1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠣᠯᠣᠰ ᠲᠦᠷᠦ ᠶᠢᠨ ᠵᠦᠪᠯᠡᠯᠭᠡᠨ ᠤ ᠣᠲᠤᠭ ᠤᠨ | ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ ᠠᠩᠬᠠᠳᠣᠭᠠᠷ ᠬᠤᠷᠠᠯ ᠤᠨ | ᠬᠤᠶᠠᠳᠣᠭᠠᠷ ᠪᠦᠬᠦᠳᠡ ᠬᠤᠷᠠᠯ ᠬᠤᠷᠠᠯᠳᠣᠪᠠ᠃ ᠲᠤᠰ ᠣᠳᠠᠭᠠᠨ ᠤ ᠶᠡᠭᠡ ᠬᠤᠷᠠᠯ ᠨᠡᠶᠢᠲᠡ ᠭᠤᠷᠪᠠᠨ ᠵᠦᠪᠯᠡᠬᠦ | ᠵᠦᠢᠯ ᠲᠠᠢ᠄ ᠣᠯᠣᠰ ᠲᠦᠷᠦ ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ | ᠬᠤᠭᠤᠴᠠᠭᠠᠨ ᠤ ᠵᠦᠪᠯᠡᠯ ᠤᠨ ᠠᠩᠬᠠᠳᠣᠭᠠᠷ ᠬᠤᠷᠠᠯ ᠤᠨ ᠰᠣᠩᠭᠤᠭᠤᠯᠢ ᠶᠢᠨ ᠠᠷᠭ᠎ᠠ ᠶᠢ ᠪᠠᠲᠤᠯᠠᠨ᠎ᠠ︔ ᠣᠯᠣᠰ | ᠲᠦᠷᠦ ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ | ᠤᠨ ᠠᠩᠬᠠᠳᠣᠭᠠᠷ ᠬᠤᠷᠠᠯ ᠤᠨ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ ᠢ ᠪᠠᠲᠤᠯᠠᠨ᠎ᠠ︔ | ᠰᠢᠨ᠎ᠡ ᠨᠢᠭᠡ ᠬᠤᠭᠤᠴᠠᠭᠠᠨ ᠤ ᠬᠤᠰᠢᠭᠤ ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ᠂ ᠳᠡᠳ᠋ ᠲᠠᠷᠢᠬᠦᠯᠡᠭᠴᠢ᠂ | ᠨᠠᠷᠢᠨ ᠪᠢᠴᠢᠭ ᠤᠨ ᠳᠠᠷᠤᠭ᠎ᠠ ᠪᠠ ᠪᠠᠶᠢᠩᠭᠤ ᠶᠢᠨ ᠬᠡᠰᠢᠬᠦᠨ ᠢ ᠰᠣᠩᠭᠤᠨ ᠭᠠᠷᠭᠠᠨ᠎ᠠ᠃ ᠬᠤᠰᠢᠭᠤ ᠣᠯᠣᠰ ᠲᠦᠷᠦ | ᠶᠢᠨ ᠵᠦᠪᠯᠡᠯᠭᠡᠨ ᠤ ᠨᠠᠮ ᠤᠨ ᠣᠳᠣᠷᠢᠳᠬᠤ ᠳᠣᠭᠤᠶᠢᠯᠠᠩ ᠤᠨ ᠱᠦᠵᠢ᠂ ᠲᠡᠷᠢᠬᠦᠯᠡᠭᠴᠢ ᠪᠠᠷ ᠨᠡᠷ᠎ᠡ | ᠳᠣᠷᠠᠳᠣᠭᠳᠠᠭᠴᠢ ᠲᠣᠳᠢ ᠬᠤᠷᠠᠯ ᠢ ᠡᠷᠬᠢᠯᠡᠪᠡ᠃ | ᠬᠤᠷᠠᠯ ᠳᠤ ᠣᠷᠣᠯᠴᠠᠪᠠᠰᠣ ᠵᠤᠬᠢᠬᠤ ᠬᠡᠰᠢᠬᠦᠨ ᠨᠡᠶᠢᠲᠡ 128 ᠬᠦᠮᠦᠨ᠂ 122 ᠬᠡᠰᠢᠬᠦᠨ ᠪᠤᠲᠠᠲᠠᠢ | ᠣᠷᠣᠯᠴᠠᠵᠦ᠂ ︽ᠣᠯᠣᠰ ᠲᠦᠷᠦ ᠶᠢᠨ ᠵᠦᠪᠯᠡᠯᠭᠡᠨ ᠤ ᠳᠦᠷᠢᠮ︾ ᠤᠨ ᠲᠤᠭᠲᠠᠭᠠᠯ ᠳᠤ ᠨᠡᠶᠢᠴᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠮᠡᠷᠭᠡᠨᠵᠠᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠵᠤᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ ᠯᠢ ᠵᠢᠶᠠ ᠭᠤᠸᠡᠨ ᠬᠤᠷᠠᠯ ᠳᠤ ᠣᠷᠣᠯᠴᠠᠪᠠ᠃ ᠬᠤᠰᠢᠭᠤ ᠣᠯᠣᠰ ᠲᠦᠷᠦ ᠶᠢᠨ ᠵᠦᠪᠯᠡᠯᠭᠡᠨ ᠤ | ᠣᠳᠣᠷᠢᠳᠣᠯᠭ᠎ᠠ ᠢᠦᠢ ᠬᠦᠸᠧ ᠴᠢᠶᠠᠩ᠂ ᠴᠢᠨ ᠯᠢᠩ ᠹᠧᠩ᠂ ᠵᠠᠩ ᠱᠢ ᠹᠦ᠋᠂ ᠴᠢ ᠵᠢᠶᠦ᠋ᠨ ᠲᠡᠷᠢᠬᠦᠯᠡᠭᠴᠢ ᠶᠢᠨ | ᠲᠠᠶᠢᠰᠠᠨ ᠤ ᠡᠮᠦᠨ᠎ᠡ ᠮᠦᠷ ᠲᠤ ᠰᠠᠭᠠᠲᠠᠪᠠ᠃ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠪᠠᠶᠢᠴᠠᠭᠠᠨ | ᠰᠣᠳᠣᠯᠵᠣ ᠬᠢᠨᠠᠨ ᠵᠢᠯᠤᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠯᠤᠭᠤᠳᠪᠠ᠃ | ᠪᠦᠬᠦ ᠬᠡᠰᠢᠬᠦᠳ ᠪᠢᠯᠧᠲ ᠦᠭᠭᠦ ᠪᠠᠷ ᠳᠠᠮᠵᠢᠭᠠᠳ᠂ ᠲᠤᠳᠢ ᠣᠯᠣᠰ ᠲᠦᠷᠦ ᠶᠢᠨ ᠵᠦᠪᠯᠡᠯᠭᠡᠨ ᠤ ᠣᠲᠤᠭ | ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ ᠲᠡᠷᠢᠬᠦᠯᠡᠭᠴᠢ ᠪᠠᠷ | ᠰᠣᠩᠭᠤᠭᠳᠠᠪᠠ︔ ᠢᠦᠢ ᠬᠦᠸᠧ ᠴᠢᠶᠠᠩ᠂ ᠴᠢᠨ ᠯᠢᠩ ᠹᠧᠩ᠂ ᠵᠠᠩ ᠱᠢ ᠹᠦ᠋᠂ ᠴᠢ ᠵᠢᠶᠦ᠋ᠨ ᠨᠠᠷ ᠣᠯᠣᠰ ᠲᠦᠷᠦ | ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ | ᠳᠡᠳ᠋ ᠲᠠᠷᠢᠬᠦᠯᠡᠭᠴᠢ ᠪᠠᠷ ᠰᠣᠩᠭᠤᠭᠳᠠᠪᠠ︔ ᠭᠤᠤ ᡁᠢ ᠭᠦᠸᠧ ᠣᠯᠣᠰ ᠲᠦᠷᠦ ᠶᠢᠨ ᠵᠦᠪᠯᠡᠯᠭᠡᠨ ᠤ ᠣᠲᠤᠭ ᠤᠨ | ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠪᠠᠷ | ᠰᠣᠩᠭᠤᠭᠳᠠᠪᠠ︔ ᠸᠠᠩ ᠶᠦᠨ ᠱᠠᠨ᠂ ᠯᠣ᠋ ᡁᠢ ᠬᠤᠢ᠂ ᠪᠠᠢ ᠰᠢᠶᠤᠤ ᠯᠢ᠂ ᠪᠠᠢ ᠬᠤᠤ ᠵᠢᠶᠦ᠋ᠨ᠂ ᠪᠠᠢ ᠨᠧᠩ ᠯᠢ᠂ | ᠱᠧ ᠷᠦᠢ᠂ ᠯᠢ ᠬᠠᠢ ᠶᠡᠨ᠂ ᠵᠠᠩ ᠸᠧᠨ ᠬᠤᠢ᠂ ᠵᠠᠩ ᠬᠠᠢ ᠳ᠋ᠦᠩ᠂ ᠠᠭᠤᠯᠠ᠂ ᠴᠧᠨ ᠰᠢᠶᠤᠤ ᠬᠤᠢ᠂ ᠭᠤᠤ | ᠶᠡᠨ᠂ ᠭᠦᠸᠧ ᠨᠠ᠂ ᠬᠠᠢ ᠶᠢᠩ᠂ ᠱᠧᠩ ᠸᠧᠨ ᠢᠦᠢ᠂ ᠡᠷᠳᠡᠮᠲᠦ᠂ ᠾᠦᠸᠧ ᠵᠢᠶᠡᠨ ᠴᠢᠶᠠᠩ ᠨᠠᠷ ᠣᠯᠣᠰ | ᠲᠦᠷᠦ ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ | ᠤᠨ ᠪᠠᠶᠢᠩᠭᠤ ᠶᠢᠨ ᠬᠡᠰᠢᠬᠦᠨ ᠢᠶᠠᠷ ᠰᠣᠩᠭᠤᠭᠳᠠᠪᠠ᠃ | |