ᠣᠯᠣᠰ ᠲᠦᠷᠦ ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ ᠠᠩᠬᠠᠳᠣᠭᠠᠷ ᠬᠤᠷᠠᠯ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/1/10
    1 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ ᠶᠢᠨ 14 ᠴᠠᠭ 30 ᠮᠢᠨᠦ᠋ᠲ ᠲᠤ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠣᠮᠳᠠ᠂ ᠪᠦᠭᠦ ᠬᠤᠰᠢᠭᠤᠨ ᠤ ᠠᠷᠠᠳ ᠣᠯᠠᠨ ᠤ ᠠᠩᠬᠠᠷᠤᠯ ᠢ ᠲᠠᠲᠠᠭᠰᠠᠨ ᠳᠤᠮᠳᠠᠳᠤ ᠤᠯᠤᠰ ᠤᠨ ᠠᠷᠠᠳ ᠤᠨ ᠤᠯᠤᠰ ᠲᠦᠷᠤ ᠶᠢᠨ ᠵᠥᠪᠯᠡᠯᠭᠡᠨ ᠤ ᠤᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠨᠢᠭᠡᠳᠦᠬᠡᠷ ᠪᠥᠬᠦᠳᠡ ᠬᠤᠷᠠᠯ ᠲᠤᠯᠤᠨ ᠣᠷᠳᠣᠨ ᠳᠤ ᠡᠬᠢᠯᠡᠵᠦ᠂ ᠬᠤᠷᠠᠯ ᠳᠤ ᠣᠷᠣᠯᠴᠠᠪᠠᠰᠣ ᠵᠤᠬᠢᠬᠤ ᠭᠡᠰᠢᠭᠦᠨ 128 ᠬᠥᠮᠦᠨ᠂ ᠬᠤᠷᠠᠯ ᠳᠤ 123 ᠭᠡᠰᠢᠭᠦᠨ ᠪᠣᠲᠠᠲᠠᠢ ᠣᠷᠣᠯᠴᠠᠨ᠂ ︽ᠤᠯᠤᠰ ᠲᠦᠷᠤ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ ᠨᠡᠶᠢᠴᠡᠪᠡ᠃     ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠬᠤᠭᠤᠴᠠᠭ᠎ᠠ ᠰᠣᠯᠢᠬᠤ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ ᠵᠢᠯᠣᠭᠤᠳᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠶ ᠴᠢᠶᠠᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠪᠠᠷ ᠨᠡᠷ᠎ᠡ ᠳᠣᠷᠠᠳᠣᠭᠳᠠᠭᠴᠢ ᠭᠤᠤ ᠷᠦᠩ ᠲᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠳᠤ ᠣᠷᠣᠯᠴᠠᠵᠤ ᠪᠠᠶᠠᠷ ᠬᠦᠷᠭᠡᠪᠡ᠃     ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠷ ᠨᠡᠷ᠎ᠡ ᠳᠤᠷᠠᠳᠤᠭᠳᠠᠭᠴᠢ ᠲᠣᠳᠢ ᠬᠤᠷᠠᠯ ᠢ ᠡᠷᠭᠢᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠤᠳᠤᠷᠢᠳᠤᠯᠭ᠎ᠠ ᠢᠦᠶ ᠭᠦᠸᠧ ᠴᠢᠶᠠᠩ᠂ ᠴᠢᠨ ᠯᠢᠩ ᠹᠧᠩ᠂ ᠵᠠᠩ ᠱᠢ ᠹᠦ᠋᠂ ᠴᠢ ᠵᠢᠶᠦ᠋ᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃     ᠢᠦᠶ ᠭᠦᠸᠧ ᠴᠢᠶᠠᠩ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠳᠤᠭᠠᠷ ᠬᠤᠭᠤᠴᠠᠭᠠᠨ ᠤ  ᠵᠦᠪᠯᠡᠯ ᠤᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠮᠡᠳᠡᠬᠦᠯᠦᠯᠲᠡ ᠬᠢᠪᠠ᠃     ᠮᠡᠳᠡᠬᠦᠯᠦᠯᠲᠡ ᠳᠤ᠂ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠳᠤᠭᠠᠷ ᠬᠤᠭᠤᠴᠠᠭᠠᠨ ᠤ  ᠵᠦᠪᠯᠡᠯ ᠲᠤᠰᠢᠶᠠᠯ ᠬᠦᠯᠢᠶᠡᠭᠰᠡᠨ ᠠᠴᠠ ᠨᠠᠭᠠᠰᠢ᠂ ᠬᠤᠰᠢᠭᠤ ᠨᠠᠮ ᠤᠨ ᠬᠤᠷᠢᠶᠠᠨ ᠤ ᠡᠷᠴᠢᠲᠦ ᠤᠳᠤᠷᠢᠳᠤᠯᠭ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠦᠴᠦᠲᠦ ᠳᠡᠮᠵᠢᠯᠭᠡ ᠳᠣᠤᠷ᠎ᠠ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠯᠤᠰ ᠲᠥᠷᠥ ᠳᠤ ᠵᠥᠪᠯᠡᠭᠦ᠂ ᠠᠷᠠᠳᠴᠢᠯᠠᠭᠰᠠᠨ ᠬᠢᠨᠠᠯᠳᠠ ᠬᠢᠭᠦ ᠪᠠ ᠲᠥᠷᠥ ᠶᠢᠨ ᠶᠠᠪᠤᠳᠠᠯ ᠳᠤ ᠤᠷᠤᠯᠴᠠᠨ ᠵᠥᠪᠯᠡᠭᠦ ᠠᠵᠢᠯ ᠤᠨ ᠬᠠᠷᠢᠭᠤᠴᠠᠯᠭ᠎ᠠ ᠪᠠᠨ ᠢᠳᠡᠪᠬᠢᠲᠡᠢ ᠭᠥᠢᠴᠡᠳᠭᠡᠨ᠂ ᠥᠭᠡᠷᠡᠴᠢᠯᠡᠯᠳᠡ ᠭᠥᠭᠵᠢᠭᠦᠯᠥᠯᠳᠡ ᠳᠤ ᠠᠷᠭ᠎ᠠ ᠪᠤᠳᠤᠯᠭ᠎ᠠ ᠳᠡᠪᠰᠢᠬᠦᠯᠵᠦ᠂ ᠤᠯᠤᠰ ᠲᠥᠷᠥ ᠶᠢᠨ ᠡᠵᠡᠮᠳᠡᠬᠦ ᠴᠢᠳᠠᠪᠤᠷᠢ ᠪᠠᠨ ᠲᠠᠰᠣᠷᠠᠯᠲᠠ ᠥᠭᠡᠢ ᠳᠡᠭᠡᠭᠰᠢᠯᠡᠬᠦᠯᠦᠨ᠂ ᠴᠢᠭᠯᠡᠯᠳᠡ ᠵᠤᠷᠢᠭ ᠥᠢᠯᠡᠰ ᠨᠢᠭᠡᠳᠡᠢ ᠤᠯᠤᠰ ᠲᠥᠷᠥ ᠶᠢᠨ ᠬᠡᠪ ᠴᠢᠨᠠᠷ ᠢᠶᠠᠨ ᠲᠠᠪᠲᠠᠨ ᠪᠤᠯᠪᠠᠰᠣᠷᠠᠭᠤᠯᠪᠠ᠃ ᠪᠠᠶᠢᠴᠠᠭᠠᠨ ᠰᠤᠳᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠳᠥᠮᠵᠢᠳᠤ ᠠᠷᠭ᠎ᠠ ᠪᠤᠳᠠᠳᠠᠢ ᠲᠥᠰᠥᠯ ᠢᠶᠠᠷ ᠪᠦᠬᠦ ᠲᠠᠯ᠎ᠠ ᠳᠤ ᠥᠢᠯᠡᠴᠢᠯᠡᠨ᠂ ᠪᠤᠳᠠᠳᠠᠢ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠨᠡᠮᠡᠭᠳᠡᠭᠦᠯᠵᠦ᠂ ᠵᠢᠳᠬᠦᠯ ᠴᠢᠷᠮᠠᠶᠢᠯᠭ᠎ᠠ᠂ ᠬᠦᠴᠦᠨ ᠴᠢᠳᠠᠯ᠂ ᠤᠶᠤᠨ ᠣᠬᠠᠭᠠᠨ ᠢᠶᠠᠨ ᠨᠡᠮᠡᠷᠢᠯᠡᠪᠡ᠃ ᠬᠠᠮᠲᠤᠷᠠᠨ ᠠᠵᠢᠯᠯᠠᠬᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠬᠦᠯᠦᠨ᠂ ᠠᠷᠠᠳᠴᠢᠯᠠᠯ ᠪᠥᠯᠭᠦᠮᠳᠡᠯ ᠢᠶᠠᠷ ᠬᠠᠮᠳᠤ ᠶᠢᠨ ᠲᠠᠨᠢᠯᠳᠠ ᠪᠠᠨ ᠨᠢᠭᠲᠠᠷᠠᠭᠤᠯᠵᠤ᠂ ᠬᠠᠷᠢᠯᠴᠠᠭ᠎ᠠ ᠬᠠᠮᠳᠤᠷᠠᠯᠴᠠᠭ᠎ᠠ ᠪᠠᠷ ᠭᠥᠴᠥᠨ ᠴᠢᠳᠠᠯ ᠢᠶᠠᠨ ᠬᠠᠮᠲᠤᠳᠬᠠᠨ᠂ ᠪᠥᠯᠭᠦᠮᠳᠡᠯᠳᠠᠢ ᠴᠢᠷᠮᠠᠶᠢᠯᠳᠠᠳᠠᠢ ᠬᠠᠷᠢᠭᠤᠴᠠᠯᠭᠠᠳᠠᠢ  ᠠᠵᠢᠯ ᠤᠨ ᠪᠠᠶᠢᠳᠠᠯ ᠢ ᠪᠤᠢ ᠪᠣᠯᠭᠠᠪᠠ᠃ ᠲᠤᠰ ᠪᠡᠶ᠎ᠡ ᠶᠢᠨ ᠪᠠᠶᠢᠭᠤᠯᠤᠯᠳᠠ ᠶᠢᠨ ᠴᠢᠳᠠᠪᠥᠷᠢ ᠪᠠᠨ ᠲᠠᠰᠤᠷᠠᠯᠳᠠ ᠥᠭᠡᠢ ᠲᠡᠭᠡᠭᠰᠢᠯᠡᠭᠦᠯᠵᠦ᠂ ᠲᠤᠭᠳᠠᠴᠠ ᠶᠢᠨ ᠰᠢᠨᠡᠴᠢᠯᠡᠯ ᠢᠶᠠᠷ ᠲᠥᠷᠢ ᠲᠥᠷᠭᠦ ᠪᠠᠨ ᠱᠣᠭᠤᠨ᠂ ᠠᠴᠢᠶᠠᠯᠠᠪᠤᠷᠢ ᠴᠤᠭᠴᠠᠯᠠᠪᠤᠷᠢ ᠪᠠᠷ ᠬᠡᠪ ᠴᠢᠨᠠᠷ  ᠢᠶᠠᠨ ᠲᠡᠭᠡᠭᠰᠢᠯᠡᠭᠦᠯᠵᠤ᠂ ᠬᠠᠷᠢᠭᠤᠴᠠᠯᠭ᠎ᠠ ᠪᠠᠨ ᠤᠶᠢᠯᠠᠭᠠᠬᠤ ᠬᠦᠢᠴᠡᠳᠬᠡᠬᠦ ᠪᠡᠶᠡᠯᠡᠭᠦᠯᠭᠦ ᠵᠤᠷᠢᠭ ᠰᠠᠨᠠᠭᠠᠨ ᠤ ᠬᠡᠪ ᠰᠤᠷᠳᠠᠯ ᠢ ᠢᠯᠡᠷᠡᠬᠦᠯᠪᠡ ᠭᠡᠵᠦ ᠵᠢᠭᠠᠭᠰᠠᠨ ᠪᠠᠶᠢᠨ᠎ᠠ᠃     ᠮᠡᠳᠡᠬᠦᠯᠦᠯᠲᠡ ᠳᠤ᠂ ᠰᠢᠨ᠎ᠡ ᠨᠢᠭᠡ ᠬᠤᠭᠤᠴᠠᠭᠠᠨ ᠤ ᠣᠯᠣᠰ ᠲᠦᠷᠦ ᠶᠢᠨ ᠵᠦᠪᠯᠡᠯᠭᠡᠨ ᠤ ᠲᠤᠰᠢᠶᠠᠯ ᠤᠨ ᠬᠤᠭᠤᠴᠠᠭᠠᠨ ᠤ ᠲᠠᠪᠣᠨ ᠵᠢᠯ ᠪᠣᠯ ᠮᠠᠨ ᠤ ᠬᠤᠰᠢᠭᠤ ᠰᠢᠨ᠎ᠡ ᠬᠦᠭᠵᠢᠯᠲᠡ ᠶᠢᠨ ᠦᠵᠡᠯᠲᠡ ᠶᠢ ᠨᠠᠶᠢᠲᠠᠪᠤᠷᠢᠵᠢᠭᠤᠯᠵᠤ᠂ ᠰᠢᠨ᠎ᠡ ᠠᠶᠠᠨ ᠢᠶᠠᠨ ᠡᠬᠢᠯᠡᠬᠦᠯᠬᠦ ᠵᠠᠩᠭᠢᠯᠠᠭ᠎ᠠ ᠶᠢᠨ ᠲᠠᠪᠤᠨ ᠵᠢᠯ ᠪᠤᠯᠤᠨ᠎ᠠ︔ ᠠᠵᠤ ᠤᠶᠢᠯᠡᠰ  ᠤᠨ ᠪᠦᠳᠤᠴᠠ ᠶᠢᠨ ᠳᠤᠬᠢᠷᠠᠭᠤᠯᠤᠯᠳᠠ ᠶᠢ ᠠᠬᠢᠭᠤᠯᠤᠨ᠂ ᠴᠢᠨᠠᠷ ᠤᠨ ᠬᠤᠪᠢᠷᠠᠯᠳᠠ ᠠᠴᠠ ᠳᠤᠭᠠᠨ ᠤ ᠬᠤᠪᠢᠷᠠᠯᠳᠠ  ᠶᠢ ᠪᠡᠶᠡᠯᠡᠬᠦᠯᠬᠦ ᠵᠠᠩᠬᠢᠯᠠᠭ᠎ᠠ ᠶᠢᠨ ᠳᠠᠪᠤᠨ ᠵᠢᠯ ᠪᠤᠯᠤᠨ᠎ᠠ︔ ᠮᠦᠨᠴᠤ ᠰᠢᠨ᠎ᠠ ᠠᠮᠵᠢᠯᠲᠠ ᠪᠦᠳᠤᠮᠵᠢ ᠶᠢ ᠡᠬᠦᠳᠴᠦ᠂ ᠰᠢᠨ᠎ᠠ ᠬᠠᠭᠤᠳᠠᠰᠤ ᠶᠢ ᠪᠢᠴᠢᠭᠯᠡᠬᠦ ᠦᠷ᠎ᠠ ᠪᠦᠳᠤᠮᠵᠢᠳᠤ ᠳᠠᠪᠤᠨ ᠵᠢᠯ ᠪᠤᠯᠤᠨ᠎ᠠ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶ᠎ᠠ ᠪᠣᠯᠤᠨ ᠪᠦᠬᠦ ᠬᠡᠰᠢᠬᠦᠳ ᠠᠴᠠ ᠰᠢ ᠶᠢᠨ ᠫᠢᠩ ᠤᠨ ᠰᠢᠨ᠎ᠠ ᠴᠠᠭ ᠦᠶ᠎ᠡ  ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠬᠡᠮ ᠵᠢᠷᠤᠮ ᠤᠨ ᠦᠵᠡᠯ ᠰᠠᠨᠠᠭ᠎ᠠ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠵᠢᠴᠢ ᠠᠷᠪᠠ ᠶᠢᠰᠤᠳᠤᠬᠡᠷ ᠬᠤᠭᠤᠴᠠᠭᠠᠨ ᠤ ᠡᠯ᠎ᠡ ᠡᠭᠡᠯᠵᠢ ᠶᠢᠨ ᠪᠦᠬᠦᠳᠠ ᠬᠤᠷᠠᠯ ᠤᠨ ᠵᠤᠷᠢᠭ ᠰᠠᠨᠠᠭ᠎ᠠ ᠪᠠ ᠶᠡᠷᠤᠩᠬᠡᠢ ᠱᠦᠵᠢ ᠰᠢ ᠶᠢᠨ ᠫᠢᠩ ᠤᠨ ᠠᠷᠠᠤᠨ ᠤᠨ ᠤᠯᠤᠰ ᠲᠦᠷᠤ ᠶᠢᠨ ᠵᠦᠪᠯᠡᠯᠬᠡᠨ ᠤ ᠠᠵᠢᠯ ᠢ ᠴᠢᠩᠭᠠᠤᠨᠬᠠᠬᠤ ᠪᠠ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭᠠᠨ ᠤ ᠨᠠᠮ ᠤᠨ ᠲᠦᠯᠤᠬᠡᠯᠡᠭᠴᠢᠤᠨ ᠤᠨ ᠶᠡᠭᠡ ᠬᠤᠷᠠᠯ ᠪᠠ ᠬᠤᠳᠠ ᠶᠢᠨ ᠳᠠᠪᠤᠳᠤᠭᠠᠷ ᠤᠳᠠᠭᠠᠨ ᠤ ᠨᠠᠮ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠵᠤᠷᠢᠭ ᠰᠠᠨᠠᠭ᠎ᠠ  ᠶᠢ ᠬᠦᠨᠵᠡᠬᠡᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠯᠬᠦᠮᠳᠠᠯ ᠠᠷᠠᠤᠨᠴᠢᠯᠡᠯ ᠬᠤᠶᠠᠷ ᠶᠡᠭᠡ ᠭᠤᠤᠯ ᠰᠡᠳᠤᠪ ᠢ ᠰᠠᠶᠢᠳᠤᠷ ᠡᠵᠡᠮᠳᠡᠨ᠂ ᠬᠤᠰᠢᠭᠤ ᠨᠠᠮ ᠤᠨ ᠬᠤᠷᠢᠶᠠᠨ ᠤ ᠡᠷᠴᠢᠲᠦ ᠤᠳᠤᠷᠢᠳᠤᠯᠭ᠎ᠠ ᠳᠤᠤᠷ᠎ᠠ᠂ ᠬᠤᠰᠢᠭᠤ ᠠᠷᠪᠠᠳᠤᠭᠠᠷ ᠤᠳᠠᠭᠠᠨ ᠤ ᠨᠠᠮ ᠤᠨ ᠲᠦᠯᠤᠬᠡᠯᠡᠭᠴᠢᠤᠨ ᠤᠨ ᠶᠡᠭᠡ ᠬᠤᠷᠠᠯ ᠠᠴᠠ ᠳᠤᠭᠳᠠᠭᠠᠭᠰᠡᠨ ︽ᠲᠦᠷᠪᠡᠨ ᠤᠷᠤᠨ︾ ᠤ ᠪᠠᠶᠢᠭᠤᠯᠤᠯᠳᠠ ᠶᠢᠨ ᠬᠠᠷᠠᠯᠳᠠ ᠪᠠᠷ ᠭᠠᠷᠳᠠᠴᠠ ᠪᠤᠯᠭᠠᠨ᠂ ᠵᠦᠪᠯᠡᠯᠬᠡ ᠨᠠᠩ ᠪᠦᠳᠤᠮᠵᠢᠳᠠᠢ᠂ ᠬᠢᠨᠠᠯᠳᠠ ᠨᠠᠩ ᠡᠷᠴᠢᠮᠳᠠᠢ᠂ ᠰᠠᠨᠠᠭᠤᠯᠭ᠎ᠠ ᠨᠠᠩ ᠤᠨᠤᠪᠴᠢᠳᠠᠢ᠂ ᠪᠦᠯᠬᠦᠮᠳᠠᠯ ᠨᠠᠩ ᠦᠷᠬᠡᠨ ᠪᠠᠶᠢᠬᠤ ᠶᠢ ᠪᠠᠳᠤᠳᠠᠢ ᠠᠬᠢᠭᠤᠯᠵᠤ᠂ ᠰᠢᠨ᠎ᠠ ᠴᠠᠭ ᠦᠶ᠎ᠡ ᠶᠢᠨ ᠤᠳᠤᠭ ᠤᠨ ᠡᠮᠤᠨᠡᠳᠤ ᠬᠤᠰᠢᠭᠤᠨ ᠤ ᠰᠢᠨ᠎ᠠ ᠠᠶᠠᠨ ᠢ ᠪᠦᠬᠦ ᠳᠠᠯ᠎ᠠ ᠪᠠᠷ ᠡᠬᠢᠯᠡᠬᠦᠯᠬᠦ ᠳᠤ ᠤᠯᠤᠰ ᠲᠦᠷᠤ ᠶᠢᠨ ᠵᠦᠪᠯᠡᠯᠬᠡᠨ ᠤ ᠤᠶᠤᠨ ᠤᠬᠠᠭᠠᠨ ᠪᠠ ᠬᠦᠴᠤᠨ ᠴᠢᠳᠠᠯ ᠢᠶᠠᠨ ᠡᠷᠬᠦᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠮᠡᠳᠡᠬᠦᠯᠦᠯᠲᠡ ᠳᠤ᠂ ᠤᠯᠤᠰ ᠲᠦᠷᠦ ᠶᠢᠨ ᠵᠥᠪᠯᠡᠯᠭᠡᠨ ᠳᠤ ᠣᠷᠣᠯᠴᠠᠭᠰᠠᠨ ᠡᠯ᠎ᠡ ᠨᠢᠭᠡᠴᠡ ᠪᠣᠯᠤᠨ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠠᠳᠤ ᠪᠠᠬᠢ ᠤᠯᠤᠰ ᠲᠦᠷᠤ ᠶᠢᠨ ᠵᠤᠭᠰᠤᠴᠠ ᠶᠢ ᠦᠷᠬᠦᠯᠵᠢ ᠪᠠᠲᠤᠯᠠᠨ᠂ ᠤᠯᠤᠰ ᠲᠦᠷᠤ ᠶᠢᠨ ᠵᠦᠪᠯᠡᠯᠬᠡᠨ ᠤ ᠨᠠᠮ ᠤᠨ ᠤᠳᠤᠷᠢᠤᠨᠬᠤ ᠳᠤᠭᠤᠶᠢᠯᠠᠩ ᠤᠨ ᠤᠯᠤᠰ ᠲᠦᠷᠤ ᠶᠢᠨ ᠤᠶᠢᠯᠡᠳᠤᠯ ᠢ ᠦᠨᠡᠨ ᠬᠦ ᠪᠠᠳᠠᠷᠠᠭᠤᠯᠬᠤ ᠬᠡᠷᠡᠭᠲᠡᠢ᠃ ᠭᠤᠤᠯ ᠬᠠᠷᠢᠭᠤᠴᠠᠯᠭ᠎ᠠ ᠭᠤᠤᠯ ᠠᠵᠢᠯ ᠢ ᠴᠢᠩᠭᠠᠳᠬᠠᠵᠤ᠂ ᠪᠦᠬᠦ ᠲᠠᠯ᠎ᠠ ᠳᠤ ᠤᠶᠢᠯᠡᠴᠢᠯᠡᠬᠦ ᠳᠠᠯ᠎ᠠ ᠪᠠᠷ ᠬᠦᠴᠤ ᠨᠡᠮᠡᠷᠢᠯᠡᠨ᠂ ᠬᠦᠭᠵᠢᠯᠳᠠ ᠶᠢ ᠠᠬᠢᠭᠤᠯᠬᠤ ᠳᠤ ᠤᠶᠤᠨ ᠤᠬᠠᠭᠠᠨ ᠢᠶᠠᠨ ᠵᠤᠷᠢᠭᠤᠯᠵᠤ᠂ ᠠᠷᠠᠤᠨᠴᠢᠯᠠᠭᠰᠡᠨ ᠬᠢᠨᠠᠯᠳᠠ ᠳᠠᠯᠪᠢᠬᠤ ᠳᠠᠯ᠎ᠠ ᠪᠠᠷ ᠬᠦᠴᠤᠯᠡᠨ᠂ ᠭᠤᠤᠯᠳᠠᠯᠭ᠎ᠠ ᠶᠢᠨ ᠳᠤᠭᠤᠷᠢᠨ ᠳᠤ ᠶᠡᠭᠡ ᠳᠠᠯ᠎ᠠ ᠳᠤ ᠤᠶᠢᠯᠡᠴᠢᠯᠡᠬᠦ ᠳᠤ ᠰᠢᠨ᠎ᠠ ᠬᠤᠪᠢ ᠨᠡᠮᠡᠷᠢ ᠦᠵᠡᠬᠦᠯᠬᠦ ᠬᠡᠷᠡᠭᠲᠡᠢ᠃ ᠲᠦᠷᠢᠮ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠨ ᠠᠵᠢᠯᠯᠠᠬᠤ ᠪᠠᠨ ᠴᠢᠩᠭᠠᠳᠬᠠᠨ᠂ ᠪᠦᠯᠬᠦᠮᠳᠠᠯ ᠡᠶ᠎ᠡ ᠵᠤᠬᠢᠴᠠᠯ ᠢ  ᠠᠬᠢᠭᠤᠯᠵᠤ᠂ ᠤᠯᠤᠰ ᠲᠦᠷᠤ ᠶᠢᠨ ᠵᠦᠪᠯᠡᠯᠬᠡᠨ ᠤ ᠨᠦᠯᠤᠬᠡᠯᠡᠬᠦ ᠬᠦᠴᠤ ᠶᠢ ᠦᠷᠭᠡᠳᠬᠡᠨ᠂ ᠬᠠᠮᠳᠤ ᠶᠢᠨ ᠲᠠᠨᠢᠯᠲᠠ ᠶᠢ ᠨᠢᠭᠳᠠᠷᠠᠭᠤᠯᠤᠨ ᠬᠠᠮ ᠬᠦᠴᠤ ᠶᠢ ᠴᠢᠩᠭᠠᠤᠨᠬᠠᠬᠤ ᠳᠠᠯ᠎ᠠ ᠪᠠᠷ ᠰᠢᠨ᠎ᠠ ᠬᠦᠴᠤᠨ ᠢ ᠬᠤᠷᠠᠮᠳᠣᠭᠤᠯᠬᠤ ᠬᠡᠷᠡᠭᠲᠡᠢ᠃ ᠦᠨᠳᠤᠰᠤ ᠪᠠᠨ ᠪᠠᠬᠢᠵᠢᠬᠦᠯᠤᠨ ᠰᠠᠭᠤᠷᠢ ᠪᠠᠨ ᠴᠢᠩᠭᠠᠤᠨᠬᠠᠬᠤ ᠶᠢ ᠪᠠᠷᠢᠮᠲᠠᠯᠠᠵᠤ᠂ ᠪᠠᠶᠢᠩᠭᠤ ᠶᠢᠨ ᠬᠤᠷᠢᠶᠠᠨ ᠤ ᠪᠠᠶᠢᠭᠤᠯᠤᠯᠳᠠ ᠶᠢ ᠴᠢᠩᠭᠠᠤᠨᠬᠠᠨ᠂ ᠬᠡᠰᠢᠬᠦᠤᠨ ᠤᠨ ᠤᠶᠢᠯᠡᠴᠢᠯᠡᠭᠡ ᠬᠠᠮᠢᠶᠠᠷᠤᠯᠳᠠ ᠶᠢ ᠴᠢᠩᠭᠠᠳᠬᠠᠵᠤ᠂ ᠪᠠᠶᠢᠭᠤᠯᠭ᠎ᠠ ᠶᠢᠨ ᠠᠵᠢᠯ ᠤᠨ ᠪᠦᠳᠤᠮᠵᠢ ᠶᠢ ᠳᠡᠬᠡᠭᠰᠢᠯᠡᠬᠦᠯᠤᠨ᠂ ᠬᠡᠪ ᠤᠨ ᠪᠠᠶᠢᠳᠠᠯ ᠢ ᠮᠡᠳᠡᠵᠤ ᠬᠤᠪᠢᠷᠠᠯᠳᠠ ᠶᠢ ᠤᠶᠢᠯᠠᠭᠠᠨ ᠲᠦᠪ ᠶᠤᠰᠤ ᠶᠢ ᠰᠠᠬᠢᠵᠤ ᠰᠢᠨ᠎ᠠ ᠶᠢ ᠡᠬᠦᠤᠨᠬᠦ ᠳᠠᠯ᠎ᠠ ᠪᠠᠷ ᠰᠢᠨ᠎ᠠ ᠰᠢᠪᠳᠤᠯᠤᠯᠳᠠ ᠶᠢ ᠪᠡᠶᠡᠯᠡᠬᠦᠯᠵᠦ᠂ ᠤᠳᠤᠭ ᠤᠨ ᠡᠮᠤᠨᠡᠳᠤ ᠬᠤᠰᠢᠭᠤᠨ ᠤ ᠪᠠᠨ ᠰᠢᠨ᠎ᠠ ᠴᠠᠭ ᠦᠶ᠎ᠡ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠬᠦᠯᠬᠦ ᠳᠤ ᠬᠠᠮᠳᠤ ᠪᠠᠷ ᠲᠡᠮᠡᠴᠡᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠤᠯᠤᠰ ᠲᠦᠷᠦ ᠶᠢᠨ ᠵᠥᠪᠯᠡᠯᠭᠡᠨ ᠤ ᠤᠳᠤᠭ ᠤᠨ ᠡᠮᠦᠨᠡᠲᠦ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ᠂ ᠵᠠᠩ ᠱᠢ ᠹᠦ᠋ ᠶᠡᠭᠡ ᠬᠤᠷᠠᠯ ᠳᠤ ᠤᠯᠤᠰ ᠲᠦᠷᠦ ᠶᠢᠨ ᠵᠥᠪᠯᠡᠯᠭᠡᠨ ᠤ ᠤᠳᠤᠭ ᠤᠨ ᠡᠮᠦᠨᠡᠲᠦ ᠬᠤᠰᠢᠭᠤᠨ ᠤ ᠠᠷᠪᠠᠳᠤᠭᠠᠷ ᠬᠤᠭᠤᠴᠠᠭᠠᠨ ᠤ ᠵᠦᠪᠯᠡᠯ ᠤᠨ ᠪᠠᠶᠢᠩᠭᠤ ᠶᠢᠨ ᠬᠤᠷᠢᠶᠠᠨ ᠤ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃     ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠠᠩᠬᠠᠳᠣᠭᠠᠷ ᠬᠤᠷᠠᠯ ᠠᠴᠠ ᠨᠠᠭᠠᠰᠢ᠂ ᠤᠷᠢᠳ ᠬᠤᠵᠢᠳ ᠨᠡᠶᠢᠲᠡ 326 ᠬᠤᠪᠢ ᠰᠠᠨᠠᠯ ᠳᠤᠷᠠᠳᠤᠯᠭ᠎ᠠ ᠬᠦᠯᠢᠶᠡᠨ ᠠᠪᠴᠤ᠂ ᠬᠢᠨᠠᠨ ᠪᠠᠶᠢᠴᠠᠭᠠᠯᠳᠠ ᠪᠠᠷ ᠲᠠᠮᠵᠢᠭᠤᠯᠤᠨ 289 ᠬᠤᠪᠢ ᠶᠢ ᠨᠢ ᠪᠥᠷᠢᠳᠭᠡᠯ ᠳᠤ ᠳᠠᠩᠰᠠᠯᠠᠨ᠂ ᠲᠠᠩᠰᠠᠯᠠᠨ ᠠᠰᠢᠭᠯᠠᠯᠳᠠ  ᠶᠢᠨ ᠨᠤᠷᠮ᠎ᠠ 88.7%ᠭᠥᠷᠪᠡ᠃ ᠪᠥᠷᠢᠳᠭᠡᠯ ᠳᠤ ᠳᠠᠩᠰᠠᠯᠠᠭᠰᠠᠨ ᠰᠠᠨᠠᠯ ᠵᠥᠪᠯᠡᠯᠭᠡ ᠶᠢᠨ ᠳᠣᠲᠣᠷ᠎ᠠ ᠨᠡᠷ᠎ᠡ ᠬᠤᠯᠪᠣᠭᠰᠠᠨ ᠰᠠᠨᠠᠯ ᠵᠥᠪᠯᠡᠯᠭᠡ 79 ᠬᠤᠪᠢ᠂ ᠬᠠᠮᠲᠤ ᠶᠢᠨ ᠰᠠᠨᠠᠯ ᠵᠥᠪᠯᠡᠯᠭᠡ 4 ᠬᠤᠪᠢ ᠪᠠᠶᠢᠵᠤ᠂ ᠤᠯᠤᠰ ᠲᠦᠷᠦ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ 49 ᠬᠤᠪᠢ᠂ ᠠᠵᠤ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ 45 ᠬᠤᠪᠢ᠂ ᠰᠣᠶᠣᠯ ᠤᠨ ᠪᠠᠶᠢᠭᠤᠯᠤᠯᠲᠠ ᠶᠢᠨ ᠲᠠᠯ᠎ᠠ ᠪᠠᠷ ᠬᠢ 20 ᠬᠤᠪᠢ᠂ ᠨᠡᠶᠢᠭᠡᠮ ᠤᠨ ᠪᠠᠶᠢᠭᠤᠯᠤᠯᠲᠠ ᠶᠢᠨ ᠲᠠᠯ᠎ᠠ ᠪᠠᠷ ᠬᠢ 158 ᠬᠤᠪᠢ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠠᠯ᠎ᠠ ᠪᠠᠷ ᠬᠢ 17 ᠬᠤᠪᠢ᠂ ᠪᠥᠷᠢᠳᠭᠡᠨ ᠳᠠᠩᠰᠠᠯᠠᠬᠤ ᠱᠠᠭᠠᠷᠳᠠᠯᠭ᠎ᠠ ᠳᠤ ᠨᠡᠶᠢᠴᠡᠬᠦ ᠦᠭᠡᠢ ᠰᠠᠨᠠᠯ ᠵᠥᠪᠯᠡᠯᠭᠡ ᠶᠢ ᠨᠢᠭᠡᠨᠲᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠯᠠᠪᠯᠠᠯᠲᠠ ᠪᠣᠯᠭᠠᠭᠰᠠᠨ ᠪᠤᠶᠤ ᠨᠡᠶᠢᠭᠡᠮ ᠤᠨ ᠪᠠᠶᠢᠳᠠᠯ ᠠᠷᠠᠳ ᠤᠨ ᠰᠠᠨᠠᠯ ᠤᠨ ᠮᠡᠳᠡᠭᠡ ᠵᠠᠩᠭᠢ ᠪᠣᠯᠭᠠᠨ ᠲᠤᠰᠬᠠᠭᠰᠠᠨ ᠪᠠᠶᠢᠨ᠎ᠠ᠃ ᠰᠠᠨᠠᠯ ᠳᠤᠷᠠᠳᠤᠯᠭ᠎ᠠ ᠰᠢᠢᠳᠪᠥᠷᠢᠯᠡᠭᠦ ᠶᠠᠪᠤᠴᠠ ᠶᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠭᠠᠭᠠᠨ ᠰᠢᠢᠳᠪᠦᠷᠢᠯᠡᠬᠦ ᠨᠢᠭᠡᠴᠡ ᠶᠢ ︽ᠲᠠᠪᠤ ᠶᠢ ᠢᠵᠢ ᠴᠤᠭᠴᠠᠵᠢᠭᠤᠯᠬᠤ︾ ᠬᠢᠨᠠᠨ ᠰᠢᠯᠭᠠᠯᠳᠠ ᠶᠢᠨ ᠬᠡᠪᠴᠢᠶᠡᠨ ᠳᠤ ᠪᠠᠭᠳᠠᠭᠠᠨ᠂ ᠳᠠᠭᠠᠭᠠᠨ ᠰᠢᠢᠳᠪᠥᠷᠢᠯᠡᠭᠦ ᠡᠯ᠎ᠡ ᠨᠢᠭᠡᠴᠡ ᠤᠬᠠᠮᠰᠠᠷ ᠠᠴᠠ ᠪᠠᠨ ᠲᠤᠰ ᠠᠵᠢᠯ ᠢ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠬᠦᠯᠢᠶᠡᠬᠦ ᠪᠣᠳᠠᠲᠤ ᠶᠠᠪᠤᠳᠠᠯ ᠪᠤᠯᠭᠠᠵᠤ᠂ ᠪᠥᠷᠢᠳᠭᠡᠨ ᠳᠠᠩᠰᠠᠯᠠᠭᠰᠠᠨ ᠪᠥᠭᠦ ᠰᠠᠨᠠᠯ ᠳᠤᠷᠠᠳᠤᠯᠭ᠎ᠠ ᠶᠢ ᠴᠥᠮ ᠲᠤᠬᠢᠳᠠᠢ ᠰᠢᠢᠳᠪᠥᠷᠢᠯᠡᠨ᠂ ᠰᠢᠢᠳᠪᠥᠷᠢᠯᠡᠵᠤ ᠬᠠᠷᠢᠭᠤᠯᠤᠭᠰᠠᠨ ᠨᠣᠷᠮ᠎ᠠ ᠨᠢ 100 % ᠳᠤ ᠬᠦᠷᠴᠦ᠂ ᠰᠠᠨᠠᠯ ᠳᠤᠷᠠᠳᠤᠯᠭ᠎ᠠ ᠶᠢᠨ ᠰᠢᠢᠳᠪᠥᠷᠢᠯᠡᠯᠳᠡ ᠶᠢᠨ ᠦᠷ᠎ᠡ ᠳ᠋ᠦᠩ ᠳᠤ ᠬᠠᠨᠳᠤᠭᠰᠠᠨ ᠭᠡᠰᠢᠭᠦᠳ ᠤᠨ ᠬᠠᠨᠤᠮᠵᠢ ᠶᠢᠨ ᠨᠤᠷᠮ᠎ᠠ ᠵᠢᠯ ᠳᠠᠷᠠᠭᠠᠯᠠᠨ ᠳᠡᠭᠡᠭᠰᠢᠯᠡᠭᠰᠡᠨ ᠪᠠᠶᠢᠨ᠎ᠠ᠃     ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠶ ᠴᠢᠶᠠᠩ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠭᠰᠠᠨ ᠳᠤ ᠬᠠᠯᠠᠭᠤᠨ ᠢᠶᠠᠷ ᠪᠠᠶᠠᠷ ᠬᠦᠷᠭᠡᠵᠦ᠂ ᠶᠡᠭᠡ ᠬᠤᠷᠠᠯ ᠳᠤ ᠣᠷᠣᠯᠴᠠᠭᠰᠠᠨ ᠪᠥᠬᠦ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ ᠪᠣᠯᠤᠨ ᠬᠤᠷᠠᠯ ᠳᠤ ᠣᠷᠣᠯᠴᠠᠭᠰᠠᠨ ᠨᠥᠬᠦᠳ ᠲᠤ ᠴᠢᠩ ᠰᠡᠳᠬᠢᠯ ᠤᠨ ᠮᠡᠨᠳᠦᠴᠢᠯᠡᠯ ᠢᠶᠠᠨ ᠳᠡᠪᠰᠢᠬᠦᠯᠦᠭᠰᠡᠨ ᠪᠠᠶᠢᠨ᠎ᠠ︕ ᠰᠢᠷᠭᠠᠭᠤ ᠠᠵᠢᠯᠯᠠᠵᠤ ᠠᠵᠢᠯ ᠦᠢᠯᠡᠰ ᠢᠶᠠᠨ ᠳᠡᠭᠡᠳᠦᠯᠡᠨ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠬᠦᠢᠴᠡᠳᠬᠡᠵᠦ ᠪᠠᠶᠢᠭ᠎ᠠ ᠭᠡᠰᠢᠭᠦᠳ ᠲᠤ᠂ ᠡᠮᠦᠨ᠎ᠡ ᠹᠷᠣᠨᠲ ᠲᠤ ᠬᠦᠨᠵᠡᠬᠡᠶᠢᠷᠡᠵᠦ᠂ ᠠᠵᠢᠯᠴᠢ ᠬᠢᠴᠢᠶᠡᠩᠭᠦᠢ ᠠᠵᠢᠯᠯᠠᠵᠤ ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠠᠵᠢᠯᠲᠠᠳ ᠲᠤ᠂ ᠣᠷᠳᠣ ᠬᠤᠭᠤᠴᠠᠭᠠᠨ ᠤ ᠲᠤᠷᠰᠢ ᠣᠲᠤᠭ ᠤᠨ ᠡᠮᠦᠨᠡᠲᠦ ᠬᠤᠰᠢᠭᠤᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠲᠤ ᠴᠢᠩ ᠰᠡᠳᠬᠢᠯ ᠤᠨ ᠲᠠᠯᠠᠷᠬᠠᠯ ᠢᠶᠠᠨ ᠢᠯᠡᠷᠭᠡᠶᠢᠯᠡᠭᠰᠡᠨ ᠪᠠᠶᠢᠨ᠎ᠠ︕     ᠸᠠᠩ ᠢᠦᠢ ᠴᠢᠶᠠᠩ ᠠᠴᠠ ᠬᠤᠶᠢᠰᠢᠳᠠ ᠶᠢᠨ ᠲᠠᠪᠤᠨ ᠵᠢᠯ ᠪᠣᠯ ᠤᠳᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠳᠠᠪᠠᠯᠲᠠ ᠶᠢ ᠪᠡᠶᠡᠯᠡᠭᠦᠯᠬᠦ ᠴᠢᠬᠤᠯᠠ ᠴᠠᠭ ᠦᠶ᠎ᠡ ᠪᠣᠯᠤᠨ᠎ᠠ᠃ ᠬᠤᠰᠢᠭᠤ ᠠᠷᠪᠠᠳᠤᠭᠠᠷ  ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠤᠭᠲᠠᠭᠠᠭᠰᠠᠨ ᠬᠥᠭᠵᠢᠯᠲᠡ ᠶᠢᠨ ᠬᠠᠷᠠᠯᠲᠠ ᠪᠣᠯᠤᠨ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠤᠲᠠᠲᠠᠶᠢᠵᠢᠭᠤᠯᠬᠤ ᠳᠤ᠂ ᠪᠦᠬᠦ ᠬᠤᠰᠢᠭᠤ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠯᠬᠡᠭᠯᠡᠨ ᠲᠡᠮᠡᠴᠡᠬᠦ ᠬᠡᠷᠡᠭᠲᠡᠢ᠂ ᠨᠠᠩ ᠴᠤ ᠤᠯᠤᠰ ᠲᠥᠷᠥ ᠶᠢᠨ ᠵᠥᠪᠯᠡᠯᠭᠡᠨ ᠤ ᠴᠢᠳᠠᠪᠤᠷᠢᠲᠠᠨ ᠴᠤᠭᠯᠠᠷᠠᠭᠰᠠᠨ᠂ ᠣᠶᠤᠨ ᠤᠬᠠᠭᠠᠨ ᠲᠦᠪᠯᠡᠷᠡᠭᠰᠡᠨ᠂ ᠬᠥᠮᠦᠰ ᠤᠨ ᠰᠡᠳᠬᠢᠯ ᠢ ᠨᠢᠭᠲᠠᠷᠠᠭᠤᠯᠤᠭᠰᠠᠨ ᠳᠠᠪᠠᠭᠤᠯᠢᠭ ᠢᠶᠠᠨ ᠪᠠᠳᠠᠷᠠᠭᠤᠯᠬᠤ ᠴᠢᠬᠤᠯᠠᠲᠠᠢ᠂ ᠡᠯ᠎ᠡ ᠠᠷᠠᠳᠴᠢᠯᠠᠭᠰᠠᠨ ᠨᠠᠮ ᠪᠦᠯᠦᠭ᠂  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ᠂ ᠡᠯ᠎ᠡ ᠠᠷᠠᠳ ᠤᠨ ᠪᠦᠯᠬᠦᠮ ᠪᠣᠯᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠦᠰ ᠢ ᠥᠷᠭᠡᠨ ᠢᠶᠠᠷ ᠳᠠᠶᠢᠴᠢᠯᠠᠨ ᠢᠳᠡᠪᠬᠢᠲᠡᠶ ᠪᠠᠷ ᠲᠥᠷᠥ ᠶᠢᠨ ᠶᠠᠪᠤᠳᠠᠯ ᠳᠤ ᠤᠷᠤᠯᠴᠠᠨ  ᠵᠦᠪᠯᠡᠵᠦ᠂ ᠠᠷᠭ᠎ᠠ ᠪᠤᠳᠣᠯᠭ᠎ᠠ ᠳᠡᠪᠰᠢᠬᠦᠯᠦᠨ᠂ ᠰᠡᠳᠬᠢᠯ ᠴᠢᠭᠯᠡᠯᠲᠡ ᠨᠢᠭᠡᠲᠡᠢ᠂ ᠬᠥᠭᠵᠢᠯᠲᠡ ᠶᠢ ᠬᠠᠮᠲᠤ ᠪᠠᠷ ᠰᠦᠪᠡᠭᠴᠢᠯᠡᠬᠦ ᠠᠮᠢᠳᠤᠯᠢᠭ ᠪᠠᠶᠢᠳᠠᠯ ᠢ ᠪᠣᠶ ᠪᠣᠯᠭᠠᠬᠤ ᠬᠡᠷᠡᠭᠲᠡᠶ᠃ ᠬᠤᠰᠢᠭᠤ ᠤᠯᠤᠰ ᠲᠥᠷᠥ ᠶᠢᠨ ᠵᠥᠪᠯᠡᠯᠭᠡᠨ ᠪᠠ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠬᠤᠰᠢᠭᠤ ᠨᠠᠮ ᠤᠨ ᠬᠤᠷᠢᠶᠠᠨ ᠤ ᠠᠵᠢᠯ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠲᠣᠭᠤᠷᠢᠨ ᠳᠤ ᠥᠪᠡᠷ ᠤᠨ ᠪᠡᠶ᠎ᠡ ᠳᠡᠭᠡᠨ ᠳᠠᠷᠤᠯᠲᠠ ᠦᠭᠴᠦ᠂ ᠳᠠᠷᠤᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ᠂ ᠰᠢᠷᠭᠠᠭᠤ ᠠᠵᠢᠯᠯᠠᠨ ᠬᠠᠷᠢᠭᠤᠴᠠᠯᠭ᠎ᠠ ᠪᠠᠨ ᠡᠬᠦᠷᠭᠡᠯᠡᠨ ᠡᠷᠡᠯᠬᠡᠭᠯᠡᠨ ᠣᠷᠣᠭᠰᠢᠯᠠᠵᠤ᠂ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠡᠭᠦᠷᠭᠡᠯᠡᠯ ᠢ ᠢᠯᠡᠷᠡᠬᠦᠯᠦᠨ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠬᠦᠴᠦᠨ ᠴᠢᠳᠠᠯ ᠢᠶᠠᠨ  ᠡᠷᠬᠦᠬᠦ ᠬᠡᠷᠡᠭᠲᠡᠢ ᠬᠡᠵᠦ ᠵᠢᠭᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠲᠤᠭᠲᠠᠯ ᠬᠦᠴᠦᠨ ᠢᠶᠠᠨ ᠪᠠᠲᠤᠯᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ  ᠪᠠᠶᠢᠷᠢᠯᠠᠭᠤᠯᠤᠯᠲᠠ ᠶᠢ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠪᠥᠬᠦ ᠲᠠᠯ᠎ᠠ᠂ ᠪᠥᠬᠦ ᠶᠠᠪᠤᠴᠠ ᠳᠤ ᠲᠤᠤᠱᠯᠠᠭᠤᠯᠵᠤ ᠨᠠᠶᠢᠲᠠᠪᠤᠷᠢᠵᠢᠭᠤᠯᠤᠨ᠂ ᠬᠤᠰᠢᠭᠤ ᠨᠠᠮ ᠤᠨ ᠬᠤᠷᠢᠶᠠᠨ ᠤ ᠠᠵᠢᠯ ᠤᠨ ᠤᠳᠤᠷᠢᠳᠤᠮᠵᠢ ᠶᠢ ᠡᠭᠦᠷᠭᠡ ᠲᠤᠰᠢᠶᠠᠯ ᠢᠶᠠᠨ ᠬᠦᠢᠴᠡᠳᠬᠡᠬᠦ ᠴᠢᠭᠯᠡᠯ  ᠪᠣᠯᠭᠠᠵᠤ᠂ ᠬᠤᠰᠢᠭᠤ ᠨᠠᠮ ᠤᠨ ᠬᠤᠷᠢᠶᠠᠨ ᠤ ᠭᠤᠤᠯᠯᠠᠬᠤ ᠠᠵᠢᠯ ᠢ ᠡᠭᠦᠷᠭᠡ ᠲᠤᠰᠢᠶᠠᠯ ᠢᠶᠠᠨ ᠬᠦᠢᠴᠡᠳᠬᠡᠬᠦ ᠭᠤᠤᠯᠳᠠᠯᠭ᠎ᠠ ᠪᠤᠯᠭᠠᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠦᠢᠯᠡᠰ ᠢᠮᠠᠭᠲᠠ ᠵᠥᠪ ᠴᠢᠭᠯᠡᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠳᠤ ᠡᠷᠬᠡᠪᠰᠢ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠲᠠᠭᠠᠵᠤ᠂ ᠨᠠᠷᠢᠯᠢᠭ ᠣᠨᠣᠪᠴᠢᠲᠠᠢ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠬᠡᠷᠡᠭᠲᠡᠢ᠃ ᠪᠦᠬᠦ ᠲᠠᠯ᠎ᠠ ᠶᠢᠨ ᠤᠬᠠᠮᠰᠠᠷ᠂ ᠠᠵᠠ ᠲᠣᠬᠢᠶᠠᠯ ᠤᠨ ᠤᠬᠠᠮᠰᠠᠷ ᠪᠠ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠣᠷᠢᠳᠠᠴᠢ ᠴᠢᠨᠠᠷ ᠤᠨ ᠪᠣᠳᠣᠯᠬᠢᠯᠠᠯ᠂ ᠪᠦᠬᠦ ᠲᠠᠯ᠎ᠠ ᠶᠢᠨ ᠴᠢᠨᠠᠷᠲᠠᠢ ᠲᠦᠯᠦᠪᠵᠢᠬᠦᠯᠬᠡ ᠶᠢ ᠦᠨᠡᠨ ᠬᠦ ᠴᠢᠩᠭᠠᠳᠬᠠᠵᠤ᠂ ᠡᠬᠦᠷᠭᠡ ᠲᠤᠰᠢᠶᠠᠯ ᠢᠶᠠᠨ ᠬᠦᠢᠴᠡᠳᠬᠡᠬᠦ ᠭᠠᠷᠳᠠᠬᠤ ᠴᠡᠭ ᠪᠠ ᠬᠦᠴᠦᠯᠡᠬᠦ ᠴᠡᠭ ᠢ ᠣᠨᠣᠪᠴᠢᠲᠠᠢ ᠣᠯᠣᠨ᠂ ᠠᠷᠠᠳᠴᠢᠯᠠᠭᠰᠠᠨ ᠬᠢᠨᠠᠯᠲᠠ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠪᠦᠬᠦ ᠬᠤᠰᠢᠭᠤᠨ ᠤ ᠡᠯ᠎ᠡ ᠲᠦᠷᠦᠯ ᠤᠨ ᠠᠵᠢᠯ ᠤᠨ ᠡᠬᠦᠷᠭᠡ ᠶᠢ ᠨᠠᠶᠢᠲᠠᠪᠤᠷᠢᠵᠢᠭᠤᠯᠤᠨ᠂ ᠦᠢᠯᠡᠳᠦᠯᠬᠡᠵᠢᠬᠦᠯᠵᠦ ᠪᠦᠲᠦᠮᠵᠢ ᠭᠠᠷᠭᠠᠬᠤ ᠬᠡᠷᠡᠭᠲᠡᠢ᠃ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠳᠤ ᠡᠷᠬᠡᠪᠰᠢ ᠣᠭ ᠰᠠᠨᠠᠭ᠎ᠠ ᠪᠠᠨ ᠪᠠᠲᠤ ᠰᠠᠬᠢᠵᠦ᠂ ᠠᠷᠠᠳ ᠤᠨ ᠲᠦᠯᠦᠬᠡ ᠵᠢᠳᠬᠦᠬᠦ ᠰᠡᠳᠬᠢᠯᠭᠡ ᠪᠠᠨ ᠪᠠᠲᠤᠳᠬᠠᠬᠤ ᠬᠡᠷᠡᠭᠲᠡᠢ᠃ ᠠᠷᠠᠳ ᠤᠨ ᠣᠯᠣᠰ ᠲᠦᠷᠦ ᠶᠢᠨ ᠵᠦᠪᠯᠡᠯᠭᠡᠨ ᠠᠷᠠᠳ ᠤᠨ ᠲᠦᠯᠦᠬᠡ ᠵᠢᠳᠬᠦᠬᠦ ᠶᠢ ᠪᠠᠷᠢᠮᠲᠠᠯᠠᠨ᠂ ᠬᠤᠰᠢᠭᠤ ᠨᠠᠮ  ᠤᠨ ᠬᠤᠷᠢᠶ᠎ᠠ᠂ ᠵᠠᠰᠠᠭ ᠤᠨ ᠣᠷᠳᠣᠨ ᠢ ᠪᠦᠬᠦ ᠬᠦᠴᠦᠨ ᠢᠶᠠᠷ ᠬᠠᠪᠰᠣᠷᠴᠣ ᠠᠷᠠᠳ ᠤᠨ ᠠᠮᠢᠳᠣᠷᠠᠯ ᠤᠨ ᠪᠤᠲᠠᠲᠤ ᠶᠠᠪᠤᠳᠠᠯ ᠢ ᠪᠤᠲᠠᠲᠠᠶᠢᠵᠢᠭᠤᠯᠵᠤ᠂ ᠠᠷᠠᠳ ᠤᠨ ᠲᠦᠯᠦᠬᠡ ᠰᠠᠶᠢᠨ ᠶᠠᠪᠤᠳᠠᠯ ᠢ ᠰᠠᠶᠢᠲᠤᠷ ᠬᠢᠨ᠂ ᠡᠶ᠎ᠡ ᠵᠣᠬᠢᠴᠠᠯ ᠠᠮᠣᠷ ᠲᠤᠭᠲᠠᠭᠤᠨ ᠢ ᠢᠳᠡᠪᠬᠢᠲᠡᠢ ᠪᠠᠷ ᠬᠠᠮᠠᠭᠠᠯᠠᠵᠤ᠂ ᠮᠠᠨ ᠤ ᠬᠤᠰᠢᠭᠤᠨ ᠤ ᠨᠠᠶᠢᠬᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠤᠨ᠂ ᠪᠦᠬᠦ ᠬᠤᠰᠢᠭᠤᠨ ᠤ ᠨᠡᠶᠢᠬᠡᠮ ᠤᠨ ᠪᠦᠬᠦ ᠲᠠᠯ᠎ᠠ ᠶᠢᠨ ᠲᠤᠭᠲᠠᠭᠤᠨ ᠢ ᠦᠨᠡᠨ ᠬᠦ ᠬᠠᠮᠠᠭᠠᠯᠠᠬᠤ ᠬᠡᠷᠡᠭᠲᠡᠢ᠃ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠳᠤ ᠡᠷᠬᠡᠪᠰᠢ ᠠᠷᠠᠳᠴᠢᠯᠠᠯ ᠪᠦᠯᠬᠦᠮᠳᠡᠯ ᠢ ᠴᠢᠬᠤᠯᠠᠴᠢᠯᠠᠵᠤ᠂ ᠬᠦᠴᠦᠨ ᠴᠢᠳᠠᠯ ᠢᠶᠠᠨ ᠦᠷᠬᠡᠨ ᠢᠶᠠᠷ ᠨᠢᠭᠲᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠣᠬᠠᠮᠰᠠᠷ ᠢᠶᠠᠨ ᠣᠯᠠᠮ ᠨᠢᠬᠡ ᠠᠯᠬᠤᠮ ᠴᠢᠩᠭᠠᠳᠬᠠᠨ᠂ ᠬᠠᠷᠢᠯᠴᠠᠭᠠᠨ ᠤ ᠬᠡᠪᠴᠢᠶ᠎ᠠ ᠦᠷᠭᠡᠨ᠂ ᠪᠠᠭᠲᠠᠭᠠᠮᠵᠢᠲᠤ ᠴᠢᠨᠠᠷ ᠠᠭᠤᠳᠠᠮ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠠᠭᠤᠰᠤᠯᠴᠠᠯ ᠬᠦᠭᠵᠢᠯᠲᠡ  ᠶᠢ ᠪᠦᠬᠦ ᠬᠦᠴᠦᠨ ᠢᠶᠠᠷ ᠠᠬᠢᠭᠤᠯᠤᠨ᠂ ᠭᠠᠷ ᠭᠠᠷ ᠢᠶᠠᠨ ᠬᠤᠯᠪᠤᠵᠤ ᠰᠡᠳᠬᠢᠯ ᠢᠶᠠᠨ ᠨᠢᠭᠡᠳᠬᠡᠬᠦ᠂ ᠬᠠᠮᠲᠤᠪᠡᠷ ᠲᠡᠮᠡᠴᠡᠬᠦ ᠦᠳᠬᠡᠨ ᠵᠤᠵᠠᠭᠠᠨ ᠣᠷᠴᠢᠨ ᠠᠬᠤᠢ ᠶᠢ ᠴᠢᠷᠮᠠᠶᠢᠨ ᠪᠣᠢ ᠪᠣᠯᠭᠠᠵᠤ᠂ ᠰᠢᠨ᠎ᠡ ᠠᠶᠠᠨ ᠳᠤ ᠡᠷᠡᠯᠬᠡᠭᠯᠡᠨ ᠲᠡᠮᠡᠴᠡᠬᠦ ᠬᠦᠴᠦᠷᠬᠡᠭ ᠶᠡᠭᠡ ᠬᠦᠴᠦᠨ ᠢ ᠬᠤᠷᠠᠮᠳᠣᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠸᠠᠩ ᠢᠦᠢ ᠴᠢᠶᠠᠩ ᠠᠴᠠ ᠠᠷᠠᠳ ᠤᠨ ᠣᠯᠣᠰ ᠲᠦᠷᠦ ᠶᠢᠨ ᠵᠦᠪᠯᠡᠯᠬᠡᠨ ᠪᠣᠯ ᠨᠠᠮ ᠪᠠ ᠵᠠᠰᠠᠭ ᠤᠨ ᠣᠷᠳᠣᠨ ᠠᠴᠠ ᠣᠯᠠᠨ ᠲᠦᠮᠡᠨ ᠲᠠᠢ ᠬᠠᠷᠢᠯᠴᠠᠬᠤ᠂ ᠡᠯ᠎ᠡ ᠡᠲᠡᠭᠡᠳ ᠤᠨ ᠬᠢᠨ ᠢ ᠪᠦᠯᠬᠦᠮᠳᠡᠬᠦᠯᠬᠦ ᠴᠢᠬᠤᠯᠠ ᠬᠤᠯᠪᠤᠭᠠᠰᠣ ᠪᠠ ᠬᠦᠬᠦᠷᠭᠡ ᠪᠣᠯᠣᠨ᠎ᠠ᠃ ᠬᠤᠰᠢᠭᠤ ᠨᠠᠮ ᠤᠨ ᠬᠤᠷᠢᠶᠠᠨ ᠠᠴᠠ ᠦᠩᠭᠡᠷᠡᠭᠰᠡᠨ ᠲᠠᠢ ᠠᠳᠠᠯᠢ ᠪᠠᠷ ᠣᠯᠣᠰ ᠲᠦᠷᠦ ᠶᠢᠨ ᠵᠦᠪᠯᠡᠯᠭᠡᠨ ᠤ ᠠᠵᠢᠯ ᠢ ᠴᠢᠬᠤᠯᠠᠴᠢᠯᠠᠨ ᠳᠡᠮᠵᠢᠵᠦ᠂ ᠣᠯᠣᠰ ᠲᠦᠷᠦ ᠶᠢᠨ ᠵᠦᠪᠯᠡᠯᠭᠡᠨ ᠤ ᠠᠵᠢᠯ ᠳᠤ ᠲᠣᠯᠭᠠᠷᠠᠵᠤ ᠪᠠᠶᠢᠭ᠎ᠠ ᠪᠤᠲᠠᠲᠠᠢ ᠬᠦᠴᠢᠷᠳᠡᠯ ᠠᠰᠠᠭᠤᠳᠠᠯ ᠢ ᠴᠠᠭ ᠲᠤᠬᠠᠢ ᠳᠤᠨᠢ ᠰᠣᠳᠣᠯᠵᠣ ᠰᠢᠢᠳᠪᠦᠷᠢᠯᠡᠨ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠬᠤ᠂ ᠣᠯᠣᠰ ᠲᠦᠷᠦ ᠶᠢᠨ ᠲᠠᠯ᠎ᠠ ᠪᠠᠷ ᠬᠠᠯᠠᠮᠵᠢᠯᠠᠬᠤ᠂ ᠠᠵᠢᠯ ᠤᠨ ᠲᠠᠯ᠎ᠠ ᠪᠠᠷ ᠳᠡᠮᠵᠢᠬᠦ ᠶᠢ ᠦᠨᠡᠨ ᠬᠦ ᠪᠡᠶᠡᠯᠡᠬᠦᠯᠵᠦ᠂ ᠠᠷᠠᠳ ᠤᠨ ᠣᠯᠣᠰ ᠲᠦᠷᠦ ᠶᠢᠨ ᠵᠦᠪᠯᠡᠯᠭᠡᠨ ᠤ ᠠᠵᠢᠯ ᠦᠢᠯᠡᠰ ᠡᠷᠡᠬᠦᠯ ᠢᠶᠠᠷ ᠬᠦᠭᠵᠢᠬᠦ ᠶᠢ ᠴᠢᠷᠮᠠᠶᠢᠨ ᠠᠬᠢᠭᠤᠯᠬᠤ ᠬᠡᠷᠡᠭᠲᠡᠢ︔ ᠬᠤᠰᠢᠭᠤ ᠤᠯᠤᠰ ᠲᠦᠷᠦ ᠶᠢᠨ ᠵᠦᠪᠯᠡᠯᠭᠡᠨ ᠠᠴᠠ ᠣᠯᠣᠰ ᠲᠦᠷᠦ ᠶᠢᠨ ᠵᠦᠪᠯᠡᠯᠭᠡᠨ ᠤ ᠬᠡᠰᠢᠬᠦᠳ ᠵᠢᠴᠢ ᠠᠯᠪᠠᠨ ᠪᠠᠶᠢᠭᠤᠯᠭ᠎ᠠ ᠶᠢᠨ ᠺᠠᠳ᠋ᠷᠴᠣᠳ ᠤᠨ ᠡᠩᠨᠡᠭᠡᠨ ᠤ ᠪᠠᠶᠢᠭᠤᠯᠤᠯᠲᠠ ᠶᠢ ᠦᠨᠡᠨ ᠬᠦ ᠴᠢᠩᠭᠠᠳᠬᠠᠨ᠂ ᠣᠯᠣᠰ ᠲᠦᠷᠦ ᠶᠢᠨ ᠵᠦᠪᠯᠡᠯᠭᠡᠨ ᠤ ᠠᠵᠢᠯ ᠤᠨ ᠳᠦᠷᠢᠮᠵᠢᠬᠦᠯᠦᠭᠰᠡᠨ᠂ ᠵᠢᠷᠤᠮᠴᠢᠯᠠᠭᠰᠠᠨ᠂ ᠰᠢᠰᠲ᠋ᠧᠮᠴᠢᠯᠡᠭᠰᠡᠨ ᠬᠢᠷᠢ ᠳᠦᠪᠰᠢᠨ ᠢ ᠦᠨᠡᠨ ᠬᠦ ᠳᠡᠭᠡᠭᠰᠢᠯᠡᠬᠦᠯᠬᠦ ᠬᠡᠷᠡᠭᠲᠡᠢ︔ ᠣᠯᠣᠰ ᠲᠦᠷᠦ ᠶᠢᠨ ᠵᠦᠪᠯᠡᠯᠭᠡᠨ ᠤ ᠡᠯ᠎ᠡ ᠬᠡᠰᠢᠬᠦᠳ ᠣᠯᠣᠰ ᠲᠦᠷᠦ ᠶᠢᠨ ᠢᠷᠠᠭᠤ ᠠᠯᠳᠠᠷ ᠢᠶᠠᠨ ᠣᠯᠠᠮ ᠨᠠᠨᠳᠢᠩᠨᠠᠵᠣ᠂ ᠡᠬᠦᠷᠬᠡ ᠬᠠᠷᠢᠭᠤᠴᠠᠯᠭ᠎ᠠ ᠪᠠᠨ ᠡᠬᠦᠷᠭᠡᠯᠡᠬᠦ ᠬᠡᠷᠡᠭᠲᠡᠢ︔ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠤᠨ ᠬᠢᠨ ᠣᠯᠣᠰ ᠲᠦᠷᠦ ᠶᠢᠨ ᠵᠦᠪᠯᠡᠯᠭᠡᠨ ᠤ ᠲᠦᠷᠦ ᠶᠢᠨ ᠶᠠᠪᠤᠳᠠᠯ ᠳᠤ ᠣᠷᠣᠯᠴᠠᠨ ᠵᠦᠪᠯᠡᠬᠦ ᠠᠵᠢᠯᠯᠠᠭ᠎ᠠ ᠦᠷᠨᠢᠬᠦᠯᠬᠦ ᠶᠢ ᠶᠡᠬᠡᠪᠡᠷ ᠳᠡᠮᠵᠢᠨ᠂ ᠠᠷᠠᠳᠴᠢᠯᠠᠭᠰᠠᠨ ᠬᠢᠨᠠᠯᠲᠠ ᠶᠢ ᠣᠬᠠᠮᠰᠠᠷ ᠠᠴᠠ ᠪᠠᠨ ᠬᠦᠯᠢᠶᠡᠨ ᠠᠪᠴᠣ᠂ ᠣᠯᠣᠰ ᠲᠦᠷᠦ ᠶᠢᠨ ᠵᠦᠪᠯᠡᠯᠭᠡᠨ ᠳᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠬᠦ ᠣᠬᠢ ᠰᠠᠶᠢᠨ ᠨᠦᠬᠦᠴᠡᠯ ᠢ ᠴᠢᠷᠮᠠᠶᠢᠨ ᠪᠦᠷᠢᠯᠳᠦᠬᠦᠯᠬᠦ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠪᠥᠬᠦ ᠬᠤᠰᠢᠭᠤᠨ ᠤ ᠳᠡᠳ᠋ ᠰᠢᠶᠠᠨ ᠠᠴᠠ ᠳᠡᠭᠡᠭᠰᠢᠬᠢ ᠬᠤᠰᠢᠭᠤᠨ ᠳᠤ ᠪᠠᠨ ᠪᠠᠶᠢᠭ᠎ᠠ ᠤᠳᠤᠷᠢᠳᠤᠯᠭ᠎ᠠ ᠤᠷᠢᠯᠭ᠎ᠠ ᠪᠠᠷ ᠶᠡᠭᠡ ᠬᠤᠷᠠᠯ ᠳᠤ ᠣᠷᠣᠯᠴᠠᠵᠤ᠂ ᠬᠤᠰᠢᠭᠤᠨ ᠳᠤ ᠰᠠᠭᠤᠭ᠎ᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠡᠰᠢᠬᠦᠳ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠠ ᠰᠢᠭᠤᠳ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ᠂ ᠡᠯ᠎ᠡ   ᠬᠤᠯᠪᠤᠭᠳᠠᠯ ᠪᠥᠬᠦᠶ ᠠᠵᠤ ᠠᠬᠤᠶᠢᠯᠠᠯ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号