᠯᠭᠠᠳᠤ ᠠᠵᠢᠯ ᠢ ᠲᠤᠭᠳᠠᠭᠠᠵᠤ᠂ ᠲᠧᠯᠸᠢᠰ | ᠪᠠ ᠰᠥᠯᠵᠢᠶ᠎ᠡ ᠪᠠᠷ ᠵᠠᠰᠠᠭ ᠤᠨ ᠶᠠᠪᠤᠳᠠᠯ ᠢ ᠠᠰᠠᠭᠤᠬᠤ ᠠᠵᠢᠯᠯᠠᠭ᠎ᠠ ᠥᠷᠨᠢᠭᠦᠯᠥᠨ᠂ ᠨᠠᠶᠢᠭᠡᠮ ᠨᠡᠶᠢᠳᠡ ᠶᠢᠨ | ᠬᠢᠨᠠᠯᠳᠠ ᠶᠢᠨ ᠪᠥᠳᠥᠮᠵᠢ ᠶᠢ ᠲᠡᠭᠡᠭᠰᠢᠯᠡᠭᠦᠯᠥᠨ᠎ᠡ᠃ ︽ᠭᠤᠷᠪᠠᠨ ᠠᠯᠪᠠᠨ ᠤ ᠵᠠᠷᠤᠳᠠᠯ︾ ᠪᠤᠯᠤᠨ ᠡᠩ ᠤᠨ ᠡᠳ᠋ | ᠤᠨ ᠵᠠᠰᠠᠭ ᠤᠨ ᠵᠠᠷᠤᠯᠭ᠎ᠠ ᠶᠢ ᠤᠯᠠᠮ ᠢᠶᠠᠷ ᠴᠤᠮᠬᠠᠳᠬᠠᠵᠤ᠂ ᠤᠭ ᠡᠬᠢ ᠠᠴᠠ ᠨᠢ ᠠᠷᠪᠢᠯᠠᠨ ᠭᠠᠮᠨᠠᠬᠤ ᠰᠤᠷᠳᠠᠯ ᠢ | ᠪᠤᠢ ᠪᠤᠯᠭᠠᠨ᠂ ᠢᠯᠡ ᠲᠤᠳᠤ ᠪᠠᠷ ᠵᠠᠰᠠᠭ ᠪᠠᠷᠢᠨ ᠠᠮᠠᠯᠠᠭᠰᠠᠨ ᠵᠥᠢᠯ ᠢᠶᠠᠨ ᠰᠠᠶᠢᠳᠤᠷ ᠭᠥᠢᠴᠡᠳᠭᠡᠵᠤ᠂ ᠵᠠᠰᠠᠭ ᠤᠨ | ᠤᠷᠳᠤᠨ ᠤ ᠠᠵᠢᠯ ᠤᠨ ᠢᠳᠡᠭᠡᠮᠵᠢ ᠶᠢ ᠪᠥᠳᠥᠮᠵᠢᠳᠡᠢ ᠲᠡᠭᠡᠭᠰᠢᠯᠡᠭᠦᠯᠥᠨ᠎ᠡ᠃ | ᠲᠥᠯᠥᠭᠡᠯᠡᠭᠴᠢᠳ ᠡ᠂ ᠠᠤᠭ᠎ᠠ ᠲᠥᠰᠥᠪ ᠵᠤᠷᠢᠭ ᠢ ᠡᠷᠴᠢᠯᠡᠨ᠂ ᠠᠯᠤᠰ ᠢᠷᠡᠭᠡᠳᠥᠢ ᠭᠥᠰᠡᠯ ᠢ | ᠬᠥᠪᠭᠡᠯᠵᠡᠭᠦᠯᠵᠤ ᠪᠤᠢ᠃ ᠪᠢᠳᠠ ᠰᠢ ᠶᠢᠨ ᠫᠢᠩ ᠨᠥᠭᠦᠷ ᠢᠶᠠᠷ ᠲᠥᠪᠯᠡᠭᠦᠯᠥᠭᠰᠡᠨ ᠨᠠᠮ ᠤᠨ ᠲᠥᠪ ᠬᠤᠷᠢᠶ᠎ᠠ ᠶᠢᠨ | ᠲᠤᠭᠤᠷᠢᠨ ᠳᠤ ᠨᠠᠩᠳᠠ ᠪᠠᠳᠤ ᠪᠥᠯᠭᠦᠮᠳᠠᠵᠤ᠂ ᠬᠤᠰᠢᠭᠤ ᠨᠠᠮ ᠤᠨ ᠬᠤᠷᠢᠶᠠᠨ ᠤ ᠡᠷᠴᠢᠳᠤ ᠤᠳᠤᠷᠢᠳᠤᠯᠭ᠎ᠠ | ᠲᠤᠤᠷ᠎ᠠ᠂ ︽ᠥᠨᠡᠨ ᠪᠤᠳᠠᠳᠠᠢ᠂ ᠯᠠᠪᠳᠠᠭᠤᠨ ᠢᠳᠡᠯᠢᠭ᠂ ᠰᠠᠶᠢᠳᠤᠷ ᠭᠥᠢᠴᠡᠳᠭᠡᠭᠦ︾ ᠶᠢ ᠡᠷᠬᠢᠮᠯᠡᠨ᠂ ᠶᠡᠷᠤ ᠪᠤᠰᠤ | ᠶᠢᠨ ᠬᠠᠷᠢᠭᠤᠴᠠᠯᠭ᠎ᠠ ᠪᠠᠷ ᠵᠢᠳᠭᠦᠯ ᠭᠠᠪᠢᠶ᠎ᠠ ᠪᠥᠳᠥᠭᠡᠵᠤ᠂ ᠰᠢᠯᠢᠳᠡᠭ ᠪᠥᠳᠥᠮᠵᠢ ᠪᠠᠷ ︽ᠠᠷᠪᠠᠨ ᠲᠥᠷᠪᠡᠳᠥᠭᠡᠷ | ᠲᠠᠪᠤᠨ ᠵᠢᠯ ᠤᠨ ᠲᠥᠯᠥᠪᠵᠢᠭᠦᠯᠭᠡ︾ ᠶᠢ ᠡᠬᠢᠯᠡᠭᠦᠯᠥᠨ᠂ ᠲᠤᠮᠳᠠᠳᠤ ᠤᠯᠤᠰ ᠤᠨ ᠡᠪ ᠬᠠᠮᠳᠤ ᠨᠠᠮ | ᠪᠠᠶᠢᠭᠤᠯᠤᠭᠳᠠᠭᠰᠠᠨ 100 ᠵᠢᠯ ᠤᠨ ᠣᠢ ᠶᠢ ᠪᠠᠭ᠋ᠠᠳᠤᠨ ᠤᠭᠳᠤᠰᠤᠭᠠᠢ︕ | | | ᠨᠡᠷᠡᠰ ᠤᠨ ᠲᠠᠶᠢᠯᠪᠤᠷᠢ | 1. ᠪᠤᠬᠢᠷᠳᠤᠯ ᠥᠭᠡᠢ ᠠᠭᠤᠷᠬᠠᠢ ᠶᠢᠨ ᠤᠷᠤᠨ᠄ ᠠᠭᠤᠷᠬᠠᠢ ᠰᠤᠷᠪᠤᠯᠵᠢ ᠠᠰᠢᠭᠯᠠᠬᠤ ᠳᠤ ᠰᠢᠨᠵᠢᠯᠡᠭᠦ | ᠤᠬᠠᠭᠠᠨᠴᠢ ᠡᠮᠬᠢ ᠲᠠᠷᠠᠭᠠᠯᠠᠯ ᠲᠠᠢ ᠪᠠᠷ ᠨᠡᠭᠡᠭᠡᠵᠤ᠂ ᠠᠭᠤᠷᠬᠠᠢ ᠶᠢᠨ ᠲᠤᠭᠤᠷᠢᠭ ᠤᠨ ᠤᠷᠴᠢᠨ ᠤ ᠠᠮᠢ ᠠᠬᠤᠢ ᠶᠢᠨ | ᠨᠥᠯᠥᠭᠡᠯᠡᠯ ᠢ ᠡᠵᠡᠮᠳᠡᠯ ᠤᠨ ᠬᠡᠪᠴᠢᠶᠡᠨ᠎ᠡ ᠪᠠᠶᠢᠯᠭᠠᠬᠤ ᠶᠢᠨ ᠬᠠᠮᠳᠤ ᠡᠭᠦᠨ ᠤ ᠤᠯᠠᠮ ᠢᠶᠠᠷ ᠤᠷᠴᠢᠨ ᠲᠤᠭᠤᠷᠢᠨ | ᠠᠮᠢ ᠠᠬᠤᠶᠢᠴᠢ᠂ ᠨᠡᠭᠡᠭᠡᠨ ᠠᠰᠢᠭᠯᠠᠯᠳᠠ ᠰᠢᠨᠵᠢᠯᠡᠭᠦ ᠤᠬᠠᠭᠠᠨᠴᠢ᠂ ᠰᠤᠷᠪᠥᠯᠵᠢ ᠠᠰᠢᠭᠯᠠᠯᠳᠠ ᠪᠥᠳᠥᠮᠵᠢ ᠰᠠᠶᠢᠳᠠᠢ᠂ | ᠬᠠᠮᠢᠶᠠᠷᠤᠯᠳᠠ ᠶᠢᠨ ᠵᠠᠩᠬᠢ ᠲᠤᠭᠠᠴᠠᠯᠠᠭᠰᠠᠨ᠂ ᠨᠡᠶᠢᠭᠡᠮ ᠤᠷᠴᠢᠨ ᠨᠠᠶᠢᠷᠠᠮᠳᠠᠯᠳᠠᠢ ᠪᠠᠶᠢᠯᠭᠠᠬᠤ ᠶᠢ ᠵᠢᠭᠠᠵᠤ ᠪᠤᠢ᠃ | 2. GDP᠄ ᠤᠯᠤᠰ ᠤᠨ ᠲᠤᠳᠤᠭᠠᠳᠤ ᠶᠢᠨ ᠥᠢᠯᠡᠳᠪᠥᠷᠢᠯᠡᠯ ᠤᠨ ᠶᠡᠷᠥᠩᠭᠡᠢ ᠥᠷᠳᠡᠭ ︵Gross | Domestic Product︶ ᠢ ᠵᠢᠭᠠᠵᠤ ᠪᠤᠢ᠃ ᠲᠠᠷᠤᠢ᠂ ᠨᠢᠭᠡ ᠤᠯᠤᠰ ᠪᠠ ᠭᠠᠵᠠᠷ ᠤᠷᠤᠨ ᠤ | ᠲᠤᠭᠳᠠᠭᠰᠠᠨ ᠬᠤᠭᠤᠴᠠᠭᠠᠨ ᠳᠤ ᠬᠢ ᠠᠵᠤ ᠠᠬᠤᠢ ᠶᠢᠨ ᠥᠢᠯᠡᠳᠪᠥᠷᠢᠯᠡᠯ ᠢᠶᠠᠷ ᠪᠤᠢ ᠪᠤᠯᠤᠭᠰᠠᠨ ᠪᠥᠭᠦ | ᠲᠤᠶᠢᠯᠰᠢᠷᠡᠯ ᠲᠠᠸᠠᠷ ᠪᠠ ᠭᠥᠳᠡᠯᠮᠥᠷᠢ ᠶᠢᠨ ᠥᠷᠳᠡᠭ᠃ | 3. ᠨᠡᠭᠦᠷᠡᠰᠥᠳᠥ᠋ᠷᠥᠭᠴᠢ ᠶᠢᠨ ᠤᠷᠬᠢᠯᠰᠢᠯ᠄ ᠶᠠᠮᠠᠷ ᠨᠢᠭᠡᠨ ᠴᠠᠭ ᠲᠤ ᠨᠡᠭᠦᠷᠡᠰᠥᠳᠥ᠋ᠷᠥᠭᠴᠢ ᠶᠢᠨ ᠲᠠᠪᠬᠤᠷ | ᠢᠰᠥᠯ ᠤᠨ ᠢᠯᠭᠠᠷᠠᠭᠤᠯᠤᠯᠳᠠ ᠶᠢᠨ ᠭᠡᠮᠵᠢᠶ᠎ᠡ ᠨᠡᠮᠡᠭᠳᠡᠭᠦ ᠪᠠᠨ ᠪᠤᠯᠢᠵᠤ ᠬᠠᠮᠤᠭ ᠤᠨ ᠥᠨᠳᠥᠷ ᠬᠡᠮᠵᠢᠭᠳᠡᠯ ᠳᠤ ᠪᠠᠨ | ᠭᠥᠷᠭᠦ ᠶᠢ ᠵᠢᠭᠠᠵᠤ ᠪᠤᠢ᠃ ᠮᠠᠨ ᠤ ᠤᠯᠤᠰ 2030 ᠤᠨ ᠠᠴᠠ ᠤᠷᠢᠳ ᠨᠡᠭᠦᠷᠡᠰᠥᠳᠥ᠋ᠷᠥᠭᠴᠢ ᠶᠢᠨ ᠤᠷᠬᠢᠯᠰᠢᠯ ᠢ | ᠪᠡᠶᠡᠯᠡᠭᠦᠯᠭᠦ ᠪᠠᠷ ᠠᠮᠠᠯᠳᠤᠭᠰᠠᠨ ᠶᠤᠮ᠃ | 4. ᠨᠡᠭᠦᠷᠡᠰᠥᠳᠥ᠋ᠷᠥᠭᠴᠢ ᠰᠠᠭᠠᠷᠮᠠᠭᠵᠢᠭᠤᠯᠤᠯ᠄ ᠤᠶᠢᠵᠢᠭᠤᠯᠤᠯᠳᠠ ᠪᠠ ᠡᠨᠧᠷᠬᠢ ᠠᠷᠪᠢᠯᠠᠨ ᠪᠤᠬᠢᠷᠳᠤᠯ | ᠪᠠᠭᠠᠰᠬᠠᠬᠤ ᠵᠡᠷᠭᠡ ᠠᠷᠭ᠎ᠠ ᠠᠪᠴᠠᠯ ᠢᠶᠠᠷ ᠥᠪᠡᠷᠰᠡᠳ ᠢᠶᠠᠨ ᠭᠠᠳᠠᠭᠰᠢᠯᠠᠭᠤᠯᠤᠭᠰᠠᠨ ᠨᠡᠭᠦᠷᠡᠰᠥᠳᠥ᠋ᠷᠥᠭᠴᠢ ᠶᠢᠨ | ᠲᠠᠪᠬᠤᠷ ᠢᠰᠥᠯ ᠤᠨ ᠬᠡᠮᠵᠢᠶ᠎ᠡ ᠶᠢ ᠰᠢᠩᠭᠡᠭᠡᠨ ᠲᠠᠭᠤᠰᠬᠠᠵᠤ᠂ ᠨᠡᠭᠦᠷᠡᠰᠥᠳᠥ᠋ᠷᠥᠭᠴᠢ ᠶᠢᠨ ᠲᠠᠪᠬᠤᠷ ᠢᠰᠥᠯ ᠤᠨ ︽ | ᠲᠡᠭ ᠢᠯᠭᠠᠷᠠᠭᠤᠯᠤᠯᠳᠠ︾ ᠶᠢ ᠪᠡᠶᠡᠯᠡᠭᠦᠯᠭᠦ ᠶᠢ ᠵᠢᠭᠠᠵᠤ ᠪᠤᠢ᠃ ᠮᠠᠨ ᠤ ᠤᠯᠤᠰ 2060 ᠤ ᠤᠷᠢᠳ | ᠨᠡᠭᠦᠷᠡᠰᠥᠳᠥ᠋ᠷᠥᠭᠴᠢ ᠰᠠᠭᠠᠷᠮᠠᠭᠵᠢᠭᠤᠯᠤᠯ ᠤᠨ ᠬᠠᠷᠠᠯᠳᠠ ᠶᠢ ᠪᠡᠶᠡᠯᠡᠭᠦᠯᠭᠦ ᠪᠠᠷ ᠠᠮᠠᠯᠳᠤᠭᠰᠠᠨ ᠶᠤᠮ᠃ | 5. ᠡᠨᠧᠷᠬᠢ ᠶᠢᠨ ᠬᠤᠷᠤᠭᠳᠠᠯ ᠤᠨ ᠬᠤᠤᠰ ᠡᠵᠡᠮᠳᠡᠯ᠄ ᠡᠬᠢ ᠰᠤᠷᠪᠤᠯᠵᠢ ᠶᠢᠨ ᠬᠤᠷᠤᠭᠳᠠᠯ ᠤᠨ ᠶᠡᠷᠥᠩᠭᠡᠢ | ᠬᠡᠮᠵᠢᠶ᠎ᠡ ᠪᠤᠯᠤᠨ ᠬᠤᠷᠤᠭᠳᠠᠯ ᠤᠨ ᠡᠷᠴᠢᠮ ᠢ ᠡᠵᠡᠮᠳᠡᠭᠦ ᠶᠢ ᠵᠢᠭᠠᠵᠤ ᠪᠤᠢ᠃ | 6. ᠰᠢᠨᠵᠢᠯᠡᠭᠡ ᠮᠡᠷᠭᠡᠵᠢᠯ ᠢᠶᠠᠷ ᠥᠪᠥᠷ ᠮᠤᠩᠭᠤᠯ ᠢ ᠭᠥᠴᠥᠷᠭᠡᠭᠵᠢᠭᠦᠯᠭᠦ᠄ 2019 ᠤᠨ ᠤ 12 ᠰᠠᠷ᠎ᠠ | ᠶᠢᠨ 9 ᠤ ᠡᠳᠥᠷ᠂ ᠤᠯᠤᠰ ᠤᠨ ᠰᠢᠨᠵᠢᠯᠡᠭᠡ ᠮᠡᠷᠭᠡᠵᠢᠯ ᠤᠨ ᠶᠠᠮᠤᠨ ᠠᠴᠠ ᠥᠪᠥᠷ ᠮᠤᠩᠭᠤᠯ ᠤᠨ ᠥᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠯᠤᠭ᠎ᠠ ᠬᠠᠮᠳᠤ ᠪᠠᠷ ︽ᠰᠢᠨᠵᠢᠯᠡᠭᠡ ᠮᠡᠷᠭᠡᠵᠢᠯ ᠢᠶᠠᠷ ᠥᠪᠥᠷ | ᠮᠤᠩᠭᠤᠯ ᠢ ᠭᠥᠴᠥᠷᠭᠡᠭᠵᠢᠭᠦᠯᠭᠦ︾ ᠠᠵᠢᠯᠯᠠᠭ᠎ᠠ ᠬᠡᠷᠡᠭᠵᠢᠭᠦᠯᠭᠦ ᠪᠠᠷ ᠲᠤᠭᠳᠠᠭᠰᠠᠨ ᠪᠠᠶᠢᠨ᠎ᠠ᠃ ᠭᠤᠤᠯᠳᠠᠭᠤ᠂ ︽ | ᠤᠷᠤᠨ ᠬᠡᠪᠴᠢᠶ᠎ᠡ ᠬᠢᠭᠡᠳ ᠠᠵᠤ ᠥᠢᠯᠡᠰ ᠤᠨ ᠤᠨᠴᠠᠯᠢᠭᠳᠤ ᠲᠠᠪᠠᠭᠤᠯᠢᠭ ᠢ ᠪᠥᠳᠥᠭᠡᠭᠦ᠂ ᠥᠨᠳᠥᠷ ᠲᠥᠪᠰᠢᠨ ᠲᠠᠢ | ᠰᠢᠨᠵᠢᠯᠡᠭᠡ ᠰᠤᠳᠤᠯᠭ᠎ᠠ ᠶᠢᠨ ᠪᠥᠯᠭᠦᠮ ᠴᠤᠭᠴᠠ ᠬᠢᠭᠡᠳ ᠪᠠᠴᠢᠮ ᠱᠠᠭᠠᠷᠳᠠᠭᠳᠠᠬᠤ ᠴᠢᠳᠠᠪᠤᠷᠢᠳᠠᠳ ᠢ ᠤᠷᠢᠬᠤ᠂ | ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠰᠤᠳᠤᠯᠭᠠᠨ ᠤ ᠪᠥᠳᠥᠭᠡᠯ ᠢ ᠠᠮᠢᠯᠠᠭᠤᠯᠤᠨ ᠤᠷᠤᠨᠵᠢᠭᠤᠯᠬᠤ᠂ | ᠰᠤᠳᠤᠯᠤᠨ ᠨᠡᠭᠡᠭᠡᠯᠳᠡ ᠶᠢᠨ ᠲᠠᠪᠴᠠᠩ ᠢ ᠬᠤᠯᠪᠤᠭᠠᠯᠠᠵᠤ ᠪᠠᠶᠢᠭᠤᠯᠤᠨ ᠰᠢᠨᠡᠴᠢᠯᠡᠭᠦ᠂ ᠰᠢᠨᠵᠢᠯᠡᠭᠡ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠪᠠ ᠤᠷᠢᠨ ᠠᠪᠴᠢᠷᠠᠬᠤ᠂ ᠤᠯᠠᠨ ᠨᠡᠶᠢᠳᠡ ᠶᠢᠨ ᠰᠢᠨᠵᠢᠯᠡᠭᠡ | ᠮᠡᠷᠭᠡᠵᠢᠯ ᠤᠨ ᠥᠢᠯᠡᠴᠢᠯᠡᠭᠡᠨ ᠤ ᠪᠠᠶᠢᠭᠤᠯᠤᠮᠵᠢ ᠬᠢᠭᠡᠳ ᠰᠢᠨᠵᠢᠯᠡᠭᠡ ᠮᠡᠷᠭᠡᠵᠢᠯ ᠤᠨ ᠭᠥᠷᠢᠶᠡᠯᠡᠩ ᠲᠤᠭᠤᠷᠢᠭ᠂ | ᠰᠢᠨᠡᠴᠢᠯᠡᠯᠳᠡᠳᠤ ᠠᠴᠢᠶᠠᠯᠠᠭᠴᠢ ᠶᠢ ᠬᠠᠮᠳᠤ ᠴᠤᠭᠴᠠᠯᠠᠬᠤ︾ ᠵᠢᠷᠭᠤᠭᠠᠨ ᠲᠠᠯ᠎ᠠ ᠶᠢᠨ ᠡᠭᠦᠷᠭᠡ ᠲᠠᠢ᠃ | 7. ᠰᠠᠯᠬᠢᠨ ᠴᠠᠬᠢᠯᠭᠠᠨ᠂ ᠨᠠᠷᠠᠨ ᠴᠠᠬᠢᠯᠭᠠᠨ᠂ ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ ᠶᠢ ᠢᠵᠢ | ᠴᠤᠭᠴᠠᠵᠢᠭᠤᠯᠬᠤ᠄ ᠰᠠᠯᠬᠢᠨ ᠴᠠᠬᠢᠯᠭᠠᠨ᠂ ᠨᠠᠷᠠᠨ ᠴᠠᠬᠢᠯᠭᠠᠨ᠂ ᠭᠠᠯ ᠴᠠᠬᠢᠯᠭᠠᠨ ᠪᠠ ᠴᠠᠬᠢᠯᠭᠠᠨ ᠬᠠᠳᠠᠭᠠᠯᠠᠯᠳᠠ ᠶᠢᠨ | ᠨᠢᠭᠡ ᠴᠤᠭᠴᠠᠵᠢᠭᠰᠠᠨ ᠡᠵᠡᠩᠨᠡᠯᠳᠡ ᠡᠷᠬᠢᠯᠡᠯᠳᠡ ᠶᠢ ᠵᠢᠭᠠᠵᠤ ᠪᠤᠢ᠃ | 8. LNG᠄ ᠰᠢᠩᠭᠡᠨᠵᠢᠭᠦᠯᠥᠭᠰᠡᠨ ᠪᠠᠶᠢᠭᠠᠯᠢ ᠶᠢᠨ ᠰᠢᠳᠠᠮᠠᠬᠠᠢ ᠬᠡᠢ ︵Liquefied Natural Gas︶ | ᠶᠢᠨ ᠠᠩᠭ᠍ᠯᠢ ᠨᠡᠷ᠎ᠡ ᠶᠢᠨ ᠲᠤᠪᠴᠢᠯᠠᠯ᠃ | 9. ᠡᠨᠧᠷᠬᠢ ᠲᠤᠤᠷ ᠲᠠᠭᠠᠭᠠᠴᠠ ᠬᠠᠳᠠᠭᠠᠯᠠᠯᠳᠠ ᠤᠰᠤᠳᠥ᠋ᠷᠥᠭᠴᠢ᠄ ᠴᠠᠬᠢᠯᠭᠠᠨ ᠡᠨᠧᠷᠬᠢ᠂ ᠴᠠᠬᠢᠯᠭᠠᠨ ᠲᠤᠤᠷ᠂ | ᠴᠠᠬᠢᠯᠭᠠᠨ ᠲᠠᠭᠠᠭᠠᠴᠠ᠂ ᠡᠨᠧᠷᠬᠢ ᠬᠠᠳᠠᠭᠠᠯᠠᠯᠳᠠ᠂ ᠤᠰᠥᠳᠥ᠋ᠷᠥᠭᠴᠢ ᠶᠢᠨ ᠡᠨᠧᠷᠬᠢ ᠶᠢᠨ ᠪᠥᠭᠦᠯᠢ ᠴᠤᠭᠴᠠᠳᠤ | ᠡᠵᠡᠩᠨᠡᠯᠳᠡ ᠡᠷᠬᠢᠯᠡᠯᠳᠡ ᠶᠢᠨ ᠵᠠᠭᠪᠤᠷ ᠶᠢᠨ ᠵᠢᠭᠠᠵᠤ ᠪᠤᠢ᠃ | 10. ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠭᠦ᠄ ᠭᠥᠷᠥᠰᠤ ᠰᠢᠷᠥᠢ ᠶᠢ ᠰᠢᠮᠡᠵᠢᠭᠦᠯᠥᠨ | ᠠᠮᠤᠭᠤᠯᠵᠤ᠂ ᠰᠢᠯᠢᠳᠡᠭ ᠰᠠᠶᠢᠨ ᠲᠠᠷᠢᠶᠠᠨ ᠭᠥᠷᠥᠩᠭᠡ ᠶᠢ ᠲᠥᠭᠡᠮᠡᠯᠵᠢᠭᠦᠯᠭᠦ ᠪᠠᠷ ᠲᠠᠮᠵᠢᠭᠤᠯᠤᠨ᠂ | ᠪᠠᠷᠢᠮᠵᠢᠶᠠᠴᠢᠯᠠᠭᠰᠠᠨ ᠥᠨᠳᠥᠷ ᠪᠥᠳᠥᠮᠵᠢᠳᠤ ᠪᠤᠬᠢᠷᠳᠤᠯ ᠥᠭᠡᠢ ᠮᠡᠷᠭᠡᠵᠢᠯ ᠤᠨ ᠵᠠᠭᠪᠤᠷ ᠢ ᠠᠰᠢᠭᠯᠠᠵᠤ᠂ ᠠᠮᠤ | ᠪᠤᠳᠠᠭᠠᠨ ᠤ ᠤᠨᠠᠯᠳᠠ ᠶᠢᠨ ᠨᠤᠷᠮ᠎ᠠ ᠲᠥᠪᠰᠢᠨ ᠢ ᠲᠡᠭᠡᠭᠰᠢᠯᠡᠭᠦᠯᠭᠦ ᠶᠢ ᠵᠢᠭᠠᠵᠤ ᠪᠤᠢ᠃ | 11. 5G ᠄ ᠲᠠᠪᠤᠳᠤᠭᠠᠷ ᠥᠶ᠎ᠡ ᠶᠢᠨ ᠨᠡᠭᠦᠳᠡᠯ ᠴᠢᠮᠡᠭᠡ ᠬᠤᠯᠪᠤᠭᠠᠨ ᠤ ᠮᠡᠷᠭᠡᠵᠢᠯ ︵5th | generation mobile networks︶ ᠢ ᠵᠢᠭᠠᠵᠤ ᠪᠤᠢ᠃ | | |