ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2021﹈ 10 ᠲᠤᠭᠠᠲᠤ | ︽ 2020 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ | ᠶᠢᠨ | ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠢ ᠣᠯᠠᠮᠵᠢᠯᠠᠨ ᠲᠠᠷᠬᠠᠭᠠᠬᠤ ᠲᠤᠬᠠᠢ ᠣᠲᠤᠭ ᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ | ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠬᠤᠰᠢᠭᠤ ᠮᠠᠯ ᠲᠠᠷᠢᠶᠠᠯᠠᠩ ᠤᠨ | ᠲᠤᠪᠴᠢᠶ᠎ᠠ᠂ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠬᠤᠯᠪᠤᠭᠠᠯᠠᠨ | ᠲᠤᠭᠲᠠᠭᠠᠭᠰᠠᠨ ︽2020 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠢ ᠡᠳᠦᠭᠡ ᠲᠠᠨᠠᠷ ᠲᠤ ᠣᠯᠠᠮᠵᠢᠯᠠᠨ ᠲᠠᠷᠬᠠᠭᠠᠪᠠ᠂ | ᠪᠣᠲᠠᠲᠠᠢ ᠲᠠᠢ ᠪᠠᠨ ᠣᠶᠠᠯᠳᠣᠭᠤᠯᠵᠣ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠲᠦᠭᠡᠢ᠃ | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 20 ᠤ ᠡᠳᠦᠷ | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 2 ᠰᠠᠷ᠎ᠠ ᠶᠢᠨ 20 ᠤ ᠡᠳᠤᠷ ᠲᠠᠷᠤᠮᠠᠯᠯᠠᠨ ᠲᠠᠷᠬᠠᠭᠠᠪᠠ | | ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ᠂ ᠣᠲᠤᠭ ᠤᠨ ᠡᠮᠦᠨᠡᠲᠦ ᠬᠤᠰᠢᠭᠤᠨ ᠤ | ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ᠂ ᠣᠲᠤᠭ ᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ | ᠲᠤᠪᠴᠢᠶᠠᠨ ᠤ ᠪᠢᠴᠢᠭ ᠮᠡᠲ᠋ᠧᠷᠢᠶᠡᠯ | | ᠣᠲᠤᠭ ᠡᠮᠦᠨᠡᠲᠦ ᠮᠠᠯ ᠲᠠᠷᠢᠶᠠᠯᠠᠩ ᠦᠰᠦᠭᠲᠦ ﹇2021﹈ 21 ᠲᠤᠭᠠᠲᠤ | | | ︽2021 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ | ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠤᠨ ᠲᠤᠬᠠᠢ ᠣᠲᠤᠭ ᠤᠨ ᠡᠮᠦᠨᠡᠲᠦ ᠬᠤᠰᠢᠭᠤᠨ ᠤ ᠮᠠᠯ | ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ | ᠲᠤᠪᠴᠢᠶᠠᠨ ᠤ ᠮᠡᠳᠡᠬᠦᠯᠦᠯᠲᠡ | | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ︽ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ | ᠶᠢᠨ ᠬᠡᠷᠡᠭᠵᠢᠬᠦᠯᠬᠦ ᠨᠠᠷᠢᠨ ᠳᠦᠷᠢᠮ︾ ᠢ ᠲᠤᠭᠲᠠᠭᠠᠨ ᠲᠤᠭᠤᠷᠪᠢᠭᠠᠳ᠂ ᠡᠳᠦᠭᠡ ᠪᠢᠴᠢᠭ ᠮᠡᠲ᠋ᠧᠷᠢᠶᠡᠯ ᠢ | ᠳᠡᠪᠰᠢᠬᠦᠯᠦᠨ ᠮᠡᠳᠡᠬᠦᠯᠦᠯ᠎ᠡ᠂ ᠬᠢᠨᠠᠬᠤ ᠪᠤᠯᠪᠠᠤ᠃ | | ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ | ᠣᠲᠤᠭ ᠤᠨ ᠡᠮᠦᠨᠡᠲᠦ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ | ᠣᠲᠤᠭ ᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ | 2021 ᠣᠨ ᠤ 2 ᠰᠠᠷ᠎ᠠ ᠶᠢᠨ 9 ᠤ ᠡᠳᠦᠷ | | | | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 2 ᠰᠠᠷ᠎ᠠ ᠶᠢᠨ 9 ᠤ ᠡᠳᠤᠷ ᠲᠠᠷᠤᠮᠠᠯᠯᠠᠨ ᠲᠠᠷᠬᠠᠭᠠᠪᠠ | | ᠣᠲᠤᠭ ᠤᠨ ᠡᠮᠦᠨᠡᠲᠦ ᠬᠤᠰᠢᠭᠤᠨ ᠤ 2021 ᠤᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ | ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ | | ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢᠨ ᠳᠣᠪᠣᠶᠢᠮ᠎ᠠ ᠲᠤᠲᠠᠭᠤᠳᠠᠯ ᠪᠠ ᠪᠠᠭᠤᠷᠠᠢ ᠲᠠᠯ᠎ᠠ ᠶᠢ | ᠨᠦᠬᠦᠪᠦᠷᠢᠯᠡᠵᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠣᠷᠣᠭᠰᠢᠲᠠᠢ | ᠬᠡᠷᠡᠭᠵᠢᠬᠦᠯᠦᠯᠲᠡ ᠶᠢ ᠪᠦᠬᠦ ᠲᠠᠯ᠎ᠠ ᠪᠠᠷ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠠᠵᠤ ᠦᠢᠯᠡᠰ ᠤᠨ | ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠮᠠᠯ ᠲᠠᠷᠢᠶᠠᠯᠠᠩ ᠤᠨ ᠳᠠᠪᠠᠭᠤᠯᠢᠭ ᠤᠨᠴᠠᠯᠢᠭᠲᠤ ᠠᠵᠤ ᠦᠢᠯᠡᠰ ᠢ | ᠬᠦᠴᠦᠷᠬᠡᠭᠵᠢᠬᠦᠯᠦᠨ᠂ ︽ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ︾ ︵ᠣᠲᠤᠭ ᠡᠮᠦᠨᠡᠲᠦ ᠵᠠᠰᠠᠭ ᠲᠠᠷᠬᠠᠭᠠᠬᠤ | ﹇2021 ﹈ 5 ᠲᠤᠭᠠᠲᠤ︶ ᠶᠢᠨ ᠬᠠᠮᠢᠶ᠎ᠠ ᠪᠦᠬᠦᠢ ᠪᠣᠳᠣᠯᠭ᠎ᠠ ᠶᠢ ᠰᠠᠶᠢᠲᠤᠷ ᠬᠡᠷᠡᠭᠵᠢᠬᠦᠯᠵᠦ᠂ ᠲᠦᠷᠦᠯ ᠵᠦᠢᠯ | ᠤᠨ ᠮᠡᠳᠡᠭᠦᠯᠦᠯᠲᠡ᠂ ᠬᠢᠨᠠᠨ ᠲᠤᠭᠲᠠᠭᠠᠯᠲᠠ᠂ ᠳᠡᠮᠵᠢᠯᠭᠡ ᠶᠢᠨ ᠪᠡᠯᠡ ᠮᠦᠩᠭᠦ ᠶᠢᠨ ᠣᠯᠭᠤᠯᠲᠠ ᠵᠡᠷᠭᠡ ᠶᠠᠪᠤᠴᠠ | ᠵᠢᠷᠤᠮᠯᠠᠯ ᠢ ᠳᠦᠷᠢᠮᠵᠢᠬᠦᠯᠬᠦ ᠶᠢᠨ ᠲᠤᠰᠠᠳᠠ᠂ ᠤᠨᠴᠠᠭᠠᠶᠢᠯᠠᠨ ᠲᠤᠰ ᠬᠡᠷᠡᠭᠵᠢᠬᠦᠯᠬᠦ ᠨᠠᠷᠢᠨ ᠳᠦᠷᠢᠮ ᠢ ᠲᠤᠭᠲᠠᠭᠠᠪᠠ᠃ | | ᠨᠢᠭᠡ᠂ ᠲᠦᠷᠦᠯ ᠵᠦᠢᠯ ᠢ ᠮᠡᠳᠡᠬᠦᠯᠬᠦ ᠶᠠᠪᠤᠴᠠ | ᠲᠦᠷᠦᠯ ᠵᠦᠢᠯ ᠤᠨ ᠬᠦᠮᠦᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠵᠦ᠂ ᠲᠦᠷᠦᠯ ᠵᠦᠢᠯ ᠤᠨ | ᠬᠦᠮᠦᠷᠭᠡ ᠶᠢᠨ ᠪᠤᠰᠤ ᠲᠦᠷᠦᠯ ᠵᠦᠢᠯ ᠳᠤ ᠰᠢᠯᠭᠠᠨ ᠬᠤᠷᠢᠶᠠᠯᠲᠠ ᠬᠢᠬᠦ ᠦᠭᠡᠢ᠂ ᠨᠦᠬᠦᠪᠦᠷᠢ ᠮᠦᠩᠭᠦ ᠦᠭᠭᠦ ᠦᠭᠡᠢ᠃ | | ︵ᠨᠢᠭᠡ︶ ᠬᠡᠷᠡᠭᠵᠢᠬᠦᠯᠬᠦ ᠰᠠᠨᠠᠮᠵᠢ ᠲᠠᠢ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ | ᠡᠷᠬᠡᠪᠰᠢ ᠲᠦᠷᠦᠯ ᠵᠦᠢᠯ ᠢ ᠬᠢᠨᠠᠨ ᠴᠣᠬᠤᠯᠠᠪᠤᠷᠢᠯᠠᠭᠤᠯᠬᠤ ᠬᠦᠰᠦᠨᠦᠭ ᠲᠠᠭᠯᠠᠨ᠂ ᠭᠠᠴᠠᠭ᠎ᠠ ᠲᠤᠰᠬᠤᠨ ᠢᠶᠠᠷ | ᠬᠢᠨᠠᠭᠤᠯᠤᠨ ᠳᠠᠩᠰᠠᠯᠠᠭᠤᠯᠤᠭᠰᠠᠨ ᠤ ᠳᠠᠷᠠᠭ᠎ᠠ ᠪᠠᠯᠭᠠᠰᠣᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ᠎ᠡ᠃ | | ︵ᠬᠤᠶᠠᠷ︶ ᠪᠠᠯᠭᠠᠰᠣᠨ ᠤ ᠵᠠᠰᠠᠭ ᠤᠨ ᠣᠷᠳᠣᠨ ᠠᠵᠢᠯᠲᠠᠨ ᠢᠶᠠᠨ ᠵᠤᠬᠢᠶᠠᠨ ᠪᠠᠶᠢᠭᠤᠯᠤᠨ ᠠᠵᠤ ᠦᠢᠯᠡᠰ | ᠤᠨ ᠴᠢᠭᠯᠡᠯ᠂ ᠪᠠᠶᠢᠭᠤᠯᠤᠯᠲᠠ ᠶᠢᠨ ᠠᠭᠤᠯᠭ᠎ᠠ᠂ ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠬᠠᠤᠯᠢ ᠶᠤᠰᠤᠨ ᠤ | ᠴᠢᠨᠠᠷ᠂ ᠮᠡᠳᠡᠬᠦᠯᠦᠭᠰᠡᠨ ᠪᠢᠴᠢᠭ ᠮᠡᠲ᠋ᠧᠷᠢᠶᠡᠯ ᠤᠨ ᠦᠨᠡᠨ ᠪᠤᠲᠠᠲᠤ ᠴᠢᠨᠠᠷ ᠪᠠ ᠬᠡᠷᠡᠭᠵᠢᠬᠦᠯᠬᠦ ᠪᠣᠯᠣᠮᠵᠢ ᠳᠤ ᠬᠢᠨᠠᠯᠲᠠ | ᠲᠤᠬᠢᠷᠠᠭᠤᠯᠤᠯᠲᠠ ᠬᠢᠭᠰᠡᠨ ᠤ ᠳᠠᠷᠠᠭ᠎ᠠ᠂ ᠡᠮᠬᠢᠳᠬᠡᠭᠡᠳ ᠪᠠᠯᠭᠠᠰᠣᠨ ᠤ ᠲᠡᠰ ᠤᠨ ᠲᠦᠷᠦᠯ ᠵᠦᠢᠯ ᠤᠨ ᠬᠦᠮᠦᠷᠭᠡ ᠶᠢ | ᠪᠦᠷᠢᠳᠦᠬᠦᠯᠬᠦ ᠶᠢᠨ ᠬᠠᠮᠲᠤ 2021 ᠣᠨ ᠤ 3 ᠰᠠᠷ᠎ᠠ ᠶᠢᠨ 20 ᠤ ᠡᠳᠦᠷ ᠠᠴᠠ ᠡᠮᠦᠨ᠎ᠡ ᠬᠤᠰᠢᠭᠤ ᠮᠠᠯ | ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶᠠᠨ ᠳᠤ ᠮᠡᠳᠡᠬᠦᠯᠦᠨ᠎ᠡ᠃ | ︵ᠭᠤᠷᠪᠠ︶ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ | ᠲᠤᠪᠴᠢᠶ᠎ᠠ ᠲᠦᠷᠦᠯ ᠵᠦᠢᠯ ᠤᠨ ᠪᠤᠯᠤᠮᠵᠢᠲᠦ ᠴᠢᠨᠠᠷ ᠲᠤ ᠬᠢᠨᠠᠨ ᠲᠤᠭᠲᠠᠭᠠᠯ ᠬᠢᠵᠦ᠂ ᠬᠤᠰᠢᠭᠤ ᠠᠷᠠᠳ ᠤᠨ ᠵᠠᠰᠠᠭ | ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠯ᠎ᠡ ᠪᠠᠯᠭᠠᠰᠣᠨ ᠤ ᠭᠤᠶᠤᠴᠢᠯᠠᠭᠰᠠᠨ ᠡᠮᠦᠨ᠎ᠡ ᠬᠤᠶᠢᠨ᠎ᠠ ᠶᠢᠨ | ᠳᠠᠷᠠᠭᠠᠯᠠᠯ ᠢᠶᠠᠷ ᠴᠣᠬᠤᠯᠠᠪᠤᠷᠢᠯᠠᠵᠤ᠂ ᠶᠡᠷᠦᠩᠬᠡᠢ ᠬᠡᠮᠵᠢᠶᠡᠨ ᠳᠤ ᠬᠦᠷᠭᠡᠨ᠎ᠡ᠃ ᠳᠣᠣᠷᠠᠬᠢ ᠨᠦᠬᠦᠴᠡᠯ ᠳᠤ | ᠨᠡᠶᠢᠴᠡᠭᠰᠡᠨ ᠢ ᠨᠢ ᠡᠩ ᠲᠠᠷᠢᠬᠦᠨ ᠳᠤ ᠴᠤᠬᠤᠯᠠᠪᠤᠷᠢᠯᠠᠵᠤ ᠦᠭᠭᠦᠨ᠎ᠡ᠃ | 1. 2014 ᠣᠨ ᠠᠴᠠ ᠨᠠᠭᠠᠰᠢᠬᠢ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ︔ | 2. ᠶᠠᠳᠠᠭᠤ ᠬᠦᠴᠢᠷᠳᠡᠯᠲᠡᠢ ᠡᠷᠦᠬᠡ ᠯᠤᠭ᠎ᠠ ᠪᠦᠷᠢᠨ ᠲᠡᠭᠦᠯᠳᠡᠷ ᠲᠤᠭᠲᠠᠪᠤᠷᠢᠲᠠᠢ ᠦᠷᠭᠦᠯᠵᠢᠬᠦᠶᠢᠴᠡ | ᠬᠦᠭᠵᠢᠯᠲᠡ ᠶᠢᠨ ᠠᠰᠢᠭ ᠲᠤᠰᠠ ᠶᠢᠨ ᠬᠤᠯᠪᠤᠭᠠᠲᠤ ᠲᠤᠭᠲᠠᠴᠠ ᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ | ᠪᠣᠯᠪᠠᠰᠣᠷᠠᠭᠤᠯᠬᠤ ᠠᠵᠤ ᠠᠬᠤᠶᠢᠯᠠᠯ᠂ ᠪᠣᠷᠣᠯᠠᠭᠤᠯᠭ᠎ᠠ ᠶᠢᠨ ᠠᠵᠤ ᠠᠬᠤᠶᠢᠯᠠᠯ᠂ ᠬᠤᠷᠰᠢᠶ᠎ᠠ︔ | 3. ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠤᠪᠢᠴᠠᠭᠠᠲᠤ ᠬᠤᠷᠰᠢᠶᠠᠨ ᠤ ᠮᠡᠳᠡᠭᠦᠯᠦᠭᠰᠡᠨ | ᠲᠦᠷᠦᠯ ᠵᠦᠢᠯ︔ | 4. ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠦᠮᠦᠵᠢᠯ ᠤᠨ ᠪᠣᠯᠪᠠᠰᠣᠷᠠᠯ | ᠦᠨᠡᠮᠯᠡᠯ ᠤᠯᠤᠭᠰᠠᠨ ᠮᠠᠯᠴᠢᠨ ᠲᠠᠷᠢᠶᠠᠴᠢᠨ︔ | ︵ᠳᠦᠷᠪᠡ︶ ᠡᠯ᠎ᠡ ᠪᠠᠯᠭᠠᠰᠣ ᠴᠣᠬᠤᠯᠠᠪᠤᠷᠢᠯᠠᠯᠲᠠ ᠣᠯᠣᠭᠰᠠᠨ ᠤ ᠳᠠᠷᠠᠭ᠎ᠠ ᠲᠦᠷᠦᠯ ᠵᠦᠢᠯ ᠤᠨ | ᠬᠡᠷᠡᠭᠵᠢᠬᠦᠯᠦᠯᠲᠡ ᠶᠢᠨ ᠭᠤᠤᠯ ᠴᠤᠭᠴᠠ ᠶᠢ ᠵᠤᠬᠢᠶᠠᠨ ᠪᠠᠶᠢᠭᠤᠯᠤᠨ ᠲᠦᠷᠦᠯ ᠵᠦᠢᠯ ᠤᠨ ᠪᠠᠶᠢᠭᠤᠯᠤᠯᠲᠠ ᠪᠠᠨ | ᠡᠬᠢᠯᠡᠬᠦᠯᠦᠨ᠂ ᠳᠦᠬᠦᠭᠡᠷᠦᠮᠵᠢ ᠶᠢᠨ ᠭᠠᠵᠠᠷ ᠬᠡᠷᠡᠭᠯᠡᠬᠦ ᠬᠡᠷᠡᠭᠴᠡᠭᠡᠲᠡᠢ ᠮᠦᠷᠲᠡᠭᠡᠨ ᠨᠦᠬᠦᠴᠡᠯ ᠳᠤ ᠨᠡᠶᠢᠴᠡᠭᠰᠡᠨ | ᠲᠦᠷᠦᠯ ᠵᠦᠢᠯ ᠳᠤ ᠡᠯ᠎ᠡ ᠪᠠᠯᠭᠠᠰᠣᠨ ᠠᠴᠠ ᠳᠦᠬᠦᠭᠡᠷᠦᠮᠵᠢ ᠶᠢᠨ ᠲᠠᠷᠢᠶᠠᠯᠠᠩ ᠤᠨ ᠭᠠᠵᠠᠷ ᠬᠡᠷᠡᠭᠯᠡᠯᠲᠡ ᠶᠢᠨ | ᠭᠠᠷᠳᠠᠮ ᠢ ᠬᠦᠢᠴᠡᠳᠬᠡᠵᠦ ᠦᠭᠭᠦᠨ᠎ᠡ᠃ | ᠬᠤᠶᠠᠷ᠂ ᠲᠦᠷᠦᠯ ᠵᠦᠢᠯ ᠤᠨ ᠮᠡᠳᠡᠬᠦᠯᠦᠯᠲᠡ ᠶᠢᠨ ᠴᠠᠭ ᠪᠠ ᠬᠡᠷᠡᠭᠵᠢᠬᠦᠯᠦᠯᠲᠡ ᠶᠢᠨ ᠬᠦᠷᠢᠶ᠎ᠡ ᠬᠡᠪᠴᠢᠶ᠎ᠡ | ︵ᠨᠢᠭᠡ︶ ᠲᠦᠷᠦᠯ ᠵᠦᠢᠯ ᠤᠨ ᠮᠡᠳᠡᠬᠦᠯᠦᠯᠲᠡ ᠶᠢᠨ ᠲᠡᠭᠦᠰᠦᠯᠲᠠ ᠶᠢᠨ ᠴᠠᠭ᠄ 2021 ᠣᠨ ᠤ 3 ᠰᠠᠷ᠎ᠠ | ᠶᠢᠨ 20 ᠤ ᠡᠳᠦᠷ ᠠᠴᠠ ᠡᠮᠦᠨ᠎ᠡ ᠬᠡᠷᠡᠭᠵᠢᠬᠦᠯᠦᠨ᠎ᠡ᠃ | ︵ᠬᠤᠶᠠᠷ︶ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠬᠦᠷᠢᠶ᠎ᠡ ᠬᠡᠪᠴᠢᠶ᠎ᠡ᠄ ᠣᠲᠤᠭ ᠤᠨ ᠡᠮᠦᠨᠡᠲᠦ | ᠬᠤᠰᠢᠭᠤᠨ ᠤ ᠬᠠᠷᠢᠶᠠᠨ ᠲᠤᠲᠤᠷ᠎ᠠ ᠬᠡᠷᠡᠭᠵᠢᠬᠦᠯᠦᠨ᠎ᠡ᠃ | ᠭᠤᠷᠪᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠡᠭᠦᠷᠭᠡ | ︵ᠨᠢᠭᠡ︶ ᠲᠠᠷᠢᠮᠠᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠪᠦᠲᠦᠭᠡᠭᠳᠡᠬᠦᠨ ᠤ | ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠬᠦᠯᠦᠨ᠎ᠡ | 1. ᠬᠦᠯᠡᠮᠵᠢ ᠶᠢᠨ ᠪᠠᠶᠢᠭᠤᠯᠤᠯᠲᠠ᠃ ᠰᠢᠨ᠎ᠡ ᠪᠠᠷ ᠲᠦᠪᠯᠡᠷᠡᠬᠦᠯᠦᠨ ᠪᠠᠶᠢᠭᠤᠯᠤᠭᠰᠠᠨ ᠬᠦᠯᠡᠮᠵᠢ 5 ᠠᠴᠠ | ᠳᠡᠭᠡᠭᠰᠢ ᠮᠦᠷᠲᠡᠭᠡᠨ ᠠᠰᠢᠭᠯᠠᠯᠲᠠ ᠳᠤ ᠣᠷᠣᠭᠰᠠᠨ ︵0.8 ᠮᠣ᠋ ᠠᠴᠠ ᠳᠡᠭᠡᠭᠰᠢ/ ᠬᠦᠯᠡᠮᠵᠢ︶ ᠪᠣᠯ ᠰᠢᠯᠭᠠᠨ | ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠬᠦᠯᠡᠮᠵᠢ ᠪᠤᠯᠭᠠᠨ ᠳᠤ 5000 ᠲᠦᠬᠦᠷᠢᠭ ᠤᠨ ᠨᠦᠬᠦᠪᠦᠷᠢ ᠮᠦᠩᠭᠦ | ᠣᠯᠭᠤᠨ᠎ᠠ︔ ᠰᠢᠨ᠎ᠡ ᠪᠠᠷ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ ᠪᠠᠶᠢᠭᠤᠯᠤᠭᠰᠠᠨ | ᠪᠣᠯ ᠵᠠᠷᠤᠳᠠᠯ ᠤᠨ 30% ᠶᠤᠰᠤᠭᠠᠷ ᠨᠦᠬᠦᠪᠦᠷᠢ ᠮᠦᠩᠭᠦ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 160 ᠮᠣ᠋ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠬᠠᠤᠯᠢ ᠶᠤᠰᠤᠨ ᠤ ᠭᠠᠵᠠᠷ ᠳᠡᠭᠡᠷ᠎ᠡ ᠰᠢᠨ᠎ᠡ ᠮᠡᠲ᠋ᠧᠷᠢᠶᠡᠯ ᠬᠡᠷᠡᠭᠯᠡᠵᠦ 5 ᠠᠴᠠ ᠳᠡᠭᠡᠭᠰᠢᠬᠢ ᠬᠦᠯᠡᠮᠵᠢ ᠶᠢ | ᠲᠦᠪᠯᠡᠷᠡᠭᠦᠯᠦᠨ ᠪᠠᠶᠢᠭᠤᠯᠬᠤ ︵ᠣᠯᠠᠨ ᠡᠷᠦᠬᠡ ᠬᠤᠯᠪᠤᠭᠠᠯᠠᠨ ᠪᠠᠶᠢᠭᠤᠯᠵᠤ ᠪᠣᠯᠣᠨ᠎ᠠ︶ ᠮᠦᠷᠲᠡᠭᠡᠨ GPS | ᠪᠠᠶᠢᠷᠢᠰᠢᠯ ᠤᠨ ᠴᠡᠭ᠂ ᠲᠦᠷᠦᠯ ᠵᠦᠢᠯ ᠤᠨ ᠪᠠᠶᠢᠭᠤᠯᠤᠯᠲᠠ ᠶᠢᠨ ᠶᠠᠪᠤᠴᠠ ᠶᠢᠨ ᠵᠢᠷᠤᠭ ᠵᠢᠴᠢ ᠪᠠᠶᠢᠭᠤᠯᠤᠯᠲᠠ ᠶᠢᠨ | ᠡᠮᠦᠨ᠎ᠡ ᠬᠤᠶᠢᠨᠠᠬᠢ ᠠᠳᠠᠯᠢᠳᠬᠠᠯ ᠵᠢᠷᠤᠭ ᠬᠠᠩᠭᠠᠨ᠎ᠠ︔ ᠬᠦᠯᠡᠮᠵᠢ ᠶᠢᠨ ᠣᠷᠲᠣ ᠶᠢ 60m᠂ ᠦᠷᠭᠡᠨ ᠢ 9m᠂ | ᠦᠨᠳᠦᠷ ᠢ 2.9m᠂ ᠡᠭᠦᠳᠡᠨ ᠤ ᠦᠷᠭᠡᠨ ᠢ 2.5m ᠪᠠᠶᠢᠯᠭᠠᠨ᠎ᠠ︔ ᠬᠦᠯᠡᠮᠵᠢ ᠳᠤ 25/50/1.5 | ᠮᠢᠯᠢᠮᠧᠲᠷ ᠴᠠᠶᠢᠷᠳᠠᠭᠰᠠ ᠵᠤᠤᠪᠠᠩ ᠬᠤᠭᠤᠯᠠᠢ ᠪᠣᠶᠣ ᠬᠤᠤᠰ ᠳᠠᠪᠬᠤᠷᠭᠠᠲᠤ ᠴᠠᠶᠢᠷᠳᠠᠭᠰᠠ ᠪᠤᠯᠤᠳ ᠬᠤᠭᠤᠯᠠᠢ | ᠪᠣᠯᠣᠳ ᠴᠠᠬᠤ ᠶᠢᠨ ᠪᠦᠲᠦᠴᠡ ᠶᠢ ᠬᠡᠷᠡᠭᠯᠡᠨ᠎ᠡ᠃ ᠬᠤᠤᠰ ᠳᠠᠪᠬᠤᠷᠭᠠᠲᠤ ᠪᠤᠯᠤᠳ ᠴᠠᠬᠤ ᠶᠢᠨ ᠴᠠᠶᠢᠷᠳᠠᠭᠰᠠ | ᠪᠤᠯᠤᠳ ᠬᠤᠭᠤᠯᠠᠢ ᠪᠣᠯᠣᠳ ᠴᠠᠬᠤ ᠶᠢᠨ ᠪᠦᠲᠦᠴᠡ ᠶᠢᠨ ᠳᠡᠭᠡᠳᠦ ᠳᠠᠪᠬᠤᠷᠭ᠎ᠠ ᠳᠤ 1.5 ᠮᠢᠯᠢᠮᠧᠲᠷ ᠠᠴᠠ | ᠳᠡᠭᠡᠭᠰᠢᠬᠢ 1 ᠢᠮᠠᠬᠤ ᠶᠢᠨ ᠪᠤᠯᠤᠳ ᠬᠤᠭᠤᠯᠠᠢ᠂ ᠳᠣᠣᠷᠠᠲᠤ ᠳᠠᠪᠬᠤᠷᠭ᠎ᠠ ᠳᠤ 4 ᠹᠦᠨ ᠠᠴᠠ ᠳᠡᠭᠡᠭᠰᠢᠬᠢ | ᠴᠠᠶᠢᠷᠳᠠᠭᠰᠠ ᠪᠤᠯᠤᠳ ᠬᠤᠭᠤᠯᠠᠢ ᠪᠠ 10# ᠠᠴᠠ ᠳᠡᠭᠡᠭᠰᠢᠬᠢ ᠪᠣᠯᠣᠳ ᠰᠢᠷᠪᠤᠰᠤ ᠬᠡᠷᠡᠭᠯᠡᠨ᠂ ᠬᠤᠶᠠᠷ | ᠳᠠᠪᠬᠤᠷᠭ᠎ᠠ ᠶᠢᠨ ᠳᠣᠮᠳᠠ 6# ᠠᠴᠠ ᠳᠡᠭᠡᠭᠰᠢᠬᠢ ᠪᠤᠯᠤᠳ ᠰᠢᠷᠪᠤᠰᠤ ᠪᠠᠷ ᠬᠤᠯᠪᠤᠨ᠎ᠠ᠃ | ② ᠬᠠᠤᠯᠢ ᠶᠤᠰᠤᠨ ᠤ ᠭᠠᠵᠠᠷ ᠳᠡᠭᠡᠷ᠎ᠡ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ | ᠶᠢ ᠰᠢᠨ᠎ᠡ ᠪᠠᠷ ᠪᠠᠶᠢᠭᠤᠯᠪᠠᠯ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ | ᠵᠦᠢᠯ ᠤᠨ ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ | ᠭᠠᠷᠳᠠᠮ ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ | ᠭᠠᠵᠠᠷ᠂ ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ | ᠲᠦᠰᠦᠪ᠂ ᠠᠬᠢᠴᠠ ᠶᠢᠨ ᠲᠤᠬᠢᠷᠠᠭᠤᠯᠤᠯᠲᠠ᠂ ᠬᠦᠬᠡ ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ | ᠪᠠᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ | ᠵᠦᠢᠯ ᠤᠨ ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ | ᠪᠠᠷᠢᠮᠵᠢᠶ᠎ᠠ ᠪᠤᠯᠭᠠᠨ᠎ᠠ︔ ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ | ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ | ᠬᠦᠴᠦᠨ ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ | ᠬᠢᠨᠠᠨ ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 5 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 2. ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠲᠦᠪ ᠤᠨ ᠪᠠᠶᠢᠭᠤᠯᠤᠯᠲᠠ᠃ ᠰᠢᠨ᠎ᠡ ᠪᠠᠷ ᠪᠠᠶᠢᠭᠤᠯᠤᠭᠰᠠᠨ | ᠴᠢᠬᠢ ᠪᠤᠶᠢᠵᠢᠭᠤᠯᠤᠯᠲᠠ ᠶᠢᠨ ᠴᠢᠳᠠᠪᠤᠷᠢ 500 ᠲᠦᠮᠡᠨ ᠰᠠᠭᠤᠷᠢ ᠠᠴᠠ ᠳᠠᠪᠠᠭᠰᠠᠨ ︵ᠰᠠᠪᠠ ᠪᠣᠯᠭᠠᠨ ᠳᠤ ᠨᠢᠭᠡ | ᠰᠠᠭᠤᠷᠢ ᠪᠠᠷ ᠲᠤᠭᠠᠴᠢᠨ᠎ᠠ︶ ᠮᠦᠷᠲᠡᠭᠡᠨ ᠴᠢᠬᠢ ᠪᠤᠶᠢᠵᠢᠭᠤᠯᠬᠤ ᠠᠷᠪᠢᠴᠢ ᠬᠡᠷᠡᠭᠰᠡᠯ ᠢ ᠠᠰᠢᠭᠯᠠᠭᠰᠠᠨ ᠪᠠᠷᠢᠮᠵᠢᠶᠠᠲᠤ | ᠴᠢᠬᠢ ᠪᠤᠶᠢᠵᠢᠭᠤᠯᠤᠯᠲᠠ ᠶᠢᠨ ᠲᠦᠪ᠂ ᠪᠠᠶᠢᠭᠤᠯᠤᠯᠲᠠ ᠶᠢᠨ ᠵᠠᠷᠤᠳᠠᠯ ᠤᠨ 30% ᠶᠤᠰᠤᠭᠠᠷ ᠨᠦᠬᠦᠪᠦᠷᠢ | ᠣᠯᠭᠤᠨ᠎ᠠ᠃ | ⑴ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 1 ᠲᠦᠪ ᠢ ᠪᠠᠶᠢᠭᠤᠯᠤᠨ᠎ᠠ᠃ | ⑵ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ | ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ ᠭᠠᠵᠠᠷ᠂ | ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ | ᠠᠬᠢᠴᠠ ᠶᠢᠨ ᠲᠤᠬᠢᠷᠠᠭᠤᠯᠤᠯᠲᠠ᠂ ᠬᠦᠬᠡ ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ | ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ | ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ | ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ | ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ | ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 3. ᠵᠢᠮᠢᠰ ᠢᠳᠡᠰᠢᠨ ᠨᠤᠭᠤᠭ᠎ᠠ ᠶᠢ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ ᠶᠢᠨ | ᠪᠠᠶᠢᠭᠤᠯᠤᠯᠲᠠ᠃ ᠭᠤᠸ᠎ᠠ ᠵᠢᠮᠢᠰ ᠢᠳᠡᠰᠢᠨ ᠨᠤᠭᠤᠭᠠᠨ ᠤ ᠭᠤᠤᠯ ᠭᠠᠷᠤᠯᠲᠠ ᠶᠢᠨ ᠲᠤᠭᠤᠷᠢᠭ ᠤᠨ ᠰᠠᠭᠤᠷᠢᠨ | ᠭᠠᠵᠠᠷ ᠤᠨ ᠣᠶᠢᠷ᠎ᠠ ᠬᠠᠪᠢ ᠳᠤ 5000 ᠺᠦᠪ ᠮᠧᠲᠷ ᠠᠴᠠ ᠳᠡᠭᠡᠭᠰᠢ ᠲᠠᠯᠠᠪᠠᠢ ᠲᠠᠢ ᠰᠢᠨ᠎ᠡ ᠪᠠᠷ ᠪᠠᠶᠢᠭᠤᠯᠬᠤ | ᠪᠤᠶᠤ ᠦᠷᠬᠦᠯᠵᠢᠯᠡᠨ ᠪᠠᠶᠢᠭᠤᠯᠬᠤ ᠮᠦᠷᠲᠡᠭᠡᠨ ᠲᠤᠬᠠᠢ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠵᠢᠮᠢᠰ ᠢᠳᠡᠰᠢᠨ | ᠨᠤᠭᠤᠭ᠎ᠠ ᠶᠢ ᠰᠢᠨ᠎ᠡ ᠰᠤᠷᠭᠤᠭ ᠢᠶᠠᠷ ᠬᠦᠷᠦᠭᠡᠨ ᠬᠠᠳᠠᠭᠠᠯᠠᠬᠤ ᠦᠢᠯᠡᠴᠢᠯᠡᠭᠡ ᠬᠠᠩᠭᠠᠬᠤ ᠬᠦᠮᠦᠷᠭᠡ ᠳᠤ ᠺᠦᠪ | ᠮᠧᠲᠷ ᠪᠣᠯᠭᠠᠨ 500 ᠲᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ ᠨᠦᠬᠦᠪᠦᠷᠢ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 3 ᠬᠦᠮᠦᠷᠭᠡ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ | ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ ᠭᠠᠵᠠᠷ᠂ | ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ | ᠠᠬᠢᠴᠠ ᠶᠢᠨ ᠲᠤᠬᠢᠷᠠᠭᠤᠯᠤᠯᠲᠠ᠂ ᠬᠦᠬᠡ ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ | ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ | ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ | ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ | ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ | ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 7 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 4. ᠡᠷᠴᠢᠮᠵᠢᠬᠦᠯᠦᠭᠰᠡᠨ ᠴᠢᠬᠢ ᠪᠤᠶᠢᠵᠢᠭᠤᠯᠤᠯᠲᠠ᠃ ᠵᠢᠯ ᠤᠨ ᠡᠷᠴᠢᠮᠯᠢᠭ ᠠᠷᠪᠢᠴᠢ ᠴᠢᠬᠢ ᠪᠤᠶᠢᠵᠢᠭᠤᠯᠤᠯᠲᠠ | ᠶᠢᠨ ᠬᠡᠪᠴᠢᠶ᠎ᠡ 200ᠲᠦᠮᠡᠨ ᠰᠠᠭᠤᠷᠢ ᠠᠴᠠ ᠳᠠᠪᠠᠭᠰᠠᠨ ᠵᠢᠮᠢᠰ ᠢᠳᠡᠰᠢᠨ ᠨᠤᠭᠤᠭᠠᠨ ᠤ ᠪᠠᠷᠢᠮᠵᠢᠶᠠᠲᠤ ᠴᠢᠬᠢ | ᠪᠤᠶᠢᠵᠢᠭᠤᠯᠬᠤ ᠰᠠᠭᠤᠷᠢᠨ ᠭᠠᠵᠠᠷ ᠤᠨ ᠬᠢᠨ ᠲᠤᠰ ᠬᠤᠰᠢᠭᠤᠨ ᠳᠤ ᠪᠠᠨ ᠰᠠᠭᠤᠷᠢ ᠪᠤᠯᠭᠠᠨ ᠢ ᠵᠠᠬ᠎ᠠ ᠳᠡᠯᠭᠡᠭᠦᠷ ᠤᠨ | ᠦᠨ᠎ᠡ ᠠᠴᠠ 0.07 ᠲᠦᠬᠦᠷᠢᠭ ᠬᠢᠮᠳᠠ ᠪᠠᠷ ᠴᠢᠬᠢ ᠪᠣᠶᠢᠵᠢᠭᠤᠯᠣᠭᠰᠠᠨ᠂ ᠪᠣᠷᠣᠯᠠᠭᠤᠯᠤᠭᠰᠠᠨ ᠪᠤᠶᠤ ᠲᠠᠷᠢᠭᠰᠠᠨ | ᠪᠣᠯ ᠢᠳᠡᠰᠢᠨ ᠨᠤᠭᠤᠭ᠎ᠠ ᠭᠤᠸ᠎ᠠ ᠵᠢᠮᠢᠰ ᠤᠨ ᠴᠢᠬᠢᠨ ᠤ ᠰᠠᠭᠤᠷᠢ ᠪᠤᠯᠭᠠᠨ ᠳᠤ 0.07ᠲᠦᠬᠦᠷᠢᠭ ᠤᠨ ᠨᠦᠬᠦᠪᠦᠷᠢ | ᠮᠦᠩᠭᠦ ᠶᠢᠨ ᠪᠠᠷᠢᠮᠵᠢᠶ᠎ᠠ ᠪᠠᠷ ᠰᠠᠭᠤᠷᠢᠨ ᠭᠠᠵᠠᠷ ᠲᠤ ᠰᠢᠭᠤᠳ ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 5000 ᠲᠦᠮᠡᠨ ᠰᠠᠭᠤᠷᠢ ᠴᠢᠬᠢ ᠪᠤᠶᠢᠵᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠲᠤᠬᠠᠢ ᠶᠢᠨ ᠲᠡᠯᠡᠪᠡᠢ ᠳᠤ ᠬᠠᠷᠭᠤᠭᠤᠯᠤᠨ | ᠨᠣᠲᠠᠯᠠᠵᠣ ᠳᠠᠩᠰᠠᠯᠠᠭᠤᠯᠤᠭᠰᠠᠨ ᠡᠷᠴᠢᠮᠯᠢᠭ ᠠᠷᠪᠢᠴᠢ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ ᠬᠢᠨ | ᠲᠠᠷᠢᠮᠠᠯ ᠤᠨ ᠡᠷᠦᠬᠡ ᠲᠠᠢ ᠴᠢᠬᠢ ᠪᠤᠶᠢᠵᠢᠭᠤᠯᠬᠤ ᠭᠡᠷ᠎ᠡ ᠪᠠᠶᠢᠭᠤᠯᠤᠨ᠂ ᠴᠢᠬᠢ ᠪᠤᠶᠢᠵᠢᠭᠤᠯᠬᠤ ᠭᠡᠷ᠎ᠡ ᠳᠤ ᠪᠠᠨ | ᠡᠬᠦᠯᠳᠡᠷ᠂ ᠦᠨ᠎ᠡ ᠬᠠᠩᠰᠢ ︵ᠵᠠᠬ᠎ᠠ ᠳᠡᠯᠭᠡᠭᠦᠷ ᠤᠨ ᠦᠨ᠎ᠡ ᠠᠴᠠ 0.07ᠲᠦᠬᠦᠷᠢᠭ ᠬᠢᠮᠳᠠ︶᠂ ᠲᠤᠭ᠎ᠠ ᠬᠡᠮᠵᠢᠶ᠎ᠡ | ᠂ ᠬᠤᠭᠤᠴᠠᠭ᠎ᠠ᠂ ᠲᠠᠷᠢᠬᠤ ᠭᠠᠵᠠᠷ ︵ᠲᠤᠰ ᠬᠤᠰᠢᠭᠤᠨ ᠲᠤᠲᠤᠷ᠎ᠠ︶᠂ ᠲᠡᠯᠡᠪᠡᠢ ᠵᠢᠴᠢ ᠳᠠᠷᠠᠭᠠᠴᠢ ᠶᠢᠨ ᠮᠡᠷᠭᠡᠵᠢᠯ | ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠪᠠᠨ ᠲᠤᠲᠤᠷᠬᠠᠶᠢᠯᠠᠬᠤ ᠬᠡᠷᠡᠭᠲᠡᠢ︔ | ② ᠦᠷ᠎ᠡ ᠬᠤᠳᠠᠯᠳᠣᠨ ᠠᠪᠬᠤ ᠦᠶᠡᠰ ᠴᠢᠬᠢ ᠪᠤᠶᠢᠵᠢᠭᠤᠯᠬᠤ ᠠᠵᠤ ᠠᠬᠤᠶᠢᠯᠠᠯ ᠡᠷᠬᠡᠪᠰᠢ ᠬᠢᠨᠠᠨ | ᠲᠤᠭᠲᠠᠭᠠᠭᠰᠠᠨ ᠪᠠ ᠳᠠᠩᠰᠠᠯᠠᠭᠤᠯᠤᠭᠰᠠᠨ ᠢᠳᠡᠰᠢᠨ ᠨᠤᠭᠤᠭᠠᠨ ᠤ ᠡᠭᠦᠯᠳᠡᠷ ᠢ ᠰᠤᠩᠭᠤᠬᠤ ᠶᠢᠨ ᠬᠠᠮᠲᠤ ᠦᠷ᠎ᠡ | ᠬᠤᠳᠠᠯᠳᠣᠨ ᠠᠪᠤᠭᠰᠠᠨ ᠬᠡᠷᠡᠴᠢ ᠪᠠᠷᠢᠮᠲᠠ ᠪᠠᠨ ᠦᠯᠡᠳᠡᠭᠡᠬᠦ ᠬᠡᠷᠡᠭᠲᠡᠢ︔ | ③ ᠴᠢᠬᠢ ᠪᠤᠶᠢᠵᠢᠭᠤᠯᠬᠤ ᠬᠤᠭᠤᠴᠠᠭᠠᠨ ᠳᠤ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠡᠷᠬᠡᠪᠰᠢ | ᠲᠠᠷᠢᠭᠰᠠᠨ ᠲᠤᠭ᠎ᠠ᠂ ᠴᠢᠬᠢ ᠭᠠᠷᠣᠭᠰᠠᠨ ᠲᠤᠭ᠎ᠠ ᠪᠠᠨ ᠰᠠᠶᠢᠲᠤᠷ ᠲᠡᠮᠲᠡᠭᠯᠡᠬᠦ ᠶᠢᠨ ᠬᠠᠮᠲᠤ ᠦᠢᠯᠡᠳᠪᠦᠷᠢᠯᠡᠯ ᠤᠨ | ᠪᠦᠬᠦ ᠶᠠᠪᠤᠴᠠ ᠶᠢᠨ ᠲᠡᠮᠲᠡᠭᠯᠡᠯ ᠢᠶᠠᠨ ᠨᠠᠷᠢᠨ ᠬᠢᠨᠠᠮᠠᠭᠠᠢ ᠬᠢᠬᠦ ᠬᠡᠷᠡᠭᠲᠡᠢ︔ ᠴᠢᠬᠢ ᠬᠠᠩᠭᠠᠬᠤ ᠠᠴᠠ 10 ᠡᠳᠦᠷ ᠤᠨ | ᠡᠮᠦᠨ᠎ᠡ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠳᠤ ᠲᠤᠬᠠᠢ ᠶᠢᠨ | ᠭᠠᠵᠠᠷ ᠲᠤ ᠬᠦᠷᠴᠦ ᠪᠣᠶᠢᠵᠢᠭᠤᠯᠣᠭᠰᠠᠨ ᠴᠢᠬᠢᠨ ᠤ ᠲᠤᠭ᠎ᠠ ᠬᠡᠮᠵᠢᠶ᠎ᠡ ᠶᠢ ᠬᠠᠷᠭᠤᠭᠤᠯᠬᠤ ᠪᠠᠷ ᠭᠤᠶᠤᠴᠢᠯᠠᠬᠤ | ᠬᠡᠷᠡᠭᠲᠡᠢ᠃ | ④ ᠴᠢᠬᠢ ᠬᠠᠩᠭᠠᠬᠤ ᠬᠤᠭᠤᠴᠠᠭᠠᠨ ᠳᠤ᠂ ᠲᠠᠷᠢᠮᠠᠯ ᠤᠨ ᠡᠷᠦᠬᠡ ᠰᠠᠭᠤᠷᠢ ᠪᠣᠯᠭᠠᠨ ᠳᠤ ᠵᠠᠬ᠎ᠠ ᠳᠡᠯᠭᠡᠭᠦᠷ | ᠤᠨ ᠦᠨ᠎ᠡ ᠠᠴᠠ 0.07 ᠲᠦᠬᠦᠷᠢᠭ ᠬᠢᠮᠳᠠ ᠪᠠᠷ ᠵᠤᠭᠤᠰ ᠢᠶᠠᠨ ᠲᠤᠰᠢᠶᠠᠵᠦ᠂ ᠠᠵᠤ ᠠᠬᠤᠶᠢᠯᠠᠯ ᠤᠨ ᠬᠢᠨ | ᠡᠷᠬᠡᠪᠰᠢ ᠴᠢᠬᠢ ᠬᠠᠩᠭᠠᠬᠤ ᠦᠶᠡᠰ ᠲᠠᠷᠢᠮᠠᠯ ᠤᠨ ᠡᠷᠦᠬᠡ ᠲᠠᠢ ᠭᠠᠷ ᠤᠨ ᠦᠰᠦᠭ ᠵᠢᠷᠤᠭᠰᠠᠨ ᠴᠢᠬᠢ ᠬᠠᠩᠭᠠᠬᠤ | ᠭᠡᠷᠡᠴᠢ ᠪᠠᠷᠢᠮᠲᠠ ᠪᠠᠨ ᠦᠯᠡᠳᠡᠭᠡᠨ᠂ ᠴᠢᠬᠢ ᠬᠡᠷᠡᠭᠯᠡᠬᠦ ᠲᠠᠷᠢᠮᠠᠯ ᠤᠨ ᠡᠷᠦᠬᠡ ᠶᠢᠨ ᠲᠤᠭ᠎ᠠ ᠪᠠ ᠴᠢᠬᠢ ᠬᠠᠩᠭᠠᠬᠤ | ᠲᠤᠭ᠎ᠠ ᠪᠠᠨ ᠲᠤᠭᠲᠠᠭᠠᠬᠤ ᠬᠡᠷᠡᠭᠲᠡᠢ︔ | ⑤ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠡᠷᠬᠡᠪᠰᠢ ᠳᠠᠭᠤᠷᠢᠶᠠᠯ ᠦᠵᠡᠬᠦᠯᠬᠦ ᠳᠠᠶᠢᠴᠢᠯᠠᠯᠲᠠ ᠶᠢᠨ | ᠦᠢᠯᠡᠳᠦᠯ ᠢᠶᠠᠨ ᠪᠠᠳᠠᠷᠠᠭᠤᠯᠵᠤ᠂ ᠲᠠᠷᠢᠮᠠᠯ ᠤᠨ ᠡᠷᠦᠬᠡ ᠳᠤ ᠮᠡᠷᠭᠡᠵᠢᠯ ᠤᠨ ᠦᠢᠯᠡᠴᠢᠯᠡᠭᠡ ᠬᠠᠩᠭᠠᠬᠤ | ᠬᠠᠷᠢᠭᠤᠴᠠᠯᠭ᠎ᠠ ᠪᠠᠨ ᠡᠬᠦᠷᠭᠡᠯᠡᠬᠦ ᠬᠡᠷᠡᠭᠲᠡᠢ᠃ | ᠳᠡᠭᠡᠷ᠎ᠡ ᠳᠣᠷᠠᠳᠣᠭᠰᠠᠨ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢ ᠴᠢᠬᠢ ᠪᠣᠶᠢᠵᠢᠭᠤᠯᠣᠯᠲᠠ ᠶᠢᠨ ᠠᠵᠤ | ᠠᠬᠤᠶᠢᠯᠠᠯ ᠠᠴᠠ ᠲᠤᠰ ᠲᠤᠰ 6 ᠰᠠᠷ᠎ᠠ ᠶᠢᠨ 30 ᠤ ᠡᠳᠦᠷ ᠪᠣᠯᠣᠨ 9 ᠰᠠᠷ᠎ᠠ ᠶᠢᠨ 20 ᠤ ᠡᠳᠦᠷ ᠠᠴᠠ | ᠡᠮᠦᠨ᠎ᠡ ᠡᠮᠬᠢᠳᠭᠡᠨ ᠲᠡᠪᠲᠡᠷᠯᠡᠵᠦ ᠪᠠᠯᠭᠠᠰᠣᠨ ᠤ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ | ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠵᠦ ᠳᠠᠩᠰᠠᠯᠠᠭᠤᠯᠤᠨ᠎ᠠ᠃ ᠬᠡᠷᠪᠡ ᠴᠢᠬᠢ | ᠪᠣᠶᠢᠵᠢᠭᠤᠯᠣᠯᠲᠠ ᠶᠢᠨ ᠠᠵᠤ ᠠᠬᠤᠶᠢᠯᠠᠯ ᠬᠤᠭᠤᠴᠠᠭ᠎ᠠ ᠶᠤᠰᠤᠭᠠᠷ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢᠶᠠᠨ | ᠬᠠᠩᠭᠠᠭᠰᠠᠨ ᠦᠭᠡᠢ ᠪᠤᠶᠤ ᠪᠢᠴᠢᠭ ᠮᠡᠲ᠋ᠧᠷᠢᠶᠡᠯ ᠪᠦᠷᠢᠨ ᠪᠤᠰᠤ ᠪᠣᠯ ᠬᠤᠰᠢᠭᠤ ᠮᠠᠯ ᠲᠠᠷᠢᠶᠠᠯᠠᠩ ᠤᠨ ᠲᠤᠪᠴᠢᠶᠠᠨ | ᠠᠴᠠ ᠰᠢᠯᠭᠠᠨ ᠬᠤᠷᠢᠶᠠᠬᠤ ᠦᠭᠡᠢ᠃ | ︵3︶ ᠰᠢᠯᠭᠠᠨ ᠬᠤᠷᠢᠶᠠᠬᠤ ᠠᠷᠭ᠎ᠠ᠄ | ① ᠴᠢᠬᠢ ᠪᠤᠶᠢᠵᠢᠭᠤᠯᠬᠤ᠂ ᠬᠠᠩᠭᠠᠬᠤ ᠬᠤᠭᠤᠴᠠᠭᠠᠨ ᠳᠤ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ | ᠪᠠᠯᠭᠠᠰᠣᠨ ᠤ ᠵᠠᠰᠠᠭ ᠤᠨ ᠣᠷᠳᠣᠨ ᠠᠴᠠ ᠲᠤᠰ ᠲᠤᠰ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠲᠡᠮᠲᠡᠭᠯᠡᠯ᠂ ᠴᠢᠬᠢ ᠬᠠᠩᠭᠠᠬᠤ ᠬᠡᠷᠡᠴᠢ ᠪᠠᠷᠢᠮᠲᠠ ᠶᠢ 2 ᠣᠳᠠᠭ᠎ᠠ ᠲᠤᠭᠲᠠᠮᠠᠯ ᠪᠤᠰᠤ | ᠬᠤᠭᠤᠴᠠᠭ᠎ᠠ ᠲᠠᠢ ᠪᠠᠷ ᠪᠠᠶᠢᠴᠠᠭᠠᠨ᠎ᠠ︔ | ② ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ ᠬᠠᠩᠭᠠᠭᠰᠠᠨ ᠴᠢᠬᠢ ᠬᠠᠩᠭᠠᠯᠲᠠ ᠶᠢᠨ ᠳᠠᠩᠰᠠ ᠶᠢ | ᠦᠨᠳᠦᠰᠦᠯᠡᠨ᠂ ᠪᠠᠯᠭᠠᠰᠣᠨ ᠤ ᠵᠠᠰᠠᠭ ᠤᠨ ᠣᠷᠳᠣᠨ ᠠᠴᠠ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ | ᠨᠢᠭᠡᠪᠤᠷᠢ ᠶᠢᠨ ᠴᠢᠬᠢ ᠬᠠᠩᠭᠠᠭᠰᠠᠨ 20% ᠶᠢᠨ ᠲᠠᠷᠢᠮᠠᠯ ᠤᠨ ᠡᠷᠦᠬᠡ ᠳᠤ ᠲᠤᠬᠠᠢ ᠶᠢᠨ ᠭᠠᠵᠠᠷ ᠲᠤ ᠰᠢᠯᠭᠠᠨ | ᠬᠤᠷᠢᠶᠠᠬᠤ ᠶᠢ ᠪᠡᠶᠡᠯᠡᠬᠦᠯᠦᠨ᠎ᠡ︔ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠴᠢᠬᠢ ᠪᠣᠶᠢᠵᠢᠭᠤᠯᠣᠯᠲᠠ ᠶᠢᠨ | ᠠᠵᠤ ᠠᠬᠤᠶᠢᠯᠠᠯ ᠨᠢᠭᠡᠪᠤᠷᠢ ᠶᠢᠨ ᠰᠢᠯᠭᠠᠨ ᠦᠵᠡᠭᠰᠡᠨ ᠦᠭᠡᠢ ᠴᠢᠬᠢ ᠬᠠᠩᠭᠠᠭᠰᠠᠨ ᠲᠠᠷᠢᠮᠠᠯ ᠤᠨ ᠡᠷᠦᠬᠡ ᠠᠴᠠ | 5% ᠶᠢᠨ ᠡᠷᠦᠬᠡ ᠶᠢ ᠰᠣᠩᠭᠤᠵᠣ ᠲᠤᠬᠠᠢ ᠶᠢᠨ ᠭᠠᠵᠠᠷ ᠲᠤ ᠨᠢ ᠰᠢᠯᠭᠠᠨ ᠬᠤᠷᠢᠶᠠᠨ᠎ᠠ︔ | ③ ᠡᠳ᠋ ᠤᠨ ᠵᠠᠰᠠᠭ ᠤᠨ ᠨᠦᠬᠦᠪᠦᠷᠢ ᠮᠦᠩᠭᠦ ᠶᠢ ᠰᠢᠯᠭᠠᠨ ᠦᠵᠡᠭᠡᠳ ᠬᠢᠷᠢ ᠲᠡᠩᠴᠡᠭᠰᠡᠨ ᠬᠠᠷᠢᠴᠠᠯ ᠢᠶᠠᠷ | ᠣᠯᠭᠤᠨ᠎ᠠ᠃ | ︵4︶ ᠰᠢᠯᠭᠠᠨ ᠬᠤᠷᠢᠶᠠᠬᠤ ᠴᠠᠭ᠄ ᠨᠢᠭᠡᠳᠦᠭᠡᠷ ᠣᠳᠠᠭᠠᠨ ᠤ ᠴᠢᠬᠢ ᠪᠤᠶᠢᠵᠢᠭᠤᠯᠬᠤ ᠬᠤᠭᠤᠴᠠᠭ᠎ᠠ ᠶᠢ 7 | ᠰᠠᠷ᠎ᠠ ᠶᠢᠨ 10 ᠤ ᠡᠳᠦᠷ ᠠᠴᠠ ᠡᠮᠦᠨ᠎ᠡ᠂ ᠬᠤᠶᠠᠳᠣᠭᠠᠷ ᠣᠳᠠᠭᠠᠨ ᠤ ᠴᠢᠬᠢ ᠪᠤᠶᠢᠵᠢᠭᠤᠯᠬᠤ ᠬᠤᠭᠤᠴᠠᠭ᠎ᠠ ᠶᠢ | 10 ᠰᠠᠷ᠎ᠠ ᠶᠢᠨ 10 ᠤ ᠡᠳᠦᠷ ᠠᠴᠠ ᠡᠮᠦᠨ᠎ᠡ ᠬᠡᠷᠡᠭᠵᠢᠬᠦᠯᠦᠨ᠎ᠡ᠃ | 1 —— 4 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ | ᠬᠤᠰᠢᠭᠤᠨ ᠤ ᠠᠵᠤ ᠠᠬᠤᠢ ᠶᠢᠨ ᠲᠠᠷᠢᠮᠠᠯ ᠤᠨ ᠦᠷᠲᠡᠭᠡ ︵ᠬᠠᠷᠢᠯᠴᠠᠬᠤ ᠬᠦᠮᠦᠨ᠄ ᠭᠤᠤ ᠱᠤ᠋ ᠬᠠᠢ᠂ | ᠬᠠᠷᠢᠯᠴᠠᠬᠤ ᠤᠲᠠᠰᠣ᠄ 13904774435︶᠃ | 5. ᠠᠵᠤ ᠠᠬᠤᠢ ᠶᠢᠨ ᠣᠢ ᠲᠠᠷᠢᠬᠤ᠃ ᠡᠯ᠎ᠡ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠠᠵᠤ | ᠠᠬᠤᠢ ᠶᠢᠨ ᠤᠢ ᠶᠢᠨ ᠪᠠᠶᠢᠭᠤᠯᠤᠯᠲᠠ ᠶᠢ ᠬᠦᠭᠵᠢᠬᠦᠯᠬᠦ ᠶᠢ ᠵᠤᠷᠢᠭᠵᠢᠭᠤᠯᠵᠤ᠂ ᠰᠢᠨ᠎ᠡ ᠪᠠᠷ ᠨᠡᠮᠡᠭᠳᠡᠭᠰᠡᠨ ᠲᠠᠯᠠᠪᠠᠢ | 30 ᠮᠤ᠋ ᠠᠴᠠ ᠳᠡᠭᠡᠭᠰᠢ ᠳᠠᠪᠠᠪᠠᠯ᠂ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠮᠤ᠋ ᠪᠣᠯᠭᠠᠨ ᠳᠤ | 800 ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠶᠡᠷᠦᠩᠬᠡᠢ ᠬᠡᠪᠴᠢᠶ᠎ᠡ 20000 ᠮᠤ᠋᠃ ᠡᠬᠦᠨ ᠳᠤ ᠣᠯᠵᠠᠴᠢ | ᠪᠠᠯᠭᠠᠰᠣ 5000 ᠮᠣ᠋᠂ ᠪᠤᠷᠤᠪᠠᠯᠭᠠᠰᠣ ᠪᠠᠯᠭᠠᠰᠣ 5000 ᠮᠣ᠋᠂ ᠨᠠᠩᠰᠣ ᠪᠠᠯᠭᠠᠰᠣ 5000 ᠮᠣ᠋᠂ ᠱᠠᠩᠬᠠᠢ ᠶᠢᠨ | ᠰᠦᠮ᠎ᠡ ᠪᠠᠯᠭᠠᠰᠣ 5000 ᠮᠤ᠋ ᠪᠣᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠦᠨᠳᠦᠰᠦᠨ ᠲᠠᠷᠢᠶᠠᠨ ᠭᠠᠵᠠᠷ ᠪᠤᠯᠤᠨ ᠨᠣᠲᠤᠭ ᠪᠡᠯᠴᠢᠭᠡᠷ ᠠᠴᠠ ᠭᠠᠳᠠᠨ᠎ᠠ᠂ ᠬᠠᠭᠠᠯᠪᠣᠷᠢᠯᠠᠬᠤ | ᠬᠡᠷᠡᠭᠴᠡᠭᠡ ᠦᠭᠡᠢ ᠮᠦᠷᠲᠡᠭᠡᠨ ᠠᠵᠣ ᠠᠬᠤᠢ ᠶᠢᠨ ᠣᠢ ᠲᠠᠷᠢᠬᠤ ᠨᠦᠬᠦᠴᠡᠯ ᠪᠦᠷᠢᠳᠦᠭᠰᠡᠨ ᠡᠳᠦᠭᠡ ᠪᠠᠶᠢᠭ᠎ᠠ | ᠣᠰᠣᠨ ᠭᠠᠵᠠᠷ ᠳᠡᠭᠡᠷ᠎ᠡ ᠲᠠᠷᠢᠨ᠎ᠠ ᠃ | ② ᠵᠤᠯᠵᠠᠭ᠎ᠠ ᠮᠣᠳᠣᠨ ᠤ ᠡᠭᠦᠯᠳᠡᠷ᠂ ᠶᠠᠰᠣ ᠴᠢᠨᠠᠷ ᠢ ᠪᠠᠲᠤᠯᠠᠬᠤ ᠶᠢᠨ ᠲᠦᠯᠦᠭᠡ᠂ ᠠᠵᠤ ᠠᠬᠤᠢ ᠶᠢᠨ ᠤᠢ | ᠶᠢᠨ ᠪᠠᠶᠢᠭᠤᠯᠤᠯᠲᠠ ᠳᠤ ᠬᠡᠷᠡᠭᠰᠡᠬᠦ ᠵᠤᠯᠵᠠᠭ᠎ᠠ ᠮᠤᠳᠤᠨ ᠤ ᠭᠠᠷᠤᠯᠲᠠ ᠶᠢᠨ ᠭᠠᠵᠠᠷ ᠪᠠ ᠵᠤᠯᠵᠠᠭ᠎ᠠ ᠮᠤᠳᠤ | ᠬᠠᠩᠭᠠᠬᠤ ᠪᠠᠶᠢᠭᠤᠯᠭ᠎ᠠ ᠨᠢᠭᠡᠴᠡ ᠶᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ᠂ ᠪᠠᠯᠭᠠᠰᠣᠨ ᠤ | ᠵᠠᠰᠠᠭ ᠤᠨ ᠣᠷᠳᠣᠨ᠂ ᠬᠤᠯᠪᠤᠭᠠᠲᠤ ᠬᠤᠷᠰᠢᠶᠠᠨ ᠠᠴᠠ ᠨᠢᠭᠡᠳᠦᠯᠲᠡᠢ ᠲᠤᠭᠲᠠᠭᠠᠬᠤ ᠬᠡᠷᠡᠭᠲᠡᠢ︔ | ③ ᠡᠯ᠎ᠡ ᠪᠠᠯᠭᠠᠰᠣ ᠭᠠᠵᠠᠷ ᠣᠷᠣᠨ ᠳᠤ ᠪᠠᠨ ᠲᠤᠬᠢᠷᠠᠭᠤᠯᠤᠨ ᠭᠠᠴᠠᠭ᠎ᠠ ᠲᠤᠰᠬᠤᠨ ᠤ ᠠᠵᠤ ᠠᠬᠤᠢ ᠶᠢᠨ | ᠤᠢ ᠶᠢᠨ ᠬᠠᠮᠲᠤᠷᠠᠯ ᠬᠤᠷᠰᠢᠶ᠎ᠠ ᠶᠢ ᠪᠠᠶᠢᠭᠤᠯᠬᠤ ᠪᠤᠶᠤ ᠪᠠᠯᠭᠠᠰᠣ ᠪᠠᠷ ᠨᠢᠭᠡᠴᠢ ᠪᠤᠯᠭᠠᠨ ᠬᠤᠯᠪᠤᠭᠠᠲᠤ ᠬᠤᠷᠰᠢᠶ᠎ᠠ | ᠴᠤᠭᠴᠠᠯᠠᠨ᠂ ᠬᠤᠯᠪᠤᠭᠠᠲᠤ ᠬᠤᠷᠰᠢᠶ᠎ᠠ ᠪᠤᠶᠤ ᠪᠠᠯᠭᠠᠰᠣᠨ ᠤ ᠵᠠᠰᠠᠭ ᠤᠨ ᠣᠷᠳᠣᠨ ᠠᠴᠠ ᠲᠠᠷᠢᠮᠠᠯ ᠤᠨ ᠡᠷᠦᠬᠡ | ᠪᠤᠯᠤᠨ ᠵᠤᠯᠵᠠᠭ᠎ᠠ ᠮᠤᠳᠤ ᠬᠠᠩᠭᠠᠬᠤ ᠲᠤᠭ᠎ᠠ᠂ ᠴᠠᠭ᠂ ᠠᠷᠭ᠎ᠠ ᠮᠠᠶ᠋ᠢᠭ᠂ ᠭᠠᠵᠠᠷ ᠢ ᠲᠤᠭᠲᠠᠭᠠᠨ᠎ᠠ︔ ᠪᠠᠯᠭᠠᠰᠣᠨ ᠤ | ᠵᠠᠰᠠᠭ ᠤᠨ ᠣᠷᠳᠣᠨ ᠠᠴᠠ ᠶᠡᠭᠡ ᠵᠣᠬᠢᠶᠠᠨ ᠪᠠᠶᠢᠭᠤᠯᠬᠤ ᠴᠢᠳᠠᠪᠤᠷᠢ ᠲᠠᠢ ᠭᠠᠴᠠᠭ᠎ᠠ ᠲᠤᠰᠬᠤᠨ ᠤ ᠠᠵᠤ ᠠᠬᠤᠢ | ᠶᠢᠨ ᠣᠢ ᠶᠢᠨ ᠬᠠᠮᠲᠤᠷᠠᠯ ᠬᠤᠷᠰᠢᠶ᠎ᠠ ᠶᠢ ᠲᠤᠭᠲᠠᠭᠠᠵᠤ᠂ ᠮᠠᠯᠴᠢᠨ ᠲᠠᠷᠢᠶᠠᠴᠢᠨ ᠤ ᠰᠠᠶᠢᠨ ᠳᠣᠷ᠎ᠠ ᠶᠢᠨ ᠵᠠᠷᠴᠢᠮ | ᠶᠤᠰᠤᠭᠠᠷ ᠲᠠᠷᠢᠬᠤ ᠲᠠᠯᠠᠪᠠᠢ᠂ ᠡᠬᠦᠯᠳᠡᠷ ᠪᠤᠯᠤᠨ ᠵᠤᠯᠵᠠᠭ᠎ᠠ ᠮᠣᠳᠣ ᠬᠠᠩᠭᠠᠬᠤ ᠲᠤᠭ᠎ᠠ ᠬᠡᠮᠵᠢᠶ᠎ᠡ ᠶᠢ ᠲᠤᠭᠲᠠᠭᠠᠬᠤ | ᠬᠡᠷᠡᠭᠲᠡᠢ︔ | ④ ᠵᠤᠯᠵᠠᠭ᠎ᠠ ᠮᠤᠳᠤ ᠬᠠᠩᠭᠠᠬᠤ ᠪᠠᠶᠢᠭᠤᠯᠭ᠎ᠠ ᠨᠢᠭᠡᠴᠡ ᠣᠯᠣᠰ ᠤᠨ ᠬᠤᠶᠠᠳᠣᠭᠠᠷ ᠲᠡᠰ ᠤᠨ ᠠᠵᠤ ᠠᠬᠤᠢ | ᠶᠢᠨ ᠤᠢ ᠳᠤ ᠨᠡᠶᠢᠴᠡᠬᠦ ᠪᠤᠶᠤ ᠲᠡᠭᠦᠨ ᠠᠴᠠ ᠳᠡᠭᠡᠭᠰᠢᠬᠢ ᠵᠤᠯᠵᠠᠭ᠎ᠠ ᠮᠣᠳᠣ ᠬᠠᠩᠭᠠᠬᠤ ᠶᠢᠨ ᠬᠠᠮᠲᠤ ᠮᠡᠷᠭᠡᠵᠢᠯ ᠤᠨ | ᠵᠢᠯᠤᠭᠤᠳᠤᠯᠭ᠎ᠠ ᠬᠢᠨ᠂ ᠲᠠᠷᠢᠮᠠᠯ ᠤᠨ ᠡᠷᠦᠬᠡ ᠯᠦᠭᠡ ᠭᠠᠷ ᠤᠨ ᠦᠰᠦᠭ ᠵᠢᠷᠤᠭᠰᠠᠨ ᠵᠤᠯᠵᠠᠭ᠎ᠠ ᠮᠤᠳᠤ ᠬᠠᠩᠭᠠᠬᠤ | ᠬᠡᠷᠡᠴᠢ ᠪᠠᠷᠢᠮᠲᠠ ᠪᠠᠨ ᠦᠯᠡᠳᠡᠭᠡᠬᠦ ᠬᠡᠷᠡᠭᠲᠡᠢ︔ | ⑤ ᠣᠶᠢᠵᠢᠭᠤᠯᠤᠯᠲᠠ ᠶᠢᠨ ᠨᠢᠭᠲᠠᠴᠠ᠄ ᠮᠣ᠋ ᠪᠦᠷᠢ ᠳᠤ 191 ᠰᠠᠭᠤᠷᠢ ᠠᠷᠢᠬᠢ ᠨᠡᠷᠡᠬᠦ ᠦᠵᠦᠮ᠂ | ᠴᠢᠪᠠᠭ᠎ᠠ᠂ ᠠᠯᠮᠣᠷᠠᠳ ᠵᠢᠴᠢ ᠪᠣᠰᠣᠳ ᠠᠵᠤ ᠠᠬᠤᠢ ᠶᠢᠨ ᠣᠢ ᠪᠣᠯ ᠮᠣ᠋ ᠪᠦᠷᠢ ᠳᠤ 67 ᠰᠠᠭᠤᠷᠢ ᠠᠴᠠ ᠴᠦᠭᠡᠨ | ᠪᠠᠶᠢᠯᠭᠠᠵᠤ ᠪᠣᠯᠬᠤ ᠦᠭᠡᠢ︔ | ⑥ ᠣᠶᠢᠵᠢᠭᠤᠯᠤᠭᠰᠠᠨ ᠤ ᠳᠠᠷᠠᠭ᠎ᠠ ᠵᠢᠯ ᠤᠨ ᠣᠨᠳᠣᠷᠣᠯᠲᠠ ᠶᠢᠨ ᠨᠤᠷᠮ᠎ᠠ 85% ᠠᠴᠠ ᠳᠠᠪᠠᠨ᠂ | ᠬᠦᠷᠦᠭᠡᠳ ᠬᠤᠶᠠᠷ ᠵᠢᠯ ᠤᠨ ᠬᠠᠳᠠᠭᠠᠯᠠᠯᠲᠠ ᠶᠢᠨ ᠨᠤᠷᠮ᠎ᠡ 80% ᠬᠦᠷᠪᠡᠯ ᠣᠶᠢᠵᠢᠭᠤᠯᠣᠯᠲᠠ ᠬᠢᠷᠢ ᠲᠡᠩᠴᠡᠭᠰᠡᠨ | ᠳᠤ ᠣᠷᠣᠨ᠎ᠠ᠃ | ︵3︶ ᠰᠢᠯᠭᠠᠨ ᠬᠤᠷᠢᠶᠠᠬᠤ ᠴᠠᠭ᠄ ᠲᠤᠰ ᠵᠢᠯ ᠤᠨ ᠣᠨᠳᠣᠷᠣᠯᠲᠠ ᠶᠢᠨ ᠨᠣᠷᠮ᠎ᠠ ᠶᠢ 2021 ᠣᠨ ᠤ 10 | ᠰᠠᠷ᠎ᠠ ᠶᠢᠨ 30 ᠤ ᠡᠳᠦᠷ ᠠᠴᠠ ᠡᠮᠦᠨ᠎ᠡ᠂ ᠬᠠᠳᠠᠭᠠᠯᠠᠯᠲᠠ ᠶᠢᠨ ᠨᠣᠷᠮ᠎ᠠ ᠶᠢ 2022 ᠣᠨ ᠤ 10 ᠰᠠᠷ᠎ᠠ ᠶᠢᠨ | 30 ᠤ ᠡᠳᠦᠷ ᠠᠴᠠ ᠡᠮᠦᠨ᠎ᠡ ᠰᠢᠯᠭᠠᠨ ᠦᠵᠡᠨ᠎ᠡ᠃ | ︵4︶ ᠰᠢᠯᠭᠠᠨ ᠬᠤᠷᠢᠶᠠᠬᠤ ᠠᠷᠭ᠎ᠠ᠄ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ ᠪᠣᠯᠣᠨ | ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ | ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠣᠢ | ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ︵ᠬᠠᠷᠢᠯᠴᠠᠬᠤ ᠬᠦᠮᠦᠨ᠄ ᠸᠠᠩ ᡁᠢ ᠰᠢ᠂ ᠬᠠᠷᠢᠯᠴᠠᠬᠤ ᠣᠲᠠᠰᠣ᠄ | 13947716799︶᠃ | ︵ᠬᠤᠶᠠᠷ︶ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠠᠵᠤ᠂ ᠪᠦᠲᠦᠭᠡᠭᠳᠡᠬᠦᠨ | ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 6. ᠠᠯᠠᠰᠢᠨ ᠮᠠᠯ ᠢ ᠤᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ᠃ ᠵᠢᠯ ᠤᠨ | ᠪᠤᠷᠤᠯᠠᠭᠤᠯᠭ᠎ᠠ ᠶᠢᠨ ᠨᠤᠷᠮ᠎ᠠ 1000ᠲᠤᠯᠤᠭᠠᠢ ᠠᠴᠠ ᠳᠠᠪᠠᠭᠰᠠᠨ ᠠᠯᠠᠰᠢᠨ ᠮᠠᠯ ᠢ ᠣᠬᠤᠷ ᠬᠤᠭᠤᠴᠠᠭᠠᠨ ᠳᠤ | ᠲᠡᠵᠢᠭᠡᠨ ᠲᠠᠷᠭᠤᠯᠠᠭᠤᠯᠬᠤ ᠳᠠᠭᠤᠷᠢᠶᠠᠯ ᠬᠠᠮᠲᠤᠷᠠᠯ ᠬᠤᠷᠰᠢᠶ᠎ᠠ ᠪᠤᠶᠤ ᠵᠢᠱᠢᠶ᠎ᠡ ᠦᠵᠡᠬᠦᠯᠬᠦ ᠡᠷᠦᠬᠡ ᠶᠢ 100 ᠳᠤ | ᠬᠦᠷᠭᠡᠨ᠂ ᠠᠮᠢᠳᠣ ᠪᠠᠷ ᠠᠷᠠᠯᠵᠢᠶᠠᠯᠠᠬᠤ ᠮᠠᠶ᠋ᠢᠭ ᠢᠶᠠᠷ ᠪᠣᠷᠣᠯᠠᠭᠤᠯᠤᠭᠰᠠᠨ ᠲᠦᠯ ᠪᠤᠯᠭᠠᠨ ᠳᠤ 20ᠲᠦᠬᠦᠷᠢᠭ ᠤᠨ | ᠨᠦᠬᠦᠪᠦᠷᠢ ᠮᠦᠩᠭᠦ ᠣᠯᠭᠤᠨ᠎ᠠ︔ ᠲᠤᠰ ᠭᠠᠵᠠᠷ ᠤᠨ ᠲᠤᠭᠲᠠᠮᠠᠯ ᠨᠢᠳᠣᠯᠬᠤ ᠠᠵᠣ ᠠᠬᠤᠶᠢᠯᠠᠯ ᠳᠤ ᠨᠢᠳᠣᠯᠬᠤ | ᠮᠠᠶ᠋ᠢᠭ ᠢᠶᠠᠷ ᠪᠤᠷᠤᠯᠠᠭᠤᠯᠤᠭᠰᠠᠨ ᠮᠦᠷᠳᠡᠨ ᠨᠡᠬᠡᠮᠵᠢᠯᠡᠬᠦ ᠬᠡᠷᠡᠴᠢᠯᠡᠯ ᠲᠠᠢ ᠠᠯᠠᠰᠢᠨ ᠮᠠᠯ ᠪᠤᠯᠭᠠᠨ ᠳᠤ 60 | ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 40 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 20 | ᠲᠦᠬᠦᠷᠢᠭ︶ ᠤᠨ ᠨᠦᠬᠦᠪᠦᠷᠢ ᠦᠭᠭᠦᠨ᠎ᠡ︔ ᠮᠦᠷᠳᠡᠨ ᠨᠡᠬᠡᠮᠵᠢᠯᠡᠬᠦ ᠭᠡᠷᠡᠴᠢᠯᠠᠯ ᠦᠭᠡᠢ ᠠᠯᠠᠰᠢᠨ ᠮᠠᠯ ᠪᠣᠯᠭᠠᠨ ᠳᠤ | 40 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 30 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 10 | ᠲᠦᠬᠦᠷᠢᠭ︶ ᠤᠨ ᠨᠦᠬᠦᠪᠦᠷᠢ ᠦᠭᠭᠦᠨ᠎ᠡ︔ ᠲᠤᠰ ᠬᠤᠰᠢᠭᠤᠨ ᠤ ᠵᠢᠯ ᠤᠨ 500 ᠲᠤᠨ ᠠᠴᠠ ᠳᠡᠭᠡᠭᠰᠢ | ᠮᠦᠬᠦᠯᠢᠭᠲᠦ ᠲᠡᠵᠢᠭᠡᠯ ᠪᠣᠷᠳᠤᠭ᠎ᠠ ᠦᠢᠯᠡᠳᠪᠦᠷᠢᠯᠡᠭᠰᠡᠨ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ︵ᠡᠬᠦᠨ | ᠳᠤ ᠲᠤᠰ ᠬᠤᠰᠢᠭᠤᠨ ᠤ ᠲᠠᠷᠢᠮᠠᠯ ᠤᠨ ᠡᠰᠢ ᠰᠦᠷᠡᠯ ᠤᠨ ᠣᠭ ᠮᠡᠲ᠋ᠧᠷᠢᠶᠡᠯ ᠢ ᠬᠠᠳᠠᠭᠠᠯᠠᠨ | ᠪᠣᠯᠪᠠᠰᠣᠷᠠᠭᠤᠯᠤᠭᠰᠠᠨᠬᠠᠷᠢᠴᠠᠯ 40% ᠶᠢ ᠡᠵᠡᠯᠡᠨ᠎ᠡ︶ ᠠᠴᠠ 10 ᠲᠤᠨ ᠠᠴᠠ ᠳᠡᠭᠡᠭᠰᠢ ᠮᠦᠬᠦᠯᠢᠭᠲᠦ ᠲᠡᠵᠢᠭᠡᠯ | ᠪᠤᠷᠳᠤᠭ᠎ᠠ ᠬᠤᠳᠠᠯᠳᠣᠨ ᠠᠪᠤᠪᠠᠯ᠂ ᠲᠤᠨ ᠪᠦᠷᠢ ᠳᠤ 400 ᠲᠦᠬᠦᠷᠢᠭ ᠨᠦᠬᠦᠪᠦᠷᠢᠯᠡᠨ᠂ ᠠᠶᠢᠯ ᠪᠤᠯᠭᠠᠨ ᠤ | ᠨᠦᠬᠦᠪᠦᠷᠢ ᠮᠦᠩᠭᠦ ᠶᠢ ᠲᠦᠮᠡᠨ ᠲᠦᠬᠦᠷᠢᠭ ᠠᠴᠠ ᠳᠠᠪᠠᠭᠤᠯᠵᠤ ᠪᠣᠯᠬᠤ ᠦᠭᠡᠢ᠃ | ︵1︶ ᠬᠡᠷᠡᠭᠵᠢᠬᠦᠯᠦᠯᠲᠡ ᠶᠢᠨ ᠡᠭᠦᠷᠭᠡ᠄ 100 ᠬᠠᠮᠲᠤᠷᠠᠯ ᠬᠤᠷᠰᠢᠶ᠎ᠠ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ | ᠳᠠᠷᠠᠭᠠᠴᠢ ᠪᠠᠷ ᠲᠤᠭᠲᠠᠭᠠᠵᠤ ᠲᠠᠷᠤᠮᠠᠯᠯᠠᠨ ᠲᠠᠷᠬᠠᠭᠠᠬᠤ ᠠᠯᠠᠰᠢᠨ ᠮᠠᠯ ᠢ ᠣᠬᠤᠷ ᠬᠤᠭᠤᠴᠠᠭᠠᠨ ᠳᠤ ᠲᠡᠵᠢᠭᠡᠨ | ᠲᠠᠷᠭᠤᠯᠠᠭᠤᠯᠬᠤ ᠳᠠᠭᠤᠷᠢᠶᠠᠯ ᠤᠨ ᠬᠡᠷᠡᠭᠵᠢᠬᠦᠯᠦᠯᠲᠡ ᠶᠢᠨ ᠲᠦᠰᠦᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ | ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | 7. ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠶᠢᠨ ᠣᠷᠣᠭᠤᠯᠣᠯᠲᠠ᠃ ᠬᠤᠰᠢᠭᠤ ᠰᠢᠶᠠᠨ ᠠᠴᠠ | ᠳᠡᠭᠡᠭᠰᠢ ᠦᠢᠯᠡᠳᠪᠦᠷᠢᠯᠡᠯ ᠡᠵᠡᠩᠨᠡᠯᠲᠡ ᠶᠢᠨ ᠦᠨᠡᠮᠯᠡᠯ ᠲᠠᠢ ᠡᠬᠦᠯᠳᠡᠷ ᠤᠨ ᠮᠠᠯ ᠤᠨ ᠲᠡᠯᠡᠪᠡᠢ ᠠᠴᠠ ᠣᠨᠴᠠ ᠲᠡᠰ᠂ | ᠨᠢᠭᠡᠳᠦᠭᠡᠷ ᠲᠡᠰ ᠤᠨ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ ᠠᠪᠤᠭᠰᠠᠨ ᠲᠡᠵᠢᠭᠡᠪᠦᠷᠢ | ᠶᠢᠨ ᠡᠷᠦᠬᠡ ᠳᠤ 2000 ᠲᠦᠬᠦᠷᠢᠭ ᠤᠨ ᠨᠦᠬᠦᠪᠦᠷᠢ ᠮᠦᠩᠭᠦ ᠦᠭᠭᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 600 ᠲᠤᠯᠤᠭᠠᠢ ᠰᠢᠯᠢᠳᠡᠭ ᠡᠭᠦᠯᠳᠡᠷ ᠤᠨ ᠠᠯᠠᠰᠢᠨ ᠮᠠᠯ ᠤᠨ | ᠬᠤᠴᠠ ᠣᠬᠤᠨ᠎ᠠ ᠣᠷᠣᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠤᠯᠤᠰ ᠪᠠ | ᠦᠪᠡᠷᠲᠡᠭᠡᠨ ᠵᠠᠰᠠᠬᠤ ᠤᠷᠤᠨ ᠤ ᠲᠡᠰ ᠤᠨ ᠰᠠᠶᠢᠨ ᠡᠬᠦᠯᠳᠡᠷ ᠤᠨ ᠮᠠᠯ ᠤᠨ ᠨᠦᠬᠦᠪᠦᠷᠢ ᠮᠦᠩᠭᠦ ᠶᠢᠨ ᠲᠦᠷᠦᠯ | ᠵᠦᠢᠯ ᠤᠨ ᠱᠠᠭᠠᠷᠳᠠᠯᠭ᠎ᠠ ᠶᠤᠰᠤᠭᠠᠷ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠪᠢᠶᠠᠬᠤ ᠠᠵᠢᠯ ᠢ | ᠵᠤᠬᠢᠶᠠᠨ ᠪᠠᠶᠢᠭᠤᠯᠵᠤ᠂ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ ᠠᠪᠤᠭᠰᠠᠨ ᠲᠡᠵᠢᠭᠡᠪᠦᠷᠢ | ᠶᠢᠨ ᠡᠷᠦᠬᠡ ᠳᠤ ᠳᠠᠪᠬᠤᠴᠠᠯ ᠨᠦᠬᠦᠪᠦᠷᠢ ᠮᠦᠩᠭᠦ ᠣᠯᠭᠤᠨ᠂ ᠡᠬᠦᠨ ᠳᠤ᠄ 800ᠲᠦᠭᠦᠷᠢᠭ ᠤᠨ ᠣᠯᠣᠰ ᠤᠨ | ᠡᠬᠦᠯᠳᠡᠷ ᠤᠨ ᠮᠠᠯ ᠤᠨ ᠨᠦᠬᠦᠪᠦᠷᠢ ᠮᠦᠩᠭᠦ᠂ 800 ᠲᠦᠭᠦᠷᠢᠭ ᠤᠨ ᠦᠪᠡᠷᠲᠡᠭᠡᠨ ᠵᠠᠰᠠᠬᠤ ᠤᠷᠤᠨ ᠤ ᠡᠬᠦᠯᠳᠡᠷ | ᠤᠨ ᠮᠠᠯ ᠤᠨ ᠨᠦᠬᠦᠪᠦᠷᠢ ᠮᠦᠩᠭᠦ᠂ 2000 ᠲᠦᠬᠦᠷᠢᠭ ᠤᠨ ᠬᠤᠰᠢᠭᠤ ᠲᠡᠰ ᠤᠨ ᠲᠦᠬᠦᠷᠴᠢᠯᠡᠯ ᠵᠡᠷᠭᠡ ᠪᠣᠯᠣᠨ᠎ᠠ᠃ | | 8. ᠠᠯᠠᠰᠢᠨ ᠮᠠᠯ ᠤᠨ ᠡᠭᠦᠯᠳᠡᠷ ᠪᠣᠶᠢᠵᠢᠭᠤᠯᠣᠯᠲᠠ᠃ 100 ᠠᠴᠠ ᠳᠡᠭᠡᠭᠰᠢ ᠨᠢᠭᠡ ᠲᠦᠷᠦᠯ ᠤᠨ ᠡᠭᠦᠯᠳᠡᠷ | ᠤᠨ ᠡᠬᠡ ᠮᠠᠯ ᠤᠨ ᠰᠦᠷᠦᠭ ᠢ 300 ᠳᠤ ᠬᠦᠷᠭᠡᠵᠦ᠂ ᠡᠬᠡ ᠮᠠᠯ ᠪᠦᠷᠢ 20 ᠲᠦᠬᠦᠷᠢᠭ ᠤᠨ ᠴᠢᠬᠢᠨ ᠲᠡᠮᠲᠡᠭ | ᠤᠨ ᠨᠦᠬᠦᠪᠦᠷᠢ ᠮᠦᠩᠭᠦ ᠪᠠ 20 ᠲᠦᠬᠦᠷᠢᠭ ᠤᠨ ᠭᠠᠷ ᠬᠡᠬᠡᠯᠳᠦᠬᠦᠯᠭᠡ ᠶᠢᠨ ᠨᠦᠬᠦᠪᠦᠷᠢ ᠮᠦᠩᠭᠦ ᠦᠭᠭᠦᠨ᠎ᠡ᠃ | ᠦᠢᠯᠡᠴᠢᠯᠡᠭᠡᠨ ᠤ ᠲᠡᠷᠬᠡ ᠤᠨᠤᠭ᠎ᠠ᠂ ᠭᠠᠷ ᠬᠡᠬᠡᠯᠳᠦᠬᠦᠯᠭᠡ ᠶᠢᠨ ᠬᠡᠷᠡᠭᠰᠡᠯ ᠵᠡᠷᠭᠡ ᠳᠦᠬᠦᠭᠡᠷᠦᠮᠵᠢ ᠲᠠᠢ ᠡᠭᠦᠯᠳᠡᠷ | ᠪᠤᠶᠢᠵᠢᠭᠤᠯᠬᠤ 4 ᠨᠡᠭᠦᠳᠡᠯ ᠦᠷᠲᠡᠭᠡ ᠪᠠᠶᠢᠭᠤᠯᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠠᠯᠠᠰᠢᠨ ᠮᠠᠯ ᠤᠨ ᠡᠭᠦᠯᠳᠡᠷ ᠪᠣᠶᠢᠵᠢᠭᠤᠯᠬᠤ ᠰᠦᠷᠦᠭ ᠢ 300 | ᠳᠤ ᠬᠦᠷᠭᠡᠵᠦ᠂ ᠡᠭᠦᠯᠳᠡᠷ ᠪᠤᠶᠢᠵᠢᠭᠤᠯᠬᠤ 4 ᠨᠡᠭᠦᠳᠡᠯ ᠦᠷᠲᠡᠭᠡ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠡᠬᠦᠯᠳᠡᠷ | ᠪᠤᠶᠢᠵᠢᠭᠤᠯᠬᠤ ᠰᠠᠨᠠᠮᠵᠢ ᠲᠠᠢ ᠬᠠᠮᠲᠤᠷᠠᠯ ᠬᠤᠷᠰᠢᠶ᠎ᠠ ︵ᠺᠤᠮᠫᠠᠨᠢ︶ ᠶᠢ ᠵᠢᠯᠤᠭᠤᠳᠤᠨ ᠪᠣᠲᠠᠲᠠᠢ ᠬᠡᠷᠡᠭᠵᠢᠬᠦᠯᠬᠦ | ᠲᠦᠰᠦᠯ ᠲᠤᠭᠲᠠᠭᠠᠵᠤ ᠂ ᠲᠦᠰᠦᠯ ᠢ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠬᠢᠨᠠᠨ ᠲᠤᠭᠲᠠᠭᠠᠭᠰᠠᠨ | ᠤ ᠳᠠᠷᠠᠭ᠎ᠠ ᠬᠡᠷᠡᠭᠵᠢᠬᠦᠯᠦᠯᠲᠡ ᠶᠢᠨ ᠲᠦᠰᠦᠯ ᠶᠤᠰᠤᠭᠠᠷ ᠡᠬᠦᠯᠳᠡᠷ ᠪᠤᠶᠢᠵᠢᠭᠤᠯᠬᠤ ᠠᠵᠢᠯ ᠢᠶᠠᠨ ᠡᠬᠢᠯᠡᠬᠦᠯᠬᠦ | ᠬᠡᠷᠡᠭᠲᠡᠢ᠃ | 9. ᠠᠯᠠᠰᠢᠨ ᠦᠬᠡᠷ ᠤᠨ ᠭᠠᠷ ᠬᠡᠬᠡᠯᠳᠦᠬᠦᠯᠭᠡ᠃ ᠰᠠᠶᠢᠨ ᠡᠬᠦᠯᠳᠡᠷ ᠤᠨ ᠭᠠᠷ ᠬᠡᠬᠡᠯᠳᠦᠬᠦᠯᠭᠡ | ᠦᠷᠨᠢᠬᠦᠯᠦᠭᠰᠡᠨ ᠠᠯᠠᠰᠢᠨ ᠦᠭᠡᠷ ᠤᠨ ᠲᠡᠵᠢᠭᠡᠪᠦᠷᠢ ᠶᠢᠨ ᠲᠠᠯᠠᠪᠠᠢ ︵ᠡᠷᠦᠬᠡ︶ ᠶᠢᠨ ᠲᠤᠭᠤᠯ ᠪᠤᠯᠭᠠᠨ ᠢ ᠰᠢᠯᠭᠠᠨ | ᠦᠵᠡᠭᠡᠳ ᠬᠢᠷᠢ ᠲᠡᠩᠴᠡᠭᠰᠡᠨ ᠳᠤ ᠨᠢ 100 ᠲᠦᠬᠦᠷᠢᠭ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ 10000 ᠲᠤᠯᠤᠭᠠᠢ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠯᠠᠰᠢᠨ ᠦᠭᠡᠷ ᠤᠨ ᠭᠠᠷ ᠬᠡᠬᠡᠯᠳᠦᠬᠦᠯᠭᠡ ᠶᠢᠨ ᠠᠵᠢᠯᠲᠠᠨ ᠡᠷᠬᠡᠪᠰᠢ ᠬᠤᠰᠢᠭᠤ ᠮᠠᠯ ᠲᠠᠷᠢᠶᠠᠯᠠᠩ ᠤᠨ | ᠲᠤᠪᠴᠢᠶ᠎ᠠ ᠪᠠᠷ ᠬᠢᠨᠠᠨ ᠲᠤᠭᠲᠠᠭᠠᠯᠭᠠᠵᠤ ᠳᠠᠩᠰᠠᠯᠠᠭᠤᠯᠤᠭᠰᠠ ᠤ ᠬᠠᠮᠲᠤ ᠭᠡᠷ᠎ᠡ ᠪᠠᠶᠢᠭᠤᠯᠵᠤ᠂ ᠡᠭᠦᠯᠳᠡᠷ | ᠪᠣᠶᠢᠵᠢᠭᠤᠯᠬᠤ ᠳᠤ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠦᠨ᠎ᠡ ᠲᠦᠯᠦᠪᠦᠷᠢ ᠦᠭᠡᠢ ᠪᠠᠷ | ᠬᠠᠩᠭᠠᠭᠰᠠᠨ ᠠᠩᠭᠧᠰ ᠦᠬᠡᠷ᠂ ᠰᠢᠮᠧᠨ᠋ᠳᠡᠷ ᠦᠬᠡᠷ ᠵᠡᠷᠭᠡ ᠰᠢᠯᠢᠳᠡᠭ ᠠᠯᠠᠰᠢᠨ ᠦᠬᠡᠷ ᠤᠨ ᠢᠴᠡᠭᠡᠮᠡᠯ ᠦᠷ᠎ᠡ ᠶᠢᠨ | ᠰᠢᠩᠭᠡᠨ ᠢ ᠨᠢᠭᠡᠳᠦᠯᠲᠡᠢ ᠬᠡᠷᠡᠭᠯᠡᠬᠦ ᠬᠡᠷᠡᠭᠲᠡᠢ᠃ | ② ᠬᠡᠬᠡᠯᠳᠦᠬᠦᠯᠦᠭᠰᠡᠨ ᠦᠨᠢᠶ᠎ᠡ᠂ ᠲᠤᠭᠤᠯᠯᠠᠭᠰᠠᠨ ᠲᠤᠭᠤᠯ ᠳᠤ ᠡᠷᠬᠡᠪᠰᠢ ᠨᠢᠭᠡᠳᠦᠯᠲᠡᠢ ᠴᠢᠬᠢᠨ ᠲᠡᠮᠲᠡᠭ | ᠣᠷᠣᠭᠤᠯᠣᠨ᠂ ᠲᠡᠵᠢᠭᠡᠪᠦᠷᠢ ᠶᠢᠨ ᠡᠷᠦᠬᠡ ᠬᠡᠬᠡᠯᠳᠦᠬᠦᠯᠦᠭᠰᠡᠨ᠂ ᠲᠤᠭᠤᠯᠯᠠᠭᠰᠠᠨ ᠲᠡᠮᠲᠡᠭᠯᠡᠯ ᠢᠶᠠᠨ ᠦᠯᠡᠳᠡᠭᠡᠵᠦ᠂ | ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ ᠲᠤᠭᠲᠠᠭᠠᠵᠤ ᠡᠮᠬᠢᠳᠬᠡᠭᠰᠡᠨ ᠤ ᠳᠠᠷᠠᠭ᠎ᠠ ᠬᠤᠰᠢᠭᠤ ᠮᠠᠯ | ᠲᠠᠷᠢᠶᠠᠯᠠᠩ ᠤᠨ ᠲᠤᠪᠴᠢᠶᠠᠨ ᠳᠤ ᠮᠡᠳᠡᠬᠦᠯᠵᠦ ᠰᠢᠯᠭᠠᠨ ᠬᠤᠷᠢᠶᠠᠬᠤ ᠶᠢ ᠭᠤᠶᠤᠴᠢᠯᠠᠬᠤ ᠬᠡᠷᠡᠭᠲᠡᠢ᠃ | ︵3︶ ᠰᠢᠯᠭᠠᠨ ᠬᠤᠷᠢᠶᠠᠬᠤ ᠠᠷᠭ᠎ᠠ᠄ | ① ᠪᠠᠯᠭᠠᠰᠣᠨ ᠤ ᠵᠠᠰᠠᠭ ᠤᠨ ᠣᠷᠳᠣᠨ ᠠᠴᠠ 50% ᠶᠢᠨ ᠲᠦᠷᠦᠯ ᠵᠦᠢᠯ ᠤᠨ ᠡᠷᠦᠬᠡ ᠳᠤ ᠲᠤᠬᠠᠢ ᠶᠢᠨ | ᠲᠡᠯᠡᠪᠡᠢ ᠳᠤ ᠰᠢᠯᠭᠠᠨ ᠦᠵᠡᠬᠦ ᠶᠢ ᠪᠡᠶᠡᠯᠡᠬᠦᠯᠦᠨ᠎ᠡ︔ | ② ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ 25% ᠶᠢᠨ ᠰᠢᠯᠭᠠᠨ ᠦᠵᠡᠭᠰᠡᠨ ᠦᠭᠡᠢ ᠲᠦᠷᠦᠯ | ᠵᠦᠢᠯ ᠤᠨ ᠡᠷᠦᠬᠡ ᠶᠢ ᠰᠣᠩᠭᠤᠨ ᠲᠤᠬᠠᠢ ᠶᠢᠨ ᠲᠡᠯᠡᠪᠡᠢ ᠳᠤ ᠰᠢᠯᠭᠠᠨ ᠬᠤᠷᠢᠶᠠᠵᠦ᠂ ᠪᠠᠯᠭᠠᠰᠣᠨ ᠤ ᠵᠠᠰᠠᠭ ᠤᠨ | ᠣᠷᠳᠣᠨ ᠠᠴᠠ ᠰᠢᠯᠭᠠᠨ ᠦᠵᠡᠭᠰᠡᠨ 10% ᠶᠢᠨ ᠲᠦᠷᠦᠯ ᠵᠦᠢᠯ ᠤᠨ ᠡᠷᠦᠬᠡ ᠶᠢ ᠰᠤᠩᠭᠤᠨ ᠲᠤᠬᠠᠢ ᠶᠢᠨ | ᠲᠡᠯᠡᠪᠡᠢ ᠳᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2022 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 6 —— 9 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ | ᠬᠤᠰᠢᠭᠤᠨ ᠤ ᠮᠠᠯ ᠠᠵᠤ ᠠᠬᠤᠢ ᠪᠠ ᠣᠰᠣᠨ ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ | ᠮᠦᠩᠬᠡᠪᠠᠶᠠᠷ᠂ ᠬᠠᠷᠢᠯᠴᠠᠬᠤ ᠤᠲᠠᠰᠣ᠄ 15804774318︶᠃ | ︵ᠭᠤᠷᠪᠠ︶ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠢ ᠪᠣᠶᠢᠵᠢᠭᠤᠯᠵᠣ᠂ ᠦᠢᠯᠡᠳᠪᠦᠷᠢᠯᠡᠯ | ᠡᠵᠡᠩᠨᠡᠯᠲᠡ ᠶᠢᠨ ᠴᠢᠳᠠᠪᠤᠷᠢ ᠶᠢ ᠳᠡᠭᠡᠭᠰᠢᠯᠡᠬᠦᠯᠦᠨ᠎ᠡ | 10. ᠡᠳ᠋ᠰᠢᠬᠦᠯᠬᠦ ᠠᠵᠤ ᠠᠬᠤᠶᠢᠯᠠᠯ ᠤᠨ ᠪᠣᠶᠢᠵᠢᠭᠤᠯᠣᠯᠲᠠ᠃ ᠰᠢᠨ᠎ᠡ ᠪᠠᠷ ᠪᠠᠶᠢᠭᠤᠯᠤᠭᠰᠠᠨ ᠢᠳᠡᠰᠢᠨ | ᠨᠤᠭᠤᠭ᠎ᠠ᠂ ᠵᠢᠮᠢᠰ ᠡᠳ᠋ᠰᠢᠬᠦᠯᠬᠦ ︵ᠣᠰᠣ ᠦᠭᠡᠶᠢᠳᠡᠬᠦᠯᠬᠦ᠂ ᠳᠠᠪᠤᠰᠤᠯᠠᠨ ᠢᠰᠬᠡᠬᠦ᠂ ᠰᠢᠬᠦᠰᠦ ᠰᠢᠬᠠᠬᠤ ᠵᠡᠷᠭᠡ︶᠂ | ᠡᠯᠳᠡᠪ ᠠᠮᠤ ᠪᠣᠯᠪᠠᠰᠣᠷᠠᠭᠤᠯᠬᠤ ︵ᠰᠢᠯᠢᠨ ᠰᠣᠩᠭᠤᠬᠤ᠂ ᠪᠣᠭᠤᠳᠠᠯᠯᠠᠬᠤ︶ ᠪᠠ ᠮᠠᠯ ᠤᠨ ᠠᠰᠢᠭ ᠰᠢᠮ᠎ᠡ | ᠪᠣᠯᠪᠠᠰᠣᠷᠠᠭᠤᠯᠬᠤ ︵ᠬᠡᠰᠡᠭᠯᠡᠬᠦ᠂ ᠪᠣᠭᠤᠳᠠᠯᠯᠠᠬᠤ︶ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ᠳᠤ ᠱᠠᠩᠨᠠᠯ | ᠢᠶᠠᠷ ᠨᠦᠬᠦᠪᠦᠷᠢᠯᠡᠬᠦ ᠬᠡᠯᠪᠡᠷᠢ ᠪᠠᠷ ᠵᠣᠬᠢᠬᠤ ᠪᠡᠯᠡ ᠮᠦᠩᠭᠦ ᠣᠯᠭᠤᠵᠣ᠂ ᠦᠢᠯᠡᠳᠪᠦᠷᠢᠯᠡᠯ ᠤᠨ ᠳᠦᠬᠦᠭᠡᠷᠦᠮᠵᠢ | ᠬᠤᠳᠠᠯᠳᠣᠨᠨ ᠠᠪᠬᠤ ᠶᠢ ᠳᠡᠮᠵᠢᠨ᠂ ᠳᠦᠬᠦᠭᠡᠷᠦᠮᠵᠢ ᠬᠤᠳᠠᠯᠳᠣᠨ ᠠᠪᠬᠤ ᠵᠠᠷᠤᠳᠠᠯ ᠤᠨ 30% ᠶᠢᠨ ᠪᠠᠷᠢᠮᠵᠢᠶ᠎ᠠ | ᠶᠤᠰᠤᠭᠠᠷ ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 2 ᠠᠵᠤ ᠠᠬᠤᠶᠢᠯᠠᠯ ᠢ ᠪᠣᠶᠢᠵᠢᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ | ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ ᠭᠠᠵᠠᠷ᠂ | ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ | ᠠᠬᠢᠴᠠ ᠶᠢᠨ ᠲᠤᠬᠢᠷᠠᠭᠤᠯᠤᠯᠲᠠ᠂ ᠬᠦᠬᠡ ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ | ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ | ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ | ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ | ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ | ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 3. ᠬᠠᠮᠲᠤᠷᠠᠯ ᠬᠤᠷᠰᠢᠶ᠎ᠠ ᠶᠢᠨ ᠪᠣᠶᠢᠵᠢᠭᠤᠯᠣᠯᠲᠠ᠃ ᠪᠠᠷᠢᠮᠵᠢᠶᠠᠲᠤ ᠦᠢᠯᠡᠳᠪᠦᠷᠢᠯᠡᠯ᠂ ᠨᠢᠭᠡᠳᠦᠯᠲᠡᠢ | ᠦᠢᠯᠡᠴᠢᠯᠡᠭᠡ ᠲᠠᠢ᠂ ᠨᠢᠭᠡᠳᠦᠯᠲᠡᠢ ᠪᠠᠷ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠲᠠᠢ | ᠨᠢᠭᠲᠠ ᠬᠠᠷᠢᠴᠠᠭ᠎ᠠ ᠲᠠᠢ ᠠᠰᠢᠭ ᠲᠤᠰᠠ ᠶᠢᠨ ᠬᠤᠯᠪᠤᠭᠠᠲᠤ ᠴᠤᠭᠴᠠ ᠶᠢᠨ ᠬᠠᠮᠲᠤᠷᠠᠯ ᠬᠤᠷᠰᠢᠶ᠎ᠠ ᠶᠢ ᠨᠢᠭᠡᠳᠦᠯᠲᠡᠢ | ᠵᠤᠬᠢᠶᠠᠨ ᠪᠠᠶᠢᠭᠤᠯᠪᠠᠯ᠂ ᠨᠢᠭᠡᠯᠡ ᠣᠳᠠᠭ᠎ᠠ ᠪᠠᠷ 30 ᠲᠦᠮᠡᠨ ᠲᠦᠬᠦᠷᠢᠭ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ 2 ᠬᠠᠮᠲᠤᠷᠠᠯ ᠬᠤᠷᠰᠢᠶ᠎ᠠ ᠶᠢ ᠪᠣᠶᠢᠵᠢᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠳᠠᠭ ᠲᠠᠭᠠᠨ 1 ᠣᠲᠤᠭ ᠤᠨ ᠡᠮᠦᠨᠡᠲᠦ ᠬᠤᠰᠢᠭᠤᠨ ᠤ ᠮᠠᠯ ᠤᠨ ᠡᠷᠬᠡ ᠣᠯᠭᠤᠯᠲᠠ ᠶᠢᠨ ᠠᠵᠣ | ᠠᠬᠤᠶᠢᠯᠠᠯ ᠪᠣᠶᠣ ᠬᠤᠲᠠ ᠶᠢᠨ ᠲᠡᠰ ᠠᠴᠠ ᠳᠡᠭᠡᠭᠰᠢᠬᠢ ᠠᠯᠠᠰᠢᠨ ᠦᠬᠡᠷ᠂ ᠢᠳᠡᠰᠢᠨ ᠨᠣᠭᠤᠭᠠᠨ ᠤ ᠠᠵᠣ | ᠦᠢᠯᠡᠰᠴᠢᠯᠡᠭᠰᠡᠨ ᠲᠤᠯᠤᠭᠠᠶᠢᠯᠠᠭᠴᠢ ᠠᠵᠣ ᠠᠬᠤᠶᠢᠯᠠᠯ ᠲᠠᠢ ᠨᠢᠭᠲᠠ ᠬᠠᠷᠢᠴᠠᠭ᠎ᠠ ᠲᠠᠢ ᠠᠰᠢᠭ ᠲᠤᠰᠠ ᠶᠢᠨ | ᠬᠤᠯᠪᠤᠭᠠᠲᠤ ᠲᠤᠭᠲᠠᠴᠠ ᠶᠢ ᠪᠠᠶᠢᠭᠤᠯᠬᠤ ᠶᠢᠨ ᠬᠠᠮᠲᠤ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠬᠢᠨᠠᠨ | ᠬᠠᠷᠭᠤᠭᠤᠯᠤᠯᠲᠠ ᠪᠠᠷ ᠳᠠᠮᠵᠢᠭᠰᠠᠨ ᠬᠠᠮᠲᠤᠷᠠᠯᠴᠠᠭᠠᠨ ᠤ ᠵᠦᠪᠯᠡᠯᠴᠡᠭᠡᠷ ᠲᠤᠭᠲᠠᠭᠠᠨ᠂ ᠵᠦᠪᠯᠡᠯᠴᠡᠭᠡᠷ ᠲᠤ ᠮᠠᠯ | ᠲᠠᠷᠢᠶᠠᠯᠠᠩ ᠤᠨ ᠠᠵᠤ ᠦᠢᠯᠡᠰ ᠤᠨ ᠪᠦᠬᠦ ᠶᠠᠪᠤᠴᠠ ᠶᠢᠨ ᠦᠢᠯᠡᠳᠪᠦᠷᠢᠯᠡᠯ ᠤᠨ ᠮᠡᠷᠭᠡᠵᠢᠯ ᠤᠨ ᠪᠠᠷᠢᠮᠵᠢᠶ᠎ᠠ᠂ | ᠦᠢᠯᠡᠳᠪᠦᠷᠢᠯᠡᠯ ᠤᠨ ᠡᠮᠦᠨ᠎ᠡ᠂ ᠳᠣᠮᠳᠠ᠂ ᠬᠤᠶᠢᠨ᠎ᠠ ᠭᠤᠭᠴᠣᠭᠠᠨ ᠤ ᠮᠡᠷᠭᠡᠵᠢᠯ ᠤᠨ ᠦᠢᠯᠡᠴᠢᠯᠡᠭᠡ ᠵᠡᠷᠭᠡ | ᠠᠭᠤᠯᠭ᠎ᠠ ᠶᠢ ᠪᠠᠭᠲᠠᠭᠠᠬᠤ ᠬᠡᠷᠡᠭᠲᠡᠢ︔ | ② ᠬᠠᠮᠲᠤᠷᠠᠯ ᠬᠤᠷᠰᠢᠶ᠎ᠠ ᠪᠤᠯᠤᠨ ᠮᠠᠯᠴᠢᠨ ᠲᠠᠷᠢᠶᠠᠴᠢᠨ ᠡᠷᠦᠬᠡ ᠪᠠᠯᠭᠠᠰᠣᠨ ᠤ ᠵᠠᠰᠠᠭ ᠤᠨ ᠣᠷᠳᠣᠨ ᠤ | ᠬᠢᠨᠠᠨ ᠬᠠᠷᠭᠤᠭᠤᠯᠤᠯᠲᠠ᠂ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠳᠠᠩᠰᠠᠯᠠᠯᠲᠠ ᠲᠠᠢ ᠬᠠᠮᠲᠤᠷᠠᠯᠴᠠᠭᠠᠨ ᠤ | ᠵᠦᠪᠯᠡᠯᠴᠡᠭᠡᠷ ᠪᠠᠶᠢᠭᠤᠯᠵᠤ᠂ ᠵᠦᠪᠯᠡᠯᠴᠡᠭᠡᠷ ᠲᠤ ᠨᠢᠭᠡᠳᠦᠯᠲᠡᠢ ᠲᠠᠷᠢᠵᠦ ᠲᠡᠵᠢᠬᠡᠬᠦ ᠲᠦᠯᠦᠪᠵᠢᠬᠦᠯᠭᠡ᠂ ᠨᠢᠭᠡᠳᠦᠯᠲᠡᠢ | ᠦᠢᠯᠡᠳᠪᠦᠷᠢᠯᠡᠯ ᠤᠨ ᠪᠠᠷᠢᠮᠵᠢᠶ᠎ᠠ᠂ ᠨᠢᠭᠡᠳᠦᠯᠲᠡᠢ ᠪᠤᠯᠪᠠᠰᠣᠷᠠᠭᠤᠯᠤᠯᠲᠠ᠂ ᠨᠢᠭᠡᠳᠦᠯᠲᠡᠢ ᠪᠣᠷᠣᠯᠠᠭᠤᠯᠭ᠎ᠠ ᠵᠡᠷᠭᠡ | ᠠᠭᠤᠯᠭ᠎ᠠ ᠶᠢ ᠪᠠᠭᠲᠠᠭᠠᠨ᠂ ᠠᠯᠠᠰᠢᠨ ᠮᠠᠯ ᠤᠨ ᠦᠢᠯᠡᠳᠪᠦᠷᠢᠡᠯᠯ ᠤᠨ ᠬᠡᠪᠴᠢᠶ᠎ᠠ ᠶᠢ 3000 ᠲᠤᠯᠤᠭᠠᠢ᠂ ᠠᠯᠠᠰᠢᠨ | ᠦᠭᠡᠷ ᠤᠨ ᠦᠢᠯᠡᠳᠪᠦᠷᠢᠯᠡᠯ ᠤᠨ ᠬᠡᠪᠴᠢᠶ᠎ᠡ ᠶᠢ 800 ᠲᠤᠯᠤᠭᠠᠢ᠂ ᠢᠳᠡᠰᠢᠨ ᠨᠣᠭᠤᠭᠠᠨ ᠤ ᠲᠠᠷᠢᠮᠠᠯ ᠤᠨ ᠲᠡᠯᠡᠪᠡᠢ | ᠶᠢ 2000 ᠮᠣ᠋ ᠠᠴᠠ ᠳᠠᠪᠠᠭᠤᠯᠬᠤ ᠶᠢ ᠱᠠᠭᠠᠷᠳᠠᠨ᠎ᠠ︔ | ③ ᠤᠬᠠᠭᠤᠯᠬᠤ᠂ ᠳᠠᠭᠤᠷᠢᠶᠠᠬᠤ᠂ ᠲᠦᠬᠡᠮᠡᠯᠵᠢᠬᠦᠯᠬᠦ ︽ᠠᠵᠤ ᠠᠬᠤᠶᠢᠯᠠᠯ + ᠬᠤᠷᠰᠢᠶ᠎ᠠ+ ᠮᠠᠯᠴᠢᠨ | ᠲᠠᠷᠢᠶᠠᠴᠢᠳ︾ ᠤᠨ ᠠᠰᠢᠭ ᠲᠤᠰᠠ ᠶᠢᠨ ᠬᠤᠯᠪᠤᠭᠠᠲᠤ ᠲᠤᠭᠲᠠᠴᠠ ᠶᠢᠨ ᠨᠡᠶᠢᠲᠡᠯᠢᠭ ᠵᠠᠭᠪᠤᠷ ᠢ ᠪᠦᠷᠢᠯᠳᠦᠬᠦᠯᠵᠦ᠂ | ᠠᠵᠤ ᠠᠬᠤᠶᠢᠯᠠᠯ ᠪᠠᠷᠢᠮᠵᠢᠶ᠎ᠠ ᠲᠤᠭᠲᠠᠭᠠᠵᠤ ᠵᠢᠱᠢᠶ᠎ᠡ ᠦᠵᠡᠬᠦᠯᠦᠨ ᠵᠠᠬ᠎ᠠ ᠳᠡᠯᠭᠡᠭᠦᠷ ᠨᠡᠭᠡᠭᠡᠬᠦ ᠶᠢ ᠪᠡᠶᠡᠯᠡᠬᠦᠯᠦᠨ᠂ | ᠬᠠᠮᠲᠤᠷᠠᠯ ᠬᠤᠷᠰᠢᠶ᠎ᠠ ᠠᠴᠠ ᠠᠵᠤ ᠠᠬᠤᠶᠢᠯᠠᠯ ᠲᠠᠢ ᠬᠠᠷᠢᠯᠴᠠᠨ ᠮᠠᠯᠴᠢᠨ ᠲᠠᠷᠢᠶᠠᠴᠢᠨ ᠳᠤ ᠦᠢᠯᠡᠴᠢᠯᠡᠵᠦ᠂ | ᠬᠢᠨᠠᠯᠲᠠ ᠬᠠᠮᠢᠶᠠᠷᠤᠯᠲᠠ ᠶᠢ ᠠᠳᠬᠤᠨ᠂ ᠮᠠᠯᠴᠢᠨ ᠲᠠᠷᠢᠶᠠᠴᠢᠨ ᠢ ᠵᠤᠬᠢᠶᠠᠨ ᠪᠠᠶᠢᠭᠤᠯᠵᠤ ᠪᠠᠷᠢᠮᠵᠢᠶ᠎ᠠ ᠲᠤᠭᠲᠠᠭᠠᠨ | ᠪᠦᠲᠦᠭᠡᠭᠳᠡᠬᠦᠨ ᠦᠢᠯᠡᠳᠪᠦᠷᠢᠯᠡᠵᠦ ᠰᠠᠭᠤᠷᠢᠨ ᠭᠠᠵᠠᠷ ᠢ ᠪᠠᠶᠢᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠬᠠᠮᠲᠤᠷᠠᠯᠴᠠᠭᠠᠨ ᠤ | ᠵᠦᠪᠯᠡᠯᠴᠡᠭᠡᠷ ᠪᠠ ᠭᠡᠷ᠎ᠡ ᠶᠢᠨ ᠠᠭᠤᠯᠭ᠎ᠠ ᠶᠢ ᠦᠨᠳᠦᠰᠦᠯᠡᠵᠦ ᠨᠠᠶᠢᠲᠠᠪᠤᠷᠢᠵᠢᠭᠤᠯᠤᠯᠲᠠ ᠶᠢᠨ ᠪᠠᠶᠢᠳᠠᠯ ᠢ ᠪᠠᠶᠢᠴᠠᠭᠠᠨ᠂ | ᠬᠠᠮᠲᠤᠷᠠᠯᠴᠠᠭᠠᠨ ᠤ ᠠᠵᠤ ᠠᠬᠤᠶᠢᠯᠠᠯ ᠪᠤᠯᠤᠨ 50% ᠶᠢᠨ ᠬᠠᠮᠲᠤᠷᠠᠯᠴᠠᠭᠠᠨ ᠤ ᠮᠠᠯᠴᠢᠨ ᠲᠠᠷᠢᠶᠠᠴᠢᠨ ᠡᠷᠦᠬᠡ ᠳᠤ | ᠲᠤᠬᠠᠢ ᠶᠢᠨ ᠭᠠᠵᠠᠷ ᠲᠤ ᠨᠢ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | 10 —— 11 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ | ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠲᠤᠷᠠᠯᠴᠠᠭᠠᠨ ᠤ ᠠᠵᠤ ᠠᠬᠤᠢ ᠪᠠ ᠠᠵᠤ ᠦᠢᠯᠡᠰ ᠤᠨ | ᠬᠦᠭᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠪᠣᠯᠠᠭ᠂ ᠬᠠᠷᠢᠯᠴᠠᠬᠤ ᠤᠲᠠᠰᠣ᠄ | 13947711166︶᠃ | ︵ᠳᠦᠷᠪᠡ︶ ᠨᠡᠷᠡᠲᠦ ᠲᠡᠮᠲᠡᠭ ᠤᠨ ᠪᠣᠶᠢᠵᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠪᠦᠲᠦᠭᠡᠭᠳᠡᠬᠦᠨ ᠤ | ᠦᠷᠢᠰᠦᠯᠳᠦᠬᠦ ᠬᠦᠴᠦᠨ ᠢ ᠳᠡᠭᠡᠭᠰᠢᠯᠡᠬᠦᠯᠦᠨ᠎ᠡ | 12. ᠨᠡᠷᠡᠲᠦ ᠲᠡᠮᠲᠡᠭ ᠤᠨ ᠴᠤᠭᠴᠠᠯᠠᠯᠲᠠ᠃ ᠠᠵᠤ ᠠᠬᠤᠶᠢᠯᠠᠯ᠂ ᠨᠡᠶᠢᠬᠡᠮᠯᠢᠭ᠂ ᠲᠤᠰᠬᠠᠢ ᠬᠠᠮᠲᠤᠷᠠᠯ | ᠬᠤᠷᠰᠢᠶ᠎ᠠ ᠵᠡᠷᠭᠡ ᠶᠢ ᠳᠡᠮᠵᠢᠨ ᠢᠳᠡᠰᠢᠨ ᠨᠤᠭᠤᠭ᠎ᠠ ᠪᠣᠯᠣᠨ ᠡᠯᠳᠡᠪ ᠠᠮᠤ ᠶᠢᠨ ᠨᠡᠷᠡᠲᠦ ᠲᠡᠮᠲᠡᠭ ᠢ ᠴᠤᠭᠴᠠᠯᠠᠨ᠎ᠠ᠃ | 1 ᠪᠣᠬᠢᠷᠳᠣᠯ ᠦᠭᠡᠢ ᠢᠳᠡᠭᠡᠨ ᠬᠡᠷᠡᠴᠢᠯᠡᠬᠦᠯᠪᠡᠯ 3 ᠲᠦᠮᠡᠨ ᠲᠦᠬᠦᠷᠢᠭ ᠬᠦᠬᠢᠬᠦᠯᠦᠨ᠂ ᠣᠷᠭᠠᠨᠢᠭ ᠢᠳᠡᠭᠡᠨ | ᠬᠡᠷᠡᠴᠢᠯᠡᠬᠦᠯᠪᠡᠯ 5 ᠲᠦᠮᠡᠨ ᠲᠦᠬᠦᠷᠢᠭ ᠬᠦᠬᠢᠬᠦᠯᠦᠨ᠎ᠡ︔ 1 ᠨᠡᠷᠡᠲᠦ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ | ᠤᠨ ᠪᠦᠲᠦᠭᠡᠭᠳᠡᠬᠦᠨ ᠳᠠᠩᠰᠠᠯᠠᠭᠤᠯᠪᠠᠯ 2 ᠲᠦᠮᠡᠨ ᠲᠦᠬᠦᠷᠢᠭ ᠬᠦᠬᠢᠬᠦᠯᠵᠦ᠂ 1 ᠮᠠᠯ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠬᠦᠨ ᠳᠠᠩᠰᠠᠯᠠᠭᠤᠯᠤᠨ ᠬᠠᠮᠠᠭᠠᠯᠠᠪᠠᠯ 20 ᠲᠦᠮᠡᠨ | ᠲᠦᠬᠦᠷᠢᠭ ᠬᠦᠬᠢᠬᠦᠯᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ ︽ᠪᠣᠬᠢᠷᠳᠣᠯ ᠦᠭᠡᠢ ᠣᠷᠭᠠᠨᠢᠭ ᠭᠠᠵᠠᠷ ᠵᠦᠢ ᠶᠢᠨ ᠲᠡᠮᠲᠡᠭᠲᠦ | ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ︾ ᠢ ᠰᠢᠨ᠎ᠡ ᠪᠠᠷ 10 ᠪᠣᠶᠢᠵᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠣᠲᠤᠭ ᠤᠨ ᠡᠮᠦᠨᠡᠲᠦ ᠬᠤᠰᠢᠭᠤᠨ ᠳᠤ ᠳᠠᠩᠰᠠᠯᠠᠭᠤᠯᠤᠭᠰᠠᠨ | ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠪᠤᠯᠪᠠᠰᠣᠷᠠᠭᠤᠯᠤᠯᠲᠠ᠂ ᠡᠵᠡᠩᠨᠡᠯᠲᠡ ᠶᠢᠨ ᠠᠵᠤ | ᠠᠬᠤᠶᠢᠯᠠᠯ᠂ ᠬᠠᠮᠲᠤᠷᠠᠯ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠡᠯᠡᠪᠡᠢ ᠬᠠᠮᠢᠶ᠎ᠠ ᠪᠦᠬᠦᠢ ᠲᠤᠭᠲᠠᠭᠠᠯ | ᠶᠤᠰᠤᠭᠠᠷ 2020 ᠣᠨ ᠤ 10 ᠰᠠᠷ᠎ᠠ ᠠᠴᠠ 2021 ᠣᠨ ᠤ 10 ᠰᠠᠷ᠎ᠠ ᠶᠢᠨ ᠬᠤᠭᠤᠴᠠᠭᠠᠨ ᠳᠤ ᠰᠢᠨ᠎ᠡ ᠪᠠᠷ | ᠪᠦᠲᠦᠭᠡᠭᠳᠡᠬᠦᠨ ᠤ ᠬᠡᠷᠡᠴᠢᠯᠡᠯ ᠤᠨ ᠦᠨᠡᠮᠯᠡᠯ ᠣᠯᠣᠭᠰᠠᠨ ᠤ ᠬᠠᠮᠲᠤ ᠭᠠᠵᠠᠷ ᠵᠦᠢ ᠶᠢᠨ ᠲᠡᠮᠲᠡᠭ ᠬᠡᠷᠡᠭᠯᠡᠭᠰᠡᠨ | ᠪᠠᠶᠢᠪᠠᠯ᠂ ᠦᠨᠡᠮᠯᠡᠯ ᠤᠨ ᠣᠭ ᠪᠢᠴᠢᠭ ᠮᠡᠲ᠋ᠧᠷᠢᠶᠡᠯ᠂ ᠬᠡᠷᠡᠭᠯᠡᠭᠡᠨ ᠤ ᠲᠡᠮᠲᠡᠭ᠂ ᠡᠵᠡᠩᠨᠡᠯᠲᠡ ᠶᠢᠨ ᠦᠨᠡᠮᠯᠡᠯ ᠪᠣᠶᠣ | ᠨᠡᠶᠢᠬᠡᠮ ᠤᠨ ᠪᠦᠯᠬᠦᠮ ᠤᠨ ᠳᠠᠩᠰᠠᠯᠠᠯᠲᠠ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢᠶᠠᠨ | ᠬᠠᠩᠭᠠᠬᠤ ᠬᠡᠷᠡᠭᠲᠡᠢ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠲᠦᠷᠦᠯ ᠵᠦᠢᠯ | ᠤᠨ ᠭᠤᠤᠯ ᠴᠤᠭᠴᠠ ᠶᠢᠨ ᠬᠠᠩᠭᠠᠭᠰᠠᠨ ᠬᠡᠷᠡᠴᠢ ᠪᠠᠷᠢᠢᠮᠲᠠ ᠪᠢᠴᠢᠭ ᠮᠡᠲ᠋ᠧᠷᠢᠶᠡᠯ ᠢ ᠦᠨᠳᠦᠰᠦᠯᠡᠵᠦ ᠬᠠᠷᠭᠤᠭᠤᠯᠤᠨ | ᠪᠠᠶᠢᠴᠠᠭᠠᠵᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯ | ᠲᠠᠷᠢᠶᠠᠯᠠᠩ ᠤᠨ ᠪᠦᠲᠦᠭᠡᠭᠳᠡᠬᠦᠨ ᠤ ᠶᠠᠰᠣ ᠴᠢᠨᠠᠷ ᠠᠮᠤᠷ ᠳᠦᠪᠰᠢᠨ ᠢ ᠰᠢᠯᠭᠠᠨ ᠪᠠᠶᠢᠴᠠᠭᠠᠬᠤ ᠦᠷᠲᠡᠭᠡ ︵ | ᠬᠠᠷᠢᠯᠴᠠᠬᠤ ᠬᠦᠮᠦᠨ᠄ ᠯᠢᠦ ᠰᠢᠶᠠᠩ ᠳ᠋ᠦᠩ᠂ ᠬᠠᠷᠢᠯᠴᠠᠬᠤ ᠣᠲᠠᠰᠣ᠄ 13847759002︶᠃ | 13. ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ᠃ 530 ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ ᠶᠢᠨ ᠵᠠᠷᠤᠳᠠᠯ ᠭᠠᠷᠭᠠᠵᠤ᠂ ᠨᠡᠷᠡᠲᠦ ᠲᠡᠮᠲᠡᠭ ᠤᠨ | ᠪᠠᠶᠢᠴᠠᠭᠠᠨ ᠰᠣᠳᠣᠯᠣᠯᠲᠠ᠂ ᠲᠦᠯᠦᠪᠵᠢᠬᠦᠯᠭᠡ ᠲᠤᠭᠤᠷᠪᠢᠯᠲᠠ᠂ ᠪᠠᠷᠢᠮᠵᠢᠶ᠎ᠠ ᠲᠤᠭᠲᠠᠭᠠᠯᠲᠠ᠂ ᠶᠠᠰᠣ ᠴᠢᠨᠠᠷ ᠤᠨ | ᠬᠢᠨᠠᠨ ᠬᠠᠮᠢᠶᠠᠷᠤᠯᠲᠠ᠂ ᠪᠠᠷᠠᠭ᠎ᠠ ᠬᠦᠷᠭᠡᠯᠲᠡ᠂ ᠰᠢᠭᠤᠳ ᠨᠡᠪᠲᠡᠷᠡᠬᠦᠯᠬᠡ ᠶᠢᠨ ᠪᠤᠷᠤᠯᠠᠭᠤᠯᠭ᠎ᠠ᠂ ᠤᠬᠠᠭᠤᠯᠤᠯ | ᠲᠦᠬᠡᠮᠡᠯᠵᠢᠬᠦᠯᠦᠯᠲᠡ ᠪᠠ ᠮᠦᠷᠳᠡᠯᠲᠡ ᠶᠢᠨ ᠲᠤᠭᠲᠠᠯᠴᠠᠭᠠᠨ ᠤ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ | ᠲᠤᠭᠲᠠᠭᠠᠵᠤ ᠳᠠᠷᠤᠮᠠᠯᠯᠠᠨ ᠲᠠᠷᠬᠠᠭᠠᠬᠤ ᠨᠡᠷᠡᠲᠦ ᠲᠡᠮᠲᠡᠭ ᠤᠨ ᠲᠦᠬᠡᠮᠡᠯᠵᠢᠬᠦᠯᠦᠯᠲᠡ ᠶᠢᠨ ᠲᠦᠰᠦᠯ ᠤᠨ | ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ | ᠲᠠᠷᠢᠶᠠᠯᠠᠬᠤ ᠤᠷᠤᠨ ᠤ ᠬᠠᠮᠲᠤᠷᠠᠯᠴᠠᠭᠠᠨ ᠤ ᠠᠵᠤ ᠠᠬᠤᠢ ᠪᠠ ᠠᠵᠤ ᠦᠢᠯᠡᠰ ᠤᠨ ᠬᠦᠭᠵᠢᠬᠦᠯᠦᠯᠲᠡ ᠶᠢᠨ | ᠦᠷᠲᠡᠭᠡ ︵ᠬᠠᠷᠢᠯᠴᠠᠬᠤ ᠬᠦᠮᠦᠨ᠄ ᠨᠤᠮᠢᠩᠭᠤᠸᠠ᠂ ᠬᠠᠷᠢᠯᠴᠠᠬᠤ ᠤᠲᠠᠰᠣ᠄ 15847703656︶᠃ | ︵ᠲᠠᠪᠤ︶ ᠬᠦᠴᠦᠨ ᠵᠦᠢᠯ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠠᠵᠤ. ᠦᠢᠯᠡᠰ | ᠤᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠬᠦᠯᠦᠨ᠎ᠡ | 14. ᠰᠢᠨᠵᠢᠯᠡᠭᠡ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡ ᠶᠢᠨ ᠰᠢᠨᠡᠴᠢᠯᠡᠯᠲᠡ | ᠨᠢᠭᠡ ᠳᠤ ᠮᠡᠷᠭᠡᠵᠢᠯ ᠲᠦᠬᠡᠮᠡᠯᠵᠢᠬᠦᠯᠬᠦ ᠦᠢᠯᠡᠴᠢᠯᠡᠭᠡ᠃ 385 ᠲᠦᠮᠡᠨ ᠲᠦᠬᠦᠷᠢᠭ ᠤᠨ ᠲᠠᠷᠢᠶᠠᠯᠠᠩ᠂ ᠣᠢ | ᠰᠢᠭᠤᠢ᠂ ᠮᠠᠯᠵᠢᠯ ᠤᠨ ᠮᠡᠷᠭᠡᠵᠢᠯ ᠲᠦᠬᠡᠮᠡᠯᠵᠢᠬᠦᠯᠬᠦ ᠰᠠᠭᠤᠷᠢ ᠮᠦᠩᠭᠦ ᠪᠠᠶᠢᠭᠤᠯᠤᠨ᠂ ᠠᠵᠤ ᠦᠢᠯᠡᠰ ᠤᠨ ᠮᠡᠷᠭᠡᠵᠢᠯ | ᠤᠨ ᠦᠢᠯᠡᠴᠢᠯᠡᠭᠡ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠡᠭᠦᠯᠳᠡᠷ ᠪᠤᠶᠢᠵᠢᠭᠤᠯᠤᠯᠲᠠ᠂ ᠲᠤᠷᠰᠢᠯᠲᠠ ᠳᠠᠭᠤᠷᠢᠶᠠᠯ | ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠵᠢᠴᠢ ᠦᠵᠡᠬᠦᠯᠬᠡ᠂ ᠣᠬᠠᠭᠤᠯᠭ᠎ᠠ ᠪᠤᠯᠪᠠᠰᠣᠷᠠᠯ᠂ ᠵᠢᠱᠢᠶ᠎ᠡ | ᠦᠵᠡᠬᠦᠯᠬᠦ ᠴᠡᠭ ᠪᠠ ᠳᠠᠭᠤᠷᠢᠶᠠᠯ ᠡᠷᠦᠬᠡ ᠶᠢᠨ ᠪᠣᠶᠢᠵᠢᠭᠤᠯᠤᠯᠲᠠ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ | ᠲᠤᠭᠲᠠᠭᠠᠵᠤ ᠳᠠᠷᠤᠮᠠᠯᠯᠠᠨ ᠲᠠᠷᠬᠠᠭᠠᠬᠤ ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠲᠦᠰᠦᠯ ᠤᠨ ᠬᠤᠯᠪᠤᠭᠳᠠᠯ | ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠮᠠᠰᠢᠨ ᠤ ᠮᠡᠷᠭᠡᠵᠢᠯ ᠲᠦᠭᠡᠮᠡᠯᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠶᠧ ᠶᠦᠩ | ᠬᠤᠩ᠂ ᠬᠠᠷᠢᠯᠴᠠᠬᠤ ᠤᠲᠠᠰᠣ᠄ 13948370707︶᠃ | ᠬᠤᠶᠠᠷ ᠲᠤ ᠨᠡᠶᠢᠬᠡᠮᠴᠢᠯᠡᠭᠰᠡᠨ ᠦᠢᠯᠡᠴᠢᠯᠡᠭᠡ᠃ ᠮᠠᠯᠴᠢᠨ ᠲᠠᠷᠢᠶᠠᠴᠢᠨ ᠡᠷᠦᠬᠡ ᠳᠤ ᠡᠬᠦᠯᠳᠡᠷ ᠢ ᠰᠢᠯᠢᠨ | ᠰᠣᠩᠭᠤᠬᠤ᠂ ᠬᠤᠷᠤᠬᠠᠶᠢᠳᠣᠯ ᠢ ᠪᠣᠬᠢᠷᠳᠣᠯ ᠦᠭᠡᠢ ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ | ᠨᠢᠭᠡᠳᠦᠯᠲᠡᠢ ᠵᠠᠰᠠᠬᠤ᠂ ᠣᠰᠣ ᠪᠣᠷᠳᠣᠭᠤᠷ ᠢ ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ ᠶᠢ | ᠵᠠᠰᠠᠬᠤ᠂ ᠵᠠᠬᠢᠶᠠᠯᠠᠭ᠎ᠠ ᠪᠠᠷ ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ ᠦᠢᠯᠡᠴᠢᠯᠡᠭᠡ ᠶᠢ | ᠨᠢᠭᠡᠳᠦᠯᠲᠡᠢ ᠬᠠᠩᠭᠠᠬᠤ ᠶᠢᠨ ᠬᠠᠮᠲᠤ ᠭᠤᠸ᠎ᠠ ᠵᠢᠮᠢᠰ ᠢᠳᠡᠰᠢᠨ ᠨᠣᠭᠤᠭᠠᠨ ᠤ ᠦᠢᠯᠡᠴᠢᠯᠡᠭᠡᠨ ᠤ ᠬᠡᠪᠴᠢᠶ᠎ᠠ | 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠳᠤ ᠮᠣ᠋ ᠪᠦᠷᠢ | ᠨᠢᠭᠡᠯᠡ ᠣᠳᠠᠭ᠎ᠠ 50 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ︔ ᠡᠯᠳᠡᠪ ᠠᠮᠤ | ᠶᠢᠨ ᠦᠢᠯᠡᠴᠢᠯᠡᠭᠡᠨ ᠤ ᠬᠡᠪᠴᠢᠶ᠎ᠠ 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠳᠤ ᠮᠣ᠋ ᠪᠦᠷᠢ ᠨᠢᠭᠡᠯᠡ ᠣᠳᠠᠭ᠎ᠠ ᠪᠠᠷ 80 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ | ᠮᠦᠩᠭᠦ ᠦᠭᠭᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ ᠲᠦᠮᠡᠨ ᠮᠣ᠋ ᠶᠢᠨ ᠦᠢᠯᠡᠴᠢᠯᠡᠭᠡ ᠬᠠᠩᠭᠠᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠦᠢᠯᠡᠴᠢᠯᠡᠭᠡᠨ ᠤ ᠭᠡᠷ᠎ᠡ ᠶᠢ ᠵᠦᠪᠳᠡᠯᠴᠡᠬᠦ ᠠᠴᠠ ᠡᠮᠦᠨ᠎ᠡ᠂ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ | ᠠᠴᠠ ᠦᠢᠯᠡᠴᠢᠯᠡᠭᠡᠨ ᠤ ᠡᠲᠡᠭᠡᠳ ᠤᠨ ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ᠳᠤ ᠲᠠᠷᠢᠶᠠᠯᠠᠩ ᠤᠨ | ᠦᠢᠯᠡᠳᠪᠦᠷᠢᠯᠡᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠭᠡᠷ᠎ᠡ ᠶᠢᠨ ᠵᠦᠪᠳᠡᠯᠴᠡᠭᠡᠷ ᠲᠤ ᠣᠷᠣᠯᠴᠠᠬᠤ ᠪᠠᠷ | ᠭᠤᠶᠣᠴᠢᠯᠠᠬᠤ ᠬᠡᠷᠡᠭᠲᠡᠢ︔ | ② ᠭᠡᠷ᠎ᠡ ᠪᠢᠴᠢᠭ ᠲᠤᠭᠤᠷᠪᠢᠨ ᠪᠢᠴᠢᠬᠦ ᠠᠴᠠ ᠡᠮᠦᠨ᠎ᠡ᠂ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠠᠴᠠ | ᠪᠠᠯᠭᠠᠰᠣᠨ ᠤ ᠵᠰᠠᠭ ᠤᠨ ᠣᠷᠳᠣᠨ ᠳᠤ ᠭᠡᠷ᠎ᠡ ᠲᠤᠭᠤᠷᠪᠢᠨ ᠪᠢᠴᠢᠬᠦ᠂ ᠦᠢᠯᠡᠴᠢᠯᠡᠭᠡᠨ ᠤ ᠭᠡᠷ᠎ᠡ ᠶᠢ ᠬᠢᠨᠠᠨ | ᠬᠠᠷᠭᠤᠭᠤᠯᠬᠤ ᠳᠤ ᠣᠷᠣᠯᠴᠠᠬᠤ ᠶᠢ ᠭᠤᠶᠤᠴᠢᠯᠠᠵᠤ᠂ ᠭᠡᠷ᠎ᠡ ᠳᠤ ᠪᠠᠨ ᠰᠠᠶᠢᠨ ᠡᠬᠦᠯᠳᠡᠷ ᠢ ᠰᠢᠯᠢᠨ ᠰᠣᠩᠭᠤᠬᠤ᠂ | ᠬᠤᠷᠤᠬᠠᠶᠢᠳᠣᠯ ᠢ ᠪᠣᠬᠢᠷᠳᠣᠯ ᠦᠭᠡᠢ ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ᠂ | ᠣᠰᠣ ᠪᠣᠷᠳᠣᠭᠤᠷ ᠢ ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ ᠶᠢ ᠵᠠᠰᠠᠬᠤ᠂ ᠵᠠᠬᠢᠶᠠᠯᠠᠭ᠎ᠠ ᠪᠠᠷ | ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ ᠦᠢᠯᠡᠴᠢᠯᠡᠭᠡᠨ ᠤ ᠠᠭᠤᠯᠭ᠎ᠠ ᠶᠢ ᠡᠷᠬᠡᠪᠰᠢ | ᠪᠠᠭᠲᠠᠭᠠᠬᠤ ᠬᠡᠷᠡᠭᠲᠡᠢ︔ | ③ ᠬᠡᠷ᠎ᠡ ᠲᠤᠭᠲᠠᠭᠠᠬᠤ ᠠᠴᠠ ᠡᠮᠦᠨ᠎ᠡ᠂ ᠭᠤᠶᠤᠴᠢᠯᠠᠭᠴᠢ ᠠᠴᠠ ᠬᠤᠰᠢᠭᠤ ᠮᠠᠯ ᠲᠠᠷᠢᠶᠠᠯᠠᠩ ᠤᠨ | ᠲᠤᠪᠴᠢᠶᠠᠨ ᠳᠤ ᠦᠢᠯᠡᠴᠢᠯᠡᠭᠡᠨ ᠤ ᠭᠡᠷ᠎ᠡ ᠲᠤᠭᠲᠠᠭᠠᠬᠤ ᠳᠤ ᠣᠷᠣᠯᠴᠠᠬᠤ ᠪᠠᠨ ᠭᠤᠶᠤᠴᠢᠯᠠᠬᠤ ᠬᠡᠷᠡᠭᠲᠡᠢ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ | ᠵᠠᠰᠠᠭ ᠤᠨ ᠣᠷᠳᠣᠨ ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠤᠨ᠂ ᠦᠢᠯᠡᠴᠢᠯᠡᠭᠡᠨ ᠤ ᠭᠡᠷ᠎ᠡ ᠶᠢ | ᠦᠨᠳᠦᠰᠦᠯᠡᠵᠦ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ | ᠲᠠᠷᠢᠶᠠᠯᠠᠬᠤ ᠤᠷᠤᠨ ᠤ ᠬᠠᠮᠲᠤᠷᠠᠯᠴᠠᠭᠠᠨ ᠤ ᠠᠵᠤ ᠠᠬᠤᠢ ᠪᠠ ᠠᠵᠤ ᠦᠢᠯᠡᠰ ᠤᠨ ᠬᠦᠭᠵᠢᠬᠦᠯᠦᠯᠲᠡ ᠶᠢᠨ | ᠦᠷᠲᠡᠭᠡ ︵ᠬᠠᠷᠢᠯᠴᠠᠬᠤ ᠬᠦᠮᠦᠨ᠄ ᠪᠣᠯᠠᠭ᠂ ᠬᠠᠷᠢᠯᠴᠠᠬᠤ ᠤᠲᠠᠰᠣ᠄ 13947711166︶᠃ | ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠤᠨ ᠬᠢᠨ ᠮᠠᠯᠵᠢᠬᠤ ᠲᠠᠷᠢᠶᠠᠯᠠᠬᠤ ᠤᠷᠤᠨ ᠳᠤ | ᠬᠦᠨᠵᠡᠭᠡᠶᠢᠷᠡᠬᠦ ᠶᠢ ᠵᠤᠷᠢᠭᠵᠢᠭᠤᠯᠤᠨ᠂ 300 ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ ᠠᠵᠤ ᠠᠬᠤᠢ ᠶᠢᠨ | ᠨᠡᠶᠢᠬᠡᠮᠴᠢᠯᠡᠭᠰᠡᠨ ᠦᠢᠯᠡᠴᠢᠯᠡᠭᠡᠨ ᠤ ᠨᠦᠬᠦᠪᠦᠷᠢ ᠮᠦᠩᠭᠦ ᠲᠤᠬᠢᠷᠠᠭᠤᠯᠵᠤ᠂ ᠮᠠᠯ ᠲᠠᠷᠢᠶᠠᠯᠠᠩ ᠤᠨ ᠠᠵᠤ ᠦᠢᠯᠡᠰ ᠤᠨ | ᠲᠠᠷᠢᠵᠦ ᠲᠡᠵᠢᠭᠡᠨ ᠦᠷᠡᠵᠢᠬᠦᠯᠬᠦ ᠮᠡᠷᠭᠡᠵᠢᠯ ᠤᠨ ᠦᠢᠯᠡᠴᠢᠯᠡᠭᠡ ᠦᠷᠨᠢᠬᠦᠯᠦᠭᠰᠡᠨ ᠨᠡᠶᠢᠬᠡᠮᠴᠢᠯᠡᠭᠰᠡᠨ ᠦᠢᠯᠡᠴᠢᠯᠡᠭᠡᠨ ᠤ | ᠵᠤᠬᠢᠶᠠᠨ ᠪᠠᠶᠢᠭᠤᠯᠤᠯᠲᠠ ᠳᠤ ᠵᠤᠬᠢᠬᠤ ᠨᠦᠬᠦᠪᠦᠷᠢ ᠮᠦᠩᠭᠦ ᠦᠭᠭᠦ ᠪᠤᠶᠤ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠯᠠᠰᠢᠨ ᠮᠠᠯ ᠤᠨ ᠬᠦᠪᠦᠷᠡᠯ ᠰᠢᠯᠵᠢᠬᠦᠯᠬᠦ᠂ ᠦᠬᠡᠷ ᠬᠤᠨᠢᠨ ᠳᠤ ᠭᠠᠷ ᠬᠡᠬᠡᠯᠳᠦᠬᠦᠯᠭᠡ ᠬᠢᠬᠦ᠂ ᠠᠮᠢᠲᠠᠨ | ᠤ ᠬᠢᠵᠢᠭ ᠢ ᠰᠡᠷᠭᠡᠶᠢᠯᠡᠨ ᠵᠠᠰᠠᠬᠤ ᠪᠠ ᠲᠠᠷᠢᠮᠠᠯ ᠤᠨ ᠬᠤᠷᠤᠬᠠᠶᠢᠳᠣᠯ ᠢ ᠪᠠᠶᠢᠴᠠᠭᠠᠵᠤ ᠰᠡᠷᠭᠡᠶᠢᠯᠡᠨ ᠵᠠᠰᠠᠬᠤ ᠪᠠᠷ | ᠭᠤᠤᠯᠳᠠᠯᠭ᠎ᠠ ᠪᠠᠨ ᠪᠤᠯᠭᠠᠨ᠂ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠮᠠᠨ ᠤ ᠬᠤᠰᠢᠭᠤᠨ ᠤ | ᠮᠠᠯ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠬᠡᠨ ᠳᠤ ᠣᠷᠣᠯᠴᠠᠬᠤ ᠶᠢ ᠵᠤᠷᠢᠭᠵᠢᠭᠤᠯᠵᠤ᠂ ᠮᠠᠯ ᠲᠠᠷᠢᠶᠠᠯᠠᠩ ᠤᠨ | ᠮᠡᠷᠭᠡᠵᠢᠯ ᠤᠨ ᠦᠢᠯᠡᠴᠢᠯᠡᠭᠡᠨ ᠤ ᠪᠦᠷᠬᠦᠴᠡ ᠶᠢᠨ ᠬᠡᠪᠴᠢᠶ᠎ᠠ ᠪᠣᠯᠣᠨ ᠦᠢᠯᠡᠴᠢᠯᠡᠭᠡᠨ ᠤ ᠪᠦᠲᠦᠮᠵᠢ ᠶᠢ | ᠳᠡᠭᠡᠭᠰᠢᠯᠡᠬᠦᠯᠦᠨ᠎ᠡ︔ | ② ᠰᠠᠨᠠᠮᠵᠢ ᠲᠠᠢ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠬᠤᠰᠢᠭᠤ ᠮᠠᠯ ᠲᠠᠷᠢᠶᠠᠯᠠᠩ | ᠤᠨ ᠲᠤᠪᠴᠢᠶ᠎ᠠ ᠲᠠᠢ ᠦᠢᠯᠡᠴᠢᠯᠡᠭᠡᠨ ᠤ ᠪᠠᠷᠢᠮᠵᠢᠶ᠎ᠠ᠂ ᠨᠦᠬᠦᠪᠦᠷᠢ ᠮᠦᠩᠭᠦ ᠵᠡᠷᠭᠡ ᠨᠠᠷᠢᠨ ᠠᠭᠤᠯᠭ᠎ᠠ ᠪᠠᠨ | ᠵᠦᠪᠳᠡᠯᠴᠡᠵᠦ᠂ ᠦᠢᠯᠡᠴᠢᠯᠡᠭᠡᠨ ᠤ ᠲᠦᠰᠦᠯ ᠢᠶᠠᠨ ᠲᠤᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠠᠷ | ᠦᠨᠡᠯᠡᠬᠦᠯᠦᠨ ᠳᠠᠩᠰᠠᠯᠠᠭᠤᠯᠤᠭᠠᠳ ᠬᠡᠷ᠎ᠡ ᠲᠤᠭᠲᠠᠭᠠᠭᠰᠠᠨ ᠤ ᠳᠠᠷᠠᠭ᠎ᠠ᠂ ᠦᠢᠯᠡᠴᠢᠯᠡᠭᠡᠨ ᠤ ᠠᠵᠢᠯ ᠢᠶᠠᠨ | ᠦᠷᠨᠢᠬᠦᠯᠦᠨ᠎ᠡ᠃ | ︵2︶ ᠰᠢᠯᠭᠠᠨ ᠬᠤᠷᠢᠶᠠᠬᠤᠠᠷᠭᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠦᠢᠯᠡᠴᠢᠯᠡᠭᠡᠨ ᠤ | ᠲᠦᠰᠦᠯ ᠢ ᠦᠨᠳᠦᠰᠦᠯᠡᠵᠦ ᠵᠤᠬᠢᠶᠠᠨ ᠪᠠᠶᠢᠭᠤᠯᠤᠨ ᠰᠢᠯᠭᠠᠨ ᠬᠤᠷᠢᠶᠠᠨ᠎ᠠ᠃ | ︵3︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ | ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ | ᠲᠠᠷᠢᠮᠠᠯ ᠤᠨ ᠦᠢᠯᠡᠰ ᠤᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠮᠠᠰᠢᠨ ᠤ | ᠮᠡᠷᠭᠡᠵᠢᠯ ᠲᠦᠭᠡᠮᠡᠯᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠶᠧ ᠶᠦᠩ ᠬᠤᠩ᠂ ᠬᠠᠷᠢᠯᠴᠠᠬᠤ | ᠤᠲᠠᠰᠣ᠄ 13948370707︶᠃ | ᠮᠠᠯ ᠠᠵᠤ ᠠᠬᠤᠢ ᠶᠢᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠠᠮᠢᠲᠠᠨ ᠤ ᠬᠢᠵᠢᠭ ᠢ | ᠰᠡᠷᠭᠡᠶᠢᠯᠡᠨ ᠡᠵᠡᠮᠳᠡᠬᠦ ᠲᠦᠪ ︵ᠬᠠᠷᠢᠯᠴᠠᠬᠤ ᠬᠦᠮᠦᠨ᠄ ᠨᠠᠰᠣᠨᠴᠢᠮᠡᠭ᠂ ᠬᠠᠷᠢᠯᠴᠠᠬᠤ ᠤᠲᠠᠰᠣ᠄ | 15147709860︶︔ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ ᠭᠠᠷᠤᠯᠲᠠ | ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ | 15804774318︶᠃ | 15. ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ 618 ᠲᠦᠮᠡᠨ ᠲᠦᠬᠦᠷᠢᠭ | ᠤᠨ ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠵᠠᠷᠤᠳᠠᠯ ᠢ ᠲᠤᠬᠢᠷᠠᠭᠤᠯᠤᠨ᠂ ᠣᠶᠣᠨᠴᠢ | ᠮᠠᠯᠴᠢᠨ ᠲᠠᠷᠢᠶᠠᠴᠢᠨ ᠡᠷᠦᠬᠡ᠂ ᠣᠶᠣᠨᠴᠢ ᠬᠦᠯᠡᠮᠵᠢ᠂ ᠬᠦᠮᠦᠨ ᠦᠭᠡᠢ ᠲᠠᠷᠢᠶᠠᠯᠠᠩ ᠤᠨ ᠲᠡᠯᠡᠪᠡᠢ᠂ ᠡᠵᠡᠩᠨᠡᠯᠲᠡ | ᠶᠢᠨ ᠲᠦᠪ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ | ᠲᠤᠭᠲᠠᠭᠠᠵᠤ ᠲᠠᠷᠬᠠᠭᠠᠬᠤ ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠪᠠᠶᠢᠭᠤᠯᠤᠯᠲᠠ ᠶᠢᠨ ᠲᠦᠰᠦᠯ ᠤᠨ | ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ | ᠲᠠᠷᠢᠶᠠᠯᠠᠩ ᠤᠨ ᠮᠠᠰᠢᠨ ᠤ ᠮᠡᠷᠭᠡᠵᠢᠯ ᠲᠦᠭᠡᠮᠡᠯᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠶᠧ ᠶᠦᠩ | ᠬᠤᠩ᠂ ᠬᠠᠷᠢᠯᠴᠠᠬᠤ ᠤᠲᠠᠰᠣ᠄ 13948370707︶᠃ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ | ᠠᠬᠤᠢ ᠪᠠ ᠣᠰᠣᠨ ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ | ᠤᠲᠠᠰᠣ᠄ 15804774318︶᠃ | 16. ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠬᠦᠷᠢᠶ᠎ᠡ ᠴᠠᠷᠠᠭ᠎ᠠ ᠶᠢ ᠦᠷᠭᠡᠳᠬᠡᠨ᠎ᠡ᠃ | ᠨᠢᠭᠡ ᠳᠤ ᠲᠠᠷᠢᠮᠠᠯ ᠤᠨ ᠦᠢᠯᠡᠰ᠃ ︽ᠣᠯᠠᠷᠢᠯ ᠰᠦᠷᠦᠭᠰᠡᠨ ᠢᠳᠡᠰᠢᠨ ᠨᠤᠭᠤᠭ᠎ᠠ︾ ᠳᠠᠷᠢᠵᠤ ᠳᠠᠭᠠᠳᠬᠠᠯ ᠳᠤ | ᠣᠷᠣᠭᠰᠠᠨ ᠲᠠᠷᠢᠶᠠᠴᠢᠨ ᠡᠷᠦᠬᠡ ᠶᠢᠨ ᠯᠠᠵᠤᠤ᠂ ᠰᠢᠯᠡᠨ ᠨᠤᠭᠤᠭ᠎ᠠ᠂ ᠨᠣᠭᠤᠭ᠎ᠠ ᠶᠢᠨ ᠭᠤᠤᠯ ᠵᠡᠷᠭᠡ ᠳᠤ ᠮᠣ᠋ ᠪᠦᠷᠢ | ᠶᠢᠨ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ᠬᠤᠶᠠᠷ ᠲᠤ ᠲᠡᠵᠢᠭᠡᠪᠦᠷᠢ ᠶᠢᠨ ᠦᠢᠯᠡᠰ᠃ ᠴᠡᠪᠡᠷ ᠡᠬᠦᠯᠳᠡᠷ ᠤᠨ ᠠᠯᠠᠰᠢᠨ ᠦᠬᠡᠷ᠂ ᠠᠯᠠᠰᠢᠨ ᠮᠠᠯ ᠤᠨ ᠬᠤᠴᠠ | ᠤᠬᠤᠨ᠎ᠠ ᠶᠢ ᠳᠠᠭᠠᠳᠬᠠᠯ ᠳᠤ ᠣᠷᠣᠭᠤᠯᠣᠭᠰᠠᠨ ᠲᠡᠵᠢᠭᠡᠪᠦᠷᠢ ᠶᠢᠨ ᠡᠷᠦᠬᠡ ᠶᠢᠨ ᠮᠠᠯ ᠨᠢᠭᠡᠪᠦᠷᠢ ᠳᠤ ᠳᠠᠭᠠᠳᠬᠠᠯ ᠤᠨ | ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠬᠦᠷᠭᠡ᠄ 4 ᠲᠦᠮᠡᠨ ᠮᠤ᠋ ᠶᠢᠨ ᠲᠠᠷᠢᠮᠠᠯ᠂ 3000 ᠠᠯᠠᠰᠢᠨ ᠦᠬᠡᠷ᠂ | 800 ᠠᠯᠠᠰᠢᠨ ᠮᠠᠯ ᠤᠨ ᠬᠤᠴᠠ ᠤᠬᠤᠨ᠎ᠠ ᠵᠡᠷᠭᠡ ᠶᠢ ᠪᠡᠶᠡᠯᠡᠬᠦᠯᠦᠨ᠎ᠡ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠲᠦᠷᠦ ᠶᠢᠨ ᠪᠣᠳᠣᠯᠭ᠎ᠠ ᠶᠢᠨ ᠴᠢᠨᠠᠷᠲᠠᠢ | ᠳᠠᠭᠠᠳᠬᠠᠯ ᠤᠨ ᠣᠳᠣᠷᠢᠳᠬᠤ ᠳᠣᠭᠤᠶᠢᠯᠠᠩ ᠳᠠᠭᠠᠳᠬᠠᠯ ᠠᠴᠠ ᠰᠣᠩᠭᠤᠨ ᠲᠤᠭᠲᠠᠭᠠᠭᠰᠠᠨ ᠬᠠᠷᠢᠭᠤᠴᠠᠬᠤ ᠺᠤᠮᠫᠠᠨᠢ | ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠬᠦ ᠬᠡᠷᠡᠭᠲᠡᠢ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ | ᠲᠠᠷᠢᠮᠠᠯ ᠤᠨ ᠦᠢᠯᠡᠰ ᠤᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠲᠠᠷᠢᠮᠠᠯ | ᠤᠨ ᠦᠷᠲᠡᠭᠡ ︵ᠬᠠᠷᠢᠯᠴᠠᠬᠤ ᠬᠦᠮᠦᠨ᠄ ᠭᠤᠤ ᠱᠤ᠋ ᠬᠠᠢ᠂ ᠬᠠᠷᠢᠯᠴᠠᠬᠤ ᠤᠲᠠᠰᠣ᠄ 13904774435︶᠃ | ᠮᠠᠯ ᠠᠵᠤ ᠠᠬᠤᠢ ᠶᠢᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ | ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ | 15804774318︶᠃ | ᠳᠦᠷᠪᠡ᠂ ᠲᠦᠷᠦᠯ ᠵᠦᠢᠯ ᠤᠨ ᠨᠦᠬᠦᠪᠦᠷᠢ ᠮᠦᠩᠭᠦ ᠣᠯᠭᠤᠬᠤ | ᠲᠦᠷᠦᠯ ᠵᠦᠢᠯ ᠢ ᠰᠢᠯᠭᠠᠨ ᠬᠤᠷᠢᠶᠠᠬᠤ ᠦᠶᠡᠰ ᠠᠵᠢᠯ ᠤᠨ ᠶᠠᠪᠤᠴᠠ ᠪᠠᠨ ᠲᠡᠮᠲᠡᠭᠯᠡᠨ᠂ ᠰᠢᠯᠭᠠᠨ | ᠬᠤᠷᠢᠶᠠᠭᠰᠠᠨ ᠳᠠᠩᠰᠠ ᠪᠦᠷᠢᠯᠳᠦᠬᠦᠯᠵᠦ᠂ ᠰᠢᠯᠭᠠᠨ ᠬᠤᠷᠢᠶᠠᠭᠰᠠᠨ ᠦᠷ᠎ᠡ ᠳ᠋ᠦᠩ ᠢ ᠦᠨᠳᠦᠰᠦᠯᠡᠨ ᠡᠯ᠎ᠡ ᠪᠠᠯᠭᠠᠰᠣ | ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠢᠯᠡ ᠨᠡᠶᠢᠲᠡᠯᠡᠨ᠎ᠡ︔ ᠣᠨᠳᠣᠣ ᠰᠠᠨᠠᠯ ᠦᠭᠡᠢ ᠪᠣᠯ ᠬᠤᠰᠢᠭᠤ ᠮᠠᠯ | ᠲᠠᠷᠢᠶᠠᠯᠠᠩ ᠤᠨ ᠲᠤᠪᠴᠢᠶᠠᠨ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠨᠦᠬᠦᠪᠦᠷᠢ ᠮᠦᠩᠭᠦ | ᠭᠤᠶᠤᠴᠢᠯᠠᠬᠤ ᠮᠡᠳᠡᠭᠦᠯᠦᠯᠲᠡ ᠪᠠᠨ ᠳᠡᠪᠰᠢᠬᠦᠯᠦᠨ᠎ᠡ︔ ᠬᠤᠰᠢᠭᠤ ᠠᠷᠠᠳ ᠤᠨ ᠵᠠᠰᠠᠭ ᠤᠨ ᠣᠷᠳᠣᠨ | ᠵᠦᠪᠰᠢᠶᠡᠷᠡᠭᠰᠡᠨ ᠤ ᠳᠠᠷᠠᠭ᠎ᠠ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠠᠴᠠ ᠨᠦᠬᠦᠪᠦᠷᠢ ᠮᠦᠩᠭᠦ ᠶᠢ ᠴᠠᠭ | ᠲᠤᠬᠠᠢ ᠳᠤ ᠨᠢ ᠣᠯᠭᠤᠨ᠂ ᠮᠠᠯᠴᠢᠨ ᠲᠠᠷᠢᠶᠠᠴᠢᠨ ᠡᠷᠦᠬᠡ ᠳᠤ ᠨᠢᠭᠡ ᠺᠠᠷᠲ ᠢᠶᠠᠷ ᠣᠯᠭᠤᠬᠤ ᠬᠡᠯᠪᠡᠷᠢ ᠪᠠᠷ | ᠨᠢᠭᠡᠳᠦᠯᠲᠡᠢ ᠪᠠᠷ ᠨᠦᠬᠦᠪᠦᠷᠢ ᠮᠦᠩᠭᠦ ᠦᠭᠭᠦᠨ᠎ᠡ᠃ ᠰᠢᠯᠭᠠᠨ ᠬᠤᠷᠢᠶᠠᠬᠤ ᠦᠶᠡᠰ ᠲᠦᠷᠦᠯ ᠵᠦᠢᠯ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠭᠡᠢ ᠲᠦᠷᠦᠯ ᠵᠦᠢᠯ ᠤᠨ ᠡᠷᠦᠬᠡ ᠳᠤ ᠨᠦᠬᠦᠪᠦᠷᠢ ᠮᠦᠩᠭᠦ | ᠦᠭᠭᠦ ᠦᠭᠡᠢ᠃ | ᠰᠢᠯᠭᠠᠨ ᠬᠤᠷᠢᠶᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠰᠢᠯᠲᠠᠭᠠᠨ ᠠᠴᠠ | ᠡᠭᠦᠰᠦᠭᠰᠡᠨ ᠵᠦᠷᠢᠴᠡᠯ ᠵᠢᠭᠤᠷᠠᠭᠠᠨ ᠪᠠᠶᠢᠪᠠᠯ ᠰᠢᠢᠳᠪᠦᠷᠢᠯᠡᠭᠰᠡᠨ ᠤ ᠳᠠᠷᠠᠭ᠎ᠠ ᠬᠤᠰᠢᠭᠤ ᠮᠠᠯ ᠲᠠᠷᠢᠶᠠᠯᠠᠩ ᠤᠨ | ᠲᠤᠪᠴᠢᠶᠠᠨ ᠠᠴᠠ ᠨᠦᠬᠦᠪᠦᠷᠢ ᠮᠦᠩᠭᠦ ᠭᠤᠶᠤᠴᠢᠯᠠᠬᠤ ᠮᠡᠳᠡᠭᠦᠯᠦᠯᠲᠡ ᠶᠢ ᠳᠡᠭᠡᠭᠰᠢ ᠮᠡᠳᠡᠭᠦᠯᠦᠨ᠎ᠡ᠂ ᠬᠡᠷᠪᠡ ᠬᠡᠷ᠎ᠡ | ᠶᠢᠨ ᠠᠰᠠᠭᠤᠳᠠᠯ ᠢᠶᠠᠷ ᠵᠦᠷᠢᠴᠡᠯ ᠵᠢᠭᠤᠷᠠᠭᠠᠨ ᠡᠬᠦᠰᠦᠭᠰᠡᠨ ᠪᠤᠯ ᠲᠦᠷᠦᠯ ᠵᠦᠢᠯ ᠤᠨ ᠡᠷᠦᠬᠡ ᠬᠠᠤᠯᠢ ᠶᠤᠰᠤᠭᠠᠷ | ᠦᠪᠡᠷᠲᠡᠬᠡᠨ ᠰᠢᠢᠳᠪᠦᠷᠢᠯᠡᠨ᠎ᠡ᠃ | ᠲᠠᠪᠤ᠂ ᠬᠢᠨᠠᠯᠲᠠ ᠲᠠᠯᠪᠢᠵᠦ ᠢᠯᠡᠴᠢᠯᠡᠨ ᠮᠡᠳᠡᠭᠦᠯᠬᠦ ᠵᠢᠴᠢ ᠲᠤᠷᠭᠠᠬᠤ | ᠪᠤᠢ ᠪᠦᠬᠦᠢ ᠲᠦᠷᠦᠯ ᠵᠦᠢᠯ ᠤᠨ ᠨᠦᠬᠦᠪᠦᠷᠢ ᠮᠦᠩᠭᠦ ᠶᠢᠨ ᠤᠯᠭᠤᠯᠲᠠ ᠨᠡᠶᠢᠬᠡᠮ ᠤᠨ ᠬᠢᠨᠠᠯᠲᠠ ᠶᠢ ᠬᠦᠯᠢᠶᠡᠨ᠎ᠡ᠂ | ᠬᠢᠨᠠᠯᠲᠠ ᠲᠠᠯᠪᠢᠵᠦ ᠢᠯᠡᠴᠢᠯᠡᠨ ᠮᠡᠳᠡᠬᠦᠯᠬᠦ ᠤᠲᠠᠰᠣ᠄ 0477 — 7622520᠃ ᠳᠣᠣᠷᠠᠬᠢ ᠪᠠᠶᠢᠳᠠᠯ ᠲᠠᠢ | ᠡᠲᠡᠭᠡᠳ ᠲᠤ ᠨᠦᠬᠦᠪᠦᠷᠢ ᠮᠦᠩᠭᠦ ᠣᠯᠭᠤᠬᠤ ᠦᠬᠡᠢ ᠪᠤᠶᠤ ᠨᠦᠬᠦᠪᠦᠷᠢ ᠮᠦᠩᠭᠦ ᠶᠢ ᠪᠤᠴᠠᠭᠠᠨ ᠠᠪᠣᠨ᠎ᠠ᠃ | ︵ᠨᠢᠬᠡ︶ ᠬᠤᠰᠢᠭᠤ ᠱᠠᠲᠤᠨ ᠤ ᠲᠦᠷᠦᠯ ᠵᠦᠢᠯ ᠤᠨ ᠬᠦᠮᠦᠷᠭᠡ ᠶᠢᠨ ᠬᠡᠷᠡᠭᠵᠢᠬᠦᠯᠦᠯᠲᠡ ᠶᠢᠨ ᠠᠭᠤᠯᠭ᠎ᠠ ᠶᠢ | ᠭᠤᠶᠤᠴᠢᠯᠠᠭᠰᠠᠨ ᠦᠭᠡᠢ ᠪᠤᠶᠤ ᠠᠭᠤᠯᠭ᠎ᠠ ᠳᠤ ᠣᠷᠣᠭᠰᠠᠨ ᠦᠬᠡᠢ︔ | ︵ᠬᠤᠶᠠᠷ︶ ᠭᠤᠶᠤᠴᠢᠯᠠᠭᠴᠢ ᠭᠤᠤᠯ ᠴᠤᠭᠴᠠ ᠶᠢᠨ ᠬᠠᠩᠭᠠᠭᠰᠠᠨ ᠮᠡᠲ᠋ᠧᠷᠢᠶᠡᠯ ᠪᠣᠲᠠᠲᠠᠢ ᠲᠠᠢ ᠨᠡᠶᠢᠴᠡᠬᠦ | ᠦᠬᠡᠢ᠂ ᠬᠠᠮᠢᠶ᠎ᠠ ᠪᠦᠬᠦᠢ ᠮᠡᠲ᠋ᠧᠷᠢᠶᠡᠯ ᠢ ᠬᠠᠭᠤᠷᠮᠠᠭᠯᠠᠨ ᠵᠤᠬᠢᠶᠠᠭᠰᠠᠨ ᠠᠵᠢᠯᠯᠠᠭ᠎ᠠ ᠣᠷᠣᠰᠢᠵᠦ ᠪᠠᠶᠢᠬᠤ︔ | ︵ᠭᠤᠷᠪᠠ︶ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠶᠤᠰᠤᠭᠠᠷ ᠪᠠᠶᠢᠭᠤᠯᠤᠯᠲᠠ ᠶᠢᠨ | ᠠᠭᠤᠯᠭ᠎ᠠ ᠪᠠᠨ ᠪᠡᠶᠡᠯᠡᠭᠦᠯᠦᠭᠰᠡᠨ ᠦᠭᠡᠢ ᠪᠤᠶᠤ ᠴᠠᠭ ᠲᠠᠭᠠᠨ ᠬᠦᠢᠴᠡᠳᠬᠡᠭᠰᠡᠨ ᠦᠭᠡᠢ︔ | ︵ᠳᠦᠷᠪᠡ︶ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ | ᠪᠣᠰᠣᠳ ᠪᠠᠶᠢᠳᠠᠯ᠃ | ᠵᠢᠷᠭᠤᠭ᠎ᠠ᠂ ᠪᠣᠰᠣᠳ ᠵᠦᠢᠯᠡᠰ | ︵ᠨᠢᠭᠡ︶ ᠲᠤᠰ ᠨᠠᠷᠢᠨ ᠳᠦᠷᠢᠮ ᠤᠨ ᠲᠦᠷᠦ ᠶᠢᠨ ᠪᠤᠳᠤᠯᠭ᠎ᠠ ᠶᠢᠨ ᠨᠦᠬᠦᠪᠦᠷᠢ ᠶᠢᠨ ᠬᠡᠷᠡᠭᠵᠢᠬᠦᠯᠬᠦ | ᠱᠠᠭᠠᠷᠳᠠᠯᠭ᠎ᠠ᠂ ᠰᠢᠯᠭᠠᠨ ᠬᠤᠷᠢᠶᠠᠬᠤ ᠠᠷᠭ᠎ᠠ ᠵᠡᠷᠭᠡ ᠠᠭᠤᠯᠭ᠎ᠠ ᠳᠡᠭᠡᠳᠦ ᠱᠠᠲᠤᠨ ᠤ ᠨᠡᠶᠢᠲᠡᠯᠡᠭᠰᠡᠨ ᠬᠤᠯᠪᠤᠭᠳᠠᠯ | ᠪᠦᠬᠦᠢ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠲᠠᠢ ᠵᠦᠷᠢᠴᠡᠯᠳᠦᠪᠡᠯ᠂ ᠳᠡᠭᠡᠳᠦ ᠱᠠᠲᠤᠨ ᠤ ᠲᠦᠷᠦ ᠶᠢᠨ | ᠪᠤᠳᠤᠯᠭ᠎ᠠ ᠶᠢᠨ ᠱᠠᠭᠠᠷᠳᠠᠯᠭ᠎ᠠ ᠶᠤᠰᠤᠭᠠᠷ ᠬᠦᠢᠴᠡᠳᠬᠡᠨ᠂ ᠦᠭᠡᠷ᠎ᠡ ᠮᠡᠳᠡᠭᠳᠡᠯ ᠲᠠᠷᠬᠠᠭᠠᠬᠤ ᠦᠭᠡᠢ᠃ | ︵ᠬᠤᠶᠠᠷ︶ ᠲᠤᠰ ᠨᠠᠷᠢᠨ ᠳᠦᠷᠢᠮ ᠢ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠣᠲᠤᠭ | ᠪᠡᠯᠴᠢᠭᠡᠷ ᠤᠨ ᠲᠤᠪᠴᠢᠶ᠎ᠠ ᠪᠠ ᠡᠳ᠋ ᠤᠨ ᠵᠠᠰᠠᠭ ᠤᠨ ᠲᠤᠪᠴᠢᠶᠠᠨ ᠠᠴᠠ ᠬᠠᠷᠢᠭᠤᠴᠠᠵᠤ ᠲᠠᠶᠢᠯᠪᠤᠷᠢᠯᠠᠨ᠎ᠠ᠃ | ︵ᠭᠤᠷᠪᠠ︶ ᠲᠤᠰ ᠨᠠᠷᠢᠨ ᠳᠦᠷᠢᠮ ᠢ 2021 ᠣᠨ ᠤ 1 ᠰᠠᠷ᠎ᠠ 1 ᠤ ᠡᠳᠦᠷ ᠠᠴᠠ ᠡᠬᠢᠯᠡᠨ | ᠬᠡᠷᠡᠭᠵᠢᠬᠦᠯᠵᠦ᠂ 2021 ᠣᠨ ᠤ 12 ᠰᠠᠷ᠎ᠠ ᠶᠢᠨ 31 ᠤ ᠡᠳᠦᠷ ᠳᠠᠭᠤᠰᠤᠨ᠎ᠠ᠃ | ᠳᠠᠭᠠᠯᠳᠣᠭᠤᠯᠣᠯ᠄ 1. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ | ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠮᠠᠯ ᠲᠠᠷᠢᠶᠠᠯᠠᠩ ᠤᠨ ᠬᠦᠷᠢᠶ᠎ᠡ | ᠬᠡᠪᠴᠢᠶ᠎ᠠ︶ ᠶᠢᠨ ᠲᠦᠷᠦᠯ ᠵᠦᠢᠯ ᠤᠨ ᠬᠦᠮᠦᠷᠭᠡ | 2. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠮᠠᠯ ᠲᠠᠷᠢᠶᠠᠯᠠᠩ ᠤᠨ ᠣᠷᠣᠨ ᠬᠡᠪᠴᠢᠶ᠎ᠠ︶ | ᠶᠢᠨ ᠳᠡᠮᠵᠢᠯᠭᠡ ᠶᠢᠨ ᠬᠢᠨᠠᠨ ᠴᠤᠬᠤᠯᠠᠪᠤᠷᠢᠯᠠᠬᠤ ᠬᠦᠰᠦᠨᠦᠭ | 3. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠰᠦᠯᠢᠶᠤᠤ ᠬᠦᠯᠡᠮᠵᠢ᠂ ᠴᠢᠬᠢ | ᠪᠣᠶᠢᠵᠢᠭᠤᠯᠬᠤ ᠲᠦᠪ᠂ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ︶ ᠶᠢᠨ ᠲᠦᠷᠦᠯ ᠵᠦᠢᠯ ᠢ | ᠰᠢᠯᠭᠠᠨ ᠬᠤᠷᠢᠶᠠᠬᠤ ᠬᠦᠰᠦᠨᠦᠭ | 4. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠡᠷᠴᠢᠮᠯᠢᠭ ᠴᠢᠬᠢ ᠪᠤᠶᠢᠵᠢᠭᠤᠯᠤᠯᠲᠠ︶ | ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 5. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠡᠳ᠋ᠰᠢᠬᠦᠯᠬᠦ ᠠᠵᠤ ᠠᠬᠤᠶᠢᠯᠠᠯ ᠤᠨ | ᠪᠤᠶᠢᠵᠢᠭᠤᠯᠤᠯᠲᠠ︶ ᠶᠢᠨ ᠪᠠᠶᠢᠭᠤᠯᠤᠯᠲᠠ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 6. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠬᠠᠮᠲᠤᠷᠠᠯ ᠬᠤᠷᠰᠢᠶᠠᠨ ᠤ | ᠪᠤᠶᠢᠵᠢᠭᠤᠯᠤᠯᠲᠠ︶ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 7. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ | ᠶᠢᠨ ᠲᠦᠷᠦᠯ ᠵᠦᠢᠯ ᠤᠨ ᠬᠦᠮᠦᠷᠭᠡ | 8. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ | ᠶᠢᠨ ᠲᠦᠷᠦᠯ ᠵᠦᠢᠯ ᠢ ᠬᠢᠨᠠᠨ ᠴᠤᠬᠤᠯᠠᠪᠤᠷᠢᠯᠠᠬᠤ ᠬᠦᠰᠦᠨᠦᠭ | 9. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ | ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ | ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | | |