ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2022/1/11
    1 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠡᠯ᠎ᠡ ᠲᠦᠷᠦᠯ  ᠤᠨ ᠵᠥᠪᠯᠡᠬᠦ ᠵᠦᠢᠯ ᠢᠶᠠᠨ  ᠪᠡᠶᠡᠯᠡᠬᠦᠯᠦᠭᠡᠳ ᠠᠮᠵᠢᠯᠲᠠᠲᠠᠢ ᠲᠡᠭᠦᠰᠪᠡ᠃ ᠬᠤᠰᠢᠭᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠣᠳᠢ ᠲᠡᠭᠦᠰᠬᠦ ᠬᠤᠷᠠᠯ ᠢ ᠡᠷᠬᠢᠯᠡᠪᠡ᠃     ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠶ ᠴᠢᠶᠠᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠪᠠᠷ ᠨᠡᠷ᠎ᠡ ᠳᠤᠷᠠᠳᠤᠭᠳᠠᠭᠴᠢ ᠭᠤᠤ ᠷᠦᠩ ᠲᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠶᠠᠩ ᠶᠢᠩ ᠰᠢᠨ ᠬᠤᠷᠠᠯ ᠳᠤ ᠣᠷᠣᠯᠴᠠᠵᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠢᠦᠶ ᠭᠦᠸᠧ ᠴᠢᠶᠠᠩ᠂ ᠴᠢᠨ ᠯᠢᠩ ᠹᠧᠩ᠂ ᠵᠠᠩ ᠱᠢ ᠹᠦ᠋᠂ ᠴᠢ ᠵᠢᠶᠦ᠋ᠨ᠂ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠨᠠᠷᠢᠨ ᠪᠢᠴᠢᠭ ᠤᠨ ᠳᠠᠷᠤᠭ᠎ᠠ ᠭᠤᠤ ᡁᠢ ᠭᠦᠸᠧ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠬᠤᠲᠠ ᠶᠢᠨ ᠬᠤᠭᠤᠴᠠᠭ᠎ᠠ ᠰᠣᠯᠢᠬᠤ ᠠᠵᠢᠯ  ᠤᠨ ᠬᠢᠨᠠᠨ ᠵᠢᠯᠣᠭᠤᠳᠬᠤ ᠳᠤᠭᠤᠶᠢᠯᠠᠩ ᠤᠨ ᠬᠠᠮᠢᠶ᠎ᠠ ᠪᠥᠬᠦᠶ ᠤᠳᠤᠷᠢᠳᠤᠯᠭ᠎ᠠ᠂ ᠪᠦᠷᠢᠯᠳᠦᠬᠦᠨ ᠵᠢᠴᠢ ᠪᠥᠬᠦ ᠬᠤᠰᠢᠭᠤᠨ ᠤ ᠳᠡᠳ᠋ ᠰᠢᠶᠠᠨ ᠠᠴᠠ ᠳᠡᠭᠡᠭᠰᠢᠬᠢ ᠬᠤᠰᠢᠭᠤᠨ ᠳᠤ ᠪᠠᠨ ᠪᠠᠶᠢᠭ᠎ᠠ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠣᠷᠣᠯᠴᠠᠪᠠ᠃     ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠨᠡᠶᠢᠲᠡ 128 ᠭᠡᠰᠢᠭᠦᠨ ᠲᠠᠢ᠂ 122 ᠭᠡᠰᠢᠭᠦᠨ ᠬᠤᠷᠠᠯ ᠳᠤ ᠣᠷᠣᠯᠴᠠᠵᠤ᠂ ︽ᠤᠯᠤᠰ ᠲᠥᠷᠥ ᠶᠢᠨ ᠵᠥᠪᠯᠡᠯᠭᠡᠨ ᠤ ᠲᠦᠷᠢᠮ︾ ᠤᠨ ᠲᠣᠭᠲᠠᠭᠠᠯ ᠳᠤ  ᠨᠡᠶᠢᠴᠡᠪᠡ᠃     ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ  ᠵᠦᠪᠯᠡᠯ ᠤᠨ ᠠᠩᠬᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ᠂ ᠠᠷᠪᠠᠳᠣᠭᠠᠷ ᠬᠤᠭᠤᠴᠠᠭᠠᠨ ᠤ ᠣᠯᠣᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠬᠦᠨ ᠤ ᠠᠵᠢᠯ ᠤᠨ ᠮᠡᠳᠡᠬᠦᠯᠦᠯᠲᠡ ᠶᠢᠨ ᠲᠤᠬᠠᠢ ᠣᠯᠣᠰ ᠲᠦᠷᠦ ᠶᠢᠨ ᠵᠦᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠬᠡᠷ ᠬᠤᠭᠤᠴᠠᠭᠠᠨ ᠤ ᠵᠦᠪᠯᠡᠯ ᠤᠨ ᠠᠩᠬᠠᠳᠣᠭᠠᠷ ᠬᠤᠷᠠᠯ ᠤᠨ ᠰᠢᠢᠳᠪᠦᠷᠢ᠂ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠵᠦᠪᠯᠡᠯ ᠤᠨ ᠠᠩᠬᠠᠳᠤᠭᠠᠷ ᠬᠤᠷᠠᠯ ᠤᠨ ᠰᠠᠨᠠᠯ ᠳᠣᠷᠠᠳᠣᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠬᠦᠯᠦᠯᠲᠡ ᠶᠢ ᠬᠢᠨᠠᠨ ᠵᠦᠪᠯᠡᠵᠦ ᠪᠠᠲᠤᠯᠠᠪᠠ᠃     ᠲᠤᠳᠢ ᠬᠤᠷᠠᠯ ᠲᠡᠬᠦᠰᠬᠦ ᠶᠠᠷᠢᠶ᠎ᠠ ᠲᠠᠯᠪᠢᠪᠠ᠃ ᠲᠤᠳᠢ ᠠᠴᠠ ᠬᠤᠶᠢᠰᠢᠳᠠ ᠶᠢᠨ ᠲᠠᠪᠤᠨ ᠵᠢᠯ ᠪᠤᠯ ᠮᠠᠨ ᠤ ᠬᠤᠰᠢᠭᠤ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠴᠢᠬᠤᠯᠠ ᠪᠠᠶᠢᠯᠳᠣᠬᠤ ᠪᠣᠳᠣᠯᠭ᠎ᠠ ᠶᠢᠨ ᠲᠤᠬᠢᠶᠠᠯ ᠤᠨ ᠬᠤᠭᠤᠴᠠᠭ᠎ᠠ ᠪᠤᠯᠤᠨ᠎ᠠ᠃ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠳᠣ ᠣᠯᠣᠰ ᠤᠨ ᠣᠨᠴᠠᠯᠢᠭ  ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠠ ᠦᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠬᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠣᠷᠣᠯᠴᠠᠵᠤ ᠲᠤᠤᠱᠯᠠᠭᠤᠯᠤᠨ᠂ ᠬᠤᠰᠢᠭᠤ ᠠᠷᠪᠠᠳᠣᠭᠠᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ ᠪᠠᠶᠢᠷᠢᠯᠠᠭᠤᠯᠤᠯᠲᠠ ᠶᠤᠰᠤᠭᠠᠷ᠂ ᠡᠬᠦᠷᠭᠡ ᠲᠤᠰᠢᠶᠠᠯ ᠢᠶᠠᠨ ᠬᠢᠴᠢᠶᠡᠩᠬᠦᠶᠢᠯᠡᠨ ᠬᠦᠢᠴᠡᠳᠬᠡᠬᠦ ᠪᠠᠷ ᠬᠠᠷᠢᠭᠤᠴᠠᠯᠭ᠎ᠠ ᠪᠠᠨ ᠢᠯᠡᠷᠡᠬᠦᠯᠵᠦ᠂ ᠵᠢᠳᠬᠦᠯ ᠴᠢᠷᠮᠠᠶᠢᠯᠭ᠎ᠠ ᠪᠠᠷ ᠬᠦᠰᠡᠯ ᠡᠷᠡᠮᠡᠯᠵᠡᠯ ᠳᠤ ᠬᠠᠷᠢᠭᠤ ᠦᠭᠭᠦᠨ᠂ ᠦᠩᠭᠡᠷᠡᠭᠰᠡᠨ ᠬᠤᠭᠤᠴᠠᠭᠠᠨ ᠤ ᠣᠯᠣᠰ ᠲᠦᠷᠦ ᠶᠢᠨ ᠵᠦᠪᠯᠡᠯᠭᠡᠨ ᠤ ᠰᠢᠯᠢᠳᠡᠭ ᠣᠯᠠᠮᠵᠢᠯᠠᠯ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠳᠤ ᠴᠢᠨᠠᠷᠯᠢᠭ ᠢᠶᠠᠷ ᠡᠬᠦᠷᠭᠡ ᠲᠤᠰᠢᠶᠠᠯ ᠢᠶᠠᠨ ᠬᠦᠢᠴᠡᠳᠬᠡᠬᠦ ︽ᠣᠯᠣᠰ ᠲᠦᠷᠦ ᠶᠢᠨ ᠵᠦᠪᠯᠡᠯᠭᠡᠨ ᠤ ᠬᠠᠷᠢᠭᠤᠯᠲᠠ ᠶᠢᠨ ᠬᠠᠭᠤᠳᠠᠰᠣ︾ ᠶᠢ ᠴᠢᠷᠮᠠᠶᠢᠨ ᠪᠢᠴᠢᠭᠯᠡᠨ᠎ᠡ ᠬᠡᠵᠦ ᠵᠢᠭᠠᠭᠰᠠᠨ ᠪᠠᠶᠢᠨ᠎ᠠ᠃     ᠲᠣᠳᠢ ᠠᠴᠠ ᠲᠤᠭ ᠲᠡᠮᠲᠡᠭ ᠲᠤᠲᠤᠷᠬᠠᠢ ᠪᠠᠷ ᠣᠯᠣᠰ ᠲᠦᠷᠦ ᠶᠢ ᠡᠷᠬᠢᠮᠯᠡᠵᠦ᠂ ᠣᠨᠣᠯ ᠤᠨ ᠵᠡᠪᠰᠡᠭᠯᠡᠯ ᠢᠶᠠᠷ ᠵᠢᠯᠤᠭᠤᠳᠤᠯᠭ᠎ᠠ ᠪᠣᠯᠭᠠᠨ᠂ ᠣᠯᠣᠰ ᠲᠦᠷᠦ ᠶᠢᠨ ᠪᠠᠶᠢᠭᠤᠯᠤᠯᠲᠠ ᠪᠠᠷ ᠭᠠᠷᠳᠠᠴᠠ ᠪᠤᠯᠭᠠᠵᠤ᠂ ᠡᠬᠦᠷᠭᠡ ᠲᠤᠰᠢᠶᠠᠯ  ᠢᠶᠠᠨ ᠬᠦᠢᠴᠡᠳᠬᠡᠬᠦ ᠪᠠᠷ ᠲᠤᠰᠤᠯᠲᠠ ᠶᠢᠨ ᠴᠡᠭ ᠪᠤᠯᠭᠠᠨ᠂ ᠠᠷᠠᠳ ᠤᠨ ᠣᠯᠣᠰ ᠲᠦᠷᠦ ᠶᠢᠨ ᠵᠦᠪᠯᠡᠯᠬᠡᠨ ᠤ ᠠᠵᠢᠯ ᠦᠢᠯᠡᠰ ᠵᠦᠪ ᠣᠨᠣᠪᠴᠢᠲᠠᠢ ᠴᠢᠭᠯᠡᠯ ᠢᠶᠠᠷ ᠲᠤᠭᠲᠠᠭᠤᠨ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠰᠢᠨᠵᠢ ᠴᠢᠨᠠᠷ ᠤᠨ ᠪᠠᠶᠢᠷᠢ ᠲᠤᠭᠲᠠᠭᠠᠯᠲᠠ ᠶᠢ ᠣᠨᠣᠪᠴᠢᠲᠠᠢ ᠡᠵᠡᠮᠳᠡᠵᠦ᠂ ᠣᠯᠣᠰ ᠲᠦᠷᠦ ᠳᠤ  ᠵᠦᠪᠯᠡᠬᠦ ᠬᠦᠨᠴᠡ ᠶᠢ ᠨᠡᠮᠡᠭᠳᠡᠬᠦᠯᠦᠨ᠂ ᠠᠷᠠᠳᠴᠢᠯᠠᠭᠰᠠᠨ ᠬᠢᠨᠠᠯᠲᠠ ᠶᠢᠨ ᠡᠷᠴᠢᠮ ᠢᠶᠠᠨ ᠴᠢᠩᠭᠠᠳᠬᠠᠵᠤ᠂ ᠲᠦᠷᠦ ᠶᠢᠨ ᠶᠠᠪᠤᠳᠠᠯ ᠳᠤ ᠣᠷᠣᠯᠴᠠᠨ ᠵᠦᠪᠯᠡᠬᠦ ᠨᠠᠷᠢᠯᠢᠭ ᠤᠨ ᠬᠡᠮᠵᠢᠶ᠎ᠡ ᠶᠢ ᠳᠡᠭᠡᠭᠰᠢᠯᠡᠬᠦᠯᠦᠨ᠂ ᠲᠤᠰᠬᠠᠢ ᠵᠦᠪᠯᠡᠯᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ ᠡᠷᠴᠢᠮᠲᠡᠢ ᠡᠮᠬᠢᠲᠡᠢ᠂ ᠦᠨᠳᠦᠷ ᠠᠮᠵᠢᠯᠲᠠ ᠣᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠲᠦᠯᠦᠬᠡ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠶᠢ ᠪᠠᠷᠢᠮᠲᠠᠯᠠᠵᠤ᠂ ᠣᠯᠣᠨ ᠲᠦᠮᠡᠨ ᠤ ᠳᠣᠮᠳᠠ ᠬᠦᠨᠵᠡᠬᠡᠶᠢᠷᠡᠵᠦ ᠠᠷᠠᠳ ᠤᠨ ᠪᠠᠶᠢᠳᠠᠯ ᠢ ᠪᠠᠶᠢᠴᠠᠭᠠᠨ᠂ ᠠᠷᠭ᠎ᠠ ᠪᠤᠳᠤᠯᠭ᠎ᠠ ᠳᠡᠪᠰᠢᠬᠦᠯᠦᠨ ᠠᠷᠠᠳ ᠤᠨ ᠰᠠᠨᠠᠭᠠᠰᠢᠷᠠᠯ  ᠢ ᠰᠢᠢᠳᠪᠦᠷᠢᠯᠡᠵᠦ᠂ ᠣᠯᠠᠨ ᠪᠤᠲᠠᠲᠤ ᠶᠠᠪᠤᠳᠠᠯ ᠬᠢᠵᠦ ᠠᠷᠠᠳ ᠤᠨ ᠰᠡᠳᠬᠢᠯ ᠢ ᠳᠤᠯᠠᠭᠠᠴᠠᠭᠤᠯᠤᠨ᠂ ᠠᠷᠠᠳ ᠲᠦᠮᠡᠨ ᠢ ᠳᠡᠭᠡᠳᠦᠯᠡᠬᠦ ᠦᠷᠲᠡᠭ ᠤᠨ ᠦᠵᠡᠯᠲᠡ ᠶᠢ ᠪᠠᠲᠤ ᠱᠣᠭᠤᠵᠣ᠂ ᠪᠣᠲᠠᠲᠠᠢ ᠨᠡᠶᠢᠲᠡᠪᠤᠷᠢᠵᠢᠭᠤᠯᠬᠤ ᠬᠡᠷᠡᠭᠲᠡᠢ᠃ ᠡᠬᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠰᠠᠭᠤᠷᠢ ᠪᠠᠨ ᠪᠠᠬᠢᠵᠢᠬᠦᠯᠦᠨ᠂ ᠴᠢᠳᠠᠪᠤᠷᠢ ᠪᠠᠨ ᠳᠡᠭᠡᠭᠰᠢᠯᠡᠬᠦᠯᠵᠦ᠂ ᠦᠨᠡᠨ ᠢ ᠡᠷᠢᠵᠦ ᠪᠤᠲᠠᠲᠠᠢ ᠶᠢ ᠡᠷᠬᠢᠮᠯᠡᠬᠦ ᠶᠢ ᠪᠠᠷᠢᠮᠲᠠᠯᠠᠨ᠂ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠠᠷᠠᠳ  ᠤᠨ ᠣᠯᠣᠰ ᠲᠦᠷᠦ ᠶᠢᠨ ᠵᠦᠪᠯᠡᠯᠬᠡᠨ ᠤ ᠠᠵᠢᠯ ᠦᠢᠯᠡᠰ ᠤᠨ ᠬᠦᠭᠵᠢᠯᠲᠡ ᠶᠢᠨ ᠰᠢᠨ᠎ᠡ ᠬᠠᠭᠤᠳᠠᠰᠣ ᠶᠢ ᠳᠠᠬᠢᠨᠲᠠ ᠪᠢᠴᠢᠭᠯᠡᠨ᠂ ᠬᠡᠷᠡᠯ ᠰᠠᠴᠣᠷᠠᠩᠭᠤᠢ ᠠᠮᠵᠢᠯᠲᠠ ᠶᠢ ᠦᠷᠬᠦᠯᠵᠢᠯᠡᠨ ᠡᠬᠦᠳᠬᠦ ᠶᠢ ᠠᠬᠢᠭᠤᠯᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠲᠣᠳᠢ ᠠᠴᠠ ᠰᠠᠯᠬᠢᠨ ᠤ ᠡᠷᠴᠢᠨ ᠳᠤ ᠳᠠᠷᠪᠠᠭᠤᠯ ᠢᠶᠠᠨ ᠪᠤᠰᠬᠠᠵᠤ ᠰᠢᠨ᠎ᠡ ᠡᠷᠴᠢ ᠵᠣᠷᠢᠭ ᠢᠶᠠᠨ ᠬᠦᠪᠴᠢᠯᠡᠨ᠂ ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠪᠠᠨ ᠡᠷᠡᠮᠡᠬᠡᠶᠢᠯᠡᠨ ᠤᠷᠤᠭᠰᠢᠯᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠲᠦᠪᠯᠡᠬᠦᠯᠦᠭᠰᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠡᠷᠴᠢᠲᠦ ᠤᠳᠤᠷᠢᠳᠤᠯᠭ᠎ᠠ ᠳᠣᠣᠷ᠎ᠠ᠂ ᠴᠠᠭ ᠦᠶ᠎ᠡ ᠶᠢ ᠬᠥᠰᠡᠷᠳᠡᠭᠦᠯᠬᠦ ᠦᠭᠡᠢ ᠪᠠᠷ ᠰᠢᠨ᠎ᠡ ᠶᠢ ᠡᠭᠦᠳᠦᠨ ᠡᠷᠡᠯᠬᠡᠭᠯᠡᠨ ᠤᠷᠤᠭᠰᠢᠯᠠᠵᠤ᠂ ᠮᠠᠨ ᠤ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠦᠢᠯᠡᠰ ᠤᠨ ᠰᠢᠨ᠎ᠡ ᠠᠮᠵᠢᠯᠲᠠ ᠪᠦᠲᠦᠮᠵᠢ ᠶᠢ ᠳᠠᠬᠢᠨᠲᠠ ᠡᠬᠦᠳᠦᠨ᠂ ᠰᠢᠨ᠎ᠡ ᠴᠠᠭ ᠦᠶ᠎ᠡ ᠶᠢᠨ ᠤᠲᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠤ ᠪᠦᠬᠦ ᠲᠠᠯ᠎ᠠ ᠶᠢᠨ ᠡᠬᠢᠯᠡᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠰᠦᠬᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ ᠠᠮᠵᠢᠯᠲᠠᠲᠠᠢ ᠲᠡᠭᠦᠰᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号