ᠤᠳᠤᠭ ᠤᠨ ᠡᠮᠤᠨᠡᠳᠤ ᠬᠤᠰᠢᠭᠤᠨ ᠤ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ  ᠤᠨ ᠶᠡᠭᠡ ᠬᠤᠷᠠᠯ ᠤᠨ ᠨᠢᠬᠡᠳᠤᠬᠡᠷ ᠬᠤᠷᠠᠯᠳᠤᠭᠠᠨ ᠤ ᠭᠤᠷᠪᠠᠳᠤᠭᠠᠷ ᠪᠦᠬᠦᠳᠠ ᠬᠤᠷᠠᠯ ᠳᠡᠬᠡᠷ᠎ᠡ ᠦᠨᠳᠤᠰᠤᠨ ᠬᠠᠤᠯᠢ ᠳᠤ ᠳᠠᠩᠭᠠᠷᠢᠭᠯᠠᠬᠤ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/1/11
    1 ᠰᠠᠷ᠎ᠠ ᠶᠢᠨ 9 ᠤ ᠡᠳᠤᠷ᠂ ᠬᠤᠰᠢᠭᠤ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠨᠢᠬᠡᠳᠤᠬᠡᠷ ᠬᠤᠷᠠᠯᠳᠤᠭᠠᠨ ᠤ ᠭᠤᠷᠪᠠᠳᠤᠭᠠᠷ ᠪᠦᠬᠦᠳᠠ ᠬᠤᠷᠠᠯ ᠳᠡᠭᠡᠷ᠎ᠡ ᠦᠨᠳᠤᠰᠤᠨ ᠬᠠᠤᠯᠢ ᠳᠤ ᠳᠠᠩᠭᠠᠷᠢᠭᠯᠠᠬᠤ ᠶᠤᠰᠤᠯᠠᠯ ᠶᠠᠪᠤᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠳᠠᠩᠭᠠᠷᠢᠭᠯᠠᠯ ᠢ ᠬᠢᠨᠠᠵᠤ᠂ ᠰᠢᠨ᠎ᠠ ᠪᠠᠷ ᠰᠤᠩᠭᠤᠭᠳᠠᠭᠰᠡᠨ ᠠᠷᠠᠤᠨ ᠤᠨ ᠲᠦᠯᠤᠬᠡᠯᠡᠭᠴᠢᠤᠨ  ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠣ ᠷᠥᠩ ᠲᠠᠩ ᠳᠠᠭᠠᠭᠤᠯᠤᠨ ᠳᠠᠩᠭᠠᠷᠢᠭᠯᠠᠪᠠ᠃     ᠤᠳᠤᠭ ᠤᠨ ᠡᠮᠤᠨᠡᠳᠤ ᠬᠤᠰᠢᠭᠤᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶᠠᠨ ᠤ ᠦᠨᠳᠤᠰᠤᠨ ᠬᠠᠤᠯᠢ ᠳᠤ ᠳᠠᠩᠭᠠᠷᠢᠭᠯᠠᠬᠤ ᠠᠷᠭ᠎ᠠ ᠶᠢᠨ ᠳᠤᠭᠳᠠᠭᠠᠯ ᠶᠤᠰᠤᠭᠠᠷ᠂ ᠠᠷᠪᠠᠨ ᠨᠢᠬᠡᠳᠤᠬᠡᠷ ᠬᠤᠭᠤᠴᠠᠭᠠᠨ ᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠨᠢᠬᠡᠳᠤᠬᠡᠷ ᠬᠤᠷᠠᠯᠳᠤᠭᠠᠨ  ᠢᠶᠠᠷ ᠰᠤᠩᠭᠤᠵᠤ ᠭᠠᠷᠭᠠᠭᠰᠡᠨ ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠣ ᠷᠥᠩ ᠲᠠᠩ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠠᠩ ᠶᠢᠩ ᠰᠢᠨ᠂ ᠬᠤᠰᠢᠭᠤ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠣᠣ ᠷᠦᠢ ᠳ᠋ᠦᠩ᠂ ᠬᠤᠰᠢᠭᠤ ᠠᠷᠠᠤᠨ ᠤᠨ ᠰᠢᠬᠦᠬᠦ ᠬᠤᠷᠢᠶᠠᠨ ᠤ ᠳᠠᠷᠤᠭ᠎ᠠ ᠭᠤᠣ ᠹᠧᠩ᠂ ᠬᠤᠰᠢᠭᠤ ᠠᠷᠠᠤᠨ ᠤᠨ ᠪᠠᠶᠢᠴᠠᠭᠠᠬᠤ ᠬᠤᠷᠢᠶᠠᠨ ᠤ ᠳᠠᠷᠤᠭ᠎ᠠ ᠶᠠᠩ ᠯᠢ ᠮᠧᠢ ︵ᠰᠤᠩᠭᠤᠭᠤᠯᠢ ᠶᠢᠨ ᠦᠷ᠎ᠠ ᠳ᠋ᠦᠩ ᠢ ᠬᠤᠳᠠ ᠶᠢᠨ ᠠᠷᠠᠤᠨ ᠤᠨ ᠪᠠᠶᠢᠴᠠᠭᠠᠬᠤ ᠬᠤᠷᠢᠶᠠᠨ ᠳᠤ ᠮᠡᠳᠡᠬᠦᠯᠵᠤ᠂ ᠬᠤᠳᠠ ᠶᠢᠨ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠬᠦᠯᠵᠤ ᠵᠦᠪᠰᠢᠶᠡᠷᠡᠬᠦᠯᠦᠭᠰᠡᠨ ᠤ ᠳᠠᠷᠠᠭ᠎ᠠ ᠨᠠᠶᠢᠳᠠᠯᠠᠨ᠎ᠠ︶᠂ ᠬᠤᠰᠢᠭᠤ ᠠᠷᠠᠤᠨ  ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠳᠤᠶᠠᠭ᠎ᠠ᠂ ᠼᠠᠢ ᠴᠧᠩ᠂ ᠸᠠᠩ ᠯᠢᠨ᠂ ᠬᠤᠪᠢᠰᠬᠠᠯᠳᠤ᠂ ᠬᠤᠰᠢᠭᠤ ᠠᠷᠠᠤᠨ ᠤᠨ ᠵᠠᠰᠠᠭ ᠤᠨ ᠤᠷᠳᠤᠨ ᠤ ᠳᠡᠳ᠋ ᠳᠠᠷᠤᠭ᠎ᠠ ᠵᠣᠣ ᠱᠤᠸᠠᠨ᠂ ᠶᠢᠤ ᠵᠢᠶᠠᠨ ᠴᠢᠩ᠂ ᠸᠧᠢ ᠵᠧᠨ ᠰᠢᠤᠸᠠᠨ᠂ ᠰᠥᠩ ᠰᠢᠶᠣᠣ ᠯᠧᠢ᠂ ᠱᠢ ᠬᠤᠢ᠂ ᠶᠠᠩ ᠵᠢᠢ ᠴᠢᠶᠠᠩ ᠵᠢᠴᠢ ᠬᠤᠰᠢᠭᠤ ᠠᠷᠠᠤᠨ ᠤᠨ ᠲᠦᠯᠤᠬᠡᠯᠡᠭᠴᠢᠤᠨ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠬᠦᠤᠨ ᠦᠨᠳᠤᠰᠤᠨ ᠬᠠᠤᠯᠢ ᠳᠤ ᠳᠠᠩᠭᠠᠷᠢᠭᠯᠠᠬᠤ ᠳᠤ ᠤᠷᠤᠯᠴᠠᠪᠠ᠃     ᠳᠤᠰ ᠤᠳᠠᠭᠠᠨ ᠤ ᠦᠨᠳᠤᠰᠤᠨ ᠬᠠᠤᠯᠢ ᠳᠤ ᠳᠠᠩᠭᠠᠷᠢᠭᠯᠠᠬᠤ ᠳᠤ ᠬᠠᠮᠳᠤ ᠪᠠᠷ ᠳᠠᠩᠭᠠᠷᠢᠭᠯᠠᠬᠤ ᠬᠡᠯᠪᠡᠷᠢ ᠶᠢ ᠬᠡᠷᠡᠭᠯᠡᠪᠡ᠃ ᠦᠨᠳᠤᠰᠤᠨ ᠬᠠᠤᠯᠢ ᠳᠤ ᠳᠠᠩᠭᠠᠷᠢᠭᠯᠠᠬᠤ ᠳᠤᠬᠠᠢ ᠶᠢᠨ ᠳᠠᠯᠠᠪᠠᠢ ᠳᠤ ᠤᠯᠤᠰ ᠤᠨ ᠰᠦᠯᠳᠠ ᠶᠢ ᠦᠨᠳᠤᠷ ᠲᠤ ᠡᠯᠬᠦᠵᠤ᠂ ᠳᠠᠩᠭᠠᠷᠢᠭᠯᠠᠬᠤ ᠳᠠᠶᠢᠰᠠᠨ ᠳᠤ ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠦᠨᠳᠤᠰᠤᠨ ᠬᠠᠤᠯᠢ︾ ᠶᠢ ᠳᠠᠯᠪᠢᠭᠰᠡᠨ ᠨᠢ ᠬᠤᠷᠠᠯ ᠤᠨ ᠳᠠᠯᠠᠪᠠᠢ ᠶᠢᠨ ᠠᠭᠤᠷ ᠠᠮᠢᠰᠬᠤᠯ ᠢ ᠲᠦᠪ ᠴᠢᠩᠭ᠎ᠠ ᠪᠤᠯᠭᠠᠭᠰᠡᠨ ᠪᠠᠶᠢᠯ᠎ᠠ᠃     ᠳᠠᠩᠭᠠᠷᠢᠭᠯᠠᠬᠤ ᠶᠤᠰᠤᠯᠠᠯ ᠡᠬᠢᠯᠡᠮᠡᠭᠴᠡ ᠪᠦᠬᠦᠳᠡᠬᠡᠷ ᠢᠶᠠᠨ ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ  ᠤᠨ ᠰᠦᠯᠳᠠ ᠳᠠᠭᠤᠤ ᠶᠢ ᠳᠠᠭᠤᠯᠠᠪᠠ᠃     ᠤᠯᠤᠰ ᠤᠨ ᠰᠦᠯᠳᠠ ᠳᠠᠭᠤᠨ ᠤ ᠳᠠᠷᠠᠭ᠎ᠠ᠂ ᠳᠠᠭᠠᠭᠤᠯᠤᠨ ᠳᠠᠩᠭᠠᠷᠢᠭᠯᠠᠭᠴᠢ ᠭᠤᠣ ᠷᠥᠩ ᠲᠠᠩ ᠵᠡᠬᠦᠨ ᠭᠠᠷ ᠢᠶᠠᠨ ᠦᠨᠳᠤᠰᠤᠨ ᠬᠠᠤᠯᠢ ᠶᠢᠨ ᠳᠡᠪᠳᠡᠷ ᠳᠡᠬᠡᠷ᠎ᠡ ᠳᠠᠯᠪᠢᠵᠤ᠂ ᠪᠠᠷᠠᠭᠤᠨ ᠨᠢᠳᠤᠷᠭ᠎ᠠ ᠪᠠᠨ ᠡᠷᠬᠦᠨ᠂ ᠳᠠᠩᠭᠠᠷᠢᠭ  ᠤᠨ ᠦᠬᠡᠰ ᠢ ᠳᠠᠭᠠᠭᠤᠯᠤᠨ ᠤᠩᠰᠢᠪᠠ᠃ ᠦᠨᠳᠤᠰᠤᠨ ᠬᠠᠤᠯᠢ ᠳᠤ ᠳᠠᠩᠭᠠᠷᠢᠭᠯᠠᠬᠤ ᠳᠤ  ᠤᠷᠤᠯᠴᠠᠭᠰᠠᠤᠨ ᠳᠠᠭᠠᠭᠤᠯᠤᠨ ᠳᠠᠩᠭᠠᠷᠢᠭᠯᠠᠭᠴᠢ ᠶᠢᠨ ᠠᠷᠤ ᠳᠤ ᠵᠢᠭᠰᠠᠵᠤ᠂ ᠪᠠᠷᠠᠭᠤᠨ ᠨᠢᠳᠤᠷᠭ᠎ᠠ ᠪᠠᠨ ᠡᠷᠬᠦᠨ᠂ ᠳᠠᠩᠭᠠᠷᠢᠭ ᠤᠨ ᠦᠬᠡ ᠶᠢ ᠲᠠᠭᠠᠨ ᠤᠩᠰᠢᠪᠠ᠃     ︽ᠪᠦᠬᠦᠳᠠ ᠨᠠᠶᠢᠷᠠᠮᠳᠠᠬᠤ ᠳᠤᠮᠳᠠᠳᠤ ᠠᠷᠠᠤᠨ ᠤᠯᠤᠰ ᠤᠨ ᠦᠨᠳᠤᠰᠤᠨ ᠬᠠᠤᠯᠢ ᠳᠤ ᠦᠨᠡᠨᠴᠢ ᠪᠠᠷ ᠬᠠᠨᠳᠤᠨ᠂ ᠦᠨᠳᠤᠰᠤᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠳᠤ ᠳᠤᠭᠳᠠᠭᠠᠭᠰᠡᠨ ᠡᠬᠦᠷᠬᠡ ᠬᠠᠷᠢᠭᠤᠴᠠᠯᠭ᠎ᠠ  ᠪᠠᠨ ᠬᠦᠢᠴᠡᠤᠨᠬᠡᠨ᠂ ᠡᠬᠡ ᠤᠯᠤᠰ᠂ ᠠᠷᠠᠤᠨ ᠲᠦᠮᠡᠨ ᠳᠤ ᠪᠠᠨ ᠦᠨᠡᠨᠴᠢ ᠪᠠᠷ ᠬᠠᠨᠳᠤᠵᠤ᠂ ᠡᠬᠦᠷᠬᠡ ᠳᠤᠰᠢᠶᠠᠯ  ᠢᠶᠠᠨ ᠰᠢᠳᠤᠷᠭᠤ ᠪᠠᠷ ᠬᠦᠢᠴᠡᠤᠨᠬᠡᠨ᠂ ᠠᠷᠢᠭᠤᠨ ᠴᠢᠬᠡᠴᠢ ᠪᠠᠷ ᠨᠠᠶᠢᠳᠠ ᠶᠢᠨ ᠲᠦᠯᠤᠬᠡ ᠵᠢᠤᠨᠬᠦᠵᠤ᠂ ᠠᠷᠠᠤᠨ ᠲᠦᠮᠡᠨ ᠤ ᠬᠢᠨᠠᠯᠳᠠ ᠶᠢ ᠬᠦᠯᠢᠶᠡᠨ᠂ ᠪᠠᠶᠠᠨ ᠬᠦᠴᠤᠷᠬᠡᠭ ᠠᠷᠠᠤᠨᠴᠢᠯᠠᠯ ᠲᠠᠢ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠤ ᠰᠠᠶᠢᠬᠠᠨ ᠨᠠᠶᠢᠬᠡᠮ ᠵᠢᠷᠤᠮᠳᠤ ᠤᠯᠤᠰ ᠢ ᠪᠦᠳᠤᠬᠡᠨ ᠪᠠᠶᠢᠭᠤᠯᠬᠤ ᠶᠢᠨ ᠲᠦᠯᠤᠬᠡ ᠴᠢᠷᠮᠠᠶᠢᠨ ᠳᠡᠮᠡᠴᠡᠨ᠎ᠡ︕︾ ᠬᠡᠵᠤ ᠳᠠᠩᠭᠠᠷᠢᠭᠯᠠᠪᠠ᠃    ᠡᠷᠡᠰ ᠬᠠᠳᠠᠭᠤ ᠳᠠᠩᠭᠠᠷᠢᠭ ᠨᠢ ᠳᠠᠩᠭᠠᠷᠢᠭᠯᠠᠭᠴᠢ ᠶᠢᠨ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠦᠨᠳᠤᠰᠤᠨ ᠬᠠᠤᠯᠢ ᠶᠢᠨ ᠡᠬᠦᠷᠬᠡ ᠬᠠᠷᠢᠭᠤᠴᠠᠯᠭ᠎ᠠ ᠶᠢ ᠬᠦᠢᠴᠡᠤᠨᠬᠡᠬᠦ ᠪᠠᠳᠤ ᠵᠤᠷᠢᠭ ᠢ ᠢᠯᠡᠷᠡᠬᠦᠯᠦᠭᠰᠡᠨ ᠪᠠᠶᠢᠨ᠎ᠠ᠃ ᠳᠠᠳᠠ ᠳᠠᠩᠭᠠᠷᠢᠭ ᠢᠶᠠᠨ ᠪᠠᠳᠤ ᠴᠡᠬᠡᠵᠢᠯᠡᠨ᠂ ᠦᠨᠳᠤᠰᠤᠨ ᠬᠠᠤᠯᠢ ᠳᠤ ᠦᠨᠡᠨᠴᠢ ᠬᠠᠨᠳᠤᠵᠤ᠂ ᠦᠨᠳᠤᠰᠤᠨ ᠬᠠᠤᠯᠢ ᠶᠢ ᠵᠢᠷᠤᠮᠯᠠᠨ᠂ ᠦᠨᠳᠤᠰᠤᠨ ᠬᠠᠤᠯᠢ ᠶᠢ ᠬᠠᠮᠠᠭᠠᠯᠠᠵᠤ᠂ ᠰᠢᠨ᠎ᠠ ᠡᠬᠦᠷᠬᠡᠯᠡᠯ ᠢ ᠵᠤᠷᠢᠭᠳᠠᠢ ᠡᠬᠦᠷᠬᠡᠯᠡᠨ᠂ ᠰᠢᠨ᠎ᠠ ᠴᠠᠭ ᠦᠶ᠎ᠡ ᠶᠢᠨ ᠤᠳᠤᠭ ᠤᠨ ᠡᠮᠤᠨᠡᠳᠤ ᠬᠤᠰᠢᠭᠤᠨ ᠤ ᠰᠢᠨ᠎ᠠ ᠠᠶᠠᠨ ᠢ ᠪᠦᠬᠦ ᠳᠠᠯ᠎ᠠ ᠪᠠᠷ ᠡᠬᠢᠯᠡᠬᠦᠯᠵᠤ᠂ ᠰᠢᠨ᠎ᠠ ᠬᠠᠭᠤᠳᠠᠰᠤ ᠶᠢ ᠪᠢᠴᠢᠭᠯᠡᠬᠦ ᠳᠤ ᠨᠠᠩ ᠶᠡᠭᠡ ᠰᠢᠨ᠎ᠠ ᠬᠤᠪᠢ ᠨᠡᠮᠡᠷᠢ ᠦᠵᠡᠬᠦᠯᠤᠨ᠎ᠠ ᠬᠡᠵᠤ ᠰᠠᠨᠠᠯ ᠨᠢᠬᠡᠳᠠᠢ ᠢᠯᠡᠤᠨᠬᠡᠵᠢᠬᠡᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号