ᠣᠳᠤᠭ ᠤᠨ ᠡᠮᠦᠨᠡᠳᠦ ᠬᠤᠰᠢᠭᠤᠨ ᠤ ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠣᠭᠠᠷ ᠪᠦᠭᠦᠳᠡ ᠬᠤᠷᠠᠯᠳᠣᠭᠠᠨ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2022/1/12
    1 ᠰᠠᠷ᠎ᠠ ᠶᠢᠨ 10 ᠡᠳᠦᠷ ᠤᠨ ᠦᠳᠡ ᠶᠢᠨ ᠡᠮᠦᠨ᠎ᠡ᠂ ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ ᠡᠮᠦᠨᠡᠳᠦ ᠬᠤᠰᠢᠭᠤᠨ ᠤ ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠣᠭᠠᠷ ᠪᠦᠬᠦᠳᠡ ᠬᠤᠷᠠᠯᠳᠣᠭᠠᠨ ᠵᠢᠴᠢ ᠪᠦᠬᠦ ᠬᠤᠰᠢᠭᠤᠨ ᠤ ᠠᠵᠣ ᠠᠬᠤᠢ ᠶᠢᠨ ᠠᠵᠢᠯ ᠤᠨ ᠬᠤᠷᠠᠯ ᠲᠣᠯᠣᠨ ᠣᠷᠳᠣᠨ ᠳᠤ ᠬᠤᠷᠠᠯᠳᠣᠪᠠ᠃     ᠬᠤᠰᠢᠭᠤ ᠠᠷᠪᠠᠳᠣᠭᠠᠷ ᠬᠤᠭᠤᠴᠠᠭᠠᠨ ᠤ ᠨᠠᠮ ᠤᠨ ᠬᠤᠷᠢᠶᠠᠨ ᠤ ᠬᠡᠰᠢᠭᠦᠳ᠂ ᠣᠷᠣᠯᠠᠭᠴᠢ ᠭᠡᠰᠢᠭᠦᠳ ᠬᠤᠷᠠᠯ ᠳᠤ ᠣᠷᠣᠯᠴᠠᠵᠣ᠂ ᠪᠦᠬᠦ ᠬᠤᠰᠢᠭᠤᠨ ᠤ ᠲᠡᠳ᠋ ᠰᠢᠶᠠᠨ ᠤ ᠲᠡᠰ ᠠᠴᠠ ᠲᠡᠭᠡᠭᠰᠢᠬᠢ ᠵᠢᠩᠬᠢᠨᠢ ᠲᠣᠰᠢᠶᠠᠯ ᠲᠠᠢ ᠣᠳᠣᠷᠢᠳᠬᠤ ᠺᠠᠳ᠋ᠷᠴᠣᠳ᠂ ᠬᠤᠰᠢᠭᠤ ᠰᠠᠬᠢᠯᠭ᠎ᠠ ᠪᠠᠳᠦ ᠬᠤᠷᠢᠶᠠᠨ ᠤ ᠪᠠᠶᠢᠩᠭᠤ ᠶᠢᠨ ᠭᠡᠰᠢᠭᠦᠳ᠂ ᠬᠢᠨᠠᠨ ᠪᠠᠶᠢᠴᠠᠭᠠᠬᠤ ᠵᠦᠪᠯᠡᠯ ᠤᠨ ᠬᠡᠰᠢᠭᠦᠳ᠂ ᠡᠯ᠎ᠡ ᠪᠠᠯᠭᠠᠰᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠳᠠᠳ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠳᠠᠳ᠂ ᠱᠠᠩᠬᠠᠢ ᠶᠢᠨ ᠰᠦᠮ᠎ᠡ ᠠᠵᠣ ᠠᠬᠤᠢ ᠶᠢᠨ ᠨᠡᠭᠡᠭᠡᠯᠳᠡ ᠶᠢᠨ ᠣᠷᠣᠨ ᠤ ᠡᠯ᠎ᠡ ᠪᠠᠶᠢᠭᠤᠯᠭ᠎ᠠ  ᠶᠢᠨ ᠭᠤᠣᠯ ᠬᠠᠷᠢᠭᠤᠴᠠᠯᠭᠠᠳᠠᠳ᠂ ᠬᠤᠰᠢᠭᠤ ᠬᠡᠪᠴᠢᠶᠠᠨ ᠤ ᠭᠤᠣᠯᠳᠠᠯᠭᠠᠳᠦ ᠠᠵᠣ ᠠᠬᠤᠶᠢᠯᠠᠯ ᠤᠨ ᠬᠠᠷᠢᠭᠤᠴᠠᠯᠭᠠᠳᠠᠳ᠂ ᠬᠤᠳᠠ᠂ ᠬᠤᠰᠢᠭᠤᠨ ᠤ ᠬᠡᠰᠡᠭ ᠪᠦᠯᠦᠭ ᠨᠠᠮ ᠤᠨ ᠲᠦᠯᠦᠭᠡᠯᠡᠭᠴᠢᠳ ᠰᠣᠯᠠ ᠣᠷᠣᠯᠴᠠᠪᠠ᠃     ᠪᠦᠬᠦᠳᠠ ᠬᠤᠷᠠᠯᠳᠣᠭᠠᠨ ᠢ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶ᠎ᠠ ᠶᠢᠨ ᠲᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠲᠠᠷᠤᠭ᠎ᠠ ᠶᠠᠩ ᠶᠢᠩ ᠰᠢᠨ ᠲᠣᠰ ᠲᠣᠰ ᠶᠠᠷᠢᠶ᠎ᠠ ᠲᠠᠯᠪᠢᠪᠠ᠃     ᠬᠤᠷᠠᠯ ᠤᠨ ᠭᠤᠣᠯ ᠡᠭᠦᠷᠭᠡ ᠪᠣᠯ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠣᠭᠠᠷ ᠪᠦᠬᠦᠳᠡ ᠬᠤᠷᠠᠯ ᠪᠣᠯᠣᠨ ᠲᠦᠪ ᠤᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠣᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠣᠭᠠᠷ ᠪᠦᠬᠦᠳᠠ ᠬᠤᠷᠠᠯᠳᠣᠭᠠᠨ ᠵᠢᠴᠢ ᠪᠦᠬᠦ ᠣᠷᠣᠨ ᠤ ᠠᠵᠣ ᠠᠬᠤᠢ ᠶᠢᠨ ᠠᠵᠢᠯ ᠤᠨ ᠬᠤᠷᠠᠯ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠲᠠᠪᠣᠳᠣᠭᠠᠷ ᠬᠤᠭᠤᠴᠠᠭᠠᠨ ᠤ ᠬᠤᠶᠠᠳᠣᠭᠠᠷ ᠪᠦᠬᠦᠳᠠ ᠬᠤᠷᠠᠯᠳᠣᠭᠠᠨ ᠵᠢᠴᠢ ᠪᠦᠬᠦ ᠬᠤᠳᠠ ᠶᠢᠨ ᠠᠵᠣ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ ᠨᠠᠶᠢᠳᠠᠪᠦᠷᠢᠵᠢᠭᠤᠯᠵᠣ᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠣᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠬᠤ ᠲᠣᠬᠠᠢ ᠲᠣᠮᠳᠠᠳᠦ ᠣᠯᠣᠰ ᠤᠨ ᠡᠪ ᠬᠠᠮᠳᠦ ᠨᠠᠮ ᠤᠨ ᠣᠳᠤᠭ ᠤᠨ ᠡᠮᠦᠨᠡᠳᠦ ᠬᠤᠰᠢᠭᠤᠨ ᠤ ᠬᠤᠷᠢᠶ᠎ᠠ ᠶᠢᠨ ᠰᠠᠨᠠᠯ ︵ᠡᠬᠡ ᠨᠣᠣᠷᠠᠭ︶︾ ᠢ ᠬᠢᠨᠠᠨ ᠵᠦᠪᠯᠡᠵᠣ᠂ 2021 ᠣᠨ ᠤ ᠠᠵᠣ ᠠᠬᠤᠢ ᠶᠢᠨ ᠠᠵᠢᠯ ᠢᠶᠠᠨ ᠳ᠋ᠦᠩᠨᠡᠨ᠂ 2022 ᠣᠨ  ᠤ ᠭᠤᠣᠯᠳᠠᠯᠭᠠᠳᠦ ᠡᠭᠦᠷᠭᠡ ᠪᠠᠨ ᠪᠠᠶᠢᠷᠢᠯᠠᠭᠤᠯᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号