ᠤᠳᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠᠲᠠᠢ ᠲᠡᠭᠦᠰᠪᠡ
ᠨᠡᠶᠢᠲᠡᠯᠡᠭᠰᠡᠨ ᠴᠠᠭ᠄
2022/1/12
    1 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠯ᠎ᠡ ᠲᠦᠷᠦᠯ ᠤᠨ ᠵᠥᠪᠯᠡᠬᠦ ᠵᠦᠢᠯ ᠢᠶᠠᠨ  ᠪᠡᠶᠡᠯᠡᠬᠦᠯᠦᠭᠡᠳ ᠠᠮᠵᠢᠯᠲᠠᠲᠠᠢ ᠲᠡᠭᠦᠰᠪᠡ᠃     ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠸᠠᠩ ᠢᠦᠢ ᠴᠢᠶᠠᠩ᠂ ᠭᠤᠤ ᠷᠦᠩ ᠲᠠᠩ᠂ ᠶᠠᠩ ᠶᠢᠩ ᠰᠢᠨ᠂ ᠲᠤᠳᠢ᠂ ᠲᠤᠶᠠᠭ᠎ᠠ᠂ ᠼᠠᠢ ᠴᠧᠩ᠂ ᠸᠠᠩ ᠯᠢᠨ᠂ ᠬᠤᠪᠢᠰᠬᠠᠯᠲᠤ ᠨᠠᠷ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠵᠤ᠂ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠬᠤᠲᠠ ᠶᠢᠨ ᠬᠤᠭᠤᠴᠠᠭ᠎ᠠ ᠰᠣᠯᠢᠬᠤ ᠠᠵᠢᠯ ᠤᠨ ᠬᠢᠨᠠᠨ ᠵᠢᠯᠣᠭᠤᠳᠬᠤ ᠳᠤᠭᠤᠶᠢᠯᠠᠩ ᠤᠨ ᠪᠠᠶ ᠺᠧ ᠮᠢᠩ ᠨᠥᠬᠦᠷ ᠬᠤᠷᠠᠯ ᠢ ᠵᠢᠯᠣᠭᠤᠳᠪᠠ᠃     ᠲᠤᠰ ᠣᠳᠠᠭᠠᠨ ᠤ ᠶᠡᠭᠡ ᠬᠤᠷᠠᠯ ᠳᠤ ᠣᠷᠣᠯᠴᠠᠪᠠᠰᠣ ᠵᠤᠬᠢᠬᠤ ᠲᠥᠯᠥᠭᠡᠯᠡᠭᠴᠢ 153 ᠬᠥᠮᠦᠨ ᠪᠠᠶᠢᠵᠤ᠂ 150 ᠲᠥᠯᠥᠭᠡᠯᠡᠭᠴᠢ ᠬᠤᠷᠠᠯ ᠳᠤ ᠣᠷᠣᠯᠴᠠᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠭᠤᠤ ᠷᠦᠩ ᠲᠠᠩ ᠬᠤᠷᠠᠯ ᠢ ᠡᠷᠬᠢᠯᠡᠪᠡ᠃     ᠬᠤᠷᠠᠯ ᠠᠴᠠ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠢᠯᠧᠲ ᠦᠭᠭᠦ ᠪᠠᠷ ᠳᠠᠮᠵᠢᠨ ᠪᠠᠲᠤᠯᠠᠪᠠ︔ ᠬᠤᠰᠢᠭᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠤᠨ ᠰᠢᠢᠳᠪᠦᠷᠢ᠂ ᠣᠲᠤᠭ ᠤᠨ ᠡᠮᠦᠨᠡᠲᠦ ᠬᠤᠰᠢᠭᠤᠨ ᠤ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ  ᠬᠡᠷᠡᠭᠵᠢᠬᠦᠯᠦᠯᠲᠡ ᠶᠢᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠦᠯ ᠤᠨ ᠮᠡᠳᠡᠭᠦᠯᠦᠯᠲᠡ ᠶᠢᠨ ᠰᠢᠢᠳᠪᠦᠷᠢ᠂ ᠣᠲᠤᠭ ᠤᠨ ᠡᠮᠦᠨᠡᠲᠦ ᠬᠤᠰᠢᠭᠤᠨ ᠤ 2021 ᠣᠨ ᠤ ᠡᠳ᠋ ᠤᠨ ᠵᠠᠰᠠᠭ ᠤᠨ ᠲᠥᠰᠦᠪ ᠤᠨ ᠬᠡᠷᠡᠭᠵᠢᠬᠦᠯᠦᠯᠲᠡ ᠶᠢᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ᠤᠨ ᠲᠥᠰᠦᠯ ᠤᠨ ᠮᠡᠳᠡᠭᠦᠯᠦᠯᠲᠡ ᠶᠢᠨ ᠰᠢᠢᠳᠪᠦᠷᠢ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ᠂ ᠬᠤᠰᠢᠭᠤ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ᠂  ᠬᠤᠰᠢᠭᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠰᠢᠢᠳᠪᠦᠷᠢ ᠶᠢ ᠪᠠᠲᠤᠯᠠᠪᠠ᠃     ᠭᠤᠤ ᠷᠦᠩ ᠲᠠᠩ ᠬᠤᠷᠠᠯ ᠲᠡᠭᠦᠰᠬᠦ ᠶᠠᠷᠢᠶ᠎ᠠ ᠲᠠᠯᠪᠢᠪᠠ᠃ ᠭᠤᠤ ᠷᠦᠩ ᠲᠠᠩ ᠠᠴᠠ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠤᠳᠤᠷᠢᠳᠤᠯᠭ᠎ᠠ ᠳᠣᠣᠷ᠎ᠠ᠂ ᠡᠯ᠎ᠡ ᠲᠦᠷᠦᠯ ᠤᠨ ᠵᠥᠪᠯᠡᠬᠦ ᠵᠦᠢᠯ ᠢᠶᠠᠨ ᠠᠮᠵᠢᠯᠲᠠᠲᠠᠢ ᠪᠡᠶᠡᠯᠡᠬᠦᠯᠦᠭᠡᠳ ᠲᠡᠭᠦᠰᠬᠦ ᠪᠤᠯᠤᠯ᠎ᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠵᠥᠪ ᠴᠢᠭᠯᠡᠯ ᠢ ᠪᠠᠷᠢᠮᠲᠠᠯᠠᠵᠤ᠂ ᠠᠷᠢᠭᠤᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠡᠭᠡᠳᠦ ᠬᠡᠮᠵᠢᠶᠡᠨ ᠤ ᠣᠬᠠᠮᠰᠠᠷᠲᠤ ᠰᠡᠳᠬᠢᠯᠬᠡ ᠲᠠᠢ ᠤᠯᠤᠰ ᠲᠦᠷᠦ ᠶᠢᠨ ᠡᠭᠦᠷᠭᠡᠯᠡᠯ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ ᠪᠠ ᠴᠤᠭ ᠪᠠᠳᠠᠷᠠᠩᠭᠤᠢ ᠥᠭᠡᠳᠡᠯᠡᠨ ᠳᠠᠪᠰᠢᠬᠤ ᠤᠶᠤᠨ ᠰᠠᠨᠠᠭᠠᠨ ᠤ ᠳᠦᠷᠢ ᠳᠦᠷᠬᠦ ᠪᠠᠨ ᠢᠯᠡᠷᠡᠬᠦᠯᠪᠡ᠃ ᠬᠤᠷᠠᠯ ᠠᠴᠠ ᠡᠯ᠎ᠡ ᠲᠦᠷᠦᠯ ᠤᠨ ᠰᠢᠢᠳᠪᠦᠷᠢ ᠶᠢ ᠪᠠᠲᠤᠯᠠᠨ᠂ ᠡᠯ᠎ᠡ ᠲᠦᠷᠦᠯ ᠤᠨ ᠰᠣᠩᠭᠤᠭᠤᠯᠢ ᠶᠢᠨ ᠡᠭᠦᠷᠭᠡ ᠪᠠᠨ ᠠᠮᠵᠢᠯᠲᠠᠲᠠᠢ ᠪᠡᠶᠡᠯᠡᠭᠦᠯᠵᠦ᠂ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠬᠦᠨ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠪᠣᠯᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ ᠶᠢ ᠬᠠᠤᠯᠢ ᠶᠤᠰᠤᠭᠠᠷ ᠰᠣᠩᠭᠤᠨ ᠭᠠᠷᠭᠠᠪᠠ᠂ ᠲᠤᠰ ᠣᠳᠠᠭᠠᠨ ᠤ ᠬᠤᠷᠠᠯ ᠨᠢ ᠲᠤᠭ ᠢᠶᠠᠨ ᠥᠨᠳᠥᠷ ᠮᠠᠨᠳᠤᠭᠤᠯᠵᠤ᠂ ᠡᠷᠴᠢ ᠵᠣᠷᠢᠭ ᠢ ᠬᠥᠪᠴᠢᠯᠡᠭᠰᠡᠨ ᠬᠤᠷᠠᠯ ᠪᠣᠯᠬᠤ ᠶᠤᠮ᠂ ᠮᠥᠨᠴᠦ ᠬᠥᠭᠵᠢᠯᠲᠡ ᠶᠢ ᠬᠠᠮᠲᠤᠪᠠᠷ ᠰᠦᠪᠡᠭᠴᠢᠯᠡᠨ᠂ ᠪᠦᠯᠬᠦᠮᠳᠡᠨ ᠲᠡᠮᠡᠴᠡᠭᠰᠡᠨ ᠬᠤᠷᠠᠯ ᠪᠣᠯᠬᠤ ᠶᠣᠮ᠂ ᠨᠠᠩ ᠴᠤ ᠠᠷᠠᠳ ᠤᠨ ᠲᠥᠯᠥᠭᠡᠯᠡᠭᠴᠢᠳ ᠤᠨ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠦᠭᠰᠡᠨ ᠶᠡᠭᠡ ᠬᠤᠷᠠᠯ ᠪᠣᠯᠬᠤ ᠶᠤᠮ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠵᠣᠷᠢᠭᠵᠢᠭᠤᠯᠵᠤ᠂ ᠴᠤᠭ ᠰᠦᠯᠳᠡ ᠶᠢ ᠨᠢ ᠣᠷᠮᠠᠰᠢᠭᠤᠯᠤᠨ᠂ ᠰᠢᠨ᠎ᠡ ᠶᠢ ᠡᠬᠦᠳᠦᠨ ᠣᠷᠣᠭᠰᠢᠯᠠᠵᠤ᠂ ᠰᠢᠨ᠎ᠡ ᠴᠠᠭ ᠦᠶ᠎ᠡ ᠶᠢᠨ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠬᠦ ᠳᠤ ᠴᠢᠷᠮᠠᠶᠢᠨ ᠲᠡᠮᠡᠴᠡᠬᠦᠯᠬᠦ ᠨᠢ ᠯᠠᠪᠲᠠᠢ ᠶᠤᠮ ᠬᠡᠵᠦ ᠬᠡᠯᠡᠭᠰᠡᠨ ᠪᠠᠶᠢᠨ᠎ᠠ᠃     ᠭᠤᠤ ᠷᠦᠩ ᠲᠠᠩ ᠠᠴᠠ ᠬᠤᠶᠢᠰᠢᠳᠠ ᠶᠢᠨ ᠠᠵᠢᠯ ᠤᠨ ᠳᠤᠮᠳᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠰᠢᠭᠤ ᠨᠠᠮ ᠤᠨ ᠬᠤᠷᠢᠶᠠᠨ ᠤ ᠡᠷᠴᠢᠲᠦ ᠤᠳᠤᠷᠢᠳᠤᠯᠭ᠎ᠠ ᠳᠣᠤᠷ᠎ᠠ᠂ ᠵᠤᠷᠢᠯᠲᠠ ᠪᠠᠨ ᠪᠠᠲᠤ ᠴᠡᠭᠡᠵᠢᠯᠡᠵᠦ᠂ ᠬᠠᠤᠯᠢ ᠴᠠᠭᠠᠵᠠ ᠳᠤ ᠦᠨᠡᠨᠴᠢ ᠰᠢᠳᠤᠷᠭᠤ ᠬᠠᠨᠳᠣᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠬᠦᠢᠴᠡᠳᠬᠡᠵᠦ᠂ ᠰᠢᠷᠭᠠᠭᠤ ᠠᠵᠢᠯᠯᠠᠨ᠂ ᠨᠠᠮ ᠪᠠ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ᠃ ᠤᠯᠤᠰ ᠲᠦᠷᠦ ᠶᠢᠨ ᠪᠠᠶᠢᠭᠤᠯᠭ᠎ᠠ ᠶᠢᠨ ᠰᠢᠨᠵᠢ ᠴᠢᠨᠠᠷ ᠢ ᠴᠢᠩᠭᠠᠳᠬᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠭᠦᠨᠵᠡᠭᠡᠢ ᠲᠠᠨᠢᠵᠤ ᠡᠵᠡᠮᠰᠢᠬᠦ ᠬᠡᠷᠡᠭᠲᠡᠢ᠃ ᠡᠷᠬᠡᠲᠦ ᠪᠠᠶᠢᠭᠤᠯᠭ᠎ᠠ ᠶᠢᠨ ᠰᠢᠨᠵᠢ ᠴᠢᠨᠠᠷ ᠢ ᠴᠢᠩᠭᠠᠳᠬᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠴᠢᠨᠠᠷ ᠴᠢᠨᠰᠠᠭ᠎ᠠ ᠪᠠ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠ ᠡᠭᠦᠷᠭᠡ ᠶᠢ ᠭᠦᠨᠵᠡᠭᠡᠢ ᠲᠠᠨᠢᠵᠤ ᠡᠵᠡᠮᠳᠡᠬᠦ ᠬᠡᠷᠡᠭᠲᠡᠢ᠃ ᠲᠦᠯᠦᠭᠡᠯᠡᠭᠴᠢ ᠪᠠᠶᠢᠭᠤᠯᠭ᠎ᠠ ᠶᠢᠨ ᠰᠢᠨᠵᠢ ᠴᠢᠨᠠᠷ ᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠠᠷᠠᠳ ᠲᠦᠮᠡᠨ ᠢ ᠲᠥᠯᠥᠭᠡᠯᠡᠨ ᠲᠦᠷᠦ ᠶᠢᠨ ᠡᠷᠬᠡ ᠪᠠᠨ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠶ ᠲᠠᠨᠢᠵᠤ ᠡᠵᠡᠮᠰᠢᠬᠦ ᠬᠡᠷᠡᠭᠲᠡᠶ᠃ ᠠᠵᠢᠯ ᠤᠨ ᠪᠠᠶᠢᠭᠤᠯᠭ᠎ᠠ ᠶᠢᠨ ᠰᠢᠨᠵᠢ ᠴᠢᠨᠠᠷ ᠢ ᠴᠢᠩᠭᠠᠳᠬᠠᠨ᠂ ︽ᠲᠦᠷᠪᠡᠨ ᠠᠯᠪᠠᠨ ᠪᠠᠶᠢᠭᠤᠯᠭ᠎ᠠ︾ ᠶᠢᠨ ᠪᠠᠶᠢᠭᠤᠯᠤᠯᠲᠠ ᠶᠢᠨ ᠴᠢᠬᠤᠯᠠ ᠭᠠᠷᠳᠠᠴᠠ ᠶᠢ ᠭᠦᠨᠵᠡᠭᠡᠢ ᠲᠠᠨᠢᠵᠤ ᠡᠵᠡᠮᠰᠢᠬᠦ ᠬᠡᠷᠡᠭᠲᠡᠢ ᠬᠡᠵᠦ ᠢᠯᠡᠷᠬᠡᠶᠢᠯᠡᠭᠰᠡᠨ ᠪᠠᠶᠢᠨ᠎ᠠ᠃     ᠭᠤᠤ ᠷᠦᠩ ᠲᠠᠩ ᠠᠴᠠ ᠢᠷᠡᠭᠡᠳᠦᠶ ᠶᠢᠨ ᠲᠠᠪᠤᠨ ᠵᠢᠯ ᠪᠣᠯ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ  ᠢ ᠪᠦᠲᠦᠬᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠵᠦᠭ ᠤᠷᠤᠭᠰᠢᠯᠠᠬᠤ ᠠᠩᠬᠠᠨ ᠤ ᠲᠠᠪᠤᠨ ᠵᠢᠯ ᠪᠣᠯᠣᠨ᠎ᠠ᠂ ᠮᠦᠨᠴᠦ ᠮᠠᠨ ᠤ ᠬᠤᠰᠢᠭᠤ ᠦᠢᠯᠡᠰ ᠪᠣᠰᠬᠠᠬᠤ ᠲᠡᠤᠬᠡ ᠶᠢᠨ ᠲᠤᠬᠢᠶᠠᠯ ᠤᠨ ᠬᠤᠭᠤᠴᠠᠭ᠎ᠠ᠂ ᠠᠵᠢᠯ ᠦᠢᠯᠡᠰ ᠪᠦᠲᠦᠬᠡᠬᠦ ᠬᠥᠭᠵᠢᠯᠲᠡ ᠶᠢᠨ ᠰᠢᠵᠢᠷ ᠠᠯᠲᠠᠨ ᠬᠤᠭᠤᠴᠠᠭ᠎ᠠ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠯᠪᠡᠷᠢ ᠶᠢᠨ  ᠬᠤᠪᠢᠷᠠᠭᠠᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠪᠤᠯᠬᠤ ᠶᠤᠮ᠃ ᠨᠢᠭᠡᠨᠲᠡ ᠵᠢᠷᠤᠭᠯᠠᠭᠰᠠᠨ ᠠᠯᠤᠰ ᠤᠨ ᠲᠦᠰᠦᠪ ᠢᠶᠠᠨ ᠬᠡᠷᠡᠭᠵᠢᠬᠦᠯᠬᠦ  ᠳᠤ ᠵᠠᠩᠭᠢᠯᠠᠭ᠎ᠠ ᠨᠢ ᠨᠠᠶᠢᠲᠠᠪᠤᠷᠢᠵᠢᠭᠤᠯᠤᠯᠲᠠ ᠳᠤ ᠪᠤᠢ᠃ ᠪᠢᠳᠡ ᠰᠢ ᠶᠢᠨ ᠫᠢᠩ ᠨᠥᠬᠦᠷ ᠢᠶᠠᠷ ᠲᠦᠪᠯᠡᠬᠦᠯᠦᠭᠰᠡᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠢᠮᠠᠭᠲᠠ ᠪᠠᠷᠢᠮᠲᠠᠯᠠᠨ᠂ ᠠᠵᠢᠯ ᠤᠨ ᠴᠢᠭᠯᠡᠯ ᠪᠠ ᠠᠵᠢᠯ ᠤᠨ ᠭᠤᠣᠯᠳᠠᠯᠭ᠎ᠠ ᠪᠠᠨ ᠪᠠᠲᠤ ᠡᠵᠡᠮᠳᠡᠵᠦ᠂ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠬᠦᠢᠴᠡᠳᠬᠡᠵᠦ᠂ ᠨᠠᠮ ᠪᠠ ᠠᠷᠠᠳ ᠲᠦᠮᠡᠨ ᠠᠴᠠ ᠲᠤᠰᠢᠶᠠᠭᠰᠠᠨ ᠡᠭᠦᠷᠭᠡ ᠪᠠᠨ ᠰᠠᠶᠢᠲᠤᠷ ᠪᠡᠶᠡᠯᠡᠬᠦᠯᠦᠨ᠂ ᠰᠢᠯᠢᠳᠡᠭ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ ᠤᠭᠲᠤᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠭᠤᠤ ᠷᠦᠩ ᠲᠠᠩ ᠠᠴᠠ ᠬᠠᠮᠤᠭ ᠰᠡᠭᠦᠯ ᠳᠤ᠂ ᠰᠢᠨ᠎ᠡ ᠭᠠᠷᠤᠭᠠᠨ ᠳᠡᠭᠡᠷ᠎ᠡ ᠠᠴᠠ ᠰᠢᠨ᠎ᠡ ᠠᠶᠠᠨ ᠢ ᠡᠬᠢᠯᠡᠬᠦᠯᠬᠦ ᠳᠤ᠂ ᠪᠢᠳᠡ ᠲᠡᠦᠬᠡ ᠶᠢᠨ ᠪᠤᠣᠬᠢᠶ᠎ᠠ ᠶᠢ ᠲᠤᠰᠴᠤ ᠠᠪᠬᠤ᠂ ᠤᠷᠢᠳᠤᠬᠢ ᠶᠢ ᠵᠠᠯᠭᠠᠮᠵᠢᠯᠠᠵᠤ ᠦᠷᠬᠦᠯᠵᠢᠯᠡᠨ ᠳᠠᠪᠰᠢᠬᠤ ᠰᠢᠨ᠎ᠡ ᠬᠠᠭᠤᠳᠠᠰᠤ ᠶᠢ ᠪᠢᠴᠢᠭᠯᠡᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠬᠤᠰᠢᠭᠤ ᠨᠠᠮ ᠤᠨ ᠬᠤᠷᠢᠶᠠᠨ ᠤ  ᠡᠷᠴᠢᠲᠦ ᠤᠳᠤᠷᠢᠳᠤᠯᠭ᠎ᠠ ᠳᠣᠣᠷ᠎ᠠ᠂ ᠰᠢᠷᠭᠠᠭᠤ ᠠᠵᠢᠯᠯᠠᠬᠤ ᠶᠢ ᠲᠡᠷᠢᠭᠦᠨ ᠳᠤ ᠲᠠᠯᠪᠢᠨ᠂ ᠪᠣᠳᠠᠲᠤ ᠶᠠᠪᠤᠳᠠᠯ ᠢᠶᠠᠷ ᠭᠤᠣᠯᠳᠠᠯᠭ᠎ᠠ ᠪᠣᠯᠭᠠᠬᠤ ᠶᠢ  ᠪᠠᠷᠢᠮᠲᠠᠯᠠᠨ᠂ ᠲᠡᠰᠪᠦᠷᠢ ᠬᠠᠲᠠᠭᠤᠵᠢᠯᠲᠠᠶ ᠪᠠᠷ ᠲᠡᠮᠡᠴᠡᠬᠦ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠬᠦ᠂ ᠰᠢᠨ᠎ᠡ ᠬᠥᠭᠵᠢᠯᠲᠡ ᠶᠢᠨ ᠦᠵᠡᠯᠲᠡ ᠶᠢ ᠭᠦᠨᠵᠡᠭᠡᠶ ᠲᠤᠤᠱᠯᠠᠭᠤᠯᠬᠤ᠂ ᠰᠢᠨ᠎ᠡ ᠬᠥᠭᠵᠢᠯᠲᠡ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠴᠢᠬᠤᠯᠠ ᠱᠠᠭᠠᠷᠳᠠᠯᠭ᠎ᠠ ᠶᠢ ᠬᠢᠨᠠᠮᠠᠭᠠᠶ ᠰᠣᠷᠣᠯᠴᠠᠵᠤ ᠤᠶᠢᠯᠠᠭᠠᠨ᠂ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ  ᠲᠦᠷᠦᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠩ ᠴᠢᠷᠮᠠᠶᠢᠨ ᠵᠢᠳᠬᠦᠬᠦ ᠣᠶᠤᠨ ᠰᠠᠨᠠᠭᠠᠨ ᠤ ᠪᠠᠶᠢᠳᠠᠯ ᠢᠶᠠᠷ ᠰᠢᠨ᠎ᠡ ᠴᠠᠭ ᠦᠶ᠎ᠡ ᠶᠢᠨ ᠣᠲᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠢ ᠪᠥᠬᠦ ᠲᠠᠯ᠎ᠠ ᠪᠠᠷ ᠡᠬᠢᠯᠡᠭᠦᠯᠬᠦ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠬᠦ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠰᠢᠨ᠎ᠡ ᠪᠠᠷ ᠰᠣᠩᠭᠤᠭᠳᠠᠭᠰᠠᠨ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠶᠠᠩ ᠶᠢᠩ ᠰᠢᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠶᠠᠩ ᠶᠢᠩ ᠰᠢᠨ ᠠᠴᠠ ᠣᠲᠤᠭ ᠤᠨ ᠡᠮᠦᠨᠡᠲᠦ ᠬᠤᠰᠢᠭᠤ ᠳᠠᠪᠠᠯᠲᠠ  ᠲᠠᠢ ᠳᠠᠪᠰᠢᠨ᠂ ᠬᠤᠷᠳᠤᠴᠠ ᠪᠠᠨ ᠲᠦᠷᠬᠡᠳᠬᠡᠨ ᠳᠣᠪᠲᠣᠯᠬᠤ ᠵᠠᠩᠭᠢᠯᠠᠭ᠎ᠠ ᠶᠢᠨ ᠴᠠᠭ ᠮᠦᠴᠡ ᠳᠤ᠂ ᠵᠠᠰᠠᠭ ᠤᠨ ᠣᠷᠳᠣᠨ ᠤ ᠠᠵᠢᠯ ᠤᠨ ᠪᠤᠤᠬᠢᠶ᠎ᠠ ᠶᠢ ᠲᠤᠰᠴᠤ ᠠᠪᠤᠭᠰᠠᠨ ᠶᠠᠪᠤᠳᠠᠯ ᠪᠣᠯ ᠪᠢᠳᠡᠨ ᠤ ᠨᠢᠭᠡ ᠨᠠᠰᠤᠨ ᠤ ᠢᠷᠠᠭᠤ ᠠᠯᠳᠠᠷ ᠪᠣᠯᠣᠨ᠎ᠠ᠂ ᠨᠡᠩ ᠴᠤ ᠪᠢᠳᠡᠨ ᠤ ᠠᠮᠢᠳᠤᠷᠠᠬᠤᠶ ᠶᠢᠨ ᠦᠨ᠎ᠡ ᠥᠷᠲᠡᠭ ᠪᠤᠯᠬᠤ ᠶᠤᠮ᠃ ᠰᠢᠨ᠎ᠡ ᠴᠠᠭ ᠦᠶ᠎ᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠮᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠬᠤᠰᠢᠭᠤ ᠨᠠᠮ ᠤᠨ ᠬᠤᠷᠢᠶᠠᠨ ᠤ ᠡᠷᠴᠢᠲᠦ ᠤᠳᠤᠷᠢᠳᠤᠯᠭ᠎ᠠ ᠳᠣᠣᠷ᠎ᠠ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠨᠠᠮ ᠪᠠ ᠠᠷᠠᠳ ᠲᠦᠮᠡᠨ ᠠᠴᠠ ᠳᠠᠭᠠᠭᠠᠯᠭᠠᠭᠰᠠᠨ ᠲᠠᠷᠬᠠᠨ ᠡᠭᠦᠷᠭᠡ ᠪᠠ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠴᠠᠭ ᠢ ᠵᠠᠪᠳᠣᠨ ᠰᠢᠮᠲᠠᠨ ᠴᠢᠷᠮᠠᠶᠢᠬᠤ ᠤᠶᠤᠨ ᠣᠬᠠᠭᠠᠨ ᠵᠣᠷᠢᠭ ᠰᠠᠨᠠᠭ᠎ᠠ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠠᠵᠢᠯ ᠤᠨ ᠶᠠᠪᠤᠳᠠᠯ ᠪᠦᠬᠦᠨ ᠳᠤ ᠰᠡᠳᠬᠢᠯ ᠲᠠᠯᠪᠢᠨ ᠬᠠᠷᠢᠭᠤᠴᠠᠯᠭ᠎ᠠ ᠲᠠᠢ  ᠪᠠᠷ ᠰᠠᠶᠢᠲᠤᠷ ᠬᠢᠨ᠂ ᠡᠷᠡᠰ ᠴᠢᠩᠭ᠎ᠠ ᠪᠠᠷ ᠤᠯᠤᠰ ᠲᠦᠷᠦ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠦ ᠬᠥᠭᠵᠢᠯᠲᠡ ᠶᠢ ᠡᠷᠢᠯᠬᠢᠯᠡᠨ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠦᠨᠡᠨ ᠬᠦ ᠬᠢᠵᠦ ᠪᠣᠳᠠᠲᠠᠢ ᠠᠵᠢᠯᠯᠠᠬᠤ ᠶᠢ ᠴᠢᠬᠤᠯᠠᠴᠢᠯᠠᠨ᠂ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠬᠡᠵᠦ ᠬᠡᠯᠡᠭᠰᠡᠨ ᠪᠠᠶᠢᠨ᠎ᠠ᠃     ᠶᠠᠩ ᠶᠢᠩ ᠰᠢᠨ ᠠᠴᠠ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠮᠠᠯᠠᠯᠲᠠ ᠶᠢᠨ ᠬᠠᠮᠤᠭ ᠤᠨ ᠲᠡᠷᠢᠬᠦᠨ ᠨᠢ ᠮᠢᠨᠦ ᠠᠮᠠᠯᠠᠯᠲᠠ ᠪᠣᠯᠣᠨ᠎ᠠ᠂ ᠤᠳᠤᠷᠢᠳᠬᠤ ᠪᠠᠭ ᠤᠨ ᠡᠬᠦᠷᠭᠡ ᠬᠠᠷᠢᠭᠤᠴᠠᠯᠭ᠎ᠠ ᠶᠢᠨ ᠡᠩ ᠲᠡᠷᠢᠬᠦᠨ  ᠨᠢ ᠮᠢᠨᠦ ᠬᠠᠷᠢᠭᠤᠴᠠᠯᠭ᠎ᠠ ᠶᠤᠮ᠃ ᠪᠦᠭᠦ ᠬᠤᠰᠢᠭᠤᠨ ᠤ ᠠᠷᠠᠳ ᠲᠦᠮᠡᠨ ᠤ ᠢᠲᠡᠭᠡᠯ ᠢ ᠣᠯᠠᠮ ᠨᠠᠨᠳᠢᠩᠨᠠᠵᠤ᠂ ᠣᠲᠤᠭ ᠤᠨ ᠡᠮᠦᠨᠡᠲᠦ ᠬᠤᠰᠢᠭᠤ ᠪᠠᠨ ᠬᠠᠶᠢᠷᠠᠯᠠᠬᠤ ᠰᠡᠳᠬᠢᠯ ᠢᠶᠠᠨ ᠡᠪᠦᠷᠯᠡᠨ᠂ ᠥᠪᠡᠷ ᠤᠨ ᠠᠯᠳᠠᠷ ᠭᠤᠲᠤᠮᠰᠢᠭ ᠢᠶᠠᠨ ᠣᠲᠤᠭ ᠤᠨ ᠡᠮᠦᠨᠡᠲᠦ ᠬᠤᠰᠢᠭᠤᠨ ᠤ ᠬᠥᠭᠵᠢᠯᠲᠡ ᠲᠠᠢ ᠨᠢᠭᠲᠠ ᠣᠶᠠᠯᠳᠣᠭᠤᠯᠵᠣ᠂ ᠪᠦᠭᠦ ᠰᠡᠳᠬᠢᠯ ᠪᠦᠬᠦ ᠬᠦᠴᠦᠨ ᠢᠶᠠᠷ ᠢᠶᠠᠨ ᠴᠢᠷᠮᠠᠶᠢᠨ᠂ ᠵᠠᠰᠠᠭ ᠤᠨ ᠣᠷᠳᠣᠨ ᠤ ᠪᠠᠭ ᠢᠶᠠᠨ ᠲᠠᠶᠢᠴᠢᠯᠠᠨ ᠨᠠᠩ ᠡᠷᠡᠰ ᠰᠢᠭᠤᠷᠬᠠᠢ ᠵᠣᠷᠢᠭ ᠢᠶᠠᠷ  ᠬᠦᠭᠵᠢᠯᠲᠡ ᠶᠢ ᠡᠷᠢᠯᠬᠢᠯᠡᠵᠦ᠂ ᠨᠠᠩ ᠡᠷᠡᠰ ᠬᠠᠲᠠᠭᠤ ᠵᠤᠷᠢᠯᠲᠠ ᠪᠠᠷ ᠬᠦᠴᠢᠷ ᠪᠡᠷᠬᠡᠰᠢᠶᠡᠯ ᠢ ᠢᠯᠠᠨ ᠳᠠᠪᠠᠨ᠎ᠠ ᠬᠡᠵᠦ ᠬᠡᠯᠡᠭᠰᠡᠨ ᠪᠠᠶᠢᠨ᠎ᠠ᠃     ᠶᠠᠩ ᠶᠢᠩ ᠰᠢᠨ ᠠᠴᠠ ᠬᠠᠮᠤᠭ ᠤᠨ ᠰᠡᠭᠦᠯ ᠳᠤ᠂ ᠣᠲᠤᠭ ᠤᠨ ᠡᠮᠦᠨᠡᠲᠦ ᠬᠤᠰᠢᠭᠤᠨ ᠤ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠲᠦᠰᠦᠪ ᠢ ᠨᠢᠭᠡᠨᠲᠡ ᠵᠢᠷᠤᠭᠯᠠᠵᠤ᠂ ᠣᠳᠣᠬᠢᠴᠢᠯᠠᠭᠰᠠᠨ ᠣᠲᠤᠭ ᠤᠨ ᠡᠮᠦᠨᠡᠲᠦ ᠬᠤᠰᠢᠭᠤᠨ ᠤ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠨᠢᠭᠡᠨᠲᠡ ᠡᠬᠢᠯᠡᠪᠡ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠵᠥᠪ ᠣᠨᠣᠪᠴᠢᠲᠠᠶ ᠤᠳᠤᠷᠢᠳᠤᠯᠭ᠎ᠠ᠂ ᠡᠯ᠎ᠡ ᠡᠬᠡᠯᠵᠢ  ᠶᠢᠨ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠪᠠᠬᠢ ᠰᠠᠭᠤᠷᠢ ᠳᠡᠭᠡᠷ᠎ᠡ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠲᠥᠯᠥᠭᠡᠯᠡᠭᠴᠢᠳ ᠪᠠ ᠪᠥᠬᠦ ᠬᠤᠰᠢᠭᠤᠨ ᠤ ᠠᠷᠠᠳ ᠲᠦᠮᠡᠨ ᠲᠠᠢ ᠵᠢᠷᠭᠠᠯ ᠵᠣᠪᠠᠯᠠᠩ ᠢᠶᠠᠨ ᠬᠠᠮᠳᠣᠳᠬᠠᠵᠤ᠂ ᠰᠡᠳᠬᠢᠯ ᠢᠶᠠᠨ ᠨᠢᠭᠡᠳᠬᠡᠵᠦ ᠬᠦᠴᠦ ᠪᠠᠨ ᠬᠠᠮᠲᠤᠳᠬᠠᠨ ᠴᠢᠷᠮᠠᠶᠢᠳᠠᠭ ᠯᠠ ᠶᠤᠮ ᠪᠣᠯ ᠪᠢᠳᠡ  ᠣᠲᠤᠭ ᠤᠨ ᠡᠮᠦᠨᠡᠲᠦ ᠬᠤᠰᠢᠭᠤᠨ ᠤ ᠡᠯ᠎ᠡ ᠲᠦᠷᠦᠯ ᠤᠨ ᠠᠵᠢᠯ ᠦᠢᠯᠡᠰ ᠢ ᠰᠢᠨ᠎ᠡ ᠬᠥᠭᠵᠢᠯᠲᠡ ᠶᠢᠨ ᠱᠠᠲᠤᠨ ᠳᠤ  ᠤᠷᠤᠭᠤᠯᠵᠤ᠂ ᠣᠲᠤᠭ ᠤᠨ ᠡᠮᠦᠨᠡᠲᠦ ᠬᠤᠰᠢᠭᠤᠨ ᠤ ᠢᠷᠡᠭᠡᠳᠦᠶ ᠶᠢ ᠨᠠᠩ ᠰᠠᠶᠢᠨ ᠰᠠᠶᠢᠬᠠᠨ ᠪᠣᠯᠭᠠᠵᠤ ᠴᠢᠳᠠᠨ᠎ᠠ ᠭᠡᠵᠦ ᠬᠡᠯᠡᠭᠰᠡᠨ ᠪᠠᠶᠢᠨ᠎ᠠ᠃     ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ᠂ ᠤᠳᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠮᠵᠢᠯᠲᠠᠲᠠᠢ ᠲᠡᠭᠦᠰᠪᠡ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号