ᠣᠲᠤᠭ ᠡᠮᠦᠨᠡᠲᠦ ᠵᠠᠰᠠᠭ ᠠᠯᠪᠠᠨ ᠲᠠᠷᠬᠠᠭᠠᠬᠤ ﹇2021﹈ 10 ᠲᠤᠭᠠᠲᠤ | ︽ 2020 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ | ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠢ ᠣᠯᠠᠮᠵᠢᠯᠠᠨ ᠲᠠᠷᠬᠠᠭᠠᠬᠤ ᠲᠤᠬᠠᠢ ᠣᠲᠤᠭ ᠤᠨ | ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | | ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠠᠮᠢᠶᠠᠷᠤᠯᠲᠠ ᠶᠢᠨ ᠵᠦᠪᠯᠡᠯ᠂ ᠡᠯ᠎ᠡ ᠪᠠᠯᠭᠠᠰᠣᠨ ᠤ ᠠᠷᠠᠳ ᠤᠨ ᠵᠠᠰᠠᠭ ᠤᠨ ᠣᠷᠳᠣᠨ᠂ | ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠣᠲᠤᠭ ᠪᠡᠯᠴᠢᠭᠡᠷ | ᠤᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ ᠬᠤᠯᠪᠤᠭᠠᠯᠠᠨ ᠲᠤᠭᠲᠠᠭᠠᠭᠰᠠᠨ ︽2020 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ | ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠢ ᠡᠳᠦᠭᠡ ᠲᠠᠨᠠᠷ ᠲᠤ ᠣᠯᠠᠮᠵᠢᠯᠠᠨ ᠲᠠᠷᠬᠠᠭᠠᠪᠠ᠂ ᠪᠣᠲᠠᠲᠠᠢ ᠲᠠᠢ ᠪᠠᠨ | ᠣᠶᠠᠯᠳᠣᠭᠤᠯᠵᠣ᠂ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠲᠦᠭᠡᠢ᠃ | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 20 ᠤ ᠡᠳᠦᠷ | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 2 ᠰᠠᠷ᠎ᠠ ᠶᠢᠨ 20 ᠤ ᠡᠳᠤᠷ ᠲᠠᠷᠤᠮᠠᠯᠯᠠᠨ ᠲᠠᠷᠬᠠᠭᠠᠪᠠ | | ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ᠂ ᠣᠲᠤᠭ ᠤᠨ ᠡᠮᠦᠨᠡᠲᠦ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ ᠤᠨ | ᠲᠤᠪᠴᠢᠶ᠎ᠠ᠂ ᠣᠲᠤᠭ ᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠤᠪᠴᠢᠶᠠᠨ ᠤ ᠪᠢᠴᠢᠭ ᠮᠡᠲ᠋ᠧᠷᠢᠶᠡᠯ | | ᠣᠲᠤᠭ ᠡᠮᠦᠨᠡᠲᠦ ᠮᠠᠯ ᠲᠠᠷᠢᠶᠠᠯᠠᠩ ᠦᠰᠦᠭᠲᠦ ﹇2021﹈ 21 ᠲᠤᠭᠠᠲᠤ | | | ︽2021 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ | ᠤᠨ ᠲᠤᠬᠠᠢ ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ᠂ ᠡᠳ᠋ ᠤᠨ ᠵᠠᠰᠠᠭ ᠤᠨ | ᠲᠤᠪᠴᠢᠶᠠᠨ ᠤ ᠮᠡᠳᠡᠬᠦᠯᠦᠯᠲᠡ | | | ᠣᠲᠤᠭ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ᠄ | ︽ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ︾ ᠢ | ᠲᠤᠭᠲᠠᠭᠠᠨ ᠲᠤᠭᠤᠷᠪᠢᠭᠠᠳ᠂ ᠡᠳᠦᠭᠡ ᠪᠢᠴᠢᠭ ᠮᠡᠲ᠋ᠧᠷᠢᠶᠡᠯ ᠢ ᠳᠡᠪᠰᠢᠬᠦᠯᠦᠨ ᠮᠡᠳᠡᠬᠦᠯᠦᠯ᠎ᠡ᠂ ᠬᠢᠨᠠᠬᠤ ᠪᠤᠯᠪᠠᠤ᠃ | | ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠲᠤᠪᠴᠢᠶ᠎ᠠ | ᠣᠲᠤᠭ ᠤᠨ ᠡᠮᠦᠨᠡᠲᠦ ᠬᠤᠰᠢᠭᠤᠨ ᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ | ᠣᠲᠤᠭ ᠤᠨ ᠡᠮᠦᠨᠡᠲᠦ ᠬᠤᠰᠢᠭᠤᠨ ᠤ ᠡᠳ᠋ ᠤᠨ ᠵᠠᠰᠠᠭ ᠤᠨ ᠲᠤᠪᠴᠢᠶ᠎ᠠ | 2021 ᠣᠨ ᠤ 2 ᠰᠠᠷ᠎ᠠ ᠶᠢᠨ 9 ᠤ ᠡᠳᠦᠷ | | | | | | | ᠣᠳᠤᠭ ᠤᠨ ᠡᠮᠤᠨᠡᠲᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2021 ᠤᠨ ᠤ 2 ᠰᠠᠷ᠎ᠠ ᠶᠢᠨ 9 ᠤ ᠡᠳᠤᠷ ᠲᠠᠷᠤᠮᠠᠯᠯᠠᠨ ᠲᠠᠷᠬᠠᠭᠠᠪᠠ | | ᠣᠲᠤᠭ ᠤᠨ ᠡᠮᠦᠨᠡᠲᠦ ᠬᠤᠰᠢᠭᠤᠨ ᠤ 2021 ᠤᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ | ᠠᠬᠢᠭᠤᠯᠬᠤ ᠳᠡᠮᠵᠢᠯᠭᠡ ᠶᠢᠨ ᠲᠦᠷᠦ ᠶᠢᠨ ᠪᠤᠳᠤᠯᠭ᠎ᠠ ᠶᠢᠨ ᠬᠡᠷᠡᠭᠵᠢᠬᠦᠯᠬᠦ ᠨᠠᠷᠢᠨ ᠳᠦᠷᠢᠮ | | ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢᠨ ᠳᠣᠪᠣᠶᠢᠮ᠎ᠠ ᠲᠤᠲᠠᠭᠤᠳᠠᠯ ᠪᠠ ᠪᠠᠭᠤᠷᠠᠢ ᠲᠠᠯ᠎ᠠ ᠶᠢ ᠨᠦᠬᠦᠪᠦᠷᠢᠯᠡᠵᠦ᠂ ᠬᠦᠳᠡᠭᠡ ᠲᠤᠰᠬᠤᠨ ᠢ | ᠬᠦᠭᠵᠢᠬᠦᠯᠦᠨ ᠮᠠᠨᠳᠣᠭᠤᠯᠬᠤ ᠪᠠᠶᠢᠯᠳᠣᠬᠤ ᠪᠣᠳᠣᠯᠭ᠎ᠠ ᠶᠢᠨ ᠣᠷᠣᠭᠰᠢᠲᠠᠢ ᠬᠡᠷᠡᠭᠵᠢᠬᠦᠯᠦᠯᠲᠡ ᠶᠢ ᠪᠦᠬᠦ ᠲᠠᠯ᠎ᠠ ᠪᠠᠷ ᠠᠬᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠮᠠᠯ ᠲᠠᠷᠢᠶᠠᠯᠠᠩ ᠤᠨ ᠳᠠᠪᠠᠭᠤᠯᠢᠭ ᠤᠨᠴᠠᠯᠢᠭᠲᠤ ᠠᠵᠤ ᠦᠢᠯᠡᠰ ᠢ ᠬᠦᠴᠦᠷᠬᠡᠭᠵᠢᠬᠦᠯᠦᠨ᠂ ︽ | ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ ᠲᠦᠷᠦ ᠶᠢᠨ ᠪᠣᠳᠣᠯᠭ᠎ᠠ︾ | ︵ᠣᠲᠤᠭ ᠡᠮᠦᠨᠡᠲᠦ ᠵᠠᠰᠠᠭ ᠲᠠᠷᠬᠠᠭᠠᠬᠤ ﹇2021 ﹈ 5 ᠲᠤᠭᠠᠲᠤ︶ ᠶᠢᠨ ᠬᠠᠮᠢᠶ᠎ᠠ ᠪᠦᠬᠦᠢ ᠪᠣᠳᠣᠯᠭ᠎ᠠ ᠶᠢ ᠰᠠᠶᠢᠲᠤᠷ ᠬᠡᠷᠡᠭᠵᠢᠬᠦᠯᠵᠦ᠂ ᠲᠦᠷᠦᠯ ᠵᠦᠢᠯ ᠤᠨ | ᠮᠡᠳᠡᠭᠦᠯᠦᠯᠲᠡ᠂ ᠬᠢᠨᠠᠨ ᠲᠤᠭᠲᠠᠭᠠᠯᠲᠠ᠂ ᠳᠡᠮᠵᠢᠯᠭᠡ ᠶᠢᠨ ᠪᠡᠯᠡ ᠮᠦᠩᠭᠦ ᠶᠢᠨ ᠣᠯᠭᠤᠯᠲᠠ ᠵᠡᠷᠭᠡ ᠶᠠᠪᠤᠴᠠ ᠵᠢᠷᠤᠮᠯᠠᠯ ᠢ ᠳᠦᠷᠢᠮᠵᠢᠬᠦᠯᠬᠦ ᠶᠢᠨ ᠲᠤᠰᠠᠳᠠ᠂ | ᠤᠨᠴᠠᠭᠠᠶᠢᠯᠠᠨ ᠲᠤᠰ ᠬᠡᠷᠡᠭᠵᠢᠬᠦᠯᠬᠦ ᠨᠠᠷᠢᠨ ᠳᠦᠷᠢᠮ ᠢ ᠲᠤᠭᠲᠠᠭᠠᠪᠠ᠃ | ᠨᠢᠭᠡ᠂ ᠲᠦᠷᠦᠯ ᠵᠦᠢᠯ ᠢ ᠮᠡᠳᠡᠬᠦᠯᠬᠦ ᠶᠠᠪᠤᠴᠠ | ᠲᠦᠷᠦᠯ ᠵᠦᠢᠯ ᠤᠨ ᠬᠦᠮᠦᠷᠭᠡ ᠶᠢᠨ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠬᠦᠯᠵᠦ᠂ ᠲᠦᠷᠦᠯ ᠵᠦᠢᠯ ᠤᠨ ᠬᠦᠮᠦᠷᠭᠡ ᠶᠢᠨ ᠪᠤᠰᠤ ᠲᠦᠷᠦᠯ ᠵᠦᠢᠯ ᠳᠤ | ᠰᠢᠯᠭᠠᠨ ᠬᠤᠷᠢᠶᠠᠯᠲᠠ ᠬᠢᠬᠦ ᠦᠭᠡᠢ᠂ ᠨᠦᠬᠦᠪᠦᠷᠢ ᠮᠦᠩᠭᠦ ᠦᠭᠭᠦ ᠦᠭᠡᠢ᠃ | ︵ᠨᠢᠭᠡ︶ ᠬᠡᠷᠡᠭᠵᠢᠬᠦᠯᠬᠦ ᠰᠠᠨᠠᠮᠵᠢ ᠲᠠᠢ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠡᠷᠬᠡᠪᠰᠢ ᠲᠦᠷᠦᠯ ᠵᠦᠢᠯ ᠢ ᠬᠢᠨᠠᠨ | ᠴᠣᠬᠤᠯᠠᠪᠤᠷᠢᠯᠠᠭᠤᠯᠬᠤ ᠬᠦᠰᠦᠨᠦᠭ ᠲᠠᠭᠯᠠᠨ᠂ ᠭᠠᠴᠠᠭ᠎ᠠ ᠲᠤᠰᠬᠤᠨ ᠢᠶᠠᠷ ᠬᠢᠨᠠᠭᠤᠯᠤᠨ ᠳᠠᠩᠰᠠᠯᠠᠭᠤᠯᠤᠭᠰᠠᠨ ᠤ ᠳᠠᠷᠠᠭ᠎ᠠ ᠪᠠᠯᠭᠠᠰᠣᠨ ᠤ ᠠᠷᠠᠳ ᠤᠨ ᠵᠠᠰᠠᠭ ᠤᠨ | ᠤᠷᠳᠤᠨ ᠳᠤ ᠮᠡᠳᠡᠬᠦᠯᠦᠨ᠎ᠡ᠃ | ︵ᠬᠤᠶᠠᠷ︶ ᠪᠠᠯᠭᠠᠰᠣᠨ ᠤ ᠵᠠᠰᠠᠭ ᠤᠨ ᠣᠷᠳᠣᠨ ᠠᠵᠢᠯᠲᠠᠨ ᠢᠶᠠᠨ ᠵᠤᠬᠢᠶᠠᠨ ᠪᠠᠶᠢᠭᠤᠯᠤᠨ ᠠᠵᠤ ᠦᠢᠯᠡᠰ ᠤᠨ ᠴᠢᠭᠯᠡᠯ᠂ ᠪᠠᠶᠢᠭᠤᠯᠤᠯᠲᠠ ᠶᠢᠨ ᠠᠭᠤᠯᠭ᠎ᠠ᠂ | ᠲᠦᠷᠦᠯ ᠵᠦᠢᠯ ᠳᠤ ᠬᠡᠷᠡᠭᠯᠡᠬᠦ ᠭᠠᠵᠠᠷ ᠤᠨ ᠬᠠᠤᠯᠢ ᠶᠤᠰᠤᠨ ᠤ ᠴᠢᠨᠠᠷ᠂ ᠮᠡᠳᠡᠬᠦᠯᠦᠭᠰᠡᠨ ᠪᠢᠴᠢᠭ ᠮᠡᠲ᠋ᠧᠷᠢᠶᠡᠯ ᠤᠨ ᠦᠨᠡᠨ ᠪᠤᠲᠠᠲᠤ ᠴᠢᠨᠠᠷ ᠪᠠ ᠬᠡᠷᠡᠭᠵᠢᠬᠦᠯᠬᠦ | ᠪᠣᠯᠣᠮᠵᠢ ᠳᠤ ᠬᠢᠨᠠᠯᠲᠠ ᠲᠤᠬᠢᠷᠠᠭᠤᠯᠤᠯᠲᠠ ᠬᠢᠭᠰᠡᠨ ᠤ ᠳᠠᠷᠠᠭ᠎ᠠ᠂ ᠡᠮᠬᠢᠳᠬᠡᠭᠡᠳ ᠪᠠᠯᠭᠠᠰᠣᠨ ᠤ ᠲᠡᠰ ᠤᠨ ᠲᠦᠷᠦᠯ ᠵᠦᠢᠯ ᠤᠨ ᠬᠦᠮᠦᠷᠭᠡ ᠶᠢ ᠪᠦᠷᠢᠳᠦᠬᠦᠯᠬᠦ ᠶᠢᠨ | ᠬᠠᠮᠲᠤ 2021 ᠣᠨ ᠤ 3 ᠰᠠᠷ᠎ᠠ ᠶᠢᠨ 20 ᠤ ᠡᠳᠦᠷ ᠠᠴᠠ ᠡᠮᠦᠨ᠎ᠡ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ | ᠲᠤᠪᠴᠢᠶᠠᠨ ᠳᠤ ᠮᠡᠳᠡᠬᠦᠯᠦᠨ᠎ᠡ᠃ | ︵ᠭᠤᠷᠪᠠ︶ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ᠲᠦᠷᠦᠯ ᠵᠦᠢᠯ ᠤᠨ ᠪᠤᠯᠤᠮᠵᠢᠲᠦ ᠴᠢᠨᠠᠷ ᠲᠤ | ᠬᠢᠨᠠᠨ ᠲᠤᠭᠲᠠᠭᠠᠯ ᠬᠢᠵᠦ᠂ ᠬᠤᠰᠢᠭᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠯ᠎ᠡ ᠪᠠᠯᠭᠠᠰᠣᠨ ᠤ ᠭᠤᠶᠤᠴᠢᠯᠠᠭᠰᠠᠨ ᠡᠮᠦᠨ᠎ᠡ ᠬᠤᠶᠢᠨ᠎ᠠ | ᠶᠢᠨ ᠳᠠᠷᠠᠭᠠᠯᠠᠯ ᠢᠶᠠᠷ ᠴᠣᠬᠤᠯᠠᠪᠤᠷᠢᠯᠠᠵᠤ᠂ ᠶᠡᠷᠦᠩᠬᠡᠢ ᠬᠡᠮᠵᠢᠶᠡᠨ ᠳᠤ ᠬᠦᠷᠭᠡᠨ᠎ᠡ᠃ ᠳᠣᠣᠷᠠᠬᠢ ᠨᠦᠬᠦᠴᠡᠯ ᠳᠤ ᠨᠡᠶᠢᠴᠡᠭᠰᠡᠨ ᠢ ᠨᠢ ᠡᠩ ᠲᠠᠷᠢᠬᠦᠨ ᠳᠤ | ᠴᠤᠬᠤᠯᠠᠪᠤᠷᠢᠯᠠᠵᠤ ᠦᠭᠭᠦᠨ᠎ᠡ᠃ | 1. 2014 ᠣᠨ ᠠᠴᠠ ᠨᠠᠭᠠᠰᠢᠬᠢ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠡᠷᠦᠬᠡ︔ | 2. ᠶᠠᠳᠠᠭᠤ ᠬᠦᠴᠢᠷᠳᠡᠯᠲᠡᠢ ᠡᠷᠦᠬᠡ ᠯᠤᠭ᠎ᠠ ᠪᠦᠷᠢᠨ ᠲᠡᠭᠦᠯᠳᠡᠷ ᠲᠤᠭᠲᠠᠪᠤᠷᠢᠲᠠᠢ ᠦᠷᠭᠦᠯᠵᠢᠬᠦᠶᠢᠴᠡ ᠬᠦᠭᠵᠢᠯᠲᠡ ᠶᠢᠨ ᠠᠰᠢᠭ ᠲᠤᠰᠠ ᠶᠢᠨ ᠬᠤᠯᠪᠤᠭᠠᠲᠤ | ᠲᠤᠭᠲᠠᠴᠠ ᠲᠠᠢ ᠮᠠᠯ ᠲᠠᠷᠢᠶᠠᠯᠠᠩ ᠤᠨ ᠪᠦᠲᠦᠭᠡᠭᠳᠡᠬᠦᠨ ᠪᠣᠯᠪᠠᠰᠣᠷᠠᠭᠤᠯᠬᠤ ᠠᠵᠤ ᠠᠬᠤᠶᠢᠯᠠᠯ᠂ ᠪᠣᠷᠣᠯᠠᠭᠤᠯᠭ᠎ᠠ ᠶᠢᠨ ᠠᠵᠤ ᠠᠬᠤᠶᠢᠯᠠᠯ᠂ ᠬᠤᠷᠰᠢᠶ᠎ᠠ︔ | 3. ᠭᠠᠴᠠᠭ᠎ᠠ ᠲᠤᠰᠬᠤᠨ ᠤ ᠬᠠᠮᠲᠤ ᠶᠢᠨ ᠠᠵᠤ ᠠᠬᠤᠢ ᠶᠢᠨ ᠬᠤᠪᠢᠴᠠᠭᠠᠲᠤ ᠬᠤᠷᠰᠢᠶᠠᠨ ᠤ ᠮᠡᠳᠡᠭᠦᠯᠦᠭᠰᠡᠨ ᠲᠦᠷᠦᠯ ᠵᠦᠢᠯ︔ | 4. ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠦᠮᠦᠵᠢᠯ ᠤᠨ ᠪᠣᠯᠪᠠᠰᠣᠷᠠᠯ ᠦᠨᠡᠮᠯᠡᠯ ᠤᠯᠤᠭᠰᠠᠨ ᠮᠠᠯᠴᠢᠨ ᠲᠠᠷᠢᠶᠠᠴᠢᠨ︔ | ︵ᠳᠦᠷᠪᠡ︶ ᠡᠯ᠎ᠡ ᠪᠠᠯᠭᠠᠰᠣ ᠴᠣᠬᠤᠯᠠᠪᠤᠷᠢᠯᠠᠯᠲᠠ ᠣᠯᠣᠭᠰᠠᠨ ᠤ ᠳᠠᠷᠠᠭ᠎ᠠ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠶᠢ ᠵᠤᠬᠢᠶᠠᠨ | ᠪᠠᠶᠢᠭᠤᠯᠤᠨ ᠲᠦᠷᠦᠯ ᠵᠦᠢᠯ ᠤᠨ ᠪᠠᠶᠢᠭᠤᠯᠤᠯᠲᠠ ᠪᠠᠨ ᠡᠬᠢᠯᠡᠬᠦᠯᠦᠨ᠂ ᠳᠦᠬᠦᠭᠡᠷᠦᠮᠵᠢ ᠶᠢᠨ ᠭᠠᠵᠠᠷ ᠬᠡᠷᠡᠭᠯᠡᠬᠦ ᠬᠡᠷᠡᠭᠴᠡᠭᠡᠲᠡᠢ ᠮᠦᠷᠲᠡᠭᠡᠨ ᠨᠦᠬᠦᠴᠡᠯ ᠳᠤ | ᠨᠡᠶᠢᠴᠡᠭᠰᠡᠨ ᠲᠦᠷᠦᠯ ᠵᠦᠢᠯ ᠳᠤ ᠡᠯ᠎ᠡ ᠪᠠᠯᠭᠠᠰᠣᠨ ᠠᠴᠠ ᠳᠦᠬᠦᠭᠡᠷᠦᠮᠵᠢ ᠶᠢᠨ ᠲᠠᠷᠢᠶᠠᠯᠠᠩ ᠤᠨ ᠭᠠᠵᠠᠷ ᠬᠡᠷᠡᠭᠯᠡᠯᠲᠡ ᠶᠢᠨ ᠭᠠᠷᠳᠠᠮ ᠢ ᠬᠦᠢᠴᠡᠳᠬᠡᠵᠦ ᠦᠭᠭᠦᠨ᠎ᠡ᠃ | | ᠬᠤᠶᠠᠷ᠂ ᠲᠦᠷᠦᠯ ᠵᠦᠢᠯ ᠤᠨ ᠮᠡᠳᠡᠬᠦᠯᠦᠯᠲᠡ ᠶᠢᠨ ᠴᠠᠭ ᠪᠠ ᠬᠡᠷᠡᠭᠵᠢᠬᠦᠯᠦᠯᠲᠡ ᠶᠢᠨ ᠬᠦᠷᠢᠶ᠎ᠡ ᠬᠡᠪᠴᠢᠶ᠎ᠡ | ︵ᠨᠢᠭᠡ︶ ᠲᠦᠷᠦᠯ ᠵᠦᠢᠯ ᠤᠨ ᠮᠡᠳᠡᠬᠦᠯᠦᠯᠲᠡ ᠶᠢᠨ ᠲᠡᠭᠦᠰᠦᠯᠲᠠ ᠶᠢᠨ ᠴᠠᠭ᠄ 2021 ᠣᠨ ᠤ 3 ᠰᠠᠷ᠎ᠠ ᠶᠢᠨ 20 ᠤ ᠡᠳᠦᠷ ᠠᠴᠠ ᠡᠮᠦᠨ᠎ᠡ | ᠬᠡᠷᠡᠭᠵᠢᠬᠦᠯᠦᠨ᠎ᠡ᠃ | ︵ᠬᠤᠶᠠᠷ︶ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠬᠦᠷᠢᠶ᠎ᠡ ᠬᠡᠪᠴᠢᠶ᠎ᠡ᠄ ᠣᠲᠤᠭ ᠤᠨ ᠡᠮᠦᠨᠡᠲᠦ ᠬᠤᠰᠢᠭᠤᠨ ᠤ ᠬᠠᠷᠢᠶᠠᠨ ᠲᠤᠲᠤᠷ᠎ᠠ | ᠬᠡᠷᠡᠭᠵᠢᠬᠦᠯᠦᠨ᠎ᠡ᠃ | ᠭᠤᠷᠪᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠡᠭᠦᠷᠭᠡ | ︵ᠨᠢᠭᠡ︶ ᠲᠠᠷᠢᠮᠠᠯ ᠤᠨ ᠦᠢᠯᠡᠰ ᠤᠨ ᠬᠦᠭᠵᠢᠯᠲᠡ ᠶᠢᠨ ᠰᠠᠭᠤᠷᠢ ᠶᠢ ᠪᠠᠬᠢᠵᠢᠬᠦᠯᠵᠦ᠂ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠬᠦᠯᠦᠨ᠎ᠡ | 1. ᠬᠦᠯᠡᠮᠵᠢ ᠶᠢᠨ ᠪᠠᠶᠢᠭᠤᠯᠤᠯᠲᠠ᠃ ᠰᠢᠨ᠎ᠡ ᠪᠠᠷ ᠲᠦᠪᠯᠡᠷᠡᠬᠦᠯᠦᠨ ᠪᠠᠶᠢᠭᠤᠯᠤᠭᠰᠠᠨ ᠬᠦᠯᠡᠮᠵᠢ 5 ᠠᠴᠠ ᠳᠡᠭᠡᠭᠰᠢ ᠮᠦᠷᠲᠡᠭᠡᠨ ᠠᠰᠢᠭᠯᠠᠯᠲᠠ ᠳᠤ ᠣᠷᠣᠭᠰᠠᠨ | ︵0.8 ᠮᠣ᠋ ᠠᠴᠠ ᠳᠡᠭᠡᠭᠰᠢ/ ᠬᠦᠯᠡᠮᠵᠢ︶ ᠪᠣᠯ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ ᠳᠠᠷᠠᠭ᠎ᠠ ᠬᠦᠯᠡᠮᠵᠢ ᠪᠤᠯᠭᠠᠨ ᠳᠤ 5000 ᠲᠦᠬᠦᠷᠢᠭ ᠤᠨ | ᠨᠦᠬᠦᠪᠦᠷᠢ ᠮᠦᠩᠭᠦ ᠣᠯᠭᠤᠨ᠎ᠠ︔ ᠰᠢᠨ᠎ᠡ ᠪᠠᠷ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ ᠪᠠᠶᠢᠭᠤᠯᠤᠭᠰᠠᠨ ᠪᠣᠯ ᠵᠠᠷᠤᠳᠠᠯ ᠤᠨ 30% | ᠶᠤᠰᠤᠭᠠᠷ ᠨᠦᠬᠦᠪᠦᠷᠢ ᠮᠦᠩᠭᠦ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 160 ᠮᠣ᠋ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠬᠠᠤᠯᠢ ᠶᠤᠰᠤᠨ ᠤ ᠭᠠᠵᠠᠷ ᠳᠡᠭᠡᠷ᠎ᠡ ᠰᠢᠨ᠎ᠡ ᠮᠡᠲ᠋ᠧᠷᠢᠶᠡᠯ ᠬᠡᠷᠡᠭᠯᠡᠵᠦ 5 ᠠᠴᠠ ᠳᠡᠭᠡᠭᠰᠢᠬᠢ ᠬᠦᠯᠡᠮᠵᠢ ᠶᠢ ᠲᠦᠪᠯᠡᠷᠡᠭᠦᠯᠦᠨ ᠪᠠᠶᠢᠭᠤᠯᠬᠤ ︵ᠣᠯᠠᠨ | ᠡᠷᠦᠬᠡ ᠬᠤᠯᠪᠤᠭᠠᠯᠠᠨ ᠪᠠᠶᠢᠭᠤᠯᠵᠤ ᠪᠣᠯᠣᠨ᠎ᠠ︶ ᠮᠦᠷᠲᠡᠭᠡᠨ GPS ᠪᠠᠶᠢᠷᠢᠰᠢᠯ ᠤᠨ ᠴᠡᠭ᠂ ᠲᠦᠷᠦᠯ ᠵᠦᠢᠯ ᠤᠨ ᠪᠠᠶᠢᠭᠤᠯᠤᠯᠲᠠ ᠶᠢᠨ ᠶᠠᠪᠤᠴᠠ ᠶᠢᠨ ᠵᠢᠷᠤᠭ | ᠵᠢᠴᠢ ᠪᠠᠶᠢᠭᠤᠯᠤᠯᠲᠠ ᠶᠢᠨ ᠡᠮᠦᠨ᠎ᠡ ᠬᠤᠶᠢᠨᠠᠬᠢ ᠠᠳᠠᠯᠢᠳᠬᠠᠯ ᠵᠢᠷᠤᠭ ᠬᠠᠩᠭᠠᠨ᠎ᠠ︔ ᠬᠦᠯᠡᠮᠵᠢ ᠶᠢᠨ ᠣᠷᠲᠣ ᠶᠢ 60m᠂ ᠦᠷᠭᠡᠨ ᠢ 9m᠂ ᠦᠨᠳᠦᠷ ᠢ 2. | 9m᠂ ᠡᠭᠦᠳᠡᠨ ᠤ ᠦᠷᠭᠡᠨ ᠢ 2.5m ᠪᠠᠶᠢᠯᠭᠠᠨ᠎ᠠ︔ ᠬᠦᠯᠡᠮᠵᠢ ᠳᠤ 25/50/1.5 ᠮᠢᠯᠢᠮᠧᠲᠷ ᠴᠠᠶᠢᠷᠳᠠᠭᠰᠠ ᠵᠤᠤᠪᠠᠩ ᠬᠤᠭᠤᠯᠠᠢ ᠪᠣᠶᠣ ᠬᠤᠤᠰ | ᠳᠠᠪᠬᠤᠷᠭᠠᠲᠤ ᠴᠠᠶᠢᠷᠳᠠᠭᠰᠠ ᠪᠤᠯᠤᠳ ᠬᠤᠭᠤᠯᠠᠢ ᠪᠣᠯᠣᠳ ᠴᠠᠬᠤ ᠶᠢᠨ ᠪᠦᠲᠦᠴᠡ ᠶᠢ ᠬᠡᠷᠡᠭᠯᠡᠨ᠎ᠡ᠃ ᠬᠤᠤᠰ ᠳᠠᠪᠬᠤᠷᠭᠠᠲᠤ ᠪᠤᠯᠤᠳ ᠴᠠᠬᠤ ᠶᠢᠨ ᠴᠠᠶᠢᠷᠳᠠᠭᠰᠠ | ᠪᠤᠯᠤᠳ ᠬᠤᠭᠤᠯᠠᠢ ᠪᠣᠯᠣᠳ ᠴᠠᠬᠤ ᠶᠢᠨ ᠪᠦᠲᠦᠴᠡ ᠶᠢᠨ ᠳᠡᠭᠡᠳᠦ ᠳᠠᠪᠬᠤᠷᠭ᠎ᠠ ᠳᠤ 1.5 ᠮᠢᠯᠢᠮᠧᠲᠷ ᠠᠴᠠ ᠳᠡᠭᠡᠭᠰᠢᠬᠢ 1 ᠢᠮᠠᠬᠤ ᠶᠢᠨ ᠪᠤᠯᠤᠳ ᠬᠤᠭᠤᠯᠠᠢ᠂ | ᠳᠣᠣᠷᠠᠲᠤ ᠳᠠᠪᠬᠤᠷᠭ᠎ᠠ ᠳᠤ 4 ᠹᠦᠨ ᠠᠴᠠ ᠳᠡᠭᠡᠭᠰᠢᠬᠢ ᠴᠠᠶᠢᠷᠳᠠᠭᠰᠠ ᠪᠤᠯᠤᠳ ᠬᠤᠭᠤᠯᠠᠢ ᠪᠠ 10# ᠠᠴᠠ ᠳᠡᠭᠡᠭᠰᠢᠬᠢ ᠪᠣᠯᠣᠳ ᠰᠢᠷᠪᠤᠰᠤ ᠬᠡᠷᠡᠭᠯᠡᠨ᠂ ᠬᠤᠶᠠᠷ | ᠳᠠᠪᠬᠤᠷᠭ᠎ᠠ ᠶᠢᠨ ᠳᠣᠮᠳᠠ 6# ᠠᠴᠠ ᠳᠡᠭᠡᠭᠰᠢᠬᠢ ᠪᠤᠯᠤᠳ ᠰᠢᠷᠪᠤᠰᠤ ᠪᠠᠷ ᠬᠤᠯᠪᠤᠨ᠎ᠠ᠃ | ② ᠬᠠᠤᠯᠢ ᠶᠤᠰᠤᠨ ᠤ ᠭᠠᠵᠠᠷ ᠳᠡᠭᠡᠷ᠎ᠡ 4 ᠮᠤ᠋ ᠠᠴᠠ ᠳᠡᠭᠡᠭᠰᠢ ᠵᠠᠯᠭᠠᠯᠳᠣᠭᠰᠠᠨ ᠪᠣᠶᠣ ᠲᠤᠮᠤᠬᠠᠨ ᠬᠦᠯᠡᠮᠵᠢ ᠶᠢ ᠰᠢᠨ᠎ᠡ ᠪᠠᠷ ᠪᠠᠶᠢᠭᠤᠯᠪᠠᠯ᠂ ᠲᠦᠷᠦᠯ | ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ ᠲᠠᠷᠢᠶᠠᠯᠠᠩ ᠤᠨ ᠭᠠᠵᠠᠷ | ᠤᠨ ᠬᠠᠮᠢᠶ᠎ᠠ ᠪᠦᠬᠦᠢ ᠭᠠᠷᠳᠠᠮ ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ ᠭᠠᠵᠠᠷ᠂ ᠪᠠᠶᠢᠭᠤᠯᠤᠯᠲᠠ | ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ ᠠᠬᠢᠴᠠ ᠶᠢᠨ ᠲᠤᠬᠢᠷᠠᠭᠤᠯᠤᠯᠲᠠ᠂ ᠬᠦᠬᠡ ᠵᠢᠷᠤᠭ᠂ GPS | ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ ᠵᠦᠢᠯ ᠤᠨ | ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠪᠤᠯᠭᠠᠨ᠎ᠠ︔ ᠲᠦᠷᠦᠯ ᠵᠦᠢᠯ ᠤᠨ | ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠦᠨᠡᠯᠡᠯᠲᠡ ᠶᠢᠨ | ᠮᠡᠳᠡᠭᠦᠯᠦᠯᠲᠡ᠂ ᠬᠦᠴᠦᠨ ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ ᠬᠠᠷᠭᠤᠭᠤᠯᠤᠭᠠᠳ | ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 5 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 2. ᠪᠠᠷᠢᠮᠵᠢᠶᠠᠵᠢᠭᠰᠠᠨ ᠴᠢᠬᠢ ᠪᠤᠶᠢᠵᠢᠭᠤᠯᠬᠤ ᠲᠦᠪ ᠤᠨ ᠪᠠᠶᠢᠭᠤᠯᠤᠯᠲᠠ᠃ ᠰᠢᠨ᠎ᠡ ᠪᠠᠷ ᠪᠠᠶᠢᠭᠤᠯᠤᠭᠰᠠᠨ ᠴᠢᠬᠢ ᠪᠤᠶᠢᠵᠢᠭᠤᠯᠤᠯᠲᠠ ᠶᠢᠨ ᠴᠢᠳᠠᠪᠤᠷᠢ 500 | ᠲᠦᠮᠡᠨ ᠰᠠᠭᠤᠷᠢ ᠠᠴᠠ ᠳᠠᠪᠠᠭᠰᠠᠨ ︵ᠰᠠᠪᠠ ᠪᠣᠯᠭᠠᠨ ᠳᠤ ᠨᠢᠭᠡ ᠰᠠᠭᠤᠷᠢ ᠪᠠᠷ ᠲᠤᠭᠠᠴᠢᠨ᠎ᠠ︶ ᠮᠦᠷᠲᠡᠭᠡᠨ ᠴᠢᠬᠢ ᠪᠤᠶᠢᠵᠢᠭᠤᠯᠬᠤ ᠠᠷᠪᠢᠴᠢ ᠬᠡᠷᠡᠭᠰᠡᠯ ᠢ | ᠠᠰᠢᠭᠯᠠᠭᠰᠠᠨ ᠪᠠᠷᠢᠮᠵᠢᠶᠠᠲᠤ ᠴᠢᠬᠢ ᠪᠤᠶᠢᠵᠢᠭᠤᠯᠤᠯᠲᠠ ᠶᠢᠨ ᠲᠦᠪ᠂ ᠪᠠᠶᠢᠭᠤᠯᠤᠯᠲᠠ ᠶᠢᠨ ᠵᠠᠷᠤᠳᠠᠯ ᠤᠨ 30% ᠶᠤᠰᠤᠭᠠᠷ ᠨᠦᠬᠦᠪᠦᠷᠢ ᠣᠯᠭᠤᠨ᠎ᠠ᠃ | ⑴ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 1 ᠲᠦᠪ ᠢ ᠪᠠᠶᠢᠭᠤᠯᠤᠨ᠎ᠠ᠃ | ⑵ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ | ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ | ᠭᠠᠵᠠᠷ᠂ ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ ᠠᠬᠢᠴᠠ ᠶᠢᠨ ᠲᠤᠬᠢᠷᠠᠭᠤᠯᠤᠯᠲᠠ᠂ ᠬᠦᠬᠡ | ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ | ᠵᠦᠢᠯ ᠤᠨ ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ | ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ | ᠬᠢᠨᠠᠨ ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 4 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 3. ᠵᠢᠮᠢᠰ ᠢᠳᠡᠰᠢᠨ ᠨᠤᠭᠤᠭ᠎ᠠ ᠶᠢ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ ᠶᠢᠨ ᠪᠠᠶᠢᠭᠤᠯᠤᠯᠲᠠ᠃ ᠭᠤᠸ᠎ᠠ ᠵᠢᠮᠢᠰ ᠢᠳᠡᠰᠢᠨ | ᠨᠤᠭᠤᠭᠠᠨ ᠤ ᠭᠤᠤᠯ ᠭᠠᠷᠤᠯᠲᠠ ᠶᠢᠨ ᠲᠤᠭᠤᠷᠢᠭ ᠤᠨ ᠰᠠᠭᠤᠷᠢᠨ ᠭᠠᠵᠠᠷ ᠤᠨ ᠣᠶᠢᠷ᠎ᠠ ᠬᠠᠪᠢ ᠳᠤ 5000 ᠺᠦᠪ ᠮᠧᠲᠷ ᠠᠴᠠ ᠳᠡᠭᠡᠭᠰᠢ ᠲᠠᠯᠠᠪᠠᠢ ᠲᠠᠢ ᠰᠢᠨ᠎ᠡ | ᠪᠠᠷ ᠪᠠᠶᠢᠭᠤᠯᠬᠤ ᠪᠤᠶᠤ ᠦᠷᠬᠦᠯᠵᠢᠯᠡᠨ ᠪᠠᠶᠢᠭᠤᠯᠬᠤ ᠮᠦᠷᠲᠡᠭᠡᠨ ᠲᠤᠬᠠᠢ ᠶᠢᠨ ᠭᠠᠵᠠᠷ ᠤᠨ ᠲᠠᠷᠢᠮᠠᠯ ᠤᠨ ᠡᠷᠦᠬᠡ ᠳᠤ ᠵᠢᠮᠢᠰ ᠢᠳᠡᠰᠢᠨ ᠨᠤᠭᠤᠭ᠎ᠠ ᠶᠢ ᠰᠢᠨ᠎ᠡ | ᠰᠤᠷᠭᠤᠭ ᠢᠶᠠᠷ ᠬᠦᠷᠦᠭᠡᠨ ᠬᠠᠳᠠᠭᠠᠯᠠᠬᠤ ᠦᠢᠯᠡᠴᠢᠯᠡᠭᠡ ᠬᠠᠩᠭᠠᠬᠤ ᠬᠦᠮᠦᠷᠭᠡ ᠳᠤ ᠺᠦᠪ ᠮᠧᠲᠷ ᠪᠣᠯᠭᠠᠨ 500 ᠲᠦᠬᠦᠷᠢᠭ ᠤᠨ ᠪᠠᠷᠢᠮᠵᠢᠶ᠎ᠠ ᠪᠠᠷ ᠨᠦᠬᠦᠪᠦᠷᠢᠯᠡᠨ᠎ᠡ | ᠨᠦᠬᠦᠪᠦᠷᠢ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠰᠢᠨ᠎ᠡ ᠪᠠᠷ 3 ᠬᠦᠮᠦᠷᠭᠡ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ | ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ | ᠭᠠᠵᠠᠷ᠂ ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ ᠠᠬᠢᠴᠠ ᠶᠢᠨ ᠲᠤᠬᠢᠷᠠᠭᠤᠯᠤᠯᠲᠠ᠂ ᠬᠦᠬᠡ | ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ | ᠵᠦᠢᠯ ᠤᠨ ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ | ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ | ᠬᠢᠨᠠᠨ ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 7 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 4. ᠡᠷᠴᠢᠮᠵᠢᠬᠦᠯᠦᠭᠰᠡᠨ ᠴᠢᠬᠢ ᠪᠤᠶᠢᠵᠢᠭᠤᠯᠤᠯᠲᠠ᠃ ᠵᠢᠯ ᠤᠨ ᠡᠷᠴᠢᠮᠯᠢᠭ ᠠᠷᠪᠢᠴᠢ ᠴᠢᠬᠢ ᠪᠤᠶᠢᠵᠢᠭᠤᠯᠤᠯᠲᠠ ᠶᠢᠨ ᠬᠡᠪᠴᠢᠶ᠎ᠡ 200ᠲᠦᠮᠡᠨ ᠰᠠᠭᠤᠷᠢ ᠠᠴᠠ | ᠳᠠᠪᠠᠭᠰᠠᠨ ᠵᠢᠮᠢᠰ ᠢᠳᠡᠰᠢᠨ ᠨᠤᠭᠤᠭᠠᠨ ᠤ ᠪᠠᠷᠢᠮᠵᠢᠶᠠᠲᠤ ᠴᠢᠬᠢ ᠪᠤᠶᠢᠵᠢᠭᠤᠯᠬᠤ ᠰᠠᠭᠤᠷᠢᠨ ᠭᠠᠵᠠᠷ ᠤᠨ ᠬᠢᠨ ᠲᠤᠰ ᠬᠤᠰᠢᠭᠤᠨ ᠳᠤ ᠪᠠᠨ ᠰᠠᠭᠤᠷᠢ ᠪᠤᠯᠭᠠᠨ ᠢ | ᠵᠠᠬ᠎ᠠ ᠳᠡᠯᠭᠡᠭᠦᠷ ᠤᠨ ᠦᠨ᠎ᠡ ᠠᠴᠠ 0.07 ᠲᠦᠬᠦᠷᠢᠭ ᠬᠢᠮᠳᠠ ᠪᠠᠷ ᠴᠢᠬᠢ ᠪᠣᠶᠢᠵᠢᠭᠤᠯᠣᠭᠰᠠᠨ᠂ ᠪᠣᠷᠣᠯᠠᠭᠤᠯᠤᠭᠰᠠᠨ ᠪᠤᠶᠤ ᠲᠠᠷᠢᠭᠰᠠᠨ ᠪᠣᠯ ᠢᠳᠡᠰᠢᠨ ᠨᠤᠭᠤᠭ᠎ᠠ | ᠭᠤᠸ᠎ᠠ ᠵᠢᠮᠢᠰ ᠤᠨ ᠴᠢᠬᠢᠨ ᠤ ᠰᠠᠭᠤᠷᠢ ᠪᠤᠯᠭᠠᠨ ᠳᠤ 0.07ᠲᠦᠬᠦᠷᠢᠭ ᠤᠨ ᠨᠦᠬᠦᠪᠦᠷᠢ ᠮᠦᠩᠭᠦ ᠶᠢᠨ ᠪᠠᠷᠢᠮᠵᠢᠶ᠎ᠠ ᠪᠠᠷ ᠰᠠᠭᠤᠷᠢᠨ ᠭᠠᠵᠠᠷ ᠲᠤ ᠰᠢᠭᠤᠳ | ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 5000 ᠲᠦᠮᠡᠨ ᠰᠠᠭᠤᠷᠢ ᠴᠢᠬᠢ ᠪᠤᠶᠢᠵᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠲᠤᠬᠠᠢ ᠶᠢᠨ ᠲᠡᠯᠡᠪᠡᠢ ᠳᠤ ᠬᠠᠷᠭᠤᠭᠤᠯᠤᠨ ᠨᠣᠲᠠᠯᠠᠵᠣ ᠳᠠᠩᠰᠠᠯᠠᠭᠤᠯᠤᠭᠰᠠᠨ ᠡᠷᠴᠢᠮᠯᠢᠭ ᠠᠷᠪᠢᠴᠢ | ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ ᠬᠢᠨ ᠲᠠᠷᠢᠮᠠᠯ ᠤᠨ ᠡᠷᠦᠬᠡ ᠲᠠᠢ ᠴᠢᠬᠢ ᠪᠤᠶᠢᠵᠢᠭᠤᠯᠬᠤ ᠭᠡᠷ᠎ᠡ ᠪᠠᠶᠢᠭᠤᠯᠤᠨ᠂ ᠴᠢᠬᠢ ᠪᠤᠶᠢᠵᠢᠭᠤᠯᠬᠤ ᠭᠡᠷ᠎ᠡ | ᠳᠤ ᠪᠠᠨ ᠡᠬᠦᠯᠳᠡᠷ᠂ ᠦᠨ᠎ᠡ ᠬᠠᠩᠰᠢ ︵ᠵᠠᠬ᠎ᠠ ᠳᠡᠯᠭᠡᠭᠦᠷ ᠤᠨ ᠦᠨ᠎ᠡ ᠠᠴᠠ 0.07ᠲᠦᠬᠦᠷᠢᠭ ᠬᠢᠮᠳᠠ︶᠂ ᠲᠤᠭ᠎ᠠ ᠬᠡᠮᠵᠢᠶ᠎ᠡ᠂ ᠬᠤᠭᠤᠴᠠᠭ᠎ᠠ᠂ ᠲᠠᠷᠢᠬᠤ ᠭᠠᠵᠠᠷ | ︵ᠲᠤᠰ ᠬᠤᠰᠢᠭᠤᠨ ᠲᠤᠲᠤᠷ᠎ᠠ︶᠂ ᠲᠡᠯᠡᠪᠡᠢ ᠵᠢᠴᠢ ᠳᠠᠷᠠᠭᠠᠴᠢ ᠶᠢᠨ ᠮᠡᠷᠭᠡᠵᠢᠯ ᠤᠨ ᠪᠠᠲᠤᠯᠠᠭ᠎ᠠ ᠵᠡᠷᠭᠡ ᠬᠠᠮᠢᠶ᠎ᠠ ᠪᠦᠬᠦᠢ ᠠᠭᠤᠯᠭ᠎ᠠ ᠪᠠᠨ ᠲᠤᠲᠤᠷᠬᠠᠶᠢᠯᠠᠬᠤ | ᠬᠡᠷᠡᠭᠲᠡᠢ︔ | ② ᠦᠷ᠎ᠡ ᠬᠤᠳᠠᠯᠳᠣᠨ ᠠᠪᠬᠤ ᠦᠶᠡᠰ ᠴᠢᠬᠢ ᠪᠤᠶᠢᠵᠢᠭᠤᠯᠬᠤ ᠠᠵᠤ ᠠᠬᠤᠶᠢᠯᠠᠯ ᠡᠷᠬᠡᠪᠰᠢ ᠬᠢᠨᠠᠨ ᠲᠤᠭᠲᠠᠭᠠᠭᠰᠠᠨ ᠪᠠ ᠳᠠᠩᠰᠠᠯᠠᠭᠤᠯᠤᠭᠰᠠᠨ ᠢᠳᠡᠰᠢᠨ | ᠨᠤᠭᠤᠭᠠᠨ ᠤ ᠡᠭᠦᠯᠳᠡᠷ ᠢ ᠰᠤᠩᠭᠤᠬᠤ ᠶᠢᠨ ᠬᠠᠮᠲᠤ ᠦᠷ᠎ᠡ ᠬᠤᠳᠠᠯᠳᠣᠨ ᠠᠪᠤᠭᠰᠠᠨ ᠬᠡᠷᠡᠴᠢ ᠪᠠᠷᠢᠮᠲᠠ ᠪᠠᠨ ᠦᠯᠡᠳᠡᠭᠡᠬᠦ ᠬᠡᠷᠡᠭᠲᠡᠢ︔ | ③ ᠴᠢᠬᠢ ᠪᠤᠶᠢᠵᠢᠭᠤᠯᠬᠤ ᠬᠤᠭᠤᠴᠠᠭᠠᠨ ᠳᠤ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠡᠷᠬᠡᠪᠰᠢ ᠲᠠᠷᠢᠭᠰᠠᠨ ᠲᠤᠭ᠎ᠠ᠂ ᠴᠢᠬᠢ ᠭᠠᠷᠣᠭᠰᠠᠨ | ᠲᠤᠭ᠎ᠠ ᠪᠠᠨ ᠰᠠᠶᠢᠲᠤᠷ ᠲᠡᠮᠲᠡᠭᠯᠡᠬᠦ ᠶᠢᠨ ᠬᠠᠮᠲᠤ ᠦᠢᠯᠡᠳᠪᠦᠷᠢᠯᠡᠯ ᠤᠨ ᠪᠦᠬᠦ ᠶᠠᠪᠤᠴᠠ ᠶᠢᠨ ᠲᠡᠮᠲᠡᠭᠯᠡᠯ ᠢᠶᠠᠨ ᠨᠠᠷᠢᠨ ᠬᠢᠨᠠᠮᠠᠭᠠᠢ ᠬᠢᠬᠦ ᠬᠡᠷᠡᠭᠲᠡᠢ︔ ᠴᠢᠬᠢ ᠬᠠᠩᠭᠠᠬᠤ | ᠠᠴᠠ 10 ᠡᠳᠦᠷ ᠤᠨ ᠡᠮᠦᠨ᠎ᠡ ᠪᠠᠯᠭᠠᠰᠤᠨ ᠤ ᠵᠠᠰᠠᠭ ᠤᠨ ᠣᠷᠳᠣᠨ ᠠᠴᠠ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠳᠤ ᠲᠤᠬᠠᠢ ᠶᠢᠨ ᠭᠠᠵᠠᠷ ᠲᠤ ᠬᠦᠷᠴᠦ | ᠪᠣᠶᠢᠵᠢᠭᠤᠯᠣᠭᠰᠠᠨ ᠴᠢᠬᠢᠨ ᠤ ᠲᠤᠭ᠎ᠠ ᠬᠡᠮᠵᠢᠶ᠎ᠡ ᠶᠢ ᠬᠠᠷᠭᠤᠭᠤᠯᠬᠤ ᠪᠠᠷ ᠭᠤᠶᠤᠴᠢᠯᠠᠬᠤ ᠬᠡᠷᠡᠭᠲᠡᠢ᠃ | ④ ᠴᠢᠬᠢ ᠬᠠᠩᠭᠠᠬᠤ ᠬᠤᠭᠤᠴᠠᠭᠠᠨ ᠳᠤ᠂ ᠲᠠᠷᠢᠮᠠᠯ ᠤᠨ ᠡᠷᠦᠬᠡ ᠰᠠᠭᠤᠷᠢ ᠪᠣᠯᠭᠠᠨ ᠳᠤ ᠵᠠᠬ᠎ᠠ ᠳᠡᠯᠭᠡᠭᠦᠷ ᠤᠨ ᠦᠨ᠎ᠡ ᠠᠴᠠ 0.07 ᠲᠦᠬᠦᠷᠢᠭ ᠬᠢᠮᠳᠠ | ᠪᠠᠷ ᠵᠤᠭᠤᠰ ᠢᠶᠠᠨ ᠲᠤᠰᠢᠶᠠᠵᠦ᠂ ᠠᠵᠤ ᠠᠬᠤᠶᠢᠯᠠᠯ ᠤᠨ ᠬᠢᠨ ᠡᠷᠬᠡᠪᠰᠢ ᠴᠢᠬᠢ ᠬᠠᠩᠭᠠᠬᠤ ᠦᠶᠡᠰ ᠲᠠᠷᠢᠮᠠᠯ ᠤᠨ ᠡᠷᠦᠬᠡ ᠲᠠᠢ ᠭᠠᠷ ᠤᠨ ᠦᠰᠦᠭ ᠵᠢᠷᠤᠭᠰᠠᠨ | ᠴᠢᠬᠢ ᠬᠠᠩᠭᠠᠬᠤ ᠭᠡᠷᠡᠴᠢ ᠪᠠᠷᠢᠮᠲᠠ ᠪᠠᠨ ᠦᠯᠡᠳᠡᠭᠡᠨ᠂ ᠴᠢᠬᠢ ᠬᠡᠷᠡᠭᠯᠡᠬᠦ ᠲᠠᠷᠢᠮᠠᠯ ᠤᠨ ᠡᠷᠦᠬᠡ ᠶᠢᠨ ᠲᠤᠭ᠎ᠠ ᠪᠠ ᠴᠢᠬᠢ ᠬᠠᠩᠭᠠᠬᠤ ᠲᠤᠭ᠎ᠠ ᠪᠠᠨ ᠲᠤᠭᠲᠠᠭᠠᠬᠤ | ᠬᠡᠷᠡᠭᠲᠡᠢ︔ | ⑤ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠡᠷᠬᠡᠪᠰᠢ ᠳᠠᠭᠤᠷᠢᠶᠠᠯ ᠦᠵᠡᠬᠦᠯᠬᠦ ᠳᠠᠶᠢᠴᠢᠯᠠᠯᠲᠠ ᠶᠢᠨ ᠦᠢᠯᠡᠳᠦᠯ ᠢᠶᠠᠨ ᠪᠠᠳᠠᠷᠠᠭᠤᠯᠵᠤ᠂ ᠲᠠᠷᠢᠮᠠᠯ | ᠤᠨ ᠡᠷᠦᠬᠡ ᠳᠤ ᠮᠡᠷᠭᠡᠵᠢᠯ ᠤᠨ ᠦᠢᠯᠡᠴᠢᠯᠡᠭᠡ ᠬᠠᠩᠭᠠᠬᠤ ᠬᠠᠷᠢᠭᠤᠴᠠᠯᠭ᠎ᠠ ᠪᠠᠨ ᠡᠬᠦᠷᠭᠡᠯᠡᠬᠦ ᠬᠡᠷᠡᠭᠲᠡᠢ᠃ | ᠳᠡᠭᠡᠷ᠎ᠡ ᠳᠣᠷᠠᠳᠣᠭᠰᠠᠨ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠠᠴᠠ ᠲᠤᠰ ᠲᠤᠰ 6 ᠰᠠᠷ᠎ᠠ ᠶᠢᠨ 30 | ᠤ ᠡᠳᠦᠷ ᠪᠣᠯᠣᠨ 9 ᠰᠠᠷ᠎ᠠ ᠶᠢᠨ 20 ᠤ ᠡᠳᠦᠷ ᠠᠴᠠ ᠡᠮᠦᠨ᠎ᠡ ᠡᠮᠬᠢᠳᠭᠡᠨ ᠲᠡᠪᠲᠡᠷᠯᠡᠵᠦ ᠪᠠᠯᠭᠠᠰᠣᠨ ᠤ ᠵᠠᠰᠠᠭ ᠤᠨ ᠣᠷᠳᠣᠨ ᠢᠶᠠᠷ ᠬᠢᠨᠠᠨ ᠬᠠᠷᠭᠤᠭᠤᠯᠤᠭᠰᠠᠨ ᠤ | ᠳᠠᠷᠠᠭ᠎ᠠ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠵᠦ ᠳᠠᠩᠰᠠᠯᠠᠭᠤᠯᠤᠨ᠎ᠠ᠃ ᠬᠡᠷᠪᠡ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ | ᠬᠤᠭᠤᠴᠠᠭ᠎ᠠ ᠶᠤᠰᠤᠭᠠᠷ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢᠶᠠᠨ ᠬᠠᠩᠭᠠᠭᠰᠠᠨ ᠦᠭᠡᠢ ᠪᠤᠶᠤ ᠪᠢᠴᠢᠭ ᠮᠡᠲ᠋ᠧᠷᠢᠶᠡᠯ ᠪᠦᠷᠢᠨ ᠪᠤᠰᠤ ᠪᠣᠯ ᠬᠤᠰᠢᠭᠤ ᠮᠠᠯ | ᠲᠠᠷᠢᠶᠠᠯᠠᠩ ᠤᠨ ᠲᠤᠪᠴᠢᠶᠠᠨ ᠠᠴᠠ ᠰᠢᠯᠭᠠᠨ ᠬᠤᠷᠢᠶᠠᠬᠤ ᠦᠭᠡᠢ᠃ | ︵3︶ ᠰᠢᠯᠭᠠᠨ ᠬᠤᠷᠢᠶᠠᠬᠤ ᠠᠷᠭ᠎ᠠ᠄ | ① ᠴᠢᠬᠢ ᠪᠤᠶᠢᠵᠢᠭᠤᠯᠬᠤ᠂ ᠬᠠᠩᠭᠠᠬᠤ ᠬᠤᠭᠤᠴᠠᠭᠠᠨ ᠳᠤ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠪᠠᠯᠭᠠᠰᠣᠨ ᠤ ᠵᠠᠰᠠᠭ ᠤᠨ ᠣᠷᠳᠣᠨ ᠠᠴᠠ ᠲᠤᠰ | ᠲᠤᠰ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠲᠡᠮᠲᠡᠭᠯᠡᠯ᠂ ᠴᠢᠬᠢ ᠬᠠᠩᠭᠠᠬᠤ ᠬᠡᠷᠡᠴᠢ ᠪᠠᠷᠢᠮᠲᠠ ᠶᠢ 2 ᠣᠳᠠᠭ᠎ᠠ ᠲᠤᠭᠲᠠᠮᠠᠯ | ᠪᠤᠰᠤ ᠬᠤᠭᠤᠴᠠᠭ᠎ᠠ ᠲᠠᠢ ᠪᠠᠷ ᠪᠠᠶᠢᠴᠠᠭᠠᠨ᠎ᠠ︔ | ② ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠤᠨ ᠬᠠᠩᠭᠠᠭᠰᠠᠨ ᠴᠢᠬᠢ ᠬᠠᠩᠭᠠᠯᠲᠠ ᠶᠢᠨ ᠳᠠᠩᠰᠠ ᠶᠢ ᠦᠨᠳᠦᠰᠦᠯᠡᠨ᠂ ᠪᠠᠯᠭᠠᠰᠣᠨ ᠤ ᠵᠠᠰᠠᠭ ᠤᠨ | ᠣᠷᠳᠣᠨ ᠠᠴᠠ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ ᠨᠢᠭᠡᠪᠤᠷᠢ ᠶᠢᠨ ᠴᠢᠬᠢ ᠬᠠᠩᠭᠠᠭᠰᠠᠨ 20% ᠶᠢᠨ ᠲᠠᠷᠢᠮᠠᠯ ᠤᠨ ᠡᠷᠦᠬᠡ ᠳᠤ ᠲᠤᠬᠠᠢ ᠶᠢᠨ | ᠭᠠᠵᠠᠷ ᠲᠤ ᠰᠢᠯᠭᠠᠨ ᠬᠤᠷᠢᠶᠠᠬᠤ ᠶᠢ ᠪᠡᠶᠡᠯᠡᠬᠦᠯᠦᠨ᠎ᠡ︔ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠴᠢᠬᠢ ᠪᠣᠶᠢᠵᠢᠭᠤᠯᠣᠯᠲᠠ ᠶᠢᠨ ᠠᠵᠤ ᠠᠬᠤᠶᠢᠯᠠᠯ | ᠨᠢᠭᠡᠪᠤᠷᠢ ᠶᠢᠨ ᠰᠢᠯᠭᠠᠨ ᠦᠵᠡᠭᠰᠡᠨ ᠦᠭᠡᠢ ᠴᠢᠬᠢ ᠬᠠᠩᠭᠠᠭᠰᠠᠨ ᠲᠠᠷᠢᠮᠠᠯ ᠤᠨ ᠡᠷᠦᠬᠡ ᠠᠴᠠ 5% ᠶᠢᠨ ᠡᠷᠦᠬᠡ ᠶᠢ ᠰᠣᠩᠭᠤᠵᠣ ᠲᠤᠬᠠᠢ ᠶᠢᠨ ᠭᠠᠵᠠᠷ ᠲᠤ ᠨᠢ | ᠰᠢᠯᠭᠠᠨ ᠬᠤᠷᠢᠶᠠᠨ᠎ᠠ︔ | ③ ᠡᠳ᠋ ᠤᠨ ᠵᠠᠰᠠᠭ ᠤᠨ ᠨᠦᠬᠦᠪᠦᠷᠢ ᠮᠦᠩᠭᠦ ᠶᠢ ᠰᠢᠯᠭᠠᠨ ᠦᠵᠡᠭᠡᠳ ᠬᠢᠷᠢ ᠲᠡᠩᠴᠡᠭᠰᠡᠨ ᠬᠠᠷᠢᠴᠠᠯ ᠢᠶᠠᠷ ᠣᠯᠭᠤᠨ᠎ᠠ᠃ | ︵4︶ ᠰᠢᠯᠭᠠᠨ ᠬᠤᠷᠢᠶᠠᠬᠤ ᠴᠠᠭ᠄ ᠨᠢᠭᠡᠳᠦᠭᠡᠷ ᠣᠳᠠᠭᠠᠨ ᠤ ᠴᠢᠬᠢ ᠪᠤᠶᠢᠵᠢᠭᠤᠯᠬᠤ ᠬᠤᠭᠤᠴᠠᠭ᠎ᠠ ᠶᠢ 7 ᠰᠠᠷ᠎ᠠ ᠶᠢᠨ 10 ᠤ ᠡᠳᠦᠷ ᠠᠴᠠ ᠡᠮᠦᠨ᠎ᠡ᠂ | ᠬᠤᠶᠠᠳᠣᠭᠠᠷ ᠣᠳᠠᠭᠠᠨ ᠤ ᠴᠢᠬᠢ ᠪᠤᠶᠢᠵᠢᠭᠤᠯᠬᠤ ᠬᠤᠭᠤᠴᠠᠭ᠎ᠠ ᠶᠢ 10 ᠰᠠᠷ᠎ᠠ ᠶᠢᠨ 10 ᠤ ᠡᠳᠦᠷ ᠠᠴᠠ ᠡᠮᠦᠨ᠎ᠡ ᠬᠡᠷᠡᠭᠵᠢᠬᠦᠯᠦᠨ᠎ᠡ᠃ | 1 —— 4 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠲᠠᠷᠢᠮᠠᠯ ᠤᠨ | ᠦᠷᠲᠡᠭᠡ ︵ᠬᠠᠷᠢᠯᠴᠠᠬᠤ ᠬᠦᠮᠦᠨ᠄ ᠭᠤᠤ ᠱᠤ᠋ ᠬᠠᠢ᠂ ᠬᠠᠷᠢᠯᠴᠠᠬᠤ ᠤᠲᠠᠰᠣ᠄ 13904774435︶᠃ | 5. ᠠᠵᠤ ᠠᠬᠤᠢ ᠶᠢᠨ ᠣᠢ ᠲᠠᠷᠢᠬᠤ᠃ ᠡᠯ᠎ᠡ ᠲᠦᠷᠦᠯ ᠤᠨ ᠡᠵᠡᠩᠨᠡᠯᠲᠡ ᠶᠢᠨ ᠭᠤᠤᠯ ᠴᠤᠭᠴᠠ ᠠᠵᠤ ᠠᠬᠤᠢ ᠶᠢᠨ ᠤᠢ ᠶᠢᠨ ᠪᠠᠶᠢᠭᠤᠯᠤᠯᠲᠠ ᠶᠢ | ᠬᠦᠭᠵᠢᠬᠦᠯᠬᠦ ᠶᠢ ᠵᠤᠷᠢᠭᠵᠢᠭᠤᠯᠵᠤ᠂ ᠰᠢᠨ᠎ᠡ ᠪᠠᠷ ᠨᠡᠮᠡᠭᠳᠡᠭᠰᠡᠨ ᠲᠠᠯᠠᠪᠠᠢ 30 ᠮᠤ᠋ ᠠᠴᠠ ᠳᠡᠭᠡᠭᠰᠢ ᠳᠠᠪᠠᠪᠠᠯ᠂ ᠰᠢᠯᠭᠠᠨ ᠬᠤᠷᠢᠶᠠᠭᠠᠳ ᠬᠢᠷᠢ ᠲᠡᠩᠴᠡᠭᠰᠡᠨ ᠤ | ᠳᠠᠷᠠᠭ᠎ᠠ ᠮᠤ᠋ ᠪᠣᠯᠭᠠᠨ ᠳᠤ 800 ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠶᠡᠷᠦᠩᠬᠡᠢ ᠬᠡᠪᠴᠢᠶ᠎ᠡ 20000 ᠮᠤ᠋᠃ ᠡᠬᠦᠨ ᠳᠤ ᠣᠯᠵᠠᠴᠢ ᠪᠠᠯᠭᠠᠰᠣ 5000 ᠮᠣ᠋᠂ ᠪᠤᠷᠤᠪᠠᠯᠭᠠᠰᠣ ᠪᠠᠯᠭᠠᠰᠣ | 5000 ᠮᠣ᠋᠂ ᠨᠠᠩᠰᠣ ᠪᠠᠯᠭᠠᠰᠣ 5000 ᠮᠣ᠋᠂ ᠱᠠᠩᠬᠠᠢ ᠶᠢᠨ ᠰᠦᠮ᠎ᠡ ᠪᠠᠯᠭᠠᠰᠣ 5000 ᠮᠤ᠋ ᠪᠣᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠦᠨᠳᠦᠰᠦᠨ ᠲᠠᠷᠢᠶᠠᠨ ᠭᠠᠵᠠᠷ ᠪᠤᠯᠤᠨ ᠨᠣᠲᠤᠭ ᠪᠡᠯᠴᠢᠭᠡᠷ ᠠᠴᠠ ᠭᠠᠳᠠᠨ᠎ᠠ᠂ ᠬᠠᠭᠠᠯᠪᠣᠷᠢᠯᠠᠬᠤ ᠬᠡᠷᠡᠭᠴᠡᠭᠡ ᠦᠭᠡᠢ ᠮᠦᠷᠲᠡᠭᠡᠨ ᠠᠵᠣ ᠠᠬᠤᠢ ᠶᠢᠨ ᠣᠢ | ᠲᠠᠷᠢᠬᠤ ᠨᠦᠬᠦᠴᠡᠯ ᠪᠦᠷᠢᠳᠦᠭᠰᠡᠨ ᠡᠳᠦᠭᠡ ᠪᠠᠶᠢᠭ᠎ᠠ ᠣᠰᠣᠨ ᠭᠠᠵᠠᠷ ᠳᠡᠭᠡᠷ᠎ᠡ ᠲᠠᠷᠢᠨ᠎ᠠ ᠃ | ② ᠵᠤᠯᠵᠠᠭ᠎ᠠ ᠮᠣᠳᠣᠨ ᠤ ᠡᠭᠦᠯᠳᠡᠷ᠂ ᠶᠠᠰᠣ ᠴᠢᠨᠠᠷ ᠢ ᠪᠠᠲᠤᠯᠠᠬᠤ ᠶᠢᠨ ᠲᠦᠯᠦᠭᠡ᠂ ᠠᠵᠤ ᠠᠬᠤᠢ ᠶᠢᠨ ᠤᠢ ᠶᠢᠨ ᠪᠠᠶᠢᠭᠤᠯᠤᠯᠲᠠ ᠳᠤ ᠬᠡᠷᠡᠭᠰᠡᠬᠦ | ᠵᠤᠯᠵᠠᠭ᠎ᠠ ᠮᠤᠳᠤᠨ ᠤ ᠭᠠᠷᠤᠯᠲᠠ ᠶᠢᠨ ᠭᠠᠵᠠᠷ ᠪᠠ ᠵᠤᠯᠵᠠᠭ᠎ᠠ ᠮᠤᠳᠤ ᠬᠠᠩᠭᠠᠬᠤ ᠪᠠᠶᠢᠭᠤᠯᠭ᠎ᠠ ᠨᠢᠭᠡᠴᠡ ᠶᠢ ᠬᠤᠰᠢᠭᠤ ᠣᠢ ᠰᠢᠭᠤᠢ ᠨᠤᠲᠤᠭ ᠪᠡᠯᠴᠢᠭᠡᠷ ᠤᠨ | ᠲᠤᠪᠴᠢᠶ᠎ᠠ᠂ ᠪᠠᠯᠭᠠᠰᠣᠨ ᠤ ᠵᠠᠰᠠᠭ ᠤᠨ ᠣᠷᠳᠣᠨ᠂ ᠬᠤᠯᠪᠤᠭᠠᠲᠤ ᠬᠤᠷᠰᠢᠶᠠᠨ ᠠᠴᠠ ᠨᠢᠭᠡᠳᠦᠯᠲᠡᠢ ᠲᠤᠭᠲᠠᠭᠠᠬᠤ ᠬᠡᠷᠡᠭᠲᠡᠢ︔ | ③ ᠡᠯ᠎ᠡ ᠪᠠᠯᠭᠠᠰᠣ ᠭᠠᠵᠠᠷ ᠣᠷᠣᠨ ᠳᠤ ᠪᠠᠨ ᠲᠤᠬᠢᠷᠠᠭᠤᠯᠤᠨ ᠭᠠᠴᠠᠭ᠎ᠠ ᠲᠤᠰᠬᠤᠨ ᠤ ᠠᠵᠤ ᠠᠬᠤᠢ ᠶᠢᠨ ᠤᠢ ᠶᠢᠨ ᠬᠠᠮᠲᠤᠷᠠᠯ ᠬᠤᠷᠰᠢᠶ᠎ᠠ ᠶᠢ ᠪᠠᠶᠢᠭᠤᠯᠬᠤ | ᠪᠤᠶᠤ ᠪᠠᠯᠭᠠᠰᠣ ᠪᠠᠷ ᠨᠢᠭᠡᠴᠢ ᠪᠤᠯᠭᠠᠨ ᠬᠤᠯᠪᠤᠭᠠᠲᠤ ᠬᠤᠷᠰᠢᠶ᠎ᠠ ᠴᠤᠭᠴᠠᠯᠠᠨ᠂ ᠬᠤᠯᠪᠤᠭᠠᠲᠤ ᠬᠤᠷᠰᠢᠶ᠎ᠠ ᠪᠤᠶᠤ ᠪᠠᠯᠭᠠᠰᠣᠨ ᠤ ᠵᠠᠰᠠᠭ ᠤᠨ ᠣᠷᠳᠣᠨ ᠠᠴᠠ ᠲᠠᠷᠢᠮᠠᠯ | ᠤᠨ ᠡᠷᠦᠬᠡ ᠪᠤᠯᠤᠨ ᠵᠤᠯᠵᠠᠭ᠎ᠠ ᠮᠤᠳᠤ ᠬᠠᠩᠭᠠᠬᠤ ᠲᠤᠭ᠎ᠠ᠂ ᠴᠠᠭ᠂ ᠠᠷᠭ᠎ᠠ ᠮᠠᠶ᠋ᠢᠭ᠂ ᠭᠠᠵᠠᠷ ᠢ ᠲᠤᠭᠲᠠᠭᠠᠨ᠎ᠠ︔ ᠪᠠᠯᠭᠠᠰᠣᠨ ᠤ ᠵᠠᠰᠠᠭ ᠤᠨ ᠣᠷᠳᠣᠨ ᠠᠴᠠ ᠶᠡᠭᠡ | ᠵᠣᠬᠢᠶᠠᠨ ᠪᠠᠶᠢᠭᠤᠯᠬᠤ ᠴᠢᠳᠠᠪᠤᠷᠢ ᠲᠠᠢ ᠭᠠᠴᠠᠭ᠎ᠠ ᠲᠤᠰᠬᠤᠨ ᠤ ᠠᠵᠤ ᠠᠬᠤᠢ ᠶᠢᠨ ᠣᠢ ᠶᠢᠨ ᠬᠠᠮᠲᠤᠷᠠᠯ ᠬᠤᠷᠰᠢᠶ᠎ᠠ ᠶᠢ ᠲᠤᠭᠲᠠᠭᠠᠵᠤ᠂ ᠮᠠᠯᠴᠢᠨ ᠲᠠᠷᠢᠶᠠᠴᠢᠨ ᠤ | ᠰᠠᠶᠢᠨ ᠳᠣᠷ᠎ᠠ ᠶᠢᠨ ᠵᠠᠷᠴᠢᠮ ᠶᠤᠰᠤᠭᠠᠷ ᠲᠠᠷᠢᠬᠤ ᠲᠠᠯᠠᠪᠠᠢ᠂ ᠡᠬᠦᠯᠳᠡᠷ ᠪᠤᠯᠤᠨ ᠵᠤᠯᠵᠠᠭ᠎ᠠ ᠮᠣᠳᠣ ᠬᠠᠩᠭᠠᠬᠤ ᠲᠤᠭ᠎ᠠ ᠬᠡᠮᠵᠢᠶ᠎ᠡ ᠶᠢ ᠲᠤᠭᠲᠠᠭᠠᠬᠤ ᠬᠡᠷᠡᠭᠲᠡᠢ︔ | ④ ᠵᠤᠯᠵᠠᠭ᠎ᠠ ᠮᠤᠳᠤ ᠬᠠᠩᠭᠠᠬᠤ ᠪᠠᠶᠢᠭᠤᠯᠭ᠎ᠠ ᠨᠢᠭᠡᠴᠡ ᠣᠯᠣᠰ ᠤᠨ ᠬᠤᠶᠠᠳᠣᠭᠠᠷ ᠲᠡᠰ ᠤᠨ ᠠᠵᠤ ᠠᠬᠤᠢ ᠶᠢᠨ ᠤᠢ ᠳᠤ ᠨᠡᠶᠢᠴᠡᠬᠦ ᠪᠤᠶᠤ ᠲᠡᠭᠦᠨ ᠠᠴᠠ | ᠳᠡᠭᠡᠭᠰᠢᠬᠢ ᠵᠤᠯᠵᠠᠭ᠎ᠠ ᠮᠣᠳᠣ ᠬᠠᠩᠭᠠᠬᠤ ᠶᠢᠨ ᠬᠠᠮᠲᠤ ᠮᠡᠷᠭᠡᠵᠢᠯ ᠤᠨ ᠵᠢᠯᠤᠭᠤᠳᠤᠯᠭ᠎ᠠ ᠬᠢᠨ᠂ ᠲᠠᠷᠢᠮᠠᠯ ᠤᠨ ᠡᠷᠦᠬᠡ ᠯᠦᠭᠡ ᠭᠠᠷ ᠤᠨ ᠦᠰᠦᠭ ᠵᠢᠷᠤᠭᠰᠠᠨ | ᠵᠤᠯᠵᠠᠭ᠎ᠠ ᠮᠤᠳᠤ ᠬᠠᠩᠭᠠᠬᠤ ᠬᠡᠷᠡᠴᠢ ᠪᠠᠷᠢᠮᠲᠠ ᠪᠠᠨ ᠦᠯᠡᠳᠡᠭᠡᠬᠦ ᠬᠡᠷᠡᠭᠲᠡᠢ︔ | ⑤ ᠣᠶᠢᠵᠢᠭᠤᠯᠤᠯᠲᠠ ᠶᠢᠨ ᠨᠢᠭᠲᠠᠴᠠ᠄ ᠮᠣ᠋ ᠪᠦᠷᠢ ᠳᠤ 191 ᠰᠠᠭᠤᠷᠢ ᠠᠷᠢᠬᠢ ᠨᠡᠷᠡᠬᠦ ᠦᠵᠦᠮ᠂ ᠴᠢᠪᠠᠭ᠎ᠠ᠂ ᠠᠯᠮᠣᠷᠠᠳ ᠵᠢᠴᠢ ᠪᠣᠰᠣᠳ ᠠᠵᠤ ᠠᠬᠤᠢ | ᠶᠢᠨ ᠣᠢ ᠪᠣᠯ ᠮᠣ᠋ ᠪᠦᠷᠢ ᠳᠤ 67 ᠰᠠᠭᠤᠷᠢ ᠠᠴᠠ ᠴᠦᠭᠡᠨ ᠪᠠᠶᠢᠯᠭᠠᠵᠤ ᠪᠣᠯᠬᠤ ᠦᠭᠡᠢ︔ | ⑥ ᠣᠶᠢᠵᠢᠭᠤᠯᠤᠭᠰᠠᠨ ᠤ ᠳᠠᠷᠠᠭ᠎ᠠ ᠵᠢᠯ ᠤᠨ ᠣᠨᠳᠣᠷᠣᠯᠲᠠ ᠶᠢᠨ ᠨᠤᠷᠮ᠎ᠠ 85% ᠠᠴᠠ ᠳᠠᠪᠠᠨ᠂ ᠬᠦᠷᠦᠭᠡᠳ ᠬᠤᠶᠠᠷ ᠵᠢᠯ ᠤᠨ ᠬᠠᠳᠠᠭᠠᠯᠠᠯᠲᠠ ᠶᠢᠨ | ᠨᠤᠷᠮ᠎ᠡ 80% ᠬᠦᠷᠪᠡᠯ ᠣᠶᠢᠵᠢᠭᠤᠯᠣᠯᠲᠠ ᠬᠢᠷᠢ ᠲᠡᠩᠴᠡᠭᠰᠡᠨ ᠳᠤ ᠣᠷᠣᠨ᠎ᠠ᠃ | ︵3︶ ᠰᠢᠯᠭᠠᠨ ᠬᠤᠷᠢᠶᠠᠬᠤ ᠴᠠᠭ᠄ ᠲᠤᠰ ᠵᠢᠯ ᠤᠨ ᠣᠨᠳᠣᠷᠣᠯᠲᠠ ᠶᠢᠨ ᠨᠣᠷᠮ᠎ᠠ ᠶᠢ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ᠂ | ᠬᠠᠳᠠᠭᠠᠯᠠᠯᠲᠠ ᠶᠢᠨ ᠨᠣᠷᠮ᠎ᠠ ᠶᠢ 2022 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠰᠢᠯᠭᠠᠨ ᠦᠵᠡᠨ᠎ᠡ᠃ | ︵4︶ ᠰᠢᠯᠭᠠᠨ ᠬᠤᠷᠢᠶᠠᠬᠤ ᠠᠷᠭ᠎ᠠ᠄ ᠬᠤᠰᠢᠭᠤ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ | ᠬᠠᠮᠲᠤᠷᠠᠨ ᠰᠢᠯᠭᠠᠨ ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠣᠢ ᠰᠢᠭᠤᠢ ᠨᠤᠲᠤᠭ ᠪᠡᠯᠴᠢᠭᠡᠷ ᠤᠨ ᠲᠤᠪᠴᠢᠶ᠎ᠠ ︵ | ᠬᠠᠷᠢᠯᠴᠠᠬᠤ ᠬᠦᠮᠦᠨ᠄ ᠸᠠᠩ ᡁᠢ ᠰᠢ᠂ ᠬᠠᠷᠢᠯᠴᠠᠬᠤ ᠣᠲᠠᠰᠣ᠄ 13947716799︶᠃ | ︵ᠬᠤᠶᠠᠷ︶ ᠮᠠᠯ ᠠᠵᠤ ᠠᠬᠤᠢ ᠶᠢᠨ ᠬᠦᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠠᠵᠤ᠂ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠬᠦᠯᠦᠨ᠎ᠡ | 6. ᠠᠯᠠᠰᠢᠨ ᠮᠠᠯ ᠢ ᠤᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ᠃ ᠵᠢᠯ ᠤᠨ ᠪᠤᠷᠤᠯᠠᠭᠤᠯᠭ᠎ᠠ ᠶᠢᠨ ᠨᠤᠷᠮ᠎ᠠ 1000ᠲᠤᠯᠤᠭᠠᠢ ᠠᠴᠠ | ᠳᠠᠪᠠᠭᠰᠠᠨ ᠠᠯᠠᠰᠢᠨ ᠮᠠᠯ ᠢ ᠣᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ ᠬᠠᠮᠲᠤᠷᠠᠯ ᠬᠤᠷᠰᠢᠶ᠎ᠠ ᠪᠤᠶᠤ ᠵᠢᠱᠢᠶ᠎ᠡ ᠦᠵᠡᠬᠦᠯᠬᠦ ᠡᠷᠦᠬᠡ ᠶᠢ | 100 ᠳᠤ ᠬᠦᠷᠭᠡᠨ᠂ ᠠᠮᠢᠳᠣ ᠪᠠᠷ ᠠᠷᠠᠯᠵᠢᠶᠠᠯᠠᠬᠤ ᠮᠠᠶ᠋ᠢᠭ ᠢᠶᠠᠷ ᠪᠣᠷᠣᠯᠠᠭᠤᠯᠤᠭᠰᠠᠨ ᠲᠦᠯ ᠪᠤᠯᠭᠠᠨ ᠳᠤ 20ᠲᠦᠬᠦᠷᠢᠭ ᠤᠨ ᠨᠦᠬᠦᠪᠦᠷᠢ ᠮᠦᠩᠭᠦ ᠣᠯᠭᠤᠨ᠎ᠠ︔ | ᠲᠤᠰ ᠭᠠᠵᠠᠷ ᠤᠨ ᠲᠤᠭᠲᠠᠮᠠᠯ ᠨᠢᠳᠣᠯᠬᠤ ᠠᠵᠣ ᠠᠬᠤᠶᠢᠯᠠᠯ ᠳᠤ ᠨᠢᠳᠣᠯᠬᠤ ᠮᠠᠶ᠋ᠢᠭ ᠢᠶᠠᠷ ᠪᠤᠷᠤᠯᠠᠭᠤᠯᠤᠭᠰᠠᠨ ᠮᠦᠷᠳᠡᠨ ᠨᠡᠬᠡᠮᠵᠢᠯᠡᠬᠦ ᠬᠡᠷᠡᠴᠢᠯᠡᠯ ᠲᠠᠢ ᠠᠯᠠᠰᠢᠨ ᠮᠠᠯ | ᠪᠤᠯᠭᠠᠨ ᠳᠤ 60 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 40 ᠲᠦᠬᠦᠷᠢᠭ᠂ ᠨᠢᠳᠣᠯᠬᠤ ᠠᠵᠤ ᠠᠬᠤᠶᠢᠯᠠᠯ ᠳᠤ 20 ᠲᠦᠬᠦᠷᠢᠭ︶ ᠤᠨ ᠨᠦᠬᠦᠪᠦᠷᠢ | ᠦᠭᠭᠦᠨ᠎ᠡ︔ ᠮᠦᠷᠳᠡᠨ ᠨᠡᠬᠡᠮᠵᠢᠯᠡᠬᠦ ᠭᠡᠷᠡᠴᠢᠯᠠᠯ ᠦᠭᠡᠢ ᠠᠯᠠᠰᠢᠨ ᠮᠠᠯ ᠪᠣᠯᠭᠠᠨ ᠳᠤ 40 ᠲᠦᠬᠦᠷᠢᠭ ︵ᠡᠬᠦᠨ ᠳᠤ ᠬᠠᠮᠲᠤᠷᠠᠯ ᠬᠤᠷᠰᠢᠶ᠎ᠠ ᠳᠤ 30 ᠲᠦᠬᠦᠷᠢᠭ᠂ | ᠨᠢᠳᠣᠯᠬᠤ ᠠᠵᠤ ᠠᠬᠤᠶᠢᠯᠠᠯ ᠳᠤ 10 ᠲᠦᠬᠦᠷᠢᠭ︶ ᠤᠨ ᠨᠦᠬᠦᠪᠦᠷᠢ ᠦᠭᠭᠦᠨ᠎ᠡ︔ ᠲᠤᠰ ᠬᠤᠰᠢᠭᠤᠨ ᠤ ᠵᠢᠯ ᠤᠨ 500 ᠲᠤᠨ ᠠᠴᠠ ᠳᠡᠭᠡᠭᠰᠢ ᠮᠦᠬᠦᠯᠢᠭᠲᠦ | ᠲᠡᠵᠢᠭᠡᠯ ᠪᠣᠷᠳᠤᠭ᠎ᠠ ᠦᠢᠯᠡᠳᠪᠦᠷᠢᠯᠡᠭᠰᠡᠨ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ︵ᠡᠬᠦᠨ ᠳᠤ ᠲᠤᠰ ᠬᠤᠰᠢᠭᠤᠨ ᠤ ᠲᠠᠷᠢᠮᠠᠯ ᠤᠨ ᠡᠰᠢ ᠰᠦᠷᠡᠯ ᠤᠨ | ᠣᠭ ᠮᠡᠲ᠋ᠧᠷᠢᠶᠡᠯ ᠢ ᠬᠠᠳᠠᠭᠠᠯᠠᠨ ᠪᠣᠯᠪᠠᠰᠣᠷᠠᠭᠤᠯᠤᠭᠰᠠᠨᠬᠠᠷᠢᠴᠠᠯ 40% ᠶᠢ ᠡᠵᠡᠯᠡᠨ᠎ᠡ︶ ᠠᠴᠠ 10 ᠲᠤᠨ ᠠᠴᠠ ᠳᠡᠭᠡᠭᠰᠢ ᠮᠦᠬᠦᠯᠢᠭᠲᠦ ᠲᠡᠵᠢᠭᠡᠯ ᠪᠤᠷᠳᠤᠭ᠎ᠠ | ᠬᠤᠳᠠᠯᠳᠣᠨ ᠠᠪᠤᠪᠠᠯ᠂ ᠲᠤᠨ ᠪᠦᠷᠢ ᠳᠤ 400 ᠲᠦᠬᠦᠷᠢᠭ ᠨᠦᠬᠦᠪᠦᠷᠢᠯᠡᠨ᠂ ᠠᠶᠢᠯ ᠪᠤᠯᠭᠠᠨ ᠤ ᠨᠦᠬᠦᠪᠦᠷᠢ ᠮᠦᠩᠭᠦ ᠶᠢ ᠲᠦᠮᠡᠨ ᠲᠦᠬᠦᠷᠢᠭ ᠠᠴᠠ ᠳᠠᠪᠠᠭᠤᠯᠵᠤ | ᠪᠣᠯᠬᠤ ᠦᠭᠡᠢ᠃ | ︵1︶ ᠬᠡᠷᠡᠭᠵᠢᠬᠦᠯᠦᠯᠲᠡ ᠶᠢᠨ ᠡᠭᠦᠷᠭᠡ᠄ 100 ᠬᠠᠮᠲᠤᠷᠠᠯ ᠬᠤᠷᠰᠢᠶ᠎ᠠ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ ᠲᠤᠭᠲᠠᠭᠠᠵᠤ ᠲᠠᠷᠤᠮᠠᠯᠯᠠᠨ ᠲᠠᠷᠬᠠᠭᠠᠬᠤ | ᠠᠯᠠᠰᠢᠨ ᠮᠠᠯ ᠢ ᠣᠬᠤᠷ ᠬᠤᠭᠤᠴᠠᠭᠠᠨ ᠳᠤ ᠲᠡᠵᠢᠭᠡᠨ ᠲᠠᠷᠭᠤᠯᠠᠭᠤᠯᠬᠤ ᠳᠠᠭᠤᠷᠢᠶᠠᠯ ᠤᠨ ᠬᠡᠷᠡᠭᠵᠢᠬᠦᠯᠦᠯᠲᠡ ᠶᠢᠨ ᠲᠦᠰᠦᠯ ᠤᠨ ᠬᠠᠮᠢᠶ᠎ᠠ ᠪᠦᠬᠦᠢ ᠱᠠᠭᠠᠷᠳᠠᠯᠭ᠎ᠠ | ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | 7. ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠶᠢᠨ ᠣᠷᠣᠭᠤᠯᠣᠯᠲᠠ᠃ ᠬᠤᠰᠢᠭᠤ ᠰᠢᠶᠠᠨ ᠠᠴᠠ ᠳᠡᠭᠡᠭᠰᠢ ᠦᠢᠯᠡᠳᠪᠦᠷᠢᠯᠡᠯ ᠡᠵᠡᠩᠨᠡᠯᠲᠡ ᠶᠢᠨ | ᠦᠨᠡᠮᠯᠡᠯ ᠲᠠᠢ ᠡᠬᠦᠯᠳᠡᠷ ᠤᠨ ᠮᠠᠯ ᠤᠨ ᠲᠡᠯᠡᠪᠡᠢ ᠠᠴᠠ ᠣᠨᠴᠠ ᠲᠡᠰ᠂ ᠨᠢᠭᠡᠳᠦᠭᠡᠷ ᠲᠡᠰ ᠤᠨ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ | ᠠᠪᠤᠭᠰᠠᠨ ᠲᠡᠵᠢᠭᠡᠪᠦᠷᠢ ᠶᠢᠨ ᠡᠷᠦᠬᠡ ᠳᠤ 2000 ᠲᠦᠬᠦᠷᠢᠭ ᠤᠨ ᠨᠦᠬᠦᠪᠦᠷᠢ ᠮᠦᠩᠭᠦ ᠦᠭᠭᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 600 ᠲᠤᠯᠤᠭᠠᠢ ᠰᠢᠯᠢᠳᠡᠭ ᠡᠭᠦᠯᠳᠡᠷ ᠤᠨ ᠠᠯᠠᠰᠢᠨ ᠮᠠᠯ ᠤᠨ ᠬᠤᠴᠠ ᠣᠬᠤᠨ᠎ᠠ ᠣᠷᠣᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠡᠰ ᠤᠨ | ᠰᠠᠶᠢᠨ ᠡᠬᠦᠯᠳᠡᠷ ᠤᠨ ᠮᠠᠯ ᠤᠨ ᠨᠦᠬᠦᠪᠦᠷᠢ ᠮᠦᠩᠭᠦ ᠶᠢᠨ ᠲᠦᠷᠦᠯ ᠵᠦᠢᠯ ᠤᠨ ᠱᠠᠭᠠᠷᠳᠠᠯᠭ᠎ᠠ ᠶᠤᠰᠤᠭᠠᠷ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ | ᠬᠤᠪᠢᠶᠠᠬᠤ ᠠᠵᠢᠯ ᠢ ᠵᠤᠬᠢᠶᠠᠨ ᠪᠠᠶᠢᠭᠤᠯᠵᠤ᠂ ᠠᠯᠠᠰᠢᠨ ᠮᠠᠯ ᠤᠨ ᠡᠭᠦᠯᠳᠡᠷ ᠤᠨ ᠬᠤᠴᠠ ᠤᠬᠤᠨ᠎ᠠ ᠬᠤᠳᠠᠯᠳᠣᠨ ᠠᠪᠤᠭᠰᠠᠨ ᠲᠡᠵᠢᠭᠡᠪᠦᠷᠢ ᠶᠢᠨ ᠡᠷᠦᠬᠡ ᠳᠤ | ᠳᠠᠪᠬᠤᠴᠠᠯ ᠨᠦᠬᠦᠪᠦᠷᠢ ᠮᠦᠩᠭᠦ ᠣᠯᠭᠤᠨ᠂ ᠡᠬᠦᠨ ᠳᠤ᠄ 800ᠲᠦᠭᠦᠷᠢᠭ ᠤᠨ ᠣᠯᠣᠰ ᠤᠨ ᠡᠬᠦᠯᠳᠡᠷ ᠤᠨ ᠮᠠᠯ ᠤᠨ ᠨᠦᠬᠦᠪᠦᠷᠢ ᠮᠦᠩᠭᠦ᠂ 800 ᠲᠦᠭᠦᠷᠢᠭ | ᠤᠨ ᠦᠪᠡᠷᠲᠡᠭᠡᠨ ᠵᠠᠰᠠᠬᠤ ᠤᠷᠤᠨ ᠤ ᠡᠬᠦᠯᠳᠡᠷ ᠤᠨ ᠮᠠᠯ ᠤᠨ ᠨᠦᠬᠦᠪᠦᠷᠢ ᠮᠦᠩᠭᠦ᠂ 2000 ᠲᠦᠬᠦᠷᠢᠭ ᠤᠨ ᠬᠤᠰᠢᠭᠤ ᠲᠡᠰ ᠤᠨ ᠲᠦᠬᠦᠷᠴᠢᠯᠡᠯ ᠵᠡᠷᠭᠡ ᠪᠣᠯᠣᠨ᠎ᠠ | ᠃ | 8. ᠠᠯᠠᠰᠢᠨ ᠮᠠᠯ ᠤᠨ ᠡᠭᠦᠯᠳᠡᠷ ᠪᠣᠶᠢᠵᠢᠭᠤᠯᠣᠯᠲᠠ᠃ 100 ᠠᠴᠠ ᠳᠡᠭᠡᠭᠰᠢ ᠨᠢᠭᠡ ᠲᠦᠷᠦᠯ ᠤᠨ ᠡᠭᠦᠯᠳᠡᠷ ᠤᠨ ᠡᠬᠡ ᠮᠠᠯ ᠤᠨ ᠰᠦᠷᠦᠭ ᠢ 300 ᠳᠤ | ᠬᠦᠷᠭᠡᠵᠦ᠂ ᠡᠬᠡ ᠮᠠᠯ ᠪᠦᠷᠢ 20 ᠲᠦᠬᠦᠷᠢᠭ ᠤᠨ ᠴᠢᠬᠢᠨ ᠲᠡᠮᠲᠡᠭ ᠤᠨ ᠨᠦᠬᠦᠪᠦᠷᠢ ᠮᠦᠩᠭᠦ ᠪᠠ 20 ᠲᠦᠬᠦᠷᠢᠭ ᠤᠨ ᠭᠠᠷ ᠬᠡᠬᠡᠯᠳᠦᠬᠦᠯᠭᠡ ᠶᠢᠨ ᠨᠦᠬᠦᠪᠦᠷᠢ | ᠮᠦᠩᠭᠦ ᠦᠭᠭᠦᠨ᠎ᠡ᠃ ᠦᠢᠯᠡᠴᠢᠯᠡᠭᠡᠨ ᠤ ᠲᠡᠷᠬᠡ ᠤᠨᠤᠭ᠎ᠠ᠂ ᠭᠠᠷ ᠬᠡᠬᠡᠯᠳᠦᠬᠦᠯᠭᠡ ᠶᠢᠨ ᠬᠡᠷᠡᠭᠰᠡᠯ ᠵᠡᠷᠭᠡ ᠳᠦᠬᠦᠭᠡᠷᠦᠮᠵᠢ ᠲᠠᠢ ᠡᠭᠦᠯᠳᠡᠷ ᠪᠤᠶᠢᠵᠢᠭᠤᠯᠬᠤ 4 ᠨᠡᠭᠦᠳᠡᠯ | ᠦᠷᠲᠡᠭᠡ ᠪᠠᠶᠢᠭᠤᠯᠤᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ ᠠᠯᠠᠰᠢᠨ ᠮᠠᠯ ᠤᠨ ᠡᠭᠦᠯᠳᠡᠷ ᠪᠣᠶᠢᠵᠢᠭᠤᠯᠬᠤ ᠰᠦᠷᠦᠭ ᠢ 300 ᠳᠤ ᠬᠦᠷᠭᠡᠵᠦ᠂ ᠡᠭᠦᠯᠳᠡᠷ ᠪᠤᠶᠢᠵᠢᠭᠤᠯᠬᠤ 4 | ᠨᠡᠭᠦᠳᠡᠯ ᠦᠷᠲᠡᠭᠡ ᠪᠠᠶᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠡᠬᠦᠯᠳᠡᠷ ᠪᠤᠶᠢᠵᠢᠭᠤᠯᠬᠤ ᠰᠠᠨᠠᠮᠵᠢ ᠲᠠᠢ ᠬᠠᠮᠲᠤᠷᠠᠯ | ᠬᠤᠷᠰᠢᠶ᠎ᠠ ︵ᠺᠤᠮᠫᠠᠨᠢ︶ ᠶᠢ ᠵᠢᠯᠤᠭᠤᠳᠤᠨ ᠪᠣᠲᠠᠲᠠᠢ ᠬᠡᠷᠡᠭᠵᠢᠬᠦᠯᠬᠦ ᠲᠦᠰᠦᠯ ᠲᠤᠭᠲᠠᠭᠠᠵᠤ ᠂ ᠲᠦᠰᠦᠯ ᠢ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ | ᠬᠢᠨᠠᠨ ᠲᠤᠭᠲᠠᠭᠠᠭᠰᠠᠨ ᠤ ᠳᠠᠷᠠᠭ᠎ᠠ ᠬᠡᠷᠡᠭᠵᠢᠬᠦᠯᠦᠯᠲᠡ ᠶᠢᠨ ᠲᠦᠰᠦᠯ ᠶᠤᠰᠤᠭᠠᠷ ᠡᠬᠦᠯᠳᠡᠷ ᠪᠤᠶᠢᠵᠢᠭᠤᠯᠬᠤ ᠠᠵᠢᠯ ᠢᠶᠠᠨ ᠡᠬᠢᠯᠡᠬᠦᠯᠬᠦ ᠬᠡᠷᠡᠭᠲᠡᠢ᠃ | 9. ᠠᠯᠠᠰᠢᠨ ᠦᠬᠡᠷ ᠤᠨ ᠭᠠᠷ ᠬᠡᠬᠡᠯᠳᠦᠬᠦᠯᠭᠡ᠃ ᠰᠠᠶᠢᠨ ᠡᠬᠦᠯᠳᠡᠷ ᠤᠨ ᠭᠠᠷ ᠬᠡᠬᠡᠯᠳᠦᠬᠦᠯᠭᠡ ᠦᠷᠨᠢᠬᠦᠯᠦᠭᠰᠡᠨ ᠠᠯᠠᠰᠢᠨ ᠦᠭᠡᠷ ᠤᠨ ᠲᠡᠵᠢᠭᠡᠪᠦᠷᠢ ᠶᠢᠨ | ᠲᠠᠯᠠᠪᠠᠢ ︵ᠡᠷᠦᠬᠡ︶ ᠶᠢᠨ ᠲᠤᠭᠤᠯ ᠪᠤᠯᠭᠠᠨ ᠢ ᠰᠢᠯᠭᠠᠨ ᠦᠵᠡᠭᠡᠳ ᠬᠢᠷᠢ ᠲᠡᠩᠴᠡᠭᠰᠡᠨ ᠳᠤ ᠨᠢ 100 ᠲᠦᠬᠦᠷᠢᠭ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ 10000 ᠲᠤᠯᠤᠭᠠᠢ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠯᠠᠰᠢᠨ ᠦᠭᠡᠷ ᠤᠨ ᠭᠠᠷ ᠬᠡᠬᠡᠯᠳᠦᠬᠦᠯᠭᠡ ᠶᠢᠨ ᠠᠵᠢᠯᠲᠠᠨ ᠡᠷᠬᠡᠪᠰᠢ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠠᠷ ᠬᠢᠨᠠᠨ ᠲᠤᠭᠲᠠᠭᠠᠯᠭᠠᠵᠤ | ᠳᠠᠩᠰᠠᠯᠠᠭᠤᠯᠤᠭᠰᠠ ᠤ ᠬᠠᠮᠲᠤ ᠭᠡᠷ᠎ᠡ ᠪᠠᠶᠢᠭᠤᠯᠵᠤ᠂ ᠡᠭᠦᠯᠳᠡᠷ ᠪᠣᠶᠢᠵᠢᠭᠤᠯᠬᠤ ᠳᠤ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠦᠨ᠎ᠡ ᠲᠦᠯᠦᠪᠦᠷᠢ ᠦᠭᠡᠢ | ᠪᠠᠷ ᠬᠠᠩᠭᠠᠭᠰᠠᠨ ᠠᠩᠭᠧᠰ ᠦᠬᠡᠷ᠂ ᠰᠢᠮᠧᠨ᠋ᠳᠡᠷ ᠦᠬᠡᠷ ᠵᠡᠷᠭᠡ ᠰᠢᠯᠢᠳᠡᠭ ᠠᠯᠠᠰᠢᠨ ᠦᠬᠡᠷ ᠤᠨ ᠢᠴᠡᠭᠡᠮᠡᠯ ᠦᠷ᠎ᠡ ᠶᠢᠨ ᠰᠢᠩᠭᠡᠨ ᠢ ᠨᠢᠭᠡᠳᠦᠯᠲᠡᠢ ᠬᠡᠷᠡᠭᠯᠡᠬᠦ ᠬᠡᠷᠡᠭᠲᠡᠢ | ᠃ | ② ᠬᠡᠬᠡᠯᠳᠦᠬᠦᠯᠦᠭᠰᠡᠨ ᠦᠨᠢᠶ᠎ᠡ᠂ ᠲᠤᠭᠤᠯᠯᠠᠭᠰᠠᠨ ᠲᠤᠭᠤᠯ ᠳᠤ ᠡᠷᠬᠡᠪᠰᠢ ᠨᠢᠭᠡᠳᠦᠯᠲᠡᠢ ᠴᠢᠬᠢᠨ ᠲᠡᠮᠲᠡᠭ ᠣᠷᠣᠭᠤᠯᠣᠨ᠂ ᠲᠡᠵᠢᠭᠡᠪᠦᠷᠢ ᠶᠢᠨ ᠡᠷᠦᠬᠡ | ᠬᠡᠬᠡᠯᠳᠦᠬᠦᠯᠦᠭᠰᠡᠨ᠂ ᠲᠤᠭᠤᠯᠯᠠᠭᠰᠠᠨ ᠲᠡᠮᠲᠡᠭᠯᠡᠯ ᠢᠶᠠᠨ ᠦᠯᠡᠳᠡᠭᠡᠵᠦ᠂ ᠪᠠᠯᠭᠠᠰᠣᠨ ᠤ ᠵᠠᠰᠠᠭ ᠤᠨ ᠣᠷᠳᠣᠨ ᠠᠴᠠ ᠬᠢᠨᠠᠨ ᠲᠤᠭᠲᠠᠭᠠᠵᠤ ᠡᠮᠬᠢᠳᠬᠡᠭᠰᠡᠨ ᠤ ᠳᠠᠷᠠᠭ᠎ᠠ | ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠵᠦ ᠰᠢᠯᠭᠠᠨ ᠬᠤᠷᠢᠶᠠᠬᠤ ᠶᠢ ᠭᠤᠶᠤᠴᠢᠯᠠᠬᠤ ᠬᠡᠷᠡᠭᠲᠡᠢ᠃ | ︵3︶ ᠰᠢᠯᠭᠠᠨ ᠬᠤᠷᠢᠶᠠᠬᠤ ᠠᠷᠭ᠎ᠠ᠄ | ① ᠪᠠᠯᠭᠠᠰᠣᠨ ᠤ ᠵᠠᠰᠠᠭ ᠤᠨ ᠣᠷᠳᠣᠨ ᠠᠴᠠ 50% ᠶᠢᠨ ᠲᠦᠷᠦᠯ ᠵᠦᠢᠯ ᠤᠨ ᠡᠷᠦᠬᠡ ᠳᠤ ᠲᠤᠬᠠᠢ ᠶᠢᠨ ᠲᠡᠯᠡᠪᠡᠢ ᠳᠤ ᠰᠢᠯᠭᠠᠨ ᠦᠵᠡᠬᠦ ᠶᠢ | ᠪᠡᠶᠡᠯᠡᠬᠦᠯᠦᠨ᠎ᠡ︔ | ② ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ 25% ᠶᠢᠨ ᠰᠢᠯᠭᠠᠨ ᠦᠵᠡᠭᠰᠡᠨ ᠦᠭᠡᠢ ᠲᠦᠷᠦᠯ ᠵᠦᠢᠯ ᠤᠨ ᠡᠷᠦᠬᠡ ᠶᠢ ᠰᠣᠩᠭᠤᠨ ᠲᠤᠬᠠᠢ ᠶᠢᠨ | ᠲᠡᠯᠡᠪᠡᠢ ᠳᠤ ᠰᠢᠯᠭᠠᠨ ᠬᠤᠷᠢᠶᠠᠵᠦ᠂ ᠪᠠᠯᠭᠠᠰᠣᠨ ᠤ ᠵᠠᠰᠠᠭ ᠤᠨ ᠣᠷᠳᠣᠨ ᠠᠴᠠ ᠰᠢᠯᠭᠠᠨ ᠦᠵᠡᠭᠰᠡᠨ 10% ᠶᠢᠨ ᠲᠦᠷᠦᠯ ᠵᠦᠢᠯ ᠤᠨ ᠡᠷᠦᠬᠡ ᠶᠢ ᠰᠤᠩᠭᠤᠨ | ᠲᠤᠬᠠᠢ ᠶᠢᠨ ᠲᠡᠯᠡᠪᠡᠢ ᠳᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2022 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 6 —— 9 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ | ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ 15804774318︶᠃ | ︵ᠭᠤᠷᠪᠠ︶ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠤᠭᠴᠠ ᠢ ᠪᠣᠶᠢᠵᠢᠭᠤᠯᠵᠣ᠂ ᠦᠢᠯᠡᠳᠪᠦᠷᠢᠯᠡᠯ ᠡᠵᠡᠩᠨᠡᠯᠲᠡ ᠶᠢᠨ ᠴᠢᠳᠠᠪᠤᠷᠢ ᠶᠢ | ᠳᠡᠭᠡᠭᠰᠢᠯᠡᠬᠦᠯᠦᠨ᠎ᠡ | 10. ᠡᠳ᠋ᠰᠢᠬᠦᠯᠬᠦ ᠠᠵᠤ ᠠᠬᠤᠶᠢᠯᠠᠯ ᠤᠨ ᠪᠣᠶᠢᠵᠢᠭᠤᠯᠣᠯᠲᠠ᠃ ᠰᠢᠨ᠎ᠡ ᠪᠠᠷ ᠪᠠᠶᠢᠭᠤᠯᠤᠭᠰᠠᠨ ᠢᠳᠡᠰᠢᠨ ᠨᠤᠭᠤᠭ᠎ᠠ᠂ ᠵᠢᠮᠢᠰ ᠡᠳ᠋ᠰᠢᠬᠦᠯᠬᠦ ︵ᠣᠰᠣ | ᠦᠭᠡᠶᠢᠳᠡᠬᠦᠯᠬᠦ᠂ ᠳᠠᠪᠤᠰᠤᠯᠠᠨ ᠢᠰᠬᠡᠬᠦ᠂ ᠰᠢᠬᠦᠰᠦ ᠰᠢᠬᠠᠬᠤ ᠵᠡᠷᠭᠡ︶᠂ ᠡᠯᠳᠡᠪ ᠠᠮᠤ ᠪᠣᠯᠪᠠᠰᠣᠷᠠᠭᠤᠯᠬᠤ ︵ᠰᠢᠯᠢᠨ ᠰᠣᠩᠭᠤᠬᠤ᠂ ᠪᠣᠭᠤᠳᠠᠯᠯᠠᠬᠤ︶ ᠪᠠ ᠮᠠᠯ ᠤᠨ | ᠠᠰᠢᠭ ᠰᠢᠮ᠎ᠡ ᠪᠣᠯᠪᠠᠰᠣᠷᠠᠭᠤᠯᠬᠤ ︵ᠬᠡᠰᠡᠭᠯᠡᠬᠦ᠂ ᠪᠣᠭᠤᠳᠠᠯᠯᠠᠬᠤ︶ ᠠᠵᠤ ᠠᠬᠤᠶᠢᠯᠠᠯ ᠵᠢᠴᠢ ᠬᠠᠮᠲᠤᠷᠠᠯ ᠬᠤᠷᠰᠢᠶ᠎ᠠ ᠳᠤ ᠱᠠᠩᠨᠠᠯ ᠢᠶᠠᠷ ᠨᠦᠬᠦᠪᠦᠷᠢᠯᠡᠬᠦ ᠬᠡᠯᠪᠡᠷᠢ ᠪᠠᠷ | ᠵᠣᠬᠢᠬᠤ ᠪᠡᠯᠡ ᠮᠦᠩᠭᠦ ᠣᠯᠭᠤᠵᠣ᠂ ᠦᠢᠯᠡᠳᠪᠦᠷᠢᠯᠡᠯ ᠤᠨ ᠳᠦᠬᠦᠭᠡᠷᠦᠮᠵᠢ ᠬᠤᠳᠠᠯᠳᠣᠨᠨ ᠠᠪᠬᠤ ᠶᠢ ᠳᠡᠮᠵᠢᠨ᠂ ᠳᠦᠬᠦᠭᠡᠷᠦᠮᠵᠢ ᠬᠤᠳᠠᠯᠳᠣᠨ ᠠᠪᠬᠤ ᠵᠠᠷᠤᠳᠠᠯ ᠤᠨ | 30% ᠶᠢᠨ ᠪᠠᠷᠢᠮᠵᠢᠶ᠎ᠠ ᠶᠤᠰᠤᠭᠠᠷ ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ 2 ᠠᠵᠤ ᠠᠬᠤᠶᠢᠯᠠᠯ ᠢ ᠪᠣᠶᠢᠵᠢᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ ᠵᠦᠢᠯ ᠤᠨ ᠪᠠᠶᠢᠭᠤᠯᠤᠯᠲᠠ ᠶᠢᠨ ᠲᠦᠰᠦᠯ ᠪᠠ ᠲᠦᠬᠦᠭᠡᠷᠦᠮᠵᠢᠲᠦ | ᠲᠠᠷᠢᠶᠠᠯᠠᠩ ᠤᠨ ᠭᠠᠵᠠᠷ ᠤᠨ ᠬᠠᠮᠢᠶ᠎ᠠ ᠪᠦᠬᠦᠢ ᠭᠠᠷᠳᠠᠮ ᠬᠦᠢᠴᠡᠳᠬᠡᠯ ᠢᠶᠠᠨ ᠬᠠᠩᠭᠠᠵᠤ᠂ ᠪᠠᠶᠢᠭᠤᠯᠤᠯᠲᠠ ᠶᠢᠨ ᠲᠦᠰᠦᠯ ᠤᠨ ᠠᠭᠤᠯᠭ᠎ᠠ ᠳᠤ ᠪᠠᠶᠢᠭᠤᠯᠤᠯᠲᠠ ᠶᠢᠨ | ᠭᠠᠵᠠᠷ᠂ ᠪᠠᠶᠢᠭᠤᠯᠤᠯᠲᠠ ᠶᠢᠨ ᠬᠡᠪᠴᠢᠶ᠎ᠡ᠂ ᠪᠠᠶᠢᠭᠤᠯᠤᠯᠲᠠ ᠶᠢᠨ ᠪᠠᠷᠢᠮᠵᠢᠶ᠎ᠠ᠂ ᠪᠡᠯᠡ ᠮᠦᠩᠭᠦᠨ ᠤ ᠲᠤᠶᠢᠮᠤ ᠲᠦᠰᠦᠪ᠂ ᠠᠬᠢᠴᠠ ᠶᠢᠨ ᠲᠤᠬᠢᠷᠠᠭᠤᠯᠤᠯᠲᠠ᠂ ᠬᠦᠬᠡ | ᠵᠢᠷᠤᠭ᠂ GPS ᠪᠠᠶᠢᠷᠢᠰᠢᠯ ᠤᠨ ᠴᠡᠭ ᠵᠡᠷᠭᠡ ᠶᠢ ᠪᠠᠭᠲᠠᠭᠠᠨ᠂ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠶᠢᠨ ᠬᠢᠨᠠᠨ ᠲᠤᠭᠲᠠᠭᠠᠯ ᠢᠶᠠᠷ ᠳᠠᠮᠵᠢᠭᠰᠠᠨ ᠲᠦᠷᠦᠯ | ᠵᠦᠢᠯ ᠤᠨ ᠪᠠᠶᠢᠭᠤᠯᠤᠯᠲᠠ ᠶᠢᠨ ᠲᠦᠰᠦᠯ ᠢᠶᠠᠷ ᠲᠦᠷᠦᠯ ᠵᠦᠢᠯ ᠤᠨ ᠬᠠᠮᠤᠭ ᠡᠴᠦᠰ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠪᠤᠯᠭᠠᠨ᠎ᠠ︔ | ② ᠲᠦᠷᠦᠯ ᠵᠦᠢᠯ ᠤᠨ ᠪᠠᠶᠢᠭᠤᠯᠤᠯᠲᠠ ᠶᠢ ᠳᠠᠭᠤᠰᠬᠠᠭᠰᠠᠨ ᠤ ᠳᠠᠷᠠᠭ᠎ᠠ᠂ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠭᠤᠤᠯ ᠴᠤᠭᠴᠠ ᠠᠴᠠ ᠲᠦᠷᠦᠯ | ᠵᠦᠢᠯ ᠤᠨ ᠦᠨᠡᠯᠡᠯᠲᠡ ᠶᠢᠨ ᠮᠡᠳᠡᠭᠦᠯᠦᠯᠲᠡ᠂ ᠬᠦᠴᠦᠨ ᠲᠠᠢ ᠪᠠᠷᠢᠮᠲᠠ ᠵᠡᠷᠭᠡ ᠭᠡᠷᠡᠴᠢ ᠮᠡᠲ᠋ᠧᠷᠢᠶᠡᠯ ᠢᠶᠠᠨ ᠬᠠᠩᠭᠠᠨ᠎ᠠ᠃ ᠪᠠᠯᠭᠠᠰᠣᠨ ᠤ ᠵᠠᠰᠠᠭ ᠤᠨ ᠣᠷᠳᠣᠨ ᠠᠴᠠ | ᠬᠢᠨᠠᠨ ᠬᠠᠷᠭᠤᠭᠤᠯᠤᠭᠠᠳ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠮᠡᠳᠡᠬᠦᠯᠦᠨ ᠳᠠᠩᠰᠠᠯᠠᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠵᠤ᠂ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 3. ᠬᠠᠮᠲᠤᠷᠠᠯ ᠬᠤᠷᠰᠢᠶ᠎ᠠ ᠶᠢᠨ ᠪᠣᠶᠢᠵᠢᠭᠤᠯᠣᠯᠲᠠ᠃ ᠪᠠᠷᠢᠮᠵᠢᠶᠠᠲᠤ ᠦᠢᠯᠡᠳᠪᠦᠷᠢᠯᠡᠯ᠂ ᠨᠢᠭᠡᠳᠦᠯᠲᠡᠢ ᠦᠢᠯᠡᠴᠢᠯᠡᠭᠡ ᠲᠠᠢ᠂ ᠨᠢᠭᠡᠳᠦᠯᠲᠡᠢ ᠪᠠᠷ | ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠲᠠᠢ ᠨᠢᠭᠲᠠ ᠬᠠᠷᠢᠴᠠᠭ᠎ᠠ ᠲᠠᠢ ᠠᠰᠢᠭ ᠲᠤᠰᠠ ᠶᠢᠨ ᠬᠤᠯᠪᠤᠭᠠᠲᠤ ᠴᠤᠭᠴᠠ ᠶᠢᠨ ᠬᠠᠮᠲᠤᠷᠠᠯ | ᠬᠤᠷᠰᠢᠶ᠎ᠠ ᠶᠢ ᠨᠢᠭᠡᠳᠦᠯᠲᠡᠢ ᠵᠤᠬᠢᠶᠠᠨ ᠪᠠᠶᠢᠭᠤᠯᠪᠠᠯ᠂ ᠨᠢᠭᠡᠯᠡ ᠣᠳᠠᠭ᠎ᠠ ᠪᠠᠷ 30 ᠲᠦᠮᠡᠨ ᠲᠦᠬᠦᠷᠢᠭ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠡᠭᠦᠷᠭᠡ᠄ 2 ᠬᠠᠮᠲᠤᠷᠠᠯ ᠬᠤᠷᠰᠢᠶ᠎ᠠ ᠶᠢ ᠪᠣᠶᠢᠵᠢᠭᠤᠯᠣᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠳᠠᠭ ᠲᠠᠭᠠᠨ 1 ᠣᠲᠤᠭ ᠤᠨ ᠡᠮᠦᠨᠡᠲᠦ ᠬᠤᠰᠢᠭᠤᠨ ᠤ ᠮᠠᠯ ᠤᠨ ᠡᠷᠬᠡ ᠣᠯᠭᠤᠯᠲᠠ ᠶᠢᠨ ᠠᠵᠣ ᠠᠬᠤᠶᠢᠯᠠᠯ ᠪᠣᠶᠣ ᠬᠤᠲᠠ ᠶᠢᠨ ᠲᠡᠰ ᠠᠴᠠ | ᠳᠡᠭᠡᠭᠰᠢᠬᠢ ᠠᠯᠠᠰᠢᠨ ᠦᠬᠡᠷ᠂ ᠢᠳᠡᠰᠢᠨ ᠨᠣᠭᠤᠭᠠᠨ ᠤ ᠠᠵᠣ ᠦᠢᠯᠡᠰᠴᠢᠯᠡᠭᠰᠡᠨ ᠲᠤᠯᠤᠭᠠᠶᠢᠯᠠᠭᠴᠢ ᠠᠵᠣ ᠠᠬᠤᠶᠢᠯᠠᠯ ᠲᠠᠢ ᠨᠢᠭᠲᠠ ᠬᠠᠷᠢᠴᠠᠭ᠎ᠠ ᠲᠠᠢ ᠠᠰᠢᠭ | ᠲᠤᠰᠠ ᠶᠢᠨ ᠬᠤᠯᠪᠤᠭᠠᠲᠤ ᠲᠤᠭᠲᠠᠴᠠ ᠶᠢ ᠪᠠᠶᠢᠭᠤᠯᠬᠤ ᠶᠢᠨ ᠬᠠᠮᠲᠤ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠤ ᠬᠢᠨᠠᠨ ᠬᠠᠷᠭᠤᠭᠤᠯᠤᠯᠲᠠ ᠪᠠᠷ ᠳᠠᠮᠵᠢᠭᠰᠠᠨ | ᠬᠠᠮᠲᠤᠷᠠᠯᠴᠠᠭᠠᠨ ᠤ ᠵᠦᠪᠯᠡᠯᠴᠡᠭᠡᠷ ᠲᠤᠭᠲᠠᠭᠠᠨ᠂ ᠵᠦᠪᠯᠡᠯᠴᠡᠭᠡᠷ ᠲᠤ ᠮᠠᠯ ᠲᠠᠷᠢᠶᠠᠯᠠᠩ ᠤᠨ ᠠᠵᠤ ᠦᠢᠯᠡᠰ ᠤᠨ ᠪᠦᠬᠦ ᠶᠠᠪᠤᠴᠠ ᠶᠢᠨ ᠦᠢᠯᠡᠳᠪᠦᠷᠢᠯᠡᠯ ᠤᠨ | ᠮᠡᠷᠭᠡᠵᠢᠯ ᠤᠨ ᠪᠠᠷᠢᠮᠵᠢᠶ᠎ᠠ᠂ ᠦᠢᠯᠡᠳᠪᠦᠷᠢᠯᠡᠯ ᠤᠨ ᠡᠮᠦᠨ᠎ᠡ᠂ ᠳᠣᠮᠳᠠ᠂ ᠬᠤᠶᠢᠨ᠎ᠠ ᠭᠤᠭᠴᠣᠭᠠᠨ ᠤ ᠮᠡᠷᠭᠡᠵᠢᠯ ᠤᠨ ᠦᠢᠯᠡᠴᠢᠯᠡᠭᠡ ᠵᠡᠷᠭᠡ ᠠᠭᠤᠯᠭ᠎ᠠ ᠶᠢ ᠪᠠᠭᠲᠠᠭᠠᠬᠤ | ᠬᠡᠷᠡᠭᠲᠡᠢ︔ | ② ᠬᠠᠮᠲᠤᠷᠠᠯ ᠬᠤᠷᠰᠢᠶ᠎ᠠ ᠪᠤᠯᠤᠨ ᠮᠠᠯᠴᠢᠨ ᠲᠠᠷᠢᠶᠠᠴᠢᠨ ᠡᠷᠦᠬᠡ ᠪᠠᠯᠭᠠᠰᠣᠨ ᠤ ᠵᠠᠰᠠᠭ ᠤᠨ ᠣᠷᠳᠣᠨ ᠤ ᠬᠢᠨᠠᠨ ᠬᠠᠷᠭᠤᠭᠤᠯᠤᠯᠲᠠ᠂ ᠬᠤᠰᠢᠭᠤ ᠮᠠᠯ | ᠲᠠᠷᠢᠶᠠᠯᠠᠩ ᠤᠨ ᠲᠤᠪᠴᠢᠶᠠᠨ ᠤ ᠳᠠᠩᠰᠠᠯᠠᠯᠲᠠ ᠲᠠᠢ ᠬᠠᠮᠲᠤᠷᠠᠯᠴᠠᠭᠠᠨ ᠤ ᠵᠦᠪᠯᠡᠯᠴᠡᠭᠡᠷ ᠪᠠᠶᠢᠭᠤᠯᠵᠤ᠂ ᠵᠦᠪᠯᠡᠯᠴᠡᠭᠡᠷ ᠲᠤ ᠨᠢᠭᠡᠳᠦᠯᠲᠡᠢ ᠲᠠᠷᠢᠵᠦ ᠲᠡᠵᠢᠬᠡᠬᠦ | ᠲᠦᠯᠦᠪᠵᠢᠬᠦᠯᠭᠡ᠂ ᠨᠢᠭᠡᠳᠦᠯᠲᠡᠢ ᠦᠢᠯᠡᠳᠪᠦᠷᠢᠯᠡᠯ ᠤᠨ ᠪᠠᠷᠢᠮᠵᠢᠶ᠎ᠠ᠂ ᠨᠢᠭᠡᠳᠦᠯᠲᠡᠢ ᠪᠤᠯᠪᠠᠰᠣᠷᠠᠭᠤᠯᠤᠯᠲᠠ᠂ ᠨᠢᠭᠡᠳᠦᠯᠲᠡᠢ ᠪᠣᠷᠣᠯᠠᠭᠤᠯᠭ᠎ᠠ ᠵᠡᠷᠭᠡ ᠠᠭᠤᠯᠭ᠎ᠠ ᠶᠢ | ᠪᠠᠭᠲᠠᠭᠠᠨ᠂ ᠠᠯᠠᠰᠢᠨ ᠮᠠᠯ ᠤᠨ ᠦᠢᠯᠡᠳᠪᠦᠷᠢᠡᠯᠯ ᠤᠨ ᠬᠡᠪᠴᠢᠶ᠎ᠠ ᠶᠢ 3000 ᠲᠤᠯᠤᠭᠠᠢ᠂ ᠠᠯᠠᠰᠢᠨ ᠦᠭᠡᠷ ᠤᠨ ᠦᠢᠯᠡᠳᠪᠦᠷᠢᠯᠡᠯ ᠤᠨ ᠬᠡᠪᠴᠢᠶ᠎ᠡ ᠶᠢ 800 | ᠲᠤᠯᠤᠭᠠᠢ᠂ ᠢᠳᠡᠰᠢᠨ ᠨᠣᠭᠤᠭᠠᠨ ᠤ ᠲᠠᠷᠢᠮᠠᠯ ᠤᠨ ᠲᠡᠯᠡᠪᠡᠢ ᠶᠢ 2000 ᠮᠣ᠋ ᠠᠴᠠ ᠳᠠᠪᠠᠭᠤᠯᠬᠤ ᠶᠢ ᠱᠠᠭᠠᠷᠳᠠᠨ᠎ᠠ︔ | ③ ᠤᠬᠠᠭᠤᠯᠬᠤ᠂ ᠳᠠᠭᠤᠷᠢᠶᠠᠬᠤ᠂ ᠲᠦᠬᠡᠮᠡᠯᠵᠢᠬᠦᠯᠬᠦ ︽ᠠᠵᠤ ᠠᠬᠤᠶᠢᠯᠠᠯ + ᠬᠤᠷᠰᠢᠶ᠎ᠠ+ ᠮᠠᠯᠴᠢᠨ ᠲᠠᠷᠢᠶᠠᠴᠢᠳ︾ ᠤᠨ ᠠᠰᠢᠭ ᠲᠤᠰᠠ ᠶᠢᠨ | ᠬᠤᠯᠪᠤᠭᠠᠲᠤ ᠲᠤᠭᠲᠠᠴᠠ ᠶᠢᠨ ᠨᠡᠶᠢᠲᠡᠯᠢᠭ ᠵᠠᠭᠪᠤᠷ ᠢ ᠪᠦᠷᠢᠯᠳᠦᠬᠦᠯᠵᠦ᠂ ᠠᠵᠤ ᠠᠬᠤᠶᠢᠯᠠᠯ ᠪᠠᠷᠢᠮᠵᠢᠶ᠎ᠠ ᠲᠤᠭᠲᠠᠭᠠᠵᠤ ᠵᠢᠱᠢᠶ᠎ᠡ ᠦᠵᠡᠬᠦᠯᠦᠨ ᠵᠠᠬ᠎ᠠ ᠳᠡᠯᠭᠡᠭᠦᠷ | ᠨᠡᠭᠡᠭᠡᠬᠦ ᠶᠢ ᠪᠡᠶᠡᠯᠡᠬᠦᠯᠦᠨ᠂ ᠬᠠᠮᠲᠤᠷᠠᠯ ᠬᠤᠷᠰᠢᠶ᠎ᠠ ᠠᠴᠠ ᠠᠵᠤ ᠠᠬᠤᠶᠢᠯᠠᠯ ᠲᠠᠢ ᠬᠠᠷᠢᠯᠴᠠᠨ ᠮᠠᠯᠴᠢᠨ ᠲᠠᠷᠢᠶᠠᠴᠢᠨ ᠳᠤ ᠦᠢᠯᠡᠴᠢᠯᠡᠵᠦ᠂ ᠬᠢᠨᠠᠯᠲᠠ ᠬᠠᠮᠢᠶᠠᠷᠤᠯᠲᠠ | ᠶᠢ ᠠᠳᠬᠤᠨ᠂ ᠮᠠᠯᠴᠢᠨ ᠲᠠᠷᠢᠶᠠᠴᠢᠨ ᠢ ᠵᠤᠬᠢᠶᠠᠨ ᠪᠠᠶᠢᠭᠤᠯᠵᠤ ᠪᠠᠷᠢᠮᠵᠢᠶ᠎ᠠ ᠲᠤᠭᠲᠠᠭᠠᠨ ᠪᠦᠲᠦᠭᠡᠭᠳᠡᠬᠦᠨ ᠦᠢᠯᠡᠳᠪᠦᠷᠢᠯᠡᠵᠦ ᠰᠠᠭᠤᠷᠢᠨ ᠭᠠᠵᠠᠷ ᠢ ᠪᠠᠶᠢᠭᠤᠯᠤᠨ᠎ᠠ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠵᠤ᠂ ᠬᠠᠮᠲᠤᠷᠠᠯᠴᠠᠭᠠᠨ ᠤ ᠵᠦᠪᠯᠡᠯᠴᠡᠭᠡᠷ ᠪᠠ ᠭᠡᠷ᠎ᠡ ᠶᠢᠨ ᠠᠭᠤᠯᠭ᠎ᠠ ᠶᠢ ᠦᠨᠳᠦᠰᠦᠯᠡᠵᠦ ᠨᠠᠶᠢᠲᠠᠪᠤᠷᠢᠵᠢᠭᠤᠯᠤᠯᠲᠠ ᠶᠢᠨ ᠪᠠᠶᠢᠳᠠᠯ | ᠢ ᠪᠠᠶᠢᠴᠠᠭᠠᠨ᠂ ᠬᠠᠮᠲᠤᠷᠠᠯᠴᠠᠭᠠᠨ ᠤ ᠠᠵᠤ ᠠᠬᠤᠶᠢᠯᠠᠯ ᠪᠤᠯᠤᠨ 50% ᠶᠢᠨ ᠬᠠᠮᠲᠤᠷᠠᠯᠴᠠᠭᠠᠨ ᠤ ᠮᠠᠯᠴᠢᠨ ᠲᠠᠷᠢᠶᠠᠴᠢᠨ ᠡᠷᠦᠬᠡ ᠳᠤ ᠲᠤᠬᠠᠢ ᠶᠢᠨ ᠭᠠᠵᠠᠷ ᠲᠤ ᠨᠢ | ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | 10 —— 11 ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ | ᠤ ᠬᠠᠮᠲᠤᠷᠠᠯᠴᠠᠭᠠᠨ ᠤ ᠠᠵᠤ ᠠᠬᠤᠢ ᠪᠠ ᠠᠵᠤ ᠦᠢᠯᠡᠰ ᠤᠨ ᠬᠦᠭᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠪᠣᠯᠠᠭ᠂ ᠬᠠᠷᠢᠯᠴᠠᠬᠤ ᠤᠲᠠᠰᠣ᠄ | 13947711166︶᠃ | ︵ᠳᠦᠷᠪᠡ︶ ᠨᠡᠷᠡᠲᠦ ᠲᠡᠮᠲᠡᠭ ᠤᠨ ᠪᠣᠶᠢᠵᠢᠭᠤᠯᠤᠯᠲᠠ ᠶᠢᠨ ᠬᠦᠴᠦᠯᠡᠴᠡ ᠪᠠᠨ ᠴᠢᠩᠭᠠᠳᠬᠠᠵᠤ᠂ ᠪᠦᠲᠦᠭᠡᠭᠳᠡᠬᠦᠨ ᠤ ᠦᠷᠢᠰᠦᠯᠳᠦᠬᠦ ᠬᠦᠴᠦᠨ ᠢ | ᠳᠡᠭᠡᠭᠰᠢᠯᠡᠬᠦᠯᠦᠨ᠎ᠡ | 12. ᠨᠡᠷᠡᠲᠦ ᠲᠡᠮᠲᠡᠭ ᠤᠨ ᠴᠤᠭᠴᠠᠯᠠᠯᠲᠠ᠃ ᠠᠵᠤ ᠠᠬᠤᠶᠢᠯᠠᠯ᠂ ᠨᠡᠶᠢᠬᠡᠮᠯᠢᠭ᠂ ᠲᠤᠰᠬᠠᠢ ᠬᠠᠮᠲᠤᠷᠠᠯ ᠬᠤᠷᠰᠢᠶ᠎ᠠ ᠵᠡᠷᠭᠡ ᠶᠢ ᠳᠡᠮᠵᠢᠨ ᠢᠳᠡᠰᠢᠨ ᠨᠤᠭᠤᠭ᠎ᠠ | ᠪᠣᠯᠣᠨ ᠡᠯᠳᠡᠪ ᠠᠮᠤ ᠶᠢᠨ ᠨᠡᠷᠡᠲᠦ ᠲᠡᠮᠲᠡᠭ ᠢ ᠴᠤᠭᠴᠠᠯᠠᠨ᠎ᠠ᠃ 1 ᠪᠣᠬᠢᠷᠳᠣᠯ ᠦᠭᠡᠢ ᠢᠳᠡᠭᠡᠨ ᠬᠡᠷᠡᠴᠢᠯᠡᠬᠦᠯᠪᠡᠯ 3 ᠲᠦᠮᠡᠨ ᠲᠦᠬᠦᠷᠢᠭ ᠬᠦᠬᠢᠬᠦᠯᠦᠨ᠂ ᠣᠷᠭᠠᠨᠢᠭ | ᠢᠳᠡᠭᠡᠨ ᠬᠡᠷᠡᠴᠢᠯᠡᠬᠦᠯᠪᠡᠯ 5 ᠲᠦᠮᠡᠨ ᠲᠦᠬᠦᠷᠢᠭ ᠬᠦᠬᠢᠬᠦᠯᠦᠨ᠎ᠡ︔ 1 ᠨᠡᠷᠡᠲᠦ ᠣᠨᠴᠠ ᠰᠢᠯᠢᠳᠡᠭ ᠰᠢᠨ᠎ᠡ ᠮᠠᠯ ᠲᠠᠷᠢᠶᠠᠯᠠᠩ ᠤᠨ ᠪᠦᠲᠦᠭᠡᠭᠳᠡᠬᠦᠨ ᠳᠠᠩᠰᠠᠯᠠᠭᠤᠯᠪᠠᠯ | 2 ᠲᠦᠮᠡᠨ ᠲᠦᠬᠦᠷᠢᠭ ᠬᠦᠬᠢᠬᠦᠯᠵᠦ᠂ 1 ᠮᠠᠯ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠲᠡᠮᠲᠡᠭᠲᠦ ᠪᠦᠲᠦᠭᠡᠭᠳᠡᠬᠦᠨ ᠳᠠᠩᠰᠠᠯᠠᠭᠤᠯᠤᠨ ᠬᠠᠮᠠᠭᠠᠯᠠᠪᠠᠯ | 20 ᠲᠦᠮᠡᠨ ᠲᠦᠬᠦᠷᠢᠭ ᠬᠦᠬᠢᠬᠦᠯᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ ︽ᠪᠣᠬᠢᠷᠳᠣᠯ ᠦᠭᠡᠢ ᠣᠷᠭᠠᠨᠢᠭ ᠭᠠᠵᠠᠷ ᠵᠦᠢ ᠶᠢᠨ ᠲᠡᠮᠲᠡᠭᠲᠦ ᠮᠠᠯ ᠲᠠᠷᠢᠶᠠᠯᠠᠩ ᠤᠨ ᠰᠢᠯᠢᠳᠡᠭ ᠪᠦᠲᠦᠭᠡᠭᠳᠡᠬᠦᠨ︾ | ᠢ ᠰᠢᠨ᠎ᠡ ᠪᠠᠷ 10 ᠪᠣᠶᠢᠵᠢᠭᠤᠯᠤᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠣᠲᠤᠭ ᠤᠨ ᠡᠮᠦᠨᠡᠲᠦ ᠬᠤᠰᠢᠭᠤᠨ ᠳᠤ ᠳᠠᠩᠰᠠᠯᠠᠭᠤᠯᠤᠭᠰᠠᠨ ᠮᠠᠯ ᠲᠠᠷᠢᠶᠠᠯᠠᠩ ᠤᠨ ᠪᠦᠲᠦᠭᠡᠭᠳᠡᠬᠦᠨ ᠤ | ᠦᠢᠯᠡᠳᠪᠦᠷᠢᠯᠡᠯ᠂ ᠪᠤᠯᠪᠠᠰᠣᠷᠠᠭᠤᠯᠤᠯᠲᠠ᠂ ᠡᠵᠡᠩᠨᠡᠯᠲᠡ ᠶᠢᠨ ᠠᠵᠤ ᠠᠬᠤᠶᠢᠯᠠᠯ᠂ ᠬᠠᠮᠲᠤᠷᠠᠯ ᠬᠤᠷᠰᠢᠶ᠎ᠠ᠂ ᠭᠡᠷ ᠪᠦᠯᠢ ᠶᠢᠨ ᠮᠠᠯᠵᠢᠯ ᠤᠨ ᠲᠡᠯᠡᠪᠡᠢ ᠬᠠᠮᠢᠶ᠎ᠠ ᠪᠦᠬᠦᠢ | ᠲᠤᠭᠲᠠᠭᠠᠯ ᠶᠤᠰᠤᠭᠠᠷ 2020 ᠣᠨ ᠤ 10 ᠰᠠᠷ᠎ᠠ ᠠᠴᠠ 2021 ᠣᠨ ᠤ 10 ᠰᠠᠷ᠎ᠠ ᠶᠢᠨ ᠬᠤᠭᠤᠴᠠᠭᠠᠨ ᠳᠤ ᠰᠢᠨ᠎ᠡ ᠪᠠᠷ ᠪᠦᠲᠦᠭᠡᠭᠳᠡᠬᠦᠨ ᠤ ᠬᠡᠷᠡᠴᠢᠯᠡᠯ ᠤᠨ | ᠦᠨᠡᠮᠯᠡᠯ ᠣᠯᠣᠭᠰᠠᠨ ᠤ ᠬᠠᠮᠲᠤ ᠭᠠᠵᠠᠷ ᠵᠦᠢ ᠶᠢᠨ ᠲᠡᠮᠲᠡᠭ ᠬᠡᠷᠡᠭᠯᠡᠭᠰᠡᠨ ᠪᠠᠶᠢᠪᠠᠯ᠂ ᠦᠨᠡᠮᠯᠡᠯ ᠤᠨ ᠣᠭ ᠪᠢᠴᠢᠭ ᠮᠡᠲ᠋ᠧᠷᠢᠶᠡᠯ᠂ ᠬᠡᠷᠡᠭᠯᠡᠭᠡᠨ ᠤ ᠲᠡᠮᠲᠡᠭ᠂ | ᠡᠵᠡᠩᠨᠡᠯᠲᠡ ᠶᠢᠨ ᠦᠨᠡᠮᠯᠡᠯ ᠪᠣᠶᠣ ᠨᠡᠶᠢᠬᠡᠮ ᠤᠨ ᠪᠦᠯᠬᠦᠮ ᠤᠨ ᠳᠠᠩᠰᠠᠯᠠᠯᠲᠠ ᠶᠢᠨ ᠦᠨᠡᠮᠯᠡᠯ ᠵᠡᠷᠭᠡ ᠬᠠᠮᠢᠶ᠎ᠠ ᠪᠦᠬᠦᠢ ᠪᠢᠴᠢᠭ ᠮᠡᠲ᠋ᠧᠷᠢᠶᠡᠯ ᠢᠶᠠᠨ ᠬᠠᠩᠭᠠᠬᠤ ᠬᠡᠷᠡᠭᠲᠡᠢ | ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠲᠦᠷᠦᠯ ᠵᠦᠢᠯ ᠤᠨ ᠭᠤᠤᠯ ᠴᠤᠭᠴᠠ ᠶᠢᠨ ᠬᠠᠩᠭᠠᠭᠰᠠᠨ | ᠬᠡᠷᠡᠴᠢ ᠪᠠᠷᠢᠢᠮᠲᠠ ᠪᠢᠴᠢᠭ ᠮᠡᠲ᠋ᠧᠷᠢᠶᠡᠯ ᠢ ᠦᠨᠳᠦᠰᠦᠯᠡᠵᠦ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯ ᠲᠠᠷᠢᠶᠠᠯᠠᠩ ᠤᠨ ᠪᠦᠲᠦᠭᠡᠭᠳᠡᠬᠦᠨ ᠤ ᠶᠠᠰᠣ ᠴᠢᠨᠠᠷ | ᠠᠮᠤᠷ ᠳᠦᠪᠰᠢᠨ ᠢ ᠰᠢᠯᠭᠠᠨ ᠪᠠᠶᠢᠴᠠᠭᠠᠬᠤ ᠦᠷᠲᠡᠭᠡ ︵ᠬᠠᠷᠢᠯᠴᠠᠬᠤ ᠬᠦᠮᠦᠨ᠄ ᠯᠢᠦ ᠰᠢᠶᠠᠩ ᠳ᠋ᠦᠩ᠂ ᠬᠠᠷᠢᠯᠴᠠᠬᠤ ᠣᠲᠠᠰᠣ᠄ 13847759002︶᠃ | 13. ᠨᠡᠷᠡᠲᠦ ᠲᠡᠮᠲᠡᠭ ᠤᠨ ᠲᠦᠭᠡᠮᠡᠯᠵᠢᠬᠦᠯᠦᠯᠲᠡ᠃ 530 ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠲᠦ ᠲᠡᠮᠲᠡᠭ ᠤᠨ | ᠲᠦᠭᠡᠮᠡᠯᠵᠢᠬᠦᠯᠦᠯᠲᠡ ᠶᠢᠨ ᠵᠠᠷᠤᠳᠠᠯ ᠭᠠᠷᠭᠠᠵᠤ᠂ ᠨᠡᠷᠡᠲᠦ ᠲᠡᠮᠲᠡᠭ ᠤᠨ ᠪᠠᠶᠢᠴᠠᠭᠠᠨ ᠰᠣᠳᠣᠯᠣᠯᠲᠠ᠂ ᠲᠦᠯᠦᠪᠵᠢᠬᠦᠯᠭᠡ ᠲᠤᠭᠤᠷᠪᠢᠯᠲᠠ᠂ ᠪᠠᠷᠢᠮᠵᠢᠶ᠎ᠠ | ᠲᠤᠭᠲᠠᠭᠠᠯᠲᠠ᠂ ᠶᠠᠰᠣ ᠴᠢᠨᠠᠷ ᠤᠨ ᠬᠢᠨᠠᠨ ᠬᠠᠮᠢᠶᠠᠷᠤᠯᠲᠠ᠂ ᠪᠠᠷᠠᠭ᠎ᠠ ᠬᠦᠷᠭᠡᠯᠲᠡ᠂ ᠰᠢᠭᠤᠳ ᠨᠡᠪᠲᠡᠷᠡᠬᠦᠯᠬᠡ ᠶᠢᠨ ᠪᠤᠷᠤᠯᠠᠭᠤᠯᠭ᠎ᠠ᠂ ᠤᠬᠠᠭᠤᠯᠤᠯ | ᠲᠦᠬᠡᠮᠡᠯᠵᠢᠬᠦᠯᠦᠯᠲᠡ ᠪᠠ ᠮᠦᠷᠳᠡᠯᠲᠡ ᠶᠢᠨ ᠲᠤᠭᠲᠠᠯᠴᠠᠭᠠᠨ ᠤ ᠪᠠᠶᠢᠭᠤᠯᠤᠯᠲᠠ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ ᠲᠤᠭᠲᠠᠭᠠᠵᠤ ᠳᠠᠷᠤᠮᠠᠯᠯᠠᠨ ᠲᠠᠷᠬᠠᠭᠠᠬᠤ | ᠨᠡᠷᠡᠲᠦ ᠲᠡᠮᠲᠡᠭ ᠤᠨ ᠲᠦᠬᠡᠮᠡᠯᠵᠢᠬᠦᠯᠦᠯᠲᠡ ᠶᠢᠨ ᠲᠦᠰᠦᠯ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠲᠤᠷᠠᠯᠴᠠᠭᠠᠨ ᠤ | ᠠᠵᠤ ᠠᠬᠤᠢ ᠪᠠ ᠠᠵᠤ ᠦᠢᠯᠡᠰ ᠤᠨ ᠬᠦᠭᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠨᠤᠮᠢᠩᠭᠤᠸᠠ᠂ ᠬᠠᠷᠢᠯᠴᠠᠬᠤ ᠤᠲᠠᠰᠣ᠄ | 15847703656︶᠃ | ︵ᠲᠠᠪᠤ︶ ᠬᠦᠴᠦᠨ ᠵᠦᠢᠯ ᠤᠨ ᠪᠠᠲᠤᠯᠠᠭ᠎ᠠ ᠶᠢᠨ ᠲᠤᠭᠲᠠᠯᠴᠠᠭ᠎ᠠ ᠶᠢ ᠲᠡᠬᠦᠯᠳᠡᠷᠵᠢᠬᠦᠯᠵᠦ᠂ ᠠᠵᠤ. ᠦᠢᠯᠡᠰ ᠤᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠬᠦᠯᠦᠨ᠎ᠡ | 14. ᠰᠢᠨᠵᠢᠯᠡᠭᠡ ᠮᠡᠷᠭᠡᠵᠢᠯ ᠲᠦᠭᠡᠮᠡᠯᠵᠢᠬᠦᠯᠬᠦ ᠦᠢᠯᠡᠴᠢᠯᠡᠭᠡ ᠶᠢᠨ ᠰᠢᠨᠡᠴᠢᠯᠡᠯᠲᠡ | ᠨᠢᠭᠡ ᠳᠤ ᠮᠡᠷᠭᠡᠵᠢᠯ ᠲᠦᠬᠡᠮᠡᠯᠵᠢᠬᠦᠯᠬᠦ ᠦᠢᠯᠡᠴᠢᠯᠡᠭᠡ᠃ 385 ᠲᠦᠮᠡᠨ ᠲᠦᠬᠦᠷᠢᠭ ᠤᠨ ᠲᠠᠷᠢᠶᠠᠯᠠᠩ᠂ ᠣᠢ ᠰᠢᠭᠤᠢ᠂ ᠮᠠᠯᠵᠢᠯ ᠤᠨ ᠮᠡᠷᠭᠡᠵᠢᠯ | ᠲᠦᠬᠡᠮᠡᠯᠵᠢᠬᠦᠯᠬᠦ ᠰᠠᠭᠤᠷᠢ ᠮᠦᠩᠭᠦ ᠪᠠᠶᠢᠭᠤᠯᠤᠨ᠂ ᠠᠵᠤ ᠦᠢᠯᠡᠰ ᠤᠨ ᠮᠡᠷᠭᠡᠵᠢᠯ ᠤᠨ ᠦᠢᠯᠡᠴᠢᠯᠡᠭᠡ᠂ ᠪᠠᠷᠢᠮᠵᠢᠶᠠᠵᠢᠭᠰᠠᠨ ᠦᠢᠯᠡᠳᠪᠦᠷᠢᠯᠡᠯ᠂ ᠡᠭᠦᠯᠳᠡᠷ | ᠪᠤᠶᠢᠵᠢᠭᠤᠯᠤᠯᠲᠠ᠂ ᠲᠤᠷᠰᠢᠯᠲᠠ ᠳᠠᠭᠤᠷᠢᠶᠠᠯ᠂ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠲᠠ ᠵᠢᠴᠢ ᠦᠵᠡᠬᠦᠯᠬᠡ᠂ ᠣᠬᠠᠭᠤᠯᠭ᠎ᠠ ᠪᠤᠯᠪᠠᠰᠣᠷᠠᠯ᠂ ᠵᠢᠱᠢᠶ᠎ᠡ | ᠦᠵᠡᠬᠦᠯᠬᠦ ᠴᠡᠭ ᠪᠠ ᠳᠠᠭᠤᠷᠢᠶᠠᠯ ᠡᠷᠦᠬᠡ ᠶᠢᠨ ᠪᠣᠶᠢᠵᠢᠭᠤᠯᠤᠯᠲᠠ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ ᠲᠤᠭᠲᠠᠭᠠᠵᠤ ᠳᠠᠷᠤᠮᠠᠯᠯᠠᠨ ᠲᠠᠷᠬᠠᠭᠠᠬᠤ | ᠰᠢᠨᠵᠢᠯᠡᠭᠡ ᠮᠡᠷᠭᠡᠵᠢᠯ ᠤᠨ ᠦᠢᠯᠡᠴᠢᠯᠡᠭᠡᠨ ᠤ ᠲᠦᠰᠦᠯ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠮᠠᠰᠢᠨ ᠤ ᠮᠡᠷᠭᠡᠵᠢᠯ | ᠲᠦᠭᠡᠮᠡᠯᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠶᠧ ᠶᠦᠩ ᠬᠤᠩ᠂ ᠬᠠᠷᠢᠯᠴᠠᠬᠤ ᠤᠲᠠᠰᠣ᠄ 13948370707︶᠃ | ᠬᠤᠶᠠᠷ ᠲᠤ ᠨᠡᠶᠢᠬᠡᠮᠴᠢᠯᠡᠭᠰᠡᠨ ᠦᠢᠯᠡᠴᠢᠯᠡᠭᠡ᠃ ᠮᠠᠯᠴᠢᠨ ᠲᠠᠷᠢᠶᠠᠴᠢᠨ ᠡᠷᠦᠬᠡ ᠳᠤ ᠡᠬᠦᠯᠳᠡᠷ ᠢ ᠰᠢᠯᠢᠨ ᠰᠣᠩᠭᠤᠬᠤ᠂ ᠬᠤᠷᠤᠬᠠᠶᠢᠳᠣᠯ ᠢ ᠪᠣᠬᠢᠷᠳᠣᠯ ᠦᠭᠡᠢ | ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ᠂ ᠣᠰᠣ ᠪᠣᠷᠳᠣᠭᠤᠷ ᠢ ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ | ᠶᠢ ᠵᠠᠰᠠᠬᠤ᠂ ᠵᠠᠬᠢᠶᠠᠯᠠᠭ᠎ᠠ ᠪᠠᠷ ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ ᠦᠢᠯᠡᠴᠢᠯᠡᠭᠡ ᠶᠢ ᠨᠢᠭᠡᠳᠦᠯᠲᠡᠢ ᠬᠠᠩᠭᠠᠬᠤ ᠶᠢᠨ ᠬᠠᠮᠲᠤ ᠭᠤᠸ᠎ᠠ | ᠵᠢᠮᠢᠰ ᠢᠳᠡᠰᠢᠨ ᠨᠣᠭᠤᠭᠠᠨ ᠤ ᠦᠢᠯᠡᠴᠢᠯᠡᠭᠡᠨ ᠤ ᠬᠡᠪᠴᠢᠶ᠎ᠠ 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠳᠤ | ᠮᠣ᠋ ᠪᠦᠷᠢ ᠨᠢᠭᠡᠯᠡ ᠣᠳᠠᠭ᠎ᠠ 50 ᠲᠦᠬᠦᠷᠢᠭ ᠤᠨ ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ︔ ᠡᠯᠳᠡᠪ ᠠᠮᠤ ᠶᠢᠨ ᠦᠢᠯᠡᠴᠢᠯᠡᠭᠡᠨ ᠤ ᠬᠡᠪᠴᠢᠶ᠎ᠠ | 1000 ᠮᠣ᠋ ᠠᠴᠠ ᠳᠠᠪᠠᠭᠰᠠᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠳᠤ ᠮᠣ᠋ ᠪᠦᠷᠢ ᠨᠢᠭᠡᠯᠡ ᠣᠳᠠᠭ᠎ᠠ ᠪᠠᠷ 80 ᠲᠦᠬᠦᠷᠢᠭ ᠤᠨ | ᠬᠦᠬᠢᠬᠦᠯᠦᠯ ᠤᠨ ᠴᠢᠨᠠᠷᠲᠠᠢ ᠨᠦᠬᠦᠪᠦᠷᠢ ᠮᠦᠩᠭᠦ ᠦᠭᠭᠦᠨ᠎ᠡ᠃ | ︵1︶ ᠬᠡᠷᠡᠭᠵᠢᠬᠦᠯᠦᠯᠲᠡ ᠶᠢᠨ ᠡᠭᠦᠷᠭᠡ᠄ ᠲᠦᠮᠡᠨ ᠮᠣ᠋ ᠶᠢᠨ ᠦᠢᠯᠡᠴᠢᠯᠡᠭᠡ ᠬᠠᠩᠭᠠᠨ᠎ᠠ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠦᠢᠯᠡᠴᠢᠯᠡᠭᠡᠨ ᠤ ᠭᠡᠷ᠎ᠡ ᠶᠢ ᠵᠦᠪᠳᠡᠯᠴᠡᠬᠦ ᠠᠴᠠ ᠡᠮᠦᠨ᠎ᠡ᠂ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠠᠴᠠ ᠦᠢᠯᠡᠴᠢᠯᠡᠭᠡᠨ ᠤ ᠡᠲᠡᠭᠡᠳ ᠤᠨ | ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ᠳᠤ ᠲᠠᠷᠢᠶᠠᠯᠠᠩ ᠤᠨ ᠦᠢᠯᠡᠳᠪᠦᠷᠢᠯᠡᠯ ᠤᠨ ᠨᠡᠶᠢᠬᠡᠮᠴᠢᠯᠡᠭᠰᠡᠨ ᠦᠢᠯᠡᠴᠢᠯᠡᠭᠡᠨ ᠤ ᠭᠡᠷ᠎ᠡ ᠶᠢᠨ ᠵᠦᠪᠳᠡᠯᠴᠡᠭᠡᠷ ᠲᠤ | ᠣᠷᠣᠯᠴᠠᠬᠤ ᠪᠠᠷ ᠭᠤᠶᠣᠴᠢᠯᠠᠬᠤ ᠬᠡᠷᠡᠭᠲᠡᠢ︔ | ② ᠭᠡᠷ᠎ᠡ ᠪᠢᠴᠢᠭ ᠲᠤᠭᠤᠷᠪᠢᠨ ᠪᠢᠴᠢᠬᠦ ᠠᠴᠠ ᠡᠮᠦᠨ᠎ᠡ᠂ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠠᠴᠠ ᠪᠠᠯᠭᠠᠰᠣᠨ ᠤ ᠵᠰᠠᠭ ᠤᠨ ᠣᠷᠳᠣᠨ ᠳᠤ ᠭᠡᠷ᠎ᠡ | ᠲᠤᠭᠤᠷᠪᠢᠨ ᠪᠢᠴᠢᠬᠦ᠂ ᠦᠢᠯᠡᠴᠢᠯᠡᠭᠡᠨ ᠤ ᠭᠡᠷ᠎ᠡ ᠶᠢ ᠬᠢᠨᠠᠨ ᠬᠠᠷᠭᠤᠭᠤᠯᠬᠤ ᠳᠤ ᠣᠷᠣᠯᠴᠠᠬᠤ ᠶᠢ ᠭᠤᠶᠤᠴᠢᠯᠠᠵᠤ᠂ ᠭᠡᠷ᠎ᠡ ᠳᠤ ᠪᠠᠨ ᠰᠠᠶᠢᠨ ᠡᠬᠦᠯᠳᠡᠷ ᠢ ᠰᠢᠯᠢᠨ | ᠰᠣᠩᠭᠤᠬᠤ᠂ ᠬᠤᠷᠤᠬᠠᠶᠢᠳᠣᠯ ᠢ ᠪᠣᠬᠢᠷᠳᠣᠯ ᠦᠭᠡᠢ ᠪᠠᠷ ᠰᠡᠷᠭᠡᠶᠢᠯᠡᠨ ᠡᠵᠡᠮᠳᠡᠬᠦ᠂ ᠨᠢᠭᠡᠳᠦᠯᠲᠡᠢ ᠰᠡᠷᠭᠡᠶᠢᠯᠡᠨ ᠨᠢᠭᠡᠳᠦᠯᠲᠡᠢ ᠵᠠᠰᠠᠬᠤ᠂ ᠣᠰᠣ ᠪᠣᠷᠳᠣᠭᠤᠷ ᠢ | ᠴᠤᠭᠴᠠᠵᠢᠭᠤᠯᠤᠨ ᠬᠠᠮᠢᠶᠠᠷᠬᠤ᠂ ᠭᠤᠤᠷᠰᠣ ᠳᠠᠪᠬᠤᠴᠠᠯᠲᠠ ᠶᠢ ᠵᠠᠰᠠᠬᠤ᠂ ᠵᠠᠬᠢᠶᠠᠯᠠᠭ᠎ᠠ ᠪᠠᠷ ᠬᠠᠳᠠᠭᠠᠯᠠᠬᠤ ᠵᠡᠷᠭᠡ ᠰᠢᠷᠢᠰ ᠪᠠᠷᠢᠮᠵᠢᠶᠠᠲᠤ ᠦᠢᠯᠡᠳᠪᠦᠷᠢᠯᠡᠯ ᠤᠨ | ᠦᠢᠯᠡᠴᠢᠯᠡᠭᠡᠨ ᠤ ᠠᠭᠤᠯᠭ᠎ᠠ ᠶᠢ ᠡᠷᠬᠡᠪᠰᠢ ᠪᠠᠭᠲᠠᠭᠠᠬᠤ ᠬᠡᠷᠡᠭᠲᠡᠢ︔ | ③ ᠬᠡᠷ᠎ᠡ ᠲᠤᠭᠲᠠᠭᠠᠬᠤ ᠠᠴᠠ ᠡᠮᠦᠨ᠎ᠡ᠂ ᠭᠤᠶᠤᠴᠢᠯᠠᠭᠴᠢ ᠠᠴᠠ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠳᠤ ᠦᠢᠯᠡᠴᠢᠯᠡᠭᠡᠨ ᠤ ᠭᠡᠷ᠎ᠡ ᠲᠤᠭᠲᠠᠭᠠᠬᠤ | ᠳᠤ ᠣᠷᠣᠯᠴᠠᠬᠤ ᠪᠠᠨ ᠭᠤᠶᠤᠴᠢᠯᠠᠬᠤ ᠬᠡᠷᠡᠭᠲᠡᠢ᠃ | ︵3︶ ᠰᠢᠯᠭᠠᠨ ᠬᠤᠷᠢᠶᠠᠬᠤ ᠠᠷᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠪᠣᠯᠣᠨ ᠪᠠᠯᠭᠠᠰᠣᠨ ᠤ ᠵᠠᠰᠠᠭ ᠤᠨ ᠣᠷᠳᠣᠨ ᠬᠠᠮᠲᠤᠷᠠᠨ ᠰᠢᠯᠭᠠᠨ | ᠬᠤᠷᠢᠶᠠᠬᠤ ᠳᠣᠭᠤᠶᠢᠯᠠᠩ ᠪᠠᠶᠢᠭᠤᠯᠤᠨ᠂ ᠦᠢᠯᠡᠴᠢᠯᠡᠭᠡᠨ ᠤ ᠭᠡᠷ᠎ᠡ ᠶᠢ ᠦᠨᠳᠦᠰᠦᠯᠡᠵᠦ ᠬᠠᠷᠭᠤᠭᠤᠯᠤᠨ ᠪᠠᠶᠢᠴᠠᠭᠠᠵᠤ ᠰᠢᠯᠭᠠᠨ ᠬᠤᠷᠢᠶᠠᠨ᠎ᠠ᠃ | ︵4︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠤᠷᠤᠨ ᠤ ᠬᠠᠮᠲᠤᠷᠠᠯᠴᠠᠭᠠᠨ ᠤ | ᠠᠵᠤ ᠠᠬᠤᠢ ᠪᠠ ᠠᠵᠤ ᠦᠢᠯᠡᠰ ᠤᠨ ᠬᠦᠭᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠪᠣᠯᠠᠭ᠂ ᠬᠠᠷᠢᠯᠴᠠᠬᠤ ᠤᠲᠠᠰᠣ᠄ 13947711166︶᠃ | ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠤᠨ ᠬᠢᠨ ᠮᠠᠯᠵᠢᠬᠤ ᠲᠠᠷᠢᠶᠠᠯᠠᠬᠤ ᠤᠷᠤᠨ ᠳᠤ ᠬᠦᠨᠵᠡᠭᠡᠶᠢᠷᠡᠬᠦ ᠶᠢ ᠵᠤᠷᠢᠭᠵᠢᠭᠤᠯᠤᠨ᠂ 300 | ᠲᠦᠮᠡᠨ ᠲᠦᠬᠦᠷᠢᠭ ᠤᠨ ᠮᠠᠯ ᠲᠠᠷᠢᠶᠠᠯᠠᠩ ᠤᠨ ᠠᠵᠤ ᠠᠬᠤᠢ ᠶᠢᠨ ᠨᠡᠶᠢᠬᠡᠮᠴᠢᠯᠡᠭᠰᠡᠨ ᠦᠢᠯᠡᠴᠢᠯᠡᠭᠡᠨ ᠤ ᠨᠦᠬᠦᠪᠦᠷᠢ ᠮᠦᠩᠭᠦ ᠲᠤᠬᠢᠷᠠᠭᠤᠯᠵᠤ᠂ ᠮᠠᠯ ᠲᠠᠷᠢᠶᠠᠯᠠᠩ ᠤᠨ | ᠠᠵᠤ ᠦᠢᠯᠡᠰ ᠤᠨ ᠲᠠᠷᠢᠵᠦ ᠲᠡᠵᠢᠭᠡᠨ ᠦᠷᠡᠵᠢᠬᠦᠯᠬᠦ ᠮᠡᠷᠭᠡᠵᠢᠯ ᠤᠨ ᠦᠢᠯᠡᠴᠢᠯᠡᠭᠡ ᠦᠷᠨᠢᠬᠦᠯᠦᠭᠰᠡᠨ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ | ᠳᠤ ᠵᠤᠬᠢᠬᠤ ᠨᠦᠬᠦᠪᠦᠷᠢ ᠮᠦᠩᠭᠦ ᠦᠭᠭᠦ ᠪᠤᠶᠤ ᠱᠠᠩᠨᠠᠨ᠎ᠠ᠃ | ︵1︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ | ① ᠠᠯᠠᠰᠢᠨ ᠮᠠᠯ ᠤᠨ ᠬᠦᠪᠦᠷᠡᠯ ᠰᠢᠯᠵᠢᠬᠦᠯᠬᠦ᠂ ᠦᠬᠡᠷ ᠬᠤᠨᠢᠨ ᠳᠤ ᠭᠠᠷ ᠬᠡᠬᠡᠯᠳᠦᠬᠦᠯᠭᠡ ᠬᠢᠬᠦ᠂ ᠠᠮᠢᠲᠠᠨ ᠤ ᠬᠢᠵᠢᠭ ᠢ ᠰᠡᠷᠭᠡᠶᠢᠯᠡᠨ ᠵᠠᠰᠠᠬᠤ ᠪᠠ ᠲᠠᠷᠢᠮᠠᠯ | ᠤᠨ ᠬᠤᠷᠤᠬᠠᠶᠢᠳᠣᠯ ᠢ ᠪᠠᠶᠢᠴᠠᠭᠠᠵᠤ ᠰᠡᠷᠭᠡᠶᠢᠯᠡᠨ ᠵᠠᠰᠠᠬᠤ ᠪᠠᠷ ᠭᠤᠤᠯᠳᠠᠯᠭ᠎ᠠ ᠪᠠᠨ ᠪᠤᠯᠭᠠᠨ᠂ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠮᠠᠨ | ᠤ ᠬᠤᠰᠢᠭᠤᠨ ᠤ ᠮᠠᠯ ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠬᠡᠨ ᠳᠤ ᠣᠷᠣᠯᠴᠠᠬᠤ ᠶᠢ ᠵᠤᠷᠢᠭᠵᠢᠭᠤᠯᠵᠤ᠂ ᠮᠠᠯ ᠲᠠᠷᠢᠶᠠᠯᠠᠩ ᠤᠨ ᠮᠡᠷᠭᠡᠵᠢᠯ ᠤᠨ | ᠦᠢᠯᠡᠴᠢᠯᠡᠭᠡᠨ ᠤ ᠪᠦᠷᠬᠦᠴᠡ ᠶᠢᠨ ᠬᠡᠪᠴᠢᠶ᠎ᠠ ᠪᠣᠯᠣᠨ ᠦᠢᠯᠡᠴᠢᠯᠡᠭᠡᠨ ᠤ ᠪᠦᠲᠦᠮᠵᠢ ᠶᠢ ᠳᠡᠭᠡᠭᠰᠢᠯᠡᠬᠦᠯᠦᠨ᠎ᠡ︔ | ② ᠰᠠᠨᠠᠮᠵᠢ ᠲᠠᠢ ᠨᠡᠶᠢᠬᠡᠮᠴᠢᠯᠡᠭᠰᠡᠨ ᠦᠢᠯᠡᠴᠢᠯᠡᠭᠡᠨ ᠤ ᠵᠤᠬᠢᠶᠠᠨ ᠪᠠᠶᠢᠭᠤᠯᠤᠯᠲᠠ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠲᠠᠢ ᠦᠢᠯᠡᠴᠢᠯᠡᠭᠡᠨ ᠤ | ᠪᠠᠷᠢᠮᠵᠢᠶ᠎ᠠ᠂ ᠨᠦᠬᠦᠪᠦᠷᠢ ᠮᠦᠩᠭᠦ ᠵᠡᠷᠭᠡ ᠨᠠᠷᠢᠨ ᠠᠭᠤᠯᠭ᠎ᠠ ᠪᠠᠨ ᠵᠦᠪᠳᠡᠯᠴᠡᠵᠦ᠂ ᠦᠢᠯᠡᠴᠢᠯᠡᠭᠡᠨ ᠤ ᠲᠦᠰᠦᠯ ᠢᠶᠠᠨ ᠲᠤᠭᠲᠠᠭᠠᠨ᠂ ᠬᠤᠰᠢᠭᠤ ᠮᠠᠯ ᠲᠠᠷᠢᠶᠠᠯᠠᠩ ᠤᠨ | ᠲᠤᠪᠴᠢᠶ᠎ᠠ ᠪᠠᠷ ᠦᠨᠡᠯᠡᠬᠦᠯᠦᠨ ᠳᠠᠩᠰᠠᠯᠠᠭᠤᠯᠤᠭᠠᠳ ᠬᠡᠷ᠎ᠡ ᠲᠤᠭᠲᠠᠭᠠᠭᠰᠠᠨ ᠤ ᠳᠠᠷᠠᠭ᠎ᠠ᠂ ᠦᠢᠯᠡᠴᠢᠯᠡᠭᠡᠨ ᠤ ᠠᠵᠢᠯ ᠢᠶᠠᠨ ᠦᠷᠨᠢᠬᠦᠯᠦᠨ᠎ᠡ᠃ | ︵2︶ ᠰᠢᠯᠭᠠᠨ ᠬᠤᠷᠢᠶᠠᠬᠤᠠᠷᠭᠠ᠄ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ ᠠᠴᠠ ᠦᠢᠯᠡᠴᠢᠯᠡᠭᠡᠨ ᠤ ᠲᠦᠰᠦᠯ ᠢ ᠦᠨᠳᠦᠰᠦᠯᠡᠵᠦ ᠵᠤᠬᠢᠶᠠᠨ | ᠪᠠᠶᠢᠭᠤᠯᠤᠨ ᠰᠢᠯᠭᠠᠨ ᠬᠤᠷᠢᠶᠠᠨ᠎ᠠ᠃ | ︵3︶ ᠰᠢᠯᠭᠠᠨ ᠬᠤᠷᠢᠶᠠᠬᠤ ᠴᠠᠭ᠄ 2021 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ ᠬᠦᠢᠴᠡᠳᠬᠡᠨ᠎ᠡ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ | ᠲᠠᠷᠢᠮᠠᠯ ᠤᠨ ᠦᠢᠯᠡᠰ ᠤᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠮᠠᠰᠢᠨ ᠤ ᠮᠡᠷᠭᠡᠵᠢᠯ ᠲᠦᠭᠡᠮᠡᠯᠵᠢᠬᠦᠯᠦᠯᠲᠡ ᠶᠢᠨ ᠦᠷᠲᠡᠭᠡ | ︵ᠬᠠᠷᠢᠯᠴᠠᠬᠤ ᠬᠦᠮᠦᠨ᠄ ᠶᠧ ᠶᠦᠩ ᠬᠤᠩ᠂ ᠬᠠᠷᠢᠯᠴᠠᠬᠤ ᠤᠲᠠᠰᠣ᠄ 13948370707︶᠃ | ᠮᠠᠯ ᠠᠵᠤ ᠠᠬᠤᠢ ᠶᠢᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠲᠦᠪ ︵ᠬᠠᠷᠢᠯᠴᠠᠬᠤ ᠬᠦᠮᠦᠨ᠄ | ᠨᠠᠰᠣᠨᠴᠢᠮᠡᠭ᠂ ᠬᠠᠷᠢᠯᠴᠠᠬᠤ ᠤᠲᠠᠰᠣ᠄ 15147709860︶︔ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ ᠭᠠᠷᠤᠯᠲᠠ ᠶᠢᠨ | ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ 15804774318︶᠃ | 15. ᠣᠶᠣᠨᠴᠢ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢ ᠲᠦᠷᠭᠡᠳᠬᠡᠨ᠎ᠡ᠃ 618 ᠲᠦᠮᠡᠨ ᠲᠦᠬᠦᠷᠢᠭ ᠤᠨ ᠣᠶᠣᠨᠴᠢ ᠮᠠᠯ ᠲᠠᠷᠢᠶᠠᠯᠠᠩ ᠤᠨ ᠦᠢᠯᠡᠰ | ᠤᠨ ᠬᠦᠭᠵᠢᠯᠲᠡ ᠶᠢᠨ ᠵᠠᠷᠤᠳᠠᠯ ᠢ ᠲᠤᠬᠢᠷᠠᠭᠤᠯᠤᠨ᠂ ᠣᠶᠣᠨᠴᠢ ᠮᠠᠯᠴᠢᠨ ᠲᠠᠷᠢᠶᠠᠴᠢᠨ ᠡᠷᠦᠬᠡ᠂ ᠣᠶᠣᠨᠴᠢ ᠬᠦᠯᠡᠮᠵᠢ᠂ ᠬᠦᠮᠦᠨ ᠦᠭᠡᠢ ᠲᠠᠷᠢᠶᠠᠯᠠᠩ ᠤᠨ ᠲᠡᠯᠡᠪᠡᠢ᠂ | ᠡᠵᠡᠩᠨᠡᠯᠲᠡ ᠶᠢᠨ ᠲᠦᠪ ᠵᠡᠷᠭᠡ ᠳᠤ ᠬᠡᠷᠡᠭᠯᠡᠨ᠎ᠡ᠃ | ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠳᠠᠷᠠᠭᠠᠴᠢ ᠪᠠᠷ ᠲᠤᠭᠲᠠᠭᠠᠵᠤ ᠲᠠᠷᠬᠠᠭᠠᠬᠤ ᠣᠶᠣᠨᠴᠢ ᠮᠠᠯ | ᠲᠠᠷᠢᠶᠠᠯᠠᠩ ᠤᠨ ᠦᠢᠯᠡᠰ ᠤᠨ ᠪᠠᠶᠢᠭᠤᠯᠤᠯᠲᠠ ᠶᠢᠨ ᠲᠦᠰᠦᠯ ᠤᠨ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠦᠨ ᠰᠢᠯᠭᠠᠨ | ᠬᠤᠷᠢᠶᠠᠨ᠎ᠠ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ ᠣᠲᠤᠭ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠮᠠᠰᠢᠨ ᠤ ᠮᠡᠷᠭᠡᠵᠢᠯ | ᠲᠦᠭᠡᠮᠡᠯᠵᠢᠬᠦᠯᠦᠯᠲᠡ ᠶᠢᠨ ᠦᠷᠲᠡᠭᠡ ︵ᠬᠠᠷᠢᠯᠴᠠᠬᠤ ᠬᠦᠮᠦᠨ᠄ ᠶᠧ ᠶᠦᠩ ᠬᠤᠩ᠂ ᠬᠠᠷᠢᠯᠴᠠᠬᠤ ᠤᠲᠠᠰᠣ᠄ 13948370707︶᠃ ᠣᠲᠤᠭ ᠤᠨ | ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ | 15804774318︶᠃ | 16. ᠲᠦᠷᠦ ᠶᠢᠨ ᠪᠤᠳᠤᠯᠭ᠎ᠠ ᠶᠢᠨ ᠴᠢᠨᠠᠷᠲᠠᠢ ᠳᠠᠭᠠᠳᠬᠠᠯ ᠤᠨ ᠬᠦᠷᠢᠶ᠎ᠡ ᠴᠠᠷᠠᠭ᠎ᠠ ᠶᠢ ᠦᠷᠭᠡᠳᠬᠡᠨ᠎ᠡ᠃ | ᠨᠢᠭᠡ ᠳᠤ ᠲᠠᠷᠢᠮᠠᠯ ᠤᠨ ᠦᠢᠯᠡᠰ᠃ ︽ᠣᠯᠠᠷᠢᠯ ᠰᠦᠷᠦᠭᠰᠡᠨ ᠢᠳᠡᠰᠢᠨ ᠨᠤᠭᠤᠭ᠎ᠠ︾ ᠳᠠᠷᠢᠵᠤ ᠳᠠᠭᠠᠳᠬᠠᠯ ᠳᠤ ᠣᠷᠣᠭᠰᠠᠨ ᠲᠠᠷᠢᠶᠠᠴᠢᠨ ᠡᠷᠦᠬᠡ ᠶᠢᠨ ᠯᠠᠵᠤᠤ᠂ | ᠰᠢᠯᠡᠨ ᠨᠤᠭᠤᠭ᠎ᠠ᠂ ᠨᠣᠭᠤᠭ᠎ᠠ ᠶᠢᠨ ᠭᠤᠤᠯ ᠵᠡᠷᠭᠡ ᠳᠤ ᠮᠣ᠋ ᠪᠦᠷᠢ ᠶᠢᠨ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ᠬᠤᠶᠠᠷ ᠲᠤ ᠲᠡᠵᠢᠭᠡᠪᠦᠷᠢ ᠶᠢᠨ ᠦᠢᠯᠡᠰ᠃ ᠴᠡᠪᠡᠷ ᠡᠬᠦᠯᠳᠡᠷ ᠤᠨ ᠠᠯᠠᠰᠢᠨ ᠦᠬᠡᠷ᠂ ᠠᠯᠠᠰᠢᠨ ᠮᠠᠯ ᠤᠨ ᠬᠤᠴᠠ ᠤᠬᠤᠨ᠎ᠠ ᠶᠢ ᠳᠠᠭᠠᠳᠬᠠᠯ ᠳᠤ ᠣᠷᠣᠭᠤᠯᠣᠭᠰᠠᠨ | ᠲᠡᠵᠢᠭᠡᠪᠦᠷᠢ ᠶᠢᠨ ᠡᠷᠦᠬᠡ ᠶᠢᠨ ᠮᠠᠯ ᠨᠢᠭᠡᠪᠦᠷᠢ ᠳᠤ ᠳᠠᠭᠠᠳᠬᠠᠯ ᠤᠨ ᠵᠠᠷᠤᠳᠠᠯ ᠤᠨ 70% ᠶᠢᠨ ᠬᠠᠷᠢᠴᠠᠯ ᠶᠤᠰᠤᠭᠠᠷ ᠨᠦᠬᠦᠪᠦᠷᠢᠯᠡᠨ᠎ᠡ᠃ | ︵1︶ ᠬᠡᠷᠡᠭᠵᠢᠬᠦᠯᠦᠯᠲᠡ ᠶᠢᠨ ᠡᠬᠦᠷᠭᠡ᠄ 4 ᠲᠦᠮᠡᠨ ᠮᠤ᠋ ᠶᠢᠨ ᠲᠠᠷᠢᠮᠠᠯ᠂ 3000 ᠠᠯᠠᠰᠢᠨ ᠦᠬᠡᠷ᠂ 800 ᠠᠯᠠᠰᠢᠨ ᠮᠠᠯ ᠤᠨ ᠬᠤᠴᠠ ᠤᠬᠤᠨ᠎ᠠ | ᠵᠡᠷᠭᠡ ᠶᠢ ᠪᠡᠶᠡᠯᠡᠬᠦᠯᠦᠨ᠎ᠡ᠃ | ︵2︶ ᠬᠡᠷᠡᠭᠵᠢᠬᠦᠯᠦᠯᠲᠡ ᠶᠢᠨ ᠱᠠᠭᠠᠷᠳᠠᠯᠭ᠎ᠠ᠄ ᠬᠤᠰᠢᠭᠤ ᠲᠦᠷᠦ ᠶᠢᠨ ᠪᠣᠳᠣᠯᠭ᠎ᠠ ᠶᠢᠨ ᠴᠢᠨᠠᠷᠲᠠᠢ ᠳᠠᠭᠠᠳᠬᠠᠯ ᠤᠨ ᠣᠳᠣᠷᠢᠳᠬᠤ ᠳᠣᠭᠤᠶᠢᠯᠠᠩ | ᠳᠠᠭᠠᠳᠬᠠᠯ ᠠᠴᠠ ᠰᠣᠩᠭᠤᠨ ᠲᠤᠭᠲᠠᠭᠠᠭᠰᠠᠨ ᠬᠠᠷᠢᠭᠤᠴᠠᠬᠤ ᠺᠤᠮᠫᠠᠨᠢ ᠬᠤᠯᠪᠤᠭᠳᠠᠯ ᠪᠦᠬᠦᠢ ᠱᠠᠭᠠᠷᠳᠠᠯᠭ᠎ᠠ ᠶᠤᠰᠤᠭᠠᠷ ᠨᠢᠭᠡᠳᠦᠯᠲᠡᠢ ᠬᠡᠷᠡᠭᠵᠢᠬᠦᠯᠬᠦ ᠬᠡᠷᠡᠭᠲᠡᠢ᠃ | ᠮᠡᠷᠭᠡᠵᠢᠯ ᠤᠨ ᠵᠢᠯᠤᠭᠤᠳᠤᠯᠭ᠎ᠠ ᠶᠢᠨ ᠪᠠᠶᠢᠭᠤᠯᠭ᠎ᠠ ᠨᠢᠭᠡᠴᠡ᠄ | ᠲᠠᠷᠢᠮᠠᠯ ᠤᠨ ᠦᠢᠯᠡᠰ ᠤᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠠᠵᠤ ᠠᠬᠤᠢ ᠶᠢᠨ ᠲᠠᠷᠢᠮᠠᠯ ᠤᠨ ᠦᠷᠲᠡᠭᠡ ︵ᠬᠠᠷᠢᠯᠴᠠᠬᠤ ᠬᠦᠮᠦᠨ᠄ ᠭᠤᠤ | ᠱᠤ᠋ ᠬᠠᠢ᠂ ᠬᠠᠷᠢᠯᠴᠠᠬᠤ ᠤᠲᠠᠰᠣ᠄ 13904774435︶᠃ | ᠮᠠᠯ ᠠᠵᠤ ᠠᠬᠤᠢ ᠶᠢᠨ ᠲᠠᠯ᠎ᠠ ᠪᠠᠷ᠄ ᠣᠲᠤᠭ ᠤᠨ ᠡᠮᠦᠨᠡᠲᠦ ᠬᠤᠰᠢᠭᠤᠨ ᠤ ᠮᠠᠯ ᠠᠵᠤ ᠠᠬᠤᠢ ᠪᠠ ᠣᠰᠣᠨ ᠭᠠᠷᠤᠯᠲᠠ ᠶᠢᠨ ᠠᠵᠢᠯ ᠤᠨ ᠦᠷᠲᠡᠭᠡ ︵ᠬᠠᠷᠢᠯᠴᠠᠬᠤ | ᠬᠦᠮᠦᠨ᠄ ᠮᠦᠩᠬᠡᠪᠠᠶᠠᠷ᠂ ᠬᠠᠷᠢᠯᠴᠠᠬᠤ ᠤᠲᠠᠰᠣ᠄ 15804774318︶᠃ | ᠳᠦᠷᠪᠡ᠂ ᠲᠦᠷᠦᠯ ᠵᠦᠢᠯ ᠤᠨ ᠨᠦᠬᠦᠪᠦᠷᠢ ᠮᠦᠩᠭᠦ ᠣᠯᠭᠤᠬᠤ | ᠲᠦᠷᠦᠯ ᠵᠦᠢᠯ ᠢ ᠰᠢᠯᠭᠠᠨ ᠬᠤᠷᠢᠶᠠᠬᠤ ᠦᠶᠡᠰ ᠠᠵᠢᠯ ᠤᠨ ᠶᠠᠪᠤᠴᠠ ᠪᠠᠨ ᠲᠡᠮᠲᠡᠭᠯᠡᠨ᠂ ᠰᠢᠯᠭᠠᠨ ᠬᠤᠷᠢᠶᠠᠭᠰᠠᠨ ᠳᠠᠩᠰᠠ ᠪᠦᠷᠢᠯᠳᠦᠬᠦᠯᠵᠦ᠂ ᠰᠢᠯᠭᠠᠨ | ᠬᠤᠷᠢᠶᠠᠭᠰᠠᠨ ᠦᠷ᠎ᠡ ᠳ᠋ᠦᠩ ᠢ ᠦᠨᠳᠦᠰᠦᠯᠡᠨ ᠡᠯ᠎ᠡ ᠪᠠᠯᠭᠠᠰᠣ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ ᠢᠯᠡ ᠨᠡᠶᠢᠲᠡᠯᠡᠨ᠎ᠡ︔ ᠣᠨᠳᠣᠣ ᠰᠠᠨᠠᠯ ᠦᠭᠡᠢ ᠪᠣᠯ | ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠳᠤ ᠨᠦᠬᠦᠪᠦᠷᠢ ᠮᠦᠩᠭᠦ ᠭᠤᠶᠤᠴᠢᠯᠠᠬᠤ ᠮᠡᠳᠡᠭᠦᠯᠦᠯᠲᠡ ᠪᠠᠨ | ᠳᠡᠪᠰᠢᠬᠦᠯᠦᠨ᠎ᠡ︔ ᠬᠤᠰᠢᠭᠤ ᠠᠷᠠᠳ ᠤᠨ ᠵᠠᠰᠠᠭ ᠤᠨ ᠣᠷᠳᠣᠨ ᠵᠦᠪᠰᠢᠶᠡᠷᠡᠭᠰᠡᠨ ᠤ ᠳᠠᠷᠠᠭ᠎ᠠ᠂ ᠬᠤᠰᠢᠭᠤ ᠡᠳ᠋ ᠤᠨ ᠵᠠᠰᠠᠭ ᠤᠨ ᠲᠤᠪᠴᠢᠶ᠎ᠠ ᠠᠴᠠ ᠨᠦᠬᠦᠪᠦᠷᠢ | ᠮᠦᠩᠭᠦ ᠶᠢ ᠴᠠᠭ ᠲᠤᠬᠠᠢ ᠳᠤ ᠨᠢ ᠣᠯᠭᠤᠨ᠂ ᠮᠠᠯᠴᠢᠨ ᠲᠠᠷᠢᠶᠠᠴᠢᠨ ᠡᠷᠦᠬᠡ ᠳᠤ ᠨᠢᠭᠡ ᠺᠠᠷᠲ ᠢᠶᠠᠷ ᠣᠯᠭᠤᠬᠤ ᠬᠡᠯᠪᠡᠷᠢ ᠪᠠᠷ ᠨᠢᠭᠡᠳᠦᠯᠲᠡᠢ ᠪᠠᠷ ᠨᠦᠬᠦᠪᠦᠷᠢ | ᠮᠦᠩᠭᠦ ᠦᠭᠭᠦᠨ᠎ᠡ᠃ ᠰᠢᠯᠭᠠᠨ ᠬᠤᠷᠢᠶᠠᠬᠤ ᠦᠶᠡᠰ ᠲᠦᠷᠦᠯ ᠵᠦᠢᠯ ᠤᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠨᠡᠶᠢᠴᠡᠭᠰᠡᠨ ᠦᠭᠡᠢ ᠲᠦᠷᠦᠯ ᠵᠦᠢᠯ ᠤᠨ | ᠡᠷᠦᠬᠡ ᠳᠤ ᠨᠦᠬᠦᠪᠦᠷᠢ ᠮᠦᠩᠭᠦ ᠦᠭᠭᠦ ᠦᠭᠡᠢ᠃ | ᠰᠢᠯᠭᠠᠨ ᠬᠤᠷᠢᠶᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠬᠤᠭᠤᠴᠠᠭᠠᠨ ᠳᠤ᠂ ᠶᠠᠮᠠᠷᠪᠠ ᠰᠢᠯᠲᠠᠭᠠᠨ ᠠᠴᠠ ᠡᠭᠦᠰᠦᠭᠰᠡᠨ ᠵᠦᠷᠢᠴᠡᠯ ᠵᠢᠭᠤᠷᠠᠭᠠᠨ ᠪᠠᠶᠢᠪᠠᠯ | ᠰᠢᠢᠳᠪᠦᠷᠢᠯᠡᠭᠰᠡᠨ ᠤ ᠳᠠᠷᠠᠭ᠎ᠠ ᠬᠤᠰᠢᠭᠤ ᠮᠠᠯ ᠲᠠᠷᠢᠶᠠᠯᠠᠩ ᠤᠨ ᠲᠤᠪᠴᠢᠶᠠᠨ ᠠᠴᠠ ᠨᠦᠬᠦᠪᠦᠷᠢ ᠮᠦᠩᠭᠦ ᠭᠤᠶᠤᠴᠢᠯᠠᠬᠤ ᠮᠡᠳᠡᠭᠦᠯᠦᠯᠲᠡ ᠶᠢ ᠳᠡᠭᠡᠭᠰᠢ ᠮᠡᠳᠡᠭᠦᠯᠦᠨ᠎ᠡ᠂ | ᠬᠡᠷᠪᠡ ᠬᠡᠷ᠎ᠡ ᠶᠢᠨ ᠠᠰᠠᠭᠤᠳᠠᠯ ᠢᠶᠠᠷ ᠵᠦᠷᠢᠴᠡᠯ ᠵᠢᠭᠤᠷᠠᠭᠠᠨ ᠡᠬᠦᠰᠦᠭᠰᠡᠨ ᠪᠤᠯ ᠲᠦᠷᠦᠯ ᠵᠦᠢᠯ ᠤᠨ ᠡᠷᠦᠬᠡ ᠬᠠᠤᠯᠢ ᠶᠤᠰᠤᠭᠠᠷ ᠦᠪᠡᠷᠲᠡᠬᠡᠨ ᠰᠢᠢᠳᠪᠦᠷᠢᠯᠡᠨ᠎ᠡ᠃ | ᠲᠠᠪᠤ᠂ ᠬᠢᠨᠠᠯᠲᠠ ᠲᠠᠯᠪᠢᠵᠦ ᠢᠯᠡᠴᠢᠯᠡᠨ ᠮᠡᠳᠡᠭᠦᠯᠬᠦ ᠵᠢᠴᠢ ᠲᠤᠷᠭᠠᠬᠤ | ᠪᠤᠢ ᠪᠦᠬᠦᠢ ᠲᠦᠷᠦᠯ ᠵᠦᠢᠯ ᠤᠨ ᠨᠦᠬᠦᠪᠦᠷᠢ ᠮᠦᠩᠭᠦ ᠶᠢᠨ ᠤᠯᠭᠤᠯᠲᠠ ᠨᠡᠶᠢᠬᠡᠮ ᠤᠨ ᠬᠢᠨᠠᠯᠲᠠ ᠶᠢ ᠬᠦᠯᠢᠶᠡᠨ᠎ᠡ᠂ ᠬᠢᠨᠠᠯᠲᠠ ᠲᠠᠯᠪᠢᠵᠦ ᠢᠯᠡᠴᠢᠯᠡᠨ ᠮᠡᠳᠡᠬᠦᠯᠬᠦ | ᠤᠲᠠᠰᠣ᠄ 0477 — 7622520᠃ ᠳᠣᠣᠷᠠᠬᠢ ᠪᠠᠶᠢᠳᠠᠯ ᠲᠠᠢ ᠡᠲᠡᠭᠡᠳ ᠲᠤ ᠨᠦᠬᠦᠪᠦᠷᠢ ᠮᠦᠩᠭᠦ ᠣᠯᠭᠤᠬᠤ ᠦᠬᠡᠢ ᠪᠤᠶᠤ ᠨᠦᠬᠦᠪᠦᠷᠢ ᠮᠦᠩᠭᠦ ᠶᠢ | ᠪᠤᠴᠠᠭᠠᠨ ᠠᠪᠣᠨ᠎ᠠ᠃ | ︵ᠨᠢᠬᠡ︶ ᠬᠤᠰᠢᠭᠤ ᠱᠠᠲᠤᠨ ᠤ ᠲᠦᠷᠦᠯ ᠵᠦᠢᠯ ᠤᠨ ᠬᠦᠮᠦᠷᠭᠡ ᠶᠢᠨ ᠬᠡᠷᠡᠭᠵᠢᠬᠦᠯᠦᠯᠲᠡ ᠶᠢᠨ ᠠᠭᠤᠯᠭ᠎ᠠ ᠶᠢ ᠭᠤᠶᠤᠴᠢᠯᠠᠭᠰᠠᠨ ᠦᠭᠡᠢ ᠪᠤᠶᠤ ᠠᠭᠤᠯᠭ᠎ᠠ | ᠳᠤ ᠣᠷᠣᠭᠰᠠᠨ ᠦᠬᠡᠢ︔ | ︵ᠬᠤᠶᠠᠷ︶ ᠭᠤᠶᠤᠴᠢᠯᠠᠭᠴᠢ ᠭᠤᠤᠯ ᠴᠤᠭᠴᠠ ᠶᠢᠨ ᠬᠠᠩᠭᠠᠭᠰᠠᠨ ᠮᠡᠲ᠋ᠧᠷᠢᠶᠡᠯ ᠪᠣᠲᠠᠲᠠᠢ ᠲᠠᠢ ᠨᠡᠶᠢᠴᠡᠬᠦ ᠦᠬᠡᠢ᠂ ᠬᠠᠮᠢᠶ᠎ᠠ ᠪᠦᠬᠦᠢ ᠮᠡᠲ᠋ᠧᠷᠢᠶᠡᠯ ᠢ | ᠬᠠᠭᠤᠷᠮᠠᠭᠯᠠᠨ ᠵᠤᠬᠢᠶᠠᠭᠰᠠᠨ ᠠᠵᠢᠯᠯᠠᠭ᠎ᠠ ᠣᠷᠣᠰᠢᠵᠦ ᠪᠠᠶᠢᠬᠤ︔ | ︵ᠭᠤᠷᠪᠠ︶ ᠲᠦᠷᠦᠯ ᠵᠦᠢᠯ ᠤᠨ ᠬᠡᠷᠡᠭᠵᠢᠬᠦᠯᠦᠯᠲᠡ ᠶᠢᠨ ᠪᠠᠷᠢᠮᠵᠢᠶ᠎ᠠ ᠶᠤᠰᠤᠭᠠᠷ ᠪᠠᠶᠢᠭᠤᠯᠤᠯᠲᠠ ᠶᠢᠨ ᠠᠭᠤᠯᠭ᠎ᠠ ᠪᠠᠨ ᠪᠡᠶᠡᠯᠡᠭᠦᠯᠦᠭᠰᠡᠨ ᠦᠭᠡᠢ ᠪᠤᠶᠤ | ᠴᠠᠭ ᠲᠠᠭᠠᠨ ᠬᠦᠢᠴᠡᠳᠬᠡᠭᠰᠡᠨ ᠦᠭᠡᠢ︔ | ︵ᠳᠦᠷᠪᠡ︶ ᠮᠠᠯ ᠲᠠᠷᠢᠶᠠᠯᠠᠩ ᠤᠨ ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠪᠣᠰᠣᠳ ᠪᠠᠶᠢᠳᠠᠯ᠃ | ᠵᠢᠷᠭᠤᠭ᠎ᠠ᠂ ᠪᠣᠰᠣᠳ ᠵᠦᠢᠯᠡᠰ | ︵ᠨᠢᠭᠡ︶ ᠲᠤᠰ ᠨᠠᠷᠢᠨ ᠳᠦᠷᠢᠮ ᠤᠨ ᠲᠦᠷᠦ ᠶᠢᠨ ᠪᠤᠳᠤᠯᠭ᠎ᠠ ᠶᠢᠨ ᠨᠦᠬᠦᠪᠦᠷᠢ ᠶᠢᠨ ᠬᠡᠷᠡᠭᠵᠢᠬᠦᠯᠬᠦ ᠱᠠᠭᠠᠷᠳᠠᠯᠭ᠎ᠠ᠂ ᠰᠢᠯᠭᠠᠨ ᠬᠤᠷᠢᠶᠠᠬᠤ ᠠᠷᠭ᠎ᠠ ᠵᠡᠷᠭᠡ | ᠠᠭᠤᠯᠭ᠎ᠠ ᠳᠡᠭᠡᠳᠦ ᠱᠠᠲᠤᠨ ᠤ ᠨᠡᠶᠢᠲᠡᠯᠡᠭᠰᠡᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢᠨ ᠪᠠᠷᠢᠮᠵᠢᠶ᠎ᠠ ᠲᠠᠢ ᠵᠦᠷᠢᠴᠡᠯᠳᠦᠪᠡᠯ᠂ ᠳᠡᠭᠡᠳᠦ ᠱᠠᠲᠤᠨ ᠤ ᠲᠦᠷᠦ | ᠶᠢᠨ ᠪᠤᠳᠤᠯᠭ᠎ᠠ ᠶᠢᠨ ᠱᠠᠭᠠᠷᠳᠠᠯᠭ᠎ᠠ ᠶᠤᠰᠤᠭᠠᠷ ᠬᠦᠢᠴᠡᠳᠬᠡᠨ᠂ ᠦᠭᠡᠷ᠎ᠡ ᠮᠡᠳᠡᠭᠳᠡᠯ ᠲᠠᠷᠬᠠᠭᠠᠬᠤ ᠦᠭᠡᠢ᠃ | ︵ᠬᠤᠶᠠᠷ︶ ᠲᠤᠰ ᠨᠠᠷᠢᠨ ᠳᠦᠷᠢᠮ ᠢ ᠬᠤᠰᠢᠭᠤ ᠮᠠᠯ ᠲᠠᠷᠢᠶᠠᠯᠠᠩ ᠤᠨ ᠲᠤᠪᠴᠢᠶ᠎ᠠ᠂ ᠣᠢ ᠰᠢᠭᠤᠢ ᠨᠣᠲᠤᠭ ᠪᠡᠯᠴᠢᠭᠡᠷ ᠤᠨ ᠲᠤᠪᠴᠢᠶ᠎ᠠ ᠪᠠ ᠡᠳ᠋ ᠤᠨ | ᠵᠠᠰᠠᠭ ᠤᠨ ᠲᠤᠪᠴᠢᠶᠠᠨ ᠠᠴᠠ ᠬᠠᠷᠢᠭᠤᠴᠠᠵᠤ ᠲᠠᠶᠢᠯᠪᠤᠷᠢᠯᠠᠨ᠎ᠠ᠃ | ︵ᠭᠤᠷᠪᠠ︶ ᠲᠤᠰ ᠨᠠᠷᠢᠨ ᠳᠦᠷᠢᠮ ᠢ 2021 ᠣᠨ ᠤ 1 ᠰᠠᠷ᠎ᠠ 1 ᠤ ᠡᠳᠦᠷ ᠠᠴᠠ ᠡᠬᠢᠯᠡᠨ ᠬᠡᠷᠡᠭᠵᠢᠬᠦᠯᠵᠦ᠂ 2021 ᠣᠨ ᠤ 12 ᠰᠠᠷ᠎ᠠ ᠶᠢᠨ | 31 ᠤ ᠡᠳᠦᠷ ᠳᠠᠭᠤᠰᠤᠨ᠎ᠠ᠃ | ᠳᠠᠭᠠᠯᠳᠣᠭᠤᠯᠣᠯ᠄ 1. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ | ᠳᠡᠮᠵᠢᠯᠭᠡ ᠶᠢᠨ ᠲᠦᠷᠦ ᠶᠢᠨ ᠪᠣᠳᠣᠯᠭ᠎ᠠ ︵ᠮᠠᠯ ᠲᠠᠷᠢᠶᠠᠯᠠᠩ ᠤᠨ ᠬᠦᠷᠢᠶ᠎ᠡ ᠬᠡᠪᠴᠢᠶ᠎ᠠ︶ ᠶᠢᠨ ᠲᠦᠷᠦᠯ ᠵᠦᠢᠯ ᠤᠨ ᠬᠦᠮᠦᠷᠭᠡ | 2. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠮᠠᠯ ᠲᠠᠷᠢᠶᠠᠯᠠᠩ ᠤᠨ ᠣᠷᠣᠨ ᠬᠡᠪᠴᠢᠶ᠎ᠠ︶ ᠶᠢᠨ ᠳᠡᠮᠵᠢᠯᠭᠡ ᠶᠢᠨ ᠬᠢᠨᠠᠨ ᠴᠤᠬᠤᠯᠠᠪᠤᠷᠢᠯᠠᠬᠤ ᠬᠦᠰᠦᠨᠦᠭ | 3. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠰᠦᠯᠢᠶᠤᠤ ᠬᠦᠯᠡᠮᠵᠢ᠂ ᠴᠢᠬᠢ ᠪᠣᠶᠢᠵᠢᠭᠤᠯᠬᠤ ᠲᠦᠪ᠂ ᠰᠢᠨ᠎ᠡ ᠰᠣᠷᠭᠤᠭ ᠢᠶᠠᠷ ᠬᠦᠷᠦᠭᠡᠨ ᠬᠠᠳᠠᠭᠠᠯᠠᠬᠤ ᠬᠦᠮᠦᠷᠭᠡ︶ ᠶᠢᠨ ᠲᠦᠷᠦᠯ | ᠵᠦᠢᠯ ᠢ ᠰᠢᠯᠭᠠᠨ ᠬᠤᠷᠢᠶᠠᠬᠤ ᠬᠦᠰᠦᠨᠦᠭ | 4. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠡᠷᠴᠢᠮᠯᠢᠭ ᠴᠢᠬᠢ ᠪᠤᠶᠢᠵᠢᠭᠤᠯᠤᠯᠲᠠ︶ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 5. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠡᠳ᠋ᠰᠢᠬᠦᠯᠬᠦ ᠠᠵᠤ ᠠᠬᠤᠶᠢᠯᠠᠯ ᠤᠨ ᠪᠤᠶᠢᠵᠢᠭᠤᠯᠤᠯᠲᠠ︶ ᠶᠢᠨ ᠪᠠᠶᠢᠭᠤᠯᠤᠯᠲᠠ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 6. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠬᠠᠮᠲᠤᠷᠠᠯ ᠬᠤᠷᠰᠢᠶᠠᠨ ᠤ ᠪᠤᠶᠢᠵᠢᠭᠤᠯᠤᠯᠲᠠ︶ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | 7. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ ᠶᠢᠨ ᠲᠦᠷᠦᠯ ᠵᠦᠢᠯ ᠤᠨ ᠬᠦᠮᠦᠷᠭᠡ | 8. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ ᠶᠢᠨ ᠲᠦᠷᠦᠯ ᠵᠦᠢᠯ ᠢ ᠬᠢᠨᠠᠨ ᠴᠤᠬᠤᠯᠠᠪᠤᠷᠢᠯᠠᠬᠤ ᠬᠦᠰᠦᠨᠦᠭ | 9. ᠣᠲᠤᠭ ᠤᠨ ᠡᠮᠦᠨᠡᠲᠦ ᠬᠤᠰᠢᠭᠤᠨ ᠤ 2021 ᠣᠨ ᠤ ᠮᠠᠯ ᠲᠠᠷᠢᠶᠠᠯᠠᠩ ᠤᠨ ᠦᠢᠯᠡᠰ ᠤᠨ ᠴᠢᠨᠠᠷᠯᠢᠭ ᠬᠦᠭᠵᠢᠯᠲᠡ ᠶᠢ ᠠᠬᠢᠭᠤᠯᠬᠤ ᠳᠡᠮᠵᠢᠯᠭᠡ ᠶᠢᠨ | ᠲᠦᠷᠦ ᠶᠢᠨ ᠪᠣᠳᠣᠯᠭ᠎ᠠ ︵ᠠᠵᠤ ᠠᠬᠤᠢ ᠶᠢᠨ ᠣᠢ ᠶᠢᠨ ᠲᠠᠷᠢᠮᠠᠯ︶ ᠶᠢᠨ ᠲᠦᠷᠦᠯ ᠵᠦᠢᠯ ᠢ ᠰᠢᠯᠭᠠᠨ ᠬᠤᠷᠢᠶᠠᠬᠤ ᠬᠦᠰᠦᠨᠦᠭ | |