︵2022 ᠤᠨ ᠤ 1 ᠰᠠᠷ᠎ᠠ ᠶᠢᠨ 10 ᠤ ᠡᠳᠤᠷ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠭ | ᠤᠨ ᠡᠮᠤᠨᠡᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠦᠬᠦᠳᠠ | ᠬᠤᠷᠠᠯ ᠢᠶᠠᠷ ᠪᠠᠳᠤᠯᠠᠪᠠ︶ | 2022 ᠤᠨ ᠤ 1 ᠰᠠᠷ᠎ᠠ ᠶᠢᠨ 10 ᠤ ᠡᠳᠤᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠭ | ᠤᠨ ᠡᠮᠤᠨᠡᠳᠤ ᠬᠤᠰᠢᠭᠤᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠦᠬᠦᠳᠠ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠯᠵᠠᠴᠢ ᠪᠠᠯᠭᠠᠰᠤᠨ ᠳᠤ ᠬᠤᠷᠠᠯᠳᠤᠪᠠ᠃ | | ᠳᠤᠰ ᠤᠳᠠᠭᠠᠨ ᠤ ᠪᠦᠬᠦᠳᠠ ᠬᠤᠷᠠᠯ ᠳᠤ ᠬᠤᠰᠢᠭᠤ ᠨᠠᠮ ᠤᠨ ᠬᠤᠷᠢᠶᠠᠨ ᠤ ᠬᠡᠰᠢᠬᠦᠨ 29 ᠬᠦᠮᠤᠨ᠂ | ᠤᠷᠤᠯᠠᠭᠴᠢ ᠬᠡᠰᠢᠬᠦᠨ 6 ᠬᠦᠮᠤᠨ ᠤᠷᠤᠯᠴᠠᠪᠠ᠃ ᠬᠤᠰᠢᠭᠤ ᠬᠠᠮᠢᠶ᠎ᠠ ᠪᠦᠬᠦᠢ ᠤᠳᠤᠷᠢᠳᠤᠯᠭ᠎ᠠ᠂ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠡᠰᠢᠬᠦᠨ ᠬᠢᠨᠠᠨ ᠪᠠᠶᠢᠴᠠᠭᠠᠬᠤ ᠵᠦᠪᠯᠡᠯ ᠤᠨ ᠬᠡᠰᠢᠬᠦᠨ᠂ ᠬᠠᠮᠢᠶ᠎ᠠ | ᠪᠦᠬᠦᠢ ᠳᠠᠯ᠎ᠠ ᠶᠢᠨ ᠬᠠᠷᠢᠭᠤᠴᠠᠯᠭᠠᠳᠠᠨ ᠪᠠ ᠬᠤᠳᠠ ᠶᠢᠨ ᠳᠠᠪᠤᠳᠤᠭᠠᠷ ᠤᠳᠠᠭᠠᠨ ᠤᠨ ᠨᠠᠮ ᠤᠨ ᠲᠦᠯᠤᠬᠡᠯᠡᠭᠴᠢᠤᠨ | ᠤᠨ ᠶᠡᠭᠡ ᠬᠤᠷᠠᠯ ᠤᠨ ᠬᠡᠰᠡᠭ ᠲᠦᠯᠤᠬᠡᠯᠡᠭᠴᠢᠤᠨ᠂ ᠬᠤᠰᠢᠭᠤ ᠠᠷᠪᠠᠳᠤᠭᠠᠷ ᠤᠳᠠᠭᠠᠨ ᠤ ᠨᠠᠮ ᠤᠨ | ᠲᠦᠯᠤᠬᠡᠯᠡᠭᠴᠢᠤᠨ ᠤᠨ ᠶᠡᠭᠡ ᠬᠤᠷᠠᠯ ᠤᠨ ᠦᠨᠳᠤᠰᠤᠨ ᠱᠠᠳᠤᠨ ᠤ ᠲᠦᠯᠤᠬᠡᠯᠡᠭᠴᠢᠤᠨ ᠬᠤᠷᠠᠯ ᠳᠤ ᠰᠤᠯᠠ | ᠤᠷᠤᠯᠴᠠᠪᠠ᠃ | ᠪᠦᠬᠦᠳᠠ ᠬᠤᠷᠠᠯ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠠᠴᠠ ᠡᠷᠬᠢᠯᠡᠪᠡ᠃ | ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠤᠷᠳᠤᠨ ᠤ ᠳᠠᠷᠤᠭ᠎ᠠ ᠶᠠᠩ ᠶᠢᠩ ᠰᠢᠨ ᠳᠤᠰᠪᠤᠷᠢ ᠶᠠᠷᠢᠶ᠎ᠠ ᠳᠠᠯᠪᠢᠪᠠ᠃ | ᠪᠦᠭᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭᠳᠤ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ | ᠤ ᠵᠢᠷᠭᠤᠳᠤᠭᠠᠷ ᠪᠦᠭᠦᠳᠡ ᠬᠤᠷᠠᠯ ᠪᠠ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠳᠤᠤᠱᠯᠠᠭᠤᠯᠵᠤ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ | ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ | ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ | ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠣᠲᠤᠭ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ | ᠰᠤᠷᠤᠯᠴᠠᠨ ᠲᠤᠤᠱᠯᠠᠭᠤᠯᠬᠤ ᠲᠤᠬᠠᠶ ᠬᠡᠷᠡᠭᠵᠢᠭᠦᠯᠬᠦ ᠲᠦᠰᠤᠯ ︵ᠶᠠᠷᠢᠯᠴᠠᠬᠤ ᠨᠤᠤᠷᠠᠭ︶︾ ᠢ ᠬᠢᠨᠠᠨ ᠵᠥᠪᠯᠡᠵᠦ᠂ | 2021 ᠣᠨ ᠤ ᠠᠵᠤ ᠠᠬᠤᠶ ᠶᠢᠨ ᠠᠵᠢᠯ ᠢ ᠳ᠋ᠦᠩᠨᠡᠨ᠂ 2022 ᠣᠨ ᠤ ᠭᠤᠤᠯᠳᠠᠯᠭᠠᠳᠤ ᠡᠭᠦᠷᠭᠡ ᠶᠢ | ᠪᠠᠶᠢᠷᠢᠯᠠᠭᠤᠯᠪᠠ᠃ ᠸᠠᠩ ᠢᠦᠢ ᠴᠢᠶᠠᠩ ᠠᠴᠠ ︽ᠬᠡᠷᠡᠭᠵᠢᠭᠦᠯᠬᠦ ᠲᠥᠰᠦᠯ ︵ᠶᠠᠷᠢᠯᠴᠠᠬᠤ ᠨᠤᠤᠷᠠᠭ︶︾ ᠤᠨ | ᠲᠤᠬᠠᠶ ᠪᠥᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠬᠦᠳᠠ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ ᠪᠦᠬᠦᠳᠠ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠤᠷᠳᠤ ᠬᠤᠭᠤᠴᠠᠭᠠᠨ ᠤ ᠴᠢᠬᠤᠯᠠ ᠶᠡᠭᠡ | ᠤᠯᠤᠰ ᠲᠦᠷᠦ ᠶᠢᠨ ᠡᠭᠦᠷᠭᠡ ᠮᠥᠨ᠃ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠠ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠵᠢᠷᠭᠤᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠦᠵᠡᠯ ᠰᠠᠨᠠᠭ᠎ᠠ ᠪᠠ ᠤᠶᠢᠯᠡ ᠠᠵᠢᠯᠯᠠᠭ᠎ᠠ ᠪᠠᠨ | ᠤᠬᠠᠮᠰᠠᠷ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ | ᠲᠥᠪ ᠬᠤᠷᠢᠶᠠᠨ ᠤ ᠰᠢᠢᠤᠨᠪᠤᠷᠢᠳᠤ ᠪᠠᠶᠢᠷᠢᠯᠠᠭᠤᠯᠤᠯᠲᠠ ᠲᠠᠢ ᠨᠢᠭᠡᠳᠬᠡᠬᠦ ᠬᠡᠷᠡᠭᠲᠡᠶ︔ ︽ᠬᠤᠶᠠᠷ ᠢ ᠬᠠᠮᠠᠭᠠᠯᠠᠬᠤ︾ | ᠶᠢ ᠤᠬᠠᠮᠰᠠᠷ ᠠᠴᠠ ᠪᠠᠨ ᠪᠡᠶᠡᠯᠡᠬᠦᠯᠤᠨ᠂ ᠢᠮᠠᠭᠲᠠ ᠵᠥᠪ ᠤᠯᠤᠰ ᠲᠦᠷᠦ ᠶᠢᠨ ᠴᠢᠭᠯᠡᠯ ᠢᠶᠠᠷ ᠤᠷᠤᠭᠰᠢᠯᠠᠬᠤ | ᠬᠡᠷᠡᠭᠲᠡᠢ︔ ᠨᠠᠮ ᠤᠨ ᠤᠨᠤᠯ ᠤᠨ ᠰᠢᠨᠡᠴᠢᠯᠡᠯᠳᠠ ᠪᠦᠳᠤᠮᠵᠢ ᠶᠢ ᠭᠦᠨᠵᠡᠭᠡᠢ ᠰᠤᠷᠤᠯᠴᠠᠨ ᠣᠶᠢᠯᠠᠭᠠᠵᠤ᠂ | ᠰᠤᠷᠤᠯᠴᠠᠬᠤ ᠰᠡᠳᠬᠢᠬᠦ ᠬᠡᠷᠡᠭᠯᠡᠬᠦ ᠬᠢᠬᠦ ᠶᠢ ᠨᠢᠭᠡᠳᠬᠡᠬᠦ ᠬᠡᠷᠡᠭᠲᠡᠢ︔ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ | ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠲᠠᠰᠤᠷᠠᠯᠲᠠ ᠦᠭᠡᠢ ᠰᠠᠶᠢᠲᠤᠷ ᠪᠡᠶᠡᠯᠡᠬᠦᠯᠤᠨ᠂ | ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ︔ ᠰᠢᠨ᠎ᠡ ᠬᠥᠭᠵᠢᠯᠲᠡ ᠶᠢᠨ ᠦᠵᠡᠯᠳᠠ ᠶᠢ ᠭᠤᠶᠢᠪᠢᠰᠢ | ᠥᠬᠡᠶ ᠳᠤᠤᠱᠯᠠᠭᠤᠯᠤᠨ᠂ ᠣᠲᠤᠭ ᠤᠨ ᠡᠮᠦᠨᠡᠲᠦ ᠬᠤᠰᠢᠭᠤᠨ ᠤ ᠣᠳᠣᠬᠢᠴᠢᠯᠠᠯᠲᠠ ᠶᠢᠨ ᠪᠠᠶᠢᠭᠤᠯᠤᠯᠲᠠ ᠶᠢᠨ ᠰᠢᠨ᠎ᠡ | ᠠᠶᠠᠨ ᠢ ᠲᠦᠷᠭᠡᠳᠬᠡᠨ ᠠᠬᠢᠭᠤᠯᠬᠤ ᠬᠡᠷᠡᠭᠳᠠᠢ︔ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠬᠦᠷᠬᠡᠯᠡᠨ᠂ ᠰᠤᠷᠲᠠᠯ ᠴᠢᠬᠡᠴᠢ ᠲᠦᠪ ᠭᠤᠤᠯᠴᠢ ᠤᠯᠤᠰ ᠲᠦᠷᠦ ᠶᠢᠨ ᠠᠮᠢ | ᠠᠬᠤᠢ ᠶᠢ ᠪᠦᠬᠦ ᠬᠦᠴᠦᠨ ᠢᠶᠠᠷ ᠪᠦᠷᠢᠯᠳᠤᠬᠦᠯᠬᠦ ᠬᠡᠷᠡᠭᠲᠡᠢ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ | ᠪᠠᠶᠢᠩᠭᠤᠵᠢᠭᠤᠯᠬᠤ ᠪᠠ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠯᠭᠠᠬᠤ ᠶᠢ ᠠᠬᠢᠭᠤᠯᠤᠨ᠂ ᠪᠦᠯᠬᠦᠮᠳᠡᠨ | ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠦᠨᠡᠨᠬᠦ ᠪᠠᠲᠤᠳᠬᠠᠵᠤ᠂ ᠰᠢᠨ᠎ᠡ ᠴᠠᠭ ᠦᠶ᠎ᠡ ᠶᠢᠨ ᠤᠳᠤᠭ ᠤᠨ ᠡᠮᠦᠨᠡᠲᠦ | ᠬᠤᠰᠢᠭᠤᠨ ᠤ ᠰᠢᠨ᠎ᠡ ᠠᠶᠠᠨ ᠤ ᠭᠡᠷᠡᠯ ᠰᠠᠴᠤᠷᠠᠩᠭᠤᠢ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠬᠡᠵᠤ | ᠵᠢᠭᠠᠭᠰᠡᠨ ᠪᠠᠶᠢᠨ᠎ᠠ᠃ | ᠪᠥᠬᠦᠳᠡ ᠬᠤᠷᠠᠯ ᠠᠴᠠ 2021 ᠣᠨ ᠤ ᠪᠦᠭᠦ ᠬᠤᠰᠢᠭᠤᠨ ᠤ ᠠᠵᠤ ᠠᠬᠤᠶ ᠶᠢᠨ ᠠᠵᠢᠯ ᠢ ᠭᠦᠢᠴᠡᠳ | ᠨᠤᠳᠠᠯᠠᠪᠠ᠃ ᠬᠤᠰᠢᠭᠤᠨ ᠤ ᠨᠠᠮ ᠤᠨ ᠬᠤᠷᠢᠶ᠎ᠠ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠶᠢᠨ ᠰᠢᠢᠤᠨᠪᠤᠷᠢᠳᠤ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ | ᠳᠠᠶᠢᠴᠢᠯᠠᠵᠤ᠂ ᠡᠷᠴᠢ ᠵᠣᠷᠢᠭ ᠢᠶᠠᠨ ᠬᠥᠪᠴᠢᠯᠡᠨ᠂ ᠴᠥᠬᠦᠷᠡᠯ ᠥᠬᠡᠶ ᠵᠢᠳᠬᠦᠵᠦ᠂ ᠪᠥᠬᠦ ᠬᠤᠰᠢᠭᠤᠨ ᠤ ᠠᠵᠤ | ᠠᠬᠤᠶ ᠨᠡᠶᠢᠭᠡᠮ ᠤᠨ ᠡᠯ᠎ᠡ ᠬᠦᠢᠴᠡᠤᠨᠬᠡᠯ ᠲᠤᠭ᠎ᠠ ᠶᠢ ᠲᠦᠭᠰᠢᠭᠦᠷᠢ ᠥᠷᠢᠰᠥᠯᠳᠦᠭᠡᠨ ᠤ ᠳᠤᠮᠳᠠ ᠲᠠᠰᠤᠷᠠᠯᠲᠠ ᠥᠬᠡᠶ | ᠳᠡᠬᠡᠭᠰᠢᠯᠡᠬᠦᠯᠤᠨ᠂ ᠤᠯᠤᠰ ᠲᠥᠷᠥ ᠶᠢᠨ ᠵᠢᠯᠤᠭᠤᠳᠤᠯᠭ᠎ᠠ ᠶᠢᠨ ᠴᠢᠭᠯᠡᠯ ᠢ ᠪᠠᠲᠤ ᠡᠵᠡᠮᠳᠡᠵᠤ᠂ ᠬᠥᠭᠵᠢᠯᠲᠡ ᠶᠢᠨ | ᠴᠢᠭᠯᠡᠯ ᠢ ᠪᠠᠲᠤ ᠣᠨᠣᠪᠴᠢᠲᠠᠶ ᠪᠠᠶᠢᠯᠭᠠᠪᠠ︔ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠰᠢᠨ᠎ᠡ ᠴᠢᠳᠠᠪᠬᠢ | ᠶᠢ ᠪᠤᠶᠢᠵᠢᠭᠤᠯᠤᠨ᠂ ᠬᠥᠭᠵᠢᠯᠲᠡ ᠶᠢᠨ ᠴᠢᠨᠰᠠᠭ᠎ᠠ ᠲᠣᠭᠲᠠᠭᠤᠨ ᠢᠶᠠᠷ ᠳᠡᠭᠡᠭᠰᠢᠯᠡᠪᠡ︔ ᠬᠥᠳᠡᠭᠡ ᠲᠣᠰᠬᠤᠨ ᠢ | ᠬᠦᠴᠤᠷᠬᠡᠭᠵᠢᠬᠦᠯᠤᠨ ᠮᠠᠨᠳᠤᠭᠤᠯᠬᠤ ᠰᠠᠭᠤᠷᠢ ᠶᠢ ᠪᠠᠬᠢᠵᠢᠬᠦᠯᠤᠨ᠂ ᠬᠥᠭᠵᠢᠯᠲᠡ ᠶᠢᠨ ᠲᠤᠯᠭᠠᠭᠤᠷᠢᠯᠠᠯ ᠪᠠᠲᠤ ᠪᠠᠬᠢ | ᠬᠦᠴᠦᠨ ᠲᠠᠢ ᠪᠤᠯᠪᠠ︔ ᠬᠥᠭᠵᠢᠯᠲᠡ ᠶᠢᠨ ᠣᠷᠴᠢᠨ ᠲᠣᠭᠤᠷᠢᠨ ᠢ ᠳᠠᠰᠤᠷᠠᠯᠳᠠ ᠦᠬᠡᠢ ᠰᠢᠯᠢᠳᠡᠭᠵᠢᠬᠦᠯᠤᠨ᠂ | ᠬᠥᠭᠵᠢᠯᠲᠡ ᠶᠢᠨ ᠬᠥᠳᠡᠯᠭᠡᠬᠦ ᠬᠦᠴᠦᠨ ᠦᠷᠭᠦᠯᠵᠢᠯᠡᠨ ᠴᠢᠩᠭᠠᠤᠨᠪᠠ︔ ᠠᠷᠠᠳ ᠤᠨ ᠠᠮᠢᠳᠤᠷᠠᠯ ᠤᠨ ᠵᠤᠯ ᠵᠢᠷᠭᠠᠯ ᠢ | ᠨᠡᠮᠡᠭᠳᠡᠬᠦᠯᠤᠨ᠂ ᠬᠥᠭᠵᠢᠯᠲᠡ ᠶᠢᠨ ᠦᠷ᠎ᠡ ᠪᠦᠳᠤᠮᠵᠢ ᠨᠡᠩ ᠲᠦᠬᠡᠮᠡᠯᠵᠢᠪᠡ︔ ᠪᠦᠬᠦ ᠲᠠᠯ᠎ᠠ ᠪᠠᠷ ᠨᠠᠮ ᠢᠶᠠᠨ ᠴᠢᠩᠭ᠎ᠠ | ᠵᠠᠰᠠᠵᠤ᠂ ᠬᠥᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠬᠦᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠤᠬᠢ ᠰᠠᠶᠢᠨ ᠡᠬᠢᠯᠡᠯᠲᠡ ᠶᠢ ᠪᠡᠶᠡᠯᠡᠭᠦᠯᠪᠡ᠃ ᠣᠯᠤᠭᠰᠠᠨ ᠡᠲᠡᠭᠡᠷ ᠠᠮᠵᠢᠯᠲᠠ ᠨᠢ | ᠰᠢ ᠶᠢᠨ ᠫᠩ ᠨᠥᠬᠦᠷ ᠢᠶᠠᠷ ᠲᠦᠪᠯᠡᠬᠦᠯᠦᠭᠰᠡᠨ ᠨᠠᠮ ᠤᠨ ᠲᠥᠪ ᠬᠤᠷᠢᠶᠠᠨ ᠤ ᠴᠢᠭᠯᠡᠯ ᠳᠤᠭᠳᠠᠭᠠᠯᠳᠠ᠂ ᠵᠠᠮᠴᠢᠯᠠᠭᠤᠷ | ᠵᠢᠯᠤᠭᠤᠳᠤᠯᠭ᠎ᠠ ᠶᠢᠨ ᠠᠴᠢ ᠶᠤᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ | ᠬᠤᠷᠢᠶ᠎ᠠ ᠶᠢᠨ ᠬᠦᠴᠤᠳᠤ ᠤᠳᠤᠷᠢᠳᠤᠯᠭ᠎ᠠ᠂ ᠡᠷᠴᠢᠳᠤ ᠳᠡᠮᠵᠢᠯᠭᠡ ᠶᠢᠨ ᠠᠴᠢ ᠶᠤᠮ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠦᠨᠡᠨᠴᠢ ᠳᠡᠮᠵᠢᠯᠬᠡ᠂ ᠬᠦᠴᠤᠳᠤ ᠬᠠᠪᠰᠤᠷᠤᠯᠭ᠎ᠠ ᠶᠢᠨ ᠠᠴᠢ ᠶᠤᠮ᠂ ᠪᠥᠬᠦ ᠬᠤᠰᠢᠭᠤᠨ ᠤ | ᠥᠷᠭᠡᠨ ᠣᠯᠠᠨ ᠺᠠᠳ᠋ᠷ ᠣᠯᠠᠨ ᠲᠦᠮᠡᠨ ᠤ ᠳᠡᠮᠡᠴᠡᠯ ᠴᠢᠷᠮᠠᠶᠢᠯᠭ᠎ᠠ ᠶᠢᠨ ᠠᠴᠢ ᠶᠤᠮ᠃ | ᠪᠦᠬᠦᠳᠠ ᠬᠤᠷᠠᠯ ᠠᠴᠠ᠂ ᠡᠨᠡ ᠵᠢᠯ ᠤᠨ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠶᠡᠷᠤᠩᠬᠡᠢ | ᠱᠠᠭᠠᠷᠳᠠᠯᠭ᠎ᠠ ᠪᠤᠯ᠄ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠤᠮᠳᠠᠳᠤ ᠤᠯᠤᠰ ᠤᠨ ᠤᠨᠴᠠᠯᠢᠭᠳᠤ ᠨᠡᠶᠢᠭᠡᠮ | ᠵᠢᠷᠤᠮ ᠤᠨ ᠥᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠤᠳᠤᠬᠡᠷ ᠶᠡᠭᠡ ᠬᠤᠷᠠᠯ ᠪᠠ | ᠠᠷᠪᠠ ᠶᠢᠰᠤᠳᠤᠬᠡᠷ ᠬᠤᠭᠤᠴᠠᠭᠠᠨ ᠤ ᠦᠩᠬᠡᠷᠡᠭᠰᠡᠨ ᠡᠬᠡᠯᠵᠢ ᠶᠢᠨ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠪᠦᠬᠦ | ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠳᠤᠤᠱᠯᠠᠭᠤᠯᠵᠤ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭᠠᠨ ᠤ | ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ | ᠲᠥᠯᠥᠭᠡᠯᠡᠭᠴᠢᠳ ᠤᠨ ᠶᠡᠭᠡ ᠬᠤᠷᠠᠯ ᠪᠠ ᠬᠤᠰᠢᠭᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ ᠠᠭᠤᠤ ᠶᠡᠭᠡ ᠨᠠᠮ ᠤᠨ ᠪᠠᠶᠢᠭᠤᠯᠤᠯᠳᠠ | ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠯᠠᠪᠳᠠᠭᠤᠨ ᠤ ᠳᠤᠮᠳᠠ ᠠᠬᠢᠬᠤ ᠠᠵᠢᠯ ᠤᠨ ᠶᠡᠷᠦᠩᠬᠡᠶ ᠵᠠᠷᠴᠢᠮ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠦᠵᠡᠯᠳᠠ ᠶᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ | ᠳᠤᠤᠱᠯᠠᠭᠤᠯᠤᠨ᠂ ᠰᠢᠨ᠎ᠡ ᠬᠥᠭᠵᠢᠯᠲᠡ ᠶᠢᠨ ᠪᠦᠳᠤᠴᠠ ᠳᠤ ᠢᠳᠡᠪᠬᠢᠲᠡᠶ ᠪᠠᠷ ᠤᠶᠢᠯᠡᠴᠢᠯᠡᠨ ᠠᠭᠤᠰᠤᠯᠴᠠᠵᠤ᠂ | ᠥᠭᠡᠷᠡᠴᠢᠯᠡᠯᠲᠡ ᠨᠡᠭᠡᠭᠡᠯᠲᠡ ᠶᠢ ᠬᠦᠨᠵᠡᠬᠡᠶᠢᠷᠡᠬᠦᠯᠤᠨ᠂ ᠰᠢᠨᠡᠴᠢᠯᠡᠯᠳᠠ ᠪᠠᠷ ᠬᠦᠭᠵᠢᠯᠳᠠ ᠶᠢ ᠳᠠᠶᠢᠴᠢᠯᠡᠵᠤ᠂ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠣᠯ ᠱᠤᠭᠤᠮ ᠪᠤᠯᠭᠠᠨ᠂ | ᠬᠢᠵᠢᠭ ᠤᠨ ᠪᠠᠶᠢᠳᠠᠯ ᠤᠨ ᠰᠡᠷᠬᠡᠶᠢᠯᠡᠯ ᠡᠵᠡᠮᠳᠡᠯ ᠪᠠ ᠠᠵᠤ ᠠᠬᠤᠶ ᠨᠡᠶᠢᠭᠡᠮ ᠤᠨ ᠬᠥᠭᠵᠢᠯᠲᠡ᠂ ᠬᠥᠭᠵᠢᠯᠲᠡ ᠪᠠ | ᠠᠮᠤᠷ ᠲᠦᠪᠰᠢᠨ ᠶᠢ ᠨᠢᠭᠡᠳᠦᠯᠲᠡᠶ ᠲᠥᠯᠥᠪᠯᠡᠵᠦ᠂ ᠠᠮᠢ ᠠᠬᠤᠶ ᠶᠢ ᠲᠡᠷᠢᠭᠦᠨ ᠳᠤ ᠳᠠᠯᠪᠢᠨ᠂ ᠪᠣᠬᠢᠷᠲᠤᠯ ᠦᠭᠡᠶ | ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷᠯᠢᠭ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ | ᠵᠠᠮᠨᠠᠵᠤ᠂ ︽ᠵᠢᠷᠭᠤᠭ᠎ᠠ ᠶᠢ ᠳᠤᠭᠳᠠᠭᠤᠨ ᠪᠠᠶᠢᠯᠭᠠᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠂ ︽ᠵᠢᠷᠭᠤᠭ᠎ᠠ ᠶᠢ | ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠵᠤ | ᠰᠠᠶᠢᠵᠢᠷᠠᠭᠤᠯᠤᠨ᠂ ᠠᠵᠤ ᠠᠬᠤᠶ ᠶᠢᠨ ᠡᠷᠬᠢᠯᠳᠠ ᠵᠦᠢ ᠵᠣᠬᠢᠰᠲᠠᠶ ᠪᠠᠶᠢᠬᠤ ᠪᠠᠲᠤᠯᠠᠵᠤ᠂ ᠨᠡᠶᠢᠭᠡᠮ ᠤᠨ ᠪᠦᠬᠦ | ᠲᠠᠯ᠎ᠠ ᠶᠢᠨ ᠲᠣᠭᠲᠠᠭᠤᠨ ᠢ ᠪᠠᠳᠤᠯᠠᠨ᠂ ︽ᠲᠦᠷᠪᠡᠨ ᠣᠷᠣᠨ ᠤ ᠪᠠᠶᠢᠭᠤᠯᠤᠯᠲᠠ︾ ᠶᠢ ᠲᠦᠷᠬᠡᠤᠨᠬᠡᠨ ᠠᠬᠢᠭᠤᠯᠵᠤ᠂ | ᠰᠢᠨ᠎ᠡ ᠠᠶᠠᠨ ᠳᠤ ᠡᠷᠡᠯᠬᠡᠭᠯᠡᠨ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ | ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠶᠠᠪᠤᠭᠳᠠᠬᠤ ᠶᠢ ᠤᠭᠲᠤᠬᠤ ᠬᠡᠷᠡᠭᠲᠡᠶ ᠬᠡᠵᠤ ᠵᠢᠭᠠᠭᠰᠡᠨ ᠪᠠᠶᠢᠨ᠎ᠠ᠃ | | ᠪᠥᠬᠦᠳᠡ ᠬᠤᠷᠠᠯ ᠠᠴᠠ᠂ ᠦᠨᠤ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠳᠤ ᠡᠷᠬᠡᠪᠰᠢ | ᠲᠣᠭᠲᠠᠭᠤᠨ ᠢ ᠲᠡᠷᠢᠭᠦᠨ ᠪᠠᠶᠢᠷᠢᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠬᠤ | ᠬᠡᠷᠡᠭᠲᠡᠶ︔ ᠡᠷᠬᠡᠪᠰᠢ ᠭᠤᠣᠯ ᠰᠡᠳᠦᠪ ᠭᠤᠣᠯ ᠱᠤᠭᠤᠮ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠬᠤ | ᠬᠡᠷᠡᠭᠲᠡᠢ︔ ᠡᠷᠬᠡᠪᠰᠢ ᠠᠶᠤᠯ ᠲᠦᠭᠰᠢᠭᠦᠷᠢ ᠶᠢ ᠲᠣᠭᠲᠠᠭᠤᠨ ᠢᠶᠠᠷ ᠡᠵᠡᠮᠳᠡᠵᠦ᠂ ᠠᠮᠤᠷ ᠲᠦᠪᠰᠢᠨ ᠢ ᠪᠠᠲᠤᠯᠠᠬᠤ ᠶᠢ | ᠪᠠᠷᠢᠮᠲᠠᠯᠠᠬᠤ ᠬᠡᠷᠡᠭᠲᠡᠢ︔ ᠡᠷᠬᠡᠪᠰᠢ ᠠᠷᠠᠳ ᠲᠦᠮᠡᠨ ᠢ ᠳᠡᠭᠡᠳᠦᠯᠡᠵᠦ᠂ ᠬᠠᠮᠲᠤ ᠪᠠᠷ ᠪᠠᠶᠠᠵᠢᠬᠤ ᠶᠢ ᠪᠠᠷᠢᠮᠲᠠᠯᠠᠬᠤ | ᠬᠡᠷᠡᠭᠲᠡᠶ᠃ | ᠪᠦᠬᠦᠳᠡ ᠬᠤᠷᠠᠯ ᠠᠴᠠ ᠦᠨᠦ ᠵᠢᠯ ᠢ ︽ᠲᠦᠷᠦᠯ ᠵᠦᠢᠯ ᠢ ᠠᠳᠬᠤᠬᠤ᠂ ᠨᠠᠶᠢᠲᠠᠪᠤᠷᠢᠵᠢᠭᠤᠯᠤᠯᠲᠠ ᠶᠢ | ᠴᠢᠬᠤᠯᠠᠴᠢᠯᠠᠬᠤ᠂ ᠬᠦᠭᠵᠢᠯᠲᠡ ᠶᠢ ᠠᠬᠢᠭᠤᠯᠬᠤ︾ ᠰᠢᠪᠲᠤᠯᠤᠯᠲᠠ ᠶᠢᠨ ᠵᠢᠯ ᠢᠶᠠᠷ ᠲᠤᠭᠲᠠᠭᠠᠵᠤ᠂ ᠪᠦᠬᠦ ᠵᠢᠯ ᠤᠨ | ᠭᠤᠤᠯᠳᠠᠯᠭᠠᠲᠤ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠦᠨ᠂ ᠪᠤᠲᠠᠲᠠᠢ ᠠᠵᠢᠯ ᠤᠨ ᠳᠣᠮᠳᠠ ᠪᠠᠨ ᠨᠠᠷᠢᠯᠢᠭ | ᠣᠨᠣᠪᠴᠢᠲᠠᠢ ᠪᠠᠷ ᠬᠦᠴᠦᠯᠡᠵᠦ᠂ ᠲᠤᠲᠤᠷᠬᠠᠢ ᠵᠤᠷᠢᠯᠲᠠ ᠲᠠᠢ ᠪᠠᠷ ᠴᠢᠷᠮᠠᠶᠢᠨ᠂ ᠰᠢᠨ᠎ᠡ ᠠᠮᠵᠢᠯᠲᠠ ᠪᠦᠲᠦᠮᠵᠢ | ᠭᠠᠷᠭᠠᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠵᠠᠪᠳᠣᠵᠣ᠂ ᠲᠦᠷᠦ ᠶᠢᠨ ᠪᠤᠳᠤᠯᠭ᠎ᠠ ᠶᠢ ᠴᠢᠩᠭ᠎ᠠ | ᠨᠠᠶᠢᠲᠠᠪᠤᠷᠢᠵᠢᠭᠤᠯᠤᠨ᠂ ᠪᠡᠯᠡ ᠬᠤᠷᠠᠮᠳᠣᠭᠤᠯᠭ᠎ᠠ ᠶᠢ ᠦᠨᠡᠨᠴᠢ ᠪᠠᠷ ᠬᠠᠪᠰᠣᠷᠴᠣ᠂ ᠠᠷᠭ᠎ᠠ ᠣᠬᠠᠭᠠᠨ | ᠰᠦᠪᠡᠭᠴᠢᠯᠡᠵᠦ ᠣᠷᠴᠢᠨ ᠲᠤᠭᠤᠷᠢᠨ ᠢ ᠰᠢᠯᠢᠳᠡᠭᠵᠢᠬᠦᠯᠦᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ | ᠠᠮᠢᠵᠢᠷᠠᠯ ᠢ ᠬᠦᠢᠴᠡᠳ ᠣᠷᠮᠠᠰᠢᠭᠤᠯᠬᠤ ᠬᠡᠷᠡᠭᠲᠡᠢ᠃ ᠲᠦᠷᠦᠯ ᠵᠦᠢᠯ ᠢᠶᠠᠷ ᠭᠤᠤᠯ ᠪᠤᠯᠭᠠᠬᠤ ᠶᠢ ᠪᠠᠷᠢᠮᠲᠠᠯᠠᠵᠤ᠂ | ᠦᠢᠯᠡᠴᠢᠯᠡᠭᠡ ᠶᠢ ᠴᠢᠬᠤᠯᠠᠴᠢᠯᠠᠨ᠂ ᠣᠷᠣᠨᠵᠢᠭᠤᠯᠣᠯᠲᠠ ᠶᠢ ᠠᠳᠬᠤᠵᠣ᠂ ᠰᠢᠨ᠎ᠡ ᠪᠠᠶᠢᠳᠠᠯ ᠢ ᠰᠠᠶᠢᠲᠤᠷ ᠪᠣᠢ | ᠪᠣᠯᠭᠠᠨ᠂ ᠬᠤᠳᠠᠯᠳᠣᠭᠠᠴᠢᠨ ᠣᠷᠢᠬᠤ᠂ ᠪᠡᠯᠡ ᠲᠠᠲᠠᠬᠤ ᠶᠢ ᠶᠡᠬᠡᠪᠡᠷ ᠳᠡᠮᠵᠢᠨ᠂ ᠰᠢᠪᠲᠤᠯᠤᠯᠲᠠ ᠬᠢᠵᠦ᠂ ᠡᠷᠲᠡ | ᠰᠦᠪᠡᠭᠴᠢᠯᠡᠵᠦ ᠬᠦᠳᠡᠯᠦᠯᠴᠡᠨ᠂ ᠪᠡᠯᠡ ᠮᠦᠩᠭᠦ ᠣᠯᠵᠣ᠂ ᠠᠵᠤ ᠠᠬᠤᠢ ᠨᠡᠶᠢᠬᠡᠮ ᠤᠨ ᠬᠦᠭᠵᠢᠯᠲᠡ ᠶᠢᠨ ᠰᠠᠭᠤᠷᠢ | ᠶᠢ ᠲᠤᠭᠲᠠᠪᠤᠷᠢᠵᠢᠭᠤᠯᠬᠤ ᠬᠡᠷᠡᠭᠲᠡᠢ᠃ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠳᠬᠡᠨ᠂ | ᠠᠷᠢᠭᠤᠨ ᠴᠡᠪᠡᠷ ᠦᠨᠳᠦᠷ ᠪᠦᠲᠦᠮᠵᠢ ᠪᠠᠷ ᠭᠤᠤᠯᠳᠠᠯᠭ᠎ᠠ ᠪᠣᠯᠭᠠᠨ ᠣᠯᠠᠮᠵᠢᠯᠠᠯᠲᠤ ᠠᠵᠤ ᠦᠢᠯᠡᠰ ᠢ ᠦᠭᠡᠷᠡᠴᠢᠯᠡᠨ | ᠳᠡᠭᠡᠭᠰᠢᠯᠡᠬᠦᠯᠵᠦ᠂ ᠪᠣᠬᠢᠷᠲᠤᠯ ᠦᠭᠡᠢ ᠲᠡᠭ ᠨᠡᠭᠦᠷᠡᠰᠦᠲᠥ᠋ᠷᠥᠭᠴᠢ ᠪᠠᠷ ᠴᠦᠮ᠎ᠡ ᠪᠤᠯᠭᠠᠨ ᠰᠢᠨ᠎ᠡ ᠡᠨᠧᠷᠭᠢ ᠶᠢᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠬᠤᠪᠢᠰᠬᠠᠯᠲᠤ ᠬᠦᠮᠦᠵᠢᠯ ᠤᠨ ᠡᠬᠢ ᠰᠣᠷᠪᠣᠯᠵᠢ ᠳᠤ ᠲᠦᠰᠢᠭᠯᠡᠨ | ᠬᠤᠪᠢᠰᠬᠠᠯᠲᠤ ᠬᠦᠮᠦᠵᠢᠯ ᠤᠨ ᠠᠵᠤ ᠦᠢᠯᠡᠰ ᠢ ᠪᠣᠵᠠᠭᠠᠶᠢᠷᠠᠭᠤᠯᠤᠨ᠂ ᠤᠯᠠᠨ ᠲᠦᠢᠯᠲᠤ ᠲᠤᠯᠭᠠᠭᠤᠷᠢᠯᠠᠬᠤ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠤ ᠪᠠᠶᠢᠭᠤᠯᠤᠯᠲᠠ ᠶᠢᠨ ᠲᠡᠰ ᠲᠠᠪᠰᠢᠯᠲᠠ ᠶᠢ ᠠᠬᠢᠭᠤᠯᠵᠤ᠂ | ᠬᠤᠳᠠ ᠪᠠᠯᠭᠠᠰᠤᠨ ᠤ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠬᠦᠯᠵᠦ ᠶᠠᠰᠣ ᠴᠢᠨᠠᠷ ᠢ ᠠᠬᠢᠭᠤᠯᠤᠨ᠂ ᠰᠠᠭᠤᠷᠢ | ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠤ᠂ ᠣᠷᠣᠰᠢᠨ ᠰᠠᠭᠤᠬᠤ ᠳᠤ ᠲᠠᠭᠠᠯᠠᠮᠵᠢᠲᠠᠢ | ᠠᠵᠢᠯ ᠦᠢᠯᠡᠰ ᠪᠤᠰᠬᠠᠬᠤ ᠳᠤ ᠲᠣᠬᠢᠷᠠᠮᠵᠢᠲᠠᠢ ᠬᠥᠭᠵᠢᠯᠲᠡ ᠶᠢᠨ ᠣᠷᠴᠢᠨ ᠢ ᠪᠤᠢ ᠪᠣᠯᠭᠠᠬᠤ ᠬᠡᠷᠡᠭᠲᠡᠢ᠃ ᠠᠮᠢ | ᠠᠬᠤᠢ ᠶᠢᠨ ᠬᠠᠮᠠᠭᠠᠯᠠᠯᠲᠠ ᠶᠢ ᠴᠢᠩᠭᠠᠳᠬᠠᠨ᠂ ᠪᠣᠬᠢᠷᠲᠤᠯ ᠦᠭᠡᠢ ᠠᠮᠢ ᠠᠬᠤᠢ ᠶᠢ ᠶᠡᠬᠡᠪᠡᠷ ᠬᠠᠮᠠᠭᠠᠯᠠᠵᠤ᠂ | ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠂ ᠪᠣᠬᠢᠷᠲᠤᠯ ᠦᠭᠡᠢ ᠬᠡᠪ ᠵᠠᠩᠰᠢᠯ ᠢ ᠰᠣᠷᠲᠠᠯᠴᠢᠯᠠᠨ᠂ ᠣᠩᠭᠤᠨ | ᠲᠠᠷᠬᠠᠨ ᠡᠬᠡ ᠪᠠᠶᠢᠭᠠᠯᠢ ᠪᠠᠨ ᠬᠠᠶᠢᠷᠠᠯᠠᠨ ᠬᠠᠮᠠᠭᠠᠯᠠᠬᠤ ᠬᠡᠷᠡᠭᠲᠡᠢ᠃ ᠥᠭᠡᠷᠡᠴᠢᠯᠡᠯᠲᠡ ᠰᠢᠨᠡᠴᠢᠯᠡᠯᠲᠡ ᠶᠢ | ᠭᠦᠨᠵᠡᠭᠡᠶᠢᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠬᠦ ᠬᠦᠴᠦᠨ ᠢᠶᠠᠨ ᠨᠡᠮᠡᠭᠳᠡᠬᠦᠯᠦᠨ᠂ | ᠴᠢᠯᠦᠬᠡᠲᠡᠢ ᠶᠠᠪᠤᠯᠴᠠᠭ᠎ᠠ ᠬᠠᠮᠲᠤᠷᠠᠯᠴᠠᠭ᠎ᠠ ᠪᠠᠷ ᠠᠮᠢᠵᠢᠷᠠᠯ ᠤᠨ ᠬᠦᠴᠦᠨ ᠢᠶᠠᠨ ᠴᠢᠩᠭᠠᠳᠬᠠᠨ᠂ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠯᠳᠠ ᠬᠦᠴᠦᠨ ᠢᠶᠠᠨ ᠨᠡᠮᠡᠭᠳᠡᠬᠦᠯᠦᠨ᠂ ᠴᠢᠳᠠᠪᠤᠷᠢᠲᠠᠨ ᠢ ᠣᠷᠢᠬᠤ | ᠬᠦᠮᠦᠵᠢᠬᠦᠯᠬᠦ ᠪᠠᠷ ᠪᠤᠲᠠᠲᠤ ᠬᠦᠴᠦᠨ ᠢᠶᠠᠨ ᠴᠢᠩᠭᠠᠳᠬᠠᠵᠤ᠂ ᠭᠠᠵᠠᠷ ᠣᠷᠣᠨ ᠤ ᠬᠥᠭᠵᠢᠯᠲᠡ ᠶᠢᠨ ᠣᠷᠴᠢᠨ ᠢ | ᠲᠠᠰᠤᠷᠠᠯᠲᠠ ᠥᠬᠡᠶ ᠰᠢᠯᠢᠳᠡᠭᠵᠢᠭᠦᠯᠬᠦ ᠬᠡᠷᠡᠭᠲᠡᠶ᠃ ᠠᠷᠠᠳ ᠤᠨ ᠠᠮᠢᠳᠤᠷᠠᠯ ᠤᠨ ᠠᠰᠢᠭ ᠵᠢᠷᠭᠠᠯ ᠢ ᠨᠡᠮᠡᠭᠳᠡᠬᠦᠯᠦᠨ᠂ | ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠴᠢᠩᠭᠠᠳᠬᠠᠵᠤ᠂ ᠨᠡᠶᠢᠭᠡᠮ ᠤᠨ ᠪᠠᠲᠤᠯᠠᠪᠤᠷᠢ ᠶᠢᠨ ᠲᠣᠣᠷ ᠢ | ᠪᠠᠬᠢᠵᠢᠬᠦᠯᠦᠨ᠂ ᠨᠡᠶᠢᠭᠡᠮ ᠤᠨ ᠪᠦᠬᠦ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠵᠣᠯ ᠵᠢᠷᠭᠠᠯ ᠤᠨ ᠦᠨᠳᠦᠰᠦ | ᠰᠠᠭᠤᠷᠢ ᠶᠢ ᠣᠯᠠᠮ ᠪᠠᠲᠤᠳᠬᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | ᠪᠥᠬᠦᠳᠡ ᠬᠤᠷᠠᠯ ᠠᠴᠠ ᠡᠷᠴᠢ ᠵᠣᠷᠢᠭ ᠢᠶᠠᠨ ᠬᠥᠪᠴᠢᠯᠡᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ | ᠨᠠᠮ ᠤᠨ ᠤᠳᠤᠷᠢᠳᠤᠯᠭ᠎ᠠ ᠶᠢᠨ ᠵᠢᠯᠤᠭᠤᠳᠤᠨ ᠳᠠᠶᠢᠴᠢᠯᠠᠬᠤ ᠬᠦᠴᠦᠨ ᠢᠶᠠᠨ ᠴᠢᠩᠭᠠᠳᠬᠠᠨ᠂ ᠦᠨᠳᠦᠰᠦᠨ ᠱᠠᠲᠤᠨ ᠤ | ᠵᠣᠬᠢᠶᠠᠨ ᠪᠠᠶᠢᠭᠤᠯᠤᠯᠲᠠ ᠶᠢᠨ ᠳᠠᠶᠢᠴᠢᠨ ᠬᠦᠴᠦᠨ ᠢ ᠴᠢᠩᠭᠠᠳᠬᠠᠨ᠂ ᠰᠣᠷᠲᠠᠯ ᠢ ᠴᠡᠭᠴᠡᠯᠡᠨ ᠰᠠᠬᠢᠯᠭ᠎ᠠ ᠪᠠᠲᠤ ᠶᠢ | ᠴᠢᠩᠳᠠᠯᠠᠬᠤ ᠬᠦᠴᠦᠨ ᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠵᠢᠬᠦᠯᠬᠦ | ᠬᠦᠴᠦᠯᠡᠴᠡ ᠪᠠᠨ ᠴᠢᠩᠭᠠᠳᠬᠠᠨ᠂ ᠨᠠᠮ ᠤᠨ ᠤᠳᠤᠷᠢᠳᠤᠯᠭ᠎ᠠ ᠳᠣᠣᠷ᠎ᠠ ᠬᠦᠴᠢᠷ ᠪᠡᠷᠬᠡᠰᠢᠶᠡᠯ ᠢ ᠢᠯᠠᠨ ᠳᠠᠪᠠᠵᠤ᠂ | ᠰᠠᠨᠠᠭᠠᠴᠢᠯᠠᠭ᠎ᠠ ᠠᠴᠠ ᠪᠠᠨ ᠬᠦᠳᠡᠯᠦᠯᠴᠡᠨ᠂ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠪᠦᠭᠦ ᠬᠤᠰᠢᠭᠤᠨ ᠤ ᠡᠯ᠎ᠡ | ᠲᠦᠷᠦᠯ ᠤᠨ ᠠᠵᠢᠯ ᠦᠢᠯᠡᠰ ᠢᠮᠠᠭᠲᠠ ᠵᠥᠪ ᠴᠢᠭᠯᠡᠯ ᠢᠶᠠᠷ ᠲᠠᠰᠤᠷᠠᠯᠲᠠ ᠦᠭᠡᠢ ᠤᠷᠤᠭᠰᠢᠯᠠᠬᠤ ᠶᠢ ᠪᠠᠲᠤᠯᠠᠬᠤ | ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ | ᠪᠥᠬᠦᠳᠡ ᠬᠤᠷᠠᠯ ᠠᠴᠠ ᠪᠦᠬᠦ ᠬᠦᠴᠦᠨ ᠢᠶᠠᠷ ᠢᠶᠠᠨ ᠠᠵᠤ ᠠᠬᠤᠢ ᠶᠢᠨ ᠲᠤᠭᠲᠠᠭᠤᠨ ᠨᠡᠮᠡᠭᠳᠡᠯ ᠢ ᠪᠠᠲᠤᠯᠠᠵᠤ᠂ | ᠪᠡᠯᠡ ᠣᠷᠣᠭᠤᠯᠤᠯᠲᠠ ᠶᠢᠨ ᠲᠤᠭᠲᠠᠭᠤᠨ ᠨᠡᠮᠡᠭᠳᠡᠯ ᠢ ᠭᠤᠤᠯᠳᠠᠯᠭ᠎ᠠ ᠲᠠᠢ ᠠᠳᠬᠤᠨ᠂ ᠠᠵᠤ ᠦᠢᠯᠡᠳᠪᠦᠷᠢ ᠶᠢᠨ | ᠲᠤᠭᠲᠠᠭᠤᠨ ᠨᠡᠮᠡᠭᠳᠡᠯ ᠢᠶᠠᠷ ᠵᠠᠩᠭᠢᠯᠠᠭ᠎ᠠ ᠪᠣᠯᠭᠠᠬᠤ ᠬᠡᠷᠡᠭᠲᠡᠢ᠃ ᠬᠡᠯᠪᠡᠷᠢ ᠪᠠᠨ ᠬᠤᠪᠢᠷᠠᠭᠤᠯᠤᠨ ᠪᠦᠲᠦᠴᠡ ᠶᠢ | ᠲᠤᠬᠢᠷᠠᠭᠤᠯᠬᠤ ᠳᠤ ᠠᠩᠬᠠᠷᠤᠯ ᠢᠶᠠᠨ ᠲᠦᠪᠯᠡᠷᠡᠬᠦᠯᠦᠨ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠬᠡᠪᠡᠷ | ᠬᠥᠭᠵᠢᠭᠦᠯᠵᠦ᠂ ᠮᠠᠯ ᠲᠠᠷᠢᠶᠠᠯᠠᠩ ᠤᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ᠂ ᠦᠢᠯᠡᠴᠢᠯᠡᠭᠡᠨ ᠤ | ᠦᠢᠯᠡᠰ ᠤᠨ ᠠᠭᠤᠰᠤᠯᠴᠠᠯ ᠬᠦᠭᠵᠢᠯᠲᠡ ᠶᠢ ᠭᠦᠨᠵᠡᠭᠡᠢ ᠠᠬᠢᠭᠤᠯᠤᠨ᠂ ᠪᠣᠬᠢᠷᠲᠤᠯ ᠦᠭᠡᠢ ᠳᠣᠣᠷ᠎ᠠ | ᠨᠡᠬᠦᠷᠡᠰᠦᠳᠦ᠋ᠷᠦᠭᠴᠢᠲᠦ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠦᠳᠲᠡᠷ ᠲᠦᠷᠭᠡᠨ ᠪᠠᠶᠢᠭᠤᠯᠬᠤ | ᠬᠡᠷᠡᠭᠲᠡᠢ᠃ ᠲᠣᠭᠲᠠᠯ ᠬᠦᠴᠦᠨ ᠢᠶᠠᠨ ᠪᠠᠷᠢᠮᠲᠠᠯᠠᠨ ᠠᠮᠢ ᠠᠬᠤᠢ ᠶᠢ ᠠᠳᠬᠤᠵᠤ᠂ ᠠᠮᠢ ᠠᠬᠤᠢ ᠶᠢᠨ ᠠᠰᠠᠭᠤᠳᠠᠯ | ᠤᠨ ᠴᠡᠭᠴᠡᠯᠡᠯᠲᠡ᠂ ᠠᠮᠢ ᠠᠬᠤᠢ ᠶᠢᠨ ᠬᠠᠮᠠᠭᠠᠯᠠᠯᠲᠠ ᠪᠠᠶᠢᠭᠤᠯᠤᠯᠲᠠ ᠶᠢ ᠰᠠᠶᠢᠲᠤᠷ ᠠᠳᠬᠤᠨ᠂ ᠪᠣᠬᠢᠷᠲᠤᠯ ᠦᠭᠡᠢ | ᠦᠨᠳᠦᠰᠦ ᠰᠠᠭᠤᠷᠢ ᠪᠠᠨ ᠪᠠᠲᠤᠳᠬᠠᠵᠤ᠂ ᠨᠣᠮᠢᠨ ᠲᠠᠩᠰᠤᠭ ᠭᠡᠷ ᠣᠷᠣᠨ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ᠃ | ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠣᠷᠴᠢᠨ ᠲᠣᠭᠤᠷᠢᠨ ᠢ ᠰᠢᠯᠢᠳᠡᠭᠵᠢᠬᠦᠯᠦᠨ᠂ ᠥᠨᠳᠥᠷ | ᠪᠠᠷᠢᠮᠵᠢᠶ᠎ᠠ ᠲᠠᠢ ᠪᠠᠷ ᠬᠤᠳᠠᠯᠳᠤᠭ᠎ᠠ ᠡᠵᠡᠩᠨᠡᠬᠦ ᠣᠷᠴᠢᠨ ᠢ ᠴᠤᠭᠴᠠᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠴᠢᠨᠠᠷᠯᠢᠭ ᠪᠠᠶᠢᠭᠤᠯᠤᠨ᠂ ᠴᠢᠯᠤᠭᠡᠲᠡᠢ ᠶᠠᠪᠤᠯᠴᠠᠭ᠎ᠠ ᠬᠠᠮᠲᠤᠷᠠᠯᠴᠠᠭ᠎ᠠ ᠶᠢ ᠥᠷᠭᠡᠳᠬᠡᠵᠦ᠂ ᠣᠬᠢ | ᠰᠠᠶᠢᠨ ᠣᠷᠴᠢᠨ ᠲᠣᠭᠤᠷᠢᠨ ᠢᠶᠠᠷ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ | ᠬᠤᠷᠢᠭ᠎ᠠ ᠱᠤᠭᠤᠮ ᠢᠶᠠᠨ ᠪᠠᠲᠤ ᠰᠠᠬᠢᠵᠤ ᠠᠷᠠᠳ ᠤᠨ ᠠᠮᠢᠳᠤᠷᠠᠯ ᠢ ᠬᠠᠷᠠᠭᠠᠯᠵᠠᠨ᠂ ᠬᠤᠳᠠ ᠬᠥᠳᠡᠭᠡ ᠶᠢᠨ | ᠣᠷᠣᠰᠢᠨ ᠰᠠᠭᠤᠬᠤ ᠨᠦᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠰᠠᠭᠤᠷᠢ ᠤᠯᠠᠨ ᠨᠡᠶᠢᠲᠡ ᠶᠢᠨ | ᠦᠢᠯᠡᠴᠢᠯᠡᠭᠡ ᠶᠢ ᠨᠠᠷᠢᠯᠢᠭ ᠣᠨᠣᠪᠴᠢᠲᠠᠢ ᠪᠠᠷ ᠬᠠᠩᠭᠠᠨ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ | ᠬᠦᠴᠦᠯᠡᠨ ᠪᠠᠶᠢᠭᠤᠯᠵᠤ᠂ ᠦᠨᠳᠦᠰᠦᠨ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠬᠤ ᠬᠡᠷᠡᠭᠲᠡᠢ᠃ | ᠳᠡᠭᠡᠳᠦ ᠶᠠᠰᠤ ᠴᠢᠨᠠᠷ ᠥᠨᠳᠥᠷ ᠪᠦᠲᠦᠮᠵᠢᠲᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠨ᠂ ᠬᠠᠷᠠᠯᠲᠠ ᠶᠢᠨ | ᠲᠣᠭᠤᠷᠢᠨ ᠳᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠠᠷᠢᠭᠤᠴᠠᠯᠭ᠎ᠠ ᠪᠠᠨ ᠲᠤᠲᠤᠷᠬᠠᠶᠢᠯᠠᠨ | ᠨᠠᠶᠢᠳᠠᠪᠤᠷᠢᠵᠢᠭᠤᠯᠤᠯᠲᠠ ᠶᠢ ᠠᠳᠬᠤᠨ᠂ ᠲᠣᠭᠲᠠᠴᠠ ᠶᠢᠨ ᠰᠢᠨᠡᠴᠢᠯᠡᠯᠲᠡ ᠪᠠᠷ ᠨᠠᠶᠢᠳᠠᠪᠤᠷᠢᠵᠢᠭᠤᠯᠤᠯᠲᠠ ᠶᠢ | ᠠᠳᠬᠤᠵᠤ᠂ ᠡᠯ᠎ᠡ ᠲᠦᠷᠦᠯ ᠤᠨ ᠠᠵᠢᠯ ᠶᠢᠨ ᠥᠨᠳᠥᠷ ᠪᠦᠲᠦᠮᠵᠢᠲᠡᠢ ᠠᠬᠢᠭᠤᠯᠤᠨ᠂ ᠪᠦᠲᠦᠮᠵᠢᠲᠡᠢ ᠬᠠᠷᠢᠭᠤ | ᠦᠭᠭᠦ ᠪᠠᠶᠢᠳᠠᠯ ᠲᠠᠢ ᠪᠣᠯᠭᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃ | ᠪᠥᠬᠦᠳᠡ ᠬᠤᠷᠠᠯ ᠠᠴᠠ ᠣᠳᠣᠬᠠᠨ ᠳᠤ ᠶᠠᠭ ᠣᠨ ᠤ ᠡᠴᠦᠰ ᠵᠢᠯ ᠤᠨ ᠡᠬᠢ ᠪᠣᠯᠬᠤᠷ ᠡᠯ᠎ᠡ ᠲᠦᠷᠦᠯ ᠤᠨ | ᠠᠵᠢᠯ ᠤᠨ ᠡᠬᠢ ᠠᠳᠠᠭ ᠨᠢ ᠤᠯᠠᠨ᠂ ᠡᠬᠦᠷᠭᠡ ᠬᠦᠨᠳᠦ ᠪᠣᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ | ᠨᠢᠭᠡᠳᠦᠯᠲᠡᠢ ᠲᠦᠯᠦᠪᠵᠢᠬᠦᠯᠦᠨ ᠬᠠᠮᠲᠤ ᠳᠤᠨᠢ ᠬᠠᠷᠠᠭᠠᠯᠵᠠᠵᠤ᠂ ᠵᠣᠬᠢᠰᠲᠠᠶ ᠲᠣᠬᠢᠷᠠᠭᠤᠯᠤᠨ᠂ ᠠᠷᠭ᠎ᠠ ᠠᠪᠴᠠᠯ ᠢᠶᠠᠨ | ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠬᠦᠢ ᠦᠢᠯᠡᠳᠪᠦᠷᠢᠯᠡᠯ᠂ ᠵᠠᠮ ᠬᠠᠷᠢᠯᠴᠠᠭ᠎ᠠ | ᠲᠡᠭᠡᠭᠡᠪᠦᠷᠢ᠂ ᠵᠠᠬᠢᠳᠠᠯ ᠰᠤᠷᠪᠤᠯᠵᠢᠯᠠᠭ᠎ᠠ ᠠᠮᠣᠷ ᠲᠤᠭᠲᠠᠭᠤᠨ ᠤ ᠬᠠᠮᠠᠭᠠᠯᠠᠯᠲᠠ᠂ ᠬᠦᠴᠢᠷᠳᠡᠯᠲᠡᠶ ᠣᠯᠠᠨ ᠲᠦᠮᠡᠨ ᠢ | ᠬᠠᠪᠰᠤᠷᠤᠨ ᠲᠡᠳᠬᠦᠵᠦ ᠲᠣᠬᠤᠨᠢᠭᠤᠯᠬᠤ᠂ ᠬᠥᠯᠥᠰᠥᠨ ᠠᠵᠢᠯᠴᠢᠨ ᠤ ᠴᠠᠯᠢᠩ ᠢ ᠪᠠᠲᠤᠯᠠᠬᠤ᠂ ᠵᠢᠵᠢᠭᠦᠷᠯᠡᠨ | ᠰᠠᠬᠢᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠬᠢᠵᠦ᠂ ᠴᠠᠭ ᠢᠮᠠᠭᠲᠠ ᠰᠡᠷᠡᠮᠵᠢ ᠪᠠᠨ ᠪᠠᠷᠢᠮᠲᠠᠯᠠᠨ᠂ ᠭᠤᠣᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ᠂ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠣᠯᠠᠮ ᠨᠢᠭᠡ ᠠᠯᠬᠤᠮ ᠴᠢᠩᠭᠠᠳᠬᠠᠵᠤ᠂ ᠠᠶᠤᠯ | ᠲᠦᠭᠰᠢᠭᠦᠷᠢ ᠶᠢᠨ ᠳᠠᠯᠳᠠ ᠭᠡᠮ ᠤᠨ ᠪᠠᠶᠢᠴᠠᠭᠠᠯᠲᠠ ᠶᠢ ᠴᠢᠩᠭᠠᠳᠬᠠᠨ᠂ ᠠᠰᠠᠭᠤᠳᠠᠯ ᠤᠨ ᠴᠡᠭᠴᠡᠯᠡᠯᠲᠡ ᠶᠢᠨ | ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠪᠦᠬᠦ ᠲᠠᠯ᠎ᠠ ᠶᠢᠨ ᠡᠶ᠎ᠡ ᠵᠤᠬᠢᠴᠠᠯ ᠠᠮᠤᠷ ᠲᠣᠭᠲᠠᠭᠤᠨ ᠶᠢ ᠪᠠᠲᠤᠯᠠᠬᠤ | ᠬᠡᠷᠡᠭᠲᠡᠢ᠃ ᠣᠨᠴᠠᠭᠠᠶᠢᠯᠠᠨ ᠠᠵᠤ ᠠᠬᠤᠶ ᠶᠢᠨ ᠲᠣᠭᠲᠠᠭᠤᠨ ᠮᠦᠷᠲᠡᠭᠡᠨ ᠡᠷᠡᠭᠦᠯ ᠡᠷᠬᠢᠯᠲᠡ ᠶᠢ ᠳᠣᠪᠣᠶᠢᠯᠭᠠᠨ᠂ | ᠦᠢᠯᠡᠳᠪᠦᠷᠢᠯᠡᠯ ᠤᠨ ᠡᠯᠧᠮᠧᠨ᠋ᠲ ᠤᠨ ᠪᠠᠲᠤᠯᠠᠭ᠎ᠠ᠂ ᠠᠵᠤ ᠠᠬᠤᠶᠢᠯᠠᠯ ᠤᠨ ᠡᠵᠡᠩᠨᠡᠯᠲᠡ ᠶᠢᠨ ᠲᠤᠬᠢᠷᠠᠭᠤᠯᠤᠯᠳᠠ ᠶᠢ | ᠴᠢᠩᠭᠠᠳᠬᠠᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠲᠤᠭᠲᠠᠭᠤᠨ᠂ ᠣᠷᠣᠭᠰᠢᠲᠠᠢ ᠪᠠᠶᠢᠬᠤ ᠶᠢ ᠪᠠᠲᠤᠯᠠᠬᠤ | ᠬᠡᠷᠡᠭᠲᠡᠶ᠃ | ᠪᠥᠬᠦᠳᠡ ᠬᠤᠷᠠᠯ ᠠᠴᠠ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ | ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠰᠢ ᠶᠢᠨ ᠫᠢᠩ ᠨᠥᠬᠦᠷ ᠢᠶᠠᠷ ᠲᠦᠪᠯᠡᠬᠦᠯᠦᠭᠰᠡᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢᠲᠦ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠢᠲᠡᠭᠡᠯ ᠪᠢᠰᠢᠷᠡᠯ᠂ ᠢᠲᠡᠭᠡᠯ ᠵᠣᠷᠢᠭ ᠢᠶᠠᠨ | ᠪᠠᠲᠤᠳᠬᠠᠨ᠂ ᠲᠦᠷᠦ ᠶᠢᠨ ᠪᠤᠳᠤᠯᠭ᠎ᠠ ᠶᠢᠨ ᠡᠷᠴᠢᠨ ᠳᠡᠭᠡᠷ᠎ᠡ ᠪᠠᠨ ᠣᠷᠣᠭᠰᠢᠯᠠᠨ ᠳᠠᠪᠰᠢᠵᠦ᠂ ᠬᠦᠴᠢᠷ ᠪᠡᠷᠭᠡᠰᠢᠶᠡᠯ | ᠢ ᠢᠯᠠᠨ᠂ ᠰᠢᠨ᠎ᠡ ᠴᠠᠭ ᠦᠶ᠎ᠡ ᠶᠢᠨ ᠤᠳᠤᠭ ᠤᠨ ᠡᠮᠦᠨᠡᠲᠦ ᠬᠤᠰᠢᠭᠤᠨ ᠤ ᠰᠢᠨ᠎ᠡ ᠠᠶᠠᠨ ᠳᠤ ᠨᠡᠩ ᠬᠢᠯᠠᠯᠵᠠᠮ᠎ᠠ | ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠢ | ᠤᠭᠲᠤᠰᠤᠭᠠᠢ ᠬᠡᠵᠦ ᠣᠷᠢᠶᠠᠯᠠᠭᠰᠠᠨ ᠪᠠᠶᠢᠨ᠎ᠠ᠃ | | |