ᠣᠳᠤᠭ ᠤᠨ ᠡᠮᠦᠨᠡᠳᠦ ᠬᠤᠰᠢᠭᠤᠨ ᠤ ᠲᠠᠬᠢᠯᠳᠦ ᠳᠠᠬᠢ ᠠᠮᠢᠳᠦ ᠮᠠᠯ ᠤᠨ ᠠᠷᠠᠯᠵᠢᠶᠡᠨ ᠤ ᠵᠠᠬ᠎ᠠ ᠲᠡᠯᠭᠡᠭᠦᠷ  ᠢ ᠨᠡᠭᠡᠭᠡᠨ ᠰᠡᠷᠭᠦᠭᠡᠬᠦ ᠮᠡᠳᠡᠭᠳᠡᠯ
ᠨᠡᠶᠢᠲᠡᠯᠡᠭᠰᠡᠨ ᠴᠠᠭ᠄
2021/9/7
    ᠪᠦᠬᠦ ᠬᠤᠰᠢᠭᠤᠨ ᠤ ᠦᠷᠭᠡᠨ ᠣᠯᠠᠨ ᠮᠠᠯᠴᠢᠨ ᠲᠠᠷᠢᠶᠠᠴᠢᠨ ᠤ ᠮᠠᠯ ᠢᠶᠠᠨ ᠬᠤᠳᠠᠯᠳᠣᠬᠤ ᠳᠤ ᠬᠦᠴᠢᠷ ᠪᠠᠶᠢᠭ᠎ᠠ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠬᠦ ᠶᠢᠨ ᠲᠦᠯᠦᠭᠡ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠪᠠ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠡᠷᠦᠩᠬᠡᠢ ᠱᠠᠭᠠᠷᠳᠠᠯᠭ᠎ᠠ ᠲᠠᠢ ᠣᠶᠠᠯᠳᠣᠭᠤᠯᠣᠨ᠂ ᠣᠳᠣ ᠲᠠᠬᠢᠯᠳᠦ ᠳᠠᠬᠢ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠢ ᠨᠡᠭᠡᠭᠡᠨ ᠰᠡᠷᠭᠦᠭᠡᠭᠦ ᠬᠤᠯᠪᠣᠭᠳᠠᠯ ᠪᠦᠬᠦᠢ ᠣᠴᠢᠷ ᠢ ᠲᠣᠣᠷᠠᠬᠢ ᠮᠡᠳᠦ ᠮᠡᠳᠡᠭᠳᠡᠶ᠎ᠡ᠄     ᠨᠢᠭᠡ᠂ ᠬᠦᠮᠦᠨ ᠮᠠᠯ ᠬᠡᠳᠦ ᠴᠣᠭᠯᠠᠷᠠᠬᠤ ᠠᠴᠠ ᠵᠠᠶᠢᠯᠠᠰᠬᠢᠨ᠂ ᠵᠠᠬ᠎ᠠ ᠲᠡᠯᠭᠡᠭᠦᠷ ᠢ ᠨᠡᠭᠡᠭᠡᠬᠦ ᠴᠠᠭ ᠢ ᠣᠣᠯ ᠤᠨ ᠭᠠᠷᠠᠭ ᠤᠨ ᠲᠠᠪᠣᠨ ᠳᠤ ᠨᠡᠭᠡᠭᠡᠵᠣ ᠪᠠᠶᠢᠭᠰᠠᠨ ᠠᠴᠠ ᠲᠦᠷ ᠴᠠᠭ ᠭᠠᠷᠠᠭ ᠤᠨ ᠬᠤᠶᠠᠷ ᠪᠣᠯᠣᠨ ᠭᠠᠷᠠᠭ ᠤᠨ ᠲᠠᠪᠣᠨ ᠪᠣᠯᠭᠠᠨ ᠲᠣᠬᠢᠷᠠᠭᠤᠯᠵᠣ᠂ ᠪᠦᠯᠦᠭ ᠣᠳᠠᠭ᠎ᠠ ᠬᠤᠪᠢᠶᠠᠵᠣ ᠶᠠᠪᠣᠭᠳᠠᠭᠤᠯᠣᠨ᠂ 9 ᠰᠠᠷ᠎ᠠ ᠶᠢᠨ 7 ᠤ ᠡᠳᠦᠷ ︵ᠪᠢᠯᠢᠭ  ᠤᠨ ᠣᠯᠠᠷᠢᠯ ᠤᠨ ᠨᠠᠢᠮᠠᠨ ᠰᠠᠷ᠎ᠠ ᠶᠢᠨ ᠰᠢᠨ᠎ᠡ ᠶᠢᠨ ᠨᠢᠭᠡᠨ︶ ᠠᠴᠠ ᠰᠡᠷᠭᠦᠭᠡᠨ᠎ᠡ᠃     ᠬᠤᠶᠠᠷ᠂ ᠭᠠᠷᠠᠭ ᠤᠨ ᠬᠤᠶᠠᠷ ᠲᠤ 1᠂ 2᠂ 3᠂ 4᠂ 5 ᠲᠣᠭᠤᠷᠢᠭ ᠤᠨ ᠠᠷᠠᠯᠵᠢᠶ᠎ᠠ ᠶᠢ ᠨᠡᠭᠡᠭᠡᠨ᠎ᠡ︔ ᠭᠠᠷᠠᠭ ᠤᠨ ᠲᠠᠪᠣᠨ ᠳᠤ A᠂ B᠂ C᠂ D᠂ E ᠲᠣᠭᠤᠷᠢᠭ ᠤᠨ ᠠᠷᠠᠯᠵᠢᠶ᠎ᠠ ᠶᠢ ᠨᠡᠭᠡᠭᠡᠨ᠎ᠡ᠃ ᠲᠠᠷᠠᠭᠠᠴᠢ ᠶᠢᠨ ᠭᠠᠷᠠᠭ ᠤᠨ ᠬᠤᠶᠠᠷ ᠲᠤ A᠂ B᠂ C᠂ D᠂ E ᠲᠣᠭᠤᠷᠢᠭ ᠤᠨ ᠠᠷᠠᠯᠵᠢᠶ᠎ᠠ ᠶᠢ ᠨᠡᠭᠡᠭᠡᠨ᠎ᠡ᠃ ᠲᠠᠷᠠᠭᠠᠴᠢ ᠶᠢᠨ ᠭᠠᠷᠠᠭ ᠤᠨ ᠲᠠᠪᠣᠨ ᠳᠤ 1᠂ 2᠂ 3᠂ 4᠂ 5 ᠲᠣᠭᠤᠷᠢᠭ ᠤᠨ ᠠᠷᠠᠯᠵᠢᠶ᠎ᠠ ᠶᠢ ᠨᠡᠭᠡᠭᠡᠨ᠎ᠡ᠃ ᠵᠠᠬ᠎ᠠ ᠲᠡᠯᠭᠡᠭᠦᠷ ᠬᠡᠪ ᠤᠨ ᠪᠠᠶᠢᠳᠠᠯ ᠳᠤ ᠪᠠᠨ ᠣᠷᠣᠬᠤ ᠠᠴᠠ ᠡᠮᠦᠨ᠎ᠡ ᠡᠶᠢᠮᠦᠷᠬᠦᠣ ᠲᠡᠰ ᠲᠠᠷᠠᠭᠠᠯᠠᠯ ᠢᠶᠠᠷ ᠡᠭᠡᠯᠵᠢᠯᠡᠨ᠎ᠡ᠃     ᠭᠤᠷᠪᠠ᠂ ᠪᠣᠢ ᠪᠦᠬᠦᠢ ᠬᠦᠮᠦᠰ ᠡᠷᠬᠡᠪᠰᠢ ᠪᠦᠬᠦ ᠶᠠᠪᠣᠴᠠ ᠳᠤ ᠠᠮᠠᠪᠴᠢ ᠵᠡᠭᠦᠨ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢᠶᠠᠨ ᠭᠠᠷᠭᠠᠨ ᠦᠵᠡᠭᠦᠯᠵᠣ᠂ ︽ᠨᠣᠭᠤᠭᠠᠨ ᠺᠣᠳ᠋︾ ᠲᠠᠢ ᠪᠡᠶ᠎ᠡ ᠶᠢᠨ ᠲᠣᠯᠠᠭᠠᠨ ᠨᠢ ᠬᠡᠪ ᠤᠨ ᠪᠠᠶᠢᠳᠠᠯ ᠲᠠᠢ ᠪᠠᠶᠢᠪᠠᠯ ᠰᠠᠶ᠋ᠢ ᠵᠠᠬ᠎ᠠ ᠲᠡᠯᠭᠡᠭᠦᠷ ᠲᠤ ᠲᠠᠩᠰᠠᠯᠠᠭᠤᠯᠣᠨ ᠣᠷᠣᠵᠣ ᠪᠣᠯᠣᠨ᠎ᠠ᠃     ᠲᠦᠷᠪᠡ᠂ ᠠᠷᠠᠯᠵᠢᠶᠠᠯᠠᠬᠤ ᠮᠠᠯ ᠢ ᠡᠷᠭᠡᠪᠰᠢ ᠴᠠᠭ ᠬᠤᠭᠤᠴᠠᠭᠠᠨ ᠤ ᠲᠣᠬᠢᠷᠠᠭᠤᠯᠣᠯᠳᠠ ᠪᠣᠯᠣᠨ ᠣᠷᠣᠨ ᠪᠦᠰᠡ ᠶᠢᠨ ᠬᠤᠪᠢᠶᠠᠷᠢᠯᠠᠯ ᠢᠶᠠᠷ ᠵᠠᠬ᠎ᠠ ᠲᠡᠯᠭᠡᠭᠦᠷ ᠲᠤ ᠣᠷᠣᠭᠤᠯᠬᠤ ᠬᠡᠷᠡᠭᠳᠡᠢ᠃ ᠮᠠᠯ ᠤᠨ ᠲᠤᠭ᠎ᠠ ᠶᠢ ᠵᠠᠭᠤᠴᠢᠯᠠᠭᠴᠢ ᠶᠢᠨ ᠲᠦᠷᠢᠶᠡᠰᠦᠯᠡᠭᠰᠡᠨ ᠬᠠᠰᠢᠶ᠎ᠠ ᠰᠠᠷᠠᠪᠴᠢ ᠶᠢᠨ ᠪᠠᠭᠳᠠᠭᠠᠮᠵᠢ ᠠᠴᠠ ᠬᠡᠳᠦᠷᠡᠭᠦᠯᠵᠣ ᠪᠣᠯᠬᠤ ᠦᠭᠡᠢ᠃ ᠵᠠᠬ᠎ᠠ ᠲᠡᠯᠭᠡᠭᠦᠷ ᠤᠨ ᠲᠣᠳᠣᠷ᠎ᠠ ᠭᠠᠳᠠᠨ᠎ᠠ ᠲᠣᠷ᠎ᠠ ᠪᠠᠷ ᠢᠶᠠᠨ ᠬᠠᠰᠢᠶ᠎ᠠ ᠰᠠᠷᠠᠪᠴᠢ ᠪᠠᠷᠢᠵᠣ ᠪᠣᠯᠬᠤ ᠦᠭᠡᠢ᠃ ᠬᠢᠵᠢᠭ ᠤᠨ ᠪᠠᠶᠢᠴᠠᠭᠠᠯᠳᠠ ᠬᠢᠯᠭᠡᠭᠰᠡᠨ ᠦᠭᠡᠢ ᠪᠣᠶᠣ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠮᠠᠯ ᠢ ᠵᠠᠬ᠎ᠠ ᠲᠡᠯᠭᠡᠭᠦᠷ ᠲᠤ ᠣᠷᠣᠭᠤᠯᠬᠤ ᠶᠢ ᠡᠷᠡᠰ ᠴᠠᠭᠠᠵᠠᠯᠠᠨ᠎ᠠ᠃     ᠲᠠᠪᠤ᠂ ᠣᠳᠤᠭ ᠤᠨ ᠡᠮᠦᠨᠡᠳᠦ ᠬᠤᠰᠢᠭᠤᠨ ᠤ ᠭᠠᠵᠠᠷ ᠣᠷᠣᠨ ᠠᠴᠠ ᠭᠠᠳᠠᠨᠠᠬᠢ ᠮᠠᠯ ᠢ ᠵᠠᠬ᠎ᠠ ᠲᠡᠯᠭᠡᠭᠦᠷ ᠲᠤ ᠣᠷᠣᠭᠤᠯᠬᠤ ᠶᠢ ᠲᠦᠷ ᠬᠤᠷᠢᠭᠯᠠᠵᠣ ︵ᠭᠠᠳᠠᠨ᠎ᠠ ᠣᠷᠣᠨ ᠤ ᠠᠮᠢᠳᠠᠨ ᠤ ᠬᠢᠵᠢᠭ ᠤᠨ ᠪᠠᠶᠢᠴᠠᠭᠠᠯᠳᠠ ᠳᠤ ᠬᠢᠷᠢ ᠲᠡᠩᠴᠡᠭᠰᠡᠨ ᠭᠡᠷᠡᠴᠢ ᠪᠠᠶᠢᠭᠰᠠᠨ ᠴᠣ᠋ ᠣᠷᠣᠭᠤᠯᠬᠤ ᠦᠭᠡᠢ︶᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠦᠨᠳᠦᠰᠦᠯᠡᠨ᠂ ᠰᠡᠷᠭᠦᠭᠡᠬᠦ ᠴᠠᠭ ᠢ ᠠᠰ ᠲᠤᠨᠢ ᠮᠡᠳᠡᠭᠳᠡᠨ᠎ᠡ᠃     ᠦᠷᠭᠡᠨ ᠣᠯᠠᠨ ᠮᠠᠯᠴᠢᠨ ᠲᠠᠷᠢᠶᠠᠴᠢᠨ᠂ ᠵᠠᠭᠤᠴᠢᠯᠠᠭᠴᠢ ᠵᠠᠬ᠎ᠠ ᠲᠡᠯᠭᠡᠭᠦᠷ ᠤᠨ ᠬᠠᠮᠢᠶᠠᠷᠣᠯᠳᠠ ᠶᠢᠨ ᠠᠯᠪᠠᠨ ᠭᠡᠷ ᠤᠨ ᠨᠢᠭᠡᠳᠦᠯᠳᠡᠢ ᠲᠣᠬᠢᠷᠠᠭᠤᠯᠣᠯᠳᠠ ᠶᠢ ᠲᠠᠭᠠᠨ᠂ ᠵᠠᠬ᠎ᠠ ᠲᠡᠯᠭᠡᠭᠦᠷ ᠤᠨ ᠡᠮᠬᠢ ᠲᠢᠭᠯᠢᠮ ᠢ ᠣᠬᠠᠮᠰᠠᠷ ᠠᠴᠠ  ᠪᠠᠨ ᠬᠠᠮᠠᠭᠠᠯᠠᠵᠣ᠂ ᠠᠮᠣᠷ ᠲᠦᠪᠰᠢᠨ ᠮᠦᠷᠳᠡᠭᠡᠨ ᠡᠮᠬᠢ ᠲᠢᠭᠯᠢᠮ ᠲᠠᠢ ᠠᠷᠠᠯᠵᠢᠶᠠᠨ ᠤ ᠣᠷᠴᠢᠨ ᠲᠣᠭᠤᠷᠢᠨ ᠢ ᠪᠣᠢ ᠪᠣᠯᠭᠠᠬᠤ ᠬᠡᠷᠡᠭᠳᠡᠢ᠃     ᠣᠨᠴᠠᠭᠠᠶᠢᠯᠠᠨ ᠮᠡᠳᠡᠭᠳᠡᠪᠡ        ᠣᠳᠤᠭ ᠤᠨ ᠡᠮᠦᠨᠡᠳᠦ ᠬᠤᠰᠢᠭᠤᠨ ᠤ ᠮᠤ᠋ ᠥᠸᠧ ᠶᠤᠸᠠᠨ ᠬᠠᠩᠭᠠᠨ ᠪᠣᠷᠣᠯᠠᠭᠤᠯᠬᠤ ᠬᠢᠵᠠᠭᠠᠷᠳᠦ ᠺᠣᠮᠫᠠᠨᠢ         ᠲᠠᠬᠢᠯᠳᠦ ᠳᠠᠬᠢ ᠠᠮᠢᠳᠦ ᠮᠠᠯ ᠤᠨ ᠠᠷᠠᠯᠵᠢᠶᠠᠨ ᠤ ᠵᠠᠬ᠎ᠠ ᠲᠡᠯᠭᠡᠭᠦᠷ ᠤᠨ ᠠᠯᠪᠠᠨ ᠭᠡᠷ                          2021 ᠣᠨ ᠤ 9 ᠰᠠᠷ᠎ᠠ ᠶᠢᠨ 3 ᠤ ᠡᠳᠦᠷ
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠨᠡᠶᠢᠳᠡᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号