ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ ᠵᠢᠴᠢ ᠭᠤᠤᠯᠳᠠᠯᠭᠠᠲᠤ ᠲᠦᠷᠦᠯ ᠵᠦᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/1/31
    1 ᠰᠠᠷ᠎ᠠ ᠶᠢᠨ 28 ᠤ ᠡᠳᠦᠷ᠂ ᠪᠦᠬᠦ ᠬᠤᠰᠢᠭᠤᠨ ᠤ ᠠᠵᠤ ᠠᠬᠤᠢ ᠶᠢᠨ ᠡᠷᠬᠢᠯᠲᠡ ᠵᠢᠴᠢ ᠭᠤᠤᠯᠳᠠᠯᠭᠠᠲᠤ ᠲᠦᠷᠦᠯ ᠵᠦᠢᠯ ᠤᠨ ᠠᠬᠢᠭᠤᠯᠤᠯᠲᠠ ᠶᠢᠨ ᠬᠤᠷᠠᠯ ᠬᠤᠷᠠᠯᠳᠣᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ  ᠶᠢᠨ ᠬᠡᠰᠢᠬᠦᠨ᠂ ᠬᠤᠰᠢᠭᠤ ᠳᠡᠳ᠋ ᠳᠠᠷᠤᠭ᠎ᠠ ᠵᠤᠤ ᠱᠣᠸᠡᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠦ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠬᠤᠰᠢᠭᠤ ᠳᠡᠳ᠋ ᠳᠠᠷᠤᠭ᠎ᠠ ᠶᠠᠩ ᠵᠢᠢ ᠴᠢᠶᠠᠩ ᠬᠤᠷᠠᠯ ᠢ ᠡᠷᠬᠢᠯᠡᠪᠡ᠃     ᠬᠤᠷᠠᠯ ᠠᠴᠠ ᠪᠦᠬᠦ ᠬᠤᠲᠠ ᠶᠢᠨ ᠨᠢᠭᠡᠳᠦᠬᠡᠷ ᠣᠯᠠᠷᠢᠯ ᠤᠨ ᠠᠵᠤ ᠠᠬᠤᠢ ᠶᠢᠨ ᠡᠷᠬᠢᠯᠲᠡ ᠲᠤᠭᠲᠠᠭᠤᠨ ᠣᠷᠣᠭᠰᠢᠲᠠᠢ ᠪᠠᠶᠢᠬᠤ ᠬᠤᠰᠢᠭᠤ ᠲᠤᠭᠤᠷᠢᠭ ᠤᠨ ᠰᠠᠭᠤᠳᠠᠯ ᠤᠨ ᠬᠤᠷᠠᠯ ᠵᠢᠴᠢ ᠨᠢᠭᠡᠳᠦᠬᠡᠷ ᠰᠠᠷ᠎ᠠ ᠶᠢᠨ ᠭᠤᠤᠯᠳᠠᠯᠭᠠᠲᠤ ᠲᠦᠷᠦᠯ ᠵᠦᠢᠯ ᠤᠨ ᠲᠤᠬᠢᠷᠠᠭᠤᠯᠤᠯᠲᠠ ᠶᠢᠨ ᠬᠤᠷᠠᠯ ᠤᠨ ᠵᠤᠷᠢᠭ ᠰᠠᠨᠠᠭ᠎ᠠ ᠵᠢᠴᠢ ᠶᠠᠩ ᠶᠢᠩ ᠰᠢᠨ ᠬᠤᠰᠢᠭᠤ ᠳᠠᠷᠤᠭ᠎ᠠ ᠶᠢᠨ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠣᠯᠠᠮᠵᠢᠯᠠᠪᠠ᠃ ᠪᠦᠬᠦ ᠬᠤᠰᠢᠭᠤᠨ ᠤ ᠭᠤᠤᠯ ᠪᠤᠯᠬᠤ ᠠᠵᠤ ᠠᠬᠤᠢ ᠶᠢᠨ ᠬᠦᠢᠴᠡᠳᠬᠡᠯ ᠲᠤᠭᠠᠨ ᠤ ᠵᠢᠱᠢᠯᠲᠡ ᠵᠢᠴᠢ ᠤᠯᠠᠷᠢᠯ ᠤᠨ ᠠᠵᠢᠯ ᠤᠨ ᠡᠬᠦᠷᠭᠡ  ᠶᠢᠨ ᠲᠤᠬᠢᠷᠠᠭᠤᠯᠤᠯᠲᠠ ᠪᠠ 2022 ᠣᠨ ᠤ ᠭᠤᠤᠯᠳᠠᠯᠭᠠᠲᠤ ᠲᠦᠷᠦᠯ ᠵᠦᠢᠯ ᠤᠨ ᠭᠠᠷᠳᠠᠮ ᠤᠨ ᠬᠦᠢᠴᠡᠳᠬᠡᠯᠲᠡ  ᠶᠢᠨ ᠪᠠᠶᠢᠳᠠᠯ ᠢ ᠨᠡᠶᠢᠲᠡᠯᠡᠵᠦ᠂ ᠣᠳᠣᠬᠠᠨ ᠤ ᠡᠯ᠎ᠡ ᠲᠦᠷᠦᠯ ᠤᠨ ᠠᠵᠢᠯ ᠤᠨ ᠡᠬᠦᠷᠭᠡ ᠶᠢ ᠲᠤᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ︽ᠭᠤᠤᠯᠳᠠᠯᠭᠠᠲᠤ ᠲᠦᠷᠦᠯ ᠵᠦᠢᠯ ᠤᠨ ᠲᠤᠬᠢᠷᠠᠭᠤᠯᠤᠯᠲᠠ︾ ᠶᠢᠨ APP ᠬᠡᠷᠡᠭᠯᠡᠬᠦ ᠪᠤᠯᠪᠠᠰᠣᠷᠠᠯ ᠬᠢᠪᠡ᠃     ᠬᠤᠷᠠᠯ ᠠᠴᠠ ᠠᠵᠤ ᠠᠬᠤᠢ ᠶᠢᠨ ᠨᠡᠬᠡᠬᠡᠯᠲᠡ ᠶᠢᠨ ᠣᠷᠣᠨ᠂ ᠡᠯ᠎ᠡ ᠪᠠᠯᠭᠠᠰᠣ᠂ ᠡᠯ᠎ᠡ ᠰᠠᠯᠠᠭ᠎ᠠ ᠮᠦᠴᠢᠷ ᠤᠨ  ᠬᠢᠨ ᠣᠯᠣᠰ ᠲᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠪᠦᠬᠦ ᠵᠢᠯ ᠤᠨ ᠡᠯ᠎ᠡ ᠲᠦᠷᠦᠯ ᠤᠨ ᠬᠦᠢᠴᠡᠳᠬᠡᠯ ᠡᠬᠦᠷᠭᠡ ᠳᠤ ᠠᠩᠬᠠᠷᠤᠯ ᠢᠶᠠᠨ ᠲᠦᠪᠯᠡᠷᠡᠬᠦᠯᠦᠨ᠂ ᠴᠠᠭ ᠢ ᠵᠠᠪᠳᠣᠨ ᠠᠬᠢᠴᠠ ᠶᠢ ᠠᠳᠬᠤᠵᠣ᠂ ᠨᠠᠷᠢᠨ ᠬᠢᠨᠠᠮᠠᠭᠠᠢ᠂ ᠪᠤᠲᠠᠲᠠᠢ ᠲᠦᠯᠦᠪᠵᠢᠬᠦᠯᠦᠨ᠂ ᠵᠢᠯ ᠤᠨ ᠡᠬᠢᠨ ᠤ ᠠᠩᠬᠠᠨ ᠤ ᠠᠯᠬᠤᠮ ᠢᠶᠠᠨ ᠰᠠᠶᠢᠲᠤᠷ ᠡᠬᠢᠯᠡᠬᠦᠯᠬᠦ ᠬᠡᠷᠡᠭᠲᠡᠢ᠃ ᠡᠬᠦᠷᠭᠡ ᠬᠠᠷᠢᠭᠤᠴᠠᠯᠭ᠎ᠠ ᠪᠠᠨ ᠪᠤᠲᠠᠲᠠᠶᠢᠵᠢᠭᠤᠯᠵᠤ᠂ ᠠᠵᠢᠯ ᠤᠨ ᠠᠷᠭ᠎ᠠ ᠠᠪᠴᠠᠯ ᠢᠶᠠᠨ ᠴᠢᠩᠭᠠᠳᠬᠠᠨ᠂ ᠪᠡᠯᠡ ᠣᠷᠣᠭᠤᠯᠣᠯᠲᠠ ᠶᠢ ᠲᠤᠭᠲᠠᠪᠤᠷᠢᠵᠢᠭᠤᠯᠤᠨ ᠬᠦᠭᠵᠢᠯᠲᠡ ᠶᠢ ᠠᠬᠢᠭᠤᠯᠵᠤ᠂ ᠭᠤᠤᠯᠳᠠᠯᠭᠠᠲᠤ ᠲᠦᠷᠦᠯ ᠵᠦᠢᠯ ᠤᠨ ᠡᠮᠦᠨ᠎ᠡ ᠬᠤᠭᠤᠴᠠᠭᠠᠨ ᠤ ᠭᠠᠷᠳᠠᠮ ᠤᠨ ᠬᠦᠢᠴᠡᠳᠬᠡᠯᠲᠡ᠂ ᠲᠤᠬᠢᠷᠠᠭᠤᠯᠤᠯᠲᠠ ᠠᠵᠢᠯᠯᠠᠮᠵᠢ᠂ ᠬᠤᠳᠠᠯᠳᠣᠭᠠᠴᠢᠨ ᠣᠷᠢᠵᠦ ᠪᠡᠯᠡ ᠣᠷᠣᠭᠤᠯᠬᠤ᠂ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠠᠳᠬᠤᠨ᠂ ᠨᠢᠬᠡᠳᠦᠬᠡᠷ ᠣᠯᠠᠷᠢᠯ ᠤᠨ ᠲᠤᠭᠲᠠᠭᠤᠨ ᠪᠠ ᠣᠷᠣᠭᠰᠢᠲᠠᠢ ᠪᠠᠶᠢᠳᠠᠯ ᠢᠶᠠᠷ ︽ᠪᠦᠬᠦ ᠵᠢᠯ ᠤᠨ ᠲᠤᠭᠲᠠᠭᠤᠨ ᠪᠠᠶᠢᠳᠠᠯ︾ ᠢ ᠪᠡᠶᠡᠯᠡᠬᠦᠯᠬᠦ ᠬᠡᠷᠡᠭᠲᠡᠢ᠃ ᠬᠠᠷᠢᠭᠤᠴᠠᠯᠭ᠎ᠠ ᠡᠭᠦᠷᠬᠡᠯᠡᠯ ᠤᠨ ᠣᠬᠠᠮᠰᠠᠷ ᠢᠶᠠᠨ ᠴᠢᠩᠭᠠᠳᠬᠠᠵᠤ᠂ ︽ᠰᠠᠯᠠᠭ᠎ᠠ ᠮᠦᠴᠢᠷ ᠳᠠᠷᠤᠢ ᠵᠠᠰᠠᠭ ᠤᠨ ᠣᠷᠳᠣᠨ ᠮᠦᠨ︾ ᠬᠡᠬᠦ ᠰᠡᠳᠬᠢᠮᠵᠢ ᠶᠢ ᠱᠣᠭᠤᠨ᠂ ᠡᠯ᠎ᠡ ᠲᠦᠷᠦᠯ ᠤᠨ ᠠᠵᠢᠯ ᠢ ᠡᠷᠲᠡ ᠲᠤᠬᠢᠷᠠᠭᠤᠯᠵᠤ᠂ ᠡᠷᠲᠡ ᠠᠵᠢᠯᠯᠠᠭᠤᠯᠤᠨ᠂ ᠡᠷᠲᠡ ᠨᠠᠶᠢᠲᠠᠪᠤᠷᠢᠵᠢᠭᠤᠯᠵᠤ᠂ ︽i ᠡᠮᠦᠨᠡᠲᠦ ᠤᠲᠤᠭ ᠤᠨ ᠭᠤᠤᠯᠳᠠᠯᠭᠠᠲᠤ ᠲᠦᠷᠦᠯ ᠵᠦᠢᠯ ᠤᠨ ᠲᠤᠬᠢᠷᠠᠭᠤᠯᠤᠯᠲᠠ︾ ᠶᠢᠨ APP ᠶᠢ ᠬᠦᠢᠴᠡᠳ ᠠᠰᠢᠭᠯᠠᠨ᠂ ᠭᠤᠤᠯᠳᠠᠯᠭᠠᠲᠤ ᠲᠦᠷᠦᠯ ᠵᠦᠢᠯ᠂ ᠭᠤᠤᠯᠳᠠᠯᠭᠠᠲᠤ ᠠᠵᠢᠯ᠂ ᠭᠤᠤᠯᠳᠠᠯᠭᠠᠲᠤ ᠡᠬᠦᠷᠭᠡ ᠳᠤ ᠲᠦᠷᠦᠯ ᠵᠦᠢᠯ ᠤᠨ ᠴᠢᠨᠠᠷᠲᠠᠢ ᠬᠠᠮᠢᠶᠠᠷᠤᠯᠲᠠ ᠶᠢᠨ ᠲᠤᠭᠲᠠᠴᠠ ᠶᠢ ᠬᠡᠷᠡᠭᠵᠢᠬᠦᠯᠵᠦ᠂ ᠠᠵᠤ ᠠᠬᠤᠢ ᠨᠡᠶᠢᠬᠡᠮ ᠤᠨ ᠬᠦᠭᠵᠢᠯᠲᠠ ᠶᠢᠨ ᠲᠤᠭᠲᠠᠭᠤᠨ ᠢ ᠪᠠᠲᠤᠯᠠᠬᠤ ᠬᠡᠷᠡᠭᠲᠡᠢ᠃ ᠬᠠᠷᠢᠶ᠎ᠠ ᠭᠠᠵᠠᠷ ᠤᠨ ᠬᠢᠨᠠᠨ ᠬᠠᠮᠢᠶᠠᠷᠤᠯᠲᠠ ᠶᠢᠨ ᠡᠬᠦᠷᠭᠡ ᠬᠠᠷᠢᠭᠤᠴᠠᠯᠭ᠎ᠠ  ᠪᠠᠨ ᠴᠢᠩᠭ᠎ᠠ ᠨᠠᠶᠢᠲᠠᠪᠤᠷᠢᠵᠢᠭᠤᠯᠤᠨ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠷᠢᠯᠢᠭᠵᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠨᠧᠷᠬᠢ ᠶᠢᠨ ᠬᠠᠩᠭᠠᠯᠭ᠎ᠠ ᠶᠢᠨ ᠪᠠᠲᠤᠯᠠᠭ᠎ᠠ ᠪᠠ ᠠᠶᠤᠯᠬᠦᠢ ᠦᠢᠯᠡᠳᠪᠦᠷᠢᠯᠡᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠂ ᠪᠦᠬᠦ ᠬᠤᠰᠢᠭᠤᠨ ᠤ ᠠᠷᠠᠳ ᠣᠯᠠᠨ ᠠᠮᠣᠷ ᠠᠮᠣᠭᠤᠯᠠᠩ ᠵᠤᠯ ᠵᠢᠷᠭᠠᠯ ᠲᠠᠢ ᠴᠠᠭᠠᠨ ᠰᠠᠷ᠎ᠠ ᠪᠠᠨ ᠦᠩᠭᠡᠷᠡᠭᠡᠬᠦ ᠶᠢ ᠪᠠᠲᠤᠯᠠᠬᠤ ᠬᠡᠷᠡᠭᠲᠡᠢ ᠬᠡᠵᠦ ᠴᠢᠬᠤᠯᠠᠴᠢᠯᠠᠭᠰᠠᠨ ᠪᠠᠶᠢᠨ᠎ᠠ᠃     ᠠᠵᠤ ᠠᠬᠤᠢ ᠶᠢᠨ ᠨᠡᠭᠡᠭᠡᠯᠲᠡ ᠶᠢᠨ ᠣᠷᠣᠨ᠂ ᠡᠯ᠎ᠡ ᠪᠠᠯᠭᠠᠰᠣ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠣᠳᠤᠭ ᠤᠨ ᠡᠮᠦᠨᠡᠳᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号