12 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠸᠠᠩ ᠢᠦᠢ ᠴᠢᠶᠠᠩ ᠬᠤᠰᠢᠭᠤ | ᠨᠠᠮ ᠤᠨ ᠬᠤᠷᠢᠶᠠᠨ ᠤ ᠠᠷᠪᠠᠳᠣᠭᠠᠷ ᠬᠤᠭᠤᠴᠠᠭᠠᠨ ᠤ 15 ᠣᠳᠠᠭᠠᠨ ᠤ ᠪᠠᠶᠢᠩᠭᠤ ᠶᠢᠨ ᠬᠤᠷᠢᠶᠠᠨ ᠤ. ᠬᠤᠷᠠᠯ ᠢ | ᠡᠷᠬᠢᠯᠡᠨ ᠬᠤᠷᠠᠯᠳᠣᠭᠤᠯᠪᠠ᠃ | ᠬᠤᠷᠠᠯ ᠠᠴᠠ ᠣᠲᠤᠭ ᠤᠨ ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠣᠲᠤᠭ ᠤᠨ | ᠡᠮᠦᠨᠡᠲᠦ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠤ ᠪᠡᠯᠡᠳᠬᠡᠯ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠪᠡᠯᠡᠳᠬᠡᠯ ᠠᠵᠢᠯ ᠢᠶᠠᠨ ᠨᠠᠷᠢᠯᠢᠭ | ᠵᠣᠬᠢᠶᠠᠨ ᠪᠠᠶᠢᠭᠤᠯᠵᠤ᠂ ᠠᠵᠢᠯ ᠤᠨ ᠮᠡᠳᠡᠭᠦᠯᠦᠯᠲᠡ᠂ ᠪᠢᠴᠢᠭ ᠮᠡᠲ᠋ᠧᠷᠢᠶᠡᠯ ᠤᠨ ᠳᠠᠷᠤᠮᠠᠯᠯᠠᠯᠲᠠ᠂ ᠬᠤᠷᠠᠯ ᠤᠨ | ᠶᠠᠪᠤᠳᠠᠯ ᠤᠨ ᠦᠢᠯᠡᠴᠢᠯᠡᠭᠡ᠂ ᠬᠤᠭᠤᠴᠠᠭ᠎ᠠ ᠰᠣᠯᠢᠬᠤ ᠰᠣᠩᠭᠤᠭᠤᠯᠢ᠂ ᠠᠷᠤ ᠲᠠᠯ᠎ᠠ ᠶᠢᠨ ᠦᠢᠯᠡᠴᠢᠯᠡᠭᠡᠨ ᠤ | ᠪᠠᠲᠤᠯᠠᠭ᠎ᠠ ᠵᠡᠷᠭᠡ ᠡᠯ᠎ᠡ ᠲᠦᠷᠦᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠵᠠᠬᠢᠳᠠᠯ ᠰᠣᠷᠪᠣᠯᠵᠢᠯᠠᠭ᠎ᠠ | ᠠᠮᠣᠷ ᠲᠤᠭᠲᠠᠭᠤᠨ ᠤ ᠬᠠᠮᠠᠭᠠᠯᠠᠯᠲᠠ ᠪᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠦᠨᠡᠨ ᠬᠦ | ᠰᠠᠶᠢᠲᠤᠷ ᠠᠳᠬᠤᠵᠤ᠂ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠣᠭᠲᠠᠭᠤᠨ ᠢ ᠪᠠᠲᠤᠯᠠᠬᠤ ᠬᠡᠷᠡᠭᠲᠡᠢ᠃ | ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠤᠰ ᠲᠤᠰ ᠤᠨ ᠡᠭᠦᠷᠭᠡ ᠶᠢᠨ ᠬᠤᠪᠢᠶᠠᠷᠢᠯᠠᠯ | ᠶᠣᠰᠣᠭᠠᠷ ᠲᠤᠰᠢᠶᠠᠯ ᠢᠶᠠᠨ ᠭᠦᠢᠴᠡᠳᠬᠡᠵᠦ᠂ ᠵᠣᠬᠢᠴᠠᠭᠤᠯᠤᠨ ᠬᠠᠮᠲᠤᠷᠠᠯᠴᠠᠵᠤ᠂ ᠡᠯ᠎ᠡ ᠲᠥᠯᠥᠭᠡᠯᠡᠭᠴᠢᠳ ᠤᠨ | ᠪᠦᠯᠬᠦᠮ ᠤᠨ ᠪᠦᠷᠢᠯᠳᠦᠬᠦᠨ ᠢᠶᠠᠨ ᠳᠠᠶᠢᠴᠢᠯᠠᠵᠤ ᠶᠡᠭᠡ ᠬᠤᠷᠠᠯ ᠠᠴᠠ ᠣᠯᠭᠤᠭᠰᠠᠨ ᠡᠷᠬᠡ ᠪᠠᠨ ᠬᠢᠨᠠᠮᠠᠭᠠᠢ | ᠬᠦᠢᠴᠡᠳᠬᠡᠬᠦᠯᠦᠨ᠂ ᠳᠡᠭᠡᠳᠦ ᠬᠡᠮᠵᠢᠶᠡᠨ ᠤ ᠵᠣᠬᠢᠶᠠᠨ ᠪᠠᠶᠢᠭᠤᠯᠤᠯᠲᠠ ᠶᠢᠨ ᠴᠢᠨᠠᠷ ᠪᠠ ᠰᠠᠬᠢᠯᠭ᠎ᠠ ᠪᠠᠲᠤᠴᠢ | ᠴᠢᠨᠠᠷ ᠢᠶᠠᠷ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ᠂ ᠭᠡᠰᠢᠭᠦᠳ ᠢᠶᠠᠨ ᠪᠦᠯᠬᠦᠮᠳᠡᠭᠦᠯᠦᠨ ᠳᠠᠶᠢᠴᠢᠯᠠᠵᠤ | ᠡᠯ᠎ᠡ ᠲᠦᠷᠦᠯ ᠤᠨ ᠡᠭᠦᠷᠭᠡ ᠪᠠᠨ ᠪᠡᠶᠡᠯᠡᠭᠦᠯᠬᠦ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ | ᠬᠤᠷᠠᠯ ᠤᠨ ᠡᠮᠦᠨᠡᠬᠢ᠂ ᠳᠤᠮᠳᠠᠬᠢ᠂ ᠳᠠᠷᠠᠭᠠᠬᠢ ᠤᠬᠠᠭᠤᠯᠤᠨ ᠨᠡᠶᠢᠲᠡᠯᠡᠬᠦ ᠠᠵᠢᠯ ᠢ ᠴᠢᠨᠠᠷᠯᠢᠭ ᠮᠦᠷᠲᠡᠭᠡᠨ ᠰᠠᠶᠢᠲᠤᠷ | ᠬᠢᠨ᠂ ᠮᠠᠨ ᠤ ᠬᠤᠰᠢᠭᠤᠨ ᠤ ᠨᠠᠮ ᠤᠨ ᠪᠠᠶᠢᠭᠤᠯᠤᠯᠲᠠ᠂ ᠠᠵᠤ ᠠᠬᠤᠶ ᠶᠢᠨ ᠬᠥᠭᠵᠢᠯᠲᠡ᠂ ᠠᠷᠠᠳ ᠤᠨ | ᠠᠮᠢᠳᠤᠷᠠᠯ ᠤᠨ ᠰᠠᠶᠢᠵᠢᠷᠠᠭᠤᠯᠤᠯᠲᠠ ᠵᠡᠷᠭᠡ ᠲᠠᠯ᠎ᠠ ᠪᠠᠷ ᠣᠯᠤᠭᠰᠠᠨ ᠰᠢᠨ᠎ᠡ ᠠᠮᠵᠢᠯᠲᠠ ᠰᠢᠨ᠎ᠡ ᠬᠤᠪᠢᠷᠠᠯᠲᠠ ᠶᠢ | ᠶᠡᠭᠡ ᠪᠠᠷ ᠤᠬᠠᠭᠤᠯᠵᠤ᠂ ᠮᠠᠨ ᠤ ᠬᠤᠰᠢᠭᠤ ᠳᠡᠭᠡᠳᠦ ᠱᠠᠲᠤᠨ ᠤ ᠡᠯ᠎ᠡ ᠲᠦᠷᠦᠯ ᠤᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠣᠳᠠᠲᠠᠶ ᠠᠷᠭ᠎ᠠ ᠠᠪᠴᠠᠯ ᠪᠠ ᠣᠯᠤᠭᠰᠠᠨ | ᠠᠮᠵᠢᠯᠲᠠ ᠶᠢ ᠮᠡᠳᠡᠭᠡᠯᠡᠨ᠂ ︽ᠬᠤᠶᠠᠷ ᠬᠤᠷᠠᠯ︾ ᠢ ᠪᠦᠯᠬᠦᠮᠳᠡᠨ ᠲᠡᠮᠡᠴᠡᠭᠰᠡᠨ᠂ ᠬᠥᠮᠦᠰ ᠤᠨ ᠰᠡᠳᠬᠢᠯ ᠢ | ᠨᠢᠭᠲᠠᠷᠠᠭᠤᠯᠤᠭᠰᠠᠨ᠂ ᠡᠷᠴᠢ ᠵᠣᠷᠢᠭ ᠢ ᠬᠥᠪᠴᠢᠯᠡᠭᠰᠡᠨ ᠬᠤᠷᠠᠯ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠰᠠᠬᠢᠯᠭ᠎ᠠ | ᠪᠠᠲᠤ ᠶᠤᠰᠤ ᠲᠦᠷᠢᠮ ᠢ ᠴᠢᠩᠲᠠᠯᠠᠨ᠂ ᠶᠡᠭᠡ ᠬᠤᠷᠠᠯ ᠤᠨ ᠰᠠᠬᠢᠯᠭ᠎ᠠ ᠪᠠᠲᠤ᠂ ᠤᠯᠤᠰ ᠲᠦᠷᠦ ᠶᠢᠨ ᠰᠠᠬᠢᠯᠭ᠎ᠠ ᠪᠠᠲᠤ᠂ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠳᠤ ᠴᠢᠩᠭ᠎ᠠ ᠬᠢᠨᠠᠯᠲᠠ ᠲᠠᠯᠪᠢᠵᠤ᠂ | ︽ᠬᠤᠶᠠᠷ ᠬᠤᠷᠠᠯ︾ ᠤᠨ ᠤᠷᠤᠭᠰᠢᠲᠠᠢ ᠬᠤᠷᠠᠯᠳᠤᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠪᠠ ᠰᠤᠷᠲᠠᠯ ᠤᠨ | ᠪᠠᠲᠤᠯᠠᠭ᠎ᠠ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ ᠪᠥᠬᠦ ᠬᠤᠰᠢᠭᠤᠨ ᠤ ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ | ᠪᠠᠶᠢᠴᠠᠭᠠᠯᠲᠠ ᠶᠢᠨ ᠭᠤᠤᠯ ᠲᠤᠭ᠎ᠠ ᠪᠠᠷᠢᠮᠲᠠ ᠶᠢᠨ ᠦᠷ᠎ᠡ ᠪᠦᠲᠦᠮᠵᠢ ᠶᠢ ᠨᠡᠶᠢᠲᠡᠯᠡᠬᠦ ᠬᠤᠯᠪᠤᠭᠳᠠᠯ ᠪᠥᠬᠦᠶ ᠣᠴᠢᠷ | ᠶᠠᠪᠤᠳᠠᠯ ᠢ ᠰᠣᠨᠣᠰᠪᠠ᠃ ᠬᠤᠷᠠᠯ ᠠᠴᠠ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠶ ᠶᠢᠨ | ᠪᠠᠶᠢᠴᠠᠭᠠᠯᠲᠠ ᠶᠢᠨ ᠠᠵᠢᠯ ᠪᠣᠯ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ | ᠲᠤᠤᠱᠯᠠᠭᠤᠯᠤᠨ ᠨᠠᠶᠢᠲᠠᠪᠤᠷᠢᠵᠢᠭᠤᠯᠬᠤ ᠴᠢᠬᠤᠯᠠ ᠠᠵᠢᠯ ᠤᠨ ᠡᠭᠦᠷᠭᠡ ᠪᠣᠯᠣᠨ᠎ᠠ᠂ ᠮᠠᠨ ᠤ ᠬᠤᠰᠢᠭᠤᠨ ᠤ ᠴᠢᠨᠠᠷᠯᠢᠭ | ᠬᠥᠭᠵᠢᠯᠲᠡ ᠶᠢ ᠠᠬᠢᠭᠤᠯᠬᠤ ᠴᠢᠬᠤᠯᠠ ᠯᠠᠪᠯᠠᠯᠲᠠ ᠶᠤᠮ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠯ᠎ᠡ ᠲᠥᠷᠥᠯ ᠤᠨ ᠠᠰᠠᠭᠤᠳᠠᠯ ᠢ ᠵᠠᠳᠠᠯᠤᠨ ᠮᠠᠭᠠᠳᠯᠠᠬᠤ ᠪᠠᠨ ᠴᠢᠩᠭᠠᠳᠬᠠᠨ᠂ ᠠᠮᠢ ᠠᠬᠤᠶ ᠶᠢᠨ | ᠬᠠᠮᠠᠭᠠᠯᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠣᠶ ᠰᠢᠭᠤᠶ ᠡᠪᠡᠰᠦ ᠪᠡᠯᠴᠢᠭᠡᠷ ᠤᠨ ᠡᠪᠳᠡᠯᠲᠡ | ᠶᠢᠨ ᠴᠡᠭᠴᠡᠯᠡᠯᠲᠡ ᠪᠠ ᠭᠠᠵᠠᠷ ᠳᠣᠤᠷᠠᠬᠢ ᠣᠰᠣᠨ ᠤ ᠬᠡᠲᠦ ᠠᠰᠢᠭᠯᠠᠯᠲᠠ ᠶᠢᠨ ᠵᠠᠰᠠᠯᠲᠠ ᠶᠢ ᠴᠢᠩᠭᠠᠳᠬᠠᠨ᠂ | ᠮᠠᠨ ᠤ ᠬᠤᠰᠢᠭᠤᠨ ᠤ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠳᠤ ᠬᠦᠴᠦᠲᠦ ᠪᠠᠲᠤᠯᠠᠭ᠎ᠠ ᠬᠠᠩᠭᠠᠬᠤ | ᠬᠡᠷᠡᠭᠲᠡᠢ ᠬᠡᠵᠦ ᠵᠢᠭᠠᠭᠰᠠᠨ ᠪᠠᠶᠢᠨ᠎ᠠ᠃ | ᠬᠤᠷᠠᠯ ᠠᠴᠠ ᠱᠠᠩᠬᠠᠢ ᠶᠢᠨ ᠰᠦᠮ᠎ᠡ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠡᠨᠧᠷᠭᠢ ᠬᠢᠮᠢ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢᠨ ᠲᠤᠬᠠᠢ ᠣᠴᠢᠷ | ᠶᠠᠪᠤᠳᠠᠯ ᠢ ᠰᠣᠳᠣᠯᠪᠠ᠃ ᠬᠤᠷᠠᠯ ᠠᠴᠠ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠨᠢ | ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠶᠢᠨ ᠴᠢᠳᠠᠪᠤᠷᠢ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ | ᠲᠦᠷᠦᠯ ᠵᠦᠢᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠧᠷᠭᠢ | ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠣᠷᠣᠨ ᠵᠠᠶ ᠶᠢᠨ ᠪᠠᠶᠢᠷᠢᠰᠢᠭᠤᠯᠤᠯ ᠪᠠ ᠠᠵᠤ ᠦᠢᠯᠡᠰ ᠤᠨ | ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠵᠠᠮ ᠤᠨ ᠲᠥᠷᠥᠯ ᠵᠦᠢᠯ ᠤᠨ ᠭᠠᠵᠠᠷ ᠢ ᠰᠢᠨᠵᠢᠯᠡᠬᠦ | ᠤᠬᠠᠭᠠᠨᠴᠢ ᠵᠦᠶ ᠵᠣᠬᠢᠰᠲᠠᠶ ᠰᠣᠩᠭᠤᠵᠣ᠂ ᠡᠪᠦᠯ ᠤᠨ ᠰᠡᠯᠡᠭᠦᠦ ᠴᠠᠭ ᠢ ᠠᠰᠢᠭᠯᠠᠨ ᠲᠥᠷᠥᠯ ᠵᠦᠢᠯ ᠤᠨ | ᠲᠥᠯᠥᠪᠵᠢᠭᠦᠯᠭᠡ ᠶᠢ ᠰᠠᠶᠢᠲᠤᠷ ᠬᠢᠨ᠂ 2022 ᠣᠨ ᠤ ᠲᠥᠷᠥᠯ ᠵᠦᠢᠯ ᠢ ᠦᠳᠲᠡᠷ ᠡᠬᠢᠯᠡᠭᠦᠯᠵᠦ᠂ ᠲᠦᠷᠭᠡᠨ | ᠠᠬᠢᠭᠤᠯᠬᠤ ᠶᠢ ᠪᠠᠲᠤᠯᠠᠵᠤ᠂ ᠮᠠᠨ ᠤ ᠬᠤᠰᠢᠭᠤᠨ ᠤ ᠠᠵᠤ ᠠᠬᠤᠶ ᠶᠢᠨ ᠬᠥᠭᠵᠢᠯᠲᠡ ᠳᠤ ᠬᠦᠴᠦᠲᠦ ᠲᠤᠯᠭᠠᠭᠤᠷᠢᠯᠠᠯ | ᠬᠠᠩᠭᠠᠬᠤ ᠬᠡᠷᠡᠭᠲᠡᠶ ᠬᠡᠵᠦ ᠴᠢᠬᠤᠯᠠᠴᠢᠯᠠᠭᠰᠠᠨ ᠪᠠᠶᠢᠨ᠎ᠠ᠃ | ᠬᠤᠷᠠᠯ ᠠᠴᠠ 2022 ᠣᠨ ᠤ ᠡᠳ᠋ ᠤᠨ ᠵᠠᠰᠠᠭ ᠤᠨ ᠲᠥᠰᠦᠪ ᠤᠨ ᠲᠤᠬᠢᠷᠠᠭᠤᠯᠤᠯᠳᠠ᠂ ᠠᠵᠤ ᠠᠬᠤᠢ ᠶᠢᠨ | ᠭᠦᠢᠴᠡᠳᠬᠡᠯ ᠲᠤᠭᠠᠨ ᠤ ᠵᠢᠱᠢᠯᠲᠡ᠂ ᠭᠤᠤᠯᠳᠠᠯᠭᠠᠲᠤ ᠲᠦᠷᠦᠯ ᠵᠦᠢᠯ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠲᠦᠷᠦᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠵᠥᠪᠯᠡᠪᠡ᠃ | ᠬᠤᠷᠠᠯ ᠠᠴᠠ ᠪᠠᠰᠠ ᠪᠤᠰᠤᠳ ᠣᠴᠢᠷ ᠶᠠᠪᠤᠳᠠᠯ ᠢ ᠰᠤᠳᠤᠯᠵᠠᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠳ ᠬᠤᠷᠠᠯ ᠳᠤ ᠣᠷᠣᠯᠴᠠᠪᠠ᠃ ᠬᠤᠰᠢᠭᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃ | | |